ᠤᠷᠮ᠎ᠠ ᠮᠠᠭᠤᠳᠠᠬᠤ ᠦᠶ᠎ᠡ ᠳᠡᠭᠡᠨ ᠡᠨᠡ ᠲᠦᠷᠪᠡᠨ ᠵᠦᠢᠯ ᠤᠨ ᠢᠳᠡᠭᠡᠨ ᠢ ᠢᠳᠡᠭᠡᠷᠠᠢ
ᠨᠡᠶᠢᠲᠡᠯᠡᠭᠰᠡᠨ ᠴᠠᠭ᠄
2022/4/14
      ᠲᠠ ᠤᠷᠮ᠎ᠠ ᠮᠠᠭᠤᠳᠠᠬᠤ ᠦᠶ᠎ᠡ ᠳᠡᠭᠡᠨ ᠡᠨᠡ ᠲᠦᠷᠪᠡᠨ ᠵᠦᠢᠯ ᠤᠨ ᠢᠳᠡᠭᠡᠨ ᠢ ᠢᠳᠡᠭᠡᠷᠡᠢ᠄       ᠴᠤᠺᠦᠯᠡᠳ᠋᠄ ᠴᠤᠺᠦᠯᠡᠳ᠋ ᠨᠢ ᠰᠡᠳᠬᠢᠯ ᠰᠡᠷᠭᠦᠭᠡᠬᠦ ᠳᠤ ᠮᠠᠰᠢ ᠰᠠᠶᠢᠨ ᠦᠢᠯᠡᠳᠦᠯ ᠲᠠᠢ ᠪᠤᠯᠬᠤᠷ ᠪᠠᠴᠢᠮᠳᠠᠯ ᠢ ᠨᠠᠮᠳᠠᠭᠤᠯᠵᠤ ᠤᠷᠮ᠎ᠠ ᠶᠢ ᠬᠦᠭᠵᠢᠭᠡᠳᠡᠭ᠃ ᠬᠡᠪᠡᠴᠦ᠂ ᠴᠤᠺᠤᠯᠠᠳ᠋ ᠢ ᠠᠷᠪᠢᠨ ᠢᠳᠡᠪᠡᠯ ᠡᠷᠡᠬᠦᠯ ᠮᠡᠨᠳᠤ ᠳᠤ ᠠᠰᠢᠭ ᠦᠭᠡᠢ᠃       ᠺᠤᠹᠧ᠄ ᠺᠤᠹᠧ ᠪᠤᠯᠤᠨ ᠴᠠᠢ ᠳᠠᠬᠢ ᠺᠤᠹᠧᠶ᠋ᠢᠨ ᠨᠢ ᠰᠡᠳᠬᠢᠯ ᠰᠡᠷᠭᠦᠭᠡᠬᠦ ᠦᠢᠯᠡᠳᠦᠯ ᠲᠠᠢ ᠪᠤᠯᠬᠤᠷ ᠤᠶᠤᠨ ᠮᠡᠳᠡᠷᠡᠯ ᠢ ᠬᠦᠭᠡᠷᠦᠬᠦᠯᠳᠡᠭ᠃       Omega-3 ᠵᠢᠭᠠᠰᠤᠨ ᠲᠤᠰᠤ ᠠᠭᠤᠯᠬᠤ ᠢᠳᠡᠭᠡᠨ᠄ ᠵᠢᠱᠢᠶᠡᠯᠡᠪᠡᠯ ᠲᠠᠯᠠᠢ ᠶᠢᠨ ᠬᠦᠨ ᠳᠠᠬᠢ ᠵᠢᠭᠠᠰᠤᠨ ᠤ ᠲᠦᠷᠦᠯ᠃ ᠵᠠᠷᠢᠮ ᠰᠤᠳᠤᠯᠭᠠᠨ ᠠᠴᠠ ᠦᠵᠡᠪᠡᠯ᠂ ᠪᠡᠶ᠎ᠡ ᠳᠤᠨᠢ Omega-3 ᠦᠭᠡᠬᠦᠨ ᠬᠦᠴᠢᠯ ᠲᠤᠳᠠᠭᠳᠠᠵᠤ ᠪᠠᠶᠢᠭ᠎ᠠ ᠬᠦᠮᠦᠨ ᠠᠮᠠᠷᠬᠠᠨ ᠤᠷᠮ᠎ᠠ ᠰᠡᠳᠬᠢᠯ ᠤᠨ ᠰᠠᠭᠠᠳ ᠲᠠᠢ ᠪᠤᠯᠳᠠᠭ᠃       ᠸᠢᠲ᠋ᠠᠮᠢᠨ Bi᠂ ᠲᠡᠮᠦᠷ᠂ ᠨᠠᠪᠴᠢᠨ ᠬᠥᠴᠢᠯ ᠵᠡᠷᠭᠡ ᠶᠢ ᠠᠭᠤᠯᠬᠤ ᠢᠳᠡᠭᠡᠨ᠄ ᠨᠤᠭᠤᠭ᠎ᠠ ᠵᠢᠮᠢᠰ ᠤᠨ ᠵᠦᠢᠯ ᠳᠤ ᠡᠳᠡᠭᠡᠷ ᠰᠢᠮ᠎ᠡ ᠲᠡᠵᠢᠭᠡᠯᠳᠤ ᠪᠤᠳᠠᠰ ᠡᠯᠪᠡᠭ ᠠᠭᠤᠯᠤᠭᠳᠠᠳᠠᠭ ᠪᠤᠯᠬᠤᠷ ᠡᠶᠢᠮᠦ ᠵᠦᠢᠯ ᠤᠨ ᠢᠳᠡᠭᠡᠨ ᠨᠢ ᠪᠤᠬᠢᠨᠢᠳᠤᠯ ᠢ ᠲᠠᠶᠢᠯᠳᠠᠭ᠃ ᠡᠳᠤᠷ ᠲᠤᠳᠤᠮ ᠤᠨ ᠢᠳᠡᠳᠡᠭ ᠵᠢᠮᠢᠰ ᠤᠨ ᠲᠤᠳᠤᠷ᠎ᠠ᠂ ᠪᠠᠨᠠᠨᠠ ᠳᠤ ᠠᠭᠤᠯᠤᠭᠳᠠᠬᠤ ᠫᠠᠨᠲ᠋ᠤ᠋ᠲ᠋ᠧᠨ ᠬᠥᠴᠢᠯ ᠪᠤᠯ ᠬᠦᠮᠦᠨ ᠤ ᠪᠡᠶ᠎ᠡ ᠳᠤ ︽ᠪᠠᠶᠠᠰᠤᠯ ᠤᠨ ᠬᠤᠷᠮᠤᠨ︾ ᠪᠤᠯᠳᠠᠭ ᠤᠴᠢᠷ ᠠᠴᠠ ᠪᠠᠨᠠᠨᠠ ᠢᠳᠡᠪᠡᠯ ᠶᠡᠭᠡ ᠲᠠᠷᠢᠬᠢᠨ ᠤ ᠮᠡᠳᠡᠷᠡᠯ ᠤᠨ ᠲᠠᠶᠢᠪᠤᠰᠢᠷᠠᠯ ᠪᠠ ᠪᠠᠶᠠᠰᠤᠯ ᠳᠤ ᠠᠰᠢᠭᠲᠠᠢ ᠪᠠᠶᠢᠳᠠᠭ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号