S508 ᠪᠣᠯᠤᠨ ᠳ᠋ᠤᠩᠺᠸᠦ ᠶᠢᠨ ᠡᠯᠡᠰᠦ ᠪᠠᠷ ᠥᠩᠭᠡᠷᠡᠬᠦ ᠵᠠᠰᠠᠮᠠᠯ ᠵᠠᠮ ᠤᠨ ᠠᠭᠤᠯᠵᠠᠷ ᠭᠠᠵᠠᠷ ᠤᠨ ᠬᠢᠵᠢᠭ ᠤᠨ ᠬᠠᠯᠳᠠᠪᠤᠷᠢ ᠠᠴᠠ ᠰᠡᠷᠭᠡᠶᠢᠯᠡᠨ ᠬᠢᠵᠠᠭᠠᠷᠯᠠᠬᠤ ᠪᠠᠶᠢᠴᠠᠭᠠᠨ ᠬᠡᠮᠵᠢᠬᠦ ᠴᠡᠭ ᠢ ᠰᠢᠨ᠎ᠡ ᠪᠠᠷ ᠨᠡᠮᠡᠭᠳᠡᠭᠦᠯᠬᠦ ᠲᠤᠬᠠᠶ ᠳᠣᠲᠣᠨᠣ ᠰᠠᠨᠠᠭᠤᠯᠤᠮᠵᠢ
ᠨᠡᠶᠢᠲᠡᠯᠡᠭᠰᠡᠨ ᠴᠠᠭ᠄
2022/3/7
     2 ᠰᠠᠷ᠎ᠠ ᠶᠢᠨ ᠳᠤᠮᠳᠠᠴᠢ ᠠᠴᠠ ᠨᠠᠰᠢ᠂ ᠮᠠᠨ ᠤ ᠣᠷᠣᠨ ᠤ ᠮᠠᠨᠵᠤᠤᠷ᠂ ᠬᠥᠬᠡᠬᠤᠲᠠ᠂ ᠪᠤᠭᠤᠲᠤ᠂ ᠪᠠᠶᠠᠨᠨᠠᠭᠤᠷ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠷᠭ᠎ᠠ ᠶᠢᠨ ᠴᠢᠨᠠᠷᠲᠠᠶ ᠬᠥᠮᠦᠰ ᠢ ᠵᠠᠯᠭᠠᠭ᠎ᠠ ᠪᠠᠷ ᠢᠯᠡᠷᠡᠭᠦᠯᠵᠦ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠬᠦᠨᠳᠦ ᠬᠡᠴᠡᠭᠦᠦ ᠪᠥᠭᠡᠳ ᠪᠤᠳᠤᠯᠢᠶᠠᠨᠲᠠᠶ᠂ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠬᠢᠵᠢᠭ ᠤᠨ ᠬᠠᠯᠳᠠᠪᠤᠷᠢ ᠠᠴᠠ ᠰᠡᠷᠭᠡᠶᠢᠯᠡᠨ ᠬᠢᠵᠠᠭᠠᠷᠯᠠᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠯᠳᠠᠪᠤᠷᠢ ᠠᠴᠠ ᠰᠡᠷᠭᠡᠶᠢᠯᠡᠨ ᠬᠢᠵᠠᠭᠠᠷᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠦᠨ ᠭᠦᠢᠴᠡᠳᠬᠡᠵᠦ᠂ ᠮᠠᠯᠴᠢᠨ ᠲᠠᠷᠢᠶᠠᠴᠢᠨ ᠣᠯᠠᠨ ᠲᠦᠮᠡᠨ ᠤ ᠪᠠᠯᠭᠠᠰᠤᠨ ᠤ ᠲᠣᠭᠤᠷᠢᠭ ᠢᠶᠠᠷ ᠣᠷᠣᠵᠤ ᠭᠠᠷᠬᠤ ᠳᠤ ᠲᠥᠬᠦᠮ ᠦᠵᠡᠭᠦᠯᠬᠦ ᠵᠣᠷᠢᠯᠭ᠎ᠠ ᠪᠠᠷ᠂ 2 ᠰᠠᠷ᠎ᠠ ᠶᠢᠨ 24᠎ ᠤ ᠡᠳᠦᠷ ᠠᠴᠠ S508 ᠪᠣᠯᠤᠨ ᠳ᠋ᠤᠩᠺᠸᠦ ᠶᠢᠨ ᠡᠯᠡᠰᠦ ᠪᠠᠷ ᠲᠤᠭᠤᠯᠬᠤ ᠵᠠᠰᠠᠮᠠᠯ ᠵᠠᠮ ᠤᠨ ᠠᠭᠤᠯᠵᠠᠷ ᠲᠤ ᠬᠢᠵᠢᠭ ᠤᠨ ᠬᠠᠯᠳᠠᠪᠤᠷᠢ ᠠᠴᠠ ᠰᠡᠷᠭᠡᠶᠢᠯᠡᠨ ᠬᠢᠵᠠᠭᠠᠷᠯᠠᠬᠤ ᠪᠠᠶᠢᠴᠠᠭᠠᠨ ᠬᠡᠮᠵᠢᠬᠦ ᠴᠡᠭ ᠨᠡᠮᠡᠨ ᠪᠠᠶᠢᠭᠤᠯᠵᠤ᠂ ᠤᠤᠯ ᠤᠨ ᠪᠢᠲᠡᠭᠦᠮᠵᠢᠯᠡᠭᠰᠡᠨ ᠪᠠᠶᠢᠳᠠᠯ ᠢ ᠪᠠᠶᠢᠴᠠᠭᠠᠨ ᠰᠢᠯᠭᠠᠵᠤ ᠪᠠᠲᠤᠯᠠᠬᠤ ᠪᠣᠯᠭᠠᠨ ᠥᠭᠡᠷᠡᠴᠢᠯᠡᠬᠦ ᠪᠠᠷ ᠲᠣᠭᠲᠠᠪᠠ᠃ ᠰᠢᠨ᠎ᠡ ᠪᠠᠷ ᠨᠡᠮᠡᠵᠦ ᠪᠠᠶᠢᠭᠤᠯᠤᠭᠰᠠᠨ ᠬᠢᠵᠢᠭ ᠤᠨ ᠬᠠᠯᠳᠠᠪᠤᠷᠢ ᠠᠴᠠ ᠰᠡᠷᠭᠡᠶᠢᠯᠡᠨ ᠬᠢᠵᠠᠭᠠᠷᠯᠠᠬᠤ ᠪᠠᠶᠢᠴᠠᠭᠠᠨ ᠬᠡᠮᠵᠢᠬᠦ ᠴᠡᠭ ᠲᠤ ᠴᠦ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠨᠠᠰᠢ ᠴᠠᠰᠢ ᠵᠣᠷᠴᠢᠬᠤ ᠬᠥᠮᠦᠰ ᠤᠨ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠪᠠ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠨᠵᠢᠯᠡᠭᠡᠨ ᠳᠤ ᠬᠠᠮᠤᠷᠤᠭᠤᠯᠬᠤ ᠶᠢᠨ ᠪᠢᠯᠢᠭ ᠴᠢᠨᠠᠷᠲᠠᠶ ᠮᠡᠳᠡᠭᠦᠯᠦᠯᠲᠡ ᠶᠢ ᠨᠠᠷᠢᠨ ᠬᠢᠨᠠᠮᠠᠭᠠᠶ ᠬᠢᠨᠠᠨ ᠪᠠᠶᠢᠴᠠᠭᠠᠬᠤ ᠪᠣᠯᠤᠨ᠎ᠠ᠃      ᠥᠷᠭᠡᠨ ᠤᠯᠠᠨ ᠰᠠᠭᠤᠭᠠᠯᠢ ᠠᠷᠠᠳ ᠲᠦᠮᠡᠨ ᠬᠢᠵᠢᠭ ᠤᠨ ᠬᠠᠯᠳᠠᠪᠤᠷᠢ ᠠᠴᠠ ᠰᠡᠷᠭᠡᠶᠢᠯᠡᠨ ᠬᠢᠵᠠᠭᠠᠷᠯᠠᠬᠤ ᠲᠣᠭᠲᠠᠭᠠᠯ ᠢ ᠴᠢᠩᠭ᠎ᠠ ᠵᠢᠷᠤᠮᠯᠠᠵᠤ᠂ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠬᠤᠪᠢ ᠬᠥᠮᠦᠨ ᠤ ᠰᠡᠷᠭᠡᠶᠢᠯᠡᠯᠲᠡ ᠶᠢ ᠰᠠᠶᠢᠲᠤᠷ ᠪᠡᠶᠡᠯᠡᠭᠦᠯᠦᠨ ᠭᠦᠢᠴᠡᠳᠬᠡᠵᠦ᠂ ᠬᠢᠵᠢᠭ ᠢ ᠰᠡᠷᠭᠡᠶᠢᠯᠡᠨ ᠬᠠᠮᠢᠶᠠᠷᠤᠨ ᠬᠢᠵᠠᠭᠠᠷᠯᠠᠬᠤ ᠠᠵᠢᠯ ᠳᠤ ᠢᠳᠡᠪᠬᠢᠲᠡᠢ ᠬᠠᠮᠵᠢᠯᠴᠠᠬᠤ ᠶᠢ ᠬᠦᠰᠡᠵᠦ ᠪᠠᠶᠢᠨ᠎ᠠ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠤᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号