ᠠᠮᠲᠠᠲᠤ ᠲᠥᠮᠥᠰᠥᠨ ᠤ ᠰᠢᠮ᠎ᠡ ᠲᠡᠵᠢᠭᠡᠯ ᠤᠨ ᠪᠦᠷᠢᠯᠳᠦᠭᠦᠨ ᠪᠠ ᠡᠷᠡᠭᠦᠯ ᠮᠡᠨᠳᠦ ᠶᠢᠨ ᠠᠴᠢ ᠲᠤᠰᠠ
ᠨᠡᠶᠢᠲᠡᠯᠡᠭᠰᠡᠨ ᠴᠠᠭ᠄
2022/4/14
    ᠨᠢᠭᠡ ᠲᠣᠮᠣ ᠠᠮᠲᠠᠲᠤ ᠲᠥᠮᠥᠰᠥ ︵180 ᠭᠷᠡᠮ︶᠎ ᠠᠴᠠ 162 ᠺᠠᠯᠤᠷᠢ᠂ 3.6 ᠭᠷᠡᠮ ᠤᠭᠤᠷᠠᠭ᠂ 37 ᠭᠷᠡᠮ ᠨᠡᠭᠦᠷᠡᠰᠦ ᠤᠰᠤᠨ ᠤ ᠨᠢᠭᠡᠳᠪᠦᠷᠢ ᠪᠠ 0.2 ᠭᠷᠡᠮ ᠥᠭᠡᠬᠦ ᠬᠠᠩᠭᠠᠨ᠎ᠠ᠃ ᠠᠮᠲᠠᠲᠤ ᠲᠥᠮᠥᠰᠥ ᠪᠣᠯ ᠸᠢᠲ᠋ᠠᠮᠢᠨ C᠂ ᠸᠢᠲ᠋ᠠᠮᠢᠨ A ᠪᠣᠯᠣᠨ ᠺᠠᠯᠢ ᠶᠢᠨ ᠬᠠᠮᠤᠭ ᠤᠨ ᠰᠠᠶᠢᠨ ᠢᠷᠡᠯᠲᠡ ᠪᠣᠯᠣᠨ᠎ᠠ᠃ ᠳᠣᠣᠷᠠᠬᠢ ᠰᠢᠮ᠎ᠡ ᠲᠡᠵᠢᠭᠡᠯ ᠤᠨ ᠰᠤᠷᠠᠭ ᠵᠠᠩᠭᠢ ᠶᠢ USDA.1᠎ ᠠᠴᠠ ᠬᠠᠩᠭᠠᠨ᠎ᠠ
    ᠺᠠᠯᠤᠷᠢ᠄ 162     ᠥᠭᠡᠬᠦ᠄ 0.1g     ᠨᠠᠲᠷᠢ᠄ 71 ᠮᠢᠯᠢᠭᠷᠡᠮ     ᠨᠡᠭᠦᠷᠡᠰᠦ ᠤᠰᠤᠨ ᠤ ᠨᠢᠭᠡᠳᠪᠦᠷᠢ᠄ 37g     ᠰᠢᠷᠬᠡᠭ᠄ 3.9g     ᠰᠢᠬᠢᠷ᠄ 5.4g     ᠤᠭᠤᠷᠠᠭ᠄ 3.6g     ᠸᠢᠲ᠋ᠠᠮᠢᠨ A᠄ 1730mcg     ᠸᠢᠲ᠋ᠠᠮᠢᠨ C᠄ 35.3mg     ᠺᠠᠯᠢ᠄ 855mg     ᠨᠡᠭᠦᠷᠡᠰᠦ ᠤᠰᠤᠨ ᠤ ᠨᠢᠭᠡᠳᠪᠦᠷᠢ     ᠨᠢᠭᠡ ᠲᠣᠮᠣ ᠠᠮᠲᠠᠲᠤ ᠲᠥᠮᠥᠰᠥ ᠳᠤ 37 ᠭᠷᠡᠮ ᠨᠡᠭᠦᠷᠡᠰᠦ ᠤᠰᠤᠨ ᠤ ᠨᠢᠭᠡᠳᠪᠦᠷᠢ ᠠᠭᠤᠯᠵᠤ᠂ ᠪᠠᠷᠤᠭ 5 ᠭᠷᠡᠮ ᠪᠠᠶᠢᠭᠠᠯᠢ ᠶᠢᠨ ᠰᠢᠬᠢᠷ ᠪᠠ ᠪᠠᠷᠤᠭ 4 ᠭᠷᠡᠮ ᠰᠢᠷᠬᠡᠭ ᠠᠭᠤᠯᠵᠤ ᠪᠠᠶᠢᠳᠠᠭ᠃     ᠠᠮᠲᠠᠲᠤ ᠲᠥᠮᠥᠰᠥ ᠶᠢᠨ ᠴᠢᠰᠤᠨ ᠰᠢᠬᠢᠷ ᠤᠨ ᠢᠯᠡᠳᠬᠡᠭᠴᠢ ᠲᠤᠭ᠎ᠠ ︵GI︶᠎ ᠶᠢ ᠬᠢᠬᠦ ᠠᠷᠭ᠎ᠠ ᠪᠠ ᠲᠦᠷᠦᠯ ᠵᠦᠢᠯ ᠎ ᠨᠢ ᠠᠳᠠᠯᠢ ᠦᠭᠡᠢ ᠪᠠᠶᠢᠳᠠᠭ᠃ ᠠᠮᠲᠠᠲᠤ ᠲᠥᠮᠥᠰᠥ ᠴᠢᠨᠠᠬᠤ GI᠎ ᠨᠢ 41᠎ ᠠᠴᠠ ᠳᠣᠣᠷ᠎ᠠ ᠪᠠᠶᠢᠵᠤ ᠮᠡᠳᠡᠨ᠎ᠡ᠂ ᠬᠠᠷᠢᠨ ᠰᠢᠷᠠᠭᠰᠠᠨ ᠠᠮᠲᠠᠲᠤ ᠲᠥᠮᠥᠰᠥ ᠶᠢᠨ GI ︵ᠴᠢᠰᠤᠨ ᠤ ᠰᠢᠬᠢᠷ ᠡᠭᠦᠰᠬᠡᠬᠦ ᠬᠡᠮᠵᠢᠭᠳᠡᠯ︶᠎ ᠨᠢ 93.2 ᠥᠨᠳᠥᠷ ᠪᠠᠶᠢᠵᠤ ᠪᠣᠯᠣᠨ᠎ᠠ     ᠤᠭᠤᠷᠠᠭ     ᠨᠢᠭᠡ ᠲᠣᠮᠣ ᠰᠢᠷᠠᠭᠰᠠᠨ ᠠᠮᠲᠠᠲᠤ ᠲᠥᠮᠥᠰᠥ ᠨᠢ ᠪᠠᠷᠤᠭ 3.6 ᠭᠷᠡᠮ ᠤᠭᠤᠷᠠᠭ ᠬᠠᠩᠭᠠᠳᠠᠭ᠃     ᠸᠢᠲ᠋ᠠᠮᠢᠨ ᠪᠣᠯᠣᠨ ᠡᠷᠦᠳᠡᠰᠦ ᠪᠣᠳᠠᠰ     ᠠᠮᠲᠠᠲᠤ ᠲᠥᠮᠥᠰᠥ ᠶᠢᠨ ᠸᠢᠲ᠋ᠠᠮᠢᠨ A ᠪᠣᠯᠣᠨ ᠺᠠᠯᠢ ᠶᠢᠨ ᠠᠭᠤᠯᠤᠭᠳᠠᠴᠠ ᠣᠨᠴᠠᠭᠠᠶ ᠥᠨᠳᠥᠷ ᠪᠠᠶᠢᠳᠠᠭ᠃ ᠲᠡᠳᠡᠭᠡᠷ ᠎ ᠨᠢ ᠪᠠᠰᠠ ᠨᠢᠭᠡ ᠪᠦᠯᠦᠭ ᠺᠠᠯᠼ᠂ ᠲᠡᠮᠦᠷ᠂ ᠮᠠᠭᠨᠢ ᠪᠣᠯᠣᠨ ᠨᠠᠪᠴᠢᠨ ᠤ ᠬᠦᠴᠢᠯ ᠢ ᠬᠠᠩᠭᠠᠳᠠᠭ᠃     ᠺᠠᠯᠤᠷᠢ     ᠨᠢᠭᠡ ᠲᠣᠮᠣ ᠠᠮᠲᠠᠲᠤ ᠲᠥᠮᠥᠰᠥ ︵180 ᠭᠷᠡᠮ︶᠎ ᠨᠢ 162 ᠺᠠᠯᠤᠷᠢ ᠢᠯᠴᠢ ᠶᠢᠨ ᠬᠡᠮᠵᠢᠶ᠎ᠡ ᠶᠢ ᠬᠠᠩᠭᠠᠳᠠᠭ᠂ ᠡᠭᠦᠨ ᠳᠤ 90%᠎ ᠨᠢ ᠨᠡᠭᠦᠷᠡᠰᠦ ᠤᠰᠤᠨ ᠤ ᠨᠢᠭᠡᠳᠪᠦᠷᠢ ᠠᠴᠠ ᠢᠷᠡᠯᠲᠡ ᠲᠠᠢ᠂ 9%᠎ ᠨᠢ ᠤᠭᠤᠷᠠᠭ ᠠᠴᠠ ᠢᠷᠡᠯᠲᠡ ᠲᠠᠢ ᠂ 1%᠎ ᠨᠢ ᠥᠭᠡᠬᠦ ᠠᠴᠠ ᠢᠷᠡᠯᠲᠡ ᠲᠠᠢ᠃     ᠠᠮᠲᠠᠲᠤ ᠲᠥᠮᠥᠰᠥ ᠪᠣᠯ ᠨᠢᠭᠡ ᠵᠦᠢᠯ ᠤᠨ ᠢᠯᠴᠢ ᠳᠣᠣᠷ᠎ᠠ᠂ ᠥᠭᠡᠬᠦ ᠦᠭᠡᠢ᠂ ᠰᠢᠮ᠎ᠡ ᠲᠡᠵᠢᠭᠡᠯ ᠡᠯᠪᠡᠭ ᠡᠷᠡᠭᠦᠯ ᠨᠡᠭᠦᠷᠡᠰᠦ ᠤᠰᠤᠨ ᠤ ᠨᠢᠭᠡᠳᠪᠦᠷᠢ᠂ ᠰᠢᠷᠬᠡᠭᠯᠢᠭ ᠪᠠ ᠣᠯᠠᠨ ᠵᠦᠢᠯ ᠤᠨ ᠸᠢᠲ᠋ᠠᠮᠢᠨ ᠪᠠ ᠡᠷᠦᠳᠡᠰᠦ ᠶᠢᠨ ᠢᠷᠡᠯᠲᠡ ᠪᠣᠯᠣᠨ᠎ᠠ᠂ ᠡᠭᠦᠨ ᠳᠤ ᠸᠢᠲ᠋ᠠᠮᠢᠨ A᠂ ᠺᠠᠯᠢ ᠪᠠ ᠸᠢᠲ᠋ᠠᠮᠢᠨ C ᠪᠠᠭᠲᠠᠨ᠎ᠠ᠃     ᠥᠮᠡᠨ ᠢ ᠰᠡᠷᠭᠡᠶᠢᠯᠡᠬᠦ ᠳᠤ ᠲᠤᠰᠠᠲᠠᠢ ᠮᠠᠭᠠᠳ ᠦᠭᠡᠢ     ᠠᠮᠲᠠᠲᠤ ᠲᠥᠮᠥᠰᠥᠨ ᠳᠤ ᠢᠰᠦᠯᠳᠦᠬᠦ ᠶᠢ ᠡᠰᠡᠷᠭᠦᠴᠡᠬᠦ ᠡᠳ᠋ ᠡᠯᠪᠡᠭ ᠠᠭᠤᠯᠤᠭᠳᠠᠵᠤ᠂ ᠥᠮᠡᠨ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠡᠮᠨᠡᠨ ᠵᠠᠰᠠᠬᠤ ᠳᠤ ᠬᠡᠷᠡᠭᠯᠡᠬᠦ ᠶᠢ ᠨᠢᠭᠡᠨᠲᠡ ᠰᠤᠳᠤᠯᠵᠤ ᠪᠤᠢ᠃ ᠣᠨᠴᠠᠭᠠᠶᠢᠯᠠᠨ ᠬᠦᠷᠡᠩ ᠠᠮᠲᠠᠲᠤ ᠲᠥᠮᠥᠰᠥ ᠶᠢᠨ ᠴᠡᠴᠡᠭ ᠤᠨ ᠬᠥᠬᠡ ᠡᠳ᠋ ᠤᠨ ᠠᠭᠤᠯᠤᠭᠳᠠᠴᠠ ᠥᠨᠳᠥᠷ᠂ ᠥᠮᠡᠨ ᠤ ᠡᠰ ᠤᠨ ᠦᠬᠦᠵᠢᠯ ᠢ ᠠᠬᠢᠭᠤᠯᠳᠠᠭ ᠰᠢᠭ᠋ ︵ᠡᠰᠡᠬᠦᠯ᠎ᠡ ᠫᠷᠣᠭ᠍ᠷᠠᠮ ᠤᠨ ᠴᠢᠨᠠᠷᠲᠠᠢ ᠡᠰ ᠤᠨ ᠦᠬᠦᠵᠢᠯ︶᠃
    ᠬᠠᠷᠠᠭ᠎ᠠ ᠬᠠᠮᠠᠭᠠᠯᠠᠬᠤ     ᠨᠢᠳᠦᠨ ᠤ ᠡᠷᠡᠭᠦᠯ ᠮᠡᠨᠳᠦ ᠳᠤ ᠲᠤᠶᠢᠯ ᠤᠨ ᠴᠢᠬᠤᠯᠠ β — ᠬᠤᠯᠤᠤᠪᠠᠩ ᠤᠨ ᠡᠳ᠋ ᠨᠢ ᠠᠮᠲᠠᠲᠤ ᠲᠥᠮᠥᠰᠥ ᠶᠢᠨ ᠳᠣᠲᠣᠷ᠎ᠠ ᠡᠯᠪᠡᠭ ᠠᠭᠤᠯᠤᠭᠳᠠᠴᠠ ᠲᠠᠢ᠃ ᠨᠢᠭᠡ ᠴᠣᠮᠣ ᠠᠮᠲᠠᠲᠤ ᠲᠥᠮᠥᠰᠥ 11.3 ᠮᠢᠯᠢᠭᠷᠡᠮ ᠤᠨ β- ᠬᠤᠯᠤᠤᠪᠠᠩ ᠤᠨ ᠡᠳ᠋ ᠢ ᠬᠠᠩᠭᠠᠨ᠎ᠠ᠃ 15 ᠮᠢᠯᠢᠭᠷᠡᠮ β ᠬᠤᠯᠤᠤᠪᠠᠩ ᠤᠨ ᠡᠳ᠋ ᠢ ᠨᠥᠬᠦᠪᠦᠷᠢᠯᠡᠪᠡᠯ ᠨᠠᠰᠤ ᠵᠢᠯ ᠲᠠᠢ ᠬᠤᠯᠪᠣᠭᠳᠠᠬᠤ ᠰᠢᠷ᠎ᠠ ᠲᠣᠯᠪᠤ ᠶᠢᠨ ᠴᠢᠨᠠᠷ ᠬᠤᠪᠢᠷᠠᠬᠤ ᠶᠢ ᠤᠷᠢᠳᠴᠢᠯᠠᠨ ᠰᠡᠷᠭᠡᠶᠢᠯᠡᠵᠦ᠂ ᠣᠨᠴᠠᠭᠠᠶᠢᠯᠠᠨ ᠸᠢᠲ᠋ᠠᠮᠢᠨ C᠂ ᠴᠠᠶᠢᠷ ᠪᠣᠯᠣᠨ ᠵᠡᠰ ︵ᠠᠮᠲᠠᠲᠤ ᠲᠥᠮᠥᠰᠥ ᠶᠢᠨ ᠳᠣᠲᠣᠷ᠎ᠠ ᠪᠠᠶᠢᠭᠠᠯᠢ ᠶᠢᠨ ᠣᠷᠣᠰᠢᠳᠠᠭ︶᠎ ᠲᠠᠢ ᠤᠶᠠᠯᠳᠤᠭᠤᠯᠤᠨ ᠬᠡᠷᠡᠭᠯᠡᠬᠦ ᠦᠶ᠎ᠡ ᠳᠤ ᠬᠡᠷᠡᠭᠯᠡᠨ᠎ᠡ᠃     ᠵᠢᠷᠦᠬᠡ ᠴᠢᠰᠤᠨ ᠰᠤᠳᠠᠯ ᠤᠨ ᠡᠷᠡᠭᠦᠯ ᠮᠡᠨᠳᠦ ᠶᠢ ᠳᠡᠮᠵᠢᠬᠦ     ᠠᠮᠲᠠᠲᠤ ᠲᠥᠮᠥᠰᠥ ᠶᠢᠨ ᠳᠣᠲᠣᠷᠠᠬᠢ ᠴᠡᠴᠡᠭ ᠤᠨ ᠬᠥᠬᠡ ᠡᠳ᠋ ᠨᠢ ᠪᠠᠰᠠ ᠦᠷᠪᠢᠰᠦᠯ ᠢ ᠳᠠᠷᠤᠬᠤ ᠦᠢᠯᠡᠳᠦᠯ ᠲᠠᠢ᠂ ᠵᠢᠷᠦᠬᠡᠨ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠪᠠᠭᠠᠰᠬᠠᠨ᠎ᠠ᠃ ᠪᠣᠷᠣ ᠲᠥᠮᠥᠰᠥ ᠠᠴᠠ ᠭᠠᠷᠭᠠᠭᠰᠠᠨ ᠪᠣᠳᠠᠰ ᠨᠢ ᠵᠠᠷᠢᠮ ᠦᠷᠪᠢᠰᠦᠯ ᠢ ᠠᠬᠢᠭᠤᠯᠬᠤ ᠡᠰ ᠤᠨ ᠡᠯᠧᠮᠧᠨ᠋ᠲ ᠢ ᠬᠤᠷᠢᠭᠯᠠᠭᠰᠠᠨ ᠰᠢᠭ᠋ ᠪᠠᠶᠢᠳᠠᠭ᠃ ᠡᠭᠦᠨ ᠠᠴᠠ ᠭᠠᠳᠠᠨ᠎ᠠ᠂ ᠶᠠᠮᠠᠷᠪᠠ ᠢᠳᠡᠰᠢᠨ ᠨᠣᠭᠤᠭ᠎ᠠ ᠶᠢᠨ ᠳᠣᠲᠣᠷᠠᠬᠢ ᠰᠢᠷᠬᠡᠭᠯᠢᠭ ᠨᠢ ᠴᠥᠮ ᠰᠥᠰᠥᠨ ᠤ ᠭᠤᠨᠠᠨ ᠠᠯᠺᠣᠣᠯ ᠢ ᠪᠠᠭᠤᠷᠠᠭᠤᠯᠵᠤ᠂ ᠠᠮᠲᠠᠲᠤ ᠲᠥᠮᠥᠰᠥ ᠶᠢᠨ ᠳᠣᠲᠣᠷᠠᠬᠢ ᠺᠠᠯᠢ ᠶᠢᠨ ᠠᠭᠤᠯᠤᠭᠳᠠᠴᠠ ᠨᠢ ᠴᠢᠰᠤᠨ ᠳᠠᠷᠤᠯᠲᠠ ᠶᠢ ᠪᠠᠭᠤᠷᠠᠭᠤᠯᠳᠠᠭ᠃     ᠰᠢᠬᠢᠷ ᠰᠢᠵᠢᠩ ᠡᠪᠡᠳᠴᠢᠨ ᠤ ᠬᠠᠮᠢᠶᠠᠷᠤᠯᠲᠠ ᠶᠢ ᠬᠠᠪᠰᠤᠷᠬᠤ     ᠠᠮᠧᠷᠢᠺᠠ ᠶᠢᠨ ᠰᠢᠬᠢᠷ ᠰᠢᠵᠢᠩ ᠡᠪᠡᠳᠴᠢᠨ ᠤ ᠨᠡᠶᠢᠭᠡᠮᠯᠢᠭ ᠤᠨ ᠦᠵᠡᠬᠦ ᠪᠠᠷ ᠠᠮᠲᠠᠲᠤ ᠲᠥᠮᠥᠰᠥ ᠪᠣᠯ ᠨᠢᠭᠡ ᠵᠦᠢᠯ ᠤᠨ ᠳᠣᠣᠷ᠎ᠠ GI ︵ᠴᠢᠰᠤᠨ ᠤ ᠰᠢᠬᠢᠷ ᠡᠭᠦᠰᠬᠡᠬᠦ ᠬᠡᠮᠵᠢᠭᠳᠡᠯ︶ ᠢᠳᠡᠭᠡᠨ ᠮᠥᠨ᠂ ᠰᠢᠬᠢᠷ ᠰᠢᠵᠢᠩ ᠡᠪᠡᠳᠴᠢᠨ ᠤ ᠬᠠᠮᠢᠶᠠᠷᠤᠯᠲᠠ ᠶᠢᠨ ᠡᠷᠡᠭᠦᠯ ᠢᠳᠡᠭᠡᠨ ᠤᠮᠳᠠᠭᠠᠨ ᠤ ᠲᠥᠯᠥᠪᠯᠡᠭᠡ ᠳᠤ ᠮᠠᠰᠢ ᠲᠣᠬᠢᠷᠠᠮᠵᠢᠲᠠᠢ᠃ ᠠᠮᠲᠠᠲᠤ ᠲᠥᠮᠥᠰᠥ ᠪᠣᠯ ᠥᠨᠳᠥᠷ GI ︵ᠴᠢᠰᠤᠨ ᠤ ᠰᠢᠬᠢᠷ ᠡᠭᠦᠰᠬᠡᠬᠦ ᠬᠡᠮᠵᠢᠭᠳᠡᠯ︶ ᠢᠳᠡᠭᠡᠨ ᠢ ᠰᠢᠩᠭᠡᠬᠡᠨ ᠠᠪᠬᠤ ᠶᠢ ᠲᠡᠩᠴᠡᠭᠦᠯᠬᠦ ᠰᠠᠶᠢᠨ ᠠᠷᠭ᠎ᠠ ᠪᠣᠯᠣᠨ᠎ᠠ᠂ ᠠᠮᠲᠠᠲᠤ ᠲᠥᠮᠥᠰᠥ ᠪᠠᠷ ᠡᠩ ᠤᠨ ᠲᠥᠮᠥᠰᠥ ᠶᠢ ᠣᠷᠣᠯᠠᠭᠤᠯᠪᠠᠯ ᠢᠳᠡᠭᠡᠨ ᠤ ᠳᠣᠲᠣᠷᠠᠬᠢ ᠺᠠᠯᠢ᠂ ᠸᠢᠲ᠋ᠠᠮᠢᠨ A᠂ ᠸᠢᠲ᠋ᠠᠮᠢᠨ C ᠪᠣᠯᠣᠨ ᠰᠢᠷᠬᠡᠭᠯᠢᠭ ᠤᠨ ᠰᠢᠮ᠎ᠡ ᠲᠡᠵᠢᠭᠡᠯ ᠤᠨ ᠬᠡᠮᠵᠢᠶ᠎ᠡ ᠶᠢ ᠨᠡᠮᠡᠭᠳᠡᠭᠦᠯᠦᠨ᠎ᠡ᠃
    ᠬᠠᠷᠰᠢᠯ     ᠡᠪᠡᠳᠴᠢᠨ ᠤ ᠢᠯᠡᠷᠡᠯ ᠨᠢ ᠠᠷᠠᠰᠤᠨ ᠡᠰᠡᠷᠭᠡᠨ᠎ᠡ ᠭᠠᠷᠬᠤ᠂ ᠪᠥᠭᠡᠯᠵᠢᠬᠦ ᠪᠤᠶᠤ ᠬᠠᠪᠤᠳᠬᠤ ᠠᠴᠠ ᠠᠮᠢ ᠨᠠᠰᠤᠨ ᠤ ᠬᠠᠷᠰᠢᠮᠠᠲᠠᠭᠠᠢ ᠤᠷᠪᠠᠯ ᠡᠭᠦᠰᠬᠦ ᠳᠤ ᠬᠦᠷᠦᠨ᠎ᠡ᠃ ᠬᠡᠷᠪᠡ ᠲᠠ ᠠᠮᠲᠠᠲᠤ ᠲᠥᠮᠥᠰᠥ ᠳᠤ ᠬᠠᠷᠰᠢᠬᠤ ᠭᠡᠵᠦ ᠰᠡᠵᠢᠭᠯᠡᠵᠦ ᠪᠠᠶᠢᠪᠠᠯ ᠡᠮᠴᠢ ᠳᠤ ᠣᠴᠢᠵᠤ ᠬᠤᠪᠢ ᠬᠥᠮᠥᠨ ᠤ ᠣᠨᠣᠰᠢᠯᠠᠯᠲᠠ ᠬᠢᠯᠭᠡᠭᠡᠷᠡᠢ᠃     ᠠᠰᠢᠭ ᠦᠭᠡᠢ ᠨᠥᠯᠥᠭᠡ     ᠠᠮᠲᠠᠲᠤ ᠲᠥᠮᠥᠰᠥ ᠶᠢ ᠢᠳᠡᠬᠦ ᠲᠠᠢ ᠬᠠᠮᠢᠶ᠎ᠠ ᠲᠠᠢ ᠭᠠᠵᠢᠭᠤ ᠦᠢᠯᠡᠳᠦᠯ ᠲᠤᠩ ᠪᠠᠭ᠎ᠠ᠃ β — ᠬᠤᠯᠤᠤᠪᠠᠩ ᠤᠨ ᠡᠳ᠋ ᠡᠯᠪᠡᠭ ᠠᠭᠤᠯᠤᠭᠰᠠᠨ ᠢᠳᠡᠰᠢᠨ ᠨᠣᠭᠤᠭ᠎ᠠ ︵ᠵᠢᠱᠢᠶᠡᠯᠡᠪᠡᠯ ᠠᠮᠲᠠᠲᠤ ᠲᠥᠮᠥᠰᠥ᠂ ᠬᠤᠯᠤᠤᠪᠠᠩ ᠪᠤᠶᠤ ᠯᠠᠩᠭᠤᠸᠠ︶᠎ ᠶᠢ ᠶᠡᠭᠡ ᠬᠡᠮᠵᠢᠶ᠎ᠡ ᠪᠠᠷ ᠢᠳᠡᠬᠦ ᠶᠢᠨ ᠬᠠᠮᠤᠭ ᠤᠨ ᠪᠠᠭ᠎ᠠ ᠭᠠᠵᠢᠭᠤ ᠦᠢᠯᠡᠳᠦᠯ ᠪᠣᠯ ᠠᠷᠠᠰᠤᠨ ᠳᠤ ᠴᠢᠨᠢ ᠤᠯᠠᠪᠤᠷ ᠳᠡᠪᠢᠰᠬᠡᠷ ᠥᠩᠭᠡ ᠢᠯᠡᠷᠡᠵᠦ ᠡᠬᠢᠯᠡᠨ᠎ᠡ᠃     ᠡᠨᠡ ᠬᠦ ᠥᠩᠭᠡᠨ ᠤ ᠡᠳ᠋ ᠪᠣᠯ ᠨᠢᠭᠡ ᠵᠦᠢᠯ ᠤᠨ ᠬᠤᠯᠤᠤᠪᠠᠩ ᠤᠨ ᠡᠳ᠋ ᠤᠨ ᠴᠢᠰᠤᠨ ᠭᠡᠮ ᠭᠡᠳᠡᠭ ᠬᠤᠪᠣᠷ ᠲᠣᠬᠢᠶᠠᠯᠳᠤᠬᠤ ᠡᠪᠡᠳᠴᠢᠨ ᠤ ᠦᠷ᠎ᠡ ᠳ᠋ᠦᠩ ᠪᠣᠯᠣᠨ᠎ᠠ᠃ ᠬᠡᠳᠦᠶᠢᠪᠡᠷ ᠦᠵᠡᠬᠦ ᠳᠤ ᠬᠥᠮᠥᠨ ᠢ ᠵᠣᠪᠠᠭᠠᠮᠠᠷ ᠪᠣᠯᠪᠠᠴᠤ᠂ ᠬᠤᠯᠤᠤᠪᠠᠩ ᠤᠨ ᠡᠳ᠋ ᠤᠨ ᠴᠢᠰᠤᠨ ᠭᠡᠮ ᠨᠢ ᠦᠨᠡᠨ ᠳᠡᠭᠡᠨ ᠠᠶᠤᠯ ᠦᠭᠡᠢ ᠶᠤᠮ᠂ ᠨᠡᠩ ᠲᠡᠩᠴᠡᠭᠦᠷᠢ ᠲᠠᠢ ᠪᠠᠷ ᠡᠯ᠎ᠡ ᠵᠦᠢᠯ ᠤᠨ ᠢᠳᠡᠭᠡᠨ ᠢ ᠰᠢᠩᠭᠡᠭᠡᠬᠦ ᠪᠠᠷ ᠳᠠᠮᠵᠢᠨ ᠠᠶᠠᠨᠳᠠᠭᠠᠨ ᠠᠷᠢᠯᠤᠨ᠎ᠠ᠃
 
    ᠠᠮᠲᠠᠲᠤ ᠲᠥᠮᠥᠰᠥ ᠳᠤ ᠬᠠᠲᠠᠭᠠᠭᠰᠠᠨ ᠪᠠ ᠨᠣᠶᠢᠲᠠᠨ ᠭᠡᠬᠦ ᠬᠤᠶᠠᠷ ᠵᠦᠢᠯ ᠤᠨ ᠭᠤᠣᠯ ᠪᠣᠯᠬᠤ ᠲᠦᠷᠦᠯ ᠵᠦᠢᠯ ᠪᠠᠶᠢᠳᠠᠭ᠃ ᠬᠠᠭᠤᠷᠠᠢ ᠮᠢᠬᠠᠯᠢᠭ ᠠᠮᠲᠠᠲᠤ ᠲᠥᠮᠥᠰᠥ ᠶᠢᠨ ᠬᠠᠯᠢᠰᠤ ᠨᠢ ᠬᠦᠷᠡᠩ ᠬᠦᠷᠡᠩ ᠥᠩᠭᠡᠲᠡᠢ᠂ ᠳᠣᠲᠣᠷ᠎ᠠ ᠨᠢ ᠨᠡᠯᠢᠶᠡᠳ ᠭᠦᠢᠬᠡᠨ᠂ ᠴᠠᠷᠳᠠᠭᠤᠯ ᠤᠨ ᠠᠭᠤᠯᠤᠭᠳᠠᠴᠠ ᠨᠢ ᠨᠡᠯᠢᠶᠡᠳ ᠥᠨᠳᠥᠷ ᠪᠠᠶᠢᠳᠠᠭ᠃ ᠨᠣᠶᠢᠲᠠᠨ ᠠᠮᠲᠠᠲᠤ ᠲᠥᠮᠥᠰᠥ ᠶᠢᠨ ᠬᠠᠯᠢᠰᠤ ᠨᠢ ᠨᠡᠯᠢᠶᠡᠳ ᠭᠦᠨ᠂ ᠳᠣᠲᠣᠷ᠎ᠠ ᠪᠠᠨ ᠤᠯᠠᠪᠤᠷ ᠥᠩᠭᠡ ᠲᠠᠢ᠃
    ᠬᠡᠵᠢᠶ᠎ᠡ ᠬᠠᠮᠤᠭ ᠰᠠᠶᠢᠨ ᠪᠣᠢ     ᠰᠢᠨ᠎ᠡ ᠰᠣᠷᠭᠤᠭ ᠠᠮᠲᠠᠲᠤ ᠲᠥᠮᠥᠰᠥ ᠶᠢ ᠰᠣᠩᠭᠤᠬᠤ ᠨᠢ ᠲᠡᠭᠦᠨ ᠤ ᠶᠡᠭᠡ ᠪᠠᠭ᠎ᠠ ᠠᠴᠠ ᠪᠣᠯᠵᠤ ᠬᠦᠨᠳᠦ᠂ ᠬᠠᠲᠠᠭᠤ ᠂ ᠭᠥᠯᠢᠭᠡᠷ᠂ ᠨᠥᠵᠢᠷᠡᠭᠰᠡᠨ ᠰᠢᠷᠬ᠎ᠠ ᠦᠭᠡᠢ ᠪᠠᠶᠢᠳᠠᠭ᠃ ᠠᠷᠠᠰᠤ ᠨᠢ ᠬᠠᠲᠠᠩᠬᠢᠷᠠᠬᠤ᠂ ᠬᠠᠷ᠎ᠠ ᠲᠣᠯᠪᠤ ᠭᠠᠷᠬᠤ ᠪᠤᠶᠤ ᠬᠤᠲᠣᠶᠢᠬᠤ ᠠᠴᠠ ᠬᠢᠴᠢᠶᠡᠬᠦ ᠬᠡᠷᠡᠭᠲᠡᠢ᠂ ᠤᠴᠢᠷ ᠨᠢ ᠡᠳᠡᠭᠡᠷ ᠨᠢ ᠪᠦᠷ ᠢᠯᠵᠢᠷᠡᠬᠦ ᠶᠢᠨ ᠦᠷᠭᠦᠯᠵᠢ ᠲᠣᠬᠢᠶᠠᠯᠳᠤᠬᠤ ᠰᠢᠨᠵᠢ ᠲᠡᠮᠳᠡᠭ ᠪᠣᠯᠣᠨ᠎ᠠ᠃
    ᠬᠠᠳᠠᠭᠠᠯᠠᠬᠤ ᠪᠠ ᠢᠳᠡᠭᠡᠨ ᠤ ᠠᠮᠤᠷ ᠲᠦᠪᠰᠢᠨ     ᠠᠮᠲᠠᠲᠤ ᠲᠥᠮᠥᠰᠥ ᠶᠢ ᠬᠥᠷᠥᠭᠡᠭᠴᠢ ᠳᠤ ᠬᠠᠳᠠᠭᠠᠯᠠᠬᠤ ᠶᠢᠨ ᠣᠷᠣᠨ ᠳᠤ ᠰᠡᠷᠢᠭᠦᠨ᠂ ᠬᠠᠭᠤᠷᠠᠢ᠂ ᠬᠠᠷᠠᠩᠭᠤᠢ ᠭᠠᠵᠠᠷ ᠲᠤ ᠬᠠᠳᠠᠭᠠᠯᠠᠬᠤ ᠶᠢ ᠬᠦᠷᠬᠦ ᠦᠭᠡᠢ᠃ ᠪᠠᠷᠤᠭ ᠨᠢᠭᠡ ᠰᠠᠷ᠎ᠠ ᠪᠤᠶᠤ ᠨᠠᠩ ᠣᠷᠳᠣ ᠬᠤᠭᠤᠴᠠᠭ᠎ᠠ ᠬᠠᠳᠠᠭᠠᠯᠠᠵᠤ ᠪᠣᠯᠣᠨ᠎ᠠ᠃ ᠬᠡᠷᠪᠡ ᠨᠡᠯᠢᠶᠡᠳ ᠳᠤᠯᠠᠭᠠᠨ ᠳᠤᠯᠠᠭᠠᠨ ᠳᠤ ᠬᠠᠳᠠᠭᠠᠯᠠᠪᠠᠯ᠂ ᠨᠢᠭᠡ ᠭᠠᠷᠠᠭ ᠤᠨ ᠳᠣᠲᠣᠷ᠎ᠠ ᠠᠮᠲᠠᠲᠤ ᠲᠥᠮᠥᠰᠥ ᠶᠢ ᠬᠡᠷᠡᠭᠯᠡᠵᠦ ᠴᠢᠨᠠᠷ ᠬᠤᠪᠢᠷᠠᠬᠤ ᠠᠴᠠ ᠰᠡᠷᠭᠡᠶᠢᠯᠡᠬᠦ ᠬᠡᠷᠡᠭᠲᠡᠢ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号