ᠵᠤᠤ ᠯᠧ ᠵᠢᠢ ᠬᠠᠷᠠᠮᠥ᠋ᠷᠡᠨ ᠤ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠠᠭᠠᠨ ᠴᠢᠬᠤᠯᠠᠴᠢᠯᠠᠭᠰᠠᠨ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠬᠢᠨᠠᠯᠲᠠ ᠲᠠᠯᠪᠢᠵᠤ ᠪᠠᠲᠤᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/3/25
                       ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 5᠎ ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠵᠤᠤ ᠯᠧ ᠵᠢᠢ 5᠎ ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠬᠠᠷᠠᠮᠥ᠋ᠷᠡᠨ ᠤ ᠲᠥᠯᠥᠭᠡᠯᠡᠭᠴᠢᠳ ᠤᠨ ᠪᠦᠯᠭᠦᠮ ᠳᠤ ᠬᠦᠷᠴᠦ᠂ ᠲᠥᠯᠥᠭᠡᠯᠡᠭᠴᠢᠳ ᠲᠠᠢ ᠬᠠᠮᠲᠤ  ᠎ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃ ᠵᠢᠶᠣᠣ ᠶᠦᠨ᠂ ᠸᠠᠩ ᠱᠧᠦ ᠼᠦᠩ᠂ ᠵᠢᠶᠠ ᠬᠤᠩ ᠲᠤᠤ ᠵᠡᠷᠭᠡ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠵᠤᠤ ᠯᠧ ᠵᠢᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠨ ᠶᠠᠷᠢᠯᠴᠠᠪᠠ᠃            ᠲᠥᠯᠥᠭᠡᠯᠡᠭᠴᠢᠳ ᠤᠨ ᠭᠡᠯᠡᠭᠦ ᠶᠢ ᠰᠣᠨᠣᠰᠤᠭᠰᠠᠨ ᠤ ᠲᠠᠷᠠᠭ᠎ᠠ ᠵᠤᠤ ᠯᠧ ᠵᠢᠢ᠂ ᠶᠡᠷᠦᠩᠬᠡᠢ ᠰᠠᠶᠢᠳ ᠯᠢ ᠺᠧ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠨᠠᠮ  ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ  ᠤ ᠤᠳᠠᠭ᠎ᠠ ᠪᠦᠷᠢ ᠶᠢᠨ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠣᠳᠣᠬᠠᠨ ᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠢ ᠡᠵᠡᠮᠳᠡᠵᠦ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠰᠡᠳᠬᠢᠴᠡ ᠲᠣᠳᠣ᠂ ᠡᠭᠦᠷᠭᠡ ᠲᠣᠳᠣᠷᠬᠠᠢ᠂ ᠠᠷᠭ᠎ᠠ ᠬᠡᠮᠵᠢᠶ᠎ᠡ ᠦᠨᠡᠨ ᠪᠣᠳᠠᠲᠠᠢ ᠰᠠᠶᠢᠨ ᠢᠯᠡᠳᠬᠡᠯ ᠪᠣᠯᠵᠠᠢ᠃ ᠪᠢ ᠪᠦᠷᠢᠮᠦᠰᠦᠨ ᠵᠥᠪᠰᠢᠶᠡᠷᠡᠵᠦ ᠪᠠᠶᠢᠨ᠎ᠠ ᠭᠡᠵᠦ ᠬᠡᠯᠡᠪᠡ᠃            ᠵᠣᠣ ᠯᠧ ᠵᠢᠢ᠂ ᠥᠩᠭᠡᠷᠡᠭᠰᠡᠨ ᠨᠢᠭᠡ ᠵᠢᠯ ᠳᠤ᠂ ᠡᠷᠢᠨ ᠵᠠᠭᠤᠨ ᠤ ᠬᠢᠵᠢᠭ ᠤᠨ ᠪᠠᠶᠢᠳᠠᠯ ᠪᠣᠯᠣᠨ ᠵᠠᠭᠤᠨ ᠵᠢᠯ ᠤᠨ ᠬᠤᠪᠢᠷᠠᠯᠲᠠ ᠰᠣᠯᠪᠢᠴᠠᠭᠰᠠᠨ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ︽ᠠᠷᠪᠠᠨ ᠳᠥᠷᠪᠡᠳᠦᠭᠡᠷ ᠲᠠᠪᠤᠨ ᠵᠢᠯ︾ ᠎ ᠤᠨ ᠡᠭᠢᠯᠡᠯᠲᠡ᠂ ᠰᠢᠨ᠎ᠡ ᠠᠶᠠᠯᠠᠯ  ᠢ ᠡᠭᠢᠯᠡᠭᠦᠯᠭᠦ ᠬᠦᠨᠳᠦ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠳᠥᠷᠪᠡᠨ ᠪᠦᠭᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠴᠢᠨᠡᠭᠡᠯᠢᠭ ᠨᠡᠶᠢᠭᠡᠮ ᠢ ᠬᠤᠭᠤᠴᠠᠭ᠎ᠠ ᠶᠣᠰᠣᠭᠠᠷ ᠪᠦᠭᠦ ᠲᠠᠯ᠎ᠠ ᠪᠠᠷ ᠪᠡᠶᠡᠯᠡᠭᠦᠯᠵᠦ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠪᠣᠯᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠦᠭᠦ ᠪᠥᠮᠪᠥᠷᠴᠡᠭ ᠤᠨ ᠲᠡᠷᠢᠭᠦᠨ ᠤ ᠪᠠᠶᠢᠷᠢ ᠰᠠᠭᠤᠷᠢ ᠪᠠᠨ ᠪᠠᠲᠤᠯᠠᠵᠤ᠂ ᠨᠠᠮ ᠪᠠ ᠤᠯᠤᠰ ᠤᠨ ᠡᠯ᠎ᠡ ᠵᠦᠢᠯ ᠤᠨ ᠠᠵᠢᠯ ᠦᠢᠯᠡᠰ ᠴᠢᠬᠤᠯᠠ ᠶᠡᠭᠡ ᠰᠢᠨ᠎ᠡ ᠠᠮᠵᠢᠯᠲᠠ ᠪᠦᠲᠦᠮᠵᠢ ᠣᠯᠪᠠ᠃ ᠡᠳᠡᠭᠡᠷ ᠠᠮᠵᠢᠯᠲᠠ ᠪᠦᠲᠦᠮᠵᠢ ᠪᠣᠯ ᠭᠢᠯᠪᠠᠷ ᠪᠤᠰᠤ ᠪᠠᠷ ᠢᠷᠡᠭᠰᠡᠨ ᠶᠤᠮ᠂ ᠡᠭᠦᠨ ᠤ ᠦᠨᠳᠦᠰᠦ ᠨᠢ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠭᠦ ᠨᠠᠮ ᠤᠨ ᠭᠤᠣᠯᠯᠠᠭᠴᠢ ᠪᠣᠯᠤᠭᠰᠠᠨ ᠤ ᠬᠤᠪᠢ ᠳᠤ ᠵᠠᠯᠠᠭᠤᠷ ᠢ ᠠᠳᠬᠤᠨ ᠠᠶᠠᠯᠠᠯ ᠢ ᠵᠢᠯᠣᠭᠤᠳᠤᠭᠰᠠᠨ ᠳᠤ ᠪᠠᠶᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠢᠨᠵᠢᠯᠡᠬᠦ ᠤᠬᠠᠭᠠᠨᠴᠢ ᠪᠠᠷ ᠵᠢᠯᠣᠭᠤᠳᠤᠭᠤᠯᠤᠭᠰᠠᠨ ᠳᠤ ᠪᠠᠶᠢᠵᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠷᠭᠠᠭᠤ ᠬᠠᠲᠠᠭᠤᠵᠢᠯᠲᠠᠢ ᠲᠡᠮᠡᠴᠡᠭᠰᠡᠨ ᠳᠤ ᠪᠠᠶᠢᠨ᠎ᠠ ᠭᠡᠵᠦ ᠵᠢᠭᠠᠵᠤ ᠭᠠᠷᠭᠠᠪᠠ᠃            ᠵᠣᠣ ᠯᠧ ᠵᠢᠢ ᠬᠠᠷᠠᠮᠥ᠋ᠷᠡᠨ ᠤ ᠡᠯ᠎ᠡ ᠲᠠᠯ᠎ᠠ ᠶᠢᠨ ᠠᠵᠢᠯ ᠤᠨ ᠠᠮᠵᠢᠯᠲᠠ ᠶᠢ ᠭᠦᠢᠴᠡᠳ ᠨᠤᠲᠠᠯᠠᠵᠤ᠂ ᠬᠠᠷᠠᠮᠥ᠋ᠷᠡᠨ ᠤ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠎ ᠶᠢ ᠪᠡᠶᠡᠯᠡᠭᠦᠯᠵᠦ᠂ ᠢᠲᠡᠭᠡᠯ ᠵᠣᠷᠢᠭ ᠢᠶᠠᠨ ᠬᠥᠪᠴᠢᠯᠡᠵᠦ᠂ ᠲᠣᠭᠲᠠᠭᠤᠨ ᠤ ᠳᠤᠮᠳᠠ ᠤᠷᠤᠭᠰᠢᠯᠠᠵᠤ᠂ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠶᠢ ᠪᠦᠭᠦ ᠮᠤᠵᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠡᠬᠢ ᠪᠠᠶᠠᠯᠢᠭ᠂ ᠠᠮᠢ ᠠᠬᠤᠢ᠂ ᠡᠷᠳᠡᠮ ᠰᠢᠨᠵᠢᠯᠡᠭᠡ᠂ ᠠᠵᠤ ᠦᠢᠯᠡᠰ ᠵᠡᠷᠭᠡ ᠲᠠᠯ᠎ᠠ ᠪᠠᠷ ᠬᠢ ᠬᠠᠷᠢᠴᠠᠩᠭᠤᠢ ᠳᠠᠪᠠᠭᠤᠯᠢᠭ ᠢᠶᠠᠨ ᠬᠦᠴᠦᠯᠡᠨ ᠪᠠᠳᠠᠷᠠᠭᠤᠯᠵᠤ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠶ ᠪᠣᠯᠭᠠᠨ ᠦᠢᠯᠡᠳᠦᠯᠭᠡᠵᠢᠭᠦᠯᠵᠦ᠂ ᠡᠭᠦᠷᠭᠡᠯᠡᠯ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨ ᠪᠣᠳᠠᠲᠠᠢ ᠠᠵᠢᠯᠯᠠᠵᠤ᠂ ᠬᠡᠯᠡᠪᠡᠯ ᠬᠢᠵᠦ᠂ ᠰᠠᠶᠢᠲᠤᠷ ᠬᠢᠵᠦ ᠰᠠᠶᠢᠲᠤᠷ ᠪᠦᠲᠦᠭᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠡᠭᠡᠷ᠎ᠡ ᠦᠨᠡᠨ ᠬᠦ ᠬᠦᠴᠦ ᠲᠠᠯᠪᠢᠵᠤ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠪᠡ᠃            ᠵᠤᠤ ᠯᠧ ᠵᠢᠢ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠭᠲᠠᠭᠠᠭᠰᠠᠨ ᠴᠢᠬᠤᠯᠠ ᠶᠡᠭᠡ ᠲᠦᠷᠦ ᠶᠢᠨ ᠪᠣᠳᠣᠯᠭ᠎ᠠ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠢᠨᠠᠯᠲᠠ ᠲᠠᠯᠪᠢᠵᠤ ᠪᠠᠲᠤᠯᠠᠨ ᠬᠡᠷᠡᠭᠵᠢᠭᠦᠯᠬᠦ᠂ ᠲᠡᠭᠦᠯᠳᠡᠷᠵᠢᠭᠦᠯᠦᠨ ᠬᠥᠭᠵᠢᠭᠦᠯᠬᠦ ᠶᠢ ᠠᠬᠢᠭᠤᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠬᠤᠷᠢᠭ᠎ᠠ ᠶᠢ ᠲᠠᠰᠤᠷᠠᠯᠲᠠ ᠦᠭᠡᠢ ᠪᠠᠬᠢᠵᠢᠭᠦᠯᠵᠦ᠂ ︽ᠳᠥᠷᠪᠡᠨ ᠰᠤᠷᠲᠠᠯ︾ ᠎ ᠢ ᠴᠥᠬᠦᠷᠡᠰᠢ ᠦᠭᠡᠢ ᠵᠠᠯᠠᠷᠠᠭᠤᠯᠵᠤ ᠰᠢᠨ᠎ᠡ ᠰᠤᠷᠲᠠᠯ ᠢ ᠪᠤᠶ ᠪᠤᠯᠭᠠᠵᠤ᠂ ᠣᠯᠠᠨ ᠲᠦᠮᠡᠨ ᠤ ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠭᠦᠨᠵᠡᠭᠡᠢ ᠴᠡᠭᠴᠡᠯᠡᠨ ᠰᠠᠶᠢᠵᠢᠷᠠᠭᠤᠯᠵᠤ᠂ ᠵᠠᠩᠭᠢᠯᠠᠭ᠎ᠠ ᠶᠢᠨ ᠴᠥᠭᠡᠨ ᠲᠣᠭᠠᠲᠠᠨ ᠢᠯᠠᠩᠭᠤᠶ᠎ᠠ ︽ᠨᠢᠭᠡᠳᠦᠭᠡᠷ ᠬᠠᠷᠢᠭᠤᠴᠠᠯᠭᠠᠲᠠᠨ︾ ᠎ ᠤ ᠡᠳᠦᠷ ᠲᠤᠲᠤᠮ ᠤᠨ ᠬᠢᠨᠠᠯᠲᠠ ᠶᠢ ᠲᠣᠪᠤᠶᠢᠯᠭᠠᠨ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠪᠠ ᠠᠷᠠᠯᠵᠢᠶᠠᠴᠢᠨ ᠤ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠬᠤ ᠬᠡᠷᠡᠭᠲᠡᠢ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠣᠩᠭᠤᠭᠤᠯᠢ ᠶᠢᠨ ᠪᠢᠯᠧᠲ ᠲᠠᠲᠠᠵᠤ ᠰᠣᠩᠭᠤᠭᠤᠯᠢ ᠶᠢ ᠬᠠᠭ᠋ᠤᠤᠯᠢᠳᠠᠬᠤ ᠵᠡᠷᠭᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠭᠦᠳᠬᠡᠯ ᠬᠤᠣᠷᠯᠠᠯ ᠳᠤ ᠤᠴᠠᠷᠠᠭᠰᠠᠨ ᠪᠠᠶᠢᠪᠠᠯ ᠴᠠᠭ ᠲᠤᠬᠠᠢ ᠳᠤᠨᠢ ᠨᠡᠷ᠎ᠡ ᠲᠦᠷᠦ ᠶᠢ ᠨᠢ ᠰᠡᠷᠭᠦᠭᠡᠵᠦ ᠦᠭᠭᠦ ᠬᠡᠷᠡᠭᠲᠡᠢ᠃ ᠦᠨᠳᠦᠰᠦᠨ ᠭᠦᠭ ᠠᠶᠠᠰ ᠢ ᠭᠤᠶᠢᠪᠢᠰᠢ ᠦᠭᠡᠢ ᠴᠢᠩᠭ᠎ᠠ ᠪᠠᠷᠢᠮᠲᠠᠯᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠪᠠ ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠪᠤᠢ ᠪᠤᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号