ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠠᠶᠢᠯᠬᠤᠢ
ᠨᠡᠶᠢᠲᠡᠯᠡᠭᠰᠡᠨ ᠴᠠᠭ᠄
2022/3/25
             3 ᠰᠠᠷ᠎ᠠ ᠶᠢᠨ 5᠎ ᠤ ᠦᠳᠡ ᠶᠢᠨ ᠡᠮᠦᠨ᠎ᠡ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠡᠨᠡ ᠡᠳᠦᠷ ᠲᠤᠰ ᠰᠣᠨᠢᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ  ᠢ ᠲᠠᠶᠢᠯᠬᠤᠢ︾ ᠣᠨᠴᠠ ᠬᠡᠪᠯᠡᠯ ᠨᠡᠶᠢᠲᠡᠯᠡᠵᠦ᠂ ᠲᠠ ᠪᠦᠭᠦᠨ  ᠤ ᠣᠶᠢᠯᠠᠭᠠᠬᠤ  ᠳᠤ ᠲᠥᠭᠦᠮ ᠬᠠᠩᠭᠠᠬᠤ ᠶᠢ ᠵᠣᠷᠢᠯ᠎ᠠ᠃                                                      ᠨᠢᠭᠡ᠂ 2021 ᠣᠨ ᠤ ᠡᠷᠭᠢᠴᠡᠭᠦᠯᠦᠯ            ᠥᠩᠭᠡᠷᠡᠭᠰᠡᠨ ᠨᠢᠭᠡ ᠵᠢᠯ ᠪᠣᠯ ᠨᠠᠮ ᠪᠠ ᠤᠯᠤᠰ ᠤᠨ ᠲᠡᠦᠬᠡᠨ ᠳᠡᠭᠡᠷ᠎ᠡ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠨᠢᠭᠡ ᠵᠢᠯ ᠮᠥᠨ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠠ ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠵᠤ᠂ ᠨᠠᠮ ᠤᠨ ᠭᠤᠷᠪᠠᠳᠤᠭᠠᠷ ᠲᠡᠦᠬᠡᠨ ᠰᠢᠢᠳᠪᠦᠷᠢ ᠶᠢ ᠲᠣᠭᠲᠠᠭᠠᠵᠤ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠰᠢᠢᠳᠪᠦᠷᠢᠯᠡᠬᠦ ᠳᠠᠶᠢᠨ ᠤ ᠢᠯᠠᠯᠲᠠ ᠶᠢ ᠣᠯᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠪᠠ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠯᠠᠯ ᠢᠶᠠᠨ ᠡᠬᠢᠯᠡᠭᠦᠯᠪᠡ᠃                        1. ᠨᠢᠭᠡ ᠵᠢᠯ ᠤᠨ ᠲᠤᠷᠰᠢ᠂ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠣᠯᠣᠨ ᠣᠯᠠᠨ ᠠᠷᠪᠢᠨ ᠲᠦᠭᠰᠢᠭᠦᠷᠢ ᠪᠠ ᠰᠢᠯᠭᠠᠯᠲᠠ ᠶᠢᠨ ᠡᠮᠦᠨ᠎ᠡ᠂ ᠪᠦᠭᠦ ᠤᠯᠤᠰ ᠢᠶᠠᠷ ᠢᠶᠠᠨ ᠬᠠᠮᠲᠤ ᠪᠠᠷ ᠴᠢᠷᠮᠠᠶᠢᠵᠤ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠪᠦᠭᠦ ᠵᠢᠯ ᠤᠨ ᠭᠤᠣᠯ ᠭᠤᠣᠯ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠰᠠᠶᠢᠨ ᠡᠭᠢᠯᠡᠯᠲᠡ ᠶᠢ ᠪᠡᠶᠡᠯᠡᠭᠦᠯᠵᠦ᠂ ᠮᠠᠨ ᠤ ᠤᠯᠤᠰ ᠤᠨ ᠬᠥᠭᠵᠢᠯᠲᠡ ᠪᠠᠰᠠ ᠰᠢᠨ᠎ᠡ ᠴᠢᠬᠤᠯᠠ ᠶᠡᠭᠡ ᠠᠮᠵᠢᠯᠲᠠ ᠪᠦᠲᠦᠮᠵᠢ ᠣᠯᠪᠠ᠃            8.5%            - ᠠᠵᠤ ᠠᠬᠤᠢ ᠰᠡᠷᠭᠦᠯᠲᠡ ᠬᠥᠭᠵᠢᠯᠲᠡ ᠶᠢ ᠪᠠᠲᠤᠯᠠᠪᠠ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠳᠡᠭ 114 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 8.1%᠎ ᠪᠠᠷ ᠨᠡᠮᠡᠭᠳᠡᠪᠡ᠃ ᠪᠦᠭᠦ ᠤᠯᠤᠰ ᠤᠨ ᠡᠳ᠋ ᠤᠨ ᠵᠠᠰᠠᠭ ᠤᠨ ᠣᠷᠣᠯᠭ᠎ᠠ 20 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ 10.7%᠎ ᠪᠠᠷ ᠨᠡᠮᠡᠭᠳᠡᠪᠡ᠃ ᠬᠤᠲᠠ ᠪᠠᠯᠭᠠᠰᠤᠨ ᠤ ᠠᠵᠢᠯ ᠣᠯᠣᠭᠰᠠᠨ ᠬᠥᠮᠥᠨ 1269 ᠲᠦᠮᠡ ᠰᠢᠨ᠎ᠡ ᠪᠠᠷ ᠨᠡᠮᠡᠭᠳᠡᠵᠦ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠳᠤᠮᠳᠠᠴᠢ ᠪᠠᠷ 5.1% ᠪᠣᠯᠪᠠ᠃ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ 0.9%᠎ ᠪᠠᠷ ᠥᠰᠪᠡ᠃            15.5%            - ᠰᠢᠨ᠎ᠡ ᠶᠢ ᠡᠭᠦᠳᠭᠦ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠸᠭᠨᠢᠢᠡ ᠮᠡᠷᠭᠡᠵᠢᠯ ᠤᠨ ᠬᠦᠴᠦᠨ ᠲᠦᠷᠭᠡᠨ ᠢᠶᠠᠷ ᠪᠤᠵᠠᠭᠠᠶᠢᠷᠠᠪᠠ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠴᠢᠬᠤᠯᠠ ᠠᠬᠢᠯᠲᠠ ᠲᠠᠢ ᠪᠣᠯᠵᠤ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ᠂ ᠭᠠᠯ ᠭᠠᠷᠠᠭ ᠤᠨ ᠬᠠᠶᠢᠨ ᠬᠡᠮᠵᠢᠯᠲᠡ᠂ ᠡᠬᠢ ᠪᠠᠶᠠᠯᠢᠭ  ᠤᠨ ᠬᠠᠶᠢᠨ ᠰᠢᠨᠵᠢᠯᠡᠯᠲᠡ᠂ ᠡᠨᠧᠷᠭᠢ ᠶᠢᠨ ᠰᠤᠷᠪᠤᠯᠵᠢ ᠶᠢᠨ ᠢᠨᠵᠧᠨᠧᠷᠢᠩ ᠵᠡᠷᠭᠡ ᠬᠦᠷᠢᠶᠡᠨ ᠳᠤ ᠰᠢᠨ᠎ᠡ ᠰᠢᠪᠲᠤᠯᠤᠯᠲᠠ ᠎ ᠲᠠᠢ ᠪᠣᠯᠪᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ 15.5%᠎ ᠪᠠᠷ ᠨᠡᠮᠡᠭᠳᠡᠪᠡ᠃ ᠳ᠋ᠢᠵᠢᠲ᠋ᠠᠯ ᠮᠡᠷᠭᠡᠵᠢᠯ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠠᠭᠤᠰᠤᠯᠴᠠᠭ᠎ᠠ ᠲᠦᠷᠭᠡᠰᠪᠡ᠃            18.2%            - ᠠᠵᠤ ᠠᠬᠤᠢ ᠶᠢᠨ ᠪᠦᠲᠦᠴᠡ ᠪᠠ ᠣᠷᠣᠨ ᠪᠦᠰᠡ ᠶᠢᠨ ᠪᠠᠶᠢᠷᠢᠰᠢᠯ ᠦᠷᠭᠦᠯᠵᠢᠯᠡᠨ ᠰᠢᠯᠢᠳᠡᠭᠵᠢᠪᠡ᠃ ᠠᠮᠤ ᠪᠤᠳᠠᠭᠠᠨ ᠤ ᠤᠨᠠᠯᠲᠠ 1.37 ᠲᠦᠮᠡᠨ ᠳ᠋ᠦᠩᠰᠢᠭᠤᠷ ᠵᠢᠩ ᠳᠤ ᠬᠦᠷᠴᠦ᠂ ᠲᠡᠦᠬᠡᠨ ᠰᠢᠨ᠎ᠡ ᠲᠡᠮᠳᠡᠭᠯᠡᠯ ᠢ ᠡᠭᠦᠳᠪᠡ᠃ ᠳᠡᠭᠡᠳᠦ ᠮᠡᠷᠭᠡᠵᠢᠯ ᠤᠨ ᠦᠢᠯᠡᠳᠭᠦ ᠦᠢᠯᠡᠰ ᠤᠨ ᠨᠡᠮᠡᠭᠳᠡᠯ ᠦᠷᠳᠡᠭ 18.2%᠎ ᠢᠶᠠᠷ ᠨᠡᠮᠡᠭᠳᠡᠵᠦ᠂ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠨᠡᠯᠢᠶᠡᠳ ᠲᠦᠷᠭᠡᠨ ᠬᠥᠭᠵᠢᠵᠦ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠳᠠᠨ ᠴᠢᠨᠠᠷ ᠳᠡᠭᠡᠭᠰᠢᠯᠡᠪᠡ᠃ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠦᠲᠦᠮᠵᠢᠲᠡᠢ ᠬᠡᠷᠡᠭᠵᠢᠭᠦᠯᠵᠦ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠯᠠᠪᠳᠠᠭᠤᠨ ᠢᠶᠠᠷ ᠠᠬᠢᠪᠠ᠃            21.4%            - ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠶᠢᠷᠡᠪᠡ᠃  ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠨᠢᠭᠡ ᠪᠦᠯᠦᠭ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠪᠠ᠃ ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠰᠢᠨ᠎ᠡ ᠠᠬᠢᠯᠲᠠ ᠲᠠᠢ ᠪᠣᠯᠪᠠ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠶᠡᠷᠦᠩᠬᠡᠢ ᠲᠤᠭ᠎ᠠ 1.5 ᠳ᠋ᠦᠩᠰᠢᠭᠤᠷ ᠡᠷᠦᠭᠡ ᠶᠢ ᠳᠠᠪᠠᠪᠠ᠃ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠯᠠᠪᠳᠠᠭᠤᠨ ᠢᠶᠠᠷ ᠠᠬᠢᠭᠤᠯᠪᠠ᠃ ᠣᠷᠣᠨ ᠪᠦᠰᠡ ᠶᠢᠨ ᠪᠦᠭᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠢ ᠬᠦᠴᠦᠨ ᠲᠠᠢ ᠪᠤᠯᠭᠠᠵᠤ ᠬᠡᠷᠡᠭᠵᠢᠭᠦᠯᠬᠦ ᠶᠢ ᠠᠬᠢᠭᠤᠯᠪᠠ᠃ ᠡᠳ᠋ ᠪᠠᠷᠠᠭ᠎ᠠ ᠶᠢᠨ ᠭᠠᠳᠠᠭᠠᠳᠤ ᠤᠷᠤᠭᠤᠯᠤᠯᠳᠠ ᠪᠠ ᠭᠠᠳᠠᠭᠠᠳᠤ ᠭᠠᠷᠭᠠᠯᠲᠠ ᠶᠢᠨ ᠪᠦᠭᠦ ᠲᠤᠭ᠎ᠠ 21.4% ᠎ ᠪᠠᠷ ᠨᠡᠮᠡᠭᠳᠡᠵᠦ᠂ ᠭᠠᠳᠠᠭᠠᠳᠤ ᠪᠡᠯᠡ ᠶᠢᠨ ᠪᠣᠳᠠᠲᠠᠢ ᠬᠡᠷᠡᠭᠯᠡᠯᠲᠡ ᠨᠡᠮᠡᠭᠳᠡᠯ ᠢᠶᠠᠨ ᠪᠠᠲᠤᠯᠠᠪᠠ᠃            9.1%            - ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠦᠷᠭᠦᠯᠵᠢᠯᠡᠨ ᠠᠬᠢᠪᠠ᠃  ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ  ᠢ ᠭᠦᠨᠵᠡᠭᠡᠢ ᠥᠷᠨᠢᠭᠦᠯᠵᠦ᠂ ᠭᠤᠣᠯ ᠭᠤᠣᠯ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ᠂ ᠲᠤᠰᠬᠠᠢ ᠣᠷᠣᠨ ᠤ ᠲᠡᠰ ᠵᠢᠴᠢ ᠲᠡᠭᠦᠨ ᠠᠴᠠ ᠳᠡᠭᠡᠭᠰᠢᠬᠢ ᠬᠤᠳᠠ ᠶᠢᠨ ᠵᠢᠵᠢᠭ ᠮᠥᠬᠦᠯᠢᠭᠲᠦ ᠪᠣᠳᠠᠰ ᠤᠨ ᠳᠤᠮᠳᠠᠴᠢ ᠥᠳᠬᠡᠴᠡ ᠶᠢ 9.1% ᠎ ᠪᠠᠷ ᠪᠠᠭᠤᠷᠠᠭᠤᠯᠪᠠ᠃ ᠠᠩᠬᠠᠨ ᠤ ᠪᠦᠯᠦᠭ ᠤᠯᠤᠰ ᠤᠨ ᠴᠡᠴᠡᠷᠯᠢᠭ  ᠢ ᠵᠢᠩᠬᠢᠨᠢ ᠪᠠᠷ ᠪᠠᠶᠢᠭᠤᠯᠪᠠ᠃ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢᠯᠡᠳᠲᠡ ᠰᠠᠶᠢᠵᠢᠷᠠᠪᠠ᠃            8.1%            - ᠠᠷᠠᠳ ᠤᠨ ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 8.1% ᠎ ᠪᠠᠷ ᠪᠣᠳᠠᠲᠠᠢ ᠨᠡᠮᠡᠭᠳᠡᠪᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠪᠡ᠃ ᠨᠠᠰᠤᠵᠢᠯ ᠤᠨ ᠦᠨᠳᠦᠰᠦᠨ ᠠᠰᠠᠷᠠᠮᠵᠢ᠂ ᠦᠨᠳᠦᠰᠦᠨ ᠡᠮᠨᠡᠯᠭᠡ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠪᠠ᠃ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠰᠢᠨ᠎ᠡ ᠠᠯᠬᠤᠮ ᠢ ᠠᠯᠬᠤᠪᠠ᠃ ᠬᠤᠲᠠ ᠪᠠᠯᠭᠠᠰᠤᠨ ᠤ 5.6 ᠲᠦᠮᠡᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠢ ᠰᠢᠨ᠎ᠡ ᠪᠠᠷ ᠡᠬᠢᠯᠡᠭᠦᠯᠦᠨ᠂ ᠮᠢᠩᠭ᠎ᠠ ᠰᠢᠬᠠᠮ ᠲᠦᠮᠡᠨ ᠭᠡᠷ ᠪᠦᠯᠢ ᠳᠤ ᠠᠰᠢᠭ ᠬᠦᠷᠲᠡᠭᠡᠪᠡ᠃            85%            - ᠬᠢᠵᠢᠭ ᠢ ᠰᠡᠷᠭᠡᠶᠢᠯᠡᠨ ᠬᠢᠵᠠᠭᠠᠷᠯᠠᠬᠤ ᠦᠷ᠎ᠡ ᠪᠦᠲᠦᠭᠡᠯ ᠦᠷᠭᠦᠯᠵᠢᠯᠡᠨ ᠪᠠᠬᠢᠵᠢᠪᠡ᠃  ᠪᠠᠶᠢᠩᠭᠤ ᠶᠢᠨ ᠴᠢᠨᠠᠷᠲᠠᠢ ᠪᠠᠷ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠸᠠᠺᠼᠢᠨ ᠤ ᠪᠦᠭᠦ ᠶᠠᠪᠤᠴᠠ ᠶᠢᠨ ᠲᠠᠷᠢᠯᠭ᠎ᠠ ᠶᠢᠨ ᠪᠦᠷᠬᠦᠴᠡ ᠶᠢᠨ ᠨᠣᠷᠮ᠎ᠠ 85% ᠎ ᠶᠢ ᠳᠠᠪᠠᠵᠤ᠂ ᠬᠡᠰᠡᠭ ᠭᠠᠵᠠᠷ ᠣᠷᠣᠨ ᠤ ᠪᠥᠭᠡᠮᠨᠡᠷᠡᠯ ᠤᠨ ᠰᠢᠨᠵᠢᠲᠡᠢ ᠬᠢᠵᠢᠭ ᠤᠨ ᠪᠠᠶᠢᠳᠠᠯ ᠢ ᠴᠠᠭ ᠲᠤᠬᠠᠢ ᠳᠤᠨᠢ ᠪᠦᠲᠦᠮᠵᠢᠲᠡᠶ ᠰᠢᠢᠳᠪᠦᠷᠢᠯᠡᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠠᠲᠤᠯᠠᠵᠤ᠂ ᠦᠢᠯᠡᠳᠪᠦᠷᠢᠯᠡᠯ ᠠᠮᠢᠳᠤᠷᠠᠯ ᠤᠨ ᠬᠡᠪ ᠤᠨ ᠡᠮᠬᠢ ᠳᠢᠭᠯᠢᠮ ᠢ ᠬᠠᠮᠠᠭᠠᠯᠠᠪᠠ᠃                        2. ᠥᠩᠭᠡᠷᠡᠭᠰᠡᠨ ᠨᠢᠭᠡ ᠵᠢᠯ ᠢ ᠡᠷᠭᠢᠴᠡᠭᠦᠯᠬᠦᠶ᠎ᠡ᠂ ᠠᠮᠵᠢᠯᠲᠠ ᠪᠦᠲᠦᠮᠵᠢ ᠶᠢ ᠲᠤᠶᠢᠯ ᠤᠨ ᠭᠢᠯᠪᠠᠷ ᠪᠤᠰᠤ ᠪᠠᠷ ᠣᠯᠣᠭᠰᠠᠨ ᠶᠤᠮ᠃ ᠮᠠᠨ ᠤ ᠤᠯᠤᠰ ᠤᠨ ᠠᠵᠤ ᠠᠬᠤᠢ ᠭᠡᠨᠡᠳᠲᠡ ᠶᠢᠨ ᠬᠢᠵᠢᠭ ᠤᠨ ᠪᠠᠶᠢᠳᠠᠯ ᠵᠡᠷᠭᠡ ᠬᠦᠨᠳᠦ ᠨᠣᠴᠢᠲᠠᠢ ᠳᠠᠭᠠᠷᠢᠯᠲᠠ ᠶᠢᠨ ᠳᠠᠷᠠᠭᠠᠬᠢ ᠰᠡᠷᠭᠦᠯᠲᠡ ᠬᠥᠭᠵᠢᠯᠲᠡ ᠶᠢᠨ ᠶᠠᠪᠤᠴᠠ ᠳᠤ ᠣᠷᠣᠰᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠳᠤ ᠪᠠᠰᠠ ᠮᠠᠰᠢ ᠤᠯᠠᠨ ᠰᠢᠨ᠎ᠡ ᠬᠤᠪᠢᠷᠠᠯᠲᠠ ᠭᠠᠷᠴᠤ᠂ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠪᠠᠲᠤᠯᠠᠬᠤ ᠬᠦᠴᠢᠷᠳᠡᠯ ᠶᠡᠬᠡᠰᠴᠦ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ ᠪᠥᠭᠡᠳ ᠪᠦᠭᠦ ᠲᠠᠯ᠎ᠠ ᠪᠠᠷ ᠲᠤᠭᠤᠰᠢᠯᠠᠭᠤᠯᠤᠨ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ᠪᠠ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠷᠸ᠎ᠠ ᠲᠥᠷᠥ ᠶᠢᠨ ᠪᠣᠳᠣᠯᠭ᠎ᠠ ᠶᠢᠨ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠪᠠ ᠦᠶᠡᠯᠡᠯ ᠥᠭᠰᠥᠭᠦᠯᠦᠭᠰᠡᠨ ᠲᠣᠬᠢᠷᠠᠭᠤᠯᠤᠯᠲᠠ ᠶᠢ ᠴᠢᠬᠤᠯᠠᠴᠢᠯᠠᠵᠤ᠂ ᠡᠯ᠎ᠡ ᠵᠦᠢᠯ ᠤᠨ ᠲᠦᠭᠰᠢᠭᠦᠷᠢ ᠰᠢᠯᠭᠠᠯᠲᠠ ᠶᠢ ᠪᠦᠲᠦᠮᠵᠢᠲᠡᠶ ᠠᠷᠭᠠᠴᠠᠭᠠᠵᠤ᠂ ᠭᠤᠣᠯᠳᠠᠭᠤ ᠳᠣᠣᠷᠠᠬᠢ ᠠᠵᠢᠯ ᠤᠳ ᠢ ᠬᠢᠪᠡ᠄                        ●ᠬᠤᠷᠸ᠎ᠠ ᠲᠦᠷᠦ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ ᠬᠠᠨᠳᠤᠯᠭᠠᠲᠤ ᠴᠢᠨᠠᠷ ᠢ ᠪᠠᠲᠤᠯᠠᠵᠤ᠂ ᠠᠵᠤ ᠠᠬᠤᠢ ᠶᠢᠨ ᠠᠵᠢᠯᠯᠠᠭᠠᠨ ᠤ ᠵᠦᠢ ᠵᠣᠬᠢᠰᠲᠠᠢ ᠬᠡᠪᠴᠢᠶᠡᠨ ᠳᠤ ᠶᠠᠪᠤᠭᠳᠠᠬᠤ ᠶᠢ ᠠᠬᠢᠭᠤᠯᠪᠠ            ●ᠠᠵᠤ ᠠᠬᠤᠶᠢᠯᠠᠯ  ᠳᠤ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠶᠢ ᠪᠠᠬᠢᠵᠢᠭᠦᠯᠪᠡ            ●ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ            ●ᠰᠢᠨ᠎ᠡ ᠶᠢ ᠡᠭᠦᠳᠭᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠪᠠ            ●ᠬᠤᠲᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠪᠠᠶᠢᠷᠢᠰᠢᠯ ᠢ ᠲᠠᠰᠤᠷᠠᠯᠲᠠ ᠦᠭᠡᠢ ᠰᠢᠯᠢᠳᠡᠭᠵᠢᠭᠦᠯᠪᠡ            ●ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ  ᠶᠢ ᠴᠢᠩᠭᠠᠳᠬᠠᠵᠤ᠂ ᠦᠷᠭᠦᠯᠵᠢᠯᠡᠬᠦ ᠬᠥᠭᠵᠢᠯᠲᠡ  ᠶᠢ ᠠᠬᠢᠭᠤᠯᠪᠠ            ●ᠠᠷᠠᠳ  ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠦᠢᠯᠡᠰ ᠢ ᠲᠦᠷᠭᠡᠯᠡᠨ ᠬᠥᠭᠵᠢᠭᠦᠯᠪᠡ            ●ᠬᠠᠤᠯᠢ ᠪᠠᠷ ᠵᠠᠰᠠᠬᠤ ᠵᠠᠰᠠᠭ  ᠤᠨ ᠣᠷᠳᠣᠨ ᠤ ᠪᠠᠶᠢᠭᠤᠯᠤᠯᠲᠠ ᠪᠠ ᠵᠠᠰᠠᠯᠲᠠ ᠶᠢᠨ ᠰᠢᠨ᠎ᠡ ᠶᠢ ᠡᠭᠦᠳᠭᠦ ᠶᠢ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠪᠠ                        ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠥᠮᠵᠢ ᠪᠣᠯ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠰᠢ ᠎ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ  ᠤ ᠰᠢᠨᠵᠢᠯᠡᠬᠦ ᠤᠬᠠᠭᠠᠨᠴᠢ ᠪᠠᠷ ᠵᠢᠯᠣᠭᠤᠳᠤᠭᠰᠠᠨ ᠤ ᠦᠷ᠎ᠡ ᠳ᠋ᠦᠩ ᠮᠥᠨ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃                                    ᠬᠤᠶᠠᠷ᠂ 2022 ᠣᠨ  ᠤ ᠪᠠᠷᠠᠯᠠᠯ            ᠭᠤᠣᠯ ᠵᠢᠱᠢᠭᠰᠡᠨ ᠬᠠᠷᠠᠯᠲᠠ ᠪᠣᠯ᠄            ᠤᠯᠤᠰ  ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ  ᠦᠷᠲᠡᠭ  ᠢ 5.5% ᠣᠷᠴᠢᠮ  ᠢᠶᠠᠷ ᠨᠡᠮᠡᠭᠳᠡᠭᠦᠯᠦᠨ᠎ᠡ;ᠬᠤᠲᠠ ᠪᠠᠯᠭᠠᠰᠤᠨ ᠳᠤ ᠠᠵᠢᠯ ᠣᠯᠣᠭᠰᠠᠨ ᠬᠥᠮᠥᠨ  ᠤ ᠲᠤᠭ᠎ᠠ ᠶᠢ 1100 ᠲᠦᠮᠡ ᠠᠴᠠ ᠳᠡᠭᠡᠭᠰᠢ ᠰᠢᠨ᠎ᠡ  ᠪᠠᠷ ᠨᠡᠮᠡᠭᠳᠡᠭᠦᠯᠦᠨ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ  ᠶᠢᠨ ᠨᠣᠷᠮ᠎ᠠ ᠶᠢ ᠪᠦᠭᠦ ᠵᠢᠯ ᠳᠤ 5.5% ᠎ ᠶᠢᠨ ᠳᠣᠲᠣᠷ᠎ᠠ ᠭᠢᠵᠠᠭᠠᠷᠯᠠᠨ᠎ᠠ; ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠨ᠎ᠠ; ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ  ᠢ ᠠᠵᠤ ᠠᠬᠤᠢ  ᠶᠢᠨ ᠨᠡᠮᠡᠭᠳᠡᠯ  ᠲᠠᠢ ᠦᠨᠳᠦᠰᠦᠨ ᠳᠡᠭᠡᠨ ᠵᠢᠭᠳᠡ ᠪᠠᠶᠢᠯᠭᠠᠨ᠎ᠠ; ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠲᠣᠭᠲᠠᠭᠤᠨ ᠪᠠᠶᠢᠳᠠᠯ ᠢ ᠪᠠᠲᠤᠯᠠᠨ ᠶᠠᠰᠤ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ  ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ; ᠠᠮᠤ ᠪᠤᠳᠠᠭᠠᠨ  ᠤ ᠤᠨᠠᠯᠲᠠ  ᠶᠢ 1.3  ᠲᠦᠮᠡᠨ ᠳ᠋ᠦᠩᠰᠢᠭᠤᠷ ᠵᠢᠩ  ᠠᠴᠠ ᠳᠡᠭᠡᠭᠰᠢ ᠪᠠᠶᠢᠯᠭᠠᠨ᠎ᠠ; ᠠᠮᠢ ᠠᠬᠤᠢ  ᠶᠢᠨ ᠣᠷᠴᠢᠨ ᠨᠥᠬᠦᠴᠡᠯ ᠤᠨ ᠶᠠᠰᠤ ᠴᠢᠨᠠᠷ  ᠢ ᠦᠷᠭᠦᠯᠵᠢᠯᠡᠨ ᠰᠠᠶᠢᠵᠢᠷᠠᠭᠤᠯᠵᠤ᠂ ᠭᠤᠣᠯ ᠭᠤᠣᠯ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ  ᠶᠢ ᠦᠷᠭᠦᠯᠵᠢᠯᠡᠨ ᠪᠠᠭᠤᠷᠠᠭᠤᠯᠤᠨ᠎ᠠ ; ᠡᠨᠧᠷᠭᠢ  ᠬᠤᠷᠣᠭᠳᠠᠭᠤᠯᠬᠤ ᠬᠦᠴᠦᠯᠡᠴᠡ ᠶᠢᠨ ᠬᠠᠷᠠᠯᠲᠠ  ᠶᠢ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠨᠢᠭᠡᠳᠦᠯᠲᠡᠢ ᠲᠥᠯᠥᠪᠯᠡᠨ ᠬᠢᠨᠠᠨ ᠰᠢᠯᠭᠠᠬᠤ ᠪᠥᠭᠡᠳ ᠵᠣᠬᠢᠬᠤ ᠬᠠᠷᠢᠮᠠᠬᠠᠢ ᠴᠢᠨᠠᠷ ᠲᠠᠢ ᠪᠠᠶᠢᠯᠭᠠᠨ᠎ᠠ᠂ ᠰᠢᠨ᠎ᠡ  ᠪᠠᠷ ᠨᠡᠮᠡᠭᠳᠡᠬᠦ ᠳᠠᠭᠢᠨ ᠡᠭᠦᠰᠴᠦ ᠪᠤᠯᠬᠤ ᠡᠨᠧᠷᠭᠢ ᠪᠣᠯᠣᠨ ᠲᠦᠭᠦᠬᠡᠢ ᠮᠠᠲ᠋ᠧᠷᠢᠶᠠᠯ ᠤᠨ ᠡᠨᠧᠷᠭᠢ ᠶᠢᠨ ᠬᠡᠷᠡᠭᠯᠡᠯᠲᠡ  ᠶᠢ ᠡᠨᠧᠷᠭᠢ  ᠎ ᠶᠢᠨ ᠬᠡᠷᠡᠭᠯᠡᠭᠡᠨ  ᠤ ᠶᠡᠷᠦᠩᠬᠡᠢ ᠬᠡᠮᠵᠢᠶ᠎ᠡ ᠶᠢᠨ ᠬᠢᠵᠠᠭᠠᠷᠯᠠᠯ  ᠳᠤ ᠣᠷᠣᠭᠤᠯᠬᠤ ᠦᠭᠡᠢ᠃            1. ᠬᠤᠷᠸ᠎ᠠ ᠠᠵᠤ ᠠᠬᠤᠢ ᠶᠢᠨ ᠶᠡᠭᠡ ᠲᠠᠯ᠎ᠠ  ᠶᠢ ᠬᠦᠴᠦᠯᠡᠨ ᠲᠣᠭᠲᠠᠪᠤᠷᠢᠵᠢᠭᠤᠯᠵᠤ᠂ ᠠᠵᠤ ᠠᠬᠤᠢ  ᠶᠢᠨ ᠠᠵᠢᠯᠯᠠᠭᠠᠨ  ᠤ ᠵᠦᠢ ᠵᠣᠬᠢᠰᠲᠠᠢ ᠬᠡᠪᠴᠢᠶᠡᠨ ᠳᠤ ᠶᠠᠪᠤᠭᠳᠠᠬᠤ  ᠶᠢ ᠪᠠᠲᠤᠯᠠᠨ᠎ᠠ            2022 ᠣᠨ  ᠤ  ᠵᠠᠰᠠᠭ  ᠤᠨ ᠣᠷᠳᠣᠨ  ᠤ ᠠᠵᠢᠯ  ᠤᠨ ᠡᠭᠦᠷᠭᠡ᠄            ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢᠨ ᠦᠢᠯᠡᠳᠦᠯ ᠴᠢᠳᠠᠪᠤᠷᠢ  ᠎ ᠶᠢ ᠳᠡᠭᠡᠭᠰᠢᠯᠡᠭᠦᠯᠦᠨ᠎ᠡ            ᠵᠠᠰᠠᠭ  ᠤᠨ ᠣᠷᠳᠣᠨ  ᠤ ᠪᠡᠯᠡ ᠣᠷᠣᠭᠤᠯᠤᠯᠲᠠ ᠶᠢᠨ ᠪᠡᠯᠡ ᠮᠥᠩᠭᠦ  ᠶᠢ ᠰᠠᠶᠢᠲᠤᠷ ᠬᠡᠷᠡᠭᠯᠡᠵᠦ᠂ ᠪᠦᠲᠦᠮᠵᠢᠲᠡᠢ ᠪᠡᠯᠡ ᠣᠷᠣᠭᠤᠯᠤᠯᠲᠠ  ᠶᠢ ᠥᠷᠭᠡᠳᠬᠡᠬᠦ ᠶᠢ ᠳᠠᠶᠢᠴᠢᠯᠠᠬᠤ ᠬᠡᠷᠡᠭᠲᠡᠢ            ᠵᠠᠰᠠᠭ ᠤᠨ ᠣᠷᠳᠣᠨ ᠨᠠᠷᠢᠯᠠᠵᠤ ᠠᠮᠢᠳᠤᠷᠠᠬᠤ  ᠶᠢ ᠪᠠᠷᠢᠮᠲᠠᠯᠠᠨ᠂ ᠨᠡᠩ ᠰᠠᠶᠢᠲᠤᠷ ᠠᠷᠪᠢᠯᠠᠨ ᠭᠠᠮᠨᠠᠵᠤ ᠠᠷᠠᠳ ᠲᠦᠮᠡᠨ  ᠢ ᠪᠠᠶᠠᠵᠢᠭᠤᠯᠬᠤ ᠬᠡᠷᠡᠭᠲᠡᠢ            ᠵᠣᠭᠤᠰᠤᠨ ᠤ ᠯᠠᠪᠳᠠᠭᠤᠨ ᠲᠦᠷᠦ  ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ            ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ  ᠶᠢᠨ ᠪᠣᠳᠣᠯᠭ᠎ᠠ ᠶᠢ ᠴᠢᠩᠭᠠᠳᠬᠠᠨ᠎ᠠ            ᠠᠮᠤ ᠪᠤᠳᠠᠭ᠎ᠠ ᠪᠠ ᠡᠨᠧᠷᠭᠢ  ᠶᠢᠨ ᠰᠤᠷᠪᠤᠯᠵᠢ ᠶᠢᠨ ᠠᠮᠤᠷ ᠲᠦᠪᠰᠢᠨ  ᠢ ᠦᠨᠡᠨ ᠬᠦ ᠪᠠᠲᠤᠯᠠᠨ᠎ᠠ            ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ            2. ᠵᠠᠬ᠎ᠠ ᠳᠡᠯᠭᠡᠭᠦᠷ  ᠤᠨ ᠪᠡᠶᠡᠴᠢ ᠴᠣᠭᠴᠠ  ᠶᠢ ᠬᠦᠴᠦᠯᠡᠨ ᠲᠣᠭᠲᠠᠪᠤᠷᠢᠵᠢᠭᠤᠯᠵᠤ ᠠᠵᠢᠯ ᠣᠯᠭᠤᠯᠲᠠ ᠎ ᠶᠢ ᠪᠠᠲᠤᠯᠠᠨ᠂ ᠬᠤᠷᠸ᠎ᠠ ᠲᠥᠷᠥ  ᠶᠢᠨ ᠪᠣᠳᠣᠯᠭ᠎ᠠ  ᠶᠢ ᠬᠡᠷᠡᠭᠵᠢᠭᠦᠯᠬᠦ ᠡᠷᠴᠢᠮ  ᠢ ᠴᠢᠩᠭᠠᠷᠠᠭᠤᠯᠤᠨ᠎ᠠ            ᠭᠠᠶᠢᠯᠢ ᠰᠦᠢᠳᠬᠡᠯ  ᠤᠨ ᠳᠡᠮᠵᠢᠯᠭᠡ  ᠶᠢᠨ ᠰᠢᠨ᠎ᠡ ᠬᠠᠮ ᠲᠦᠷᠦ  ᠶᠢᠨ ᠪᠣᠳᠣᠯᠭ᠎ᠠ  ᠶᠢ ᠬᠡᠷᠡᠭᠵᠢᠭᠦᠯᠦᠨ᠎ᠡ            ᠪᠣᠳᠠᠲᠤ ᠴᠣᠭᠴᠠ ᠶᠢᠨ ᠠᠵᠤ ᠠᠬᠤᠢ ᠳᠤ ᠦᠵᠡᠭᠦᠯᠭᠦ ᠮᠥᠩᠭᠦᠨ ᠭᠦᠢᠯᠭᠡᠭᠡᠨ ᠤ ᠪᠦᠲᠦᠮᠵᠢᠲᠡᠢ ᠳᠡᠮᠵᠢᠯᠭᠡ ᠶᠢ ᠴᠢᠩᠭᠠᠳᠬᠠᠨ᠎ᠠ            ᠠᠵᠤ ᠠᠬᠤᠶᠢᠯᠠᠯ  ᠤᠨ ᠦᠢᠯᠡᠳᠪᠦᠷᠢᠯᠡᠯ ᠡᠵᠡᠩᠨᠡᠯᠲᠡ  ᠶᠢᠨ ᠥᠪᠡᠷ ᠤᠨ ᠥᠷᠲᠡᠭ ᠢ ᠪᠠᠭᠤᠷᠠᠭᠤᠯᠬᠤ  ᠶᠢ ᠠᠬᠢᠭᠤᠯᠤᠨ᠎ᠠ            ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ  ᠶᠢ ᠪᠣᠳᠠᠲᠠᠢ ᠪᠥᠭᠡᠳ ᠨᠠᠷᠢᠯᠢᠭ ᠨᠠᠶᠢᠳᠠᠪᠤᠷᠢᠵᠢᠭᠤᠯᠤᠨ᠎ᠠ            3.ᠥᠭᠡᠷᠡᠴᠢᠯᠡᠯᠲᠡ  ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ  ᠤᠨ ᠠᠮᠢᠵᠢᠷᠠᠯ ᠎ ᠤᠨ ᠬᠦᠴᠦᠨ ᠪᠠ ᠬᠥᠭᠵᠢᠯᠲᠡ  ᠶᠢᠨ ᠳᠣᠲᠣᠭᠠᠳᠤ ᠬᠥᠳᠡᠯᠭᠡᠭᠴᠢ ᠬᠦᠴᠦᠨ  ᠢ ᠨᠡᠩ ᠶᠡᠭᠡ  ᠪᠠᠷ ᠬᠥᠭᠵᠢᠭᠡᠨ᠎ᠡ            ᠵᠠᠰᠠᠭ  ᠤᠨ ᠣᠷᠳᠣᠨ  ᠤ ᠡᠭᠦᠷᠭᠡ ᠴᠢᠳᠠᠪᠤᠷᠢ  ᠶᠢ ᠲᠦᠷᠭᠡᠯᠡᠨ ᠬᠤᠪᠢᠷᠠᠭᠤᠯᠤᠨ᠎ᠠ            ᠤᠯᠠᠨ ᠲᠦᠷᠦᠯ ᠤᠨ ᠥᠮᠴᠢᠯᠡᠯ  ᠤᠨ ᠠᠵᠤ ᠠᠬᠤᠢ  ᠶᠢᠨ ᠬᠠᠮᠲᠤ  ᠪᠠᠷ ᠭᠦᠭᠵᠢᠭᠦ ᠶᠢ ᠠᠬᠢᠭᠤᠯᠤᠨ᠎ᠠ            ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ  ᠶᠢ ᠠᠬᠢᠭᠤᠯᠤᠨ᠎ᠠ            4.ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ  ᠶᠢ ᠭᠦᠨᠵᠡᠭᠡᠢ ᠬᠡᠷᠡᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠢ  ᠶᠢᠨ ᠰᠠᠭᠤᠷᠢ  ᠶᠢ ᠪᠠᠬᠢᠵᠢᠭᠦᠯᠦᠨ ᠪᠤᠵᠠᠭᠠᠶᠢᠷᠠᠭᠤᠯᠤᠨ᠎ᠠ            ᠰᠢᠨᠵᠢᠯᠡᠬᠦ ᠤᠬᠠᠭᠠᠨ ᠲᠸᠭᠨᠢᠢᠡ ᠮᠡᠷᠭᠡᠵᠢᠯ ᠤᠨ ᠰᠢᠨ᠎ᠡ ᠵᠢᠡᠭᠦᠳᠭᠦ ᠴᠢᠳᠠᠪᠤᠷᠢ ᠶᠢ ᠳᠡᠭᠡᠭᠰᠢᠯᠡᠭᠦᠯᠦᠨ᠎ᠡ            ᠠᠵᠤ ᠠᠬᠤᠶᠢᠯᠠᠯ ᠤᠨ ᠰᠢᠨ᠎ᠡ ᠶᠢ ᠡᠭᠦᠳᠭᠦ ᠶᠢ ᠤᠷᠮᠠᠰᠢᠭᠤᠯᠬᠤ ᠡᠷᠴᠢᠮ ᠢ ᠴᠢᠩᠭᠠᠷᠠᠭᠤᠯᠤᠨ᠎ᠠ            ᠦᠢᠯᠡᠳᠭᠦ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ ᠴᠢᠩᠭᠠᠷᠠᠭᠤᠯᠤᠨ᠎ᠠ            ᠳ᠋ᠢᠵᠢᠲ᠋ᠠᠯ ᠠᠵᠤ ᠠᠬᠤᠢ  ᠶᠢᠨ ᠬᠥᠭᠵᠢᠯᠲᠡ  ᠶᠢ ᠠᠬᠢᠭᠤᠯᠤᠨ᠎ᠠ            5. ᠳᠣᠲᠣᠭᠠᠳᠤ ᠬᠡᠷᠡᠭᠴᠡᠭᠡ  ᠶᠢ ᠥᠷᠭᠡᠳᠬᠡᠬᠦ ᠪᠠᠶᠢᠯᠳᠤᠬᠤ ᠪᠣᠳᠣᠯᠭ᠎ᠠ  ᠶᠢ ᠡᠷᠡᠰ ᠬᠡᠷᠡᠭᠵᠢᠭᠦᠯᠵᠦ᠂ ᠣᠷᠣᠨ ᠪᠦᠰᠡ  ᠶᠢᠨ ᠵᠣᠬᠢᠴᠠᠩᠭᠤᠢ ᠬᠥᠭᠵᠢᠯᠲᠡ  ᠪᠠ ᠰᠢᠨ᠎ᠡ ᠮᠠᠶ᠋ᠢᠭ  ᠤᠨ ᠬᠤᠲᠠ ᠪᠠᠯᠭᠠᠰᠤᠵᠢᠯᠲᠠ  ᠶᠢ ᠠᠬᠢᠭᠤᠯᠤᠨ᠎ᠠ            ᠬᠡᠷᠡᠭᠯᠡᠭᠡ  ᠶᠢᠨ ᠦᠷᠭᠦᠯᠵᠢᠯᠡᠨ ᠰᠡᠷᠭᠦᠭᠦ  ᠶᠢ ᠠᠬᠢᠭᠤᠯᠤᠨ᠎ᠠ            ᠪᠦᠲᠦᠮᠵᠢᠲᠡᠢ ᠪᠡᠯᠡ ᠣᠷᠣᠭᠤᠯᠤᠯᠲᠠ  ᠶᠢ ᠢᠳᠡᠪᠬᠢᠲᠡᠢ  ᠎ ᠪᠠᠷ ᠥᠷᠭᠡᠳᠬᠡᠨ᠎ᠡ            ᠣᠷᠣᠨ ᠪᠦᠰᠡ  ᠶᠢᠨ ᠬᠥᠭᠵᠢᠯᠲᠡ  ᠶᠢᠨ ᠲᠡᠩᠴᠡᠭᠦᠷᠢᠲᠦ ᠴᠢᠨᠠᠷ ᠪᠠ ᠵᠣᠬᠢᠴᠠᠯᠳᠤ ᠴᠢᠨᠠᠷ  ᠢ ᠴᠢᠩᠭᠠᠳᠬᠠᠨ᠎ᠠ            ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ            6. ᠲᠠᠷᠢᠶᠠᠯᠠᠩ  ᠤᠨ ᠦᠢᠯᠡᠳᠪᠦᠷᠢᠯᠡᠯ  ᠢ ᠬᠦᠴᠦᠯᠡᠨ ᠰᠠᠶᠢᠲᠤᠷ ᠠᠳᠬᠤᠵᠤ᠂ ᠬᠥᠳᠡᠭᠡ ᠲᠣᠰᠬᠤᠨ  ᠢ ᠪᠦᠭᠦ ᠲᠠᠯ᠎ᠠ  ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ            ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠵᠤ ᠬᠠᠩᠭᠠᠯᠭ᠎ᠠ  ᠶᠢ ᠪᠠᠲᠤᠯᠠᠬᠤ  ᠶᠢ ᠴᠢᠩᠭᠠᠳᠬᠠᠨ᠎ᠠ            ᠶᠠᠳᠠᠭᠤ  ᠠᠴᠠ ᠠᠩᠭᠢᠵᠢᠷᠠᠭᠤᠯᠬᠤ ᠪᠡᠷᠬᠡ ᠰᠡᠳᠦᠪ  ᠢ ᠰᠢᠢᠳᠪᠦᠷᠢᠯᠡᠭᠰᠡᠨ ᠦᠷ᠎ᠡ ᠪᠦᠲᠦᠭᠡᠯ  ᠢ ᠪᠦᠭᠦ ᠲᠠᠯ᠎ᠠ ᠎ ᠪᠠᠷ ᠪᠠᠬᠢᠵᠢᠭᠦᠯᠦᠨ ᠥᠷᠭᠡᠳᠬᠡᠨ᠎ᠡ            ᠬᠥᠳᠡᠭᠡ ᠲᠣᠰᠬᠤᠨ  ᠤ ᠥᠭᠡᠷᠡᠴᠢᠯᠡᠯᠲᠡ ᠬᠥᠭᠵᠢᠯᠲᠡ  ᠶᠢ ᠯᠠᠪᠳᠠᠭᠤᠨ ᠪᠠᠲᠤᠲᠠᠢ  ᠪᠠᠷ ᠠᠬᠢᠭᠤᠯᠤᠨ᠎ᠠ            7. ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ  ᠶᠢ ᠥᠷᠭᠡᠳᠬᠡᠵᠦ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ  ᠶᠢᠨ ᠲᠣᠭᠲᠠᠭᠤᠨ  ᠢᠶᠠᠷ ᠭᠦᠭᠵᠢᠭᠦ  ᠶᠢ ᠠᠬᠢᠭᠤᠯᠤᠨ᠎ᠠ            ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ  ᠪᠠᠷ ᠬᠡᠷᠡᠭᠯᠡᠨ ᠭᠠᠳᠠᠭᠠᠳᠤ ᠠᠷᠠᠯᠵᠢᠶ᠎ᠠ  ᠶᠢ ᠲᠣᠭᠲᠠᠪᠤᠷᠢᠵᠢᠭᠤᠯᠤᠨ᠎ᠠ            ᠭᠠᠳᠠᠭᠠᠳᠤ ᠪᠡᠯᠡ  ᠶᠢ ᠢᠳᠡᠪᠬᠢᠲᠡᠢ ᠠᠰᠢᠭᠯᠠᠨ᠎ᠠ            ︽ᠨᠢᠭᠡ ᠪᠦᠰᠡ ᠨᠢᠭᠡ ᠵᠠᠮ︾ ᠎ ᠢ ᠴᠢᠨᠠᠷ ᠰᠠᠶᠢᠲᠠᠢ ᠬᠠᠮᠲᠤ  ᠪᠠᠷ ᠪᠠᠶᠢᠭᠤᠯᠤᠨ᠎ᠠ            ᠤᠯᠠᠨ ᠲᠠᠯᠠᠲᠤ ᠪᠠ ᠬᠤᠶᠠᠷ ᠲᠠᠯᠠᠲᠤ ᠠᠵᠤ ᠠᠬᠤᠢ ᠠᠷᠠᠯᠵᠢᠶᠠᠨ  ᠤ ᠬᠠᠮᠲᠤᠷᠠᠯᠴᠠᠭ᠎ᠠ  ᠶᠢ ᠭᠦᠨᠵᠡᠭᠡᠶᠢᠷᠡᠭᠦᠯᠦᠨ᠎ᠡ            8. ᠠᠮᠢ ᠠᠬᠤᠢ  ᠶᠢᠨ ᠣᠷᠴᠢᠨ ᠨᠥᠬᠦᠴᠡᠯ  ᠢ ᠦᠷᠭᠦᠯᠵᠢᠯᠡᠨ ᠰᠠᠶᠢᠵᠢᠷᠠᠭᠤᠯᠵᠤ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ  ᠶᠢ ᠠᠬᠢᠭᠤᠯᠤᠨ᠎ᠠ            ᠠᠮᠢ ᠠᠬᠤᠢ ᠶᠢᠨ ᠣᠷᠴᠢᠨ ᠨᠥᠬᠦᠴᠡᠯ ᠢ ᠶᠡᠷᠦᠩᠬᠡᠶᠢᠯᠡᠭᠰᠡᠨ ᠵᠠᠰᠠᠬᠤ ᠶᠢ ᠴᠢᠩᠭᠠᠳᠬᠠᠨ᠎ᠠ            ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠭᠦᠷᠭᠡᠭᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ  ᠶᠢ ᠰᠠᠭᠠᠷᠮᠠᠭᠵᠢᠭᠤᠯᠬᠤ ᠠᠵᠢᠯ  ᠢ ᠡᠮᠬᠢ ᠵᠢᠷᠤᠮ  ᠲᠠᠢ ᠠᠬᠢᠭᠤᠯᠤᠨ᠎ᠠ            9. ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ  ᠤᠨ ᠵᠠᠰᠠᠯᠲᠠ ᠶᠢ ᠴᠢᠩᠭᠠᠳᠬᠠᠨ ᠰᠢᠨ᠎ᠡ  ᠶᠢ ᠡᠭᠦᠳᠦᠨ᠎ᠡ            ᠰᠤᠷᠭᠠᠨ ᠬᠥᠮᠦᠵᠢᠯ ᠤᠨ ᠭᠤᠣᠯᠴᠢ ᠲᠡᠭᠰᠢ ᠪᠠᠶᠢᠬᠤ ᠪᠠ ᠶᠠᠰᠤ ᠴᠢᠨᠠᠷ ᠢ ᠳᠡᠭᠡᠭᠰᠢᠯᠡᠭᠦᠯᠭᠦ  ᠶᠢ ᠠᠬᠢᠭᠤᠯᠤᠨ᠎ᠠ            ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ            ᠨᠡᠶᠢᠭᠡᠮ  ᠤᠨ ᠪᠠᠲᠤᠯᠠᠭ᠎ᠠ  ᠪᠠ ᠦᠢᠯᠡᠴᠢᠯᠡᠭᠡ  ᠶᠢ ᠴᠢᠩᠭᠠᠳᠬᠠᠨ᠎ᠠ            ᠣᠯᠠᠨ ᠲᠦᠮᠡᠨ ᠤ ᠣᠷᠣᠨ ᠰᠠᠭᠤᠴᠠ ᠶᠢᠨ ᠬᠡᠷᠡᠭᠴᠡᠭᠡ ᠶᠢ ᠦᠷᠭᠦᠯᠵᠢᠯᠡᠨ ᠰᠠᠶᠢᠲᠤᠷ ᠪᠠᠲᠤᠯᠠᠨ᠎ᠠ            ᠠᠷᠠᠳ ᠣᠯᠠᠨ  ᠤ ᠣᠶᠤᠨ  ᠤ ᠰᠣᠶᠣᠯ  ᠤᠨ ᠠᠮᠢᠳᠤᠷᠠᠯ  ᠢ ᠪᠠᠶᠠᠯᠢᠭᠵᠢᠭᠤᠯᠤᠨ᠎ᠠ            ᠨᠡᠶᠢᠭᠡᠮ  ᠤᠨ ᠵᠠᠰᠠᠯᠲᠠ  ᠶᠢᠨ ᠬᠠᠮᠲᠤ  ᠪᠠᠷ ᠪᠠᠶᠢᠭᠤᠯᠬᠤ ᠬᠠᠮᠲᠤ  ᠪᠠᠷ ᠵᠠᠰᠠᠬᠤ ᠬᠠᠮᠲᠤ  ᠪᠠᠷ ᠡᠳ᠋ᠯᠡᠭᠦ  ᠶᠢ ᠠᠬᠢᠭᠤᠯᠤᠨ᠎ᠠ            ︵ᠲᠤᠰ ᠨᠢᠭᠤᠷ  ᠤᠨ ᠡᠬᠡ ᠪᠢᠴᠢᠭ  ᠢ ᠲᠥᠪ  ᠤᠨ ᠣᠷᠴᠢᠭᠤᠯᠭ᠎ᠠ ᠶᠢᠨ ᠲᠣᠪᠴᠢᠶ᠎ᠠ ᠶᠢᠨ ᠣᠷᠴᠢᠭᠤᠯᠭ᠎ᠠ ᠎ ᠠᠴᠠ ᠡᠰᠢᠯᠡᠪᠡ︶            
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号