ᠬᠤᠭᠤᠴᠠᠭ᠎ᠠ ᠥᠩᠭᠡᠷᠡᠭᠰᠡᠨ ᠬᠠᠶᠢᠨ ᠪᠠᠶᠢᠴᠠᠭᠠᠯᠲᠠ ᠶᠢᠨ ᠵᠥᠪᠰᠢᠶᠡᠷᠡᠯ ᠣᠨ ᠲᠡᠮᠳᠡᠭ ᠢ ᠬᠦᠴᠦᠨ ᠦᠬ᠋ᠡᠢ ᠪᠣᠯᠭᠠᠬᠤ
ᠨᠡᠶᠢᠲᠡᠯᠡᠭᠰᠡᠨ ᠴᠠᠭ᠄
2022/3/31
                            ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠢ ᠦᠨᠳᠦᠰᠦᠯᠡᠪᠡᠯ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠣᠷᠣᠨ ᠤ ︽ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠶᠢ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽ᠠᠭᠤᠷᠬᠠᠢ ᠶᠢᠨ ᠦᠢᠯᠡᠰ ᠤᠨ ᠡᠷᠬᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠵᠢᠴᠢ ᠨᠡᠶᠢᠲᠡᠯᠡᠬᠦ ᠰᠢᠰᠲ᠋ᠧᠮ ᠤᠨ ᠲᠤᠭ᠎ᠠ ᠪᠠᠷᠢᠮᠲᠠ ᠶᠢ ᠢᠯᠭᠠᠷᠠᠭᠤᠯᠬᠤ ᠠᠵᠢᠯ ᠢ ᠲᠦᠷᠭᠡᠳᠬᠡᠨ ᠠᠬᠢᠭᠤᠯᠬᠤ ᠲᠤᠬᠠᠢ ᠮᠡᠳᠡᠭᠳᠡᠯ︾ ︵ᠥᠪᠥᠷ ᠪᠠᠶᠢᠭᠠᠯᠢ ᠡᠬᠢ ᠥᠰᠥᠭ ﹇2022﹈ 91 ᠳ᠋ᠦ᠋ᠭᠡᠷ ᠲᠣᠭᠠᠲᠤ︶ ᠪᠣᠯᠣᠨ ᠠᠯᠠᠱᠠ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ︽ᠠᠭᠤᠷᠬᠠᠢ ᠶᠢᠨ ᠦᠢᠯᠡᠰ ᠤᠨ ᠡᠷᠬᠡ ᠶᠢᠨ ᠳᠠᠩᠰᠠᠯᠠᠯᠲᠠ ᠶᠢᠨ ᠲᠤᠭ᠎ᠠ ᠪᠠᠷᠢᠮᠲᠠ ᠶᠢ ᠢᠯᠭᠠᠷᠠᠭᠤᠯᠬᠤ ᠠᠵᠢᠯ ᠢ ᠲᠦᠷᠭᠡᠳᠬᠡᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾᠎ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠢᠶᠠᠷ᠂ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠬᠤᠭᠤᠴᠠᠭ᠎ᠠ ᠥᠩᠭᠡᠷᠡᠭᠰᠡᠨ ᠬᠠᠶᠢᠨ ᠪᠠᠶᠢᠴᠠᠭᠠᠯᠲᠠ ᠶᠢᠨ ᠵᠥᠪᠰᠢᠶᠡᠷᠡᠯ ᠤᠨ ᠦᠨᠡᠮᠯᠡᠯ ᠤᠨ ᠲᠤᠭ᠎ᠠ ᠪᠠᠷᠢᠮᠲᠠ ᠶᠢᠨ ᠪᠠᠶᠢᠳᠠᠯ ᠢ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠲᠥᠷᠥᠯ ᠬᠤᠪᠢᠶᠠᠨ ᠢᠯᠭᠠᠷᠠᠭᠤᠯᠵᠤ᠂ ᠵᠢᠭᠰᠠᠭᠠᠨ ᠪᠠᠶᠢᠴᠠᠭᠠᠬᠤ ᠪᠠᠷ ᠳᠡᠮᠵᠢᠨ᠂ ᠬᠤᠭᠤᠴᠠᠭ᠎ᠠ ᠥᠩᠭᠡᠷᠡᠭᠰᠡᠨ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠣᠯᠭᠠᠬᠤ ᠶᠠᠪᠤᠳᠠᠯ ᠢ ᠳᠠᠷᠠᠭᠠᠬᠢ ᠪᠠᠶᠢᠳᠠᠯ ᠢᠶᠠᠷ ᠵᠠᠷᠯᠠᠶ᠎ᠠ᠄             ᠨᠢᠭᠡ᠂ ᠬᠠᠶᠢᠨ ᠪᠠᠶᠢᠴᠠᠭᠠᠬᠤ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠣᠯᠭᠠᠬᠤ ᠭᠠᠷ ᠭᠦᠢᠴᠡᠳᠬᠡᠯ ᠢ ᠬᠠᠤᠯᠢ ᠶᠣᠰᠣᠭᠠᠷ ᠭᠦᠢᠴᠡᠳᠬᠡᠬᠦ ᠪᠣᠯ ᠠᠭᠤᠷᠬᠠᠢ ᠶᠢᠨ ᠦᠢᠯᠡᠰ ᠤᠨ ᠡᠷᠬᠡᠲᠦ ᠬᠥᠮᠥᠨ ᠤ ᠬᠠᠤᠯᠢ ᠪᠠᠷ ᠲᠣᠭᠲᠠᠭᠠᠭᠰᠠᠨ ᠡᠭᠦᠷᠭᠡ ᠮᠥᠨ᠃ ᠬᠤᠭᠤᠴᠠᠭ᠎ᠠ ᠥᠩᠭᠡᠷᠡᠭᠰᠡᠨ ᠵᠥᠪᠰᠢᠶᠡᠷᠡᠯ ᠤᠨ ᠦᠨᠡᠮᠯᠡᠯ ᠲᠠᠢ ᠠᠭᠤᠷᠬᠠᠢ ᠶᠢᠨ ᠦᠢᠯᠡᠰ ᠤᠨ ᠡᠷᠬᠡᠲᠦ ᠬᠥᠮᠥᠨ ᠦᠷᠭᠦᠯᠵᠢᠯᠡᠭᠦᠯᠬᠦ ᠪᠤᠶᠤ ᠦᠯᠡᠳᠡᠭᠡᠬᠦ ᠮᠠᠲ᠋ᠧᠷᠢᠶᠠᠯ ᠢᠶᠠᠨ ᠴᠠᠭ ᠲᠤᠬᠠᠢ ᠳᠤᠨᠢ ᠲᠤᠰᠢᠶᠠᠭᠰᠠᠨ ᠦᠭᠡᠢ ᠪᠣᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠭᠤᠷᠬᠠᠢ ᠶᠢᠨ ᠦᠢᠯᠡᠰ ᠤᠨ ᠡᠷᠬᠡ ᠶᠢ ᠥᠪᠡᠷᠲᠡᠭᠡᠨ ᠬᠦᠴᠦᠨ ᠦᠭᠡᠢ ᠪᠣᠯᠭᠠᠬᠤ ᠨᠡᠷᠡᠰ ᠲᠤ ᠬᠠᠤᠯᠢ ᠶᠣᠰᠣᠭᠠᠷ ᠣᠷᠣᠭᠤᠯᠵᠤ᠂ ᠦᠨᠡᠮᠯᠡᠯ ᠣᠯᠭᠤᠭᠰᠠᠨ ᠪᠠᠶᠢᠭᠤᠯᠤᠯᠭ᠎ᠠ ᠠᠴᠠ ᠥᠪᠡᠷᠲᠡᠭᠡᠨ ᠬᠦᠴᠦᠨ ᠦᠭᠡᠢ ᠪᠣᠯᠭᠠᠬᠤ ᠠᠯᠪᠠᠨ ᠵᠠᠷ ᠨᠡᠶᠢᠲᠡᠯᠡᠨ᠎ᠡ᠃             ᠬᠤᠶᠠᠷ᠂ ᠬᠤᠭᠤᠴᠠᠭ᠎ᠠ ᠬᠡᠲᠦᠷᠡᠲᠡᠯ᠎ᠡ ᠬᠦᠴᠦᠨ ᠦᠭᠡᠢ ᠪᠣᠯᠭᠠᠬᠤ ᠳᠠᠩᠰᠠᠯᠠᠯᠲᠠ ᠶᠢᠨ ᠭᠠᠷᠳᠠᠮ ᠢ ᠭᠦᠢᠴᠡᠳᠬᠡᠭᠰᠡᠨ ᠦᠭᠡᠢ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠭᠤᠷᠬᠠᠢ ᠶᠢᠨ ᠦᠢᠯᠡᠰ ᠤᠨ ᠡᠷᠬᠡ ᠶᠢ ᠥᠪᠡᠷᠲᠡᠭᠡᠨ ᠬᠦᠴᠦᠨ ᠦᠭᠡᠢ ᠪᠣᠯᠭᠠᠬᠤ ᠨᠡᠷᠡᠰ ᠲᠤ ᠬᠠᠤᠯᠢ ᠶᠣᠰᠣᠭᠠᠷ ᠣᠷᠣᠭᠤᠯᠵᠤ᠂ ᠦᠨᠡᠮᠯᠡᠯ ᠣᠯᠭᠤᠭᠰᠠᠨ ᠪᠠᠶᠢᠭᠤᠯᠭ᠎ᠠ ᠠᠴᠠ ᠥᠪᠡᠷᠲᠡᠭᠡᠨ ᠬᠦᠴᠦᠨ ᠦᠭᠡᠢ ᠪᠣᠯᠭᠠᠬᠤ ᠠᠯᠪᠠᠨ ᠵᠠᠷ ᠨᠡᠶᠢᠲᠡᠯᠡᠨ᠎ᠡ᠃             ᠭᠤᠷᠪᠠ᠂ ᠠᠯᠪᠠᠨ ᠵᠠᠷ ᠤᠨ ᠬᠤᠭᠤᠴᠠᠭᠠᠨ ᠳᠤ ᠠᠯᠪᠠᠨ ᠵᠠᠷ ᠤᠨ ᠦᠷ᠎ᠡ ᠳ᠋ᠦᠩ ᠳᠤ ᠣᠨᠳᠣᠣ ᠰᠠᠨᠠᠯ ᠲᠠᠢ ᠪᠠᠶᠢᠪᠠᠯ᠂ 2022 ᠣᠨ ᠤ 3 ᠰᠠᠷ᠎ᠠ ᠶᠢᠨ 28᠎ ᠤ ᠡᠳᠦᠷ ᠠᠴᠠ ᠨᠢᠭᠡ ᠭᠠᠷᠠᠭ ᠤᠨ ᠬᠤᠭᠤᠴᠠᠭ᠎ᠠ᠃                   ᠬᠠᠪᠰᠤᠷᠤᠯᠲᠠ᠄ ᠠᠯᠠᠱᠠ ᠵᠡᠭᠦᠨ ᠬᠤᠰᠢᠭᠤᠨ ᠤ ᠬᠤᠭᠤᠴᠠᠭ᠎ᠠ ᠥᠩᠭᠡᠷᠡᠭᠰᠡᠨ ᠬᠠᠶᠢᠨ ᠪᠠᠶᠢᠴᠠᠭᠠᠯᠲᠠ ᠶᠢᠨ ᠵᠥᠪᠰᠢᠶᠡᠷᠡᠯ ᠤᠨ ᠦᠨᠡᠮᠯᠡᠯ ᠤᠨ ᠬᠤᠷᠢᠶᠠᠩᠭᠤᠢ ᠬᠦᠰᠦᠨᠦᠭᠲᠦ                                           ᠠᠯᠠᠱᠠ ᠵᠡᠭᠦᠨ ᠬᠤᠰᠢᠭᠤᠨ ᠤ ᠬᠤᠭᠤᠴᠠᠭ᠎ᠠ ᠥᠩᠭᠡᠷᠡᠭᠰᠡᠨ ᠬᠠᠶᠢᠨ ᠪᠠᠶᠢᠴᠠᠭᠠᠯᠲᠠ ᠶᠢᠨ ᠵᠥᠪᠰᠢᠶᠡᠷᠡᠯ ᠤᠨ ᠦᠨᠡᠮᠯᠡᠯ ᠤᠨ ᠬᠤᠷᠢᠶᠠᠩᠭᠤᠢ ᠬᠦᠰᠦᠨᠦᠭᠲᠦ᠃                                                  ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号