| | . | | | | | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠳ ᠤᠨ ᠦᠨᠳᠦᠰᠦᠲᠡᠨ ᠤ | ᠪᠦᠷᠢᠯᠳᠦᠭᠦᠨ ᠢ ᠳᠡᠩᠰᠡᠯᠡᠨ ᠬᠠᠮᠢᠶᠠᠷᠬᠤ ᠬᠡᠷᠡᠭᠵᠢᠭᠦᠯᠬᠦ ᠠᠷᠭ᠎ᠠ︾ ︵ᠥᠪᠥᠷ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ᠲᠠᠷᠬᠠᠭᠠᠭᠰᠠᠨ ﹇2016﹈ 13 ᠳ᠋ᠤᠭᠠᠷ ᠲᠣᠭᠠᠲᠤ︶ ᠪᠠ ︽ᠦᠨᠳᠦᠰᠦᠲᠡᠨ ᠤ ᠪᠦᠷᠢᠯᠳᠦᠭᠦᠨ ᠢ | ᠥᠭᠡᠷᠡᠴᠢᠯᠡᠬᠦ ᠠᠵᠢᠯ ᠤᠨ ᠬᠤᠯᠪᠣᠭᠳᠠᠯ ᠪᠦᠬᠦᠢ ᠵᠦᠢᠯᠡᠰ ᠤᠨ ᠲᠤᠬᠠᠢ ᠠᠯᠠᠱᠠ ᠠᠶᠢᠮᠠᠭ ᠤᠨ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ ᠤᠨ ᠮᠡᠳᠡᠭᠳᠡᠯ︾ ︵ᠠᠷᠤ ᠠᠷᠠᠳ ᠲᠠᠷᠬᠠᠭᠠᠭᠰᠠᠨ ﹇2017﹈ 90 ᠳ᠋ᠦ᠋ᠭᠡᠷ ᠲᠣᠭᠠᠲᠤ︶ | ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠠᠯᠠᠱᠠ ᠵᠡᠭᠦᠨ ᠬᠤᠰᠢᠭᠤᠨ ᠤ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ᠠᠴᠠ ᠯᠢ ᠶᠤᠸᠠᠢ ᠶᠢᠨ ᠦᠨᠳᠦᠰᠦᠲᠡᠨ ᠤ ᠪᠦᠷᠢᠯᠳᠦᠭᠦᠨ ᠢᠶᠠᠨ ᠬᠤᠪᠢᠷᠠᠭᠤᠯᠬᠤ | ᠭᠤᠶᠤᠴᠢᠯᠠᠯ ᠤᠨ ᠮᠠᠲ᠋ᠧᠷᠢᠶᠠᠯ ᠳᠤ ᠠᠩᠬᠠᠨ ᠤ ᠬᠢᠨᠠᠯᠲᠠ ᠬᠢᠪᠡ᠂ ᠡᠳᠦᠭᠡ ᠠᠭᠤᠯᠭ᠎ᠠ ᠶᠢ ᠨᠢ ᠳᠠᠷᠠᠭᠠᠬᠢ ᠪᠠᠶᠢᠳᠠᠯ ᠢᠶᠠᠷ | ᠨᠡᠶᠢᠲᠡᠯᠡᠶ᠎ᠡ᠄ | | ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠡᠷᠪᠡ ᠵᠠᠷᠯᠠᠨ ᠨᠡᠶᠢᠲᠡᠯᠡᠭᠰᠡᠨ ᠡᠲᠡᠭᠡᠳ ᠨᠢ ᠨᠥᠬᠦᠴᠡᠯ ᠪᠠ | ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠠᠯᠠᠱᠠ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ᠳᠤ ᠰᠢᠭᠤᠳ ᠲᠤᠰᠬᠠᠬᠤ ᠬᠡᠷᠡᠭᠲᠡᠢ᠃ ᠠᠭᠤᠯᠭ᠎ᠠ ᠶᠢ ᠲᠤᠰᠬᠠᠬᠤ ᠳᠤ ᠦᠨᠡᠨ ᠠᠴᠠ ᠵᠥᠪ ᠢ ᠡᠷᠢᠬᠦ᠂ | ᠦᠨᠡᠨ ᠪᠣᠳᠠᠲᠠᠢ ᠪᠠᠶᠢᠬᠤ ᠶᠢ ᠱᠠᠭᠠᠷᠳᠠᠨ᠎ᠠ᠂ ᠵᠠᠪᠰᠢᠶᠠᠨ ᠢ ᠳᠠᠯᠢᠮᠳᠠᠭᠤᠯᠤᠨ ᠵᠣᠷᠢᠭᠤᠳᠠ ᠣᠷᠣ ᠦᠭᠡᠢ ᠭᠠᠵᠠᠷ | ᠣᠪᠣᠭ᠎ᠠ ᠪᠣᠰᠬᠠᠵᠤ ᠪᠣᠯᠬᠤ ᠦᠭᠡᠢ᠃ ᠪᠢᠴᠢᠭ ᠢᠶᠠᠷ ᠲᠤᠰᠬᠠᠭᠰᠠᠨ ᠰᠠᠨᠠᠯ ᠳᠤ ᠡᠷᠬᠡᠪᠰᠢ ᠦᠨᠡᠨ ᠪᠣᠳᠠᠲᠠᠢ ᠣᠪᠣᠭ | ᠨᠡᠷ᠎ᠡ ᠶᠢ ᠪᠢᠴᠢᠬᠦ ᠬᠡᠷᠡᠭᠲᠡᠢ᠃ ᠮᠠᠨ ᠤ ᠬᠤᠷᠢᠶ᠎ᠠ ᠲᠤᠰᠬᠠᠭᠰᠠᠨ ᠬᠥᠮᠥᠨ ᠪᠠ ᠲᠤᠰᠬᠠᠭᠰᠠᠨ ᠤᠴᠢᠷ ᠶᠠᠪᠤᠳᠠᠯ ᠤᠨ | ᠨᠢᠭᠤᠴᠠ ᠶᠢ ᠴᠢᠩᠭ᠎ᠠ ᠬᠠᠮᠠᠭᠠᠯᠠᠪᠠ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠲᠤᠰᠬᠠᠭᠰᠠᠨ ᠠᠰᠠᠭᠤᠳᠠᠯ ᠢ ᠪᠢᠳᠡ | ᠨᠠᠷᠢᠨ ᠬᠢᠨᠠᠮᠠᠭᠠᠢ ᠪᠠᠶᠢᠴᠠᠭᠠᠨ ᠬᠠᠷᠭᠤᠭᠤᠯᠵᠤ᠂ ᠪᠠᠶᠢᠳᠠᠯ ᠢ ᠨᠢ ᠦᠵᠡᠵᠦ ᠪᠠᠶᠢᠭᠠᠳ ᠰᠤᠳᠤᠯᠤᠨ ᠰᠢᠢᠳᠪᠦᠷᠢᠯᠡᠨ᠎ᠡ᠃ | | ᠵᠠᠷᠯᠠᠨ ᠨᠡᠶᠢᠲᠡᠯᠡᠬᠦ ᠶᠢ ᠭᠥᠯᠢᠶᠡᠨ ᠠᠪᠴᠤ ᠰᠢᠢᠳᠪᠦᠷᠢᠯᠡᠬᠦ ᠴᠠᠭ᠄ 2022 ᠣᠨ ᠤ 3 ᠰᠠᠷ᠎ᠠ ᠶᠢᠨ 25 ᠤ | ᠡᠳᠦᠷ ᠠᠴᠠ ᠨᠢᠭᠡ ᠭᠠᠷᠠᠭ ᠤᠨ ᠬᠤᠭᠤᠴᠠᠭ᠎ᠠ᠂ ᠦᠳᠡ ᠶᠢᠨ ᠡᠮᠦᠨᠡᠬᠢ 9᠄ 00 ︱ 12᠄ 00᠂ ᠦᠳᠡ ᠶᠢᠨ | ᠬᠤᠶᠢᠨᠠᠬᠢ 15᠄ 00 ︱ 18᠄ 00᠃ | | ᠭᠥᠯᠢᠶᠡᠨ ᠠᠪᠴᠤ ᠰᠢᠢᠳᠪᠦᠷᠢᠯᠡᠬᠦ ᠨᠢᠭᠡᠴᠢ᠄ ᠠᠯᠠᠱᠠ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ | ᠡᠷᠬᠢᠯᠡᠬᠦ ᠬᠤᠷᠢᠶ᠎ᠠ | | ᠬᠠᠷᠢᠯᠴᠠᠬᠤ ᠤᠲᠠᠰᠤ᠄ 0483 ︱ 8222674 | | ᠦᠨᠳᠦᠰᠦᠲᠡᠨ ᠤ ᠪᠦᠷᠢᠯᠳᠦᠭᠦᠨ ᠢ ᠬᠤᠪᠢᠷᠠᠭᠤᠯᠬᠤ ᠳᠠᠩᠰᠠᠯᠠᠯᠲᠠ ᠶᠢᠨ ᠬᠦᠰᠦᠨᠦᠭᠲᠦ | | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |