| | ᠥᠪᠥᠷ ᠵᠠᠰᠠᠭ ᠲᠠᠷᠬᠠᠭᠠᠭᠰᠠᠨ ﹇2022﹈ 4 ᠳ᠋ᠦ᠋ᠭᠡᠷ ᠲᠣᠭᠠᠲᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠬᠤᠳᠠᠯᠳᠤᠭᠠᠨ ᠤ ᠲᠠᠭᠠᠲᠠᠢ ᠣᠷᠴᠢᠨ ᠢ | ᠪᠦᠷᠢᠳᠦᠭᠦᠯᠦᠨ ᠵᠠᠬ᠎ᠠ ᠳᠡᠯᠭᠡᠭᠦᠷ ᠤᠨ ᠡᠵᠡᠩᠨᠡᠭᠴᠢᠳ ᠲᠤ ᠦᠢᠯᠡᠴᠢᠯᠡᠬᠦ ᠠᠵᠢᠯᠯᠠᠭ᠎ᠠ ᠶᠢᠨ ᠲᠤᠬᠠᠢ ᠲᠥᠰᠥᠯ︾ ᠢ | ᠡᠳᠦᠭᠡ ᠲᠠᠨᠠᠷ ᠲᠤ ᠬᠡᠪᠯᠡᠨ ᠶᠠᠪᠤᠭᠤᠯᠤᠯ᠎ᠠ᠂ ᠪᠣᠳᠠᠲᠤ ᠨᠥᠬᠦᠴᠡᠯ ᠪᠠᠶᠢᠳᠠᠯ ᠳᠤ ᠲᠣᠬᠢᠷᠠᠭᠤᠯᠤᠨ᠂ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | 2022 ᠣᠨ ᠤ 2 ᠰᠠᠷ᠎ᠠ ᠶᠢᠨ 1 ᠤ ᠡᠳᠦᠷ | ︵ᠬᠠᠰᠤᠯᠲᠠ ᠲᠠᠢ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠬᠤᠳᠠᠯᠳᠤᠭᠠᠨ ᠤ ᠲᠠᠭᠠᠲᠠᠢ ᠣᠷᠴᠢᠨ ᠢ | ᠪᠦᠷᠢᠳᠦᠭᠦᠯᠦᠨ ᠵᠠᠬ᠎ᠠ ᠳᠡᠯᠭᠡᠭᠦᠷ ᠤᠨ ᠡᠵᠡᠩᠨᠡᠭᠴᠢᠳ ᠲᠤ ᠦᠢᠯᠡᠴᠢᠯᠡᠬᠦ ᠠᠵᠢᠯᠯᠠᠭ᠎ᠠ ᠶᠢᠨ ᠲᠤᠬᠠᠢ ᠲᠥᠰᠥᠯ | ︽ᠠᠷᠠᠯᠵᠢᠶ᠎ᠠ ᠬᠤᠳᠠᠯᠳᠤᠭᠠᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ︾ ᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ᠂ | ᠳᠡᠯᠡᠬᠡᠶᠢᠴᠢᠯᠡᠬᠦ ᠠᠷᠠᠯᠵᠢᠶ᠎ᠠ ᠬᠤᠳᠠᠯᠳᠤᠭᠠᠨ ᠤ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢᠨ ᠬᠢᠷᠢ | ᠲᠥᠪᠰᠢᠨ ᠢ ᠲᠦᠷᠭᠡᠳᠬᠡᠨ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠡᠵᠡᠩᠨᠡᠭᠴᠢᠳ ᠤᠨ ᠢᠳᠡᠪᠬᠢ ᠬᠦᠴᠦᠨ ᠢ | ᠴᠢᠨᠠᠭᠰᠢᠳᠠ ᠬᠥᠭᠵᠢᠭᠡᠨ᠂ ᠥᠪᠡᠷ ᠢ ᠪᠠᠨ ᠬᠥᠭᠵᠢᠭᠦᠯᠬᠦ ᠴᠢᠨᠠᠷᠯᠢᠭ ᠬᠦᠴᠦᠨ ᠢ ᠰᠠᠶᠢᠵᠢᠷᠠᠭᠤᠯᠵᠤ᠂ ᠪᠥᠬᠦ | ᠤᠯᠤᠰ ᠤᠨ ᠲᠡᠷᠢᠭᠦᠨ ᠤ ᠬᠢᠷᠢ ᠬᠡᠮᠵᠢᠶ᠎ᠡ ᠲᠠᠢ ᠲᠡᠩ ᠵᠡᠷᠭᠡ ᠪᠠᠷ ᠬᠥᠭᠵᠢᠭᠦᠯᠬᠦ ᠵᠣᠷᠢᠯᠭ᠎ᠠ ᠪᠠᠷ᠂ ᠥᠪᠡᠷᠲᠡᠭᠡᠨ ᠵᠠᠰᠠᠬᠤ | ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠰᠢᠰᠲ᠋ᠧᠮ ᠲᠠᠢ | ᠪᠣᠶ ᠪᠣᠯᠭᠠᠨ᠎ᠠ | ︵ᠨᠢᠭᠡ︶ ᠴᠠᠬᠢᠮ ᠦᠢᠯᠡᠴᠢᠯᠡᠭᠡᠨ ᠤ ᠬᠢᠷᠢ ᠲᠥᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠥᠪᠡᠷᠲᠡᠭᠡᠨ | ᠵᠠᠰᠠᠬᠤ ᠣᠷᠣᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ︽ᠮᠥᠩᠬᠡ | ᠰᠤᠪᠠᠭ · ᠴᠠᠬᠢᠮ ᠢᠶᠠᠷ ᠭᠦᠢᠴᠡᠳᠬᠡᠬᠦ ᠠᠯᠪᠠᠨ ᠭᠡᠷ︾ ︽ᠮᠥᠩᠬᠡ ᠰᠤᠪᠠᠭ · ᠠᠯᠠᠭᠠᠨ ᠳᠡᠭᠡᠷᠡᠬᠢ ᠠᠯᠪᠠᠨ ᠭᠡᠷ︾ ︽ | ᠮᠥᠩᠬᠡ ᠰᠤᠪᠠᠭ · ᠨᠢᠭᠡ ᠤᠳᠠᠭ᠎ᠠ ᠪᠠᠷ ᠭᠦᠢᠴᠡᠳᠬᠡᠬᠦ ᠠᠯᠪᠠᠨ ᠭᠡᠷ︾ ︽ᠮᠥᠩᠬᠡ ᠰᠤᠪᠠᠭ · ᠲᠠᠨ ᠢ ᠬᠠᠪᠰᠤᠷᠤᠨ | ᠭᠦᠢᠴᠡᠳᠬᠡᠬᠦ︾ ᠶᠢ ᠨᠠᠩ ᠰᠠᠶᠢᠲᠤᠷ ᠲᠤᠯᠭᠠᠭᠤᠷᠢᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠨᠤᠮᠵᠢ ᠶᠢᠨ | ᠲᠥᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ | 1. ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠪᠠᠷ ᠬᠠᠷᠠᠯᠲᠠ ᠪᠣᠯᠭᠠᠵᠤ᠂ ᠠᠵᠤ ᠠᠬᠤᠶᠢᠯᠠᠯ ᠳᠤ | ᠬᠤᠯᠪᠣᠭᠳᠠᠬᠤ ᠠᠷᠠᠳ ᠲᠤ ᠲᠥᠬᠦᠮ ᠦᠵᠡᠭᠦᠯᠬᠦ ᠵᠦᠢᠯᠡᠰ ᠢ ᠪᠥᠬᠦ ᠣᠷᠣᠨ ᠤ ᠨᠢᠭᠡ ᠴᠣᠭᠴᠠᠵᠢᠭᠰᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠡᠭᠡᠷ᠎ᠡ ᠪᠥᠬᠦ ᠶᠠᠪᠤᠴᠠ ᠳᠤ ᠰᠦᠯᠵᠢᠶ᠎ᠡ ᠪᠠᠷ ᠭᠦᠢᠴᠡᠳᠬᠡᠬᠦ ᠶᠢ | ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ︽ᠮᠥᠩᠬᠡ ᠰᠤᠪᠠᠭ︾ ᠤᠨ ᠴᠠᠬᠢᠮ ᠫᠷᠣᠭ᠍ᠷᠠᠮ ᠳᠠᠰᠢ | ᠴᠢᠨᠠᠭᠰᠢᠳᠠ ᠬᠡᠷᠡᠭᠯᠡᠭᠦᠯᠬᠦ ᠶᠢ ᠠᠬᠢᠭᠤᠯᠤᠨ᠂ ᠵᠠᠬ᠎ᠠ ᠳᠡᠯᠭᠡᠭᠦᠷ ᠤᠨ ᠡᠵᠡᠩᠨᠡᠭᠴᠢᠳ ᠪᠠ ᠣᠯᠠᠨ ᠲᠦᠮᠡᠨ ᠤ ᠠᠵᠢᠯ | ᠶᠠᠪᠤᠳᠠᠯ ᠭᠦᠢᠴᠡᠳᠬᠡᠬᠦ ᠳᠤ ᠨᠠᠩ ᠲᠥᠬᠦᠮ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ᠂ ᠡᠯ᠎ᠡ ᠬᠠᠮᠢᠶ᠎ᠠ ᠪᠦᠬᠦᠢ ᠲᠤᠬᠠᠶᠢᠯᠠᠭᠰᠠᠨ | ᠠᠵᠢᠯ ᠤᠨ ᠰᠢᠰᠲ᠋ᠧᠮ ᠤᠨ ᠨᠢᠭᠡᠴᠡ᠃ ᠡᠮᠦᠨ᠎ᠡ ᠵᠢᠭᠰᠠᠭᠠᠭᠳᠠᠭᠰᠠᠨ ᠨᠢ ᠤᠳᠤᠷᠢᠳᠤᠨ ᠬᠠᠷᠢᠭᠤᠴᠠᠬᠤ ᠨᠢᠭᠡᠴᠡ | ᠪᠣᠯᠣᠨ᠎ᠠ᠂ ᠳᠣᠷᠣᠭᠰᠢ ᠠᠳᠠᠯᠢ᠃︶ | 2. ᠡᠯ᠎ᠡ ᠭᠠᠵᠠᠷ ᠣᠷᠣᠨ ᠤ ᠬᠤᠯᠪᠣᠭᠳᠠᠬᠤ ᠰᠠᠯᠠᠭ᠎ᠠ ᠮᠥᠴᠢᠷ ᠤᠳ ᠤᠨ ᠠᠵᠤ ᠠᠬᠤᠶᠢᠯᠠᠯ ᠳᠤ ᠬᠤᠯᠪᠣᠭᠳᠠᠬᠤ | ᠠᠷᠠᠳ ᠲᠤ ᠲᠥᠬᠦᠮ ᠦᠵᠡᠭᠦᠯᠬᠦ ᠲᠤᠬᠠᠶᠢᠯᠠᠭᠰᠠᠨ ᠠᠵᠢᠯ ᠤᠨ ᠰᠢᠰᠲ᠋ᠧᠮ ᠢ ᠰᠢᠨ᠎ᠡ ᠪᠠᠷ ᠪᠠᠶᠢᠭᠤᠯᠬᠤ ᠳᠤ᠂ ᠡᠷᠬᠡᠪᠰᠢ | ᠴᠠᠬᠢᠮ ᠵᠠᠰᠠᠭ ᠤᠨ ᠶᠠᠪᠤᠳᠠᠯ ᠤᠨ ᠰᠦᠯᠵᠢᠶ᠎ᠡ᠂ ᠵᠠᠰᠠᠭ ᠤᠨ ᠶᠠᠪᠤᠳᠠᠯ ᠤᠨ ᠡᠭᠦᠯᠡᠨ ᠪᠣᠳᠣᠯᠲᠠ ᠪᠠ ᠵᠠᠰᠠᠭ ᠤᠨ | ᠶᠠᠪᠤᠳᠠᠯ ᠤᠨ ᠳ᠋ᠠᠶᠢᠲ᠋ᠠ ᠶᠢ ᠬᠠᠮᠲᠤᠪᠠᠷ ᠬᠦᠷᠲᠡᠵᠦ ᠰᠣᠯᠢᠯᠴᠠᠬᠤ ᠲᠠᠪᠴᠠᠩ ᠢᠶᠠᠷ ᠰᠠᠭᠤᠷᠢ ᠪᠣᠯᠭᠠᠵᠤ᠂ ᠪᠥᠬᠦ | ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ ᠤᠶᠠᠯᠳᠤᠭ᠎ᠠ | ᠬᠤᠯᠪᠣᠭ᠎ᠠ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠭᠠᠵᠠᠷ ᠣᠷᠣᠨ ᠤ | ᠬᠤᠯᠪᠣᠭᠳᠠᠬᠤ ᠰᠠᠯᠠᠭ᠎ᠠ ᠮᠥᠴᠢᠷ ᠤᠳ︶ | 3. ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ ᠦᠢᠯᠡᠴᠢᠯᠡᠭᠡᠨ ᠤ ᠲᠠᠪᠴᠠᠩ᠂ ᠬᠢᠨᠠᠯᠲᠠ ᠲᠠᠯᠪᠢᠵᠤ ᠦᠨᠡᠯᠡᠬᠦ | ᠵᠡᠷᠭᠡ ᠪᠠᠷᠢᠮᠵᠢᠶ᠎ᠠ ᠶᠢ ᠴᠢᠨᠠᠭᠰᠢᠳᠠ ᠵᠢᠷᠤᠮᠵᠢᠭᠤᠯᠵᠤ᠂ ᠪᠥᠬᠦ ᠣᠷᠣᠨ ᠤ ᠬᠡᠪᠴᠢᠶᠡᠨ ᠳᠠᠬᠢ ᠠᠳᠠᠯᠢ ᠨᠢᠭᠡᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠠᠳᠠᠯᠢ ᠨᠥᠬᠦᠴᠡᠯ ᠤᠨ ᠳᠣᠣᠷ᠎ᠠ ᠢᠯᠭᠠᠭ᠎ᠠ ᠦᠭᠡᠢ ᠪᠠᠷ ᠭᠥᠯᠢᠶᠡᠨ | ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ ᠱᠠᠲᠤ ᠳᠠᠷᠠᠭ᠎ᠠ ᠲᠠᠢ ᠪᠠᠷ ᠪᠡᠶᠡᠯᠡᠭᠦᠯᠵᠦ᠂ ᠠᠵᠤ | ᠠᠬᠤᠶᠢᠯᠠᠯ ᠪᠠ ᠣᠯᠠᠨ ᠲᠦᠮᠡᠨ ᠳᠤ ᠴᠠᠬᠢᠮ ᠪᠠ ᠰᠦᠯᠵᠢᠶᠡᠨ ᠭᠠᠳᠠᠨᠠᠬᠢ ᠶᠢᠨ ᠨᠢᠭᠡᠳᠦᠯᠲᠡᠢ᠂ ᠦᠢᠯᠡᠴᠢᠯᠡᠭᠡᠨ ᠤ | ᠪᠠᠷᠢᠮᠵᠢᠶ᠎ᠠ ᠶᠢᠨ ᠨᠢᠭᠡᠳᠦᠯᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃ ︵ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠭᠠᠵᠠᠷ ᠣᠷᠣᠨ ᠤ ᠬᠤᠯᠪᠣᠭᠳᠠᠬᠤ | ᠰᠠᠯᠠᠭ᠎ᠠ ᠮᠥᠴᠢᠷ ᠤᠳ︶ | 4. ᠵᠠᠰᠠᠭ ᠤᠨ ᠣᠷᠳᠣᠨ ᠤ ᠲᠤᠭ᠎ᠠ ᠪᠠᠷᠢᠮᠲᠠ ᠶᠢ ᠨᠡᠭᠡᠭᠡᠯᠲᠡ ᠲᠠᠢ ᠬᠡᠷᠡᠭᠯᠡᠬᠦ ᠲᠣᠭᠲᠠᠴᠠ ᠶᠢ ᠪᠠᠶᠢᠭᠤᠯᠵᠤ᠂ ᠡᠯ᠎ᠡ | ᠲᠥᠷᠥᠯ ᠤᠨ ᠲᠤᠭ᠎ᠠ ᠪᠠᠷᠢᠮᠲᠠ ᠶᠢᠨ ᠨᠡᠭᠡᠭᠡᠯᠲᠡ ᠲᠠᠢ ᠪᠠᠶᠢᠯᠭᠠᠬᠤ ᠰᠢᠨᠵᠢ ᠴᠢᠨᠠᠷ ᠢ ᠲᠣᠳᠣᠷᠬᠠᠶᠢᠯᠠᠨ᠂ ᠲᠤᠭ᠎ᠠ | ᠪᠠᠷᠢᠮᠲᠠ ᠶᠢ ᠨᠡᠭᠡᠭᠡᠯᠲᠡ ᠲᠠᠢ ᠪᠣᠯᠭᠠᠵᠤ ᠰᠢᠨ᠎ᠡ ᠶᠢ ᠡᠭᠦᠳᠬᠦ ᠰᠠᠶᠢᠨ ᠰᠠᠶᠢᠬᠠᠨ ᠣᠷᠴᠢᠨ ᠠᠬᠤᠢ ᠶᠢ ᠪᠣᠶ ᠪᠣᠯᠭᠠᠵᠤ᠂ | ᠪᠥᠬᠦ ᠨᠡᠶᠢᠭᠡᠮ ᠢᠶᠠᠷ ᠢᠶᠠᠨ ᠥᠷᠲᠡᠭ ᠨᠡᠮᠡᠭᠳᠡᠭᠦᠯᠦᠨ ᠠᠰᠢᠭᠯᠠᠬᠤ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠲᠣᠮᠣ ᠳ᠋ᠠᠶᠢᠲ᠋ᠠ ᠶᠢᠨ ᠲᠥᠪ︶ | 5. ᠪᠥᠬᠦ ᠣᠷᠣᠨ ᠤ ᠨᠢᠭᠡᠳᠦᠯᠲᠡᠢ ᠴᠠᠬᠢᠮ ᠢᠶᠠᠷ ᠵᠠᠭᠤᠴᠢᠯᠠᠬᠤ ᠦᠢᠯᠡᠴᠢᠯᠡᠭᠡᠨ ᠤ ᠬᠡᠲᠦ ᠳᠡᠯᠭᠡᠭᠦᠷ ᠢ | ᠠᠵᠢᠯᠯᠠᠭᠤᠯᠵᠤ᠂ ᠡᠯ᠎ᠡ ᠭᠠᠵᠠᠷ ᠣᠷᠣᠨ ᠤ ᠬᠤᠯᠪᠣᠭᠳᠠᠬᠤ ᠰᠠᠯᠠᠭ᠎ᠠ ᠮᠥᠴᠢᠷ ᠤᠳ ᠤᠨ ᠥᠪᠡᠰᠦᠪᠡᠨ ᠲᠣᠭᠲᠠᠭᠠᠭᠰᠠᠨ | ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠬᠢᠵᠠᠭᠠᠷᠯᠠᠯ ᠢ ᠬᠦᠴᠦᠨ ᠦᠭᠡᠢ | ᠪᠣᠯᠭᠠᠵᠤ᠂ ᠨᠡᠭᠡᠭᠡᠯᠲᠡᠲᠡᠢ᠂ ᠢᠯᠡ ᠲᠣᠳᠣ᠂ ᠵᠢᠷᠤᠮᠵᠢᠭᠰᠠᠨ ᠵᠠᠭᠤᠴᠢᠯᠠᠬᠤ ᠦᠢᠯᠡᠴᠢᠯᠡᠭᠡᠨ ᠤ ᠵᠠᠬ᠎ᠠ ᠳᠡᠯᠭᠡᠭᠦᠷ ᠢ | ᠪᠣᠶᠢᠵᠢᠭᠤᠯᠤᠨ᠂ ︽ᠨᠢᠭᠡ ᠰᠦᠯᠵᠢᠶ᠎ᠡ ᠪᠠᠷ ᠵᠠᠭᠤᠴᠢᠯᠠᠬᠤ︾ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠠᠵᠢᠯ ᠲᠥᠷᠥᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ︶ | 6. ᠥᠨᠳᠥᠷ ᠳᠠᠪᠲᠠᠮᠵᠢᠲᠤ ᠠᠯᠪᠠᠨ ᠭᠡᠷᠡᠴᠢᠯᠡᠭᠡ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠵᠢᠭᠰᠠᠭᠠᠯᠲᠠ ᠶᠢ | ᠲᠣᠭᠲᠠᠭᠠᠵᠤ᠂ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠪᠡᠶ᠎ᠡ ᠶᠢᠨ ᠭᠠᠷᠤᠯ ᠢ ᠭᠡᠷᠡᠴᠢᠯᠡᠬᠦ᠂ | ᠮᠠᠲ᠋ᠧᠷᠢᠶᠠᠯ ᠢ ᠲᠤᠰᠢᠶᠠᠬᠤ ᠪᠠ ᠰᠦᠢᠳᠬᠡᠯ ᠲᠤᠰᠢᠶᠠᠬᠤ ᠵᠡᠷᠭᠡ ᠡᠯ᠎ᠡ ᠵᠠᠩᠭᠢᠯᠠᠭ᠎ᠠ ᠶᠢ ᠪᠥᠬᠦ ᠶᠠᠪᠤᠴᠠ ᠳᠤ ᠴᠠᠬᠢᠮ ᠢᠶᠠᠷ | ᠭᠦᠢᠴᠡᠳᠬᠡᠵᠦ᠂ ᠣᠯᠠᠨ ᠲᠦᠮᠡᠨ ᠳᠤ ᠳᠥᠭᠦᠮ ᠳᠥᠲᠡ ᠪᠥᠭᠡᠳ ᠲᠦᠷᠭᠡᠨ ᠠᠯᠪᠠᠨ ᠭᠡᠷᠡᠴᠢᠯᠡᠭᠡ ᠶᠢᠨ ᠦᠢᠯᠡᠴᠢᠯᠡᠭᠡ | ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ︶ | ︵ᠬᠤᠶᠠᠷ︶ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡᠨ ᠤ ᠬᠢᠷᠢ ᠲᠥᠪᠰᠢᠨ ᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠤ ᠬᠤᠯᠪᠣᠭᠳᠠᠬᠤ ᠰᠠᠯᠠᠭ᠎ᠠ ᠮᠥᠴᠢᠷ ᠤᠳ ᠤᠨ ᠦᠢᠯᠡᠴᠢᠯᠡᠭᠡᠨ ᠤ | ᠦᠵᠡᠯ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠦᠨᠡᠨᠬᠦ ᠬᠤᠪᠢᠷᠠᠭᠤᠯᠵᠤ᠂ ᠵᠠᠬ᠎ᠠ | ᠳᠡᠯᠭᠡᠭᠦᠷ ᠤᠨ ᠡᠵᠡᠩᠨᠡᠭᠴᠢᠳ ᠲᠤ ᠵᠢᠷᠤᠮᠵᠢᠭᠰᠠᠨ᠂ ᠳᠥᠭᠦᠮ ᠳᠥᠲᠡ᠂ ᠥᠨᠳᠥᠷ ᠦᠷ᠎ᠡ ᠪᠦᠲᠦᠮᠵᠢᠲᠡᠶ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠲᠤᠰᠢᠶᠠᠬᠤ ᠬᠡᠷᠡᠭᠲᠡᠢ᠃ | 7. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠪᠠ | ᠬᠠᠮᠢᠶᠠᠷᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠶᠡᠭᠡ ᠲᠢᠩᠬᠢᠮ ᠤᠨ 70% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ | ᠴᠣᠩᠬᠤᠪᠴᠢ︾ ᠪᠠᠷ ᠲᠥᠷᠥᠯ ᠬᠤᠪᠢᠶᠠᠨ ᠴᠣᠩᠬᠤᠪᠴᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠤᠷᠢᠳᠴᠢᠯᠠᠨ ᠪᠣᠯᠵᠣᠵᠤ ᠭᠦᠢᠴᠡᠳᠬᠡᠬᠦ ᠶᠢ ᠶᠡᠬᠡᠪᠡᠷ ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠭᠠᠵᠠᠷ ᠣᠷᠣᠨ ᠤ ᠬᠤᠯᠪᠣᠭᠳᠠᠬᠤ ᠰᠠᠯᠠᠭ᠎ᠠ | ᠮᠥᠴᠢᠷ ᠤᠳ︶ | 8. ︽ᠮᠥᠩᠬᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ︾ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠵᠦ᠂ | ᠭᠤᠣᠯᠳᠠᠯᠭ᠎ᠠ ᠲᠠᠢ ᠪᠡᠯᠡ ᠣᠷᠣᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠴᠢᠬᠤᠯᠠ ᠶᠡᠭᠡ ᠬᠥᠮᠥᠰ | ᠤᠷᠢᠵᠤ ᠪᠡᠯᠡ ᠣᠷᠣᠭᠤᠯᠬᠤ ᠲᠥᠷᠥᠯ ᠵᠦᠢᠯ ᠪᠠ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ᠂ | ᠤᠯᠤᠰ ᠠᠴᠠ ᠳᠡᠮᠵᠢᠬᠦ ᠲᠥᠷᠥᠯ ᠵᠡᠷᠭᠡ ᠪᠡᠯᠡ ᠣᠷᠣᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠲᠤᠰᠢᠶᠠᠵᠤ᠂ ︽ᠵᠥᠪᠳᠡᠯᠴᠡᠨ ᠬᠠᠮᠲᠤᠷᠠᠨ | ᠬᠢᠨᠠᠬᠤ︾ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠲᠥᠷᠥᠯ ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ | ᠭᠦᠢᠴᠡᠳᠬᠡᠬᠦ ᠦᠢᠯᠡᠴᠢᠯᠡᠭᠡᠨ ᠤ ᠲᠤᠰᠬᠠᠢ ᠲᠤᠰᠢᠶᠠᠯᠲᠠᠨ ᠤ ᠲᠣᠭᠲᠠᠴᠠ ᠶᠢ ᠪᠠᠶᠢᠭᠤᠯᠤᠨ᠂ ︽ᠠᠵᠤ ᠠᠬᠤᠶᠢᠯᠠᠯ | ᠭᠦᠢᠴᠡᠳᠬᠡᠵᠦ︾ ᠪᠠᠶᠢᠭᠰᠠᠨ ᠠᠴᠠ ᠪᠠᠨ ︽ᠵᠠᠰᠠᠭ ᠤᠨ ᠣᠷᠳᠣᠨ ᠦᠢᠯᠡᠴᠢᠯᠡᠬᠦ︾ ᠪᠣᠯᠭᠠᠨ ᠬᠤᠪᠢᠷᠠᠬᠤ ᠶᠢ | ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ | ᠡᠯ᠎ᠡ ᠭᠠᠵᠠᠷ ᠣᠷᠣᠨ ᠤ ᠬᠤᠯᠪᠣᠭᠳᠠᠬᠤ ᠰᠠᠯᠠᠭ᠎ᠠ ᠮᠥᠴᠢᠷ ᠤᠳ︶ | 9. ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠤᠳ ᠳᠤᠲᠠᠭᠤ ᠶᠢ | ᠪᠠᠭᠲᠠᠭᠠᠵᠤ ᠭᠥᠯᠢᠶᠡᠨ ᠠᠪᠴᠤ ᠰᠢᠢᠳᠪᠦᠷᠢᠯᠡᠬᠦ ᠳᠤ ᠲᠣᠬᠢᠷᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠵᠢᠴᠢ ᠮᠠᠲ᠋ᠧᠷᠢᠶᠠᠯ ᠢ ᠪᠥᠬᠦ ᠲᠠᠯ᠎ᠠ ᠪᠠᠷ ᠡᠮᠬᠢᠯᠡᠨ ᠲᠣᠳᠣᠷᠬᠠᠶᠢᠯᠠᠵᠤ᠂ ᠳᠤᠲᠠᠭᠤ ᠶᠢ ᠪᠠᠭᠲᠠᠭᠠᠵᠤ ᠭᠥᠯᠢᠶᠡᠨ | ᠠᠪᠴᠤ ᠰᠢᠢᠳᠪᠦᠷᠢᠯᠡᠬᠦ ᠵᠦᠢᠯᠡᠰ ᠤᠨ ᠨᠠᠷᠢᠨ ᠵᠢᠭᠰᠠᠭᠠᠯᠲᠠ ᠶᠢ ᠲᠣᠭᠲᠠᠭᠠᠨ᠂ ᠠᠵᠢᠯ ᠶᠠᠪᠤᠳᠠᠯ ᠭᠦᠢᠴᠡᠳᠬᠡᠬᠦ | ᠵᠦᠭᠯᠡᠭᠦᠷ ᠢ ᠲᠣᠬᠢᠷᠠᠭᠤᠯᠤᠨ ᠲᠣᠳᠣᠷᠬᠠᠶᠢᠯᠠᠨ᠎ᠠ᠃ ᠦᠢᠯᠡᠴᠢᠯᠡᠭᠡᠨ ᠤ ᠠᠯᠳᠠᠭ᠎ᠠ ᠪᠤᠷᠤᠭᠤ ᠶᠢ ᠠᠭᠤᠴᠢᠯᠠᠨ | ᠪᠠᠭᠲᠠᠭᠠᠬᠤ ᠲᠣᠭᠲᠠᠴᠠ ᠶᠢ ᠪᠠᠶᠢᠭᠤᠯᠤᠨ ᠰᠢᠯᠢᠳᠡᠭᠵᠢᠭᠦᠯᠵᠦ᠂ ᠡᠯ᠎ᠡ ᠱᠠᠲᠤᠨ ᠤ ᠨᠠᠮ ᠵᠠᠰᠠᠭ ᠤᠨ ᠰᠠᠯᠠᠭ᠎ᠠ | ᠮᠥᠴᠢᠷ ᠤᠨ ᠬᠢᠨ ︽ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ︾ ᠠᠴᠠ ᠪᠣᠯᠤᠭᠰᠠᠨ ᠬᠠᠷᠢᠭᠤᠴᠠᠯᠭ᠎ᠠ ᠶᠢᠨ | ᠠᠰᠠᠭᠤᠳᠠᠯ ᠳᠤ᠂ ︽ᠭᠤᠷᠪᠠ ᠶᠢ ᠢᠯᠭᠠᠬᠤ︾ ᠵᠠᠷᠴᠢᠮ ᠶᠣᠰᠣᠭᠠᠷ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ | ᠪᠠᠶᠢᠳᠠᠯ ᠢ ᠨᠢ ᠦᠵᠡᠵᠦ ᠬᠠᠷᠢᠭᠤᠴᠠᠯᠭ᠎ᠠ ᠠᠴᠠ ᠬᠡᠯᠲᠦᠷᠢᠭᠦᠯᠦᠨ᠎ᠡ᠃ ︵ᠡᠯ᠎ᠡ ᠭᠠᠵᠠᠷ ᠣᠷᠣᠨ ᠤ ᠬᠤᠯᠪᠣᠭᠳᠠᠬᠤ | ᠰᠠᠯᠠᠭ᠎ᠠ ᠮᠥᠴᠢᠷ ᠤᠳ︶ | 10. ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠪᠤᠶᠤ ᠬᠠᠤᠯᠢ ᠴᠠᠭᠠᠵᠠ ᠬᠠᠤᠯᠢ | ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ | ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ | ᠵᠠᠬᠢᠷᠭᠠᠨ ᠤ ᠣᠯᠭᠤᠬᠤ ᠵᠡᠷᠭᠡ ᠭᠤᠶᠤᠴᠢᠯᠠᠯ ᠢ ᠦᠨᠳᠦᠰᠦᠯᠡᠭᠰᠡᠨ ᠵᠠᠰᠠᠭ ᠵᠠᠬᠢᠷᠭᠠᠨ ᠤ ᠵᠦᠢᠯᠡᠰ ᠢ | ᠭᠦᠢᠴᠡᠳᠬᠡᠬᠦ ᠳᠡᠭᠡᠨ᠂ ᠭᠡᠷᠡᠴᠢᠯᠡᠬᠦ ᠵᠦᠢᠯᠡᠰ ᠢ ᠬᠡᠯᠡᠵᠦ ᠠᠮᠠᠯᠠᠭᠤᠯᠬᠤ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ | ᠃ ︵ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠡᠯ᠎ᠡ ᠭᠠᠵᠠᠷ ᠣᠷᠣᠨ ᠤ ᠬᠤᠯᠪᠣᠭᠳᠠᠬᠤ | ᠰᠠᠯᠠᠭ᠎ᠠ ᠮᠥᠴᠢᠷ ᠤᠳ︶ | ︵ᠭᠤᠷᠪᠠ︶ ᠴᠠᠬᠢᠮ ᠲᠠᠮᠠᠭ᠎ᠠ ᠶᠢᠨ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠨ᠎ᠡ᠃ ᠴᠠᠬᠢᠮ ᠲᠠᠮᠠᠭ᠎ᠠ ᠶᠢ | ᠪᠦᠲᠦᠮᠵᠢᠲᠡᠶ ᠬᠡᠷᠡᠭᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠥᠬᠦ ᠶᠠᠪᠤᠴᠠ ᠳᠤ ᠴᠠᠬᠢᠮ ᠢᠶᠠᠷ | ᠭᠦᠢᠴᠡᠳᠬᠡᠬᠦ ᠪᠠᠷ ᠰᠠᠭᠤᠷᠢ ᠪᠣᠯᠭᠠᠨ᠎ᠠ᠃ | 11. ᠠᠵᠤ ᠠᠬᠤᠶᠢᠯᠠᠯ ᠤᠨ ᠴᠠᠬᠢᠮ ᠲᠠᠮᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠬᠤᠳᠠᠯᠳᠤᠭᠠᠨ ᠤ | ᠶᠠᠪᠤᠳᠠᠯ ᠤᠨ ᠬᠦᠷᠢᠶ᠎ᠡ ᠵᠡᠷᠭᠡ ᠬᠡᠷᠡᠭᠯᠡᠭᠡᠨ ᠤ ᠲᠠᠯᠠᠪᠤᠷ ᠲᠠᠬᠢ ᠴᠠᠬᠢᠮ ᠲᠠᠮᠠᠭ᠎ᠠ ᠶᠢᠨ ᠬᠠᠤᠯᠢ ᠶᠣᠰᠣᠨ ᠤ᠂ | ᠵᠢᠷᠤᠮᠵᠢᠯ ᠲᠠᠢ ᠠᠵᠢᠯᠯᠠᠬᠤ ᠶᠢ ᠦᠨᠡᠨᠬᠦ ᠪᠠᠲᠤᠯᠠᠵᠤ᠂ ᠴᠠᠬᠢᠮ ᠲᠠᠮᠠᠭ᠎ᠠ ᠶᠢ ᠨᠠᠩ ᠣᠯᠠᠨ ᠬᠦᠷᠢᠶ᠎ᠡ ᠴᠠᠷᠠᠭ᠎ᠠ᠂ ᠨᠠᠩ | ᠶᠡᠭᠡ ᠬᠡᠪᠴᠢᠶᠡᠨ ᠳᠤ ᠬᠡᠷᠡᠭᠯᠡᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 12. ᠴᠠᠬᠢᠮ ᠪᠡᠶ᠎ᠡ ᠬᠡᠮ ᠤᠨ ᠭᠡᠷᠡᠴᠢᠯᠡᠯ᠂ ᠴᠠᠬᠢᠮ ᠲᠠᠮᠠᠭ᠎ᠠ ᠵᠡᠷᠭᠡ ᠮᠡᠷᠭᠡᠵᠢᠯ ᠢ ᠳᠡᠯᠭᠡᠷᠡᠭᠦᠯᠵᠦ᠂ ᠣᠨ ᠤ ᠠᠵᠤ | ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠤᠳᠠᠭ᠎ᠠ ᠠᠴᠠ ᠡᠮᠦᠨᠡᠬᠢ 20% ᠶᠢᠨ ᠥᠨᠳᠥᠷ ᠳᠠᠪᠲᠠᠮᠵᠢ ᠶᠢᠨ | ᠵᠦᠢᠯᠡᠰ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠪᠡᠶ᠎ᠡ ᠬᠡᠮ ᠤᠨ ᠭᠡᠷᠡᠴᠢᠯᠡᠯ ᠤᠨ ᠲᠥᠷᠥᠯ᠂ ᠵᠠᠰᠠᠭ ᠤᠨ | ᠣᠷᠳᠣᠨ ᠤ ᠰᠠᠯᠠᠭ᠎ᠠ ᠮᠥᠴᠢᠷ ᠤᠨ ᠭᠡᠷᠡᠴᠢᠯᠡᠯ ᠤᠨ ᠲᠥᠷᠥᠯ ᠤᠨ ᠮᠠᠲ᠋ᠧᠷᠢᠶᠠᠯ ᠢ ᠵᠠᠰᠠᠭ ᠤᠨ ᠣᠷᠳᠣᠨ ᠤ ᠰᠠᠯᠠᠭ᠎ᠠ | ᠮᠥᠴᠢᠷ ᠤᠨ ᠬᠤᠭᠤᠷᠣᠨᠳᠣᠬᠢ ᠰᠢᠰᠲ᠋ᠧᠮ ᠤᠨ ᠳᠣᠲᠣᠭᠠᠳᠤ ᠳᠠᠭᠠᠨ ᠬᠢᠨᠠᠨ ᠰᠢᠯᠭᠠᠬᠤ᠂ ᠭᠤᠶᠤᠴᠢᠯᠠᠭᠴᠢ ᠠᠴᠠ | ᠲᠤᠰᠢᠶᠠᠬᠤ ᠦᠭᠡᠢ ᠪᠠᠷ ᠳᠠᠮᠵᠢᠭᠤᠯᠵᠤ᠂ ᠴᠠᠬᠢᠮ ᠦᠢᠯᠡᠴᠢᠯᠡᠭᠡᠨ ᠤ ᠬᠡᠮᠵᠢᠶ᠎ᠡ᠂ ᠣᠶᠤᠨᠴᠢᠯᠠᠭᠰᠠᠨ ᠬᠢᠷᠢ ᠲᠥᠪᠰᠢᠨ ᠢ | ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 13. ᠬᠠᠤᠯᠢ ᠶᠢᠨ ᠡᠷᠬᠡᠲᠡᠨ᠂ ᠪᠠᠶᠢᠭᠠᠯᠢ ᠬᠥᠮᠥᠨ ᠠᠵᠤ ᠠᠬᠤᠶᠢᠯᠠᠯ ᠤᠨ ᠬᠠᠮᠢᠶᠠᠷᠤᠯᠲᠠ᠂ ᠨᠡᠶᠢᠭᠡᠮ | ᠲᠣᠭᠤᠷᠢᠭ ᠤᠨ ᠬᠡᠷᠡᠭ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ᠂ ᠨᠡᠶᠢᠭᠡᠮᠴᠢᠯᠡᠭᠰᠡᠨ ᠦᠢᠯᠡᠴᠢᠯᠡᠭᠡᠨ ᠵᠡᠷᠭᠡ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠵᠦ᠂ ᠴᠠᠬᠢᠮ ᠲᠠᠮᠠᠭ᠎ᠠ᠂ ᠴᠠᠬᠢᠮ ᠭᠠᠷ ᠤᠨ | ᠥᠰᠥᠭ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ︶ | 14᠂ ᠤᠯᠤᠰ ᠤᠨ ᠪᠠᠷᠢᠮᠵᠢᠶ᠎ᠠ ᠶᠣᠰᠣᠭᠠᠷ ᠦᠯᠡᠳᠡᠭᠡᠯ ᠦᠨᠡᠮᠯᠡᠯ᠂ ᠰᠢᠨ᠎ᠡ ᠪᠠᠷ ᠨᠡᠮᠡᠭᠳᠡᠭᠰᠡᠨ ᠦᠨᠡᠮᠯᠡᠯ ᠢ | ᠴᠠᠬᠢᠮᠴᠢᠯᠠᠵᠤ᠂ ᠥᠪᠡᠷᠲᠡᠭᠡᠨ ᠵᠠᠰᠠᠬᠤ ᠣᠷᠣᠨ ᠤ ᠴᠠᠬᠢᠮ ᠦᠨᠡᠮᠯᠡᠯ ᠤᠨ ᠬᠥᠮᠥᠷᠭᠡ ᠳᠤ ᠣᠷᠣᠭᠤᠯᠤᠨ ᠨᠢᠭᠡᠳᠦᠯᠲᠡᠢ | ᠦᠶᠯᠡᠳᠬᠦ᠂ ᠬᠤᠷᠠᠮᠳᠤᠭᠤᠯᠬᠤ ᠪᠠ ᠣᠯᠭᠤᠵᠤ᠂ 2022 ᠣᠨ ᠤ ᠵᠢᠯ ᠤᠨ ᠰᠡᠭᠦᠯᠴᠢ ᠠᠴᠠ ᠡᠮᠦᠨ᠎ᠡ ᠠᠵᠤ | ᠠᠬᠤᠶᠢᠯᠠᠯ ᠳᠤ ᠬᠤᠯᠪᠣᠭᠳᠠᠬᠤ ᠦᠨᠡᠮᠯᠡᠯ ᠢ ᠴᠠᠬᠢᠮᠴᠢᠯᠠᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ︵ᠥᠪᠡᠷᠲᠡᠭᠡᠨ | ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ︶ | 15. ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠴᠠᠬᠢᠮ ᠦᠨᠡᠮᠯᠡᠯ ᠤᠨ ᠬᠠᠷᠢᠯᠴᠠᠨ | ᠮᠡᠳᠡᠷᠡᠵᠦ ᠬᠠᠷᠢᠯᠴᠠᠨ ᠢᠲᠡᠭᠡᠯᠴᠡᠬᠦ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠤᠳᠠᠯᠳᠤᠭᠠᠨ ᠤ | ᠠᠵᠢᠯᠯᠠᠭ᠎ᠠ ᠵᠡᠷᠭᠡ ᠠᠬᠤᠢ ᠲᠠᠯᠠᠪᠤᠷ ᠲᠤ ᠠᠵᠤ ᠠᠬᠤᠶᠢᠯᠠᠯ ᠤᠨ ᠴᠠᠬᠢᠮ ᠭᠡᠷᠡᠯᠲᠦᠭᠦᠯᠭᠡ ᠶᠢᠨ ᠦᠨᠡᠮᠯᠡᠯ ᠢ ᠨᠡᠶᠢᠳᠡᠮ | ᠳᠡᠯᠭᠡᠷᠡᠭᠦᠯᠦᠨ᠎ᠡ᠃ ᠴᠠᠬᠢᠮ ᠦᠨᠡᠮᠯᠡᠯ ᠢᠶᠠᠷ ᠳᠠᠮᠵᠢᠭᠤᠯᠤᠨ ᠣᠯᠵᠤ ᠪᠣᠯᠬᠤ ᠮᠡᠳᠡᠭᠡ ᠵᠠᠩᠭᠢ ᠪᠦᠬᠦᠨ ᠳᠤ ᠴᠥᠮ ᠠᠵᠤ | ᠠᠬᠤᠶᠢᠯᠠᠯ ᠢᠶᠠᠷ ᠵᠣᠬᠢᠴᠠᠩᠭᠤᠢ ᠮᠠᠲ᠋ᠧᠷᠢᠶᠠᠯ ᠲᠤᠰᠢᠶᠠᠯᠭᠠᠬᠤ ᠪᠠᠷ ᠱᠠᠭᠠᠷᠳᠠᠬᠤ ᠦᠭᠡᠢ᠃ ︵ᠥᠪᠡᠷᠲᠡᠭᠡᠨ ᠵᠠᠰᠠᠬᠤ | ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ︶ | 16. ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠴᠠᠬᠢᠮ ᠭᠡᠷᠡᠴᠢ ᠦᠨᠡᠮᠯᠡᠯ ᠤᠨ ᠬᠡᠷᠡᠭᠴᠡᠭᠡ ᠱᠠᠭᠠᠷᠳᠠᠯᠭ᠎ᠠ ᠶᠢᠨ | ᠨᠠᠷᠢᠨ ᠵᠢᠭᠰᠠᠭᠠᠯᠲᠠ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ ᠬᠡᠷᠡᠭᠴᠡᠭᠡ ᠱᠠᠭᠠᠷᠳᠠᠯᠭ᠎ᠠ ᠶᠢᠨ | ᠨᠠᠷᠢᠨ ᠵᠢᠭᠰᠠᠭᠠᠯᠲᠠ ᠶᠢ ᠦᠨᠳᠦᠰᠦᠯᠡᠨ᠂ ᠭᠤᠶᠤᠴᠢᠯᠠᠬᠤ ᠮᠠᠲ᠋ᠧᠷᠢᠶᠠᠯ ᠬᠢᠭᠡᠳ ᠭᠡᠷᠡᠴᠢ ᠦᠨᠡᠮᠯᠡᠯ ᠤᠨ | ᠬᠤᠭᠤᠷᠣᠨᠳᠣᠬᠢ ᠬᠤᠯᠪᠣᠭᠳᠠᠯ ᠢ ᠡᠮᠬᠢᠯᠡᠨ ᠳᠢᠭᠯᠡᠵᠦ᠂ ᠮᠡᠳᠡᠭᠡ ᠵᠠᠩᠭᠢ ᠶᠢ ᠤᠷᠢᠳᠴᠢᠯᠠᠨ ᠲᠠᠭᠯᠠᠬᠤ ᠪᠠ ᠴᠠᠬᠢᠮ | ᠭᠡᠷᠡᠴᠢ ᠦᠨᠡᠮᠯᠡᠯ ᠤᠨ ᠬᠡᠷᠡᠭᠯᠡᠯᠲᠡ ᠶᠢ ᠠᠬᠢᠭᠤᠯᠤᠨ᠂ ᠬᠠᠮᠲᠤᠪᠠᠷ ᠭᠥᠷᠳᠡᠬᠦ ᠲᠤᠭ᠎ᠠ ᠪᠠᠷᠢᠮᠲᠠ ᠶᠢ ᠥᠪᠡᠰᠦᠪᠡᠨ | ᠳᠠᠬᠢᠨ ᠬᠡᠷᠡᠭᠯᠡᠬᠦ᠂ ᠥᠪᠡᠷᠮᠢᠴᠡ ᠴᠢᠨᠠᠷᠲᠠᠢ ᠮᠡᠳᠡᠭᠡ ᠵᠠᠩᠭᠢ ᠶᠢ ᠥᠪᠡᠰᠦᠪᠡᠨ ᠲᠠᠭᠯᠠᠨ ᠮᠡᠳᠡᠭᠦᠯᠬᠦ᠂ ᠭᠤᠶᠤᠴᠢᠯᠠᠬᠤ | ᠬᠦᠰᠦᠨᠦᠭᠲᠦ ᠶᠢᠨ ᠬᠠᠭᠤᠳᠠᠰᠤ ᠶᠢ ᠠᠶᠠᠨᠳᠠᠭᠠᠨ ᠪᠣᠶ ᠪᠣᠯᠭᠠᠬᠤ ᠶᠢ ᠪᠡᠶᠡᠯᠡᠭᠦᠯᠦᠨ᠎ᠡ᠃ ᠠᠵᠤ ᠠᠬᠤᠶᠢᠯᠠᠯ᠂ ᠣᠯᠠᠨ | ᠲᠦᠮᠡᠨ ᠵᠥᠪᠬᠡᠨ ᠨᠢᠭᠡ ᠯᠡ ᠤᠳᠠᠭ᠎ᠠ ᠲᠤᠭ᠎ᠠ ᠪᠠᠷᠢᠮᠲᠠ ᠲᠤᠰᠢᠶᠠᠵᠤ᠂ ︽ᠬᠦᠰᠦᠨᠦᠭ ᠲᠠᠭᠯᠠᠬᠤ︾ ᠪᠠᠶᠢᠭᠰᠠᠨ | ᠠᠴᠠ ᠪᠠᠨ ︽ᠬᠦᠰᠦᠨᠦᠭ ᠬᠢᠨᠠᠬᠤ︾ ︽ᠬᠦᠰᠦᠨᠦᠭ ᠨᠥᠬᠦᠪᠦᠷᠢᠯᠡᠬᠦ︾ ᠪᠣᠯᠵᠤ ᠬᠤᠪᠢᠷᠠᠭᠠᠨ᠎ᠠ᠃ ︵ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ︶ | ︵ᠳᠥᠷᠪᠡ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠨᠤᠮᠵᠢ ᠶᠢᠨ ᠲᠥᠪᠰᠢᠨ ᠢ ᠦᠷᠭᠦᠯᠵᠢᠯᠡᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠮᠵᠢᠯᠲᠠ ᠪᠦᠲᠦᠮᠵᠢ ᠶᠢ ᠠᠵᠤ ᠠᠬᠤᠶᠢᠯᠠᠯ ᠪᠠ ᠣᠯᠠᠨ ᠲᠦᠮᠡᠨ ᠠᠴᠠ ᠦᠨᠡᠯᠡᠨ | ᠲᠣᠭᠲᠠᠭᠠᠬᠤ ︽ᠰᠠᠶᠢᠨ ᠮᠠᠭᠤ ᠶᠢ ᠦᠨᠡᠯᠡᠨ ᠲᠣᠭᠲᠠᠭᠠᠬᠤ︾ ᠳᠦᠷᠢᠮ ᠢ ᠪᠠᠶᠢᠭᠤᠯᠵᠤ᠂ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠪᠠᠷ ᠵᠢᠷᠤᠮᠵᠢᠭᠰᠠᠨ᠂ ᠢᠯᠡ ᠪᠥᠭᠡᠳ ᠡᠷᠬᠡ ᠲᠡᠭᠰᠢ᠂ ᠳᠥᠭᠦᠮ | ᠳᠥᠲᠡ ᠥᠨᠳᠥᠷ ᠦᠷ᠎ᠡ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠶᠢ ᠠᠬᠢᠭᠤᠯᠤᠨ᠎ᠠ᠃ | 17᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠱᠠᠭᠠᠷᠳᠠᠯᠭ᠎ᠠ᠂ ᠦᠢᠯᠡᠴᠢᠯᠡᠭᠡᠨ ᠤ | ᠲᠠᠰ ᠳᠠᠷᠠᠭᠠᠯᠠᠯ ᠪᠠ ᠪᠠᠷᠢᠮᠵᠢᠶ᠎ᠠ ᠶᠢᠨ ᠵᠢᠷᠤᠮᠵᠢᠯ ᠢ ᠨᠢᠭᠡᠳᠬᠡᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠬᠠᠮᠢᠶᠠᠷᠤᠯᠲᠠ ᠶᠢᠨ ᠪᠠᠶᠢᠭᠤᠯᠤᠮᠵᠢ ᠪᠠ ᠦᠢᠯᠡᠴᠢᠯᠡᠭᠡᠨ ᠤ ᠪᠠᠶᠢᠭᠤᠯᠤᠮᠵᠢ ᠶᠢᠨ ᠳᠣᠲᠣᠭᠠᠳᠤ ᠶᠢᠨ ᠬᠠᠮᠢᠶᠠᠷᠤᠯᠲᠠ ᠶᠢ | ᠴᠢᠩᠭᠠᠳᠬᠠᠨ᠂ ᠡᠯ᠎ᠡ ᠠᠵᠢᠯ ᠤᠨ ᠪᠠᠶᠢᠷᠢ ᠶᠢᠨ ᠭᠠᠷᠲᠠᠨ ᠭᠦᠢᠴᠡᠳᠬᠡᠬᠦ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠬᠢᠨᠠᠯᠲᠠ ᠲᠠᠯᠪᠢᠵᠤ ᠦᠨᠡᠯᠡᠬᠦ ᠶᠢ ᠬᠦᠯᠢᠶᠡᠨ᠎ᠡ᠃ ︵ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠭᠠᠵᠠᠷ ᠣᠷᠣᠨ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ︶ | 18. ᠪᠥᠬᠦ ᠣᠷᠣᠨ ᠤ ᠨᠢᠭᠡᠳᠦᠯᠲᠡᠢ ︽ᠰᠠᠶᠢᠨ ᠮᠠᠭᠤ ᠶᠢᠨ ᠦᠨᠡᠯᠡᠯᠲᠡ︾ ᠶᠢᠨ ᠨᠢᠭᠤᠷ ᠢ ᠲᠤᠰᠢᠶᠠᠵᠤ᠂ ᠡᠯ᠎ᠡ | ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠥᠪᠡᠷ ᠤᠨ ᠲᠤᠬᠠᠶᠢᠯᠠᠭᠰᠠᠨ ᠠᠵᠢᠯ ᠤᠨ | ᠰᠢᠰᠲ᠋ᠧᠮ ᠨᠢ ᠪᠠᠷᠢᠮᠵᠢᠶ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ︽ᠰᠠᠶᠢᠨ ᠮᠠᠭᠤ ᠶᠢᠨ ᠦᠨᠡᠯᠡᠯᠲᠡ︾ ᠶᠢᠨ ᠰᠢᠰᠲ᠋ᠧᠮ ᠯᠦᠭᠡ ᠤᠶᠠᠯᠳᠤᠭ᠎ᠠ ᠬᠤᠯᠪᠣᠭ᠎ᠠ ᠲᠠᠢ ᠬᠠᠷᠢᠯᠴᠠᠨ | ᠨᠡᠪᠲᠡᠷᠡᠯᠴᠡᠵᠦ᠂ ᠲᠤᠬᠠᠢ ᠶᠢᠨ ᠲᠠᠯᠠᠪᠤᠷ ᠤᠨ ᠦᠢᠯᠡᠴᠢᠯᠡᠭᠡᠨ ᠤ ︽ᠨᠢᠭᠡ ᠤᠳᠠᠭ᠎ᠠ ᠪᠠᠷ ᠨᠢᠭᠡ ᠦᠨᠡᠯᠡᠯᠲᠡ︾᠂ | ᠴᠠᠬᠢᠮ ᠦᠢᠯᠡᠴᠢᠯᠡᠭᠡᠨ ᠤ ︽ᠨᠢᠭᠡ ᠤᠴᠢᠷ ᠲᠤ ᠨᠢᠭᠡ ᠦᠨᠡᠯᠡᠯᠲᠡ︾ ᠶᠢ ᠪᠡᠶᠡᠯᠡᠭᠦᠯᠵᠦ᠂ ᠦᠨᠡᠯᠡᠯᠲᠡ ᠶᠢᠨ ᠲᠤᠭ᠎ᠠ | ᠪᠠᠷᠢᠮᠲᠠ ᠶᠢ ᠪᠦᠷᠢᠨ ᠪᠦᠲᠦᠨ ᠴᠤᠭᠯᠠᠭᠤᠯᠵᠤ᠂ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃ ︵ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠭᠠᠵᠠᠷ ᠣᠷᠣᠨ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ︶ | 19. ᠭᠤᠷᠪᠠᠳᠠᠭᠢ ᠡᠲᠡᠭᠡᠳ ᠲᠤ ᠨᠠᠶᠢᠳᠠᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠨᠡᠯᠡᠨ ᠵᠢᠱᠢᠯᠲᠡ ᠶᠢ | ᠪᠡᠶ᠎ᠡ ᠪᠠᠨ ᠳᠠᠭᠠᠭᠠᠨ ᠥᠷᠨᠢᠭᠦᠯᠵᠦ᠂ ᠦᠨᠡᠯᠡᠨ ᠵᠢᠱᠢᠭᠰᠡᠨ ᠦᠷ᠎ᠡ ᠳ᠋ᠦᠩ ᠢᠶᠠᠷ ᠦᠢᠯᠡᠴᠢᠯᠡᠭᠡ ᠪᠠᠨ | ᠰᠠᠶᠢᠵᠢᠷᠠᠭᠤᠯᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ︶ | 20᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠥᠷᠢᠶᠡᠲᠦ ᠦᠨᠡᠯᠡᠯᠲᠡ ᠬᠢᠬᠦ ᠪᠠ | ᠵᠠᠭᠠᠯᠳᠤᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ᠂ ᠰᠢᠮᠳᠠᠭᠤᠯᠤᠨ ᠰᠠᠶᠢᠵᠢᠷᠠᠭᠤᠯᠤᠨ ᠴᠡᠭᠴᠡᠯᠡᠬᠦ ᠪᠠ | ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠨᠢᠭᠡᠴᠡ ᠨᠢ ᠲᠤᠰᠬᠠᠢ | ᠬᠥᠮᠥᠨ ᠲᠣᠬᠢᠷᠠᠭᠤᠯᠤᠨ ᠬᠠᠷᠢᠭᠤ ᠰᠤᠷᠪᠤᠯᠵᠢᠯᠠᠵᠤ ᠬᠢᠨᠠᠨ ᠬᠠᠷᠭᠤᠭᠤᠯᠵᠤ᠂ ᠦᠨᠡᠨ ᠨᠡᠷ᠎ᠡ ᠪᠠᠷ ᠢᠶᠠᠨ ᠵᠥᠷᠢᠶᠡᠲᠦ | ᠦᠨᠡᠯᠡᠯᠲᠡ ᠬᠢᠵᠦ ᠬᠠᠷᠢᠭᠤ ᠰᠤᠷᠪᠤᠯᠵᠢᠯᠠᠵᠤ ᠰᠠᠶᠢᠵᠢᠷᠠᠭᠤᠯᠤᠨ ᠴᠡᠭᠴᠡᠯᠡᠬᠦ ᠨᠣᠷᠮ᠎ᠠ ᠶᠢ 100% ᠳᠤ ᠬᠦᠷᠦᠭᠦᠯᠬᠦ | ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ | ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ︶ | 21. ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠰᠠᠶᠢᠨ ᠮᠠᠭᠤ ᠶᠢᠨ ᠦᠨᠡᠯᠡᠯᠲᠡ︾ ᠶᠢᠨ ᠪᠠᠶᠢᠳᠠᠯ ᠢ ᠠᠵᠢᠯ ᠤᠨ ᠠᠮᠵᠢᠯᠲᠠ ᠪᠦᠲᠦᠮᠵᠢ ᠶᠢᠨ | ᠦᠨᠡᠯᠡᠯᠲᠡ ᠳᠤ ᠣᠷᠣᠭᠤᠯᠬᠤ ᠬᠡᠷᠡᠭᠲᠡᠢ᠃ ᠠᠵᠤ ᠠᠬᠤᠶᠢᠯᠠᠯ ᠪᠣᠯᠣᠨ ᠤᠯᠠᠨ ᠲᠦᠮᠡᠨ ᠤ ᠦᠨᠡᠯᠡᠯᠲᠡ ᠳᠤ | ᠬᠠᠨᠤᠮᠵᠢ ᠶᠢᠨ ᠬᠡᠮᠵᠢᠶ᠎ᠡ ᠪᠠᠷ ᠥᠨᠳᠥᠷ ᠨᠢᠭᠡᠴᠡ ᠪᠣᠯᠣᠨ ᠬᠥᠮᠥᠰ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠥᠬᠢᠭᠦᠯᠦᠨ ᠱᠠᠩᠨᠠᠨ᠎ᠠ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠤᠮᠳᠠ ᠳᠠᠬᠢᠨ ᠳᠠᠪᠲᠠᠨ | ᠦᠨᠡᠯᠡᠭᠳᠡᠭᠰᠡᠨ᠂ ᠵᠠᠭᠠᠯᠳᠤᠭᠳᠠᠭᠰᠠᠨ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ᠂ ᠵᠣᠷᠢᠭᠤᠳᠠ ᠭᠠᠴᠢᠭᠰᠠᠨ᠂ | ᠴᠢᠨᠠᠭᠰᠢᠯᠠᠪᠠᠯ ᠠᠵᠤ ᠠᠬᠤᠶᠢᠯᠠᠯ ᠪᠠ ᠣᠯᠠᠨ ᠲᠦᠮᠡᠨ ᠳᠤ ᠴᠣᠬᠢᠯᠲᠠ ᠥᠭᠴᠦ ᠥᠰᠢᠶ᠎ᠡ ᠠᠪᠤᠭᠰᠠᠨ ᠪᠠᠶᠢᠪᠠᠯ᠂ | ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ︵ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ︶ | ︵ᠲᠠᠪᠤ︶ ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ ᠴᠢᠳᠠᠪᠤᠷᠢ ᠶᠢ ᠨᠢᠭᠡᠳᠦᠯᠲᠡᠢ ᠲᠥᠯᠥᠪᠯᠡᠨ | ᠴᠢᠩᠭᠠᠷᠠᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠠᠶᠢᠮᠠᠭ ᠬᠤᠲᠠ ᠠᠯᠤᠰᠯᠠᠨ ᠨᠡᠶᠢᠳᠡᠮ | ᠭᠦᠢᠴᠡᠳᠬᠡᠬᠦ ᠶᠢ ᠠᠬᠢᠭᠤᠯᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠡᠵᠡᠩᠨᠡᠯᠲᠡ ᠶᠢᠨ ᠣᠷᠴᠢᠨ | ᠨᠥᠬᠦᠴᠡᠯ ᠤᠨ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠪᠠ ᠰᠢᠨ᠎ᠡ ᠶᠢ ᠡᠭᠦᠳᠬᠦ ᠶᠢ ᠳᠡᠮᠵᠢᠵᠦ᠂ ᠨᠠᠩ | ᠣᠯᠠᠨ ᠰᠤᠷᠤᠯᠴᠠᠨ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠪᠣᠶ ᠪᠣᠯᠭᠠᠵᠤ ᠪᠥᠬᠦ ᠣᠷᠣᠨ ᠳᠤ ᠲᠦᠭᠡᠮᠡᠯᠵᠢᠭᠦᠯᠦᠨ᠎ᠡ᠃ | | 22᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ 2022 ᠣᠨ ᠤ ᠳᠡᠭᠡᠷ᠎ᠡ ᠬᠠᠭᠠᠰ ᠵᠢᠯ ᠳᠤ ᠠᠶᠢᠮᠠᠭ | ᠠᠯᠤᠰᠯᠠᠭᠰᠠᠨ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠠᠵᠢᠯ ᠤᠨ ᠴᠤᠪᠤᠷᠠᠯ ᠪᠠ ᠠᠵᠢᠯ | ᠶᠠᠪᠤᠳᠠᠯ ᠭᠦᠢᠴᠡᠳᠬᠡᠬᠦ ᠵᠦᠭᠯᠡᠭᠦᠷ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ᠠᠳᠠᠯᠢ | ᠨᠢᠭᠡ ᠵᠦᠢᠯᠡᠰ ᠢ ᠠᠶᠢᠮᠠᠭ ᠬᠤᠲᠠ ᠠᠯᠤᠰᠯᠠᠨ ᠭᠥᠯᠢᠶᠡᠨ ᠠᠪᠴᠤ ᠰᠢᠢᠳᠪᠦᠷᠢᠯᠡᠬᠦ ᠪᠠ ᠭᠦᠢᠴᠡᠳᠬᠡᠬᠦ ᠶᠢ | ᠪᠡᠶᠡᠯᠡᠭᠦᠯᠦᠨ᠎ᠡ᠃ ︵ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 23᠂ ᠴᠠᠬᠢᠮ ᠦᠨᠡᠮᠯᠡᠯ᠂ ᠴᠠᠬᠢᠮ ᠲᠠᠮᠠᠭ᠎ᠠ᠂ ᠴᠠᠬᠢᠮ ᠲᠠᠩᠰᠠ ᠡᠪᠬᠡᠮᠡᠯ ᠢ ᠰᠠᠯᠠᠭ᠎ᠠ ᠮᠥᠴᠢᠷ ᠠᠯᠤᠰᠯᠠᠨ᠂ ᠲᠠᠰ | ᠳᠠᠪᠬᠤᠷᠭ᠎ᠠ ᠠᠯᠤᠰᠯᠠᠨ᠂ ᠣᠷᠣᠨ ᠪᠦᠰᠡ ᠠᠯᠤᠰᠯᠠᠨ ᠬᠡᠷᠡᠭᠯᠡᠬᠦ ᠶᠢ ᠪᠡᠶᠡᠯᠡᠭᠦᠯᠵᠦ᠂ ᠨᠠᠮ ᠵᠠᠰᠠᠭ ᠤᠨ | ᠪᠠᠶᠢᠭᠤᠯᠭ᠎ᠠ ᠶᠢᠨ ᠭᠠᠷ ᠤᠨ ᠥᠰᠥᠭ ᠵᠢᠷᠤᠵᠤ ᠣᠯᠭᠤᠭᠰᠠᠨ ᠥᠨᠳᠥᠷ ᠳᠠᠪᠲᠠᠮᠵᠢ ᠶᠢᠨ ᠦᠨᠡᠮᠯᠡᠯ᠂ ᠦᠨᠡᠮᠯᠡᠯ ︵ | ᠫᠠᠶᠢᠰᠠ︶᠂ ᠭᠡᠷᠡᠴᠢᠯᠡᠬᠦ ᠪᠢᠴᠢᠭ ᠮᠠᠲ᠋ᠧᠷᠢᠶᠠᠯ᠂ ᠴᠣᠬᠤᠯᠠᠪᠤᠷᠢ ᠶᠢᠨ ᠪᠢᠴᠢᠭ᠂ ᠬᠢᠨᠠᠨ ᠲᠣᠭᠲᠠᠭᠠᠯᠲᠠ ᠶᠢᠨ | ᠮᠡᠳᠡᠭᠦᠯᠦᠯᠲᠡ ᠶᠢ ᠪᠥᠬᠦ ᠲᠠᠯ᠎ᠠ ᠪᠠᠷ ᠬᠠᠮᠤᠷᠤᠨ᠂ ᠥᠨᠳᠥᠷ ᠳᠠᠪᠲᠠᠮᠵᠢ ᠶᠢᠨ ᠵᠠᠰᠠᠭ ᠤᠨ ᠶᠠᠪᠤᠳᠠᠯ ᠤᠨ ᠵᠦᠢᠯᠡᠰ ᠢ | ᠪᠥᠬᠦ ᠣᠷᠣᠨ ᠳᠤ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ ᠪᠠᠷ ᠰᠠᠭᠤᠷᠢ ᠪᠣᠯᠭᠠᠨ᠎ᠠ᠃ ︵ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ︶ | 24᠂ ᠬᠥᠬᠡᠬᠤᠲᠠ ᠪᠤᠭᠤᠲᠤ ᠣᠷᠳᠣᠰ ᠤᠯᠡᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠳᠦᠷᠢᠮ ᠢ | ᠨᠢᠭᠡᠳᠦᠯᠲᠡᠢ ᠪᠣᠯᠭᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠳᠠᠭᠠᠭᠠᠴᠢᠯᠠᠯᠲᠠ ᠦᠨᠡᠯᠡᠬᠦ ᠪᠠᠷᠢᠮᠵᠢᠶ᠎ᠠ᠂ ᠳᠠᠭᠠᠭᠠᠴᠢᠯᠠᠯᠲᠠ ᠦᠨᠡᠯᠡᠬᠦ ᠠᠷᠭ᠎ᠠ ᠪᠠ ᠨᠠᠷᠢᠨ | ᠳᠦᠷᠢᠮ ᠢ ᠨᠢᠭᠡᠳᠦᠯᠲᠡᠢ ᠪᠣᠯᠭᠠᠵᠤ᠂ ᠬᠠᠷᠢᠯᠴᠠᠨ ᠮᠡᠳᠡᠷᠡᠭᠰᠡᠨ ᠰᠠᠭᠤᠷᠢᠨ ᠳᠡᠭᠡᠷ᠎ᠡ ᠠᠷᠠᠯᠵᠢᠶ᠎ᠠ ᠶᠢᠨ ᠮᠡᠳᠡᠭᠡ | ᠵᠠᠩᠭᠢ ᠶᠢᠨ ᠤᠶᠠᠯᠳᠤᠭ᠎ᠠ ᠬᠤᠯᠪᠣᠭ᠎ᠠ ᠲᠠᠢ ᠪᠠᠶᠢᠬᠤ ᠪᠠ ᠡᠬᠢ ᠪᠠᠶᠠᠯᠢᠭ ᠢ ᠬᠠᠮᠲᠤᠪᠠᠷ ᠬᠡᠷᠡᠭᠯᠡᠬᠦ ᠶᠢ ᠠᠬᠢᠭᠤᠯᠵᠤ᠂ | ᠮᠡᠳᠡᠭᠡ ᠵᠠᠩᠭᠢ ᠶᠢᠨ ᠰᠢᠰᠲ᠋ᠧᠮᠵᠢ ᠶᠢᠨ ᠲᠠᠪᠴᠠᠩ ᠢ ᠨᠢᠭᠡᠳᠦᠯᠲᠡᠢ ᠪᠣᠯᠭᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ | ᠡᠵᠡᠩᠨᠡᠭᠴᠢᠳ ᠦᠨᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ᠂ ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠤᠨ ᠠᠯᠤᠰ ᠡᠵᠡᠮᠰᠢᠯ ᠤᠨ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠶᠢ ᠪᠠᠶᠢᠩᠭᠤᠵᠢᠭᠤᠯᠬᠤ ᠶᠢ | ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠲᠥᠪ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | 25᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠰᠣᠶᠣᠯ ᠤᠨ ᠵᠢᠭᠤᠯᠴᠢᠯᠠᠯ ᠤᠨ ᠮᠡᠳᠡᠭᠡ ᠵᠠᠩᠭᠢ ᠶᠢᠨ | ᠲᠠᠪᠴᠠᠩ ᠤᠨ ᠪᠠᠶᠢᠭᠤᠯᠤᠯᠲᠠ ᠪᠠ ᠡᠮᠬᠢᠯᠡᠨ ᠨᠡᠶᠢᠯᠡᠭᠦᠯᠬᠦ ᠶᠢ ᠵᠢᠯᠤᠭᠤᠳᠴᠤ᠂ ᠣᠷᠣᠨ ᠪᠦᠰᠡ ᠶᠢᠨ ᠰᠣᠶᠣᠯ ᠤᠨ | ᠵᠢᠭᠤᠯᠴᠢᠯᠠᠯ ᠤᠨ ᠡᠬᠢ ᠪᠠᠶᠠᠯᠢᠭ ᠪᠠ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ ᠰᠣᠶᠣᠯ ᠤᠨ | ᠵᠢᠭᠤᠯᠴᠢᠯᠠᠯ ᠤᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ᠬᠠᠤᠯᠢ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠮᠵᠢᠯᠴᠠᠨ ᠪᠠᠶᠢᠴᠠᠭᠠᠨ ᠰᠢᠢᠳᠪᠦᠷᠢᠯᠡᠵᠦ᠂ ᠣᠷᠣᠨ | ᠪᠦᠰᠡ ᠶᠢᠨ ᠰᠣᠶᠣᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ | ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠲᠣᠮᠣ ᠳ᠋ᠠᠶᠢᠲ᠋ᠠ ᠶᠢᠨ | ᠲᠥᠪ︶ | ᠬᠤᠶᠠᠷ᠂ ᠵᠠᠬ᠎ᠠ ᠳᠡᠯᠭᠡᠭᠦᠷ ᠤᠨ ᠡᠵᠡᠩᠨᠡᠭᠴᠢᠳ ᠦᠨᠪᠦ᠋ᠬᠦ ᠠᠮᠢ ᠨᠠᠰᠤᠨ ᠤ ᠦᠶᠡᠯᠡᠯ ᠤᠨ ᠦᠢᠯᠡᠴᠢᠯᠡᠭᠡ ᠶᠢ | ᠦᠷᠭᠦᠯᠵᠢᠯᠡᠨ ᠰᠢᠯᠢᠳᠡᠭᠵᠢᠭᠦᠯᠦᠨ᠎ᠡ | ︵ᠨᠢᠭᠡ︶ ᠠᠵᠤ ᠠᠬᠤᠶᠢᠯᠠᠯ ᠢ ᠨᠡᠭᠡᠭᠡᠨ ᠡᠷᠭᠢᠯᠡᠬᠦ ᠪᠠ ᠬᠦᠴᠦᠨ ᠦᠭᠡᠢ ᠪᠣᠯᠭᠠᠨ᠎ᠠ᠃ ᠠᠵᠤ ᠠᠬᠤᠶᠢᠯᠠᠯ ᠢ ᠨᠡᠭᠡᠭᠡᠨ | ᠡᠷᠭᠢᠯᠡᠬᠦ ᠪᠠ ᠬᠦᠴᠦᠨ ᠦᠭᠡᠢ ᠪᠣᠯᠭᠠᠬᠤ ᠠᠵᠢᠯ ᠤᠨ ᠴᠤᠪᠤᠷᠠᠯ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ | ᠬᠠᠮᠤᠭ ᠤᠨ ᠰᠢᠯᠢᠳᠡᠭ ᠦᠢᠯᠡᠴᠢᠯᠡᠭᠡᠨ ᠤ ᠴᠤᠪᠤᠷᠠᠯ ᠢ ᠪᠣᠶ ᠪᠣᠯᠭᠠᠨ᠎ᠠ᠃ | 26᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠴᠠᠭ ᠢ ᠴᠢᠨᠠᠭᠰᠢᠳᠠ ᠪᠠᠭᠠᠰᠬᠠᠵᠤ᠂ ᠠᠵᠤ ᠠᠬᠤᠶᠢᠯᠠᠯ ᠳᠤ ︽ | ᠨᠢᠭᠡ ᠰᠦᠯᠵᠢᠶ᠎ᠡ ᠪᠠᠷ ᠨᠡᠪᠲᠡᠷᠡᠭᠦᠯᠬᠦ︾ ᠲᠠᠪᠴᠠᠩ ᠨᠡᠭᠡᠭᠡᠨ ᠡᠷᠭᠢᠯᠡᠵᠦ᠂ ᠠᠵᠤ ᠠᠬᠤᠶᠢᠯᠠᠯ ᠤᠨ ᠳᠠᠩᠰᠠᠯᠠᠯᠲᠠ᠂ | ᠲᠠᠮᠠᠭ᠎ᠠ ᠰᠡᠶᠢᠯᠦᠨ ᠦᠶᠯᠡᠳᠬᠦ᠂ ᠪᠠᠷᠢᠮᠲᠠ ᠭᠤᠶᠤᠴᠢᠯᠠᠨ ᠠᠪᠬᠤ ᠵᠢᠴᠢ ᠭᠠᠶᠢᠯᠢ ᠡᠵᠡᠮᠳᠡᠬᠦ ᠲᠥᠬᠦᠭᠡᠷᠦᠮᠵᠢ᠂ | ᠨᠡᠶᠢᠭᠡᠮ ᠤᠨ ᠳᠠᠭᠠᠳᠬᠠᠯ ᠤᠨ ᠳᠠᠩᠰᠠᠯᠠᠯᠲᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠠᠵᠤ ᠠᠬᠤᠶᠢᠯᠠᠯ ᠤᠨ ᠲᠤᠰᠢᠶᠠᠨ ᠬᠠᠳᠠᠭᠠᠯᠠᠭᠤᠯᠬᠤ ᠳᠠᠩᠰᠠᠯᠠᠯᠲᠠ ᠵᠡᠷᠭᠡ ᠲᠤᠬᠠᠶᠢᠯᠠᠭᠰᠠᠨ ᠠᠵᠢᠯ ᠤᠨ | ᠨᠢᠭᠡ ᠰᠦᠯᠵᠢᠶ᠎ᠡ ᠪᠠᠷ ᠭᠤᠶᠤᠴᠢᠯᠠᠬᠤ ᠶᠢ ᠪᠡᠶᠡᠯᠡᠭᠦᠯᠵᠦ᠂ ᠣᠯᠠᠨ ᠵᠦᠢᠯ ᠢ ᠬᠤᠯᠪᠤᠭᠠᠯᠠᠨ ᠭᠦᠢᠴᠡᠳᠬᠡᠵᠦ᠂ ᠨᠢᠭᠡ | ᠡᠳᠦᠷ ᠲᠤ ᠭᠦᠢᠴᠡᠳᠬᠡᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ︶ | 27᠂ ᠠᠵᠤ ᠠᠬᠤᠶᠢᠯᠠᠯ ᠨᠡᠭᠡᠭᠡᠨ ᠡᠷᠭᠢᠯᠡᠬᠦ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠠᠷᠭ᠎ᠠ ᠵᠠᠮ ᠢ ᠰᠠᠭᠠᠳ | ᠦᠭᠡᠢ ᠨᠠᠪᠲᠠᠷᠡᠭᠦᠯᠵᠦ᠂ ᠠᠵᠤ ᠠᠬᠤᠶᠢᠯᠠᠯ ᠤᠨ ᠨᠢᠭᠡ ᠰᠦᠯᠵᠢᠶ᠎ᠡ ᠪᠠᠷ ᠨᠡᠪᠲᠡᠷᠡᠭᠦᠯᠬᠦ ᠦᠢᠯᠡᠴᠢᠯᠡᠭᠡᠨ ᠤ ᠲᠠᠪᠴᠠᠩ | ᠬᠢᠭᠡᠳ ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ᠂ ︽ᠥᠪᠥᠷ ᠮᠣᠩᠭᠤᠯ ᠤᠨ e ᠳᠠᠩᠰᠠᠯᠠᠯᠲᠠ︾ ᠶᠢᠨ APP ᠬᠢᠭᠡᠳ ︽ᠮᠥᠩᠬᠡ ᠰᠤᠪᠠᠭ︾ ᠤᠨ | APP ᠶᠢᠨ ᠴᠢᠳᠠᠮᠵᠢ ᠶᠢ ᠵᠣᠯᠭᠠᠭᠤᠯᠬᠤ ᠶᠢ ᠴᠢᠨᠠᠭᠰᠢᠳᠠ ᠲᠡᠭᠦᠯᠳᠡᠷᠵᠢᠭᠦᠯᠦᠨ᠂ ᠰᠢᠰᠲ᠋ᠧᠮ ᠲᠠᠢ ᠠᠭᠤᠰᠤᠯᠴᠠᠬᠤ᠂ | ᠭᠠᠭᠴᠠ ᠴᠢᠭ᠋ ᠲᠤ ᠭᠠᠷᠬᠤ᠂ ᠰᠡᠷᠡᠭᠳᠡᠯ ᠦᠭᠡᠢ ᠪᠠᠷ ᠰᠢᠯᠵᠢᠬᠦ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ︶ | 28᠂ ᠠᠵᠤ ᠠᠬᠤᠶᠢᠯᠠᠯ ᠤᠨ ︽ᠣᠶᠤᠨᠴᠢ ᠪᠠᠷ ᠬᠢᠨᠠᠨ ᠵᠥᠪᠰᠢᠶᠡᠷᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ | ᠤᠴᠢᠷ ᠶᠠᠪᠤᠳᠠᠯ ᠤᠨ ᠡᠮᠦᠨ᠎ᠡ ᠠᠮᠠᠯᠠᠨ ᠭᠦᠢᠴᠡᠳᠬᠡᠬᠦ᠂ ᠤᠴᠢᠷ ᠶᠠᠪᠤᠳᠠᠯ ᠤᠨ ᠳᠠᠷᠠᠭ᠎ᠠ ᠵᠠᠯᠠᠷᠠᠭᠤᠯᠬᠤ᠂ ᠬᠠᠤᠯᠢ | ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠠᠷᠭ᠎ᠠ ᠮᠠᠶ᠋ᠢᠭ ᠢ | ᠠᠪᠴᠤ᠂ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ | ᠡᠷᠦᠬᠡ ᠶᠢᠨ ᠲᠤᠬᠠᠶᠢᠯᠠᠭᠰᠠᠨ ᠠᠵᠢᠯ ᠡᠷᠭᠢᠯᠡᠬᠦ ᠳᠤ ︽ᠭᠤᠶᠤᠴᠢᠯᠠᠪᠠᠯ ᠳᠠᠷᠤᠢ ᠭᠦᠢᠴᠡᠳᠬᠡᠵᠦ ᠳᠠᠭᠤᠰᠬᠠᠬᠤ︾ ᠶᠢ | ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ︶ | 29᠂ ᠴᠠᠬᠢᠮ ᠡᠵᠡᠩᠨᠡᠯᠲᠡ ᠶᠢᠨ ᠦᠨᠡᠮᠯᠡᠯ ᠤᠨ ︽ᠨᠢᠭᠡ ᠦᠨᠡᠮᠯᠡᠯ ᠳᠤ ᠨᠡᠶᠢᠳᠡᠮ ᠭᠦᠢᠴᠡᠳᠬᠡᠬᠦ︾ ᠶᠢ | ᠬᠡᠷᠡᠭᠵᠢᠭᠦᠯᠵᠦ᠂ ᠵᠥᠪᠰᠢᠶᠡᠷᠡᠬᠦ ᠬᠢᠨᠠᠨ ᠵᠥᠪᠰᠢᠶᠡᠷᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠮᠥᠩᠭᠦᠨ | ᠭᠦᠢᠯᠭᠡᠭᠡᠨ ᠤ ᠲᠤᠬᠠᠶᠢᠯᠠᠭᠰᠠᠨ ᠠᠵᠢᠯ᠂ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠵᠡᠷᠭᠡ ᠬᠦᠷᠢᠶ᠎ᠡ ᠴᠠᠷᠠᠭ᠎ᠠ ᠳᠤ | ᠥᠷᠭᠡᠨ ᠢᠶᠠᠷ ᠬᠡᠷᠡᠭᠯᠡᠵᠦ᠂ ᠴᠠᠬᠢᠮ ᠡᠵᠡᠩᠨᠡᠯᠲᠡ ᠶᠢᠨ ᠦᠨᠡᠮᠯᠡᠯ ᠤᠨ ᠴᠢᠳᠠᠮᠵᠢ ᠶᠢ ᠦᠷᠭᠦᠯᠵᠢᠯᠡᠨ ᠥᠷᠭᠡᠳᠬᠡᠨ᠎ᠡ᠃ ︵ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ︶ | 30᠂ ᠲᠥᠪ ᠤᠨ ᠲᠠᠰ ᠳᠠᠪᠬᠤᠷᠭ᠎ᠠ ᠶᠢᠨ 523 ᠵᠦᠢᠯ ᠵᠢᠴᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ | ᠲᠣᠭᠲᠠᠭᠠᠭᠰᠠᠨ 18 ᠵᠦᠢᠯ ᠤᠨ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ | ᠵᠦᠢᠯᠡᠰ ᠲᠤ᠂ ᠬᠢᠨᠠᠨ ᠵᠥᠪᠰᠢᠶᠡᠷᠡᠬᠦ ᠶᠢ ᠰᠢᠭᠤᠳ ᠬᠦᠴᠦᠨ ᠦᠭᠡᠢ ᠪᠣᠯᠭᠠᠬᠤ᠂ ᠬᠢᠨᠠᠨ ᠵᠥᠪᠰᠢᠶᠡᠷᠡᠬᠦ ᠶᠢ | ᠳᠡᠩᠰᠡᠯᠡᠨ ᠲᠡᠮᠳᠡᠭᠯᠡᠬᠦ ᠪᠣᠯᠭᠠᠨ ᠥᠭᠡᠷᠡᠴᠢᠯᠡᠬᠦ᠂ ᠠᠮᠠᠯᠠᠯᠲᠠ ᠪᠠᠨ ᠮᠡᠳᠡᠭᠳᠡᠬᠦ᠂ ᠬᠢᠨᠠᠨ ᠵᠥᠪᠰᠢᠶᠡᠷᠡᠬᠦ | ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠳᠥᠷᠪᠡᠨ ᠵᠦᠢᠯ ᠤᠨ ᠠᠷᠭ᠎ᠠ ᠮᠠᠶ᠋ᠢᠭ ᠢᠶᠠᠷ ᠬᠢᠨᠠᠨ ᠵᠥᠪᠰᠢᠶᠡᠷᠡᠬᠦ | ᠳᠦᠷᠢᠮ ᠤᠨ ᠥᠭᠡᠷᠡᠴᠢᠯᠡᠯᠲᠡ ᠶᠢ ᠲᠥᠷᠥᠯ ᠬᠤᠪᠢᠶᠠᠨ ᠬᠡᠷᠡᠭᠵᠢᠭᠦᠯᠵᠦ᠂ ᠦᠨᠡᠮᠯᠡᠯ ᠠᠪᠤᠭᠰᠠᠨ ᠤ ᠳᠠᠷᠠᠭ᠎ᠠ | ᠦᠨᠡᠮᠯᠡᠯ ᠢ ᠬᠠᠰᠤᠬᠤ ᠶᠢ ᠶᠡᠬᠡᠪᠡᠷ ᠲᠦᠯᠬᠢᠨ ᠠᠬᠢᠭᠤᠯᠵᠤ᠂ ︽ᠦᠨᠡᠮᠯᠡᠯ ᠪᠠ ᠭᠡᠷᠡᠴᠢ ᠶᠢ ᠰᠠᠯᠭᠠᠬᠤ︾ | ᠥᠭᠡᠷᠡᠴᠢᠯᠡᠯᠲᠡ ᠶᠢ ᠨᠡᠶᠢᠳᠡᠮ ᠬᠠᠮᠤᠷᠬᠤ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠠᠤᠯᠢ ᠴᠠᠭᠠᠵᠠ ᠶᠢᠨ ᠲᠢᠩᠬᠢᠮ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ︶ | 31. ᠠᠵᠤ ᠠᠬᠤᠶᠢᠯᠠᠯ ᠤᠨ ᠬᠦᠴᠦᠨ ᠦᠭᠡᠢ ᠪᠣᠯᠭᠠᠬᠤ ᠥᠭᠡᠷᠡᠴᠢᠯᠡᠯᠲᠡ ᠶᠢ ᠰᠦᠪᠡᠭᠴᠢᠯᠡᠵᠦ᠂ ᠠᠵᠤ | ᠠᠬᠤᠶᠢᠯᠠᠯ ᠤᠨ ᠬᠦᠴᠦᠨ ᠦᠭᠡᠢ ᠪᠣᠯᠭᠠᠬᠤ ᠭᠤᠶᠤᠴᠢᠯᠠᠯ ᠢ ᠰᠠᠯᠠᠭ᠎ᠠ ᠮᠥᠴᠢᠷ ᠠᠯᠤᠰᠯᠠᠨ ᠤᠷᠢᠳᠴᠢᠯᠠᠨ | ᠪᠠᠶᠢᠴᠠᠭᠠᠬᠤ᠂ ᠭᠠᠶᠢᠯᠢ ᠢᠯᠭᠠᠷᠠᠭᠤᠯᠬᠤ ᠭᠡᠷᠡᠴᠢ ᠶᠢ ᠴᠠᠭ ᠲᠤᠬᠠᠢ ᠳᠤᠨᠢ ᠳᠠᠮᠵᠢᠭᠤᠯᠬᠤ ᠶᠢ ᠪᠡᠶᠡᠯᠡᠭᠦᠯᠵᠦ᠂ ︽ᠢᠵᠢ | ᠦᠢᠯᠡᠴᠢᠯᠡᠭᠡ ᠪᠠᠷ︾ ᠬᠦᠴᠦᠨ ᠦᠭᠡᠢ ᠪᠣᠯᠭᠠᠬᠤ ᠦᠢᠯᠡᠴᠢᠯᠡᠭᠡ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠭᠠᠵᠠᠷ ᠣᠷᠣᠨ ᠤ ᠬᠤᠯᠪᠣᠭᠳᠠᠬᠤ ᠰᠠᠯᠠᠭ᠎ᠠ | ᠮᠥᠴᠢᠷ ᠤᠳ︶ | ( ᠬᠤᠶᠠᠷ ) ᠪᠠᠷᠢᠯᠭ᠎ᠠ ᠶᠢᠨ ᠵᠥᠪᠰᠢᠶᠡᠷᠡᠯ ᠠᠪᠬᠤ ᠭᠠᠷ ᠭᠦᠢᠴᠡᠳᠬᠡᠯ ᠬᠢᠬᠦ᠃ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠰᠠᠶᠢᠵᠢᠷᠠᠭᠤᠯᠵᠦ᠂ ᠬᠢᠨᠠᠨ | ᠵᠥᠪᠰᠢᠶᠡᠷᠡᠬᠦ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | 32᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠬᠢᠭᠡᠳ ᠥᠪᠡᠷᠲᠡᠭᠡᠨ ᠵᠠᠰᠠᠬᠤ ᠣᠷᠣᠨ ᠤ ᠨᠢᠭᠡ | ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠ ᠵᠠᠰᠠᠭ ᠤᠨ ᠶᠠᠪᠤᠳᠠᠯ ᠤᠨ ᠳ᠋ᠠᠶᠢᠲ᠋ᠠ ᠶᠢ | ᠬᠠᠮᠲᠤᠪᠠᠷ ᠬᠦᠷᠲᠡᠵᠦ ᠰᠣᠯᠢᠯᠴᠠᠬᠤ ᠲᠠᠪᠴᠠᠩ ᠤᠨ ᠳ᠋ᠠᠶᠢᠲ᠋ᠠ ᠶᠢ ᠴᠠᠭ ᠲᠤᠬᠠᠢ ᠳᠤᠨᠢ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠨᠢ ᠡᠯ᠎ᠡ ᠰᠠᠯᠠᠭ᠎ᠠ | ᠮᠥᠴᠢᠷ ᠤᠨ ᠬᠢᠨᠠᠨ ᠵᠥᠪᠰᠢᠶᠡᠷᠡᠬᠦ ᠰᠢᠰᠲ᠋ᠧᠮ ᠯᠦᠭᠡ ᠤᠶᠠᠯᠳᠤᠭ᠎ᠠ ᠬᠤᠯᠪᠣᠭ᠎ᠠ ᠲᠠᠢ ᠬᠠᠷᠢᠯᠴᠠᠨ ᠨᠡᠪᠲᠡᠷᠡᠯᠴᠡᠵᠦ᠂ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠭᠦᠯᠬᠦ ᠪᠠᠷ ᠮᠡᠳᠡᠭᠦᠯᠦᠭᠰᠡᠨ | ᠮᠡᠳᠡᠭᠡ ᠵᠠᠩᠭᠢ ᠶᠢ ᠨᠢᠭᠡ ᠤᠳᠠᠭ᠎ᠠ ᠪᠠᠷ ᠲᠠᠭᠯᠠᠨ ᠮᠡᠳᠡᠭᠦᠯᠬᠦ᠂ ᠮᠠᠲ᠋ᠧᠷᠢᠶᠠᠯ ᠢ ᠨᠢᠭᠡ ᠤᠳᠠᠭ᠎ᠠ ᠪᠠᠷ ᠳᠡᠭᠡᠭᠰᠢ | ᠳᠠᠮᠵᠢᠭᠤᠯᠬᠤ᠂ ᠬᠠᠮᠢᠶ᠎ᠠ ᠪᠦᠬᠦᠢ ᠬᠢᠨᠠᠨ ᠲᠣᠭᠲᠠᠭᠠᠭᠰᠠᠨ ᠰᠠᠨᠠᠯ ᠵᠡᠷᠭᠡ ᠶᠠᠪᠤᠴᠠ ᠶᠢᠨ ᠮᠡᠳᠡᠭᠡ ᠵᠠᠩᠭᠢ ᠪᠠ ᠬᠢᠨᠠᠨ | ᠵᠥᠪᠰᠢᠶᠡᠷᠡᠭᠰᠡᠨ ᠦᠷ᠎ᠡ ᠳ᠋ᠦᠩ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠮᠲᠤᠪᠠᠷ ᠭᠥᠷᠳᠡᠬᠦ ᠶᠢ | ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ | ᠲᠥᠪ︶ | 33᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠲᠥᠷᠥᠯ ᠵᠦᠢᠯ ᠲᠣᠭᠲᠠᠭᠠᠬᠤ ᠠᠴᠠ ᠠᠵᠢᠯ ᠳᠠᠭᠤᠰᠤᠭᠰᠠᠨ ᠢ ᠰᠢᠯᠭᠠᠨ | ᠠᠪᠬᠤ ᠪᠠ ᠣᠯᠠᠨ ᠨᠡᠶᠢᠲᠡ ᠶᠢᠨ ᠪᠡᠯᠡᠳᠬᠡᠮᠵᠢ ᠶᠢ ᠵᠠᠯᠭᠠᠨ ᠣᠷᠣᠭᠤᠯᠬᠤ ᠦᠢᠯᠡᠴᠢᠯᠡᠭᠡᠨ ᠤ ᠪᠥᠬᠦ ᠴᠤᠪᠤᠷᠠᠯ ᠢ ᠬᠢᠨᠠᠨ | ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠪᠦᠬᠦᠨ ᠢ ᠴᠠᠬᠢᠮ ᠢᠶᠠᠷ ᠭᠦᠢᠴᠡᠳᠬᠡᠬᠦ ᠶᠢ ᠪᠡᠶᠡᠯᠡᠭᠦᠯᠵᠦ᠂ ᠨᠢᠭᠡᠳᠦᠯᠲᠡᠢ | ᠣᠷᠣᠭᠤᠯᠬᠤ᠂ ᠨᠢᠭᠡᠳᠦᠯᠲᠡᠢ ᠭᠤᠶᠤᠴᠢᠯᠠᠨ ᠮᠡᠳᠡᠭᠦᠯᠬᠦ᠂ ᠴᠤᠪᠤᠷᠠᠯ ᠢ ᠲᠥᠷᠥᠯ ᠬᠤᠪᠢᠶᠠᠬᠤ᠂ ᠨᠢᠭᠡᠳᠦᠯᠲᠡᠢ | ᠮᠠᠲ᠋ᠧᠷᠢᠶᠠᠯ ᠭᠠᠷᠭᠠᠬᠤ ᠶᠢ ᠪᠡᠶᠡᠯᠡᠭᠦᠯᠦᠨ᠂ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ | ᠪᠡᠯᠡᠳᠬᠡᠮᠵᠢ ᠶᠢᠨ ᠢᠨᠵᠧᠨᠧᠷᠢᠩ ᠤᠨ ᠲᠥᠷᠥᠯ ᠵᠦᠢᠯ ᠢ ᠪᠦᠬᠦᠨ ᠢ ᠬᠠᠮᠤᠷᠬᠤ᠂ ᠬᠢᠨᠠᠨ ᠵᠥᠪᠰᠢᠶᠡᠷᠡᠬᠦ ᠪᠥᠬᠦ ᠴᠤᠪᠤᠷᠠᠯ | ᠂ ᠲᠤᠭ᠎ᠠ ᠪᠠᠷᠢᠮᠲᠠ ᠶᠢ ᠪᠦᠬᠦᠨ ᠢ ᠴᠤᠭᠯᠠᠭᠤᠯᠬᠤ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠲᠣᠮᠣ ᠳ᠋ᠠᠶᠢᠲ᠋ᠠ ᠶᠢᠨ ᠲᠥᠪ︶ | 34᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠤᠪᠤᠷᠠᠯ ᠢ | ᠴᠢᠨᠠᠭᠰᠢᠳᠠ ᠳᠥᠭᠦᠮᠴᠢᠯᠡᠵᠦ᠂ ᠴᠢᠬᠤᠯᠠ ᠶᠡᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠭᠠᠷᠭᠠᠪᠠᠯ᠂ ᠡᠩ ᠤᠨ ᠨᠡᠶᠢᠭᠡᠮ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠲᠥᠷᠥᠯ ᠵᠦᠢᠯ ᠲᠣᠭᠲᠠᠭᠠᠬᠤ | ᠠᠴᠠ ᠠᠪᠤᠭᠠᠳ ᠪᠠᠷᠢᠯᠭ᠎ᠠ ᠳᠠᠭᠤᠰᠴᠤ ᠰᠢᠯᠭᠠᠨ ᠠᠪᠬᠤ ᠳᠤ 75 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ | ᠦᠭᠡᠢ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | 35᠂ ᠨᠡᠶᠢᠭᠡᠮ ᠤᠨ ᠪᠡᠯᠡ ᠣᠷᠣᠭᠤᠯᠤᠯᠲᠠ ᠶᠢᠨ ᠲᠥᠬᠦᠮ ᠪᠥᠭᠡᠳ ᠡᠷᠡᠰᠳᠡᠯ ᠪᠠᠭᠠᠲᠠᠢ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠵᠦ᠂ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠤᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠪᠠ ᠪᠠᠷᠢᠯᠭ᠎ᠠ ᠪᠠᠷᠢᠬᠤ | ᠵᠥᠪᠰᠢᠶᠡᠷᠡᠯ ᠤᠨ ᠦᠨᠡᠮᠯᠡᠯ ᠢ ᠵᠡᠷᠭᠡ ᠳᠤᠨᠢ ᠭᠦᠢᠴᠡᠳᠬᠡᠵᠦ᠂ ᠬᠡᠰᠡᠭ ᠠᠯᠪᠠᠳᠠᠯᠭ᠎ᠠ ᠶᠢᠨ ᠴᠢᠨᠠᠷᠲᠠᠢ ᠦᠨᠡᠯᠡᠨ ᠵᠢᠱᠢᠵᠦ | ᠦᠨᠡᠯᠡᠬᠦ ᠶᠢ ᠠᠶᠤᠯ ᠡᠷᠡᠰᠳᠡᠯ ᠪᠠᠭᠠᠲᠠᠢ ᠲᠦᠬᠦᠮ ᠵᠦᠢᠯᠡᠰ ᠤᠨ ᠬᠠᠮᠤᠷᠬᠤ ᠬᠡᠪᠴᠢᠶ᠎ᠡ ᠶᠢ ᠱᠠᠲᠤ ᠳᠠᠷᠠᠭ᠎ᠠ ᠲᠠᠢ ᠪᠠᠷ | ᠥᠷᠭᠡᠳᠬᠡᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ︶ | 36᠂ ᠲᠥᠷᠥᠯ ᠵᠦᠢᠯ ᠤᠨ ᠨᠥᠭᠡᠴᠡᠯᠡᠬᠦ ᠬᠥᠮᠥᠷᠭᠡ ᠪᠠ ᠬᠡᠷᠡᠭᠵᠢᠭᠦᠯᠬᠦ ᠬᠥᠮᠥᠷᠭᠡ ᠶᠢᠨ ᠬᠢᠨᠠᠨ ᠬᠠᠷᠭᠤᠭᠤᠯᠤᠯᠲᠠ ᠶᠢ | ᠰᠠᠶᠢᠲᠤᠷ ᠠᠳᠬᠤᠵᠤ᠂ ᠲᠥᠷᠥᠯ ᠵᠦᠢᠯ ᠤᠨ ᠨᠢᠭᠡᠴᠡ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠥᠷᠥ ᠶᠢᠨ | ᠪᠣᠳᠣᠯᠭ᠎ᠠ ᠪᠠᠷ ᠬᠠᠪᠰᠤᠷᠤᠨ ᠵᠢᠯᠤᠭᠤᠳᠬᠤ᠂ ᠲᠥᠯᠦᠪᠵᠢᠭᠦᠯᠭᠡ ᠪᠠᠷ ᠬᠥᠲᠥᠯᠥᠨ ᠵᠢᠯᠤᠭᠤᠳᠬᠤ᠂ ᠲᠤᠬᠠᠶᠢᠯᠠᠭᠰᠠᠨ | ᠠᠵᠢᠯ ᠢᠶᠠᠷ ᠵᠢᠯᠤᠭᠤᠳᠬᠤ ᠵᠡᠷᠭᠡ ᠦᠢᠯᠡᠴᠢᠯᠡᠭᠡ ᠶᠢ ᠲᠤᠰᠢᠶᠠᠵᠤ᠂ ᠲᠥᠷᠥᠯ ᠵᠦᠢᠯ ᠤᠨ ᠬᠡᠷᠡᠭᠯᠡᠬᠦ ᠭᠠᠵᠠᠷ ᠤᠨ | ᠨᠡᠪᠲᠡᠷᠡᠬᠦ ᠵᠠᠮ ᠳᠤ ᠤᠷᠢᠳᠴᠢᠯᠠᠨ ᠣᠷᠣᠯᠴᠠᠵᠤ ᠬᠠᠪᠰᠤᠷᠤᠨ ᠰᠢᠯᠤᠭᠤᠳᠬᠠᠵᠤ᠂ ᠲᠣᠭᠤᠷᠢᠤ ᠵᠠᠮ ᠢᠶᠠᠷ ᠶᠠᠪᠤᠬᠤ᠂ | ᠤᠯᠠᠭᠠᠨ ᠱᠤᠭᠤᠮ ᠲᠠᠢ ᠮᠥᠷᠭᠦᠯᠳᠦᠬᠦ ᠠᠴᠠ ᠵᠠᠶᠢᠯᠠᠰᠬᠢᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ | ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠤᠢ ᠰᠢᠭᠤᠢ ᠡᠪᠡᠰᠦ ᠪᠡᠯᠴᠢᠭᠡᠷ ᠤᠨ | ᠲᠣᠪᠴᠢᠶ᠎ᠠ︶ | 37. ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠥᠰᠥᠪᠯᠡᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ | ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠥᠰᠥᠯ ᠲᠠᠢ ᠪᠠᠷ ᠰᠢᠯᠵᠢᠭᠦᠯᠦᠨ ᠬᠤᠳᠠᠯᠳᠤᠬᠤ᠂ ᠭᠠᠵᠠᠷ ᠰᠢᠷᠣᠢ | ᠠᠪᠤᠪᠠᠯ ᠳᠠᠷᠤᠢ ᠠᠵᠢᠯ ᠡᠬᠢᠯᠡᠭᠦᠯᠬᠦ ᠶᠢ ᠱᠠᠲᠤ ᠳᠠᠷᠠᠭ᠎ᠠ ᠲᠠᠢ ᠪᠠᠷ ᠪᠡᠶᠡᠯᠡᠭᠦᠯᠵᠦ᠂ ᠠᠵᠤ ᠠᠬᠤᠶᠢᠯᠠᠯ ᠤᠳ ᠭᠠᠵᠠᠷ | ᠰᠢᠷᠣᠢ ᠰᠢᠯᠵᠢᠭᠦᠯᠦᠨ ᠬᠤᠳᠠᠯᠳᠤᠬᠤ ᠭᠡᠷ᠎ᠡ ᠲᠣᠭᠲᠠᠭᠰᠠᠨ ᠤ ᠳᠠᠷᠠᠭ᠎ᠠ᠂ 1 ᠠᠵᠢᠯᠯᠠᠬᠤ ᠡᠳᠦᠷ ᠤᠨ ᠳᠣᠲᠣᠷ᠎ᠠ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠠᠷᠢᠯᠭ᠎ᠠ ᠶᠢᠨ | ᠠᠵᠢᠯ ᠬᠢᠬᠦ ᠵᠥᠪᠰᠢᠶᠡᠷᠡᠯ ᠤᠨ ᠦᠨᠡᠮᠯᠡᠯ ᠢ ᠣᠯᠵᠤ᠂ ᠭᠠᠵᠠᠷ ᠰᠢᠷᠣᠢ ᠰᠢᠯᠵᠢᠭᠦᠯᠦᠨ ᠬᠤᠳᠠᠯᠳᠤᠭᠰᠠᠨ ᠮᠥᠩᠭᠦ ᠪᠠ | ᠬᠠᠮᠢᠶ᠎ᠠ ᠪᠦᠬᠦᠢ ᠭᠠᠶᠢᠯᠢ ᠰᠦᠢᠳᠬᠡᠯ ᠢ ᠨᠢᠭᠡ ᠤᠳᠠᠭ᠎ᠠ ᠪᠠᠷ ᠲᠤᠰᠢᠶᠠᠵᠤ ᠳᠠᠭᠤᠰᠬᠠᠪᠠᠯ ᠥᠯᠥ ᠬᠥᠳᠡᠯᠬᠦ | ᠬᠥᠷᠥᠩᠭᠡ ᠶᠢᠨ ᠡᠷᠬᠡ ᠶᠢᠨ ᠦᠨᠡᠮᠯᠡᠯ ᠢ ᠵᠡᠷᠭᠡ ᠳᠤᠨᠢ ᠭᠤᠶᠤᠴᠢᠯᠠᠨ ᠭᠦᠢᠴᠡᠳᠬᠡᠵᠦ ᠪᠣᠯᠣᠨ᠎ᠠ᠃ ︵ᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠳᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠰᠣᠶᠣᠯ ᠪᠠ ᠵᠢᠭᠤᠯᠴᠢᠯᠠᠯ ᠤᠨ | ᠲᠢᠩᠬᠢᠮ᠂ ᠥᠪᠥᠷ ᠮᠣᠩᠭᠤᠯ ᠤᠨ ᠭᠠᠵᠠᠷ ᠬᠥᠳᠡᠯᠦᠯᠲᠡ ᠶᠢᠨ ᠲᠣᠪᠴᠢᠶ᠎ᠠ︶ | 38. ᠠᠭᠠᠷ ᠤᠨ ᠠᠶᠠᠯᠠᠯ ᠤᠨ ᠪᠣᠬᠢᠷᠳᠤᠯ ᠦᠭᠡᠢ ᠠᠭᠠᠷ ᠤᠨ ᠲᠤᠭ᠎ᠠ ᠪᠠᠷᠢᠮᠲᠠ᠂ ᠴᠠᠭ ᠠᠭᠤᠷ ᠤᠨ ᠬᠠᠶᠢᠨ | ᠬᠡᠮᠵᠢᠯᠲᠡ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠲᠤᠭ᠎ᠠ ᠪᠠᠷᠢᠮᠲᠠ ᠶᠢ ︽ᠣᠯᠠᠨ ᠲᠥᠯᠦᠪᠵᠢᠭᠦᠯᠭᠡ ᠶᠢ | ᠨᠡᠶᠢᠯᠡᠭᠦᠯᠦᠨ ᠨᠢᠭᠡ ᠪᠣᠯᠭᠠᠬᠤ︾ ᠲᠠᠪᠴᠠᠩ ᠳᠤ ᠣᠷᠣᠭᠤᠯᠤᠨ᠎ᠠ᠃ ᠭᠠᠵᠠᠷ ᠰᠢᠷᠣᠢ ᠶᠢᠨ ᠳᠠᠭᠠᠭᠠᠴᠢᠯᠠᠯᠲᠠ ᠵᠠᠷᠯᠠᠬᠤ | ᠪᠠ ᠫᠠᠶᠢᠰᠠ ᠡᠯᠭᠦᠬᠦ ᠠᠴᠠ ᠡᠮᠦᠨ᠎ᠡ ᠪᠣᠬᠢᠷᠳᠤᠯ ᠦᠭᠡᠢ ᠠᠭᠠᠷ ᠤᠨ ᠬᠠᠮᠢᠶᠠᠷᠤᠯᠲᠠ ᠳᠤ ᠬᠤᠯᠪᠣᠭᠳᠠᠬᠤ ᠲᠥᠷᠥᠯ | ᠵᠦᠢᠯ ᠤᠨ ᠪᠠᠷᠢᠯᠭ᠎ᠠ ᠶᠢᠨ ᠥᠨᠳᠥᠷ ᠢ ᠬᠢᠵᠠᠭᠠᠷᠯᠠᠬᠤ ᠱᠠᠭᠠᠷᠳᠠᠯᠭ᠎ᠠ ᠶᠢ ᠲᠥᠯᠥᠪᠵᠢᠭᠦᠯᠵᠦ ᠵᠢᠷᠤᠭᠯᠠᠨ ᠲᠥᠯᠥᠪᠯᠡᠬᠦ | ᠨᠥᠬᠦᠴᠡᠯ ᠳᠤ ᠲᠣᠳᠣᠷᠬᠠᠶᠢᠯᠠᠵᠤ᠂ ᠪᠤᠰᠤᠳ ᠬᠢᠨᠠᠨ ᠵᠥᠪᠰᠢᠶᠡᠷᠡᠬᠦ ᠭᠤᠭᠴᠤᠭ᠎ᠠ ᠳᠤ ᠠᠷᠠᠳ ᠤᠨ ᠠᠭᠠᠷ ᠤᠨ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠳᠠᠭᠢᠵᠤ ᠬᠤᠷᠢᠶᠠᠬᠤ ᠦᠭᠡᠢ᠃ ︵ | ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ᠂ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ︶ | 39᠂ ᠪᠠᠷᠢᠯᠭ᠎ᠠ ᠶᠢᠨ ᠵᠢᠷᠤᠭ ᠤᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ | ᠥᠭᠡᠷᠡᠴᠢᠯᠡᠯᠲᠡ ᠶᠢ ᠰᠠᠶᠢᠵᠢᠷᠠᠭᠤᠯᠵᠦ᠂ 2022 ᠣᠨ ᠳᠤ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠠᠴᠠ | ᠬᠡᠯᠲᠦᠷᠢᠭᠦᠯᠬᠦ ᠲᠥᠷᠥᠯ ᠵᠦᠢᠯ ᠤᠨ ᠲᠥᠷᠥᠯ ᠬᠡᠯᠪᠡᠷᠢ ᠶᠢᠨ ᠨᠠᠷᠢᠨ ᠵᠢᠭᠰᠠᠭᠠᠯᠲᠠ ᠶᠢ ᠨᠡᠶᠢᠲᠡᠯᠡᠨ᠎ᠡ᠃ ︵ᠥᠪᠡᠷᠲᠡᠭᠡᠨ | ᠵᠠᠰᠠᠬᠤ ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶ | 40᠂ ︽ᠣᠯᠠᠨ ᠬᠡᠮᠵᠢᠯᠲᠡ ᠶᠢ ᠨᠡᠶᠢᠯᠡᠭᠦᠯᠦᠨ ᠨᠢᠭᠡ ᠪᠣᠯᠭᠠᠬᠤ︾ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠵᠤ᠂ ︽ | ᠣᠯᠠᠨ ᠬᠡᠮᠵᠢᠯᠲᠡ ᠶᠢ ᠨᠡᠶᠢᠯᠡᠭᠦᠯᠦᠨ ᠨᠢᠭᠡ ᠪᠣᠯᠭᠠᠬᠤ︾ ᠬᠡᠮᠵᠢᠨ ᠵᠢᠷᠤᠭᠰᠠᠨ ᠦᠷ᠎ᠡ ᠪᠦᠲᠦᠭᠡᠯ ᠢ ᠰᠢᠯᠭᠠᠨ ᠠᠪᠬᠤ᠂ | ᠳᠠᠩᠰᠠᠯᠠᠬᠤ ᠱᠠᠲᠤᠨ ᠳᠤ ᠡᠯ᠎ᠡ ᠰᠠᠯᠠᠭ᠎ᠠ ᠮᠥᠴᠢᠷ ᠤᠳ ᠬᠠᠮᠲᠤᠪᠠᠷ ᠭᠥᠷᠳᠡᠬᠦ ᠪᠠ ᠬᠡᠷᠡᠭᠯᠡᠬᠦ ᠶᠢ ᠴᠢᠩᠭᠠᠷᠠᠭᠤᠯᠵᠤ᠂ | ᠳᠠᠪᠬᠤᠷᠳᠠᠭᠤᠯᠤᠨ ᠬᠡᠮᠵᠢᠨ ᠵᠢᠷᠤᠬᠤ ᠠᠴᠠ ᠵᠠᠶᠢᠯᠠᠰᠬᠢᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ︶ | 41᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠢ | ᠪᠠᠷᠢᠮᠵᠢᠶᠠᠵᠢᠭᠤᠯᠬᠤ᠂ ᠵᠢᠷᠤᠮᠵᠢᠭᠤᠯᠤᠨ ᠬᠠᠮᠢᠶᠠᠷᠬᠤ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠬᠤᠷᠠᠮᠠᠯ | ᠦᠢᠯᠡᠴᠢᠯᠡᠭᠡᠨ ᠤ ᠵᠠᠭᠪᠤᠷ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠢᠭᠤᠴᠠ ᠳᠤ ᠬᠤᠯᠪᠣᠭᠳᠠᠬᠤ ᠵᠦᠢᠯᠡᠰ ᠢ | ᠭᠠᠷᠭᠠᠪᠠᠯ᠂ ᠪᠤᠰᠤᠳ ᠵᠦᠢᠯᠡᠰ ᠢ ᠶᠡᠷᠦᠩᠬᠡᠶᠢᠯᠡᠭᠰᠡᠨ ᠴᠣᠩᠬᠤᠪᠴᠢ ᠪᠤᠶᠤ ᠴᠠᠬᠢᠮ ᠲᠠᠪᠴᠠᠩ ᠢᠶᠠᠷ ᠳᠠᠮᠵᠢᠭᠤᠯᠤᠨ | ᠭᠥᠯᠢᠶᠡᠨ ᠠᠪᠴᠤ ᠰᠢᠢᠳᠪᠦᠷᠢᠯᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠬᠢᠭᠡᠳ ᠡᠯ᠎ᠡ | ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠬᠤᠭᠤᠷᠣᠨᠳᠣᠬᠢ ᠡᠷᠭᠢᠯᠲᠡ ᠶᠢᠨ ᠲᠠᠰ ᠳᠠᠷᠠᠭᠠᠯᠠᠯ ᠢ ᠰᠢᠯᠢᠳᠡᠭᠵᠢᠭᠦᠯᠵᠦ᠂ | ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ︶ | 42᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠵᠠᠭᠤᠴᠢ ᠦᠢᠯᠡᠴᠢᠯᠡᠭᠡᠨ ᠤ ᠨᠠᠷᠢᠨ | ᠵᠢᠭᠰᠠᠭᠠᠯᠲᠠ ᠶᠢ ᠲᠣᠭᠲᠠᠭᠠᠵᠤ᠂ ︽ᠴᠢᠨᠠᠷ ᠴᠢᠨᠰᠠᠭ᠎ᠠ + ᠢᠲᠡᠭᠡᠯ ᠬᠦᠨᠳᠦ︾ ᠶᠢᠨ ᠬᠤᠣᠰ ᠭᠦᠢᠴᠡᠳᠬᠡᠯ | ᠲᠤᠭ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠣᠯᠣᠨ ᠨᠠᠶᠢᠳᠠᠭᠰᠠᠨ ᠨᠢᠭᠡᠴᠡ ᠠᠴᠠ ᠪᠡᠶᠡᠯᠡᠭᠦᠯᠬᠦ ᠴᠠᠭ ᠬᠤᠭᠤᠴᠠᠭ᠎ᠠ᠂ ᠦᠢᠯᠡᠴᠢᠯᠡᠭᠡᠨ ᠤ ᠴᠢᠨᠠᠷ ᠴᠢᠨᠰᠠᠭ᠎ᠠ᠂ | ᠦᠨᠡᠨᠴᠢ ᠢᠲᠡᠭᠡᠮᠵᠢᠲᠡᠢ ᠪᠠᠶᠢᠬᠤ ᠵᠡᠷᠭᠡ ᠲᠠᠯ᠎ᠠ ᠪᠠᠷ ᠶᠡᠷᠦᠩᠬᠡᠶᠢᠯᠡᠨ ᠦᠨᠡᠯᠡᠬᠦ ᠶᠢᠨ ᠬᠠᠮᠲᠤ ᠦᠷ᠎ᠡ ᠳ᠋ᠦᠩ ᠢ ᠢᠯᠡ | ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ︶ | 43. ᠣᠷᠣᠨ ᠪᠦᠰᠡ ᠶᠢᠨ ᠦᠨᠡᠯᠡᠨ ᠵᠢᠱᠢᠬᠦ ᠲᠣᠭᠲᠠᠴᠠ ᠪᠠ ᠪᠠᠷᠢᠮᠵᠢᠶ᠎ᠠ ᠶᠢ ᠪᠠᠶᠢᠭᠤᠯᠬᠤ ᠪᠤᠶᠤ ᠲᠣᠳᠣᠷᠬᠠᠶᠢᠯᠠᠵᠤ᠂ | ᠬᠠᠮᠢᠶ᠎ᠠ ᠪᠦᠬᠦᠢ ᠣᠷᠣᠨ ᠪᠦᠰᠡ ᠶᠢᠨ ᠦᠨᠡᠯᠡᠨ ᠵᠢᠱᠢᠯᠲᠡ ᠶᠢᠨ ᠪᠠᠷᠢᠮᠵᠢᠶᠠᠵᠢᠭᠤᠯᠤᠭᠰᠠᠨ ᠠᠵᠢᠯᠯᠠᠭᠠᠨ ᠤ | ᠵᠢᠷᠤᠮᠵᠢᠯ ᠢ ᠲᠣᠭᠲᠠᠭᠠᠨ ᠨᠡᠶᠢᠲᠡᠯᠡᠬᠦ ᠪᠤᠶᠤ ᠲᠣᠳᠣᠷᠬᠠᠶᠢᠯᠠᠵᠤ᠂ ᠣᠷᠣᠨ ᠪᠦᠰᠡ ᠶᠢᠨ ᠦᠨᠡᠯᠡᠨ ᠵᠢᠱᠢᠯᠲᠡ ᠶᠢ | ᠥᠷᠨᠢᠭᠦᠯᠬᠦ ᠵᠦᠢᠯᠡᠰ ᠤᠨ ᠨᠠᠷᠢᠨ ᠵᠢᠭᠰᠠᠭᠠᠯᠲᠠ ᠶᠢ ᠲᠣᠳᠣᠷᠬᠠᠶᠢᠯᠠᠵᠤ᠂ ᠣᠷᠣᠨ ᠪᠦᠰᠡ ᠶᠢᠨ ᠦᠨᠡᠯᠡᠨ ᠵᠢᠱᠢᠯᠲᠡ ᠶᠢ | ᠪᠡᠶᠡᠯᠡᠭᠦᠯᠦᠭᠰᠡᠨ ᠤ ᠳᠠᠷᠠᠭ᠎ᠠ ᠮᠥᠨ ᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠦᠨᠡᠯᠡᠨ ᠵᠢᠱᠢᠵᠦ | ᠬᠢᠨᠠᠨ ᠲᠣᠭᠲᠠᠭᠠᠬᠤ ᠨᠠᠵᠠᠭᠠᠢ ᠲᠠᠯ᠎ᠠ ᠶᠢᠨ ᠨᠠᠷᠢᠨ ᠵᠢᠭᠰᠠᠭᠠᠯᠲᠠ ᠪᠤᠶᠤ ᠵᠥᠪ ᠲᠠᠯ᠎ᠠ ᠶᠢᠨ ᠨᠠᠷᠢᠨ ᠵᠢᠭᠰᠠᠭᠠᠯᠲᠠ᠂ | ᠮᠡᠷᠭᠡᠵᠢᠯ ᠤᠨ ᠪᠠᠷᠢᠮᠵᠢᠶ᠎ᠠ᠂ ᠬᠡᠷᠡᠭᠯᠡᠬᠦ ᠨᠥᠬᠦᠴᠡᠯ᠂ ᠬᠡᠷᠡᠭᠵᠢᠭᠦᠯᠬᠦ ᠬᠡᠪᠴᠢᠶ᠎ᠡ᠂ ᠦᠨᠡᠯᠡᠨ ᠵᠢᠱᠢᠭᠰᠡᠨ | ᠮᠡᠳᠡᠭᠦᠯᠦᠯᠲᠡ ᠶᠢ ᠬᠢᠨᠠᠨ ᠵᠥᠪᠰᠢᠶᠡᠷᠡᠵᠦ ᠬᠢᠨᠠᠨ ᠲᠣᠭᠲᠠᠭᠠᠬᠤ ᠴᠤᠪᠤᠷᠠᠯ ᠵᠢᠴᠢ ᠠᠮᠠᠯᠠᠯᠲᠠ ᠶᠢᠨ ᠳᠦᠷᠢᠮ ᠢ | ᠬᠡᠷᠡᠭᠵᠢᠭᠦᠯᠬᠦ ᠪᠣᠳᠠᠲᠠᠢ ᠠᠷᠭ᠎ᠠ ᠬᠡᠮᠵᠢᠶ᠎ᠡ ᠵᠡᠷᠭᠡ ᠳᠤ ᠦᠨᠡᠯᠡᠨ ᠵᠢᠱᠢᠭᠰᠡᠨ ᠦᠷ᠎ᠡ ᠳ᠋ᠦᠩ ᠢ ᠴᠠᠭ ᠲᠤᠬᠠᠢ ᠳᠤᠨᠢ | ᠢᠯᠡ ᠪᠣᠯᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠠᠮᠢ ᠠᠬᠤᠢ ᠶᠢᠨ ᠣᠷᠴᠢᠨ ᠨᠥᠬᠦᠴᠡᠯ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠰᠣᠶᠣᠯ | ᠪᠠ ᠵᠢᠭᠤᠯᠴᠢᠯᠠᠯ ᠤᠨ ᠲᠢᠩᠬᠢᠮ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠡᠦᠬᠡ ᠶᠢᠨ ᠳᠤᠷᠠᠰᠬᠠᠯᠲᠤ ᠵᠦᠢᠯ ᠤᠨ | ᠲᠣᠪᠴᠢᠶ᠎ᠠ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ᠂ ᠭᠠᠵᠠᠷ ᠬᠥᠳᠡᠯᠦᠯᠲᠡ ᠶᠢᠨ ᠲᠣᠪᠴᠢᠶ᠎ᠠ︶ | 44. ᠣᠷᠣᠨ ᠪᠦᠰᠡ ᠶᠢᠨ ᠦᠨᠡᠯᠡᠨ ᠵᠢᠱᠢᠯᠲᠡ ᠶᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠳᠤ ᠬᠠᠮᠤᠷᠤᠭᠤᠯᠤᠨ ᠡᠯ᠎ᠡ ᠱᠠᠲᠤᠨ ᠤ ᠠᠵᠤ | ᠦᠢᠯᠡᠰ ᠤᠨ ᠬᠦᠷᠢᠶᠡᠯᠡᠩ ᠲᠣᠭᠤᠷᠢᠭ ᠲᠤ ᠣᠷᠣᠨ ᠪᠦᠰᠡ ᠶᠢᠨ ᠶᠡᠷᠦᠩᠬᠡᠶᠢᠯᠡᠭᠰᠡᠨ ᠦᠨᠡᠯᠡᠨ ᠵᠢᠱᠢᠯᠲᠡ ᠶᠢ | ᠬᠡᠷᠡᠭᠵᠢᠭᠦᠯᠵᠦ᠂ ᠨᠠᠵᠠᠭᠠᠢ ᠲᠠᠯ᠎ᠠ ᠶᠢᠨ ᠨᠠᠷᠢᠨ ᠵᠢᠭᠰᠠᠭᠠᠯᠲᠠ ᠠᠴᠠ ᠭᠠᠳᠠᠨ᠎ᠠ᠂ ᠵᠠᠬ᠎ᠠ ᠳᠡᠯᠭᠡᠭᠦᠷ ᠤᠨ ᠡᠵᠡᠩᠨᠡᠭᠴᠢᠳ | ᠨᠢ ᠣᠷᠣᠨ ᠪᠦᠰᠡ ᠶᠢᠨ ᠦᠨᠡᠯᠡᠨ ᠵᠢᠱᠢᠯᠲᠡ ᠶᠢ ᠨᠢᠭᠡᠨᠲᠡ ᠪᠡᠶᠡᠯᠡᠭᠦᠯᠦᠭᠰᠡᠨ ᠣᠷᠣᠨ ᠪᠦᠰᠡ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠳᠠᠭᠢᠵᠤ ᠵᠣᠬᠢᠬᠤ ᠦᠨᠡᠯᠡᠨ ᠵᠢᠱᠢᠵᠦ ᠬᠢᠨᠠᠨ ᠲᠣᠭᠲᠠᠭᠠᠬᠤ ᠴᠢᠬᠤᠯᠠ | ᠦᠭᠡᠢ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠵᠤ ᠦᠢᠯᠡᠳᠪᠦᠷᠢ | ᠪᠠ ᠮᠡᠳᠡᠭᠡ ᠵᠠᠩᠭᠢᠵᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠰᠤᠨ | ᠠᠰᠢᠭᠯᠠᠯᠲᠠ ᠶᠢᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠣᠷᠣᠨ ᠰᠠᠭᠤᠴᠠ ᠪᠠ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ | ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ᠂ ᠭᠠᠵᠠᠷ | ᠬᠥᠳᠡᠯᠦᠯᠲᠡ ᠶᠢᠨ ᠲᠣᠪᠴᠢᠶ᠎ᠠ︶ | 45᠂ ᠪᠠᠷᠢᠯᠭ᠎ᠠ ᠶᠢᠨ ᠴᠢᠨᠠᠷ ᠴᠢᠨᠰᠠᠭ᠎ᠠ ᠶᠢᠨ ᠳᠠᠯᠳᠠ ᠬᠡᠮ ᠡᠷᠡᠰᠳᠡᠯ ᠤᠨ ᠳᠠᠭᠠᠳᠬᠠᠯ ᠤᠨ ᠬᠠᠮᠢᠶᠠᠷᠤᠯᠲᠠ ᠶᠢᠨ | ᠲᠤᠷᠰᠢᠨ ᠬᠡᠷᠡᠭᠵᠢᠭᠦᠯᠬᠦ ᠠᠷᠭ᠎ᠠ ᠶᠢ ᠲᠣᠭᠲᠠᠭᠠᠵᠤ᠂ ᠲᠤᠷᠰᠢᠯᠲᠠ ᠶᠢᠨ ᠴᠢᠭ᠋ ᠤᠨ ᠭᠠᠵᠠᠷ ᠣᠷᠣᠨ ᠢ ᠰᠣᠩᠭᠤᠨ ᠲᠣᠰ | ᠳᠦᠷᠢᠮ ᠢ ᠬᠡᠷᠡᠭᠵᠢᠭᠦᠯᠬᠦ ᠶᠢ ᠰᠦᠪᠡᠭᠴᠢᠯᠡᠨ᠂ ᠣᠷᠣᠨ ᠰᠠᠭᠤᠴᠠ ᠶᠢᠨ ᠪᠠᠷᠢᠯᠭ᠎ᠠ ᠳᠤ᠂ ᠪᠦᠲᠦᠭᠡᠨ ᠪᠠᠶᠢᠭᠤᠯᠬᠤ | ᠨᠢᠭᠡᠴᠡ ᠨᠢ ᠪᠠᠷᠢᠯᠭ᠎ᠠ ᠶᠢᠨ ᠴᠢᠨᠠᠷ ᠴᠢᠨᠰᠠᠭ᠎ᠠ ᠶᠢᠨ ᠳᠠᠯᠳᠠ ᠬᠡᠮ ᠡᠷᠡᠰᠳᠡᠯ ᠤᠨ ᠳᠠᠭᠠᠳᠬᠠᠯ ᠢ ᠬᠤᠳᠠᠯᠳᠤᠨ | ᠠᠪᠬᠤ ᠪᠠᠷ ᠳᠠᠮᠵᠢᠭᠤᠯᠤᠨ᠂ ᠳᠠᠭᠠᠳᠬᠠᠯ ᠤᠨ ᠺᠣᠮᠫᠠᠨᠢ ᠠᠴᠠ ᠲᠤᠰᠬᠠᠢ ᠪᠠᠶᠢᠭᠤᠯᠤᠮᠵᠢ ᠳᠤ ᠨᠠᠶᠢᠳᠠᠵᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠳᠤ ᠬᠠᠮᠢᠶᠠᠷᠤᠯᠲᠠ ᠶᠢ ᠬᠡᠷᠡᠭᠵᠢᠭᠦᠯᠦᠨ᠂ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠡᠷᠡᠰᠳᠡᠯ ᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠥᠪᠥᠷ | ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 46᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠪᠠᠷᠢᠯᠭᠠᠴᠢᠨ ᠤ | ᠬᠠᠷᠢᠭᠤᠴᠠᠯᠭ᠎ᠠ ᠶᠢᠨ ᠳᠦᠷᠢᠮ ᠤᠨ ᠲᠤᠷᠰᠢᠯᠲᠠ ᠶᠢ ᠭᠤᠶᠤᠴᠢᠯᠠᠨ ᠮᠡᠳᠡᠭᠦᠯᠵᠦ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠲᠠᠰ ᠳᠠᠷᠠᠭᠠᠯᠠᠯ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠪᠠ ᠲᠥᠷᠥᠯ ᠵᠦᠢᠯ ᠤᠨ | ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ | ᠴᠠᠷᠠᠭ᠎ᠠ ᠳᠤ ᠠᠵᠢᠯ ᠡᠷᠭᠢᠯᠡᠬᠦ ᠬᠥᠮᠥᠰ ᠢᠶᠠᠷ ᠡᠵᠡᠩᠨᠡᠭᠴᠢᠳ ᠪᠣᠯᠭᠠᠭᠰᠠᠨ ᠪᠠᠷᠢᠯᠭ᠎ᠠ ᠶᠢᠨ ᠬᠠᠷᠢᠭᠤᠴᠠᠯᠭ᠎ᠠ ᠶᠢᠨ | ᠳᠠᠭᠠᠳᠬᠠᠯ ᠤᠨ ᠰᠢᠰᠲ᠋ᠧᠮᠵᠢ ᠶᠢ ᠪᠠᠶᠢᠭᠤᠯᠬᠤ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶ | 47᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠵᠢᠭᠤᠷᠠᠯᠳᠤᠭᠠᠨ ᠢ ᠬᠥᠨᠳᠡᠯᠡᠨ ᠠᠴᠠ | ᠲᠠᠰᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠰᠬᠠᠢ ᠮᠡᠷᠭᠡᠵᠢᠯᠲᠡᠨ ᠤ ᠬᠥᠮᠥᠷᠭᠡ ᠪᠠ | ᠬᠥᠨᠳᠡᠯᠡᠨ ᠠᠴᠠ ᠲᠠᠰᠤᠯᠤᠭᠴᠢ ᠶᠢᠨ ᠡᠩᠨᠡᠭᠡ ᠶᠢ ᠪᠠᠶᠢᠭᠤᠯᠤᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠬᠦᠷᠢᠶ᠎ᠡ ᠴᠠᠷᠠᠭ᠎ᠠ ᠶᠢᠨ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠶᠢᠨ ᠰᠢᠢᠳᠪᠦᠷᠢᠯᠡᠬᠦ ᠴᠢᠳᠠᠪᠤᠷᠢ᠂ ᠣᠯᠠᠨ | ᠨᠡᠶᠢᠲᠡ ᠶᠢ ᠢᠲᠡᠭᠡᠭᠦᠯᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠬᠠᠤᠯᠢ ᠴᠠᠭᠠᠵᠠ ᠶᠢᠨ ᠲᠢᠩᠬᠢᠮ︶ | 48᠂ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠬᠤ ᠶᠢᠨ | ᠬᠡᠷᠡᠭᠵᠢᠭᠦᠯᠬᠦ ᠲᠥᠰᠥᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ | ᠵᠦᠢᠯ ᠳᠤ ᠣᠯᠠᠨ ᠰᠠᠯᠠᠭ᠎ᠠ ᠮᠥᠴᠢᠷ ᠬᠠᠮᠲᠤᠷᠠᠨ ᠰᠢᠯᠭᠠᠨ ᠬᠤᠷᠢᠶᠠᠬᠤ ᠶᠢ ᠥᠷᠨᠢᠭᠦᠯᠵᠦ᠂ ᠰᠢᠯᠭᠠᠨ ᠬᠤᠷᠢᠶᠠᠬᠤ | ᠦᠢᠯᠡᠴᠢᠯᠡᠭᠡ ᠶᠢ ᠴᠢᠨᠠᠭᠰᠢᠳᠠ ᠴᠢᠩᠭᠠᠷᠠᠭᠤᠯᠤᠨ᠂ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠬᠤ ᠴᠤᠪᠤᠷᠠᠯ ᠢ | ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠬᠤ ᠲᠠᠰ ᠳᠠᠷᠠᠭᠠᠯᠠᠯ ᠢ | ᠳᠥᠭᠦᠮᠴᠢᠯᠡᠵᠦ᠂ ᠬᠠᠮᠲᠤᠷᠠᠨ ᠰᠢᠯᠭᠠᠨ ᠬᠤᠷᠢᠶᠠᠬᠤ ᠶᠢ ︽ᠨᠢᠭᠡ ᠯᠡ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ︾ | ︽ᠬᠠᠮᠵᠢᠯᠴᠠᠨ ᠠᠬᠢᠭᠤᠯᠬᠤ︾ ︽ᠨᠢᠭᠡ ᠯᠡ ᠳᠡᠭᠡᠷ᠎ᠡ ᠭᠠᠷᠭᠠᠬᠤ︾ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠥᠪᠥᠷ ᠮᠣᠩᠭᠤᠯ ᠤᠨ ᠭᠠᠵᠠᠷ ᠬᠥᠳᠡᠯᠦᠯᠲᠡ ᠶᠢᠨ ᠲᠣᠪᠴᠢᠶ᠎ᠠ︶ | 49᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠷᠥᠯ ᠠᠩᠭᠢᠯᠠᠯ ᠢ ᠴᠢᠨᠠᠭᠰᠢᠳᠠ | ᠨᠠᠷᠢᠯᠢᠭᠵᠢᠭᠤᠯᠵᠤ᠂ ᠠᠵᠤ ᠦᠢᠯᠡᠳᠪᠦᠷᠢ᠂ ᠬᠥᠮᠥᠷᠭᠡᠯᠡᠨ ᠬᠠᠳᠠᠭᠠᠯᠠᠬᠤ᠂ ᠣᠷᠣᠨ ᠰᠠᠭᠤᠴᠠ᠂ ᠬᠤᠳᠠᠯᠳᠤᠭ᠎ᠠ᠂ | ᠬᠤᠲᠠ ᠶᠢᠨ ᠶᠠᠪᠤᠳᠠᠯ᠂ ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ ᠮᠠᠯ ᠠᠵᠤ ᠠᠬᠤᠢ᠂ ᠰᠤᠷᠭᠠᠨ ᠬᠥᠮᠦᠵᠢᠯ᠂ | ᠡᠮᠴᠢᠯᠡᠭᠡ᠂ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ᠂ ᠬᠤᠲᠠ ᠶᠢ ᠰᠢᠨᠡᠳᠬᠡᠬᠦ ᠵᠡᠷᠭᠡ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ︽ᠭᠤᠣᠯ ᠰᠡᠳᠦᠪᠲᠦ ᠮᠠᠶ᠋ᠢᠭ︾ ᠤᠨ ︽ | ᠠᠬᠤᠢ ᠪᠠᠶᠢᠳᠠᠯ ᠤᠨ ᠮᠠᠶ᠋ᠢᠭ︾ ᠤᠨ ᠬᠢᠨᠠᠨ ᠵᠥᠪᠰᠢᠶᠡᠷᠡᠬᠦ ᠴᠤᠪᠤᠷᠠᠯ ᠢ ᠱᠠᠲᠤ ᠬᠤᠪᠢᠶᠠᠨ ᠲᠥᠷᠥᠯ ᠬᠤᠪᠢᠶᠠᠵᠤ | ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ | ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 50᠂ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠢᠨᠠᠨ ᠵᠥᠪᠰᠢᠶᠡᠷᠡᠬᠦ | ᠵᠦᠢᠯᠡᠰ ᠤᠨ ︽ᠣᠯᠠᠨ ᠵᠦᠢᠯ ᠢ ᠨᠡᠶᠢᠯᠡᠭᠦᠯᠦᠨ ᠨᠢᠭᠡ ᠪᠣᠯᠭᠠᠬᠤ︾ ᠥᠭᠡᠷᠡᠴᠢᠯᠡᠯᠲᠡ ᠶᠢ ᠬᠡᠷᠡᠭᠵᠢᠭᠦᠯᠵᠦ᠂ ᠪᠠᠷᠢᠯᠭ᠎ᠠ | ᠪᠠᠷᠢᠬᠤ ᠶᠢ ᠵᠥᠪᠰᠢᠶᠡᠷᠡᠬᠦ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠴᠢᠨᠠᠷ ᠴᠢᠨᠰᠠᠭ᠎ᠠ ᠶᠢᠨ ᠠᠮᠤᠷ | ᠲᠦᠪᠰᠢᠨ ᠳᠤ ᠬᠢᠨᠠᠯᠲᠠ ᠲᠠᠯᠪᠢᠬᠤ ᠭᠠᠷᠳᠠᠮ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠴᠢᠨᠠᠷ | ᠴᠢᠨᠰᠠᠭ᠎ᠠ ᠳᠤ ᠬᠢᠨᠠᠯᠲᠠ ᠲᠠᠯᠪᠢᠬᠤ ᠭᠠᠷᠳᠠᠮ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ | ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠪᠠᠶᠢᠭᠤᠯᠬᠤ ᠶᠣᠰᠣᠲᠠᠢ ᠠᠭᠠᠷ ᠤᠨ ᠰᠡᠷᠭᠡᠶᠢᠯᠡᠯᠲᠡ ᠶᠢᠨ ᠭᠠᠵᠠᠷ | ᠳᠣᠣᠷᠠᠬᠢ ᠭᠡᠷ ᠤᠨ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠲᠥᠷᠥᠯ ᠵᠦᠢᠯ ᠢ ᠮᠡᠳᠡᠭᠦᠯᠦᠨ ᠪᠠᠶᠢᠭᠤᠯᠬᠤ ᠶᠢ ᠬᠢᠨᠠᠨ | ᠵᠥᠪᠰᠢᠶᠡᠷᠡᠭᠦᠯᠬᠦ ᠶᠢ ᠨᠡᠶᠢᠯᠡᠭᠦᠯᠦᠨ ᠭᠦᠢᠴᠡᠳᠬᠡᠵᠦ᠂ ︽ᠨᠢᠭᠡ ᠯᠡ ᠤᠳᠠᠭ᠎ᠠ ᠪᠠᠷ ᠭᠤᠶᠤᠴᠢᠯᠠᠵᠤ᠂ ᠨᠢᠭᠡ ᠢᠵᠢ | ᠮᠠᠲ᠋ᠧᠷᠢᠶᠠᠯ ᠢ ᠬᠠᠮᠲᠤ ᠳᠤᠨᠢ ᠬᠢᠨᠠᠨ ᠵᠥᠪᠰᠢᠶᠡᠷᠡᠬᠦ︾ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠯᠪᠠᠨ ᠭᠡᠷ︶ | 51᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ | ᠰᠡᠷᠭᠡᠶᠢᠯᠡᠯᠲᠡ᠂ ᠭᠠᠯ ᠤᠨᠲᠠᠷᠠᠭᠠᠬᠤ ᠰᠠᠯᠠᠭ᠎ᠠ ᠮᠥᠴᠢᠷ ᠤᠳ ᠬᠢᠨᠠᠨ ᠵᠥᠪᠰᠢᠶᠡᠷᠡᠬᠦ ᠮᠡᠳᠡᠭᠡ ᠵᠠᠩᠭᠢ ᠶᠢ ᠬᠠᠷᠢᠯᠴᠠᠨ | ᠨᠠᠪᠲᠠᠷᠡᠭᠦᠯᠵᠦ ᠬᠠᠮᠲᠤᠪᠠᠷ ᠭᠥᠷᠳᠡᠬᠦ᠂ ᠬᠢᠨᠠᠨ ᠬᠠᠮᠢᠶᠠᠷᠬᠤ ᠲᠤᠬᠠᠶᠢᠯᠠᠭᠰᠠᠨ ᠠᠵᠢᠯ ᠢ ᠬᠠᠮᠵᠢᠯᠴᠠᠭᠤᠯᠬᠤ᠂ ᠬᠠᠤᠯᠢ | ᠠᠴᠠ ᠵᠥᠷᠢᠴᠡᠭᠰᠡᠨ ᠰᠦᠪᠡᠭᠴᠢ ᠶᠢ ᠬᠤᠣᠰ ᠴᠢᠭᠯᠡᠯ ᠢᠶᠠᠷ ᠰᠢᠯᠵᠢᠭᠦᠯᠦᠨ ᠲᠤᠰᠢᠶᠠᠬᠤ᠂ ᠬᠠᠤᠯᠢ ᠠᠴᠠ ᠵᠥᠷᠢᠴᠡᠭᠰᠡᠨ | ᠦᠶᠯᠡ ᠠᠵᠢᠯᠯᠠᠭ᠎ᠠ ᠶᠢ ᠬᠠᠮᠲᠤᠷᠠᠨ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ | ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠠᠯᠪᠠᠨ ᠭᠡᠷ᠂ ᠥᠪᠥᠷ ᠮᠣᠩᠭᠤᠯ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ︶ | ︵ᠭᠤᠷᠪᠠ︶ ᠴᠠᠬᠢᠯᠭᠠᠨ᠂ ᠤᠰᠤ᠂ ᠬᠡᠢ᠂ ᠳᠤᠯᠠᠭᠠᠯᠠᠭ᠎ᠠ᠂ ᠨᠡᠶᠢᠲᠡ ᠶᠢᠨ ᠰᠦᠯᠵᠢᠶᠡᠨ ᠤ ᠦᠢᠯᠡᠴᠢᠯᠡᠭᠡ᠃ | ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠵᠠᠯᠭᠠᠨ ᠣᠷᠣᠭᠤᠯᠬᠤ ᠦᠢᠯᠡᠴᠢᠯᠡᠭᠡᠨ ᠤ ᠭᠦᠢᠴᠡᠳᠬᠡᠬᠦ ᠠᠷᠭ᠎ᠠ ᠮᠠᠶ᠋ᠢᠭ ᠢ | ᠴᠢᠨᠠᠭᠰᠢᠳᠠ ᠰᠢᠯᠢᠳᠡᠭᠵᠢᠭᠦᠯᠵᠦ᠂ ᠵᠠᠯᠭᠠᠨ ᠣᠷᠣᠭᠤᠯᠵᠤ ᠭᠦᠢᠴᠡᠳᠬᠡᠬᠦ ᠪᠥᠬᠦ ᠶᠠᠪᠤᠴᠠ ᠳᠤ ︽ᠨᠢᠭᠡ ᠲᠥᠷᠥᠯ ᠤᠨ | ᠮᠠᠶ᠋ᠢᠭ︾ ᠤᠨ ᠬᠤᠷᠠᠮᠠᠯ ᠦᠢᠯᠡᠴᠢᠯᠡᠭᠡ ᠶᠢ ᠪᠡᠶᠡᠯᠡᠭᠦᠯᠦᠨ᠎ᠡ᠃ | 52᠂ ᠴᠠᠬᠢᠯᠭᠠᠨ ᠲᠤᠰᠢᠶᠠᠬᠤ᠂ ᠰᠢᠲᠠᠮᠠᠬᠠᠢ ᠬᠡᠢ ᠲᠤᠰᠢᠶᠠᠬᠤ᠂ ᠤᠰᠤ ᠲᠤᠰᠢᠶᠠᠬᠤ᠂ ᠳᠤᠯᠠᠭᠠᠯᠠᠭ᠎ᠠ ᠲᠤᠰᠢᠶᠠᠬᠤ᠂ | ᠲᠣᠣᠷ ᠰᠦᠯᠵᠢᠶ᠎ᠡ ᠵᠡᠷᠭᠡ ᠬᠤᠲᠠ ᠶᠢᠨ ᠶᠠᠪᠤᠳᠠᠯ ᠤᠨ ᠵᠠᠯᠭᠠᠨ ᠣᠷᠣᠭᠤᠯᠬᠤ ᠶᠢ ᠪᠥᠬᠦ ᠣᠷᠣᠨ ᠤ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠ ︽ᠮᠥᠩᠬᠡ ᠰᠤᠪᠠᠭ︾ ᠤᠨ | APP ᠲᠠᠢ ᠪᠥᠬᠦ ᠲᠠᠯ᠎ᠠ ᠪᠠᠷ ᠵᠣᠯᠭᠠᠭᠤᠯᠬᠤ ᠶᠢ ᠪᠡᠶᠡᠯᠡᠭᠦᠯᠵᠦ᠂ ᠮᠡᠳᠡᠭᠦᠯᠦᠨ ᠤᠭᠰᠠᠷᠠᠬᠤ᠂ ᠪᠠᠶᠢᠴᠠᠭᠠᠨ ᠯᠠᠪᠯᠠᠬᠤ᠂ | ᠰᠦᠢᠳᠬᠡᠯ ᠲᠤᠰᠢᠶᠠᠬᠤ ᠵᠡᠷᠭᠡ ᠲᠤᠬᠠᠶᠢᠯᠠᠭᠰᠠᠨ ᠠᠵᠢᠯ ᠤᠨ ᠪᠥᠬᠦ ᠶᠠᠪᠤᠴᠠ ᠶᠢ ᠴᠠᠬᠢᠮ ᠢᠶᠠᠷ ᠭᠦᠢᠴᠡᠳᠬᠡᠬᠦ ᠶᠢ | ᠪᠡᠶᠡᠯᠡᠭᠦᠯᠬᠦ ᠶᠢᠨ ᠬᠠᠮᠲᠤ ᠴᠠᠬᠢᠮ ᠢᠶᠠᠷ ᠮᠡᠳᠡᠭᠦᠯᠦᠨ ᠤᠭᠰᠠᠷᠠᠬᠤ ᠠᠬᠢᠴᠠ ᠶᠢ ᠪᠠᠶᠢᠴᠠᠭᠠᠨ ᠯᠠᠪᠯᠠᠬᠤ ᠪᠠ ᠰᠠᠨᠠᠯ ᠢᠶᠠᠷ | ᠵᠠᠭᠠᠯᠳᠤᠬᠤ ᠴᠢᠳᠠᠮᠵᠢ ᠶᠢ ᠪᠦᠷᠢᠳᠦᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ | ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ᠂ | ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠮᠧᠩ | ᠳ᠋ᠦᠩ ᠴᠠᠬᠢᠯᠭᠠᠨ ᠬᠦᠴᠦᠨ ᠤ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠥᠪᠥᠷ | ᠮᠣᠩᠭᠤᠯ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠮᠡᠭᠡ ᠬᠤᠯᠪᠣᠭᠠᠨ ᠤ ᠪᠦᠯᠦᠭᠯᠡᠯ ᠤᠨ ᠥᠪᠥᠷ | ᠮᠣᠩᠭᠤᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠢᠮᠡᠭᠡ ᠬᠤᠯᠪᠣᠭᠠᠨ ᠤ ᠪᠦᠯᠦᠭᠯᠡᠯ ᠤᠨ ᠥᠪᠥᠷ | ᠮᠣᠩᠭᠤᠯ ᠤᠨ ᠬᠤᠪᠢᠶᠠᠷᠢ ᠺᠣᠮᠫᠠᠨᠢ︶ | 53᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ | ᠰᠢᠰᠲ᠋ᠧᠮ ᠳᠤ ︽ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠴᠢᠯᠡᠭᠡ︾ ᠶᠢᠨ ᠮᠡᠳᠡᠭᠦᠯᠦᠨ | ᠤᠭᠰᠠᠷᠠᠭᠤᠯᠬᠤ ᠴᠢᠳᠠᠮᠵᠢ ᠶᠢ ᠪᠠᠶᠢᠭᠤᠯᠵᠤ᠂ ᠡᠯ᠎ᠡ ᠭᠠᠵᠠᠷ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠢᠩᠬᠢᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ | ᠶᠡᠷᠦᠩᠬᠡᠶᠢᠯᠡᠭᠰᠡᠨ ᠴᠣᠩᠬᠤᠪᠴᠢ ᠪᠠᠷ ᠳᠠᠮᠵᠢᠭᠤᠯᠤᠨ᠂ ᠪᠦᠲᠦᠭᠡᠨ ᠪᠠᠶᠢᠭᠤᠯᠬᠤ ᠨᠢᠭᠡᠴᠡ ᠳᠤ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠤᠯᠪᠣᠭᠳᠠᠬᠤ ᠤᠰᠤ ᠲᠤᠰᠢᠶᠠᠬᠤ᠂ ᠤᠰᠤ ᠵᠠᠯᠠᠬᠤ᠂ | ᠴᠠᠬᠢᠯᠭᠠᠨ ᠲᠤᠰᠢᠶᠠᠬᠤ᠂ ᠰᠢᠲᠠᠮᠠᠬᠠᠢ ᠬᠡᠢ᠂ ᠢᠯᠴᠢ ᠶᠢᠨ ᠬᠦᠴᠦᠨ᠂ ᠷᠠᠳᠢᠣ᠋ ᠨᠡᠪᠲᠡᠷᠡᠭᠦᠯᠭᠡ ᠲᠧᠯᠸᠢᠰ᠂ ᠴᠢᠮᠡᠭᠡ | ᠬᠤᠯᠪᠣᠭ᠎ᠠ ᠵᠡᠷᠭᠡ ᠶᠢᠨ ᠮᠡᠳᠡᠭᠦᠯᠦᠨ ᠤᠭᠰᠠᠷᠠᠭᠤᠯᠬᠤ ᠲᠤᠬᠠᠶᠢᠯᠠᠭᠰᠠᠨ ᠠᠵᠢᠯ ᠢ ᠨᠢᠭᠡᠳᠦᠯᠲᠡᠢ ᠭᠦᠢᠴᠡᠳᠬᠡᠨ᠎ᠡ᠃ ︵ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ | ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠷᠠᠳᠢᠣ᠋ ᠲᠧᠯᠸᠢᠰ ᠤᠨ ᠲᠣᠪᠴᠢᠶ᠎ᠠ᠂ ᠥᠪᠥᠷ | ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠨᠢᠭᠡᠳᠦᠮᠡᠯ | ᠬᠤᠯᠪᠣᠭ᠎ᠠ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠮᠡᠭᠡ ᠬᠤᠯᠪᠣᠭᠠᠨ ᠤ | ᠪᠦᠯᠦᠭᠯᠡᠯ ᠤᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ | ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ | ᠴᠠᠬᠢᠯᠭᠠᠨ ᠬᠦᠴᠦᠨ ᠤ ︵ᠪᠦᠯᠦᠭᠯᠡᠯ︶ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠮᠧᠩ ᠳ᠋ᠦᠩ ᠴᠠᠬᠢᠯᠭᠠᠨ | ᠬᠦᠴᠦᠨ ᠤ ᠺᠣᠮᠫᠠᠨᠢ︶ | 54᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠬᠦᠷᠲᠡᠵᠦ ᠰᠣᠯᠢᠯᠴᠠᠬᠤ ᠲᠠᠪᠴᠠᠩ ᠢᠶᠠᠷ | ᠳᠡᠮᠵᠢᠨ᠂ ᠠᠵᠤ ᠠᠬᠤᠶᠢᠯᠠᠯ ᠨᠡᠭᠡᠭᠡᠨ ᠡᠷᠭᠢᠯᠡᠬᠦ᠂ ᠲᠥᠯᠦᠪᠵᠢᠭᠦᠯᠭᠡ ᠶᠢᠨ ᠵᠥᠪᠰᠢᠶᠡᠷᠡᠯ ᠪᠠ ᠪᠠᠷᠢᠯᠭ᠎ᠠ ᠪᠠᠷᠢᠬᠤ | ᠵᠥᠪᠰᠢᠶᠡᠷᠡᠯ ᠤᠨ ᠮᠡᠳᠡᠭᠡ ᠵᠠᠩᠭᠢ ᠶᠢ ᠪᠦᠲᠦᠮᠵᠢᠲᠡᠶ ᠬᠠᠮᠲᠤᠪᠠᠷ ᠭᠥᠷᠳᠡᠬᠦ ᠶᠢ ᠪᠡᠶᠡᠯᠡᠭᠦᠯᠵᠦ᠂ ᠴᠠᠬᠢᠯᠭᠠᠨ ᠲᠤᠰᠢᠶᠠᠬᠤ | ᠠᠵᠤ ᠠᠬᠤᠶᠢᠯᠠᠯ ᠳᠤ ᠲᠥᠷᠥᠯ ᠵᠦᠢᠯ ᠤᠨ ᠮᠡᠳᠡᠭᠡ ᠵᠠᠩᠭᠢ ᠪᠠ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢᠨ | ᠮᠡᠳᠡᠭᠡ ᠵᠠᠩᠭᠢ ᠶᠢ ᠬᠦᠷᠭᠡᠨ ᠥᠭᠴᠦ᠂ ᠴᠠᠬᠢᠯᠭᠠᠨ ᠲᠤᠰᠢᠶᠠᠬᠤ ᠠᠵᠤ ᠠᠬᠤᠶᠢᠯᠠᠯ ᠨᠢ ᠵᠣᠴᠢᠨ ᠡᠷᠦᠬᠡ ᠲᠠᠢ | ᠤᠷᠢᠳᠴᠢᠯᠠᠨ ᠵᠣᠯᠭᠠᠭᠤᠯᠵᠤ᠂ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ ᠥᠷᠨᠢᠭᠦᠯᠦᠨ᠎ᠡ᠃ ︵ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠨᠧᠷᠭᠢ ᠶᠢᠨ | ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ | ᠲᠣᠣᠷ ᠤᠨ ᠮᠧᠩ ᠳ᠋ᠦᠩ ᠴᠠᠬᠢᠯᠭᠠᠨ ᠬᠦᠴᠦᠨ ᠤ ᠺᠣᠮᠫᠠᠨᠢ︶ | 55᠂ ᠬᠤᠲᠠ ᠪᠠᠯᠭᠠᠰᠤ ᠶᠢᠨ ᠳᠣᠣᠷ᠎ᠠ ᠬᠦᠴᠦᠳᠡᠯᠲᠦ ᠵᠣᠴᠢᠨ ᠡᠷᠦᠬᠡ᠂ ᠪᠤᠰᠤᠳ ᠭᠠᠵᠠᠷ ᠣᠷᠣᠨ ᠤ ᠵᠢᠵᠢᠭ | ᠪᠢᠴᠢᠯ ᠠᠵᠤ ᠠᠬᠤᠶᠢᠯᠠᠯ ᠪᠣᠯᠣᠨ ᠰᠠᠭᠤᠭᠠᠯᠢ ᠠᠷᠠᠳ ᠤᠨ ᠵᠣᠴᠢᠨ ᠡᠷᠦᠬᠡ ᠶᠢᠨ ᠴᠠᠬᠢᠯᠭᠠᠨ ᠡᠷᠭᠢᠯᠡᠬᠦ | ᠭᠤᠭᠴᠤᠭ᠎ᠠ ᠶᠢ 2 ᠪᠣᠯᠭᠠᠨ ᠪᠠᠭᠠᠰᠬᠠᠵᠤ᠂ ᠪᠤᠰᠤᠳ ᠳᠣᠣᠷ᠎ᠠ ᠬᠦᠴᠦᠳᠡᠯᠲᠦ ᠵᠣᠴᠢᠨ ᠡᠷᠦᠬᠡ ᠶᠢᠨ ᠴᠠᠬᠢᠯᠭᠠᠨ | ᠡᠷᠭᠢᠯᠡᠬᠦ ᠭᠤᠭᠴᠤᠭ᠎ᠠ ᠶᠢ 3 ᠪᠣᠯᠭᠠᠨ ᠪᠠᠭᠠᠰᠬᠠᠵᠤ᠂ ᠥᠨᠳᠥᠷ ᠬᠦᠴᠦᠳᠡᠯᠲᠦ ᠵᠣᠴᠢᠨ ᠡᠷᠦᠬᠡ ᠶᠢᠨ ᠴᠠᠬᠢᠯᠭᠠᠨ | ᠡᠷᠭᠢᠯᠡᠬᠦ ᠭᠤᠭᠴᠤᠭ᠎ᠠ ᠶᠢ 4 ᠪᠣᠯᠭᠠᠨ ᠪᠠᠭᠠᠰᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ | ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ | ᠮᠧᠩ ᠳ᠋ᠦᠩ ᠤᠨ ᠴᠠᠬᠢᠯᠭᠠᠨ ᠬᠦᠴᠦᠨ ᠤ ᠺᠣᠮᠫᠠᠨᠢ︶ | 56.2022 ᠣᠨ ᠤ ᠵᠢᠯ ᠤᠨ ᠰᠡᠭᠦᠯᠴᠢ ᠠᠴᠠ ᠡᠮᠦᠨ᠎ᠡ᠂ ︽30︾ ᠤ ᠦᠢᠯᠡᠴᠢᠯᠡᠭᠡ ᠶᠢ ᠬᠡᠷᠡᠭᠵᠢᠭᠦᠯᠵᠦ | ᠪᠠᠶᠢᠭ᠎ᠠ ᠳᠣᠣᠷ᠎ᠠ ᠬᠦᠴᠦᠳᠡᠯᠲᠦ ᠰᠠᠭᠤᠭᠠᠯᠢ ᠠᠷᠠᠳ ᠤᠨ ᠪᠤᠰᠤ ᠵᠣᠴᠢᠨ ᠡᠷᠦᠬᠡ ᠶᠢᠨ ᠪᠦᠬᠦ ᠶᠠᠪᠤᠴᠠ ᠶᠢᠨ | ᠴᠠᠬᠢᠯᠭᠠᠨ ᠡᠷᠬᠢᠯᠡᠬᠦ ᠴᠠᠭ ᠢ 15 ᠠᠵᠢᠯᠯᠠᠬᠤ ᠡᠳᠦᠷ ᠤᠨ ᠳᠣᠲᠣᠷ᠎ᠠ ᠪᠣᠯᠲᠠᠯ᠎ᠠ ᠪᠠᠭᠠᠰᠬᠠᠨ᠎ᠠ᠃ ︽30︾ ᠶᠢᠨ | ᠦᠢᠯᠡᠴᠢᠯᠡᠭᠡ ᠶᠢ ᠬᠡᠷᠡᠭᠵᠢᠭᠦᠯᠦᠭᠡᠳᠦᠢ ᠳᠣᠣᠷ᠎ᠠ ᠬᠦᠴᠦᠳᠡᠯᠲᠦ ᠰᠠᠭᠤᠭᠠᠯᠢ ᠠᠷᠠᠳ ᠤᠨ ᠪᠤᠰᠤ ᠵᠣᠴᠢᠨ ᠡᠷᠦᠬᠡ᠂ | ᠥᠨᠳᠥᠷ ᠬᠦᠴᠦᠳᠡᠯᠲᠦ ᠲᠠᠩ ᠴᠠᠬᠢᠯᠭᠠᠨ ᠡᠭᠦᠰᠬᠡᠭᠴᠢ ᠶᠢᠨ ᠵᠣᠴᠢᠨ ᠡᠷᠦᠬᠡ᠂ ᠬᠤᠣᠰ ᠴᠠᠬᠢᠯᠭᠠᠨ ᠡᠭᠦᠰᠬᠡᠭᠴᠢ ᠶᠢᠨ | ᠵᠣᠴᠢᠨ ᠡᠷᠦᠬᠡ ᠶᠢᠨ ᠴᠠᠬᠢᠯᠭᠠᠨ ᠲᠤᠰᠢᠶᠠᠬᠤ ᠠᠵᠤ ᠠᠬᠤᠶᠢᠯᠠᠯ ᠤᠨ ᠴᠠᠬᠢᠯᠭᠠᠨ ᠮᠡᠳᠡᠭᠡ ᠪᠠᠷ ᠤᠭᠰᠠᠷᠠᠬᠤ | ᠲᠤᠬᠠᠶᠢᠯᠠᠭᠰᠠᠨ ᠠᠵᠢᠯ ᠢ ᠭᠦᠢᠴᠡᠳᠬᠡᠬᠦ ᠡᠯ᠎ᠡ ᠭᠤᠭᠴᠤᠭ᠎ᠠ ᠶᠢᠨ ᠭᠦᠢᠴᠡᠳᠬᠡᠬᠦ ᠴᠠᠭ ᠢ ᠲᠣᠰ ᠲᠣᠰ 6᠂ 22᠂ | 30 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠠᠭᠠᠰᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ | ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ | ᠲᠣᠣᠷ ᠤᠨ ᠮᠧᠩ ᠳ᠋ᠦᠩ ᠤᠨ ᠴᠠᠬᠢᠯᠭᠠᠨ ᠬᠦᠴᠦᠨ ᠤ ᠺᠣᠮᠫᠠᠨᠢ︶ | 57᠂ 2022 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠴᠠᠬᠢᠯᠭᠠᠨ ᠬᠡᠷᠡᠭᠯᠡᠬᠦ | ᠪᠠᠭᠲᠠᠭᠠᠮᠵᠢ ᠨᠢ 160 ᠺᠢᠯᠣᠸᠠᠲ ᠵᠢᠴᠢ ᠲᠡᠭᠦᠨ ᠠᠴᠠ ᠳᠣᠷᠣᠭᠰᠢᠬᠢ ᠵᠢᠵᠢᠭ ᠪᠢᠴᠢᠯ ᠠᠵᠤ ᠠᠬᠤᠶᠢᠯᠠᠯ ᠤᠨ | ᠴᠠᠬᠢᠯᠭᠠᠨ ᠮᠡᠳᠡᠭᠡ ᠪᠠᠷ ︽ᠪᠡᠯᠡ ᠣᠷᠣᠭᠤᠯᠬᠤ ᠦᠭᠡᠢ︾ ᠤᠭᠰᠠᠷᠠᠬᠤ ᠶᠢ ᠪᠡᠶᠡᠯᠡᠭᠦᠯᠦᠨ᠎ᠡ᠃ ︵ᠥᠪᠡᠷᠲᠡᠭᠡᠨ | ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ | ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠮᠧᠩ ᠳ᠋ᠦᠩ ᠤᠨ ᠴᠠᠬᠢᠯᠭᠠᠨ ᠬᠦᠴᠦᠨ ᠤ ᠺᠣᠮᠫᠠᠨᠢ︶ | 58᠂ ᠬᠤᠲᠠ ᠶᠢᠨ ᠶᠠᠪᠤᠳᠠᠯ ᠤᠨ ᠲᠥᠷᠥᠯ ᠵᠦᠢᠯ ᠵᠢᠴᠢ ᠳᠣᠣᠷ᠎ᠠ ᠬᠦᠴᠦᠳᠡᠯᠲᠦ ᠴᠠᠬᠢᠯᠭᠠᠨ ᠬᠦᠴᠦᠨ ᠤ | ᠱᠤᠭᠤᠮ ᠤᠨ ᠢᠨᠵᠧᠨᠧᠷᠢᠩ ᠳᠤ ᠵᠠᠯᠭᠠᠵᠤ ᠣᠷᠣᠭᠤᠯᠬᠤ ᠢᠨᠵᠧᠨᠧᠷᠢᠩ ᠢ ᠥᠯᠥ ᠬᠢᠨᠠᠨ ᠵᠥᠪᠰᠢᠶᠡᠷᠡᠭᠦᠯᠬᠦ ᠶᠢ | ᠮᠡᠳᠡᠭᠳᠡᠬᠦ ᠠᠮᠠᠯᠠᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠯᠪᠣᠭᠳᠠᠬᠤ ᠢᠨᠵᠧᠨᠧᠷᠢᠩ ᠤᠨ | ᠲᠥᠯᠦᠪᠵᠢᠭᠦᠯᠭᠡ ᠶᠢᠨ ᠵᠥᠪᠰᠢᠶᠡᠷᠡᠯ᠂ ᠴᠡᠴᠡᠷᠯᠢᠭᠵᠢᠭᠦᠯᠦᠯᠲᠡ ᠶᠢᠨ ᠵᠥᠪᠰᠢᠶᠡᠷᠡᠯ ᠵᠡᠷᠭᠡ ᠳᠤ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠠᠪᠴᠠᠩ ᠳᠤ ᠲᠦᠰᠢᠭᠯᠡᠨ ᠪᠥᠬᠦ | ᠶᠠᠪᠤᠴᠠ ᠶᠢ ᠴᠠᠬᠢᠮ ᠢᠶᠠᠷ ᠨᠡᠶᠢᠯᠡᠭᠦᠯᠦᠨ ᠭᠦᠢᠴᠡᠳᠬᠡᠬᠦ ᠶᠢ ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠡᠨᠧᠷᠭᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ | ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠥᠪᠥᠷ | ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠮᠧᠩ | ᠳ᠋ᠦᠩ ᠤᠨ ᠴᠠᠬᠢᠯᠭᠠᠨ ᠬᠦᠴᠦᠨ ᠤ ᠺᠣᠮᠫᠠᠨᠢ︶ | 59. 2022 ᠣᠨ ᠤ ᠲᠥᠪ ᠲᠣᠭᠤᠷᠢᠭ᠂ ᠬᠤᠲᠠ ᠶᠢᠨ ᠲᠣᠭᠤᠷᠢᠭ᠂ ᠬᠤᠲᠠ ᠪᠠᠯᠭᠠᠰᠤ᠂ ᠬᠥᠳᠡᠭᠡ | ᠲᠣᠰᠬᠤᠨ ᠤ ᠭᠠᠵᠠᠷ ᠣᠷᠣᠨ ᠤ ᠬᠡᠷᠡᠭᠯᠡᠭᠴᠢ ᠶᠢᠨ ᠵᠢᠯ ᠳᠤᠮᠳᠠᠴᠢ ᠶᠢᠨ ᠴᠠᠬᠢᠯᠭᠠᠨ ᠵᠣᠭᠰᠣᠬᠤ ᠴᠠᠭ ᠢ ᠲᠣᠰ ᠲᠣᠰ | 2᠂ 5᠂ 9᠂ 15 ᠴᠠᠭ ᠤᠨ ᠳᠣᠲᠣᠷ᠎ᠠ ᠪᠣᠯᠭᠠᠨ ᠪᠠᠭᠠᠰᠬᠠᠬᠤ ᠪᠤᠶᠤ ᠵᠢᠯ ᠳᠤᠮᠳᠠᠴᠢ ᠶᠢᠨ ᠠᠳᠠᠯᠢ | ᠬᠤᠭᠤᠴᠠᠭᠠᠨ ᠤ ᠬᠢ ᠠᠴᠠ 8% ᠠᠴᠠ ᠳᠡᠭᠡᠭᠰᠢ ᠪᠠᠭᠠᠰᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ | ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ | ᠲᠣᠣᠷ ᠤᠨ ᠮᠧᠩ ᠳ᠋ᠦᠩ ᠤᠨ ᠴᠠᠬᠢᠯᠭᠠᠨ ᠬᠦᠴᠦᠨ ᠤ ᠺᠣᠮᠫᠠᠨᠢ︶ | 60᠂ ᠪᠥᠬᠦ ᠣᠷᠣᠨ ᠤ ᠨᠢᠭᠡᠳᠦᠯᠲᠡᠢ ᠣᠷᠣᠨ ᠰᠠᠭᠤᠴᠠ ᠶᠢᠨ ᠵᠢᠵᠢᠭ ᠲᠣᠭᠤᠷᠢᠭ ᠪᠠ ᠬᠤᠳᠠᠯᠳᠤᠭᠠᠨ ᠳᠤ ᠬᠡᠷᠡᠭᠯᠡᠬᠦ | ᠭᠡᠷ ᠪᠠᠶᠢᠰᠢᠩ ᠤᠨ ᠴᠠᠬᠢᠯᠭᠠᠨ ᠲᠤᠰᠢᠶᠠᠬᠤ ᠪᠡᠯᠡᠳᠬᠡᠮᠵᠢ ᠶᠢᠨ ᠵᠢᠷᠤᠭ ᠲᠥᠯᠥᠪᠯᠡᠭᠡ ᠶᠢᠨ ᠪᠠᠷᠢᠮᠵᠢᠶ᠎ᠠ ᠶᠢ ᠲᠣᠭᠲᠠᠭᠠᠵᠤ | ᠂ ᠴᠠᠬᠢᠯᠭᠠᠨ ᠲᠤᠰᠢᠶᠠᠬᠤ ᠪᠡᠯᠡᠳᠬᠡᠮᠵᠢ ᠶᠢ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠯᠤᠭ᠎ᠠ ᠵᠡᠷᠭᠡ ᠳᠤᠨᠢ | ᠵᠢᠷᠤᠭᠯᠠᠨ ᠲᠥᠯᠥᠪᠯᠡᠵᠦ᠂ ᠪᠠᠷᠢᠯᠭ᠎ᠠ ᠪᠠᠷᠢᠵᠤ᠂ ᠰᠢᠯᠭᠠᠨ ᠠᠪᠬᠤ ᠪᠠ ᠠᠰᠢᠭᠯᠠᠯᠲᠠ ᠳᠤ ᠣᠷᠣᠭᠤᠯᠤᠨ | ᠲᠡᠭᠡᠭᠡᠪᠦᠷᠢᠯᠡᠨ᠎ᠡ᠃ ︵ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠺᠣᠮᠫᠠᠨᠢ᠂ ᠤᠯᠤᠰ ᠤᠨ | ᠴᠠᠬᠢᠯᠭᠠᠨ ᠲᠣᠣᠷ ᠤᠨ ᠮᠧᠩ ᠳ᠋ᠦᠩ ᠴᠠᠬᠢᠯᠭᠠᠨ ᠬᠦᠴᠦᠨ ᠤ ᠺᠣᠮᠫᠠᠨᠢ︶ | 61. ᠠᠵᠤ ᠦᠢᠯᠡᠳᠪᠦᠷᠢ ᠬᠤᠳᠠᠯᠳᠤᠭ᠎ᠠ ᠶᠢᠨ ᠲᠥᠷᠥᠯ ᠤᠨ ᠬᠡᠷᠡᠭᠯᠡᠭᠴᠢ ︵ᠰᠠᠭᠤᠭᠠᠯᠢ ᠠᠷᠠᠳ ᠤᠨ ᠪᠤᠰᠤ︶ ᠶᠢᠨ | ᠤᠰᠤ ᠬᠡᠷᠡᠭᠯᠡᠬᠦ᠂ ᠬᠡᠢ ᠬᠡᠷᠡᠭᠯᠡᠬᠦ ᠶᠢ ᠮᠡᠳᠡᠭᠦᠯᠦᠨ ᠤᠭᠰᠠᠷᠠᠭᠤᠯᠬᠤ ᠶᠢ ᠭᠦᠢᠴᠡᠳᠬᠡᠬᠦ ᠪᠠ ᠬᠢᠨᠠᠨ ᠵᠥᠪᠰᠢᠶᠡᠷᠡᠬᠦ | ᠴᠠᠭ ᠢ ᠪᠠᠭᠠᠰᠬᠠᠨ᠎ᠠ᠃ ᠭᠠᠳᠠᠭᠠᠳᠤ ᠱᠤᠭᠤᠮ ᠤᠨ ᠪᠠᠷᠢᠯᠭ᠎ᠠ ᠦᠭᠡᠢ ᠪᠣᠯ᠂ ᠤᠰᠤ ᠲᠤᠰᠢᠶᠠᠬᠤ᠂ ᠰᠢᠲᠠᠮᠠᠬᠠᠢ ᠬᠡᠢ | ᠲᠤᠰᠢᠶᠠᠬᠤ ᠠᠵᠤ ᠠᠬᠤᠶᠢᠯᠠᠯ ᠤᠨ ᠮᠡᠳᠡᠭᠦᠯᠦᠨ ᠤᠭᠰᠠᠷᠠᠭᠤᠯᠬᠤ ᠴᠠᠭ ᠢ 4 ᠠᠵᠢᠯᠯᠠᠬᠤ ᠡᠳᠦᠷ ᠠᠴᠠ ᠬᠡᠲᠦᠷᠡᠭᠦᠯᠵᠦ | ᠪᠣᠯᠬᠤ ᠦᠭᠡᠢ︔ ᠭᠠᠳᠠᠭᠠᠳᠤ ᠱᠤᠭᠤᠮ ᠤᠨ ᠢᠨᠵᠧᠨᠧᠷᠢᠩ ᠲᠠᠢ ᠪᠠᠶᠢᠪᠠᠯ᠂ ᠤᠰᠤ ᠬᠡᠷᠡᠭᠯᠡᠬᠦ᠂ ᠬᠡᠢ ᠬᠡᠷᠡᠭᠯᠡᠬᠦ ᠶᠢ | ᠮᠡᠳᠡᠭᠦᠯᠦᠨ ᠤᠭᠰᠠᠷᠠᠬᠤ ᠵᠢᠴᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠭᠦᠢᠴᠡᠳᠬᠡᠬᠦ ᠶᠡᠷᠦᠩᠬᠡᠢ ᠴᠠᠭ ᠤᠨ | ᠣᠷᠳᠣ ᠶᠢ ᠣᠲᠣ ᠶᠢᠨ ᠰᠠᠭᠤᠷᠢᠨ ᠳᠡᠭᠡᠷ᠎ᠡ ᠳᠠᠬᠢᠨ 40% ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠡᠭᠦᠨ ᠳᠤ | ᠂ ᠭᠠᠳᠠᠭᠠᠳᠤ ᠱᠤᠭᠤᠮ ᠤᠨ ᠬᠢᠨᠠᠨ ᠵᠥᠪᠰᠢᠶᠡᠷᠡᠯ ᠢ ᠭᠦᠢᠴᠡᠳᠬᠡᠬᠦ ᠴᠠᠭ ᠢ 5 ᠠᠵᠢᠯᠯᠠᠬᠤ ᠡᠳᠦᠷ ᠠᠴᠠ | ᠬᠡᠲᠦᠷᠡᠭᠦᠯᠵᠦ ᠪᠣᠯᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ︶ | 62᠂ ᠳᠠᠮᠵᠢᠭᠤᠯᠤᠨ ᠴᠠᠬᠢᠯᠭᠠᠨ ᠲᠤᠰᠢᠶᠠᠬᠤ ᠦᠵᠦᠭᠦᠷ ᠤᠨ ᠬᠡᠷᠡᠭᠯᠡᠭᠴᠢ ᠶᠢ ᠰᠢᠭᠤᠳ ᠴᠠᠬᠢᠯᠭᠠᠨ ᠲᠤᠰᠢᠶᠠᠬᠤ | ᠪᠣᠯᠭᠠᠨ ᠥᠭᠡᠷᠡᠴᠢᠯᠡᠬᠦ ᠶᠢ ᠳᠡᠯᠭᠡᠷᠡᠭᠦᠯᠵᠦ᠂ ᠣᠯᠠᠨ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠷᠠᠭᠤᠯᠤᠨ᠂ | ᠳᠠᠮᠵᠢᠭᠤᠯᠤᠨ ᠴᠠᠬᠢᠯᠭᠠᠨ ᠲᠤᠰᠢᠶᠠᠬᠤ ᠡᠵᠡᠩᠨᠡᠭᠴᠢᠳ ᠦᠨᠢᠲᠡᠭᠡᠮᠵᠢ ᠶᠢᠨ ᠵᠠᠯᠬᠠᠭᠠᠨ ᠴᠡᠭᠡᠷᠯᠡᠭᠦᠯᠬᠦ᠂ ᠲᠣᠭᠲᠠᠭᠠᠯ | ᠠᠴᠠ ᠵᠥᠷᠢᠴᠡᠨ ᠢᠯᠡᠴᠢᠯᠡᠬᠦ ᠵᠡᠷᠭᠡ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠳᠦᠷᠢᠮ ᠢ | ᠪᠠᠶᠢᠭᠤᠯᠵᠤ᠂ ᠳᠠᠮᠵᠢᠭᠤᠯᠤᠨ ᠴᠠᠬᠢᠯᠭᠠᠨ ᠲᠤᠰᠢᠶᠠᠬᠤ ᠵᠠᠩᠭᠢᠯᠠᠭ᠎ᠠ ᠶᠢᠨ ᠰᠦᠢᠳᠬᠡᠯ ᠬᠤᠷᠢᠶᠠᠯᠲᠠ ᠶᠢ ᠦᠷᠭᠦᠯᠵᠢᠯᠡᠨ | ᠢᠯᠭᠠᠷᠠᠭᠤᠯᠤᠨ ᠵᠢᠷᠤᠮᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ | ᠤᠯᠤᠰ ᠤᠨ ᠴᠠᠬᠢᠯᠭᠠᠨ ᠲᠣᠣᠷ ᠤᠨ ᠮᠧᠩ ᠳ᠋ᠦᠩ ᠤᠨ ᠴᠠᠬᠢᠯᠭᠠᠨ ᠬᠦᠴᠦᠨ ᠤ ᠺᠣᠮᠫᠠᠨᠢ︶ | 63᠂ ᠰᠢᠯᠵᠢᠭᠦᠯᠦᠨ ᠴᠠᠬᠢᠯᠭᠠᠨ ᠲᠤᠰᠢᠶᠠᠬᠤ ᠭᠤᠭᠴᠤᠭ᠎ᠠ ᠳᠤ ᠲᠣᠭᠲᠠᠭᠠᠯ ᠠᠴᠠ ᠵᠥᠷᠢᠴᠡᠨ ᠦᠨ᠎ᠡ ᠨᠡᠮᠡᠬᠦ ᠪᠠ | ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢᠨ ᠴᠡᠪᠡᠷ ᠠᠰᠢᠭ ᠢ ᠦᠯᠡᠳᠡᠭᠡᠨ ᠠᠪᠴᠤ ᠪᠠᠭᠤᠷᠠᠭᠤᠯᠬᠤ ᠵᠡᠷᠭᠡ | ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠵᠠᠰᠠᠭ ᠵᠠᠬᠢᠷᠭᠠᠨ ᠤ | ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠰᠢᠯᠵᠢᠭᠦᠯᠦᠨ ᠴᠠᠬᠢᠯᠭᠠᠨ ᠲᠤᠰᠢᠶᠠᠬᠤ | ᠡᠵᠡᠩᠨᠡᠭᠴᠢᠳ ᠦᠨᠦᠨᠡ ᠬᠠᠩᠰᠢ ᠶᠢᠨ ᠦᠶᠯᠡ ᠠᠵᠢᠯᠯᠠᠭ᠎ᠠ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ | ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠮᠧᠩ ᠳ᠋ᠦᠩ ᠤᠨ ᠴᠠᠬᠢᠯᠭᠠᠨ ᠬᠦᠴᠦᠨ ᠤ ᠺᠣᠮᠫᠠᠨᠢ︶ | | 64᠂ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ ᠶᠢᠨ ᠺᠣᠮᠫᠠᠨᠢ 24 ᠴᠠᠭ ᠤᠨ ᠦᠢᠯᠡᠴᠢᠯᠡᠭᠡ ᠲᠤᠰᠢᠶᠠᠵᠤ᠂ 24 | ᠴᠠᠭ ᠤᠨ ᠦᠢᠯᠡᠴᠢᠯᠡᠭᠡᠨ ᠤ ᠤᠲᠠᠰᠤ ᠪᠠᠨ ᠭᠠᠳᠠᠭᠰᠢ ᠨᠡᠶᠢᠲᠡᠯᠡᠵᠦ᠂ 24 ᠴᠠᠭ ᠢᠶᠠᠷ ᠵᠢᠵᠢᠭᠦᠷᠯᠡᠬᠦ ᠪᠠ ᠰᠡᠯᠪᠢᠨ | ᠵᠠᠰᠠᠬᠤ ᠠᠵᠢᠯᠲᠠᠨ ᠤ ᠵᠠᠷᠯᠢᠭ ᠬᠦᠯᠢᠶᠡᠬᠦ ᠳᠦᠷᠢᠮ ᠢ ᠬᠡᠷᠡᠭᠵᠢᠭᠦᠯᠦᠨ᠂ ᠭᠡᠨᠡᠳᠲᠡ ᠶᠢᠨ ᠪᠠᠶᠢᠳᠠᠯ ᠳᠤ ᠴᠢᠭᠯᠡᠭᠦᠯᠦᠨ | ᠪᠠᠴᠢᠮ ᠲᠦᠷᠭᠡᠨ ᠵᠠᠰᠠᠯᠲᠠ ᠬᠢᠵᠦ᠂ ᠡᠯ᠎ᠡ ᠲᠥᠷᠥᠯ ᠤᠨ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠰᠠᠭᠠᠳ | ᠲᠣᠳᠬᠠᠷ ᠢ ᠬᠠᠮᠤᠭ ᠲᠡᠷᠢᠭᠦᠨ ᠳᠤ ᠰᠢᠢᠳᠪᠦᠷᠢᠯᠡᠨ᠎ᠡ᠃ ᠵᠠᠪᠳᠤᠨ ᠵᠠᠰᠠᠬᠤ ᠬᠥᠮᠥᠰ ᠤᠨ ᠲᠤᠬᠠᠢ ᠶᠢᠨ ᠲᠠᠯᠠᠪᠠᠶ ᠳᠤ | ᠬᠦᠷᠬᠦ ᠳᠤᠮᠳᠠᠴᠢ ᠴᠠᠭ ᠨᠢ᠄ ᠬᠤᠲᠠ ᠶᠢᠨ ᠲᠣᠭᠤᠷᠢᠭ ᠤᠨ ᠬᠡᠪᠴᠢᠶ᠎ᠡ 45 ᠮᠢᠨᠦ᠋ᠲ᠂ ᠬᠥᠳᠡᠭᠡ ᠲᠣᠰᠬᠤᠨ ᠤ | ᠭᠠᠵᠠᠷ ᠣᠷᠣᠨ 120 ᠮᠢᠨᠦ᠋ᠲ᠂ ᠣᠨᠴᠠᠭᠠᠶ ᠵᠠᠬ᠎ᠠ ᠬᠢᠵᠠᠭᠠᠷ ᠣᠷᠣᠨ ᠤ ᠭᠠᠵᠠᠷ ᠣᠷᠣᠨ 180 ᠮᠢᠨᠦ᠋ᠲ ᠪᠣᠯᠣᠨ᠎ᠠ | ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ | ᠤᠯᠤᠰ ᠤᠨ ᠴᠠᠬᠢᠯᠭᠠᠨ ᠲᠣᠣᠷ ᠤᠨ ᠮᠧᠩ ᠳ᠋ᠦᠩ ᠤᠨ ᠴᠠᠬᠢᠯᠭᠠᠨ ᠬᠦᠴᠦᠨ ᠤ ᠺᠣᠮᠫᠠᠨᠢ︶ | ( ᠲᠤᠶᠢᠷᠪᠡ ) ᠡᠳ᠋ ᠬᠥᠷᠥᠩᠭᠡ ᠪᠠᠨ ᠳᠠᠩᠰᠠᠯᠠᠬᠤ᠃ ᠳᠠᠩᠰᠠᠯᠠᠬᠤ ᠡᠳ᠋ ᠬᠥᠷᠥᠩᠭᠡ ᠶᠢᠨ ᠥᠭᠡᠷᠡᠴᠢᠯᠡᠯᠲᠡ ᠶᠢ | ᠴᠢᠨᠠᠭᠰᠢᠳᠠ ᠰᠠᠶᠢᠵᠢᠷᠠᠭᠤᠯᠵᠦ᠂ ︽ᠢᠨᠲ᠋ᠧᠷ ᠰᠦᠯᠵᠢᠶ᠎ᠡ +︾ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠥᠷᠭᠡᠳᠬᠡᠨ᠂ ︽ᠴᠠᠬᠢᠮ ᠦᠨᠡᠮᠯᠡᠯ︾ ᠤᠨ ᠰᠢᠰᠲ᠋ᠧᠮ ᠤᠨ ᠪᠠᠶᠢᠭᠤᠯᠤᠯᠲᠠ ᠪᠠ ᠬᠡᠷᠡᠭᠯᠡᠯᠲᠡ ᠶᠢ ᠪᠥᠬᠦ ᠲᠠᠯ᠎ᠠ ᠪᠠᠷ | ᠠᠬᠢᠭᠤᠯᠤᠨ᠎ᠠ᠃ | 65᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠡᠮᠵᠢᠨ᠂ ᠥᠯᠥ | ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ᠂ ᠭᠡᠷ ᠪᠠᠶᠢᠰᠢᠩ ᠢ ᠠᠷᠠᠯᠵᠢᠶᠠᠯᠠᠬᠤ᠂ ᠭᠠᠶᠢᠯᠢ ᠲᠤᠰᠢᠶᠠᠬᠤ ᠶᠢ ︽ | ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠭᠦᠢᠴᠡᠳᠬᠡᠬᠦ︾ ᠶᠢ ᠬᠡᠷᠡᠭᠵᠢᠭᠦᠯᠵᠦ᠂ | ᠴᠠᠬᠢᠮ ᠢᠶᠠᠷ ᠭᠠᠶᠢᠯᠢ ᠲᠤᠰᠢᠶᠠᠬᠤ ᠶᠢ ᠪᠡᠶᠡᠯᠡᠭᠦᠯᠦᠨ᠂ ᠪᠥᠬᠦ ᠣᠷᠣᠨ ᠤ ᠡᠩ ᠤᠨ ᠳᠡᠩᠰᠡᠯᠡᠨ ᠲᠡᠮᠳᠡᠭᠯᠡᠬᠦ ᠴᠠᠭ ᠢ 5 | ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠨ ᠳᠠᠭᠤᠰᠬᠠᠬᠤ᠂ ᠪᠠᠷᠢᠴᠠᠭᠠᠯᠠᠬᠤ ᠳᠡᠩᠰᠡᠯᠡᠨ ᠲᠡᠮᠳᠡᠭᠯᠡᠬᠦ 3 | ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠨ ᠳᠠᠭᠤᠰᠬᠠᠬᠤ ᠪᠣᠯᠭᠠᠨ ᠪᠣᠭᠤᠨᠢᠰᠬᠠᠵᠤ᠂ ᠪᠠᠶᠢᠴᠠᠭᠠᠨ | ᠪᠢᠲᠡᠭᠦᠮᠵᠢᠯᠡᠬᠦ ᠳᠡᠩᠰᠡᠯᠡᠨ ᠲᠡᠮᠳᠡᠭᠯᠡᠬᠦ᠂ ᠬᠦᠴᠦᠨ ᠦᠭᠡᠢ ᠪᠣᠯᠭᠠᠬᠤ ᠳᠡᠩᠰᠡᠯᠡᠨ ᠲᠡᠮᠳᠡᠭᠯᠡᠬᠦ᠂ ᠣᠨᠳᠣᠣ ᠰᠠᠨᠠᠯ ᠤᠨ | ᠳᠡᠩᠰᠡᠯᠡᠨ ᠲᠡᠮᠳᠡᠭᠯᠡᠬᠦ ᠶᠢ ᠲᠡᠷᠡ ᠳᠠᠷᠤᠢ ᠳᠤᠨᠢ ᠭᠦᠢᠴᠡᠳᠬᠡᠨ ᠳᠠᠭᠤᠰᠬᠠᠬᠤ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶ | 66᠂ ᠥᠯᠥ ᠬᠥᠳᠡᠯᠬᠦ ᠬᠥᠷᠥᠩᠭᠡ ᠶᠢ ᠳᠡᠩᠰᠡᠯᠡᠵᠦ ᠭᠠᠶᠢᠯᠢ ᠲᠤᠰᠢᠶᠠᠬᠤ ᠦᠢᠯᠡᠴᠢᠯᠡᠭᠡᠨ ᠤ ᠬᠢᠷᠢ ᠲᠥᠪᠰᠢᠨ ᠢ | ᠳᠡᠭᠡᠭᠰᠢᠯᠡᠭᠦᠯᠵᠦ᠂ ᠲᠣᠰ ᠣᠷᠣᠨ ᠪᠦᠰᠡ ᠶᠢᠨ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠵᠥᠪᠬᠡᠨ ᠲᠣᠰ ᠣᠷᠣᠨ | ᠪᠦᠰᠡ ᠶᠢᠨ ᠥᠯᠥ ᠬᠥᠳᠡᠯᠬᠦ ᠬᠥᠷᠥᠩᠭᠡ ᠶᠢ ᠲᠤᠰᠢᠶᠠᠵᠤ ᠬᠤᠳᠠᠯᠳᠤᠭᠠᠯᠠᠬᠤ ᠳᠤ ᠡᠭᠦᠰᠦᠭᠰᠡᠨ ᠭᠠᠶᠢᠯᠢ ᠶᠢᠨ | ᠵᠣᠭᠤᠰ ᠤᠨ ᠬᠢᠵᠠᠭᠠᠷᠯᠠᠯ ᠢ ᠡᠪᠳᠡᠨ᠎ᠡ᠃ ︵ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶ | 67᠂ ︽ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ︾ ᠶᠢᠨ ᠦᠢᠯᠡᠴᠢᠯᠡᠭᠡᠨ ᠤ | ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠭᠡᠷ ᠪᠠᠶᠢᠰᠢᠩ ᠤᠨ ᠠᠷᠠᠯᠵᠢᠶ᠎ᠠ᠂ ᠥᠯᠥ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠠᠪᠤᠴᠠ ᠳᠤ ᠴᠠᠬᠢᠮ ᠦᠨᠡᠮᠯᠡᠯ ᠪᠠ ᠰᠠᠯᠠᠭ᠎ᠠ | ᠮᠥᠴᠢᠷ ᠤᠨ ᠴᠠᠬᠢᠮ ᠮᠠᠲ᠋ᠧᠷᠢᠶᠠᠯ ᠤᠨ ᠮᠡᠳᠡᠭᠡ ᠵᠠᠩᠭᠢ ᠶᠢ ᠬᠡᠷᠡᠭᠯᠡᠵᠦ᠂ ᠭᠦᠢᠴᠡᠳᠬᠡᠬᠦ ᠦᠵᠦᠭᠦᠷ ᠢ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ᠂ ᠪᠠᠩᠬᠢ ᠵᠡᠷᠭᠡ ᠪᠠᠶᠢᠭᠤᠯᠤᠮᠵᠢ ᠳᠠᠰᠢ ᠤᠷᠲᠤᠳᠬᠠᠨ᠎ᠠ︔ ᠥᠯᠥ ᠬᠥᠳᠡᠯᠬᠦ | ᠬᠥᠷᠥᠩᠭᠡ ᠪᠠᠷ ᠪᠠᠷᠢᠴᠠᠭᠠᠯᠠᠬᠤ ᠵᠢᠭᠡᠯᠡᠯᠭᠡ ᠪᠠ ᠳᠠᠩᠰᠠᠯᠠᠬᠤ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ | ᠠᠬᠢᠭᠤᠯᠵᠤ᠂ ᠪᠡᠷᠢᠴᠠᠭᠠᠨ ᠤ ᠭᠡᠷ᠎ᠡ ᠳᠤ ᠭᠡᠷ ᠪᠠᠶᠢᠰᠢᠩ ᠤᠨ ᠠᠷᠠᠯᠵᠢᠶ᠎ᠠ ᠬᠢᠭᠡᠳ ᠥᠯᠥ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢᠨ ᠬᠠᠮᠲᠤᠪᠠᠷ ᠭᠥᠷᠳᠡᠬᠦ ᠣᠷᠣᠯᠠᠬᠤ ᠲᠡᠮᠳᠡᠭ ᠢ ᠬᠡᠷᠡᠭᠯᠡᠨ᠂ ᠲᠠᠸᠠᠷ ᠤᠨ ᠭᠡᠷ ᠪᠠᠶᠢᠰᠢᠩ ᠢ | ᠤᠷᠢᠳᠴᠢᠯᠠᠨ ᠬᠤᠳᠠᠯᠳᠤᠬᠤ᠂ ᠪᠠᠷᠢᠴᠠᠭᠠᠯᠠᠬᠤ ᠳᠤ ᠬᠤᠯᠪᠣᠭᠳᠠᠬᠤ ᠤᠷᠢᠳᠴᠢᠯᠠᠨ ᠮᠡᠳᠡᠭᠳᠡᠬᠦ ᠳᠠᠩᠰᠠᠯᠠᠯᠲᠠ᠂ ᠥᠯᠥ | ᠬᠥᠳᠡᠯᠬᠦ ᠬᠥᠷᠥᠩᠭᠡ ᠶᠢᠨ ᠪᠡᠷᠢᠴᠠᠭᠠᠨ ᠤ ᠳᠠᠩᠰᠠᠯᠠᠯᠲᠠ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ | ᠮᠠᠲ᠋ᠧᠷᠢᠶᠠᠯ ᠢ ᠪᠠᠶᠢᠴᠠᠭᠠᠨ ᠯᠠᠪᠯᠠᠬᠤ ᠵᠦᠢᠯᠡᠰ ᠢ ᠴᠠᠬᠢᠮ ᠢᠶᠠᠷ ᠭᠦᠢᠴᠡᠳᠬᠡᠬᠦ ᠶᠢ ᠪᠡᠶᠡᠯᠡᠭᠦᠯᠦᠨ᠎ᠡ᠃ ︵ᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ | ᠮᠣᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 68. ᠭᠡᠷ ᠪᠠᠶᠢᠰᠢᠩ ᠤᠨ ᠠᠷᠠᠯᠵᠢᠶ᠎ᠠ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠤᠬᠠᠶᠢᠯᠠᠭᠰᠠᠨ | ᠠᠵᠢᠯ ᠢ ᠭᠦᠢᠴᠡᠳᠬᠡᠬᠦ ᠪᠠ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠨᠡᠷ᠎ᠡ ᠶᠢ ᠬᠠᠯᠠᠵᠤ ᠡᠷᠦᠬᠡ ᠰᠣᠯᠢᠬᠤ ᠶᠢ | ᠬᠠᠮᠲᠤ ᠳᠤᠨᠢ ᠭᠤᠶᠤᠴᠢᠯᠠᠵᠤ᠂ ᠬᠠᠮᠲᠤᠷᠠᠨ ᠬᠥᠳᠡᠯᠦᠯᠴᠡᠵᠦ ᠭᠦᠢᠴᠡᠳᠬᠡᠨ᠎ᠡ᠃ ︵ᠥᠪᠡᠷᠲᠡᠭᠡᠨ ᠵᠠᠰᠠᠬᠤ ᠣᠷᠣᠨ ᠤ | ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ | ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ | ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠮᠧᠩ ᠳ᠋ᠦᠩ ᠤᠨ ᠴᠠᠬᠢᠯᠭᠠᠨ ᠬᠦᠴᠦᠨ ᠤ ᠺᠣᠮᠫᠠᠨᠢ︶ | 69᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠴᠠᠬᠢᠮ ᠦᠨᠡᠮᠯᠡᠯ ᠤᠨ ᠰᠠᠯᠠᠭ᠎ᠠ ᠮᠥᠴᠢᠷ ᠤᠨ | ᠬᠤᠭᠤᠷᠣᠨᠳᠤ ᠪᠠᠨ ᠬᠠᠮᠵᠢᠯᠴᠠᠨ ᠬᠠᠷᠢᠯᠴᠠᠨ ᠮᠡᠳᠡᠷᠡᠬᠦ ᠶᠢ ᠪᠥᠬᠦ ᠲᠠᠯ᠎ᠠ ᠪᠠᠷ ᠪᠡᠶᠡᠯᠡᠭᠦᠯᠵᠦ᠂ ᠠᠵᠤ ᠠᠬᠤᠶᠢᠯᠠᠯ᠂ | ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠴᠠᠬᠢᠮ ᠦᠨᠡᠮᠯᠡᠯ ᠭᠤᠶᠤᠴᠢᠯᠠᠨ ᠠᠪᠤᠭᠤᠯᠵᠤ᠂ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ︵ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ | ( ᠲᠠᠪᠤ ) ᠭᠠᠶᠢᠯᠢ ᠲᠤᠰᠢᠶᠠᠬᠤ᠃ ᠭᠠᠶᠢᠯᠢ ᠰᠦᠢᠳᠬᠡᠯ ᠲᠤᠰᠢᠶᠠᠬᠤ ᠶᠢ ᠳᠥᠭᠦᠮᠴᠢᠯᠡᠬᠦ ᠶᠢ ᠦᠷᠭᠦᠯᠵᠢᠯᠡᠨ | ᠠᠬᠢᠭᠤᠯᠵᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | 70᠂ ︽ᠬᠠᠮᠤᠭ ᠤᠨ ᠠᠷᠪᠢᠨ ᠳᠠᠭᠠᠨ ᠨᠢᠭᠡ ᠤᠳᠠᠭ᠎ᠠ ᠪᠠᠷ ᠭᠦᠢᠴᠡᠳᠬᠡᠬᠦ︾ ︽ᠨᠢᠭᠡ ᠤᠳᠠᠭ᠎ᠠ ᠪᠠᠷ ᠴᠤ ᠢᠷᠡᠬᠦ | ᠦᠭᠡᠢ ᠪᠠᠷ ᠭᠦᠢᠴᠡᠳᠬᠡᠬᠦ︾ ᠶᠢ ᠦᠷᠭᠦᠯᠵᠢᠯᠡᠨ ᠥᠷᠭᠡᠳᠬᠡᠨ ᠰᠢᠯᠢᠳᠡᠭᠵᠢᠭᠦᠯᠵᠦ᠂ 90% ᠠᠴᠠ ᠳᠡᠭᠡᠭᠰᠢᠬᠢ | ᠭᠠᠶᠢᠯᠢ ᠲᠤᠰᠢᠶᠠᠬᠤ ᠵᠦᠢᠯᠡᠰ ᠢ ᠨᠢᠭᠡ ᠯᠡ ᠤᠳᠠᠭ᠎ᠠ ᠪᠠᠷ ᠰᠢᠢᠳᠪᠦᠷᠢᠯᠡᠵᠦ ᠳᠠᠭᠤᠰᠬᠠᠬᠤ ᠶᠢ ᠪᠡᠶᠡᠯᠡᠭᠦᠯᠵᠦ᠂ | ᠵᠢᠯ ᠤᠨ ᠭᠠᠶᠢᠯᠢ ᠲᠤᠰᠢᠶᠠᠬᠤ ᠰᠦᠢᠳᠬᠡᠯ ᠲᠤᠰᠢᠶᠠᠬᠤ ᠴᠠᠭ ᠢ 90 ᠴᠠᠭ ᠤᠨ ᠳᠣᠲᠣᠷ᠎ᠠ ᠪᠣᠯᠲᠠᠯ᠎ᠠ ᠪᠠᠭᠠᠰᠬᠠᠨ᠎ᠠ᠃ | ︵ᠥᠪᠥᠷ ᠮᠣᠩᠭᠤᠯ ᠤᠨ ᠭᠠᠶᠢᠯᠢ ᠶᠢᠨ ᠲᠣᠪᠴᠢᠶ᠎ᠠ︶ | 71᠂ ︽ᠥᠯᠥ ᠬᠦᠷᠦᠯᠴᠡᠬᠦ ᠬᠡᠯᠪᠡᠷᠢ︾ ᠶᠢᠨ ᠭᠠᠶᠢᠯᠢ ᠲᠤᠰᠢᠶᠠᠬᠤ ᠦᠢᠯᠡᠴᠢᠯᠡᠭᠡ ᠶᠢ ᠥᠷᠭᠡᠳᠬᠡᠵᠦ᠂ ᠠᠵᠤ | ᠠᠬᠤᠶᠢᠯᠠᠯ ᠤᠨ ᠪᠣᠶ ᠪᠦᠬᠦᠢ ᠭᠠᠶᠢᠯᠢ ᠲᠤᠰᠢᠶᠠᠬᠤ ᠵᠦᠢᠯᠡᠰ ᠢ ᠴᠠᠬᠢᠮ ᠢᠶᠠᠷ ᠭᠦᠢᠴᠡᠳᠬᠡᠬᠦ ᠶᠢ ᠦᠨᠳᠦᠰᠦᠨ ᠳᠡᠭᠡᠨ | ᠪᠡᠶᠡᠯᠡᠭᠦᠯᠦᠨ᠎ᠡ᠃ ︵ᠥᠪᠥᠷ ᠮᠣᠩᠭᠤᠯ ᠤᠨ ᠭᠠᠶᠢᠯᠢ ᠶᠢᠨ ᠲᠣᠪᠴᠢᠶ᠎ᠠ︶ | 72᠂ ︽ᠭᠠᠶᠢᠯᠢ ᠰᠦᠢᠳᠬᠡᠯ ᠮᠡᠳᠡᠭᠦᠯᠬᠦ ᠬᠤᠯᠪᠣᠭᠳᠠᠯ ᠪᠦᠬᠦᠢ ᠵᠦᠢᠯᠡᠰ ᠢ ᠲᠣᠪᠴᠢᠯᠠᠨ ᠨᠡᠶᠢᠯᠡᠭᠦᠯᠬᠦ ᠲᠤᠬᠠᠢ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠪᠠᠨ ᠵᠠᠷ︾ ᠤᠨ ᠱᠠᠭᠠᠷᠳᠠᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠣᠯᠠᠨ ᠵᠦᠢᠯ ᠤᠨ ᠭᠠᠶᠢᠯᠢ ᠶᠢᠨ ᠲᠥᠷᠥᠯ ᠤᠨ ᠭᠠᠶᠢᠯᠢ ᠲᠤᠰᠢᠶᠠᠬᠤ | ᠮᠡᠳᠡᠭᠦᠯᠦᠯᠲᠡ ᠶᠢᠨ ᠬᠦᠰᠦᠨᠦᠭᠲᠦ ᠶᠢ ᠨᠢᠭᠡᠳᠬᠡᠬᠦ ᠶᠢ ᠪᠡᠶᠡᠯᠡᠭᠦᠯᠦᠨ᠂ ᠭᠠᠶᠢᠯᠢ ᠰᠦᠢᠳᠬᠡᠯ ᠲᠤᠰᠢᠶᠠᠬᠤ | ᠶᠡᠷᠦᠩᠬᠡᠶᠢᠯᠡᠭᠰᠡᠨ ᠮᠡᠳᠡᠭᠦᠯᠬᠦ ᠬᠡᠪᠴᠢᠶ᠎ᠡ ᠶᠢ ᠰᠤᠳᠤᠯᠤᠨ ᠥᠷᠭᠡᠳᠬᠡᠵᠦ᠂ ᠭᠠᠶᠢᠯᠢ ᠰᠦᠢᠳᠬᠡᠯ ᠲᠤᠰᠢᠶᠠᠬᠤ | ᠳᠠᠷᠤᠭᠠᠰᠤ ᠶᠢ ᠬᠥᠩᠭᠡᠷᠡᠭᠦᠯᠦᠨ᠎ᠡ᠃ ︵ᠥᠪᠥᠷ ᠮᠣᠩᠭᠤᠯ ᠤᠨ ᠭᠠᠶᠢᠯᠢ ᠶᠢᠨ ᠲᠣᠪᠴᠢᠶ᠎ᠠ︶ | 73᠂ ᠥᠷᠲᠡᠭ ᠨᠡᠮᠡᠭᠳᠡᠯ ᠤᠨ ᠭᠠᠶᠢᠯᠢ ᠶᠢᠨ ᠲᠤᠰᠬᠠᠢ ᠪᠠᠷᠢᠮᠲᠠ ᠶᠢ ᠴᠠᠬᠢᠮᠴᠢᠯᠠᠬᠤ ᠥᠭᠡᠷᠡᠴᠢᠯᠡᠯᠲᠡ ᠶᠢ | ᠠᠬᠢᠭᠤᠯᠵᠤ᠂ ᠪᠠᠷᠢᠮᠲᠠ ᠶᠢ ᠴᠠᠬᠢᠮᠴᠢᠯᠠᠬᠤ ᠯᠤᠭ᠎ᠠ ᠬᠠᠷᠢᠯᠴᠠᠨ ᠵᠣᠬᠢᠴᠠᠯᠳᠤᠭᠰᠠᠨ ᠬᠠᠮᠢᠶᠠᠷᠤᠯᠲᠠ ᠦᠢᠯᠡᠴᠢᠯᠡᠭᠡᠨ ᠤ | ᠵᠠᠭᠪᠤᠷ ᠢ ᠱᠠᠲᠤ ᠳᠠᠷᠠᠭ᠎ᠠ ᠲᠠᠢ ᠪᠠᠷ ᠪᠠᠶᠢᠭᠤᠯᠤᠨ᠎ᠠ᠃ ᠴᠠᠬᠢᠮ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠥᠷᠲᠡᠭ | ᠨᠡᠮᠡᠭᠳᠡᠯ ᠤᠨ ᠭᠠᠶᠢᠯᠢ ᠶᠢᠨ ᠮᠡᠳᠡᠭᠦᠯᠦᠯᠲᠡ ᠶᠢᠨ ᠲᠤᠰᠠᠯᠠᠬᠤ ᠴᠢᠳᠠᠮᠵᠢ ᠶᠢ ᠰᠢᠯᠢᠳᠡᠭᠵᠢᠭᠦᠯᠵᠦ᠂ ᠪᠠᠷᠢᠮᠲᠠ ᠬᠢᠵᠦ | ᠥᠭᠭᠦᠭᠡᠳᠦᠢ ᠣᠷᠣᠯᠭ᠎ᠠ ᠵᠡᠷᠭᠡ ᠣᠨᠴᠠᠭᠠᠶ ᠪᠠᠶᠢᠳᠠᠯ ᠠᠴᠠ ᠪᠤᠰᠤᠳ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠶᠢᠨ | ︽ᠮᠠᠲ᠋ᠧᠷᠢᠶᠠᠯ ᠦᠭᠡᠢ︾ ᠮᠡᠳᠡᠭᠦᠯᠦᠯᠲᠡ ᠶᠢ ᠪᠡᠶᠡᠯᠡᠭᠦᠯᠦᠨ᠎ᠡ᠃ ︵ᠥᠪᠥᠷ ᠮᠣᠩᠭᠤᠯ ᠤᠨ ᠭᠠᠶᠢᠯᠢ ᠶᠢᠨ ᠲᠣᠪᠴᠢᠶ᠎ᠠ︶ | | 74᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠪᠰᠤᠷᠤᠨ ᠵᠢᠯᠤᠭᠤᠳᠬᠤ ᠶᠢ ᠴᠢᠩᠭᠠᠳᠬᠠᠵᠤ᠂ | ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠳᠤ ᠥᠷᠲᠡᠭ ᠨᠡᠮᠡᠭᠳᠡᠯ ᠤᠨ ᠭᠠᠶᠢᠯᠢ ᠶᠢᠨ ᠨᠡᠮᠡᠭᠳᠡᠯ ᠤᠨ ᠬᠡᠮᠵᠢᠶᠡᠨ ᠤ | ᠦᠯᠡᠳᠡᠭᠡᠬᠦ ᠲᠤᠯᠭᠠᠨ ᠪᠤᠴᠠᠭᠠᠬᠤ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ︽ᠡᠳ᠋ᠯᠡᠪᠡᠰᠦ ᠵᠣᠬᠢᠬᠤ ᠶᠢ ᠨᠢ | ᠪᠦᠬᠦᠨ ᠢ ᠥᠷᠲᠡᠭ ᠨᠡᠮᠡᠭᠳᠡᠯ ᠤᠨ ᠭᠠᠶᠢᠯᠢ ᠶᠢᠨ ᠦᠯᠡᠳᠡᠭᠡᠬᠦ ᠪᠠ ᠲᠤᠯᠭᠠᠨ ᠪᠤᠴᠠᠭᠠᠬᠤ ᠭᠠᠶᠢᠯᠢ ᠶᠢ ︽ᠮᠡᠳᠡᠭᠦᠯᠬᠦ ᠪᠠ | ᠪᠤᠴᠠᠭᠠᠬᠤ ᠶᠢ ᠨᠡᠶᠢᠯᠡᠭᠦᠯᠦᠨ ᠨᠢᠭᠡ ᠪᠣᠯᠭᠠᠬᠤ︾ ᠶᠢ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠠᠵᠤ | ᠠᠬᠤᠶᠢᠯᠠᠯ ᠤᠳ ᠥᠷᠲᠡᠭ ᠨᠡᠮᠡᠭᠳᠡᠯ ᠤᠨ ᠭᠠᠶᠢᠯᠢ ᠶᠢᠨ ᠮᠡᠳᠡᠭᠦᠯᠦᠯᠲᠡ ᠶᠢ ᠪᠡᠶᠡᠯᠡᠭᠦᠯᠦᠭᠰᠡᠨ ᠤ ᠳᠠᠷᠠᠭ᠎ᠠ ᠦᠯᠡᠳᠡᠭᠡᠬᠦ | ᠪᠠ ᠲᠤᠯᠭᠠᠨ ᠪᠤᠴᠠᠭᠠᠬᠤ ᠭᠤᠶᠤᠴᠢᠯᠠᠯ ᠤᠨ ᠬᠦᠰᠦᠨᠦᠭᠲᠦ ᠶᠢ ᠠᠶᠠᠨᠳᠠᠭᠠᠨ ᠪᠣᠶ ᠪᠣᠯᠭᠠᠨ᠎ᠠ᠃ ᠦᠷᠳᠡᠭ ᠨᠡᠮᠡᠭᠳᠡᠯ ᠤᠨ | ᠭᠠᠶᠢᠯᠢ ᠶᠢᠨ ᠦᠯᠡᠳᠡᠭᠡᠬᠦ ᠪᠠ ᠲᠤᠯᠭᠠᠨ ᠪᠤᠴᠠᠭᠠᠬᠤ ᠭᠠᠶᠢᠯᠢ ᠶᠢ ᠣᠶᠤᠨᠴᠢ ᠪᠠᠷ ᠬᠢᠨᠠᠨ ᠵᠥᠪᠰᠢᠶᠡᠷᠡᠬᠦ ᠲᠤᠷᠰᠢᠯᠲᠠ ᠶᠢ | ᠬᠢᠵᠦ᠂ ᠨᠥᠬᠦᠴᠡᠯ ᠳᠤ ᠨᠡᠶᠢᠴᠡᠭᠰᠡᠨ ᠦᠷᠳᠡᠭ ᠨᠡᠮᠡᠭᠳᠡᠯ ᠤᠨ ᠭᠠᠶᠢᠯᠢ ᠶᠢᠨ ᠦᠯᠡᠳᠡᠭᠡᠬᠦ ᠪᠠ ᠲᠤᠯᠭᠠᠨ ᠪᠤᠴᠠᠭᠠᠬᠤ | ᠭᠤᠶᠤᠴᠢᠯᠠᠯ ᠳᠤ ︽ᠰᠧᠺᠦ᠋ᠨ᠋ᠳ᠋ ᠤᠨ ᠵᠥᠪᠰᠢᠶᠡᠷᠡᠯ︾ ᠢ ᠪᠡᠶᠡᠯᠡᠭᠦᠯᠪᠡ᠃ ︵ᠥᠪᠥᠷ ᠮᠣᠩᠭᠤᠯ ᠤᠨ ᠭᠠᠶᠢᠯᠢ ᠶᠢᠨ | ᠲᠣᠪᠴᠢᠶ᠎ᠠ︶ | 75᠂ ᠤᠯᠤᠰ ᠤᠨ ᠡᠯ᠎ᠡ ᠵᠦᠢᠯ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠ ᠵᠠᠰᠠᠭ ᠤᠨ | ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠭᠠᠷᠴᠠᠭ ᠤᠨ ᠨᠠᠷᠢᠨ ᠵᠢᠭᠰᠠᠭᠠᠯᠲᠠ ᠶᠢ ᠬᠥᠳᠡᠯᠦᠩᠭᠦᠢ ᠪᠠᠷ ᠬᠠᠮᠢᠶᠠᠷᠴᠤ | ᠂ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠬᠢᠨᠠᠯᠲᠠ ᠪᠠᠶᠢᠴᠠᠭᠠᠯᠲᠠ ᠶᠢ ᠥᠷᠨᠢᠭᠦᠯᠦᠨ᠎ᠡ᠃ ︵ᠥᠪᠥᠷ | ᠮᠣᠩᠭᠤᠯ ᠤᠨ ᠭᠠᠶᠢᠯᠢ ᠶᠢᠨ ᠲᠣᠪᠴᠢᠶ᠎ᠠ︶ | 76᠂ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠶᠢ | ᠬᠥᠳᠡᠯᠦᠩᠭᠦᠢ ᠪᠠᠷ ᠰᠢᠨᠡᠳᠬᠡᠵᠦ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠬᠥᠮᠥᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ | ᠬᠢᠭᠡᠳ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠪᠠᠨ ᠴᠢᠩᠭᠠᠳᠬᠠᠵᠤ᠂ ᠭᠦᠢᠴᠡᠳᠬᠡᠨ᠎ᠡ᠃ ︵ᠥᠪᠥᠷ | ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ︶ | 77᠂ ᠭᠠᠶᠢᠯᠢ ᠲᠤᠰᠢᠶᠠᠬᠤ ᠦᠢᠯᠡᠴᠢᠯᠡᠭᠡᠨ ᠤ ᠵᠠᠭᠠᠯᠳᠤᠯᠭ᠎ᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠵᠦ᠂ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠭᠴᠢ ᠶᠢᠨ ᠠᠰᠠᠭᠤᠨ | ᠯᠠᠪᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠵᠡᠷᠭᠡ ᠭᠠᠶᠢᠯᠢ ᠪᠠ ᠰᠦᠢᠳᠬᠡᠯ ᠳᠤ ᠬᠤᠯᠪᠣᠭᠳᠠᠬᠤ ᠭᠤᠮᠣᠳᠠᠯ | ᠱᠠᠭᠠᠷᠳᠠᠯᠭ᠎ᠠ ᠶᠢ ᠣᠯᠠᠨ ᠠᠷᠭ᠎ᠠ ᠵᠠᠮ ᠢᠶᠠᠷ ᠭᠥᠯᠢᠶᠡᠨ ᠠᠪᠬᠤ᠂ ᠲᠦᠷᠭᠡᠨ ᠰᠢᠯᠵᠢᠭᠦᠯᠦᠨ ᠭᠦᠢᠴᠡᠳᠬᠡᠬᠦ᠂ ᠴᠠᠭ | ᠬᠢᠵᠠᠭᠠᠷᠯᠠᠨ ᠳᠠᠭᠠᠬᠤ᠂ ᠦᠷ᠎ᠡ ᠳ᠋ᠦᠩ ᠢ ᠬᠠᠷᠢᠭᠤ ᠰᠤᠷᠪᠤᠯᠵᠢᠯᠠᠬᠤ᠂ ᠮᠥᠷᠳᠡᠨ ᠬᠢᠨᠠᠯᠲᠠ ᠲᠠᠯᠪᠢᠬᠤ᠂ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ︵ᠥᠪᠥᠷ | ᠮᠣᠩᠭᠤᠯ ᠤᠨ ᠭᠠᠶᠢᠯᠢ ᠶᠢᠨ ᠲᠣᠪᠴᠢᠶ᠎ᠠ︶ | 78᠂ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠨ ᠬᠠᠮᠢᠶᠠᠷᠬᠤ ᠶᠢ ᠪᠠᠷᠢᠮᠲᠠᠯᠠᠵᠤ᠂ ᠳᠥᠭᠦᠮ ᠪᠦᠳᠦᠭᠦᠯᠢᠭ᠂ | ᠰᠣᠩᠭᠤᠯᠲᠠ ᠲᠠᠢ᠂ ︽ᠨᠢᠭᠡ ᠯᠡ ᠠᠳᠠᠯᠢ ᠪᠠᠷ ᠱᠠᠭᠠᠷᠳᠠᠬᠤ︾ ᠳᠤᠷ᠎ᠠ ᠪᠠᠷ ᠢᠶᠠᠨ ᠬᠠᠤᠯᠢ ᠬᠡᠷᠡᠭᠵᠢᠭᠦᠯᠬᠦ ᠶᠢ | ᠬᠡᠷᠡᠭᠵᠢᠭᠦᠯᠵᠦ ᠪᠣᠯᠬᠤ ᠦᠭᠡᠢ᠂ ᠭᠠᠶᠢᠯᠢ ᠶᠢᠨ ᠶᠠᠪᠤᠳᠠᠯ ᠤᠨ ᠮᠥᠷᠳᠡᠨ ᠪᠠᠶᠢᠴᠠᠭᠠᠵᠤ ᠬᠠᠤᠯᠢ ᠬᠡᠷᠡᠭᠵᠢᠭᠦᠯᠬᠦ ᠠᠷᠭ᠎ᠠ | ᠬᠡᠯᠪᠡᠷᠢ ᠶᠢ ᠦᠷᠭᠦᠯᠵᠢᠯᠡᠨ ᠰᠢᠯᠢᠳᠡᠭᠵᠢᠭᠦᠯᠵᠦ᠂ ᠶᠣᠰᠣ ᠶᠠᠷᠢᠬᠤ ᠬᠡᠯᠪᠡᠷᠢ ᠪᠠᠷ ᠬᠠᠤᠯᠢ ᠬᠡᠷᠡᠭᠵᠢᠭᠦᠯᠵᠦ᠂ ᠵᠠᠬ᠎ᠠ | ᠳᠡᠯᠭᠡᠭᠦᠷ ᠤᠨ ᠡᠵᠡᠩᠨᠡᠭᠴᠢᠳ ᠢ ᠬᠠᠷᠰᠢᠯᠠᠬᠤ ᠶᠢ ᠬᠠᠮᠤᠭ ᠤᠨ ᠪᠠᠭ᠎ᠠ ᠪᠣᠯᠭᠠᠵᠤ᠂ ᠬᠢᠨᠠᠨ ᠬᠠᠮᠢᠶᠠᠷᠬᠤ ᠦᠷ᠎ᠡ | ᠪᠦᠲᠦᠮᠵᠢ ᠶᠢ ᠬᠠᠮᠤᠭ ᠤᠨ ᠶᠡᠭᠡ ᠪᠣᠯᠭᠠᠬᠤ ᠪᠠᠷ ᠴᠢᠷᠮᠠᠶᠢᠨ ᠪᠡᠶᠡᠯᠡᠭᠦᠯᠦᠨ᠎ᠡ᠃ ︵ᠥᠪᠥᠷ ᠮᠣᠩᠭᠤᠯ ᠤᠨ ᠭᠠᠶᠢᠯᠢ ᠶᠢᠨ | ᠲᠣᠪᠴᠢᠶ᠎ᠠ︶ | ︵ᠵᠢᠷᠭᠤᠭ᠎ᠠ︶ ᠬᠢᠯᠢ ᠠᠯᠤᠰᠯᠠᠭᠰᠠᠨ ᠠᠷᠠᠯᠵᠢᠶ᠎ᠠ᠃ ᠪᠣᠭᠤᠮᠲᠠ ᠪᠠᠷ ᠥᠩᠭᠡᠷᠡᠭᠦᠯᠬᠦ ᠳᠤ ᠲᠥᠬᠦᠮ ᠦᠵᠡᠭᠦᠯᠬᠦ ᠡᠯ᠎ᠡ | ᠲᠥᠷᠥᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠲᠥᠪᠰᠢᠨ ᠢ ᠬᠡᠷᠡᠭᠵᠢᠭᠦᠯᠵᠦ᠂ ᠪᠣᠭᠤᠮᠲᠠ ᠪᠠᠷ ᠥᠩᠭᠡᠷᠡᠭᠦᠯᠬᠦ | ᠦᠢᠯᠡᠴᠢᠯᠡᠭᠡᠨ ᠤ ᠬᠦᠴᠦᠨ ᠢ ᠳᠡᠭᠡᠭᠰᠢᠯᠡᠭᠦᠯᠦᠨ᠎ᠡ | 79᠂ ᠨᠥᠬᠦᠴᠡᠯ ᠪᠦᠷᠢᠯᠳᠦᠭᠦᠯᠦᠭᠰᠡᠨ ᠪᠣᠭᠤᠮᠲᠠ ᠳᠤ ︽ᠤᠷᠢᠳᠴᠢᠯᠠᠨ ᠮᠡᠳᠡᠭᠦᠯᠬᠦ︾ ᠶᠢ ᠬᠡᠷᠡᠭᠵᠢᠭᠦᠯᠵᠦ᠂ ᠠᠵᠤ | ᠠᠬᠤᠶᠢᠯᠠᠯ ᠤᠨ ᠬᠦᠰᠡᠯ ᠰᠠᠨᠠᠭ᠎ᠠ ᠪᠠᠷ ︽ᠬᠤᠶᠠᠷ ᠠᠯᠬᠤᠮ ᠢᠶᠠᠷ ᠮᠡᠳᠡᠭᠦᠯᠬᠦ︾ ᠪᠣᠭᠤᠮᠲᠠ ᠪᠠᠷ ᠥᠩᠭᠡᠷᠡᠭᠦᠯᠬᠦ | ᠵᠠᠭᠪᠤᠷ ᠢ ᠬᠡᠷᠡᠭᠵᠢᠭᠦᠯᠦᠨ᠎ᠡ᠃ ︵ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ︶ | 80. ᠡᠯ᠎ᠡ ᠲᠥᠷᠥᠯ ᠤᠨ ᠪᠣᠭᠤᠮᠲᠠ ᠶᠢᠨ ᠲᠤᠬᠠᠶᠢᠯᠠᠭᠰᠠᠨ ᠠᠵᠢᠯ ᠢ ᠴᠠᠬᠢᠮ ᠢᠶᠠᠷ ᠭᠦᠢᠴᠡᠳᠬᠡᠬᠦ ᠶᠢ ᠶᠡᠬᠡᠪᠡᠷ | ᠳᠡᠯᠭᠡᠷᠡᠭᠦᠯᠦᠨ᠎ᠡ᠃ ᠬᠢᠯᠢ ᠠᠯᠤᠰᠯᠠᠭᠰᠠᠨ ᠠᠷᠠᠯᠵᠢᠶ᠎ᠠ ᠶᠢᠨ ᠪᠣᠭᠤᠮᠲᠠ ᠶᠢᠨ ᠮᠡᠳᠡᠭᠡ ᠵᠠᠩᠭᠢᠵᠢᠯᠲᠠ ᠶᠢᠨ ᠬᠡᠷᠡᠭᠯᠡᠭᠡᠨ ᠤ | ᠬᠢᠷᠢ ᠲᠥᠪᠰᠢᠨ ᠢ ᠳᠡᠭᠡᠭᠰᠢᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ | ᠡᠭᠦᠳᠴᠦ᠂ ᠲᠣᠭᠲᠠᠭᠠᠯ ᠶᠣᠰᠣᠭᠠᠷ ᠬᠠᠤᠯᠢ ᠶᠢ ᠰᠠᠬᠢᠬᠤ ᠠᠵᠤ ᠠᠬᠤᠶᠢᠯᠠᠯ ᠢ ᠳᠥᠭᠦᠮᠴᠢᠯᠡᠨ ᠪᠣᠭᠤᠮᠲᠠ ᠪᠠᠷ | ᠥᠩᠭᠡᠷᠡᠭᠦᠯᠬᠦ ᠶᠢ ᠪᠡᠶᠡᠯᠡᠭᠦᠯᠵᠦ᠂ ᠬᠠᠮᠤᠭ ᠤᠨ ᠰᠢᠨ᠎ᠡ ᠲᠣᠭᠲᠠᠭᠠᠯ ᠶᠣᠰᠣᠭᠠᠷ ᠳᠡᠭᠡᠳᠦ ᠲᠠᠰ ᠤᠨ ᠭᠡᠷᠡᠴᠢᠯᠡᠯ ᠤᠨ | ᠠᠵᠤ ᠠᠬᠤᠶᠢᠯᠠᠯ ᠳᠤ ᠳᠥᠭᠦᠮᠴᠢᠯᠡᠨ ᠪᠣᠭᠤᠮᠲᠠ ᠶᠢᠨ ᠬᠠᠮᠢᠶᠠᠷᠤᠯᠲᠠ ᠶᠢᠨ ᠠᠷᠭ᠎ᠠ ᠲᠥᠪᠰᠢᠨ ᠢ ᠬᠠᠩᠭᠠᠨ᠎ᠠ᠃ ︵ | ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ︶ | 81᠂ ᠡᠷᠡᠰᠳᠡᠯ ᠢ ᠡᠵᠡᠮᠳᠡᠨ ᠪᠠᠶᠢᠷᠢᠯᠠᠭᠤᠯᠬᠤ ᠳᠦᠷᠢᠮ ᠢ ᠰᠢᠯᠢᠳᠡᠭᠵᠢᠭᠦᠯᠵᠦ᠂ ᠬᠠᠤᠯᠢ ᠶᠢ ᠰᠠᠬᠢᠬᠤ ᠠᠵᠤ | ᠠᠬᠤᠶᠢᠯᠠᠯ ᠪᠠ ᠡᠷᠡᠰᠳᠡᠯ ᠪᠠᠭᠠᠲᠠᠢ ᠲᠠᠸᠠᠷ ᠢ ᠪᠠᠶᠢᠴᠠᠭᠠᠨ ᠰᠢᠯᠭᠠᠬᠤ ᠨᠣᠷᠮ᠎ᠠ ᠶᠢ ᠪᠠᠭᠤᠷᠠᠭᠤᠯᠤᠨ᠎ᠠ᠃ ᠣᠨᠴᠠᠭᠠᠢ | ᠲᠡᠭᠡᠭᠡᠪᠦᠷᠢᠯᠡᠬᠦ ᠱᠠᠭᠠᠷᠳᠠᠯᠭ᠎ᠠ ᠲᠠᠢ ᠬᠢᠯᠢ ᠪᠠᠷ ᠣᠷᠣᠵᠤ ᠭᠠᠷᠬᠤ ᠪᠠᠷᠠᠭ᠎ᠠ ᠳᠤ᠂ ᠤᠷᠢᠳᠴᠢᠯᠠᠨ ᠪᠣᠯᠵᠣᠵᠤ ᠪᠠᠶᠢᠴᠠᠭᠠᠨ | ᠰᠢᠯᠭᠠᠬᠤ᠂ ᠲᠠᠯᠠᠪᠤᠷ ᠠᠴᠠ ᠪᠠᠭᠤᠯᠭᠠᠵᠤ ᠪᠠᠶᠢᠴᠠᠭᠠᠨ ᠰᠢᠯᠭᠠᠬᠤ᠂ ᠬᠥᠮᠥᠷᠭᠡ ᠳᠤ ᠣᠷᠣᠭᠤᠯᠵᠤ ᠪᠠᠶᠢᠴᠠᠭᠠᠨ | ᠰᠢᠯᠭᠠᠬᠤ᠂ ᠰᠦᠯᠵᠢᠶ᠎ᠡ ᠪᠠᠷ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠠᠮᠢᠳᠤᠯᠢᠭ ᠢᠶᠠᠷ ᠬᠡᠷᠡᠭᠯᠡᠵᠦ᠂ ᠪᠠᠷᠠᠭ᠎ᠠ ᠶᠢ | ᠨᠡᠭᠦᠯᠭᠡᠨ ᠪᠤᠴᠠᠭᠠᠬᠤ ᠪᠠ ᠪᠠᠶᠢᠴᠠᠭᠠᠨ ᠰᠢᠯᠭᠠᠬᠤ ᠴᠠᠭ ᠢ ᠪᠠᠭᠠᠰᠬᠠᠬᠤ ᠬᠡᠷᠡᠭᠲᠡᠢ᠃ ︵ᠬᠥᠬᠡᠬᠤᠲᠠ ᠪᠣᠭᠤᠮᠲᠠ᠂ | ᠮᠠᠨᠵᠤᠤᠷ ᠪᠣᠭᠤᠮᠲᠠ︶ | 82᠂ ᠬᠢᠯᠢ ᠠᠯᠤᠰᠯᠠᠭᠰᠠᠨ ᠠᠷᠠᠯᠵᠢᠶ᠎ᠠ ᠶᠢᠨ ᠠᠰᠠᠭᠤᠳᠠᠯ ᠢ ᠴᠤᠭᠯᠠᠭᠤᠯᠤᠨ ᠰᠢᠢᠳᠪᠦᠷᠢᠯᠡᠵᠦ ᠬᠠᠷᠢᠭᠤ ᠲᠤᠰᠬᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠬᠠᠯᠠᠮᠰᠢᠯ ᠤᠲᠠᠰᠤ᠂ ᠴᠠᠬᠢᠮ ᠲᠠᠪᠴᠠᠩ ᠵᠡᠷᠭᠡ ᠠᠵᠤ | ᠠᠬᠤᠶᠢᠯᠠᠯ ᠤᠨ ᠭᠤᠮᠣᠳᠠᠯ ᠲᠣᠭᠠᠴᠢᠬᠤ ᠠᠷᠭ᠎ᠠ ᠵᠠᠮ ᠢ ᠪᠠᠶᠢᠭᠤᠯᠤᠨ ᠪᠦᠷᠢᠨᠰᠢᠭᠦᠯᠵᠦ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠢ ᠰᠢᠢᠳᠪᠦᠷᠢᠯᠡᠨ᠎ᠡ᠃ ︵ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠬᠡᠬᠤᠲᠠ ᠪᠣᠭᠤᠮᠲᠠ᠂ ᠮᠠᠨᠵᠤᠤᠷ | ᠪᠣᠭᠤᠮᠲᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ᠬᠠᠮᠢᠶ᠎ᠠ | ᠪᠦᠬᠦᠢ ᠰᠠᠯᠠᠭ᠎ᠠ ᠮᠥᠴᠢᠷ︶ | 83᠂ ᠣᠯᠠᠨ ᠤᠯᠤᠰ ᠤᠨ ᠠᠷᠠᠯᠵᠢᠶ᠎ᠠ ᠶᠢᠨ ︽ᠭᠠᠭᠴᠠ ᠴᠣᠩᠬᠤᠪᠴᠢ︾ ᠶᠢᠨ ᠴᠢᠳᠠᠮᠵᠢ ᠶᠢ ᠳᠡᠯᠭᠡᠷᠡᠭᠦᠯᠦᠨ | ᠬᠡᠷᠡᠭᠯᠡᠵᠦ᠂ ᠰᠢᠨ᠎ᠡ ᠪᠠᠷ ᠨᠡᠮᠡᠭᠳᠡᠭᠰᠡᠨ ᠲᠤᠬᠠᠶᠢᠯᠠᠭᠰᠠᠨ ᠠᠵᠢᠯ ᠤᠨ ᠴᠢᠳᠠᠮᠵᠢ ᠶᠢᠨ ᠬᠡᠷᠡᠭᠯᠡᠯᠲᠡ ᠶᠢᠨ ᠨᠣᠷᠮ᠎ᠠ ᠪᠠ | ᠪᠦᠷᠬᠦᠴᠡ ᠶᠢᠨ ᠨᠣᠷᠮ᠎ᠠ ᠶᠢ ᠬᠦᠴᠦ ᠪᠠᠨ ᠬᠠᠮᠲᠤᠳᠬᠠᠨ ᠳᠡᠭᠡᠭᠰᠢᠯᠡᠭᠦᠯᠦᠨ᠎ᠡ᠃ ᠪᠠᠶᠢᠴᠠᠭᠠᠨ ᠰᠢᠯᠭᠠᠬᠤ ᠮᠡᠳᠡᠭᠳᠡᠯ ᠤᠨ | ᠮᠡᠳᠡᠭᠡ ᠵᠠᠩᠭᠢ ᠶᠢ ᠵᠠᠰᠠᠮᠠᠯ ᠵᠠᠮ ᠤᠨ ᠪᠣᠭᠤᠮᠲᠠ ᠶᠢᠨ ᠮᠡᠳᠡᠭᠡ ᠵᠠᠩᠭᠢ ᠲᠠᠢ ᠬᠤᠣᠰ ᠴᠢᠭᠯᠡᠯ ᠢᠶᠠᠷ ᠰᠣᠯᠢᠯᠴᠠᠬᠤ ᠶᠢ | ᠪᠡᠶᠡᠯᠡᠭᠦᠯᠵᠦ᠂ ᠭᠠᠳᠠᠭᠠᠳᠤ ᠭᠠᠷᠭᠠᠯᠭ᠎ᠠ ᠶᠢᠨ ᠭᠠᠶᠢᠯᠢ ᠶᠢᠨ ᠪᠤᠴᠠᠭᠠᠯᠲᠠ ᠶᠢ ᠴᠠᠬᠢᠮ ᠢᠶᠠᠷ ᠭᠦᠢᠴᠡᠳᠬᠡᠵᠦ᠂ | ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠨᠠᠩ ᠣᠯᠠᠨ ᠲᠥᠬᠦᠮ ᠦᠢᠯᠡᠴᠢᠯᠡᠭᠡ ᠬᠠᠩᠭᠠᠨ᠎ᠠ᠃ ︵ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠬᠡᠬᠤᠲᠠ ᠪᠣᠭᠤᠮᠲᠠ᠂ ᠮᠠᠨᠵᠤᠤᠷ | ᠪᠣᠭᠤᠮᠲᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶ | ︵ᠲᠤᠯᠤᠭ᠎ᠠ︶ ᠵᠢᠭᠡᠯᠡᠯᠭᠡ ᠣᠯᠬᠤ᠃ ᠲᠦᠷᠦ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠪᠠ ᠬᠢᠨᠠᠨ ᠰᠢᠯᠭᠠᠵᠤ | ᠦᠨᠡᠯᠡᠨ ᠵᠢᠱᠢᠬᠦ ᠶᠢ ᠴᠢᠩᠭᠠᠳᠬᠠᠵᠤ᠂ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ | ᠬᠦᠴᠢᠷᠲᠡᠢ ᠪᠠᠶᠢᠬᠤ᠂ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠨᠠᠮᠳᠠᠭᠤᠯᠤᠨ᠎ᠠ᠃ | 84᠂ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠦᠨ᠎ᠡ ᠮᠡᠳᠡᠭᠦᠯᠬᠦ ᠬᠦᠦ ᠶᠢᠨ ᠨᠣᠷᠮ᠎ᠠ ︵LPR︶ ᠶᠢᠨ | ᠥᠭᠡᠷᠡᠴᠢᠯᠡᠯᠲᠡ ᠶᠢ ᠦᠷᠭᠦᠯᠵᠢᠯᠡᠨ ᠰᠠᠶᠢᠵᠢᠷᠠᠭᠤᠯᠵᠦ᠂ ᠬᠠᠳᠠᠭᠠᠯᠠᠮᠵᠢ ᠶᠢᠨ ᠬᠦᠦ ᠶᠢᠨ ᠨᠣᠷᠮ᠎ᠠ ᠶᠢᠨ ᠬᠢᠨᠠᠯᠲᠠ | ᠬᠠᠮᠢᠶᠠᠷᠤᠯᠲᠠ ᠶᠢ ᠰᠢᠯᠢᠳᠡᠭᠵᠢᠭᠦᠯᠦᠨ᠂ ᠪᠣᠳᠠᠲᠠᠢ ᠵᠢᠭᠡᠯᠡᠯᠭᠡ ᠶᠢᠨ ᠬᠦᠦ ᠶᠢᠨ ᠨᠣᠷᠮ᠎ᠠ ᠶᠢ ᠴᠢᠨᠠᠭᠰᠢᠳᠠ | ᠪᠠᠭᠤᠷᠠᠭᠤᠯᠵᠤ᠂ ᠮᠥᠩᠭᠦᠨ ᠭᠦᠢᠯᠭᠡᠭᠡᠨ ᠤ ᠰᠢᠰᠲ᠋ᠧᠮ ᠤᠨ ᠪᠣᠳᠠᠲᠤ ᠴᠣᠭᠴᠠ ᠶᠢᠨ ᠠᠵᠤ ᠠᠬᠤᠢ ᠳᠤ ᠠᠰᠢᠭ | ᠣᠯᠭᠤᠬᠤ ᠶᠢ ᠦᠷᠭᠦᠯᠵᠢᠯᠡᠨ ᠬᠥᠲᠥᠯᠥᠨ ᠵᠢᠯᠣᠭᠤᠳᠤᠨ᠎ᠠ᠃ ︵ᠠᠷᠠᠳ ᠤᠨ ᠪᠠᠩᠬᠢ ᠶᠢᠨ ᠬᠥᠬᠡᠬᠤᠲᠠ ᠭᠤᠣᠯ | ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 85᠂ ᠠᠩᠬ᠎ᠠ ᠡᠭᠦᠳᠬᠦ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ᠂ ᠰᠢᠨᠵᠢᠯᠡᠭᠡ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨ᠎ᠡ | ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠵᠢᠴᠢ ᠨᠡᠪᠴᠢᠭᠦᠯᠬᠦ ᠠᠵᠤ ᠠᠬᠤᠶᠢᠯᠠᠯ ᠤᠨ ᠢᠲᠡᠭᠡᠮᠵᠢᠲᠦ | ᠵᠢᠭᠡᠯᠡᠯᠭᠡ ᠶᠢᠨ ᠪᠡᠯᠡ ᠲᠣᠬᠢᠷᠠᠭᠤᠯᠭ᠎ᠠ ᠶᠢᠨ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠨᠡᠶᠢᠳᠡᠮ ᠠᠰᠢᠭ ᠬᠦᠷᠲᠡᠭᠡᠬᠦ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢ | ᠬᠤᠶᠢᠰᠢᠯᠠᠭᠤᠯᠤᠨ ᠡᠬᠡ ᠬᠦᠦ ᠲᠠᠢ ᠨᠢ ᠪᠤᠴᠠᠭᠠᠬᠤ ᠲᠥᠷᠥ ᠶᠢᠨ ᠪᠣᠳᠣᠯᠭ᠎ᠠ ᠪᠠ ᠢᠲᠡᠭᠡᠮᠵᠢᠲᠦ ᠵᠢᠭᠡᠯᠡᠯᠭᠡ ᠶᠢᠨ | ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠰᠢᠨᠵᠢᠯᠡᠭᠡ ᠮᠡᠷᠭᠡᠵᠢᠯ ᠤᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ︶ | 86᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠶᠢᠨ | ᠪᠦᠲᠦᠴᠡ ᠪᠠ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠰᠢᠯᠢᠳᠡᠭᠵᠢᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠠᠴᠠ ᠡᠵᠡᠩᠨᠡᠭᠰᠡᠨ ᠵᠢᠵᠢᠭ ᠪᠢᠴᠢᠯ ᠠᠵᠤ ᠠᠬᠤᠶᠢᠯᠠᠯ᠂ | ᠦᠶᠯᠡᠳᠬᠦ ᠦᠢᠯᠡᠰ᠂ ᠪᠣᠬᠢᠷᠳᠤᠯ ᠦᠭᠡᠢ ᠠᠵᠤ ᠦᠢᠯᠡᠰ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ | ᠲᠠᠯ᠎ᠠ ᠪᠠᠷ ᠮᠥᠩᠭᠦᠨ ᠭᠦᠢᠯᠭᠡᠭᠡᠨ ᠤ ᠦᠢᠯᠡᠳᠬᠦᠨ ᠤ ᠰᠢᠨ᠎ᠡ ᠶᠢ ᠡᠭᠦᠳᠬᠦ᠂ ᠮᠡᠷᠭᠡᠵᠢᠯ ᠤᠨ ᠰᠢᠨ᠎ᠡ ᠶᠢ ᠡᠭᠦᠳᠬᠦ᠂ | ᠴᠤᠪᠤᠷᠠᠯ ᠤᠨ ᠰᠢᠨ᠎ᠡ ᠶᠢ ᠡᠭᠦᠳᠬᠦ ᠶᠢ ᠶᠡᠬᠡᠪᠡᠷ ᠠᠬᠢᠭᠤᠯᠵᠤ᠂ ᠢᠲᠡᠭᠡᠮᠵᠢᠲᠦ ᠵᠢᠭᠡᠯᠡᠯᠭᠡ ᠶᠢᠨ ᠡᠬᠢ ᠪᠠᠶᠠᠯᠢᠭ ᠢ | ᠬᠥᠲᠥᠯᠥᠨ ᠵᠢᠯᠤᠭᠤᠳᠴᠤ ᠪᠠᠶᠢᠭᠠᠳ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠲᠥᠪᠯᠡᠷᠡᠭᠦᠯᠦᠨ᠎ᠡ᠃ ︵ᠠᠷᠠᠳ ᠤᠨ | ᠪᠠᠩᠬᠢ ᠶᠢᠨ ᠬᠥᠬᠡᠬᠤᠲᠠ ᠭᠤᠣᠯ ᠰᠠᠯᠪᠤᠷᠢ ᠪᠠᠩᠬᠢ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 87᠂ ᠵᠢᠵᠢᠭ ᠪᠢᠴᠢᠯ ᠠᠵᠤ ᠠᠬᠤᠶᠢᠯᠠᠯ ᠤᠨ ︽ᠠᠩᠬ᠎ᠠ ᠵᠢᠭᠡᠯᠡᠭᠦᠯᠦᠭᠰᠡᠨ ᠡᠷᠦᠬᠡ︾ ᠶᠢ ᠪᠣᠶᠢᠵᠢᠭᠤᠯᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠵᠢᠭᠡᠯᠡᠯᠭᠡ ᠦᠭᠡᠢ ᠡᠷᠦᠬᠡ ᠶᠢ ᠠᠩᠬ᠎ᠠ | ᠵᠢᠭᠡᠯᠡᠭᠦᠯᠦᠭᠰᠡᠨ ᠡᠷᠦᠬᠡ ᠳᠠᠰᠢ ᠬᠤᠪᠢᠷᠠᠭᠤᠯᠬᠤ ᠶᠢ ᠠᠬᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠮᠥᠩᠭᠦᠨ | ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ︵ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | 88᠂ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠶᠡᠷᠦᠩᠬᠡᠶᠢᠯᠡᠭᠰᠡᠨ ᠢᠲᠡᠭᠡᠮᠵᠢ ᠶᠢᠨ | ᠦᠢᠯᠡᠴᠢᠯᠡᠭᠡᠨ ᠤ ᠲᠠᠪᠴᠠᠩ ︵ᠢᠲᠡᠭᠡᠮᠵᠢᠲᠦ ᠵᠢᠭᠡᠯᠡᠯᠭᠡ᠂ ᠪᠠᠩᠬᠢ ᠭᠠᠶᠢᠯᠢ ᠬᠠᠷᠢᠯᠴᠠᠨ ᠬᠥᠳᠡᠯᠦᠯᠴᠡᠬᠦ ᠵᠡᠷᠭᠡ︶ ᠢ | ᠲᠡᠭᠦᠯᠳᠡᠷᠵᠢᠭᠦᠯᠵᠦ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠪᠣᠭᠤᠮᠲᠠ᠂ ᠴᠠᠬᠢᠯᠭᠠᠨ ᠬᠡᠷᠡᠭᠯᠡᠬᠦ ᠬᠡᠢ ᠬᠡᠷᠡᠭᠯᠡᠬᠦ | ᠤᠰᠤ ᠬᠡᠷᠡᠭᠯᠡᠬᠦ ᠵᠡᠷᠭᠡ ᠣᠯᠠᠨ ᠨᠡᠶᠢᠲᠡ ᠶᠢᠨ ᠲᠤᠭ᠎ᠠ ᠪᠠᠷᠢᠮᠲᠠ ᠵᠢᠴᠢ ᠡᠯ᠎ᠡ ᠲᠥᠷᠥᠯ ᠤᠨ ᠢᠲᠡᠭᠡᠮᠵᠢ ᠶᠢᠨ ᠮᠡᠳᠡᠭᠡ | ᠵᠠᠩᠭᠢ ᠶᠢ ᠬᠠᠤᠯᠢ ᠲᠣᠭᠲᠠᠭᠠᠯ ᠳᠤ ᠨᠡᠶᠢᠴᠡᠭᠦᠯᠦᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠨᠡᠭᠡᠭᠡᠬᠦ ᠶᠢ | ᠠᠬᠢᠭᠤᠯᠵᠤ᠂ ᠢᠲᠡᠭᠡᠮᠵᠢ ᠣᠯᠭᠤᠬᠤ ᠳᠡᠮᠵᠢᠯᠭᠡ᠂ ᠡᠷᠡᠰᠳᠡᠯ ᠢ ᠰᠡᠷᠡᠮᠵᠢᠯᠡᠭᠦᠯᠬᠦ᠂ ᠪᠡᠯᠡ ᠲᠣᠬᠢᠷᠠᠭᠤᠯᠭ᠎ᠠ ᠶᠢ | ᠵᠣᠯᠭᠠᠭᠤᠯᠬᠤ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠵᠡᠷᠭᠡ ᠣᠯᠠᠨ ᠵᠦᠢᠯ ᠤᠨ ᠦᠢᠯᠡᠳᠬᠦᠨ ᠪᠠ | ᠦᠢᠯᠡᠴᠢᠯᠡᠭᠡ ᠶᠢ ᠲᠤᠰᠢᠶᠠᠵᠤ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠢᠲᠡᠭᠡᠮᠵᠢᠲᠦ ᠵᠢᠭᠡᠯᠡᠯᠭᠡ ᠶᠢ ᠬᠢᠨᠠᠨ ᠵᠥᠪᠰᠢᠶᠡᠷᠡᠬᠦ ᠴᠤᠪᠤᠷᠠᠯ ᠢ ᠲᠡᠭᠦᠯᠳᠡᠷᠵᠢᠭᠦᠯᠬᠦ ᠶᠢ ᠠᠬᠢᠭᠤᠯᠵᠤ᠂ ᠳᠤᠮᠳᠠ ᠵᠢᠵᠢᠭ | ᠠᠵᠤ ᠠᠬᠤᠶᠢᠯᠠᠯ ᠤᠨ ᠠᠩᠬᠠᠨ ᠤ ᠵᠢᠭᠡᠯᠡᠯᠭᠡ ᠣᠯᠬᠤ ᠨᠣᠷᠮ᠎ᠠ ᠪᠠ ᠢᠲᠡᠭᠡᠮᠵᠢᠲᠦ ᠵᠢᠭᠡᠯᠡᠯᠭᠡ ᠶᠢᠨ ᠬᠠᠷᠢᠴᠠᠯ ᠤᠨ | ᠨᠣᠷᠮ᠎ᠠ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ | ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ | ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠥᠪᠥᠷ | ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠮᠧᠩ ᠳ᠋ᠦᠩ | ᠴᠠᠬᠢᠯᠭᠠᠨ ᠬᠦᠴᠦᠨ ᠤ ᠺᠣᠮᠫᠠᠨᠢ︶ | 89᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠵᠠᠭᠤᠴᠢ ᠪᠠᠶᠢᠭᠤᠯᠤᠮᠵᠢ ᠵᠡᠷᠭᠡ ᠶᠢᠨ ᠳᠤᠮᠳᠠ ᠵᠢᠵᠢᠭ ᠪᠢᠴᠢᠯ | ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠭᠤᠭᠴᠤᠭ᠎ᠠ ᠳᠤ ᠵᠦᠢ ᠵᠣᠬᠢᠰ ᠦᠭᠡᠢ ᠪᠠᠶᠢᠬᠤ ᠪᠠ ᠲᠣᠭᠲᠠᠭᠠᠯ | ᠠᠴᠠ ᠵᠥᠷᠢᠴᠡᠨ ᠰᠦᠢᠳᠬᠡᠯ ᠬᠤᠷᠢᠶᠠᠬᠤ ᠶᠢ ᠢᠯᠭᠠᠷᠠᠭᠤᠯᠵᠤ᠂ ᠪᠠᠩᠬᠢ ᠶᠢᠨ ᠦᠢᠯᠡᠰ ᠤᠨ ᠲᠣᠭᠲᠠᠭᠠᠯ ᠠᠴᠠ | ᠵᠥᠷᠢᠴᠡᠨ ᠰᠦᠢᠳᠬᠡᠯ ᠬᠤᠷᠢᠶᠠᠬᠤ ᠶᠢ ᠵᠠᠭᠠᠯᠳᠤᠵᠤ ᠢᠯᠡᠴᠢᠯᠡᠨ ᠮᠡᠳᠡᠭᠦᠯᠬᠦ ᠲᠣᠭᠲᠠᠴᠠ ᠶᠢ ᠪᠠᠶᠢᠭᠤᠯᠤᠨ᠎ᠠ᠃ | ᠢᠯᠡᠴᠢᠯᠡᠨ ᠮᠡᠳᠡᠭᠦᠯᠦᠭᠡᠳ ᠢᠯᠡᠷᠡᠭᠦᠯᠦᠭᠰᠡᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠦᠶᠯᠡ | ᠠᠵᠢᠯᠯᠠᠭ᠎ᠠ ᠶᠢ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠤᠯᠢ | ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ︵ᠥᠪᠥᠷ ᠮᠣᠩᠭᠤᠯ ᠤᠨ ᠪᠠᠩᠬᠢ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 90᠂ ᠴᠠᠬᠢᠮ ᠲᠠᠮᠠᠭ᠎ᠠ ᠶᠢᠨ ᠪᠠᠷᠢᠮᠵᠢᠶ᠎ᠠ ᠶᠢᠨ ᠵᠢᠷᠤᠮᠵᠢᠯ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠴᠠᠬᠢᠮ | ᠡᠵᠡᠩᠨᠡᠯᠲᠡ ᠶᠢᠨ ᠦᠨᠡᠮᠯᠡᠯ ᠪᠠ ᠴᠠᠬᠢᠮ ᠲᠠᠮᠠᠭ᠎ᠠ ᠶᠢ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ | ᠬᠠᠮᠲᠤᠪᠠᠷ ᠬᠦᠷᠲᠡᠵᠦ ᠬᠡᠷᠡᠭᠯᠡᠬᠦ ᠶᠢ ᠠᠮᠤᠷ ᠲᠦᠪᠰᠢᠨ ᠯᠠᠪᠳᠠᠭᠤᠨ ᠢᠶᠠᠷ ᠳᠡᠯᠭᠡᠷᠡᠭᠦᠯᠵᠦ᠂ ᠠᠵᠤ ᠠᠬᠤᠶᠢᠯᠠᠯ ᠤᠨ | ᠪᠠᠩᠬᠢ ᠶᠢᠨ ᠳ᠋ᠦᠩᠨᠡᠨ ᠪᠤᠳᠤᠬᠤ ᠲᠠᠩᠰᠠᠨ ᠡᠷᠦᠬᠡ ᠪᠠᠶᠢᠭᠤᠯᠬᠤ᠂ ᠬᠤᠪᠢᠷᠠᠭᠤᠯᠬᠤ᠂ ᠬᠦᠴᠦᠨ ᠦᠭᠡᠢ ᠪᠣᠯᠭᠠᠬᠤ | ᠶᠠᠪᠤᠴᠠ ᠳᠠᠬᠢ ᠴᠠᠭᠠᠰᠤᠨ ᠮᠠᠲ᠋ᠧᠷᠢᠶᠠᠯ ᠲᠤᠰᠢᠶᠠᠬᠤ ᠶᠢ ᠪᠠᠭᠠᠰᠬᠠᠨ᠎ᠠ᠃ ︵ᠥᠪᠡᠷᠲᠡᠭᠡᠨ ᠵᠠᠰᠠᠬᠤ ᠣᠷᠣᠨ ᠤ | ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ | ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠨᠠᠢᠮᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠬᠦ᠂ ᠬᠠᠮᠠᠭᠠᠯᠠᠬᠤ ᠪᠠ ᠬᠡᠷᠡᠭᠯᠡᠬᠦ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡ ᠪᠠ ᠬᠠᠮᠠᠭᠠᠯᠠᠯᠲᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠬᠦ᠂ | ᠬᠠᠮᠠᠭᠠᠯᠠᠬᠤ ᠬᠡᠷᠡᠭᠯᠡᠬᠦ ᠶᠢ ᠳᠡᠭᠡᠭᠰᠢᠯᠡᠭᠦᠯᠦᠨ᠎ᠡ | 91. ᠲᠤᠰᠬᠠᠢ ᠠᠰᠢᠭ ᠤᠨ ᠵᠠᠷᠤᠳᠠᠯ ᠢ ᠬᠠᠰᠤᠵᠤ ᠲᠤᠰᠢᠶᠠᠬᠤ ᠶᠢ ᠳᠡᠩᠰᠡᠯᠡᠵᠦ ᠬᠢᠨᠠᠨ ᠵᠥᠪᠰᠢᠶᠡᠷᠡᠬᠦ ᠴᠠᠭ ᠤᠨ | ᠬᠢᠵᠠᠭᠠᠷ ᠢ 5 ᠠᠵᠢᠯᠯᠠᠬᠤ ᠡᠳᠦᠷ ᠤᠨ ᠳᠣᠲᠣᠷ᠎ᠠ ᠬᠦᠷᠲᠡᠯ᠎ᠡ ᠪᠠᠭᠠᠰᠬᠠᠨ᠎ᠠ᠃ ︵ᠥᠪᠡᠷᠲᠡᠭᠡᠨ ᠵᠠᠰᠠᠬᠤ ᠣᠷᠣᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 92᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠤᠨ | ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠶᠢ ᠪᠠᠶᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ | ᠠᠯᠤᠰᠯᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠬᠠᠮᠵᠢᠯᠴᠠᠬᠤ | ᠲᠣᠭᠲᠠᠴᠠ ᠶᠢ ᠲᠡᠭᠦᠯᠳᠡᠷᠵᠢᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠦᠷᠭᠡᠨ ᠬᠢᠨᠠᠨ | ᠪᠠᠶᠢᠴᠠᠭᠠᠬᠤ᠂ ᠡᠷᠬᠡ ᠶᠢ ᠲᠦᠷᠭᠡᠨ ᠲᠣᠳᠣᠯᠠᠬᠤ᠂ ᠡᠷᠬᠡ ᠶᠢ ᠲᠦᠷᠭᠡᠨ ᠬᠠᠮᠠᠭᠠᠯᠠᠬᠤ᠂ ᠬᠠᠤᠯᠢ ᠴᠠᠭᠠᠵᠠ ᠶᠢ | ᠵᠣᠯᠭᠠᠭᠤᠯᠬᠤ ᠶᠢ ᠬᠠᠮᠤᠷᠤᠭᠰᠠᠨ ︽ᠨᠢᠭᠡ ᠥᠷᠲᠡᠭᠡᠨ ᠤ ᠮᠠᠶ᠋ᠢᠭ ︾ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢ ᠬᠠᠮᠵᠢᠯᠴᠠᠨ ᠬᠠᠮᠠᠭᠠᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠢᠩᠬᠢᠮ᠂ ᠠᠷᠠᠳ ᠤᠨ ᠥᠨᠳᠥᠷ ᠵᠡᠷᠭᠡ ᠶᠢᠨ ᠰᠢᠭᠦᠬᠦ | ᠬᠤᠷᠢᠶ᠎ᠠ︶ | 93᠂ ᠪᠠᠶᠢᠴᠠᠭᠠᠬᠤ ᠪᠠᠶᠢᠭᠤᠯᠭ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠡᠭᠦᠦ ᠶᠢᠨ | ᠬᠡᠷᠡᠭ ᠤᠨ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠡᠷᠡᠭᠦᠦ ᠶᠢᠨ ᠬᠡᠷᠡᠭ ᠤᠨ ᠡᠷᠬᠡᠲᠦ ᠬᠥᠮᠥᠨ ᠤ ᠵᠠᠷᠭᠤᠯᠳᠤᠬᠤ ᠡᠷᠬᠡ ᠡᠭᠦᠷᠭᠡ ᠶᠢ ᠮᠡᠳᠡᠭᠳᠡᠬᠦ ᠳᠦᠷᠢᠮ ᠢ | ᠪᠦᠬᠦ ᠲᠠᠯ᠎ᠠ ᠪᠠᠷ ᠳᠡᠯᠭᠡᠷᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠦᠷᠢᠶᠡᠨ ᠳᠠᠬᠢ ︽ᠬᠤᠶᠠᠷ ᠬᠠᠤᠯᠢ ᠶᠢ ᠵᠣᠯᠭᠠᠭᠤᠯᠬᠤ︾ ᠳᠦᠷᠢᠮ ᠢ ᠪᠦᠷᠢᠨᠰᠢᠭᠦᠯᠵᠦ᠂ | ᠡᠷᠡᠭᠦᠦ ᠰᠢᠳᠬᠡᠯ ᠭᠦᠢᠴᠡᠳᠬᠡᠬᠦ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠵᠣᠯᠭᠠᠭᠤᠯᠬᠤ ᠲᠣᠭᠲᠠᠴᠠ ᠶᠢ | ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠥᠨᠳᠥᠷ | ᠵᠡᠷᠭᠡ ᠶᠢᠨ ᠰᠢᠭᠦᠬᠦ ᠬᠤᠷᠢᠶ᠎ᠠ︶ | 94. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠤᠭ ᠤᠨ ᠴᠢᠩᠭ᠎ᠠ ᠬᠠᠮᠠᠭᠠᠯᠠᠯᠲᠠ ᠶᠢ | ᠬᠡᠷᠡᠭᠵᠢᠭᠦᠯᠵᠦ᠂ ᠦᠶᠯᠡ ᠪᠠᠶᠢᠳᠠᠯ ᠨᠢ ᠬᠦᠨᠳᠦ ᠨᠣᠴᠢᠲᠠᠢ ᠮᠠᠭᠤ ᠰᠠᠨᠠᠭ᠎ᠠ ᠲᠠᠢ ᠪᠠᠷ ᠡᠷᠬᠡ ᠳᠤ ᠬᠠᠯᠳᠠᠭᠰᠠᠨ ᠦᠶᠯᠡ | ᠠᠵᠢᠯᠯᠠᠭ᠎ᠠ ᠳᠤ ᠵᠠᠯᠬᠠᠭᠠᠬᠤ ᠴᠢᠨᠠᠷᠲᠠᠢ ᠲᠥᠯᠥᠪᠦᠷᠢ ᠥᠭᠴᠦ᠂ ᠲᠥᠯᠥᠪᠦᠷᠢ ᠶᠢᠨ ᠲᠤᠭ᠎ᠠ ᠬᠡᠮᠵᠢᠶ᠎ᠡ ᠠᠴᠠ ᠭᠠᠳᠠᠨ᠎ᠠ | ᠲᠤᠬᠠᠢ ᠶᠢᠨ ᠬᠥᠮᠥᠨ ᠤ ᠵᠣᠷᠢᠭᠰᠠᠨ ᠵᠦᠢ ᠵᠣᠬᠢᠰᠲᠠᠢ ᠵᠠᠷᠤᠯᠭ᠎ᠠ ᠶᠢ ᠲᠤᠰᠠᠭᠠᠷ ᠪᠤᠳᠤᠬᠤ ᠶᠢ ᠳᠡᠮᠵᠢᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠳᠤ ᠬᠠᠯᠳᠠᠭᠰᠠᠨ ᠥᠪᠡᠷ ᠤᠨ ᠥᠷᠲᠡᠭ ᠢ | ᠳᠡᠭᠡᠭᠰᠢᠯᠡᠭᠦᠯᠦᠨ᠎ᠡ᠃ ᠦᠢᠯᠡᠳᠪᠦᠷᠢᠯᠡᠯ ᠤᠨ ᠬᠥᠮᠥᠰ᠂ ᠦᠢᠯᠡᠳᠬᠦ ᠬᠥᠮᠥᠰ ᠵᠡᠷᠭᠡ ᠡᠷᠬᠡ ᠳᠤ ᠬᠠᠯᠳᠠᠭᠰᠠᠨ ᠡᠬᠢ | ᠰᠤᠷᠪᠤᠯᠵᠢ ᠶᠢᠨ ᠬᠦᠷᠢᠶᠡᠨ ᠳᠠᠬᠢ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠳᠤ ᠳᠠᠪᠬᠤᠷ ᠡᠷᠬᠡ ᠳᠤ ᠬᠠᠯᠳᠠᠭᠰᠠᠨ | ᠂ ᠮᠠᠭᠤ ᠰᠠᠨᠠᠭ᠎ᠠ ᠲᠠᠢ ᠪᠠᠷ ᠡᠷᠬᠡ ᠳᠤ ᠬᠠᠯᠳᠠᠭᠰᠠᠨ ᠵᠢᠴᠢ ᠡᠷᠬᠡ ᠳᠤ ᠬᠦᠨᠳᠦ ᠨᠣᠴᠢᠲᠠᠢ ᠬᠠᠯᠳᠠᠭᠰᠠᠨ ᠪᠤᠰᠤᠳ | ᠦᠢᠯᠡ ᠪᠠᠶᠢᠳᠠᠯ ᠲᠠᠢ ᠪᠠᠶᠢᠪᠠᠯ᠂ ᠡᠷᠬᠡ ᠳᠤ ᠬᠠᠯᠳᠠᠭᠰᠠᠨ ᠲᠥᠯᠥᠪᠦᠷᠢ ᠶᠢᠨ ᠡᠷᠴᠢᠮ ᠢ ᠬᠠᠤᠯᠢ ᠶᠣᠰᠣᠭᠠᠷ | ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ︶ | 95᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠠᠶᠢᠳᠠᠨ | ᠬᠠᠮᠢᠶᠠᠷᠤᠭᠤᠯᠬᠤ ᠦᠢᠯᠡᠴᠢᠯᠡᠭᠡᠨ ᠥᠷᠨᠢᠭᠦᠯᠬᠦ ᠶᠢ ᠵᠣᠷᠢᠭᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ | ᠮᠡᠳᠡᠯᠭᠡ ᠶᠢᠨ ᠠᠵᠤ ᠠᠬᠤᠶᠢᠯᠠᠯ ᠤᠨ ᠲᠤᠰᠬᠠᠢ ᠠᠰᠢᠭ ᠤᠨ ᠡᠷᠢᠯᠲᠡ ᠪᠠᠷ ᠳᠡᠮᠵᠢᠨ᠂ ᠬᠦᠷᠢᠶᠡᠯᠡᠩ ᠭᠠᠵᠠᠷ ᠤᠨ | ᠰᠤᠳᠤᠯᠭᠠᠨ ᠤ ᠦᠷ᠎ᠡ ᠪᠦᠲᠦᠭᠡᠯ ᠢᠶᠠᠨ ᠰᠢᠯᠵᠢᠭᠦᠯᠦᠨ ᠬᠤᠪᠢᠷᠠᠭᠤᠯᠬᠤ ᠶᠢ ᠵᠣᠷᠢᠭᠵᠢᠭᠤᠯᠤᠨ᠎ᠠ᠃ ︵ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠭᠡ ᠮᠡᠷᠭᠡᠵᠢᠯ ᠤᠨ | ᠲᠢᠩᠬᠢᠮ︶ | 96᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠢᠲᠡᠭᠡᠮᠵᠢ ᠪᠠᠷ | ᠰᠠᠭᠤᠷᠢ ᠪᠣᠯᠭᠠᠭᠰᠠᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠲᠤᠷᠰᠢᠯᠲᠠ ᠶᠢᠨ ᠴᠢᠭ᠋ ᠲᠤ ᠮᠡᠳᠡᠭᠦᠯᠵᠦ᠂ | ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠠᠰ ᠲᠥᠷᠥᠯ ᠬᠤᠪᠢᠶᠠᠬᠤ ᠭᠦᠢᠴᠡᠳᠬᠡᠯ ᠲᠤᠭ᠎ᠠ ᠶᠢ ᠪᠠᠶᠢᠭᠤᠯᠤᠨ᠂ ᠲᠠᠰ | ᠲᠥᠷᠥᠯ ᠬᠤᠪᠢᠶᠠᠭᠰᠠᠨ ᠢᠲᠡᠭᠡᠮᠵᠢ ᠶᠢᠨ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨ᠎ᠡ | ᠬᠡᠯᠪᠡᠷᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠤᠷᠰᠢᠯᠲᠠ ᠶᠢ ᠥᠷᠨᠢᠭᠦᠯᠵᠦ᠂ | ᠢᠨᠲ᠋ᠧᠷ ᠰᠦᠯᠵᠢᠶ᠎ᠡ᠂ ᠡᠭᠦᠯᠡᠨ ᠪᠣᠳᠣᠯᠲᠠ᠂ ᠰᠢᠨ᠎ᠡ ᠬᠤᠳᠠᠯᠳᠤᠭᠠᠨ ᠤ ᠵᠠᠭᠪᠤᠷ ᠵᠡᠷᠭᠡ ᠭᠤᠣᠯᠳᠠᠯᠭ᠎ᠠ ᠲᠠᠢ ᠠᠵᠤ | ᠦᠢᠯᠡᠰ ᠤᠨ ᠬᠦᠷᠢᠶ᠎ᠡ ᠵᠢᠴᠢ ᠲᠡᠭᠦᠨ ᠤ ᠵᠠᠩᠭᠢᠯᠠᠭ᠎ᠠ ᠶᠢᠨ ᠮᠡᠷᠭᠡᠵᠢᠯ ᠤᠨ ᠭᠤᠭᠴᠤᠭ᠎ᠠ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠭᠲᠠᠴᠠ ᠶᠢ ᠰᠠᠶᠢᠵᠢᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | | 97᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠯᠡᠴᠢᠯᠡᠨ ᠮᠡᠳᠡᠭᠦᠯᠬᠦ ᠵᠠᠭᠠᠯᠳᠤᠯᠭ᠎ᠠ ᠶᠢ | ᠲᠥᠪᠯᠡᠷᠡᠭᠦᠯᠦᠨ ᠰᠢᠢᠳᠪᠦᠷᠢᠯᠡᠬᠦ ᠲᠠᠪᠴᠠᠩ ᠢ ᠪᠠᠶᠢᠭᠤᠯᠵᠤ᠂ ᠲᠤᠰᠬᠠᠢ ᠠᠰᠢᠭ᠂ ᠲᠠᠸᠠᠷ ᠤᠨ ᠲᠡᠮᠳᠡᠭ ᠵᠡᠷᠭᠡ | ᠡᠷᠬᠡ ᠳᠤ ᠬᠠᠯᠳᠠᠭᠰᠠᠨ ᠢᠯᠡᠴᠢᠯᠡᠨ ᠮᠡᠳᠡᠭᠦᠯᠬᠦ ᠵᠠᠭᠠᠯᠳᠤᠯᠭ᠎ᠠ ᠶᠢ ︽ᠨᠢᠭᠡ ᠯᠡ ᠥᠷᠲᠡᠭᠡᠨ ᠤ ᠮᠠᠶ᠋ᠢᠭ︾ ᠢᠶᠠᠷ | ᠭᠥᠯᠢᠶᠡᠨ ᠠᠪᠴᠤ ᠰᠢᠢᠳᠪᠦᠷᠢᠯᠡᠬᠦ ᠪᠠ ᠵᠢᠭᠤᠷᠠᠯᠳᠤᠭᠠᠨ ᠢ ᠨᠢᠭᠡ ᠯᠡ ᠥᠷᠲᠡᠭᠡᠨ ᠤ ᠮᠠᠶ᠋ᠢᠭ︾ ᠢᠶᠠᠷ | ᠰᠢᠢᠳᠪᠦᠷᠢᠯᠡᠬᠦ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | 98᠂ ᠥᠨᠳᠥᠷ ᠥᠷᠲᠡᠭᠲᠦ ᠲᠤᠰᠬᠠᠢ ᠠᠰᠢᠭ ᠤᠨ ᠨᠡᠶᠢᠯᠡᠯ ᠢ ᠪᠣᠶᠢᠵᠢᠭᠤᠯᠬᠤ ᠪᠠᠶᠢᠷᠢᠰᠢᠭᠤᠯᠤᠯᠲᠠ ᠶᠢ ᠥᠷᠨᠢᠭᠦᠯᠵᠦ | ᠂ ᠥᠨᠳᠥᠷ ᠥᠷᠲᠡᠭᠲᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠣᠶᠢᠵᠢᠭᠤᠯᠬᠤ ᠲᠣᠭᠲᠠᠴᠠ ᠵᠢᠴᠢ | ᠪᠣᠶᠢᠵᠢᠭᠤᠯᠬᠤ ᠲᠥᠯᠥᠪᠯᠡᠭᠡ ᠶᠢ ᠪᠠᠶᠢᠭᠤᠯᠤᠨ ᠪᠦᠷᠢᠨᠰᠢᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠡᠭᠦᠳᠦᠯᠲᠡ ᠶᠢᠨ ᠲᠤᠰᠬᠠᠢ ᠠᠰᠢᠭ ᠢ ᠭᠤᠣᠯᠳᠠᠯᠭ᠎ᠠ ᠲᠠᠢ | ᠪᠣᠶᠢᠵᠢᠭᠤᠯᠵᠤ᠂ ᠨᠡᠯᠢᠶᠡᠳ ᠥᠨᠳᠥᠷ ᠳᠠᠨᠵᠢᠯᠠᠭᠰᠠᠨ ᠪᠡᠯᠡ ᠲᠣᠬᠢᠷᠠᠭᠤᠯᠭ᠎ᠠ ᠶᠢᠨ ᠵᠣᠭᠤᠰᠤᠨ ᠲᠤᠭ᠎ᠠ ᠶᠢᠨ | ᠡᠭᠦᠳᠦᠯᠲᠡ ᠶᠢᠨ ᠲᠤᠰᠬᠠᠢ ᠠᠰᠢᠭ ᠵᠡᠷᠭᠡ ᠥᠨᠳᠥᠷ ᠥᠷᠲᠡᠭᠲᠦ ᠲᠤᠰᠬᠠᠢ ᠠᠰᠢᠭ ᠢ ᠪᠡᠶᠡᠯᠡᠭᠦᠯᠵᠦ ᠪᠣᠯᠣᠨ᠎ᠠ᠃ ︵ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 99᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠣᠭᠲᠠᠴᠠ ᠶᠢ ᠪᠣᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | ︵ᠶᠢᠰᠦ︶ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠃ ᠦᠢᠯᠡᠴᠢᠯᠡᠭᠡᠨ ᠤ | ᠬᠠᠩᠭᠠᠯᠭ᠎ᠠ ᠶᠢ ᠰᠢᠯᠢᠳᠡᠭᠵᠢᠭᠦᠯᠵᠦ᠂ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠳᠡᠭᠡᠭᠰᠢᠯᠡᠭᠦᠯᠦᠨ᠎ᠡ | 100᠂ ᠬᠠᠮᠲᠤ ᠶᠢᠨ ᠭᠡᠷ᠎ᠡ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠠᠮᠲᠤ ᠶᠢᠨ ᠭᠡᠷ᠎ᠡ ᠶᠢ ᠴᠠᠬᠢᠮ ᠢᠶᠠᠷ ᠬᠢᠨᠠᠨ ᠪᠠᠶᠢᠴᠠᠭᠠᠵᠤ ᠪᠦᠷᠢᠳᠬᠡᠨ | ᠳᠡᠩᠰᠡᠯᠡᠵᠦ᠂ ᠳᠠᠩᠰᠠᠯᠠᠭᠤᠯᠬᠤ ᠴᠠᠭ ᠤᠨ ᠬᠢᠵᠠᠭᠠᠷ ᠢ 5 ᠠᠵᠢᠯᠯᠠᠬᠤ ᠡᠳᠦᠷ ᠪᠣᠯᠭᠠᠨ ᠪᠠᠭᠠᠰᠬᠠᠨ᠎ᠠ᠃ ︵ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ︶ | 101᠂ ᠠᠵᠢᠯ ᠣᠯᠭᠤᠯᠲᠠ ᠶᠢᠨ ᠬᠢᠨᠠᠨ ᠬᠡᠮᠵᠢᠬᠦ ᠲᠠᠪᠴᠠᠩ ᠢ ᠪᠠᠶᠢᠭᠤᠯᠵᠤ᠂ ᠠᠮᠢᠳᠤᠯᠢᠭ ᠢᠶᠠᠷ ᠠᠵᠢᠯ ᠣᠯᠭᠤᠬᠤ᠂ | ᠠᠵᠢᠯᠴᠢᠨ ᠬᠡᠷᠡᠭᠯᠡᠬᠦ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠬᠠᠮᠲᠤ ᠪᠠᠷ ᠬᠡᠷᠡᠭᠯᠡᠬᠦ ᠶᠢ ᠣᠯᠠᠨ ᠨᠡᠶᠢᠲᠡ ᠶᠢᠨ | ᠠᠵᠢᠯ ᠣᠯᠭᠤᠯᠲᠠ ᠶᠢᠨ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠵᠤ᠂ ᠠᠵᠤ ᠠᠬᠤᠶᠢᠯᠠᠯ ᠤᠨ ᠠᠵᠢᠯᠴᠢᠨ | ᠬᠡᠷᠡᠭᠯᠡᠬᠦ ᠠᠷᠭ᠎ᠠ ᠵᠠᠮ ᠢ ᠥᠷᠭᠡᠳᠬᠡᠨ᠂ ᠠᠵᠤ ᠠᠬᠤᠶᠢᠯᠠᠯ ᠢ ᠬᠠᠪᠰᠤᠷᠤᠨ ︽ᠪᠥᠬᠦ ᠬᠡᠯᠬᠢᠶ᠎ᠡ︾ ᠶᠢᠨ ᠬᠥᠮᠥᠨ ᠤ | ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠬᠦᠷᠲᠡᠭᠡᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ | 102᠂ ᠱᠠᠲᠤ ᠦᠶ᠎ᠡ ᠶᠢᠨ ᠴᠢᠨᠠᠷᠲᠠᠢ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ ᠨᠣᠷᠮ᠎ᠠ᠂ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠵᠢᠯ | ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ᠂ ᠠᠵᠢᠯᠴᠢᠨ ᠢᠶᠠᠷ | ᠪᠣᠯᠪᠠᠰᠤᠷᠠᠯ ᠢ ᠣᠷᠣᠯᠠᠭᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ | ᠠᠵᠢᠯᠴᠢᠨ ᠬᠡᠷᠡᠭᠯᠡᠬᠦ ᠥᠪᠡᠷ ᠤᠨ ᠦᠷᠳᠡᠭ ᠢ ᠪᠠᠭᠤᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠮᠴᠢᠯᠡᠭᠡᠨ ᠤ | ᠳᠠᠭᠠᠳᠬᠠᠯ ᠤᠨ ᠲᠣᠪᠴᠢᠶ᠎ᠠ︶ | 103᠂ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ᠂ | ᠵᠠᠷᠭᠤᠯᠳᠤᠬᠤ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠱᠠᠲᠤᠨ ᠤ ᠠᠵᠢᠯᠴᠢᠨ ᠤ ᠡᠪᠯᠡᠯ ᠤᠨ | ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠦᠢᠯᠡᠴᠢᠯᠡᠭᠡᠨ ᠤ ᠡᠬᠢ ᠪᠠᠶᠠᠯᠢᠭ ᠢ ᠭᠦᠢᠴᠡᠳ ᠬᠡᠷᠡᠭᠯᠡᠨ᠂ | ᠬᠥᠳᠡᠯᠮᠦᠷᠢ ᠶᠢᠨ ᠮᠠᠷᠭᠤᠯᠳᠤᠭᠠᠨ ᠢ ᠣᠨᠴᠠ ᠤᠷᠢᠭᠰᠠᠨ ᠡᠶᠡᠳᠡᠭᠦᠯᠬᠦ ᠵᠣᠬᠢᠶᠠᠨ ᠪᠠᠶᠢᠭᠤᠯᠤᠯᠲᠠ᠂ ᠲᠤᠰᠬᠠᠢ | ᠲᠤᠰᠢᠶᠠᠯ ᠤᠨ ᠡᠶᠡᠳᠡᠭᠦᠯᠦᠭᠴᠢ ᠶᠢᠨ ᠨᠡᠷᠡᠰ ᠤᠨ ᠳᠡᠪᠲᠡᠷ ᠵᠢᠴᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ | ᠠᠷᠠᠳ ᠤᠨ ᠰᠢᠭᠦᠬᠦ ᠬᠤᠷᠢᠶ᠎ᠠ ᠪᠠ ᠠᠵᠢᠯᠴᠢᠨ ᠤ ᠡᠪᠯᠡᠯ ᠠᠴᠠ ᠴᠠᠬᠢᠮ ᠢᠶᠠᠷ ᠡᠶᠡᠳᠡᠭᠦᠯᠬᠦ ᠪᠠ ᠵᠠᠭᠠᠯᠳᠤᠬᠤ ᠪᠠ | ᠡᠶᠡᠳᠡᠭᠦᠯᠬᠦ ᠶᠢ ᠵᠣᠯᠭᠠᠭᠤᠯᠬᠤ ᠠᠵᠢᠯ ᠢ ᠵᠣᠬᠢᠴᠠᠭᠤᠯᠤᠨ ᠵᠢᠯᠤᠭᠤᠳᠴᠤ ᠥᠷᠨᠢᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠷᠠᠳ ᠤᠨ | ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠢᠩᠬᠢᠮ︶ | 104᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢᠨ ᠮᠡᠳᠡᠭᠡ ᠵᠠᠩᠭᠢ ᠶᠢ ᠪᠥᠬᠦ | ᠣᠷᠣᠨ ᠤ ᠬᠡᠪᠴᠢᠶᠡᠨ ᠳᠤ ᠭᠠᠵᠠᠷ ᠣᠷᠣᠨ ᠠᠯᠤᠰᠯᠠᠨ ᠴᠠᠬᠢᠮ ᠢᠶᠠᠷ ᠬᠢᠨᠠᠨ ᠰᠢᠯᠭᠠᠬᠤ᠂ ᠭᠠᠵᠠᠷ ᠣᠷᠣᠨ ᠤ | ᠬᠤᠭᠤᠷᠣᠨᠳᠤ ᠪᠠᠨ ᠮᠡᠷᠭᠡᠵᠢᠯ ᠤᠨ ᠴᠣᠯᠠ ᠪᠠᠨ ᠬᠠᠷᠢᠯᠴᠠᠨ ᠮᠡᠳᠡᠷᠡᠬᠦ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ | 105᠂ ᠠᠵᠤ ᠠᠬᠤᠶᠢᠯᠠᠯ ᠤᠨ ᠬᠥᠳᠡᠯᠮᠦᠷᠢ ᠶᠢᠨ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠡ ᠪᠣᠯᠣᠨ ᠬᠥᠮᠥᠨ ᠤ ᠬᠦᠴᠦᠨ ᠤ | ᠡᠬᠢ ᠪᠠᠶᠠᠯᠢᠭ ᠤᠨ ᠦᠢᠯᠡᠴᠢᠯᠡᠭᠡᠨ ᠤ ᠺᠣᠮᠫᠠᠨᠢ ᠶᠢᠨ ᠡᠵᠡᠩᠨᠡᠯᠲᠡ ᠶᠢᠨ ᠪᠠᠶᠢᠳᠠᠯ ᠢ ᠠᠵᠤ ᠮᠠᠯᠴᠢᠨ ᠲᠠᠷᠢᠶᠠᠴᠢᠨ | ᠬᠦᠴᠦ ᠶᠠᠪᠤᠭᠰᠠᠳ ᠤᠨ ᠴᠠᠯᠢᠩ ᠢ ᠤᠳᠠᠭᠠᠰᠢᠷᠠᠭᠤᠯᠤᠨ ᠥᠷᠢᠲᠦᠵᠦ ᠪᠠᠶᠢᠭ᠎ᠠ ᠠᠰᠠᠭᠤᠳᠠᠯ ᠢ ᠶᠡᠷᠦᠩᠬᠡᠶᠢᠯᠡᠨ | ᠵᠠᠰᠠᠬᠤ ᠶᠢ ᠴᠢᠩᠭᠠᠳᠬᠠᠵᠤ᠂ ᠨᠠᠷᠢᠯᠢᠭ ᠣᠨᠣᠴᠠᠲᠠᠢ ᠪᠠᠷ ᠬᠢᠨᠠᠨ ᠪᠠᠶᠢᠴᠠᠭᠠᠬᠤ ᠪᠠ ᠤᠷᠢᠳᠴᠢᠯᠠᠨ ᠰᠡᠷᠭᠡᠶᠢᠯᠡᠵᠦ | ᠰᠢᠢᠳᠪᠦᠷᠢᠯᠡᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | 106᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢᠨ ᠠᠵᠤ ᠠᠬᠤᠶᠢᠯᠠᠯ ᠤᠨ ᠤᠷᠮᠠᠰᠢᠭᠤᠯᠬᠤ | ᠲᠣᠭᠲᠠᠴᠠ ᠶᠢ ᠬᠡᠷᠡᠭᠵᠢᠭᠦᠯᠦᠨ᠎ᠡ᠃ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠪᠠᠷ ᠦᠨᠡᠮᠰᠢᠭᠰᠡᠨ ᠠᠵᠤ | ᠠᠬᠤᠶᠢᠯᠠᠯ ᠳᠤ᠂ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ᠂ ᠬᠥᠳᠡᠯᠮᠦᠷᠢ ᠶᠢᠨ ᠵᠢᠱᠢᠶᠡᠴᠢ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠢ ᠦᠨᠡᠯᠡᠬᠦ ᠵᠡᠷᠭᠡ ᠢᠷᠠᠭᠤ ᠠᠯᠳᠠᠷ ᠤᠨ | ᠰᠢᠯᠭᠠᠷᠠᠭᠤᠯᠤᠯᠲᠠ ᠪᠤᠶᠤ ᠰᠢᠯᠭᠠᠷᠠᠭᠤᠯᠤᠯᠲᠠ ᠶᠢ ᠥᠷᠨᠢᠭᠦᠯᠬᠦ ᠳᠤ᠂ ᠤᠷᠢᠳᠠᠪᠠᠷ ᠲᠠᠨᠢᠯᠴᠠᠭᠤᠯᠬᠤ ᠬᠡᠷᠡᠭᠲᠡᠢ᠃ ︵ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ︶ | ︵ᠠᠷᠪᠠ︶ ᠪᠠᠭᠲᠠᠭᠠᠮᠵᠢᠲᠠᠢ ᠪᠠᠷ ᠨᠡᠶᠢᠳᠡᠮ ᠠᠰᠢᠭ ᠬᠦᠷᠲᠡᠭᠡᠵᠦ ᠰᠢᠨ᠎ᠡ ᠶᠢ ᠡᠭᠦᠳᠦᠨ᠎ᠡ᠃ ᠰᠢᠨ᠎ᠡ ᠶᠢ ᠡᠭᠦᠳᠬᠦ | ᠠᠳᠠᠯ ᠦᠢᠯᠡᠰ ᠴᠣᠭᠴᠠᠯᠠᠬᠤ ᠬᠥᠭᠵᠢᠯᠲᠡ ᠶᠢᠨ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠵᠠᠬ᠎ᠠ ᠳᠡᠯᠭᠡᠭᠦᠷ ᠤᠨ ᠡᠵᠡᠩᠨᠡᠭᠴᠢᠳ ᠦᠨᠪᠡᠯᠡ ᠣᠷᠣᠭᠤᠯᠤᠨ ᠦᠢᠯᠡᠰ ᠬᠥᠭᠵᠢᠭᠦᠯᠬᠦ ᠳᠤ | ᠲᠠᠭᠠᠯᠠᠮᠵᠢᠲᠠᠢ ᠬᠥᠭᠵᠢᠯᠲᠡ ᠶᠢᠨ ᠣᠷᠣᠨ ᠵᠠᠢ ᠶᠢ ᠴᠣᠭᠴᠠᠯᠠᠨ ᠪᠠᠶᠢᠭᠤᠯᠤᠨ᠎ᠠ᠃ | 107᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠬᠤ ᠠᠵᠢᠯᠯᠠᠭ᠎ᠠ ᠶᠢ | ᠬᠡᠷᠡᠭᠵᠢᠭᠦᠯᠵᠦ᠂ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠶᠢ ᠴᠢᠩᠭᠠᠳᠬᠠᠨ᠂ ᠲᠡᠷᠢᠭᠦᠨ ᠤ | ᠬᠡᠷᠡᠭᠯᠡᠭᠡᠨ ᠤ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠰᠢᠨᠵᠢᠯᠡᠭᠡ ᠮᠡᠷᠭᠡᠵᠢᠯ ᠤᠨ ᠲᠢᠩᠬᠢᠮ︶ | 108᠂ ᠰᠤᠳᠤᠯᠭᠠᠨ ᠤ ᠪᠠᠶᠢᠭᠤᠯᠤᠮᠵᠢ᠂ ᠳᠡᠭᠡᠳᠦ ᠰᠤᠷᠭᠠᠭᠤᠯᠢ ᠵᠡᠷᠭᠡ ᠶᠢᠨ ᠰᠢᠨᠵᠢᠯᠡᠭᠡ ᠮᠡᠷᠭᠡᠵᠢᠯ ᠤᠨ ᠦᠷ᠎ᠡ | ᠪᠦᠲᠦᠭᠡᠯ ᠤᠨ ᠮᠡᠳᠡᠭᠡ ᠵᠠᠩᠭᠢ ᠶᠢ ᠴᠢᠯᠦᠭᠡᠲᠡᠢ ᠪᠣᠯᠭᠠᠬᠤ ᠲᠠᠪᠴᠠᠩ ᠤᠨ ᠠᠷᠭ᠎ᠠ ᠵᠠᠮ ᠢ ᠪᠠᠶᠢᠭᠤᠯᠵᠤ᠂ ᠲᠤᠰᠬᠠᠢ | ᠠᠰᠢᠭ ᠤᠨ ᠡᠷᠬᠡ ᠣᠯᠭᠤᠬᠤ ᠪᠤᠶᠤ ᠬᠠᠮᠲᠤᠷᠠᠨ ᠨᠡᠭᠡᠭᠡᠨ ᠬᠥᠭᠵᠢᠭᠦᠯᠬᠦ ᠶᠢ ᠠᠬᠢᠭᠤᠯᠤᠨ᠂ ᠠᠵᠤ ᠠᠬᠤᠶᠢᠯᠠᠯ ᠤᠨ | ᠡᠯ᠎ᠡ ᠲᠥᠷᠥᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠣᠯᠬᠤ ᠳᠤ ᠲᠥᠬᠦᠮ ᠦᠵᠡᠭᠦᠯᠦᠨ᠎ᠡ᠃ ︵ᠥᠪᠡᠷᠲᠡᠭᠡᠨ | ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ︶ | 109᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ | ᠂ ᠡᠯ᠎ᠡ ᠲᠥᠷᠥᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠬᠥᠮᠥᠰ ᠲᠤ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ᠂ ᠨᠡᠭᠡᠭᠡᠯᠲᠡᠲᠤ ᠮᠠᠶ᠋ᠢᠭ ᠤᠨ᠂ ᠥᠪᠡᠷ ᠤᠨ ᠥᠷᠲᠡᠭ ᠢᠶᠠᠷ ᠳᠣᠣᠷ᠎ᠠ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠦᠢᠯᠡᠴᠢᠯᠡᠭᠡ ᠬᠠᠩᠭᠠᠨ᠎ᠠ᠃ ︽ᠥᠪᠡᠷ ᠤᠨ ᠥᠷᠲᠡᠭ ᠦᠭᠡᠢ︾ ᠣᠶᠤᠲᠠᠳ ᠤᠨ ᠠᠳᠠᠯ ᠦᠢᠯᠡᠰ | ᠴᠣᠭᠴᠠᠯᠠᠬᠤ ᠲᠤᠰᠬᠠᠢ ᠲᠠᠯᠠᠪᠤᠷ ᠤᠨ ᠪᠠᠲᠤᠯᠠᠭ᠎ᠠ ᠶᠢ ᠲᠤᠰᠢᠶᠠᠵᠤ᠂ ᠣᠶᠤᠲᠠᠳ ᠤᠨ ᠰᠢᠨ᠎ᠡ ᠶᠢ ᠡᠭᠦᠳᠦᠨ ᠠᠳᠠᠯ | ᠦᠢᠯᠡᠰ ᠴᠣᠭᠴᠠᠯᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠰᠢᠨᠵᠢᠯᠡᠭᠡ ᠮᠡᠷᠭᠡᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | 110᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠦᠢᠯᠡᠴᠢᠯᠡᠭᠡ ᠶᠢ ᠴᠢᠩᠭᠠᠷᠠᠭᠤᠯᠵᠤ᠂ ᠤᠷᠮᠠᠰᠢᠭᠤᠯᠬᠤ | ᠲᠣᠭᠲᠠᠴᠠ ᠶᠢ ᠰᠢᠯᠢᠳᠡᠭᠵᠢᠭᠦᠯᠦᠨ᠂ ᠠᠳᠠᠯᠢ ᠪᠤᠰᠤ ᠠᠵᠤ ᠦᠢᠯᠡᠰ ᠤᠨ ᠬᠦᠷᠢᠶ᠎ᠡ ᠴᠠᠷᠠᠭ᠎ᠠ ᠶᠢ ᠦᠨᠳᠦᠰᠦᠯᠡᠨ᠂ | ᠴᠢᠨᠠᠷᠯᠢᠭ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢᠨ ᠶᠣᠰᠣᠭᠠᠷ᠂ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ᠂ ᠦᠷ᠎ᠡ ᠬᠡᠦᠬᠡᠳ ᠤᠨ ᠰᠤᠷᠭᠠᠨ ᠬᠥᠮᠦᠵᠢᠯ᠂ ᠡᠷᠡᠭᠦᠯ ᠮᠡᠨᠳᠦ ᠡᠮᠴᠢᠯᠡᠭᠡ ᠵᠡᠷᠭᠡ ᠲᠠᠯ᠎ᠠ ᠪᠠᠷ ᠳᠡᠮᠵᠢᠯᠭᠡ | ᠪᠠ ᠱᠠᠩᠨᠠᠯ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠠᠵᠢᠯ ᠤᠨ ᠵᠣᠬᠢᠴᠠᠭᠤᠯᠬᠤ | ᠳᠤᠭᠤᠶᠢᠯᠠᠩ ᠤᠨ ᠪᠦᠷᠢᠯᠳᠦᠭᠦᠨ ᠨᠢᠭᠡᠴᠡ︶ | 111᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠦᠨᠡᠯᠡᠬᠦ ᠳᠦᠷᠢᠮ ᠢ ᠰᠢᠯᠢᠳᠡᠭᠵᠢᠭᠦᠯᠵᠦ᠂ | ᠡᠯ᠎ᠡ ᠱᠠᠲᠤᠨ ᠤ ᠡᠯ᠎ᠡ ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ | ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠵᠡᠷᠭᠡ ᠳᠡᠰ ᠢ ᠮᠠᠭᠠᠳᠯᠠᠨ ᠲᠣᠭᠲᠠᠭᠠᠬᠤ ᠶᠢ ᠥᠷᠨᠢᠭᠦᠯᠬᠦ ᠶᠢ | ᠵᠣᠷᠢᠭᠵᠢᠭᠤᠯᠤᠨ᠂ ᠤᠯᠤᠰ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠠᠷᠢᠮᠵᠢᠶ᠎ᠠ ᠪᠠ ᠠᠵᠢᠯ ᠲᠥᠷᠥᠯ ᠤᠨ | ᠠᠵᠤ ᠠᠬᠤᠶᠢᠯᠠᠯ ᠢ ᠦᠨᠡᠯᠡᠬᠦ ᠵᠢᠷᠤᠮᠵᠢᠯ ᠤᠨ ᠪᠣᠷᠣ ᠲᠥᠯᠥᠪ ᠤᠨ ᠳᠣᠣᠷ᠎ᠠ᠂ ᠦᠨᠡᠯᠡᠬᠦ ᠠᠷᠭ᠎ᠠ ᠮᠠᠶ᠋ᠢᠭ ᠪᠠ ᠦᠨᠡᠯᠡᠬᠦ | ᠠᠭᠤᠯᠭ᠎ᠠ ᠶᠢ ᠦᠨᠡᠯᠡᠬᠦ ᠪᠠᠶᠢᠭᠤᠯᠤᠮᠵᠢ ᠠᠴᠠ ᠪᠡᠶ᠎ᠡ ᠪᠠᠨ ᠳᠠᠭᠠᠭᠠᠨ ᠲᠣᠭᠲᠠᠭᠠᠵᠤ᠂ ᠦᠨᠡᠯᠡᠬᠦ ᠪᠠ ᠬᠥᠮᠥᠵᠢᠭᠦᠯᠬᠦ᠂ | ᠬᠡᠷᠡᠭᠯᠡᠬᠦ᠂ ᠤᠷᠮᠠᠰᠢᠭᠤᠯᠬᠤ ᠶᠢ ᠬᠠᠷᠢᠯᠴᠠᠨ ᠵᠣᠯᠭᠠᠭᠤᠯᠵᠤ᠂ ᠤᠷ᠎ᠠ ᠴᠢᠳᠠᠪᠤᠷᠢ ᠶᠢᠨ ᠴᠢᠳᠠᠪᠤᠷᠢᠲᠠᠨ ᠤ | ᠬᠥᠭᠵᠢᠯᠲᠡ ᠶᠢᠨ ᠨᠡᠪᠲᠡᠷᠡᠬᠦ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ | 112᠂ ᠠᠵᠤ ᠠᠬᠤᠶᠢᠯᠠᠯ ᠢ ᠵᠢᠯᠣᠭᠤᠳᠤᠨ ᠠᠵᠢᠯᠴᠢᠨ ᠬᠡᠷᠡᠭᠯᠡᠬᠦ ᠶᠢᠨ ᠢᠯᠡᠭᠦᠦ ᠳᠤᠲᠠᠭᠤ ᠳᠤ ᠲᠣᠬᠢᠷᠠᠭᠤᠯᠤᠯᠲᠠ | ᠬᠢᠬᠦ ᠶᠢ ᠵᠢᠷᠤᠮᠵᠢᠭᠤᠯᠤᠨ ᠥᠷᠨᠢᠭᠦᠯᠵᠦ᠂ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠮᠲᠤᠪᠠᠷ ᠭᠥᠷᠳᠡᠬᠦ | ᠠᠵᠤ ᠠᠬᠤᠶᠢᠯᠠᠯ ᠳᠤ ᠵᠣᠯᠭᠠᠭᠤᠯᠬᠤ ᠲᠠᠪᠴᠠᠩ ᠪᠠᠶᠢᠭᠤᠯᠤᠨ ᠥᠭᠴᠦ᠂ ᠬᠡᠷᠡᠭᠴᠡᠭᠡ ᠶᠣᠰᠣᠭᠠᠷ ᠲᠤᠰᠬᠠᠢ | ᠲᠠᠯᠠᠪᠤᠷ ᠤᠨ ᠵᠣᠯᠭᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠢ ᠬᠠᠪᠰᠤᠷᠤᠨ ᠬᠥᠮᠥᠨ ᠤ | ᠬᠦᠴᠦᠨ ᠤ ᠡᠬᠢ ᠪᠠᠶᠠᠯᠢᠭ ᠢ ᠨᠠᠷᠢᠯᠢᠭ ᠣᠨᠣᠴᠠᠲᠠᠢ᠂ ᠥᠨᠳᠥᠷ ᠦᠷ᠎ᠡ ᠪᠦᠲᠦᠮᠵᠢᠲᠡᠶ ᠪᠠᠷ ᠲᠣᠬᠢᠷᠠᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ︶ | 113᠂ ᠪᠥᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ | ᠠᠬᠢᠭᠤᠯᠵᠤ᠂ ᠡᠮᠴᠢᠯᠡᠭᠡᠨ ᠤ ᠦᠢᠯᠡᠴᠢᠯᠡᠭᠡ ᠬᠢᠭᠡᠳ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠲᠤᠭ᠎ᠠ ᠪᠠᠷᠢᠮᠲᠠ ᠶᠢ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠢᠴᠢ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠤᠯᠪᠤᠭᠠᠯᠠᠨ ᠨᠡᠪᠲᠡᠷᠡᠯᠴᠡᠵᠦ ᠬᠠᠮᠲᠤᠪᠠᠷ ᠭᠥᠷᠳᠡᠬᠦ ᠪᠠ ᠲᠤᠬᠠᠶᠢᠯᠠᠭᠰᠠᠨ | ᠠᠵᠢᠯ ᠤᠨ ᠲᠠᠯ᠎ᠠ ᠪᠠᠷ ᠬᠠᠮᠵᠢᠯᠴᠠᠬᠤ ᠶᠢ ᠱᠠᠲᠤ ᠳᠠᠷᠠᠭ᠎ᠠ ᠲᠠᠢ ᠪᠠᠷ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠮᠣ ᠳ᠋ᠠᠶᠢᠲ᠋ᠠ ᠶᠢᠨ ᠲᠥᠪ︶ | 114᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠭᠤᠷᠪᠠᠨ ᠱᠠᠲᠤᠨ ᠤ | ᠵᠢᠯᠤᠭᠤᠳᠬᠤ ᠰᠢᠰᠲ᠋ᠧᠮᠵᠢ ᠳᠤ ᠲᠦᠰᠢᠭᠯᠡᠨ᠂ ᠬᠤᠲᠠ ᠶᠢᠨ ᠵᠠᠮ ᠬᠠᠷᠢᠯᠴᠠᠭᠠᠨ ᠤ ᠲᠤᠭ᠎ᠠ ᠪᠠᠷᠢᠮᠲᠠ ᠶᠢᠨ | ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠬᠤᠲᠠ ᠶᠢᠨ ᠠᠷᠠᠳ ᠲᠤ ᠡᠯ᠎ᠡ ᠲᠥᠷᠥᠯ ᠤᠨ | ᠵᠠᠮ ᠬᠠᠷᠢᠯᠴᠠᠭᠠᠨ ᠤ ᠶᠠᠪᠤᠵᠤ ᠰᠠᠭᠤᠬᠤ ᠮᠡᠳᠡᠭᠡ ᠵᠠᠩᠭᠢ ᠶᠢ ᠴᠠᠭ ᠲᠤᠬᠠᠢ ᠳᠤᠨᠢ ᠬᠦᠷᠭᠡᠨ ᠥᠭᠴᠦ᠂ ᠬᠤᠲᠠ ᠶᠢᠨ | ᠵᠠᠮ ᠤᠨ ᠲᠦᠭᠵᠢᠷᠡᠯ ᠢ ᠰᠠᠶᠢᠵᠢᠷᠠᠭᠤᠯᠤᠨ᠂ ᠵᠦᠢ ᠵᠣᠬᠢᠰᠲᠠᠢ ᠶᠠᠪᠤᠵᠤ ᠰᠠᠭᠤᠬᠤ ᠶᠢ ᠬᠥᠲᠥᠯᠥᠨ ᠵᠢᠯᠣᠭᠤᠳᠤᠨ᠎ᠠ᠃ | ︵ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠣᠷᠣᠨ ᠰᠠᠭᠤᠴᠠ ᠪᠠ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶ | ( ᠠᠷᠪᠠᠨ ᠨᠢᠭᠡ ) ᠭᠡᠷ᠎ᠡ ᠶᠢ ᠭᠦᠢᠴᠡᠳᠬᠡᠨ᠎ᠡ᠃ ᠢᠷᠭᠡᠨ ᠤ ᠪᠠ ᠬᠤᠳᠠᠯᠳᠤᠭᠠᠨ ᠤ ᠬᠡᠷᠡᠭ ᠤᠨ ᠰᠢᠭᠦᠨ | ᠲᠠᠰᠤᠯᠤᠯᠲᠠ ᠶᠢᠨ ᠭᠦᠢᠴᠡᠳᠬᠡᠬᠦ ᠪᠦᠬᠦ ᠶᠠᠪᠤᠴᠠ ᠶᠢᠨ ᠭᠤᠭᠴᠤᠭ᠎ᠠ᠂ ᠴᠠᠭ ᠬᠤᠭᠤᠴᠠᠭ᠎ᠠ ᠪᠠ ᠥᠪᠡᠷ ᠤᠨ | ᠦᠷᠲᠡᠭ ᠢ ᠪᠠᠭᠠᠰᠬᠠᠨ᠂ ᠬᠠᠤᠯᠢ ᠴᠠᠭᠠᠵᠠ ᠶᠢᠨ ᠰᠢᠭᠦᠨ ᠲᠠᠰᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | | 115᠂ ᠮᠠᠶᠢᠮᠠᠢ ᠶᠢᠨ ᠭᠡᠷ᠎ᠡ᠂ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠭᠡᠷ᠎ᠡ ᠪᠠ ᠨᠠᠶᠢᠳᠠᠯᠭ᠎ᠠ ᠶᠢᠨ ᠭᠡᠷ᠎ᠡ ᠵᠡᠷᠭᠡ | ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠬᠡᠷᠡᠭ ᠲᠤ᠂ ᠴᠠᠬᠢᠮ ᠢᠶᠠᠷ ᠬᠡᠷᠡᠭ ᠪᠣᠯᠭᠠᠨ ᠳᠠᠩᠰᠠᠯᠠᠬᠤ ᠪᠠᠷ ᠭᠤᠣᠯ | ᠪᠣᠯᠭᠠᠵᠤ᠂ ᠰᠦᠯᠵᠢᠶᠡᠨ ᠭᠠᠳᠠᠨ᠎ᠠ ᠬᠡᠷᠡᠭ ᠪᠣᠯᠭᠠᠨ ᠳᠠᠩᠰᠠᠯᠠᠬᠤ ᠪᠠᠷ ᠬᠠᠪᠰᠤᠷᠤᠮᠵᠢ ᠪᠣᠯᠭᠠᠭᠰᠠᠨ ᠬᠡᠷᠡᠭ ᠪᠣᠯᠭᠠᠨ | ᠳᠠᠩᠰᠠᠯᠠᠬᠤ ᠵᠠᠭᠪᠤᠷ ᠢ ᠬᠡᠷᠡᠭᠵᠢᠭᠦᠯᠵᠦ᠂ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠬᠡᠷᠡᠭ ᠢ ᠴᠠᠬᠢᠮ ᠢᠶᠠᠷ | ᠬᠡᠷᠡᠭ ᠪᠣᠯᠭᠠᠨ ᠳᠠᠩᠰᠠᠯᠠᠬᠤ᠂ ᠣᠷᠣᠨ ᠪᠦᠰᠡ ᠠᠯᠤᠰᠯᠠᠨ ᠬᠡᠷᠡᠭ ᠪᠣᠯᠭᠠᠨ ᠳᠠᠩᠰᠠᠯᠠᠬᠤ ᠶᠢ ᠠᠬᠢᠭᠤᠯᠤᠨ᠎ᠠ᠃ ᠪᠦᠬᠦ | ᠶᠠᠪᠤᠴᠠ ᠶᠢ ᠴᠠᠬᠢᠮ ᠢᠶᠠᠷ ᠬᠡᠷᠡᠭ ᠪᠣᠯᠭᠠᠨ ᠳᠠᠩᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠲᠤᠬᠠᠢ ᠶᠢᠨ ᠬᠥᠮᠥᠨ ᠨᠢ | ᠴᠠᠬᠢᠮ ᠵᠠᠷᠭᠤ ᠶᠢᠨ ᠦᠢᠯᠡᠴᠢᠯᠡᠭᠡᠨ ᠤ ᠲᠠᠪᠴᠠᠩ ᠳᠤ ᠬᠡᠷᠡᠭ ᠪᠣᠯᠭᠠᠨ ᠳᠠᠩᠰᠠᠯᠠᠬᠤ ᠮᠠᠲ᠋ᠧᠷᠢᠶᠠᠯ ᠢᠶᠠᠨ ᠨᠢᠭᠡᠨᠲᠡ | ᠲᠤᠰᠢᠶᠠᠭᠰᠠᠨ ᠪᠠᠶᠢᠪᠠᠯ᠂ ᠴᠠᠭᠠᠰᠤᠨ ᠬᠡᠪᠯᠡᠯ ᠢ ᠳᠠᠪᠬᠤᠷᠳᠠᠭᠤᠯᠤᠨ ᠲᠤᠰᠢᠶᠠᠬᠤ ᠴᠢᠬᠤᠯᠠ ᠦᠭᠡᠢ᠂ ᠴᠠᠬᠢᠮ ᠢᠶᠠᠷ | ᠵᠠᠷᠭᠤ ᠶᠢᠨ ᠵᠠᠷᠤᠳᠠᠯ ᠲᠤᠰᠢᠶᠠᠬᠤ ᠮᠡᠳᠡᠭᠳᠡᠯ ᠤᠨ ᠪᠢᠴᠢᠭ ᠢ ᠪᠤᠢ ᠪᠣᠯᠭᠠᠵᠤ᠂ ᠴᠠᠬᠢᠮ ᠢᠶᠠᠷ ᠰᠦᠢᠳᠬᠡᠯ | ᠲᠤᠰᠢᠶᠠᠬᠤ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ | ᠬᠤᠷᠢᠶ᠎ᠠ︶ | 116᠂ ᠫᠤᠷᠲ᠋ᠧᠯ ᠰᠦᠯᠵᠢᠶ᠎ᠡ ᠳᠤ ᠬᠠᠤᠯᠢ ᠪᠠᠷᠢᠬᠤ ᠲᠤᠭ᠎ᠠ ᠪᠠᠷᠢᠮᠲᠠ ᠶᠢ ᠢᠯᠡ ᠪᠣᠯᠭᠠᠬᠤ ᠪᠠᠶᠢᠩᠭᠤ ᠶᠢᠨ ᠲᠠᠪᠴᠠᠩ | ᠪᠠᠶᠢᠭᠤᠯᠵᠤ᠂ ᠪᠥᠬᠦ ᠣᠷᠣᠨ ᠤ ᠭᠤᠷᠪᠠᠨ ᠱᠠᠲᠤᠨ ᠤ ᠰᠢᠭᠦᠬᠦ ᠬᠤᠷᠢᠶ᠎ᠠ ᠶᠢᠨ ᠭᠥᠯᠢᠶᠡᠨ ᠠᠪᠤᠭᠰᠠᠨ᠂ ᠰᠢᠭᠦᠵᠦ | ᠳᠠᠭᠤᠰᠬᠠᠭᠰᠠᠨ᠂ ᠭᠦᠢᠴᠡᠳᠬᠡᠵᠦ ᠳᠠᠭᠤᠰᠬᠠᠭᠰᠠᠨ ᠬᠡᠷᠡᠭ ᠵᠡᠷᠭᠡ ᠬᠠᠮᠢᠶ᠎ᠠ ᠪᠦᠬᠦᠢ ᠲᠤᠭ᠎ᠠ ᠪᠠᠷᠢᠮᠲᠠ ᠵᠢᠴᠢ ᠬᠡᠷᠡᠭ ᠢ | ᠬᠡᠷᠡᠭ ᠪᠣᠯᠭᠠᠨ ᠳᠡᠩᠰᠡᠯᠡᠵᠦ ᠭᠥᠯᠢᠶᠡᠨ ᠠᠪᠤᠭᠰᠠᠨ᠂ ᠰᠦᠢᠳᠬᠡᠯ ᠲᠤᠰᠢᠶᠠᠭᠰᠠᠨ᠂ ᠲᠢᠩᠬᠢᠮ ᠤᠨ ᠰᠢᠭᠦᠯᠲᠡ᠂ | ᠲᠡᠰᠦᠯᠦᠨ ᠲᠣᠭᠲᠠᠭᠠᠯᠲᠠ ᠵᠡᠷᠭᠡ ᠵᠠᠷᠭᠤ ᠶᠢᠨ ᠶᠠᠪᠤᠴᠠ ᠶᠢᠨ ᠠᠬᠢᠴᠠ ᠶᠢᠨ ᠪᠠᠶᠢᠳᠠᠯ ᠵᠡᠷᠭᠡ ᠬᠠᠮᠢᠶ᠎ᠠ ᠪᠦᠬᠦᠢ ᠮᠡᠳᠡᠭᠡ | ᠵᠠᠩᠭᠢ ᠶᠢ ᠬᠥᠳᠡᠯᠦᠩᠭᠦᠢ ᠪᠠᠷ ᠢᠯᠡ ᠪᠣᠯᠭᠠᠵᠤ᠂ ᠬᠠᠤᠯᠢ ᠪᠠᠷᠢᠬᠤ ᠲᠤᠭ᠎ᠠ ᠪᠠᠷᠢᠮᠲᠠ ᠶᠢ ᠪᠠᠶᠢᠩᠭᠤᠵᠢᠭᠤᠯᠤᠨ ᠢᠯᠡ | ᠪᠣᠯᠭᠠᠬᠤ ᠶᠢ ᠲᠦᠯᠬᠢᠨ ᠠᠬᠢᠭᠤᠯᠵᠤ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ︵ | ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ︶ | 117᠂ ᠬᠠᠤᠯᠢ ᠪᠠᠷᠢᠬᠤ ᠰᠢᠯᠭᠠᠨ ᠲᠣᠭᠲᠠᠭᠠᠯᠲᠠ ᠶᠢᠨ ᠦᠨᠡᠨᠴᠢ ᠢᠲᠡᠭᠡᠮᠵᠢ ᠶᠢᠨ ᠵᠡᠷᠭᠡ ᠳᠡᠰ ᠢ ᠦᠨᠡᠯᠡᠨ ᠵᠢᠱᠢᠬᠦ | ᠠᠷᠭ᠎ᠠ ᠶᠢ ᠲᠣᠭᠲᠠᠭᠠᠵᠤ᠂ ᠬᠠᠤᠯᠢ ᠪᠠᠷᠢᠬᠤ ᠰᠢᠯᠭᠠᠨ ᠲᠣᠭᠲᠠᠭᠠᠯᠲᠠ ᠶᠢᠨ ᠪᠠᠶᠢᠭᠤᠯᠤᠮᠵᠢ᠂ ᠰᠢᠯᠭᠠᠨ | ᠲᠣᠭᠲᠠᠭᠠᠭᠴᠢ ᠶᠢᠨ ᠣᠷᠣᠬᠤ ᠵᠥᠪᠰᠢᠶᠡᠷᠡᠯ ᠤᠨ ᠳᠠᠩᠰᠠᠯᠠᠯᠲᠠ ᠶᠢ ᠴᠢᠩᠳᠠᠯᠠᠵᠤ᠂ ᠬᠠᠤᠯᠢ ᠪᠠᠷᠢᠬᠤ ᠰᠢᠯᠭᠠᠨ | ᠲᠣᠭᠲᠠᠭᠠᠯᠲᠠ ᠶᠢᠨ ᠰᠦᠢᠳᠬᠡᠯ ᠬᠤᠷᠢᠶᠠᠬᠤ ᠶᠠᠪᠤᠳᠠᠯ ᠢ ᠴᠢᠨᠠᠭᠰᠢᠳᠠ ᠵᠢᠷᠤᠮᠵᠢᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠬᠠᠤᠯᠢ ᠴᠠᠭᠠᠵᠠ ᠶᠢᠨ ᠲᠢᠩᠬᠢᠮ︶ | 118᠂ ᠵᠠᠷᠭᠤ ᠬᠢᠭᠡᠳ ᠠᠯᠪᠠᠨ ᠭᠡᠷᠡᠴᠢᠯᠡᠭᠡ ᠶᠢᠨ ᠪᠦᠬᠦ ᠶᠠᠪᠤᠴᠠ ᠶᠢᠨ ᠬᠠᠮᠵᠢᠯᠴᠠᠭ᠎ᠠ ᠶᠢ ᠲᠦᠯᠬᠢᠨ ᠠᠬᠢᠭᠤᠯᠵᠤ᠂ | ᠬᠡᠷᠡᠭ ᠪᠣᠯᠭᠠᠨ ᠳᠠᠩᠰᠠᠯᠠᠬᠤ᠂ ᠡᠶᠡᠳᠡᠭᠦᠯᠬᠦ᠂ ᠬᠠᠮᠠᠭᠠᠯᠠᠨ ᠬᠠᠳᠠᠭᠠᠯᠠᠬᠤ᠂ ᠬᠦᠷᠭᠡᠬᠦ᠂ ᠪᠠᠶᠢᠴᠠᠭᠠᠬᠤ᠂ ᠦᠨᠡᠯᠡᠨ | ᠵᠢᠱᠢᠬᠦ᠂ ᠦᠨ᠎ᠡ ᠬᠠᠶᠠᠵᠤ ᠬᠤᠳᠠᠯᠳᠤᠬᠤ ᠵᠡᠷᠭᠡ ᠵᠠᠩᠭᠢᠯᠠᠭ᠎ᠠ ᠳᠤ ᠰᠢᠭᠦᠨ ᠲᠠᠰᠤᠯᠬᠤ ᠪᠠ ᠭᠦᠢᠴᠡᠳᠬᠡᠬᠦ ᠳᠤ | ᠲᠤᠰᠠᠯᠠᠬᠤ ᠠᠵᠢᠯ ᠶᠠᠪᠤᠳᠠᠯ ᠤᠨ ᠬᠠᠮᠵᠢᠯᠴᠠᠭ᠎ᠠ ᠶᠢ ᠦᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠢᠩᠬᠢᠮ︶ | 119᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠤᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ | ᠥᠭᠡᠷᠡᠴᠢᠯᠡᠯᠲᠡ ᠶᠢ ᠰᠠᠶᠢᠵᠢᠷᠠᠭᠤᠯᠵᠦ᠂ ᠬᠠᠤᠯᠢ ᠶᠢᠨ ᠲᠤᠰᠢᠶᠠᠯᠲᠠᠨ ᠢ ᠰᠢᠯᠢᠨ ᠰᠣᠩᠭᠤᠬᠤ ᠳᠦᠷᠢᠮ ᠢ | ᠲᠡᠭᠦᠯᠳᠡᠷᠵᠢᠭᠦᠯᠵᠦ᠂ ᠬᠠᠤᠯᠢ ᠶᠢᠨ ᠲᠤᠰᠢᠶᠠᠯᠲᠠᠨ ᠢ ᠪᠠᠶᠢᠩᠭᠤᠵᠢᠭᠤᠯᠤᠨ ᠨᠡᠮᠡᠵᠦ ᠨᠥᠬᠦᠪᠦᠷᠢᠯᠡᠬᠦ ᠲᠣᠭᠲᠠᠴᠠ ᠶᠢ | ᠪᠠᠶᠢᠭᠤᠯᠵᠤ᠂ ᠠᠵᠢᠯᠲᠠᠨ ᠤ ᠣᠷᠣᠨ ᠲᠤᠭ᠎ᠠ ᠬᠠᠤᠯᠢ ᠶᠢᠨ ᠲᠤᠰᠢᠶᠠᠯᠲᠠᠨ ᠤ ᠲᠤᠭ᠎ᠠ ᠶᠢ ᠨᠥᠬᠦᠪᠦᠷᠢᠯᠡᠵᠦ᠂ ᠤᠷᠢᠵᠤ | ᠲᠣᠮᠢᠯᠠᠬᠤ ᠳᠦᠷᠢᠮᠲᠦ ᠪᠢᠴᠢᠭᠡᠴᠢ ᠡᠯᠰᠡᠬᠦ ᠠᠵᠢᠯ ᠢ ᠥᠷᠨᠢᠭᠦᠯᠵᠦ᠂ ᠬᠠᠤᠯᠢ ᠴᠠᠭᠠᠵᠠ ᠶᠢᠨ ᠲᠤᠰᠠᠯᠠᠬᠤ ᠠᠵᠢᠯᠲᠠᠨ ᠢ | ᠨᠥᠬᠦᠪᠦᠷᠢᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ︶ | 120᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠳᠠ ᠶᠢᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠪᠠᠩᠬᠢ ᠶᠢᠨ | ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠨᠢ ᠠᠷᠠᠳ ᠤᠨ ᠰᠢᠭᠦᠬᠦ ᠬᠤᠷᠢᠶᠠᠨ ᠤ ᠭᠦᠢᠴᠡᠳᠬᠡᠬᠦ | ᠠᠵᠢᠯ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ | ᠬᠤᠯᠪᠣᠭᠳᠠᠭᠰᠠᠨ ᠬᠡᠷᠡᠭ ᠤᠨ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠳᠠᠮᠫᠤᠷᠠᠵᠤ ᠥᠷᠢ ᠰᠢᠷᠢ ᠠᠴᠠ ᠵᠠᠶᠢᠯᠠᠬᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ | ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠵᠣᠭᠤᠰ ᠢ ᠥᠷᠢᠲᠦᠬᠦ᠂ ᠮᠠᠭᠤ ᠰᠠᠨᠠᠭ᠎ᠠ ᠲᠠᠢ ᠪᠠᠷ ᠴᠠᠯᠢᠩ ᠨᠡᠬᠡᠬᠦ | ᠵᠡᠷᠭᠡ ᠦᠢᠯᠡ ᠠᠵᠢᠯᠯᠠᠭ᠎ᠠ ᠳᠤ ᠬᠠᠮᠵᠢᠨ ᠴᠣᠬᠢᠯᠲᠠ ᠥᠭᠴᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠡᠷᠬᠡ ᠲᠡᠭᠰᠢ ᠪᠠᠷ ᠬᠠᠮᠠᠭᠠᠯᠠᠨ᠎ᠠ᠃ ︵ᠥᠪᠡᠷᠲᠡᠭᠡᠨ ᠵᠠᠰᠠᠬᠤ | ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ︶ | ︵ᠠᠷᠪᠠᠨ ᠬᠤᠶᠠᠷ︶ ᠳᠠᠮᠫᠤᠷᠠᠬᠤ ᠶᠢ ᠭᠦᠢᠴᠡᠳᠬᠡᠬᠦ᠃ ᠳᠦᠷᠢᠮ ᠤᠨ ᠲᠣᠬᠢᠷᠠᠭᠤᠯᠤᠯᠲᠠ ᠶᠢ ᠰᠤᠳᠤᠯᠤᠨ | ᠲᠡᠭᠦᠯᠳᠡᠷᠵᠢᠭᠦᠯᠵᠦ᠂ ᠠᠪᠤᠷᠠᠬᠤ ᠦᠨ᠎ᠡ ᠥᠷᠲᠡᠭ ᠲᠠᠢ ᠠᠶᠤᠯ ᠲᠦᠭᠰᠢᠭᠦᠷᠢᠲᠡᠢ ᠠᠵᠤ ᠠᠬᠤᠶᠢᠯᠠᠯ ᠢ ᠳᠠᠬᠢᠨ | ᠴᠡᠭᠴᠡᠯᠡᠵᠦ ᠳᠠᠬᠢᠨ ᠰᠡᠷᠭᠦᠭᠡᠬᠦ ᠶᠢ ᠠᠬᠢᠭᠤᠯᠤᠨ᠎ᠠ᠃ | 121᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠳᠠᠮᠫᠤᠷᠠᠬᠤ ᠪᠠ ᠢᠯᠭᠠᠷᠠᠭᠤᠯᠤᠨ ᠪᠤᠳᠤᠬᠤ | ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠵᠦ᠂ ᠳᠠᠮᠫᠤᠷᠠᠯ ᠤᠨ ᠬᠡᠷᠡᠭ ᠢ ᠰᠢᠢᠳᠪᠦᠷᠢᠯᠡᠬᠦ ᠴᠢᠨᠠᠷ ᠴᠢᠨᠰᠠᠭ᠎ᠠ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ | ᠬᠤᠷᠢᠶ᠎ᠠ︶ | 122᠂ ᠪᠥᠬᠦ ᠣᠷᠣᠨ ᠳᠤ ᠳᠠᠮᠫᠤᠷᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠳᠡᠯᠭᠡᠷᠡᠭᠦᠯᠵᠦ᠂ | ᠳᠠᠮᠫᠤᠷᠠᠯ ᠤᠨ ᠬᠡᠷᠡᠭ ᠤᠨ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢ ᠴᠢᠩᠭᠠᠷᠠᠭᠤᠯᠤᠨ᠂ ᠴᠠᠬᠢᠮ | ᠠᠪᠴᠠᠭᠠᠲᠠᠨ ᠤ ᠬᠤᠷᠠᠯ᠂ ᠰᠦᠯᠵᠢᠶ᠎ᠡ ᠪᠠᠷ ᠦᠨ᠎ᠡ ᠬᠠᠶᠠᠵᠤ ᠬᠤᠳᠠᠯᠳᠤᠬᠤ ᠵᠡᠷᠭᠡ ᠮᠡᠳᠡᠭᠡ ᠵᠠᠩᠭᠢᠵᠢᠯᠲᠠ ᠶᠢᠨ | ᠠᠷᠭ᠎ᠠ ᠪᠠᠷᠢᠯ ᠢ ᠬᠡᠷᠡᠭᠯᠡᠨ ᠳᠠᠮᠫᠤᠷᠠᠯ ᠤᠨ ᠬᠡᠷᠡᠭ ᠢ ᠰᠢᠢᠳᠪᠦᠷᠢᠯᠡᠬᠦ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ︶ | 123᠂ ᠳᠠᠮᠫᠤᠷᠠᠯ ᠤᠨ ᠬᠡᠷᠡᠭ ᠤᠨ ᠶᠠᠷᠰᠢᠭ ᠲᠦᠪᠡᠭᠲᠡᠢ ᠪᠠ ᠬᠢᠯᠪᠠᠷ ᠢ ᠰᠠᠯᠭᠠᠬᠤ ᠶᠠᠪᠤᠳᠠᠯ ᠢ ᠦᠷᠭᠦᠯᠵᠢᠯᠡᠨ | ᠲᠦᠯᠬᠢᠨ ᠠᠬᠢᠭᠤᠯᠵᠤ᠂ ᠰᠢᠭᠦᠬᠦ ᠬᠤᠭᠤᠴᠠᠭ᠎ᠠ ᠶᠢ ᠪᠠᠭᠠᠰᠬᠠᠨ᠎ᠠ᠃ ᠬᠤᠭᠤᠴᠠᠭ᠎ᠠ ᠬᠢᠵᠠᠭᠠᠷᠯᠠᠨ 1 ᠵᠢᠯ ᠠᠴᠠ | ᠳᠡᠭᠡᠭᠰᠢ ᠳᠠᠭᠤᠰᠬᠠᠭᠠᠳᠤᠢ ᠬᠡᠷᠡᠭ ᠢ ᠢᠯᠭᠠᠷᠠᠭᠤᠯᠤᠨ ᠳᠠᠭᠤᠰᠬᠠᠵᠤ᠂ ᠴᠤᠪᠤᠷᠠᠯ ᠤᠨ ᠵᠠᠩᠭᠢᠯᠠᠭ᠎ᠠ ᠶᠢᠨ ᠴᠡᠭ ᠤᠨ | ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ︽ᠢᠯᠭᠠᠷᠠᠭᠤᠯᠬᠤ ᠶᠣᠰᠣᠲᠠᠢ ᠶᠢ ᠨᠢ ᠪᠦᠬᠦᠨ ᠢ ᠢᠯᠭᠠᠷᠠᠭᠤᠯᠤᠨ᠂ | ᠳᠠᠭᠤᠰᠬᠠᠬᠤ ᠶᠣᠰᠣᠲᠠᠢ ᠶᠢ ᠨᠢ ᠪᠦᠬᠦᠨ ᠢ ᠳᠠᠭᠤᠰᠬᠠᠬᠤ︾ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ︶ | 124᠂ ᠳᠠᠮᠫᠤᠷᠠᠯ ᠤᠨ ᠬᠠᠮᠢᠶᠠᠷᠤᠭᠴᠢ ᠶᠢᠨ ᠨᠡᠷᠡᠰ ᠤᠨ ᠲᠠᠩᠰᠠ ᠶᠢ ᠲᠦᠷᠭᠡᠪᠴᠢᠯᠡᠨ ᠰᠢᠨᠡᠳᠬᠡᠬᠦ ᠪᠠ | ᠲᠡᠭᠦᠯᠳᠡᠷᠵᠢᠭᠦᠯᠵᠦ᠂ ᠳᠠᠮᠫᠤᠷᠠᠯ ᠤᠨ ᠬᠠᠮᠢᠶᠠᠷᠤᠭᠴᠢ ᠶᠢ ᠱᠠᠲᠤ ᠬᠤᠪᠢᠶᠠᠨ ᠬᠠᠮᠢᠶᠠᠷᠬᠤ᠂ ᠲᠣᠭᠲᠠᠮᠠᠯ | ᠬᠤᠭᠤᠴᠠᠭ᠎ᠠ ᠲᠠᠢ ᠪᠠᠷ ᠬᠢᠨᠠᠨ ᠰᠢᠯᠭᠠᠬᠤ ᠵᠡᠷᠭᠡ ᠬᠥᠳᠡᠯᠦᠩᠭᠦᠢ ᠲᠣᠭᠲᠠᠴᠠ ᠶᠢ ᠪᠠᠶᠢᠭᠤᠯᠵᠤ᠂ ᠡᠯ᠎ᠡ ᠠᠶᠢᠮᠠᠭ | ᠬᠤᠳᠠ ᠶᠢᠨ ᠳᠠᠮᠫᠤᠷᠠᠯ ᠤᠨ ᠰᠢᠭᠦᠨ ᠲᠠᠰᠤᠯᠬᠤ ᠠᠵᠢᠯ ᠤᠨ ᠪᠠᠶᠢᠳᠠᠯ ᠢ ᠦᠨᠳᠦᠰᠦᠯᠡᠨ᠂ ᠬᠡᠰᠡᠭ ᠠᠷᠠᠳ ᠤᠨ ᠳᠤᠮᠳᠠ | ᠵᠡᠷᠭᠡ ᠶᠢᠨ ᠰᠢᠭᠦᠬᠦ ᠬᠤᠷᠢᠶ᠎ᠠ ᠳᠤ ᠡᠷᠬᠡ ᠣᠯᠭᠤᠵᠤ ᠲᠤᠰ ᠭᠠᠵᠠᠷ ᠣᠷᠣᠨ ᠤ ᠬᠠᠮᠢᠶᠠᠷᠤᠭᠴᠢ ᠶᠢᠨ ᠨᠡᠷᠡᠰ ᠤᠨ | ᠲᠠᠩᠰᠠ ᠶᠢ ᠨᠠᠶᠢᠷᠠᠭᠤᠯᠤᠨ ᠵᠣᠬᠢᠶᠠᠯᠭᠠᠨᠠ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ | ᠰᠢᠭᠦᠬᠦ ᠬᠤᠷᠢᠶ᠎ᠠ︶ | 125᠂ ᠪᠠᠶᠢᠩᠭᠤᠵᠢᠭᠰᠠᠨ ᠠᠵᠤ ᠠᠬᠤᠶᠢᠯᠠᠯ ᠤᠨ ᠳᠠᠮᠫᠤᠷᠠᠯ ᠤᠨ ᠵᠠᠰᠠᠭ ᠤᠨ ᠣᠷᠳᠣᠨ ᠪᠠ ᠬᠦᠷᠢᠶᠡᠯᠡᠩ ᠤᠨ | ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠳᠠᠮᠫᠤᠷᠠᠯ ᠤᠨ ᠡᠳ᠋ | ᠬᠥᠷᠥᠩᠭᠡ ︵ᠥᠯᠥ ᠬᠥᠳᠡᠯᠬᠦ ᠬᠥᠷᠥᠩᠭᠡ︶ ᠶᠢ ᠰᠢᠢᠳᠪᠦᠷᠢᠯᠡᠬᠦ᠂ ᠠᠵᠢᠯᠲᠠᠨ ᠠᠵᠢᠯᠴᠢᠨ ᠢ ᠲᠥᠪᠬᠢᠨᠡᠭᠦᠯᠬᠦ᠂ | ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ᠂ ᠠᠵᠤ ᠠᠬᠤᠶᠢᠯᠠᠯ ᠤᠨ ᠳᠠᠩᠰᠠᠯᠠᠯᠲᠠ ᠶᠢ ᠬᠦᠴᠦᠨ ᠦᠭᠡᠢ | ᠪᠣᠯᠭᠠᠬᠤ ᠵᠡᠷᠭᠡ ᠠᠰᠠᠭᠤᠳᠠᠯ ᠢ ᠰᠢᠢᠳᠪᠦᠷᠢᠯᠡᠵᠦ᠂ ᠳᠠᠮᠫᠤᠷᠠᠯ ᠤᠨ ᠲᠠᠰ ᠳᠠᠷᠠᠭᠠᠯᠠᠯ ᠳᠠᠬᠢ ᠲᠤᠬᠠᠶᠢᠯᠠᠭᠰᠠᠨ | ᠠᠵᠢᠯ ᠤᠨ ᠵᠣᠬᠢᠴᠠᠭᠤᠯᠭ᠎ᠠ᠂ ᠮᠡᠳᠡᠭᠡ ᠵᠠᠩᠭᠢ ᠶᠢ ᠬᠠᠮᠲᠤᠪᠠᠷ ᠬᠡᠷᠡᠭᠯᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ | ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠠᠵᠢᠯᠴᠢᠨ ᠤ ᠶᠡᠷᠦᠩᠬᠡᠢ ᠡᠪᠯᠡᠯ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶ | 126᠂ ᠳᠠᠮᠫᠤᠷᠠᠯ ᠤᠨ ᠬᠡᠷᠡᠭ ᠤᠨ ᠲᠤᠬᠠᠶᠢᠯᠠᠭᠰᠠᠨ ᠠᠵᠢᠯ ᠤᠨ ᠵᠠᠷᠤᠳᠠᠯ ᠤᠨ ᠪᠠᠲᠤᠯᠠᠭ᠎ᠠ ᠶᠢᠨ ᠤᠷᠳᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠳᠠᠮᠫᠤᠷᠠᠯ ᠤᠨ ᠬᠡᠷᠡᠭ ᠢ ᠰᠢᠢᠳᠪᠦᠷᠢᠯᠡᠬᠦ ᠴᠢᠨᠠᠷ | ᠴᠢᠨᠰᠠᠭ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ | ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠡᠳ᠋ ᠤᠨ ᠵᠠᠰᠠᠭ ᠤᠨ ᠲᠢᠩᠬᠢᠮ︶ | ᠭᠤᠷᠪᠠ᠂ ᠭᠤᠣᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠨ᠎ᠠ | ︵ᠨᠢᠭᠡ︶ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠ ᠬᠢᠨᠠᠨ ᠬᠠᠮᠢᠶᠠᠷᠬᠤ᠃ ᠳᠦᠷᠢᠮ ᠤᠨ | ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠦᠢᠯᠡᠴᠢᠯᠡᠭᠡ ᠶᠢ ᠰᠢᠯᠢᠳᠡᠭᠵᠢᠭᠦᠯᠦᠨ | ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠡᠵᠡᠩᠨᠡᠭᠴᠢᠳ ᠦᠨᠡᠷᠬᠡ ᠲᠡᠭᠰᠢ ᠪᠠᠷ ᠥᠷᠢᠰᠦᠯᠳᠦᠬᠦ ᠶᠢ ᠪᠠᠲᠤᠯᠠᠨ᠎ᠠ᠃ | 127᠂ ᠭᠡᠷᠡᠴᠢᠯᠡᠬᠦ ᠵᠦᠢᠯᠡᠰ ︵ᠮᠡᠳᠡᠭᠳᠡᠬᠦ ᠠᠮᠠᠯᠠᠯᠲᠠ ᠶᠢᠨ ᠳᠦᠷᠢᠮ ᠤᠨ ᠵᠦᠢᠯᠡᠰ ᠪᠠᠭᠲᠠᠨ᠎ᠠ︶ ᠤᠨ ᠭᠠᠷᠴᠠᠭ ᠤᠨ | ᠨᠠᠷᠢᠨ ᠵᠢᠭᠰᠠᠭᠠᠯᠲᠠ ᠶᠢ ᠲᠣᠭᠲᠠᠭᠠᠨ ᠨᠡᠶᠢᠲᠡᠯᠡᠵᠦ᠂ ᠡᠯ᠎ᠡ ᠰᠠᠯᠠᠭ᠎ᠠ ᠮᠥᠴᠢᠷ ᠤᠨ ᠬᠠᠤᠯᠢ ᠲᠣᠭᠲᠠᠭᠠᠯ ᠶᠣᠰᠣᠭᠠᠷ | ᠮᠡᠳᠡᠭᠳᠡᠬᠦ ᠠᠮᠠᠯᠠᠯᠲᠠ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠬᠦᠷᠭᠡᠬᠦ ᠠᠵᠢᠯ ᠤᠨ ᠲᠣᠭᠲᠠᠴᠠ ᠶᠢ | ᠪᠠᠶᠢᠭᠤᠯᠬᠤ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 128᠂ ︽ᠡᠯᠡᠰᠦᠨ ᠬᠠᠶᠢᠷᠴᠠᠭ ᠤᠨ ᠬᠢᠨᠠᠯᠲᠠ ᠬᠠᠮᠢᠶᠠᠷᠤᠯᠲᠠ︾ ︽ᠬᠥᠨᠳᠡᠭᠦᠷ ᠮᠠᠶ᠋ᠢᠭ ᠤᠨ ᠬᠢᠨᠠᠯᠲᠠ | ᠬᠠᠮᠢᠶᠠᠷᠤᠯᠲᠠ︾ ᠶᠢ ᠰᠦᠪᠡᠭᠴᠢᠯᠡᠨ ᠥᠷᠨᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ︽ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠭᠰᠡᠨ ᠬᠠᠭᠤᠳᠠᠰᠤ ᠪᠠᠷ ᠬᠠᠷᠢᠭᠤᠴᠠᠯᠭ᠎ᠠ ᠬᠡᠯᠲᠦᠷᠢᠭᠦᠯᠬᠦ᠂ ᠬᠠᠷᠢᠭᠤᠴᠠᠯᠭ᠎ᠠ ᠪᠠᠨ | ᠠᠯᠳᠠᠭᠰᠠᠨ ᠬᠠᠭᠤᠳᠠᠰᠤ ᠪᠠᠷ ᠬᠠᠷᠢᠭᠤᠴᠠᠯᠭ᠎ᠠ ᠬᠡᠯᠡᠯᠴᠡᠬᠦ︾ ᠲᠣᠭᠲᠠᠴᠠ ᠶᠢ ᠪᠠᠶᠢᠭᠤᠯᠤᠨ᠎ᠠ᠃ ᠨᠢᠭᠡᠨᠲᠡ | ᠨᠡᠶᠢᠲᠡᠯᠡᠭᠰᠡᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠵᠥᠪᠰᠢᠶᠡᠷᠡᠨ ᠣᠷᠣᠭᠤᠯᠬᠤ ᠪᠠ ᠬᠢᠨᠠᠨ ᠬᠠᠮᠢᠶᠠᠷᠬᠤ | ᠲᠦᠷᠦ ᠶᠢᠨ ᠪᠣᠳᠣᠯᠭ᠎ᠠ ᠶᠢ ᠦᠨᠡᠯᠡᠨ ᠵᠢᠱᠢᠵᠦ᠂ ᠡᠯ᠎ᠡ ᠵᠦᠢᠯ ᠤᠨ ᠵᠦᠢ ᠵᠣᠬᠢᠰ ᠦᠭᠡᠢ ᠬᠠᠮᠢᠶᠠᠷᠤᠯᠲᠠ ᠶᠢᠨ ᠠᠷᠭ᠎ᠠ | ᠲᠥᠪᠰᠢᠨ ᠢ ᠢᠯᠭᠠᠷᠠᠭᠤᠯᠤᠨ ᠲᠢᠭᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠤᠯᠪᠣᠭᠳᠠᠯ ᠪᠦᠬᠦᠢ ᠰᠠᠯᠠᠭ᠎ᠠ ᠮᠥᠴᠢᠷ︶ | 129᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠲᠥᠪᠰᠢᠨ ᠢ ᠦᠯᠦ ᠬᠡᠷᠡᠭᠵᠢᠭᠦᠯᠬᠦ ᠲᠣᠳᠣᠷᠬᠠᠢ | ᠬᠠᠭᠤᠳᠠᠰᠤ ᠶᠢ ᠪᠠᠶᠢᠭᠤᠯᠵᠤ᠂ ᠠᠯᠪᠠᠳᠠᠯᠭ᠎ᠠ ᠶᠢᠨ ᠪᠤᠰᠤ ᠠᠷᠭ᠎ᠠ ᠪᠠᠷᠢᠯ ᠢ ᠬᠡᠷᠡᠭᠯᠡᠭᠡᠳ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠵᠣᠷᠢᠯᠭ᠎ᠠ ᠳᠠᠭᠠᠨ ᠬᠦᠷᠴᠦ ᠴᠢᠳᠠᠪᠠᠯ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ | ᠲᠥᠪᠰᠢᠨ ᠢ ᠬᠡᠷᠡᠭᠵᠢᠭᠦᠯᠬᠦ ᠦᠭᠡᠢ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠤᠯᠪᠣᠭᠳᠠᠯ ᠪᠦᠬᠦᠢ ᠰᠠᠯᠠᠭ᠎ᠠ ᠮᠥᠴᠢᠷ︶ | 130᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ ᠴᠢᠨᠠᠭᠰᠢᠳᠠ | ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠡᠵᠡᠩᠨᠡᠭᠴᠢᠳ ᠦᠨᠬᠠᠤᠯᠢ ᠲᠣᠭᠲᠠᠭᠠᠯ ᠠᠴᠠ ᠵᠥᠷᠢᠴᠡᠭᠰᠡᠨ ᠬᠥᠩᠭᠡᠨ | ᠦᠶᠯᠡ ᠠᠵᠢᠯᠯᠠᠭ᠎ᠠ ᠶᠢ ᠲᠣᠷᠭᠠᠬᠤ ᠠᠴᠠ ᠵᠠᠰᠠᠭ ᠵᠠᠬᠢᠷᠭᠠᠨ ᠤ ᠰᠢᠳᠬᠡᠯ ᠥᠭᠬᠦ ᠦᠭᠡᠢ ᠪᠠᠶᠢᠪᠠᠯ᠂ ᠵᠠᠷᠯᠢᠭᠳᠠᠵᠤ | ᠪᠠᠶᠢᠭᠠᠳ ᠵᠠᠯᠠᠷᠠᠭᠤᠯᠤᠭᠤᠯᠬᠤ ᠠᠴᠠ ᠭᠠᠳᠠᠨ᠎ᠠ᠂ ᠰᠢᠭᠦᠮᠵᠢᠯᠡᠨ ᠰᠤᠷᠭᠠᠬᠤ᠂ ᠪᠣᠯᠵᠣᠨ ᠶᠠᠷᠢᠯᠴᠠᠬᠤ ᠶᠢ ᠵᠢᠯᠤᠭᠤᠳᠬᠤ | ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠵᠡᠩᠨᠡᠭᠴᠢᠳ ᠤᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ | ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠠᠤᠯᠢ | ᠴᠠᠭᠠᠵᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠬᠤᠯᠪᠣᠭᠳᠠᠯ ᠪᠦᠬᠦᠢ ᠰᠠᠯᠠᠭ᠎ᠠ ᠮᠥᠴᠢᠷ︶ | 131᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠶᠢᠨ ᠬᠢᠨᠠᠯᠲᠠ ᠬᠠᠮᠢᠶᠠᠷᠤᠯᠲᠠ ᠶᠢ | ᠴᠢᠨᠠᠭᠰᠢᠳᠠ ᠨᠠᠶᠢᠳᠠᠪᠤᠷᠢᠵᠢᠭᠤᠯᠵᠤ᠂ ᠤᠯᠤᠰ ᠤᠨ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ᠂ | ᠠᠷᠠᠳ ᠣᠯᠠᠨ ᠤ ᠠᠮᠢ ᠨᠠᠰᠤ ᠡᠷᠡᠭᠦᠯ ᠮᠡᠨᠳᠦ᠂ ᠰᠦᠷᠳᠡᠭᠦᠯᠦᠯ ᠢ ᠡᠰᠡᠷᠭᠦᠴᠡᠬᠦ᠂ ᠨᠢᠭᠤᠴᠠ ᠶᠢ ᠬᠠᠮᠠᠭᠠᠯᠠᠬᠤ ᠠᠵᠢᠯ | ᠲᠥᠷᠥᠯ ᠵᠡᠷᠭᠡ ᠣᠨᠴᠠᠭᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠰᠢᠭᠤᠳ ᠬᠤᠯᠪᠣᠭᠳᠠᠬᠤ ᠶᠢ | ᠭᠠᠷᠭᠠᠪᠠᠯ᠂ ᠡᠯ᠎ᠡ ᠰᠠᠯᠠᠭ᠎ᠠ ᠮᠥᠴᠢᠷ ᠤᠨ ᠥᠷᠨᠢᠭᠦᠯᠦᠭᠰᠡᠨ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠥᠮ ︽ | ᠬᠤᠶᠠᠷ ᠢ ᠲᠣᠬᠢᠶᠠᠯᠳᠤᠯ ᠢᠶᠠᠷ ᠬᠢᠬᠦ︾ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠬᠠᠤᠯᠢ ᠴᠠᠭᠠᠵᠠ ᠬᠠᠤᠯᠢ | ᠲᠣᠭᠲᠠᠭᠠᠯ ᠤᠨ ᠲᠣᠭᠲᠠᠭᠠᠯ ᠶᠣᠰᠣᠭᠠᠷ᠂ ᠰᠤᠭᠤᠴᠢᠨ ᠪᠠᠶᠢᠴᠠᠭᠠᠬᠤ ᠵᠦᠢᠯᠡᠰ᠂ ᠰᠤᠭᠤᠴᠢᠨ ᠪᠠᠶᠢᠴᠠᠭᠠᠬᠤ | ᠲᠥᠯᠥᠪᠯᠡᠭᠡ᠂ ᠪᠠᠶᠢᠴᠠᠭᠠᠭᠰᠠᠨ ᠦᠷ᠎ᠡ ᠳ᠋ᠦᠩ ᠢᠶᠠᠨ ᠴᠠᠭ ᠲᠤᠬᠠᠢ ᠳᠤᠨᠢ᠂ ᠣᠨᠣᠪᠴᠢᠲᠠᠶ ᠪᠠᠷ ᠨᠡᠶᠢᠭᠡᠮ ᠳᠤ ᠢᠯᠡ | ᠪᠣᠯᠭᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃ ︵ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠬᠤᠯᠪᠣᠭᠳᠠᠯ ᠪᠦᠬᠦᠢ ᠰᠠᠯᠠᠭ᠎ᠠ ᠮᠥᠴᠢᠷ︶ | 132᠂ ᠠᠵᠤ ᠠᠬᠤᠶᠢᠯᠠᠯ ᠤᠨ ᠢᠲᠡᠭᠡᠮᠵᠢ ᠶᠢᠨ ᠡᠷᠡᠰᠳᠡᠯ ᠶᠢᠨ ᠲᠥᠷᠥᠯ ᠬᠤᠪᠢᠶᠠᠭᠰᠠᠨ ᠦᠷ᠎ᠡ ᠳ᠋ᠦᠩ ᠤᠨ ᠪᠥᠬᠦ | ᠲᠥᠪᠰᠢᠨ ᠢ ︽ᠬᠤᠶᠠᠷ ᠢ ᠲᠠᠰᠢᠷᠠᠮ ᠳᠠᠭᠠᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ | ᠠᠵᠢᠯ ᠤᠨ ᠲᠠᠪᠴᠠᠩ ᠳᠤ ᠬᠦᠷᠭᠡᠵᠦ᠂ ᠰᠤᠭᠤᠴᠢᠨ ᠪᠠᠶᠢᠴᠠᠭᠠᠬᠤ ᠡᠲᠡᠭᠡᠳ ᠤᠨ ᠨᠡᠷᠡᠰ ᠤᠨ ᠬᠥᠮᠥᠷᠭᠡ ᠯᠦᠭᠡ | ᠵᠣᠯᠭᠠᠭᠤᠯᠬᠤ ᠬᠡᠷᠡᠭᠲᠡᠢ᠃ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ︽ᠬᠤᠶᠠᠷ ᠢ ᠲᠠᠰᠢᠷᠠᠮ ᠳᠠᠭᠠᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ | ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ ᠶᠢ ᠲᠣᠭᠲᠠᠭᠠᠬᠤ ᠳᠠᠭᠠᠨ᠂ ᠠᠵᠤ ᠠᠬᠤᠶᠢᠯᠠᠯ ᠤᠨ | ᠢᠲᠡᠭᠡᠮᠵᠢ ᠶᠢᠨ ᠡᠷᠡᠰᠳᠡᠯ ᠶᠢᠨ ᠲᠥᠷᠥᠯ ᠬᠤᠪᠢᠶᠠᠭᠰᠠᠨ ᠦᠷ᠎ᠡ ᠳ᠋ᠦᠩ ᠢ ᠦᠨᠳᠦᠰᠦᠯᠡᠨ᠂ ᠰᠤᠭᠤᠴᠢᠨ ᠪᠠᠶᠢᠴᠠᠭᠠᠬᠤ | ᠬᠠᠷᠢᠴᠠᠯ ᠪᠠ ᠳᠠᠪᠲᠠᠮᠵᠢ ᠤᠳᠠᠭ᠎ᠠ ᠶᠢ ᠵᠦᠢ ᠵᠣᠬᠢᠰᠲᠠᠢ ᠲᠣᠭᠲᠠᠭᠠᠵᠤ᠂ ᠬᠥᠳᠡᠯᠦᠩᠭᠦᠢ ᠪᠠᠷ ᠲᠣᠬᠢᠷᠠᠭᠤᠯᠤᠨ᠂ | ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠤᠯᠪᠣᠭᠳᠠᠯ | ᠪᠦᠬᠦᠢ ᠰᠠᠯᠠᠭ᠎ᠠ ᠮᠥᠴᠢᠷ︶ | 133᠂ ᠡᠯ᠎ᠡ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ ᠪᠥᠬᠦ ᠲᠠᠯ᠎ᠠ ᠪᠠᠷ | ᠴᠤᠭᠯᠠᠭᠤᠯᠵᠤ᠂ ︽ᠬᠤᠶᠠᠷ ᠢ ᠲᠠᠰᠢᠷᠠᠮ ᠳᠠᠭᠠᠤ᠂ ᠨᠢᠭᠡ ᠶᠢ ᠢᠯᠡ ᠪᠣᠯᠭᠠᠬᠤ︾ ᠰᠤᠭᠤᠴᠢᠨ ᠪᠠᠶᠢᠴᠠᠭᠠᠵᠤ | ᠪᠠᠶᠢᠴᠠᠭᠠᠬᠤ᠂ ᠵᠠᠭᠠᠯᠳᠤᠵᠤ ᠢᠯᠡᠴᠢᠯᠡᠨ ᠮᠡᠳᠡᠭᠦᠯᠬᠦ᠂ ᠭᠤᠷᠪᠠᠳᠠᠭᠢ ᠡᠲᠡᠭᠡᠳ ᠤᠨ ᠲᠠᠪᠴᠠᠩ ᠵᠡᠷᠭᠡ ᠮᠡᠳᠡᠭᠡ | ᠵᠠᠩᠭᠢ ᠶᠢ ᠥᠪᠡᠷᠲᠡᠭᠡᠨ ᠵᠠᠰᠠᠬᠤ ᠣᠷᠣᠨ ᠤ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ | ᠰᠢᠰᠲ᠋ᠧᠮ ᠳᠤ ᠣᠷᠣᠭᠤᠯᠤᠨ᠂ ᠡᠯ᠎ᠡ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢᠨ | ᠬᠥᠮᠥᠷᠭᠡ ᠶᠢᠨ ᠬᠥᠳᠡᠯᠦᠩᠭᠦᠢ ᠰᠢᠨᠡᠴᠢᠯᠡᠯᠲᠡ ᠶᠢ ᠪᠣᠶ ᠪᠣᠯᠭᠠᠵᠤ ᠲᠤᠭ᠎ᠠ ᠪᠠᠷᠢᠮᠲᠠ ᠶᠢᠨ ᠴᠢᠨᠠᠷ ᠴᠢᠨᠰᠠᠭ᠎ᠠ ᠢ | ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ᠂ ᠬᠠᠮᠲᠤᠪᠠᠷ ᠭᠥᠷᠳᠡᠬᠦ᠂ ᠵᠠᠳᠠᠯᠬᠤ ᠵᠡᠷᠭᠡ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠤᠯᠪᠣᠭᠳᠠᠯ ᠪᠦᠬᠦᠢ ᠰᠠᠯᠠᠭ᠎ᠠ ᠮᠥᠴᠢᠷ︶ | ︵ᠬᠤᠶᠠᠷ︶ ᠵᠠᠰᠠᠭ ᠤᠨ ᠣᠷᠳᠣᠨ ᠤ ᠬᠤᠳᠠᠯᠳᠤᠨ ᠠᠪᠬᠤ᠃ ᠵᠠᠰᠠᠭ ᠤᠨ ᠣᠷᠳᠣᠨ ᠤ ᠬᠤᠳᠠᠯᠳᠤᠨ ᠠᠪᠬᠤ | ᠬᠦᠷᠢᠶᠡᠨ ᠳᠠᠬᠢ ᠭᠤᠥᠯᠴᠢ ᠥᠷᠢᠰᠦᠯᠳᠦᠭᠡᠨ ᠢ ᠬᠠᠷᠰᠢᠯᠠᠬᠤ ᠲᠣᠭᠲᠠᠭᠠᠯ ᠪᠠ ᠠᠷᠭ᠎ᠠ ᠬᠢᠳᠡᠯ ᠢ ᠦᠷᠭᠦᠯᠵᠢᠯᠡᠨ | ᠢᠯᠭᠠᠷᠠᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠡᠵᠡᠩᠨᠡᠭᠴᠢᠳ ᠦᠨᠵᠠᠰᠠᠭ ᠤᠨ ᠣᠷᠳᠣᠨ ᠤ ᠬᠤᠳᠠᠯᠳᠤᠨ | ᠠᠪᠬᠤ ᠠᠵᠢᠯᠯᠠᠭ᠎ᠠ ᠳᠤ ᠡᠷᠬᠡ ᠲᠡᠭᠰᠢ ᠪᠠᠷ ᠣᠷᠣᠯᠴᠠᠬᠤ ᠶᠢ ᠬᠠᠤᠯᠢ ᠶᠢᠨ ᠳᠠᠭᠠᠤ ᠪᠠᠲᠤᠯᠠᠨ᠎ᠠ᠃ | 134᠂ ︽ᠢᠨᠲ᠋ᠧᠷ ᠰᠦᠯᠵᠢᠶ᠎ᠡ + ᠵᠠᠰᠠᠭ ᠤᠨ ᠣᠷᠳᠣᠨ ᠤ ᠬᠤᠳᠠᠯᠳᠤᠨ ᠠᠪᠬᠤ︾ ᠶᠢ ᠠᠬᠢᠭᠤᠯᠵᠤ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ︽ᠪᠥᠬᠦ ᠣᠷᠣᠨ ᠤ ᠨᠢᠭᠡ ᠰᠦᠯᠵᠢᠶ᠎ᠡ︾ ᠶᠢ ᠪᠥᠬᠦ ᠲᠠᠯ᠎ᠠ ᠪᠠᠷ | ᠪᠠᠶᠢᠭᠤᠯᠤᠨ ᠪᠦᠲᠦᠭᠡᠵᠦ᠂ ᠬᠤᠳᠠᠯᠳᠤᠨ ᠠᠪᠬᠤ ᠲᠥᠰᠥᠪ ᠠᠴᠠ ᠬᠤᠳᠠᠯᠳᠤᠨ ᠠᠪᠬᠤ ᠪᠡᠯᠡ ᠮᠥᠩᠭᠦ ᠪᠠᠷ | ᠲᠣᠭᠠᠴᠠᠭ᠎ᠠ ᠬᠢᠬᠦ ᠬᠦᠷᠲᠡᠯᠡᠬᠢ ᠪᠥᠬᠦ ᠶᠠᠪᠤᠴᠠ ᠶᠢ ᠴᠠᠬᠢᠮᠴᠢᠯᠠᠬᠤ᠂ ᠪᠥᠬᠦ ᠲᠤᠬᠠᠶᠢᠯᠠᠭᠰᠠᠨ ᠠᠵᠢᠯ ᠤᠨ ᠪᠢᠲᠡᠭᠦᠦ | ᠴᠠᠭᠠᠷᠢᠭ ᠤᠨ ᠬᠠᠮᠢᠶᠠᠷᠤᠯᠲᠠ᠂ ᠳᠡᠭᠡᠳᠦ ᠳᠣᠣᠷᠠᠳᠤ ᠱᠠᠲᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ | ᠮᠡᠳᠡᠭᠡ ᠵᠠᠩᠭᠢ ᠶᠢᠨ ᠰᠢᠰᠲ᠋ᠧᠮ ᠢ ᠨᠢᠭᠡ ᠴᠣᠭᠴᠠᠵᠢᠭᠤᠯᠬᠤ᠂ ᠪᠥᠬᠦ ᠶᠠᠪᠤᠴᠠ ᠶᠢ ᠴᠠᠬᠢᠮ ᠢᠶᠠᠷ ᠪᠦᠷᠢᠳᠬᠡᠬᠦ᠂ | ᠮᠥᠷᠳᠡᠵᠦ ᠪᠣᠯᠬᠤ ᠶᠢ ᠪᠡᠶᠡᠯᠡᠭᠦᠯᠦᠨ᠎ᠡ᠃ ᠴᠠᠬᠢᠮᠴᠢᠯᠠᠭᠰᠠᠨ ᠠᠷᠠᠯᠵᠢᠶ᠎ᠠ ᠶᠢᠨ ᠬᠠᠮᠢᠶᠠᠷᠤᠯᠲᠠ ᠶᠢᠨ ᠴᠢᠳᠠᠮᠵᠢ ᠶᠢ | ᠲᠡᠭᠦᠯᠳᠡᠷᠵᠢᠭᠦᠯᠵᠦ᠂ ︽ᠠᠭᠤᠯᠵᠠᠬᠤ ᠦᠭᠡᠢ︾ ᠪᠠᠷ ᠳᠠᠭᠠᠭᠠᠴᠢᠯᠠᠯᠲᠠ ᠨᠡᠶᠢᠲᠡᠯᠡᠬᠦ ᠶᠢ ᠪᠦᠬᠦᠨ ᠢ ᠪᠡᠶᠡᠯᠡᠭᠦᠯᠵᠦ᠂ | ᠣᠨᠳᠣᠣ ᠭᠠᠵᠠᠷ ᠲᠤ ᠳᠠᠭᠠᠭᠠᠴᠢᠯᠠᠯᠲᠠ ᠨᠡᠶᠢᠲᠡᠯᠡᠬᠦ ᠶᠢ ᠥᠷᠭᠡᠳᠬᠡᠨ᠂ ᠲᠤᠰᠢᠶᠠᠬᠤ ᠬᠥᠮᠥᠰ ᠤᠨ ᠵᠠᠰᠠᠭ ᠤᠨ | ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠤᠯᠴᠠᠬᠤ ᠳᠤ ᠲᠥᠬᠦᠮ ᠦᠵᠡᠭᠦᠯᠬᠦ ᠲᠥᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ︶ | 135᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠢᠯᠡ ᠲᠣᠳᠣ ᠶᠢᠨ ᠬᠡᠮᠵᠢᠶ᠎ᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠮᠡᠳᠡᠭᠡ ᠵᠠᠩᠭᠢ ᠶᠢ ᠨᠡᠶᠢᠲᠡᠯᠡᠬᠦ ᠲᠠᠪᠴᠠᠩ ᠤᠨ | ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠤᠨ ᠡᠵᠡᠩᠨᠡᠭᠴᠢᠳ ᠲᠤ ᠳᠥᠭᠦᠮ ᠳᠥᠲᠡ | ᠬᠤᠳᠠᠯᠳᠤᠨ ᠠᠪᠬᠤ ᠶᠢᠨ ᠮᠡᠳᠡᠭᠡ ᠵᠠᠩᠭᠢ ᠶᠢ ᠴᠠᠬᠢᠮ ᠢᠶᠠᠷ ᠡᠷᠢᠬᠦ ᠦᠢᠯᠡᠴᠢᠯᠡᠭᠡ ᠶᠢ ᠲᠤᠰᠢᠶᠠᠵᠤ᠂ ᠬᠠᠤᠯᠢ ᠶᠣᠰᠣᠭᠠᠷ | ᠢᠯᠡ ᠪᠣᠯᠭᠠᠭᠰᠠᠨ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠲᠣᠮᠣ ᠳ᠋ᠠᠶᠢᠲ᠋ᠠ ᠶᠢ ᠬᠢᠨᠠᠨ ᠬᠠᠮᠢᠶᠠᠷᠬᠤ᠂ | ᠮᠡᠳᠡᠭᠡ ᠵᠠᠩᠭᠢ ᠶᠢ ᠢᠯᠡ ᠪᠣᠯᠭᠠᠬᠤ᠂ ᠬᠢᠨᠠᠯᠲᠠ ᠲᠠᠯᠪᠢᠵᠤ ᠤᠷᠢᠳᠴᠢᠯᠠᠨ ᠰᠡᠷᠡᠮᠵᠢᠯᠡᠭᠦᠯᠬᠦ᠂ ᠢᠲᠡᠭᠡᠮᠵᠢ ᠶᠢ ᠦᠨᠡᠯᠡᠬᠦ | ᠂ ᠨᠠᠵᠠᠭᠠᠢ ᠲᠠᠯ᠎ᠠ ᠶᠢᠨ ᠨᠠᠷᠢᠨ ᠵᠢᠭᠰᠠᠭᠠᠯᠲᠠ᠂ ᠦᠨᠡᠨᠴᠢ ᠢᠲᠡᠭᠡᠮᠵᠢ ᠶᠢᠨ ᠬᠠᠮᠢᠶᠠᠷᠤᠯᠲᠠ᠂ ᠵᠠᠭᠠᠯᠳᠤᠯᠭ᠎ᠠ ᠶᠢ | ᠰᠢᠢᠳᠪᠦᠷᠢᠯᠡᠬᠦ ᠶᠢ ᠴᠠᠬᠢᠮ ᠢᠶᠠᠷ ᠲᠡᠮᠳᠡᠭᠯᠡᠬᠦ ᠪᠠᠷ ᠰᠠᠭᠤᠷᠢ ᠪᠣᠯᠭᠠᠭᠰᠠᠨ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ ᠪᠠ | ᠦᠢᠯᠡᠴᠢᠯᠡᠭᠡ ᠶᠢ ᠪᠠᠶᠢᠭᠤᠯᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠬᠤᠳᠠᠯᠳᠤᠨ ᠠᠪᠤᠭᠴᠢ᠂ ᠣᠷᠣᠯᠠᠬᠤ | ᠪᠠᠶᠢᠭᠤᠯᠤᠮᠵᠢ᠂ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ᠂ ᠲᠤᠰᠢᠶᠠᠬᠤ ᠬᠥᠮᠥᠰ ᠤᠨ ᠦᠶᠯᠡ ᠠᠵᠢᠯᠯᠠᠭ᠎ᠠ ᠶᠢ | ᠵᠢᠷᠤᠮᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ︶ | 136᠂ ᠪᠥᠬᠦ ᠣᠷᠣᠨ ᠤ ᠨᠢᠭᠡᠳᠦᠯᠲᠡᠢ ᠵᠠᠰᠠᠭ ᠵᠠᠬᠢᠷᠭᠠᠨ ᠤ ᠠᠭᠤᠷᠬᠠᠢ ᠬᠤᠳᠠᠯᠳᠤᠭᠠᠨ ᠤ ᠬᠤᠲᠠ ᠶᠢᠨ ᠴᠠᠬᠢᠮ | ᠬᠤᠳᠠᠯᠳᠤᠭᠠᠨ ᠤ ᠲᠠᠯᠠᠪᠤᠷ ᠤᠨ ᠲᠠᠪᠴᠠᠩ ᠢ ᠲᠡᠭᠦᠯᠳᠡᠷᠵᠢᠭᠦᠯᠵᠦ᠂ ᠴᠠᠬᠢᠮ ᠢᠶᠠᠷ ᠦᠨ᠎ᠡ ᠬᠠᠶᠠᠯᠴᠠᠬᠤ᠂ ᠴᠠᠬᠢᠮ ᠢᠶᠠᠷ | ᠰᠢᠭᠤᠳ ᠬᠤᠳᠠᠯᠳᠤᠨ ᠠᠪᠬᠤ᠂ ᠴᠢᠭ᠋ ᠲᠣᠭᠲᠠᠭᠠᠨ ᠦᠢᠯᠡᠴᠢᠯᠡᠬᠦ ᠵᠡᠷᠭᠡ ᠲᠥᠬᠦᠮ ᠬᠤᠳᠠᠯᠳᠤᠨ ᠠᠪᠬᠤ ᠲᠠᠰ | ᠳᠠᠷᠠᠭᠠᠯᠠᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠪᠥᠬᠦ ᠣᠷᠣᠨ ᠤ ᠨᠡᠶᠢᠳᠡᠮ ᠬᠡᠷᠡᠭᠯᠡᠬᠦ ᠲᠥᠷᠥᠯ ᠤᠨ ᠪᠠᠷᠠᠭᠠᠨ ᠤ | ᠦᠢᠯᠡᠴᠢᠯᠡᠭᠡᠨ ᠢ ᠴᠠᠬᠢᠮ ᠢᠶᠠᠷ ᠬᠤᠳᠠᠯᠳᠤᠨ ᠠᠪᠬᠤ ᠶᠢ ᠬᠦᠴᠦᠯᠡᠨ ᠠᠬᠢᠭᠤᠯᠤᠨ᠎ᠠ᠃ ᠴᠠᠬᠢᠮ ᠬᠤᠳᠠᠯᠳᠤᠭᠠᠨ ᠤ | ᠬᠤᠲᠠ ᠶᠢᠨ ᠲᠠᠸᠠᠷ ᠤᠨ ᠲᠥᠷᠥᠯ ᠬᠤᠪᠢᠶᠠᠬᠤ ᠪᠠᠷᠢᠮᠵᠢᠶ᠎ᠠ᠂ ᠲᠤᠭ᠎ᠠ ᠪᠠᠷᠢᠮᠲᠠ ᠶᠢᠨ ᠵᠠᠯᠭᠠᠭᠠᠰᠤ ᠶᠢᠨ ᠪᠠᠷᠢᠮᠵᠢᠶ᠎ᠠ ᠪᠠ | ᠠᠷᠠᠯᠵᠢᠶᠠᠯᠠᠬᠤ ᠳᠦᠷᠢᠮ ᠢ ᠨᠢᠭᠡᠳᠦᠯᠲᠡᠢ ᠪᠣᠯᠭᠠᠵᠤ᠂ ᠲᠠᠸᠠᠷ ᠤᠨ ᠦᠨ᠎ᠡ ᠬᠠᠩᠰᠢ ᠶᠢᠨ ᠬᠠᠷᠢᠴᠠᠭᠤᠯᠤᠯ ᠢ | ᠰᠢᠯᠢᠳᠡᠭᠵᠢᠭᠦᠯᠦᠨ᠂ ᠲᠠᠸᠠᠷ ᠤᠨ ᠦᠨ᠎ᠡ ᠬᠠᠩᠰᠢ ᠶᠢᠨ ᠪᠠᠶᠢᠩᠭᠤ ᠶᠢᠨ ᠬᠢᠨᠠᠨ ᠬᠡᠮᠵᠢᠯᠲᠡ ᠶᠢ ᠥᠷᠨᠢᠭᠦᠯᠵᠦ᠂ | ᠬᠡᠪ ᠤᠨ ᠪᠤᠰᠤ ᠦᠨ᠎ᠡ ᠬᠠᠩᠰᠢ ᠶᠢᠨ ᠲᠠᠸᠠᠷ ᠢ ᠴᠠᠭ ᠲᠤᠬᠠᠢ ᠳᠤᠨᠢ ᠵᠠᠬ᠎ᠠ ᠳᠡᠯᠭᠡᠭᠦᠷ ᠠᠴᠠ ᠭᠠᠷᠭᠠᠨ᠎ᠠ᠃ ᠴᠠᠬᠢᠮ | ᠬᠤᠳᠠᠯᠳᠤᠭᠠᠨ ᠤ ᠬᠤᠲᠠ ᠳᠤ ᠣᠷᠣᠬᠤ ᠶᠢ ᠵᠥᠪᠰᠢᠶᠡᠷᠡᠬᠦ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ | ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠭᠠᠳᠠᠭᠤᠷᠴᠢᠯᠠᠵᠤ ᠪᠣᠯᠬᠤ ᠦᠭᠡᠢ᠂ ᠦᠢᠯᠡᠳᠪᠦᠷᠢ ᠶᠢᠨ ᠡᠷᠬᠡ ᠣᠯᠭᠤᠬᠤ | ᠪᠢᠴᠢᠭ᠂ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡᠨ ᠤ ᠠᠮᠠᠯᠠᠯᠲᠠ ᠶᠢᠨ ᠪᠢᠴᠢᠭ ᠵᠡᠷᠭᠡ ᠨᠥᠬᠦᠴᠡᠯ ᠲᠣᠭᠲᠠᠭᠠᠵᠤ | ᠪᠣᠯᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ︶ | 137᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠨᠠᠵᠠᠭᠠᠢ ᠲᠠᠯ᠎ᠠ ᠶᠢᠨ | ᠨᠠᠷᠢᠨ ᠵᠢᠭᠰᠠᠭᠠᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠭ᠎ᠠ ᠲᠣᠭᠠᠨ ᠤ ᠬᠡᠰᠡᠭ ᠪᠤᠰᠠᠭ ᠢᠶᠠᠷ | ᠬᠤᠳᠠᠯᠳᠤᠨ ᠠᠪᠬᠤ ᠶᠢ ᠭᠠᠷᠭᠠᠪᠠᠯ᠂ ᠬᠦᠷᠢᠶᠡᠨ ᠳᠤ ᠣᠷᠣᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠣᠩᠭᠤᠭᠤᠯᠢ ᠳᠤ | ᠪᠡᠯᠡᠳᠬᠡᠬᠦ ᠬᠥᠮᠥᠷᠭᠡ᠂ ᠨᠡᠷᠡᠰ ᠤᠨ ᠬᠥᠮᠥᠷᠭᠡ᠂ ᠬᠢᠷᠢ ᠬᠡᠮ ᠤᠨ ᠬᠥᠮᠥᠷᠭᠡ ᠶᠢ ᠲᠣᠬᠢᠷᠠᠭᠤᠯᠵᠤ ᠵᠠᠰᠠᠭ ᠤᠨ | ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠤᠯᠴᠠᠬᠤ ᠬᠢᠷᠢ ᠬᠡᠮ ᠤᠨ ᠨᠥᠬᠦᠴᠡᠯ ᠪᠣᠯᠭᠠᠬᠤ ᠶᠢ | ᠵᠥᠪᠰᠢᠶᠡᠷᠡᠬᠦ ᠦᠭᠡᠢ᠃ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠠᠴᠠ ᠡᠮᠦᠨ᠎ᠡ ᠲᠤᠰᠢᠶᠠᠬᠤ | ᠬᠥᠮᠥᠰ ᠢ ᠴᠢᠬᠤᠯᠠ ᠪᠤᠰᠤ ᠪᠠᠷ ᠳᠠᠩᠰᠠᠯᠠᠭᠤᠯᠬᠤ᠂ ᠳᠠᠩᠰᠠᠯᠠᠭᠤᠯᠬᠤ ᠪᠠᠷ ᠱᠠᠭᠠᠷᠳᠠᠬᠤ ᠪᠤᠶᠤ ᠰᠠᠯᠪᠤᠷᠢ ᠪᠠᠶᠢᠭᠤᠯᠤᠮᠵᠢ | ᠪᠠᠶᠢᠭᠤᠯᠬᠤ ᠪᠠᠷ ᠱᠠᠭᠠᠷᠳᠠᠬᠤ ᠶᠢ ᠵᠥᠪᠰᠢᠶᠡᠷᠡᠬᠦ ᠦᠭᠡᠢ᠃ ᠲᠤᠰᠢᠶᠠᠬᠤ ᠬᠥᠮᠥᠰ ᠤᠨ ᠬᠡᠪᠴᠢᠶ᠎ᠡ᠂ | ᠪᠠᠶᠢᠭᠤᠯᠤᠭᠳᠠᠭᠰᠠᠨ ᠣᠨ ᠵᠢᠯ ᠵᠡᠷᠭᠡ ᠪᠠᠷᠢᠮᠵᠢᠶ᠎ᠠ ᠶᠢ ᠲᠣᠭᠲᠠᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ | ᠲᠣᠭᠲᠠᠭᠠᠬᠤ ᠶᠢ ᠵᠥᠪᠰᠢᠶᠡᠷᠡᠬᠦ ᠦᠭᠡᠢ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ︶ | 138᠂ ᠬᠤᠳᠠᠯᠳᠤᠨ ᠠᠪᠤᠭᠴᠢ᠂ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠠᠴᠠ ᠢᠨᠲ᠋ᠧᠷ | ᠰᠦᠯᠵᠢᠶ᠎ᠡ ᠪᠤᠶᠤ ᠬᠤᠯᠪᠣᠭᠳᠠᠯ ᠪᠦᠬᠦᠢ ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠮᠵᠢᠭᠤᠯᠤᠨ ᠪᠠᠶᠢᠴᠠᠭᠠᠨ ᠯᠠᠪᠯᠠᠵᠤ | ᠪᠣᠯᠬᠤ ᠮᠡᠳᠡᠭᠡ ᠵᠠᠩᠭᠢ ᠶᠢ ᠲᠤᠰᠢᠶᠠᠬᠤ ᠬᠥᠮᠥᠰ ᠢᠶᠠᠷ ᠲᠤᠰᠢᠶᠠᠯᠭᠠᠬᠤ ᠪᠠᠷ ᠱᠠᠭᠠᠷᠳᠠᠵᠤ ᠪᠣᠯᠬᠤ ᠦᠭᠡᠢ᠃ ᠴᠢᠬᠤᠯᠠ | ᠪᠦᠬᠦᠢ ᠤᠭ ᠮᠠᠲ᠋ᠧᠷᠢᠶᠠᠯ ᠢ ᠬᠢᠨᠠᠨ ᠬᠠᠷᠭᠤᠭᠤᠯᠬᠤ ᠠᠴᠠ ᠭᠠᠳᠠᠨ᠎ᠠ᠂ ᠲᠤᠰᠢᠶᠠᠬᠤ ᠬᠥᠮᠥᠰ ᠤᠨ ᠴᠠᠬᠢᠮ ᠢᠶᠠᠷ | ᠲᠤᠰᠢᠶᠠᠵᠤ ᠳᠡᠶᠢᠯᠬᠦ ᠮᠠᠲ᠋ᠧᠷᠢᠶᠠᠯ ᠢ ᠪᠣᠯ ᠲᠤᠰᠢᠶᠠᠬᠤ ᠬᠥᠮᠥᠰ ᠢ ᠴᠠᠭᠠᠰᠤᠨ ᠮᠠᠲ᠋ᠧᠷᠢᠶᠠᠯ ᠢ ᠬᠠᠮᠲᠤ ᠳᠤᠨᠢ | ᠲᠤᠰᠢᠶᠠᠯᠭᠠᠬᠤ ᠪᠠᠷ ᠱᠠᠭᠠᠷᠳᠠᠵᠤ ᠪᠣᠯᠬᠤ ᠦᠭᠡᠢ᠃ ᠲᠤᠰᠢᠶᠠᠬᠤ ᠬᠥᠮᠥᠰ ᠲᠣᠭᠲᠠᠭᠠᠯ ᠶᠣᠰᠣᠭᠠᠷ ᠳᠤᠮᠳᠠ ᠵᠢᠵᠢᠭ | ᠠᠵᠤ ᠠᠬᠤᠶᠢᠯᠠᠯ ᠵᠡᠷᠭᠡ ᠡᠯ᠎ᠡ ᠲᠦᠷᠦᠯ ᠤᠨ ᠢᠯᠡᠷᠬᠡᠶᠢᠯᠡᠯᠲᠡ ᠶᠢᠨ ᠵᠠᠬᠢᠳᠠᠯ᠂ ᠠᠮᠠᠯᠠᠯᠲᠠ ᠶᠢᠨ ᠵᠠᠬᠢᠳᠠᠯ ᠢᠶᠠᠨ | ᠲᠤᠰᠢᠶᠠᠭᠰᠠᠨ ᠪᠠᠶᠢᠪᠠᠯ᠂ ᠲᠡᠭᠦᠨ ᠢ ᠳᠤᠮᠳᠠ ᠵᠢᠵᠢᠭ ᠠᠵᠤ ᠠᠬᠤᠶᠢᠯᠠᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ | ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠠᠷᠭᠠᠭᠰᠠᠨ ᠬᠤᠯᠪᠣᠭᠳᠠᠯ ᠪᠦᠬᠦᠢ ᠭᠡᠷᠡᠴᠢᠯᠡᠬᠦ ᠪᠢᠴᠢᠭ | ᠮᠠᠲ᠋ᠧᠷᠢᠶᠠᠯ ᠢ ᠲᠠᠬᠢᠨ ᠲᠤᠰᠢᠶᠠᠯᠭᠠᠬᠤ ᠪᠠᠷ ᠱᠠᠭᠠᠷᠳᠠᠵᠤ ᠪᠣᠯᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ︶ | 139᠂ ᠵᠠᠬ᠎ᠠ ᠳᠡᠯᠭᠡᠭᠦᠷ ᠤᠨ ᠡᠵᠡᠩᠨᠡᠭᠴᠢᠳ ᠲᠤ ᠬᠤᠯᠪᠣᠭᠳᠠᠬᠤ ᠵᠠᠰᠠᠭ ᠤᠨ ᠣᠷᠳᠣᠨ ᠤ ᠬᠤᠳᠠᠯᠳᠤᠨ ᠠᠪᠬᠤ | ᠳᠦᠷᠢᠮ ᠤᠨ ᠠᠷᠭ᠎ᠠ ᠶᠢᠨ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠵᠦᠢ ᠵᠣᠬᠢᠰ | ᠦᠭᠡᠢ ᠪᠠ ᠭᠠᠳᠠᠭᠤᠷᠴᠢᠯᠠᠯ ᠤᠨ ᠴᠢᠨᠠᠷᠲᠠᠢ ᠵᠥᠪᠰᠢᠶᠡᠷᠡᠨ ᠣᠷᠣᠭᠤᠯᠬᠤ ᠨᠥᠬᠦᠴᠡᠯ ᠭᠠᠷᠭᠠᠭᠰᠠᠨ ᠡᠰᠡᠬᠦ᠂ ᠬᠠᠤᠯᠢ | ᠴᠠᠭᠠᠵᠠ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠦᠭᠡᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠤᠶᠤ | ᠬᠢᠨᠠᠨ ᠵᠥᠪᠰᠢᠶᠡᠷᠡᠬᠦ ᠰᠢᠨᠵᠢ ᠴᠢᠨᠠᠷ ᠲᠠᠢ ᠳᠠᠩᠰᠠᠯᠠᠯᠲᠠ ᠭᠠᠷᠭᠠᠭᠰᠠᠨ ᠡᠰᠡᠬᠦ᠂ ᠲᠣᠭᠲᠠᠭᠠᠯ ᠠᠴᠠ ᠵᠥᠷᠢᠴᠡᠨ ᠣᠨᠴᠠ | ᠲᠣᠭᠲᠠᠭᠠᠭᠰᠠᠨ ᠲᠤᠰᠢᠶᠠᠬᠤ ᠬᠥᠮᠥᠰ ᠳᠤ ᠬᠠᠷᠠᠭᠠᠯᠵᠠᠯ ᠦᠵᠡᠭᠦᠯᠦᠭᠰᠡᠨ ᠡᠰᠡᠬᠦ ᠵᠡᠷᠭᠡ ᠶᠢ ᠭᠤᠣᠯᠳᠠᠯᠭ᠎ᠠ ᠲᠠᠢ ᠬᠢᠨᠠᠨ | ᠪᠠᠶᠢᠴᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ︶ | 140. ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠲᠤᠯᠠᠭᠠᠲᠤ ᠵᠠᠬᠢᠳᠠᠯ ᠢᠶᠠᠷ ᠪᠡᠯᠡᠨ ᠵᠣᠭᠤᠰ ᠢ | ᠣᠷᠣᠯᠠᠭᠤᠯᠤᠨ ᠠᠵᠤ ᠠᠬᠤᠶᠢᠯᠠᠯ ᠳᠤ ᠬᠤᠯᠪᠣᠭᠳᠠᠬᠤ ᠪᠠᠲᠤᠯᠠᠭ᠎ᠠ ᠶᠢᠨ ᠮᠥᠩᠭᠦ ᠲᠤᠰᠢᠶᠠᠬᠤ ᠶᠢ ᠳᠡᠯᠭᠡᠷᠡᠭᠦᠯᠵᠦ᠂ | ᠬᠤᠳᠠᠯᠳᠤᠨ ᠠᠪᠤᠭᠴᠢ᠂ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠲᠤᠰᠢᠶᠠᠬᠤ | ᠬᠥᠮᠥᠰ ᠤᠨ ᠡᠵᠡᠨ ᠮᠡᠳᠡᠵᠦ ᠭᠤᠪᠢᠭᠤᠯᠭ᠎ᠠ ᠶᠢᠨ ᠬᠠᠭᠤᠳᠠᠰᠤ᠂ ᠪᠡᠶ᠎ᠡ ᠪᠠᠷᠢᠮᠲᠠ᠂ ᠪᠠᠲᠤᠯᠠᠭ᠎ᠠ ᠶᠢᠨ ᠪᠢᠴᠢᠭ ᠵᠡᠷᠭᠡ | ᠪᠡᠯᠡᠨ ᠵᠣᠭᠤᠰ ᠤᠨ ᠪᠤᠰᠤ ᠬᠡᠯᠪᠡᠷᠢ ᠪᠠᠷ ᠪᠠᠲᠤᠯᠠᠭ᠎ᠠ ᠶᠢᠨ ᠮᠥᠩᠭᠦ ᠲᠤᠰᠢᠶᠠᠬᠤ ᠪᠤᠶᠤ ᠲᠤᠰᠢᠶᠠᠬᠤ ᠶᠢ ᠵᠥᠪᠰᠢᠶᠡᠷᠡᠬᠦ | ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ︶ | 141᠂ ᠬᠤᠳᠠᠯᠳᠤᠨ ᠠᠪᠤᠭᠴᠢ ᠳᠠᠭᠠᠭᠠᠴᠢᠯᠠᠯᠲᠠ ᠦᠨᠡᠯᠡᠭᠰᠡᠨ ᠮᠡᠳᠡᠭᠦᠯᠦᠯᠲᠡ ᠶᠢ ᠣᠯᠣᠭᠰᠠᠨ ᠤ ᠲᠠᠷᠠᠭ᠎ᠠ᠂ | ᠳᠠᠭᠠᠭᠠᠴᠢᠯᠠᠯᠲᠠ ᠣᠯᠣᠭᠰᠠᠨ ᠦᠷ᠎ᠡ ᠳ᠋ᠦᠩ ᠢ 5 ᠠᠵᠢᠯᠯᠠᠬᠤ ᠡᠳᠦᠷ ᠤᠨ ᠳᠣᠲᠣᠷ᠎ᠠ ᠲᠣᠭᠲᠠᠭᠠᠬᠤ ᠬᠡᠷᠡᠭᠲᠡᠢ᠃ | ᠳᠤᠮᠳᠠ ᠵᠢᠵᠢᠭ ᠠᠵᠤ ᠠᠬᠤᠶᠢᠯᠠᠯ ᠠᠴᠠ ᠡᠳ᠋ ᠪᠠᠷᠠᠭ᠎ᠠ᠂ ᠪᠠᠷᠢᠯᠭ᠎ᠠ᠂ ᠦᠢᠯᠡᠴᠢᠯᠡᠭᠡ ᠬᠤᠳᠠᠯᠳᠤᠨ ᠠᠪᠬᠤ ᠳᠠᠭᠠᠨ | ᠲᠤᠰᠢᠶᠠᠨ ᠥᠭᠭᠦᠭᠰᠡᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠵᠣᠭᠤᠰ ᠢᠶᠠᠨ ᠥᠭᠬᠦ ᠬᠡᠷᠡᠭᠲᠡᠢ᠂ | ᠭᠡᠷ᠎ᠡ ᠳᠤ ᠠᠰᠲᠠᠭᠠᠨ ᠪᠣᠯᠵᠣᠨ ᠲᠣᠭᠲᠠᠭᠰᠠᠨ ᠵᠣᠭᠤᠰ ᠥᠭᠬᠦ ᠬᠤᠭᠤᠴᠠᠭ᠎ᠠ ᠶᠢ ᠬᠠᠮᠤᠭ ᠤᠨ ᠤᠷᠳᠤ ᠳᠠᠭᠠᠨ 60 | ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠲᠥᠰᠥᠪ ᠤᠨ ᠬᠠᠮᠢᠶᠠᠷᠤᠯᠲᠠ᠂ ᠠᠵᠢᠯ ᠤᠨ ᠠᠮᠵᠢᠯᠲᠠ ᠪᠦᠲᠦᠮᠵᠢ ᠶᠢ | ᠬᠢᠨᠠᠨ ᠰᠢᠯᠭᠠᠬᠤ᠂ ᠬᠢᠨᠠᠨ ᠪᠤᠳᠤᠵᠤ ᠬᠢᠨᠠᠯᠲᠠ ᠲᠠᠯᠪᠢᠬᠤ ᠠᠵᠢᠯ ᠢ ᠥᠷᠨᠢᠭᠦᠯᠵᠦ᠂ ᠵᠠᠬ᠎ᠠ ᠳᠡᠯᠭᠡᠭᠦᠷ ᠤᠨ | ᠡᠵᠡᠩᠨᠡᠭᠴᠢᠳ ᠦᠨᠲ᠋ᠠᠩᠰᠠᠨ ᠤ ᠵᠣᠭᠤᠰ ᠢ ᠥᠷᠢᠲᠦᠵᠦ ᠤᠳᠠᠭᠠᠰᠢᠷᠠᠭᠤᠯᠬᠤ ᠶᠢ ᠰᠡᠷᠭᠡᠶᠢᠯᠡᠨ ᠵᠠᠯᠠᠷᠠᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠢᠨᠠᠨ ᠪᠤᠳᠤᠬᠤ ᠲᠢᠩᠬᠢᠮ︶ | ︵ᠭᠤᠷᠪᠠ︶ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠃ ᠤᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠬᠦᠷᠢᠶᠡᠨ ᠳᠠᠬᠢ ᠥᠭᠡᠷᠡᠴᠢᠯᠡᠯᠲᠡ ᠶᠢ ᠰᠠᠶᠢᠵᠢᠷᠠᠭᠤᠯᠵᠦ᠂ ᠲᠠᠯᠳᠠ ᠪᠠᠬᠢᠯᠡᠯᠲᠡ ᠪᠠ ᠵᠦᠢ ᠵᠣᠬᠢᠰ | ᠦᠭᠡᠢ ᠬᠤᠷᠢᠭ᠎ᠠ ᠶᠢ ᠠᠷᠢᠯᠭᠠᠵᠤ᠂ ᠤᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ | ᠪᠦᠲᠦᠮᠵᠢ ᠪᠠ ᠭᠤᠣᠯᠴᠢ ᠴᠢᠨᠠᠷ ᠢ ᠳᠡᠭᠡᠭᠰᠢᠯᠡᠭᠦᠯᠦᠨ᠎ᠡ᠃ | 142᠂ ᠬᠠᠤᠯᠢ ᠶᠣᠰᠣᠭᠠᠷ ᠵᠠᠪᠠᠯ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠳᠤ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠪᠥᠬᠦ ᠴᠤᠪᠤᠷᠠᠯ ᠢ ᠴᠠᠬᠢᠮᠴᠢᠯᠠᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠨᠢᠭᠤᠷ | ᠵᠣᠯᠭᠠᠬᠤ ᠦᠭᠡᠢ ᠪᠠᠷ ᠳᠠᠭᠠᠭᠠᠴᠢᠯᠠᠯᠲᠠ ᠨᠡᠶᠢᠲᠡᠯᠡᠬᠦ︾ ᠵᠠᠭᠪᠤᠷ ᠢ ᠳᠡᠯᠭᠡᠷᠡᠭᠦᠯᠦᠨ᠂ ︽ᠠᠯᠤᠰ ᠠᠴᠠ ᠣᠨᠳᠣᠣ | ᠭᠠᠵᠠᠷ ᠲᠤ ᠳᠠᠭᠠᠭᠠᠴᠢᠯᠠᠯᠲᠠ ᠦᠨᠡᠯᠡᠬᠦ︾ ᠶᠢ ᠪᠠᠶᠢᠩᠭᠤᠵᠢᠭᠤᠯᠤᠨ ᠠᠵᠢᠯᠯᠠᠭᠤᠯᠬᠤ ᠶᠢ ᠪᠡᠶᠡᠯᠡᠭᠦᠯᠦᠨ᠎ᠡ᠃ ︵ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ︶ | 143᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠵᠠᠷᠴᠢᠮ ᠤᠨ ᠶᠣᠰᠣᠭᠠᠷ᠂ ᠬᠠᠤᠯᠢ ᠶᠣᠰᠣᠭᠠᠷ | ᠳᠠᠭᠠᠭᠠᠴᠢᠯᠠᠯᠲᠠ ᠵᠠᠷᠯᠠᠭᠰᠠᠨ ᠲᠥᠷᠥᠯ ᠵᠦᠢᠯ ᠳᠤ ᠵᠠᠷᠯᠠᠨ ᠨᠡᠶᠢᠲᠡᠯᠡᠬᠦ᠂ ᠠᠷᠠᠯᠵᠢᠶᠠᠨ ᠤ ᠪᠢᠴᠢᠭ ᠮᠠᠲ᠋ᠧᠷᠢᠶᠠᠯ ᠢ | ᠪᠠᠭᠤᠯᠭᠠᠬᠤ ᠪᠠ ᠳᠡᠭᠡᠭᠰᠢ ᠳᠠᠮᠵᠢᠭᠤᠯᠬᠤ᠂ ᠲᠤᠰᠬᠠᠢ ᠮᠡᠷᠭᠡᠵᠢᠯᠲᠡᠨ ᠢ ᠰᠣᠩᠭᠤᠨ ᠠᠪᠬᠤ᠂ ᠳᠠᠭᠠᠭᠠᠴᠢᠯᠠᠯᠲᠠ | ᠨᠡᠶᠢᠲᠡᠯᠡᠬᠦ ︵ᠦᠨ᠎ᠡ ᠬᠠᠶᠠᠯᠴᠠᠬᠤ︶᠂ ᠴᠠᠬᠢᠮ ᠢᠶᠠᠷ ᠬᠠᠪᠰᠤᠷᠤᠮᠵᠢ ᠪᠣᠯᠭᠠᠨ ᠳᠠᠭᠠᠭᠠᠴᠢᠯᠠᠯᠲᠠ ᠦᠨᠡᠯᠡᠬᠦ᠂ ᠲᠠᠩᠰᠠ | ᠡᠪᠬᠡᠮᠡᠯ ᠢ ᠴᠠᠬᠢᠮ ᠢᠶᠠᠷ ᠴᠤᠭᠯᠠᠭᠤᠯᠬᠤ ᠵᠡᠷᠭᠡ ᠠᠵᠢᠯᠯᠠᠭ᠎ᠠ ᠶᠢᠨ ᠪᠥᠬᠦ ᠶᠠᠪᠤᠴᠠ ᠳᠤ ᠴᠠᠬᠢᠮ ᠢᠶᠠᠷ ᠠᠵᠢᠯᠯᠠᠬᠤ ᠶᠢ | ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠲᠥᠪ︶ | 144᠂ ᠲᠤᠬᠠᠢ ᠶᠢᠨ ᠲᠠᠯᠠᠪᠤᠷ ᠲᠤ ᠳᠠᠭᠠᠭᠠᠴᠢᠯᠠᠯᠲᠠ ᠬᠦᠯᠢᠶᠡᠬᠦ ᠪᠠᠷ ᠨᠡᠷ᠎ᠡ ᠮᠡᠳᠡᠭᠦᠯᠬᠦ ᠵᠢᠴᠢ ᠬᠠᠤᠯᠢ ᠴᠠᠭᠠᠵᠠ | ᠬᠠᠤᠯᠢ ᠲᠣᠭᠲᠠᠭᠠᠯ ᠤᠨ ᠦᠨᠳᠦᠰᠦᠯᠡᠯ ᠦᠭᠡᠢ ᠬᠢᠨᠠᠨ ᠬᠠᠷᠭᠤᠭᠤᠯᠬᠤ ᠵᠦᠢᠯᠡᠰ ᠪᠠ ᠭᠤᠭᠴᠤᠭ᠎ᠠ ᠶᠢ ᠬᠦᠴᠦᠨ | ᠦᠭᠡᠢ ᠪᠣᠯᠭᠠᠨ᠎ᠠ᠃ ᠨᠢᠭᠡᠳᠦᠯᠲᠡᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠪᠠᠷᠢᠮᠵᠢᠶᠠᠵᠢᠭᠤᠯᠤᠭᠰᠠᠨ | ᠲᠣᠪᠬᠢᠮᠠᠯ ᠢ ᠢᠯᠡ ᠪᠠᠷ ᠨᠡᠶᠢᠲᠡᠯᠡᠨ᠎ᠡ᠃ ᠳᠠᠭᠠᠭᠠᠴᠢᠯᠠᠯᠲᠠ ᠵᠠᠷᠯᠠᠭᠴᠢ ᠶᠢ ᠬᠥᠲᠥᠯᠥᠨ ᠵᠢᠯᠤᠭᠤᠳᠬᠤ ᠪᠠ ᠬᠢᠨᠠᠯᠲᠠ | ᠲᠠᠯᠪᠢᠵᠤ ᠪᠠᠶᠢᠭᠠᠳ ᠲᠥᠷᠥᠯ ᠵᠦᠢᠯ ᠤᠨ ᠪᠣᠳᠠᠲᠤ ᠬᠡᠷᠡᠭᠴᠡᠭᠡ ᠶᠢ ᠦᠨᠳᠦᠰᠦᠯᠡᠨ ᠳᠠᠭᠠᠭᠠᠴᠢᠯᠠᠯᠲᠠ | ᠬᠦᠯᠢᠶᠡᠭᠴᠢ ᠶᠢᠨ ᠬᠢᠷᠢ ᠬᠡᠮ ᠤᠨ ᠨᠥᠬᠦᠴᠡᠯ ᠢ ᠵᠦᠢ ᠵᠣᠬᠢᠰᠲᠠᠢ ᠲᠣᠭᠲᠠᠭᠠᠵᠤ᠂ ᠡᠯ᠎ᠡ ᠲᠥᠷᠥᠯ ᠤᠨ ᠵᠠᠬ᠎ᠠ | ᠳᠡᠯᠭᠡᠭᠦᠷ ᠤᠨ ᠡᠵᠡᠩᠨᠡᠭᠴᠢᠳ ᠲᠤ ᠡᠷᠬᠡ ᠲᠡᠭᠰᠢ ᠪᠠᠷ ᠬᠠᠨᠳᠤᠭᠤᠯᠤᠨ᠎ᠠ᠃ ︵ᠡᠯ᠎ᠡ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ︶ | 145᠂ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢ ᠬᠤᠷᠢᠶᠠᠬᠤ ᠪᠤᠴᠠᠭᠠᠬᠤ ᠴᠤᠪᠤᠷᠠᠯ ᠢ | ᠰᠢᠯᠢᠳᠡᠭᠵᠢᠭᠦᠯᠵᠦ᠂ ᠪᠠᠲᠤᠯᠠᠭ᠎ᠠ ᠶᠢᠨ ᠮᠥᠩᠭᠦ ᠶᠢᠨ ᠡᠬᠡ ᠬᠦᠦ ᠮᠥᠩᠭᠦ ᠶᠢ ᠴᠠᠭ ᠲᠤᠬᠠᠢ ᠳᠤᠨᠢ ᠪᠤᠴᠠᠭᠠᠨ ᠥᠭᠬᠦ ᠶᠢ | ᠴᠢᠩᠭ᠎ᠠ ᠨᠠᠶᠢᠳᠠᠪᠤᠷᠢᠵᠢᠭᠤᠯᠤᠨ᠂ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠪᠡᠯᠡ ᠮᠥᠩᠭᠦ ᠶᠢ ᠡᠵᠡᠯᠡᠨ | ᠬᠡᠷᠡᠭᠯᠡᠬᠦ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠬᠦᠷᠢᠶ᠎ᠡ ᠴᠠᠷᠠᠭ᠎ᠠ ᠳᠤ ᠴᠠᠬᠢᠮ ᠪᠠᠲᠤᠯᠠᠭ᠎ᠠ ᠶᠢᠨ ᠵᠠᠬᠢᠳᠠᠯ ᠢ ᠳᠡᠯᠭᠡᠷᠡᠭᠦᠯᠦᠨ ᠬᠡᠷᠡᠭᠯᠡᠵᠦ᠂ ᠠᠵᠤ ᠠᠬᠤᠶᠢᠯᠠᠯ ᠤᠨ | ᠳᠠᠷᠤᠭᠠᠰᠤ ᠶᠢ ᠦᠨᠡᠨᠬᠦ ᠬᠥᠩᠭᠡᠷᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠲᠥᠪ︶ | 146᠂ ᠪᠥᠬᠦ ᠶᠠᠪᠤᠴᠠ ᠶᠢ ᠴᠠᠬᠢᠮ ᠢᠶᠠᠷ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠠᠷᠠᠯᠵᠢᠶᠠᠯᠠᠬᠤ ᠠᠵᠢᠯᠯᠠᠭ᠎ᠠ ᠶᠢᠨ | ᠴᠠᠭ ᠲᠤᠬᠠᠢ ᠳᠤᠨᠢ ᠬᠥᠳᠡᠯᠦᠩᠭᠦᠢ ᠪᠠᠷ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ | ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠳᠠᠭᠠᠭᠠᠴᠢᠯᠠᠯᠲᠠ ᠶᠢ ᠬᠦᠷᠢᠶᠡᠯᠡᠨ ᠳᠠᠭᠠᠭᠠᠴᠢᠯᠠᠯᠲᠠ ᠲᠠᠢ | ᠰᠥᠯᠪᠡᠭᠡᠯᠳᠦᠬᠦ᠂ ᠢᠯᠡ ᠪᠠᠷ ᠳᠠᠭᠠᠭᠠᠴᠢᠯᠠᠯᠲᠠ ᠵᠠᠷᠯᠠᠨ ᠳᠠᠯᠳᠠᠭᠤᠷ ᠲᠣᠭᠲᠠᠭᠠᠬᠤ᠂ ᠳᠠᠭᠠᠭᠠᠴᠢᠯᠠᠯᠲᠠ ᠶᠢ | ᠦᠨᠡᠯᠡᠬᠦ ᠳᠤ ᠭᠤᠥᠯᠴᠢ ᠪᠤᠰᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ ︵ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠥᠪᠡᠷᠲᠡᠭᠡᠨ | ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ︶ | 147᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ | ᠬᠦᠷᠢᠶ᠎ᠡ ᠴᠠᠷᠠᠭ᠎ᠠ ᠶᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠶᠠᠪᠤᠴᠠ ᠳᠤ ᠠᠳᠠᠯᠢ ᠪᠤᠰᠤ ᠥᠮᠴᠢᠯᠡᠯᠲᠦ ᠠᠵᠤ ᠠᠬᠤᠶᠢᠯᠠᠯ ᠢᠯᠠᠩᠭᠤᠶ᠎ᠠ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠪᠠᠶᠢᠷᠢᠯᠠᠭᠤᠯᠤᠭᠰᠠᠨ ᠡᠯ᠎ᠡ | ᠲᠥᠷᠥᠯ ᠤᠨ ᠵᠦᠢ ᠵᠣᠬᠢᠰ ᠦᠭᠡᠢ ᠬᠢᠵᠠᠭᠠᠷᠯᠠᠯ ᠪᠠ ᠪᠠᠬᠢᠯᠡᠯᠲᠡ ᠶᠢ ᠢᠯᠭᠠᠷᠠᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠳᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠤᠰᠤᠨ | ᠠᠰᠢᠭᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 148᠂ ᠬᠠᠤᠯᠢ ᠶᠣᠰᠣᠭᠠᠷ ᠵᠠᠪᠠᠯ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠳᠤ ᠥᠪᠡᠷᠲᠡᠭᠡᠨ ᠵᠠᠰᠠᠬᠤ | ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠴᠠᠬᠢᠮ ᠠᠷᠠᠯᠵᠢᠶ᠎ᠠ ᠶᠢᠨ ᠦᠢᠯᠡᠴᠢᠯᠡᠭᠡᠨ ᠤ ᠲᠠᠪᠴᠠᠩ ᠤᠨ | ᠰᠢᠰᠲ᠋ᠧᠮ ᠢᠶᠠᠷ ᠳᠠᠮᠵᠢᠭᠤᠯᠤᠨ ᠰᠦᠯᠵᠢᠶᠡᠨ ᠳᠤ ᠣᠨᠳᠣᠣ ᠰᠠᠨᠠᠯ ᠳᠤᠷᠠᠳᠬᠤ ᠪᠠ ᠬᠠᠷᠢᠭᠤᠯᠲᠠ ᠥᠭᠴᠦ ᠪᠣᠯᠣᠨ᠎ᠠ᠃ | ᠨᠡᠶᠢᠭᠡᠮ ᠤᠨ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠵᠠᠬ᠎ᠠ ᠳᠡᠯᠭᠡᠭᠦᠷ ᠤᠨ | ᠡᠵᠡᠩᠨᠡᠭᠴᠢᠳ᠂ ᠠᠵᠢᠯ ᠲᠥᠷᠥᠯ ᠤᠨ ᠨᠡᠶᠢᠭᠡᠮᠯᠢᠭ᠂ ᠨᠡᠶᠢᠭᠡᠮ ᠤᠨ ᠣᠯᠠᠨ ᠨᠡᠶᠢᠲᠡ᠂ ᠰᠣᠨᠢᠨ ᠮᠡᠳᠡᠭᠡᠨ ᠤ | ᠵᠠᠭᠤᠴᠢᠯᠠᠭᠤᠷ ᠵᠡᠷᠭᠡ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ ᠬᠢᠨᠠᠯᠲᠠ | ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶᠠᠨ ᠤ ᠲᠥᠪ︶ | 149᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠮᠡᠳᠡᠭᠡ ᠵᠠᠩᠭᠢ ᠶᠢ ᠢᠯᠡ ᠪᠣᠯᠭᠠᠬᠤ ᠶᠢ ᠪᠥᠬᠦ | ᠲᠠᠯ᠎ᠠ ᠪᠠᠷ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠬᠢᠨᠠᠨ ᠵᠥᠪᠰᠢᠶᠡᠷᠡᠬᠦ᠂ ᠬᠢᠷᠢ ᠬᠡᠮ ᠢ ᠤᠷᠢᠳᠴᠢᠯᠠᠨ ᠬᠢᠨᠠᠬᠤ | ᠠᠯᠪᠠᠨ ᠵᠠᠷ ᠨᠡᠶᠢᠲᠡᠯᠡᠬᠦ᠂ ᠳᠠᠭᠠᠭᠠᠴᠢᠯᠠᠯᠲᠠ ᠣᠯᠣᠭᠰᠠᠨ ᠵᠢᠱᠢᠭᠳᠡᠭᠰᠡᠳ ᠢ ᠢᠯᠡ ᠨᠡᠶᠢᠲᠡᠯᠡᠬᠦ᠂ ᠭᠡᠷ᠎ᠡ ᠲᠣᠭᠲᠠᠬᠤ᠂ | ᠭᠡᠷ᠎ᠡ ᠶᠢ ᠭᠦᠢᠴᠡᠳᠬᠡᠬᠦ ᠵᠢᠴᠢ ᠬᠤᠪᠢᠷᠠᠭᠤᠯᠬᠤ᠂ ᠵᠠᠬ᠎ᠠ ᠳᠡᠯᠭᠡᠭᠦᠷ ᠤᠨ ᠡᠵᠡᠩᠨᠡᠭᠴᠢᠳ ᠦᠨᠢᠲᠡᠭᠡᠮᠵᠢ ᠵᠡᠷᠭᠡ ᠮᠡᠳᠡᠭᠡ | ᠵᠠᠩᠭᠢ ᠶᠢ ᠢᠯᠡ ᠪᠣᠯᠭᠠᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢᠨ ᠢᠯᠡ | ᠲᠣᠳᠣ ᠶᠢᠨ ᠲᠥᠪᠰᠢᠨ ᠢ ᠳᠡᠭᠡᠭᠰᠢᠯᠡᠭᠦᠯᠦᠨ᠎ᠡ᠃ ︵ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ︶ | 150᠂ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ᠤ ᠰᠢᠯᠭᠠᠨ ᠬᠢᠨᠠᠬᠤ ᠪᠠ ᠪᠤᠴᠠᠭᠠᠨ ᠭᠠᠷᠭᠠᠬᠤ | ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ᠤ | ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ᠤ ᠡᠳᠦᠷ | ᠲᠤᠲᠤᠮ ᠤᠨ ᠳᠠᠭᠠᠭᠠᠴᠢᠯᠠᠯᠲᠠ ᠦᠨᠡᠯᠡᠬᠦ᠂ ᠳᠠᠭᠠᠭᠠᠴᠢᠯᠠᠯᠲᠠ ᠦᠨᠡᠯᠡᠬᠦ ᠶᠢ ᠦᠨᠡᠯᠡᠨ ᠵᠢᠱᠢᠬᠦ᠂ ᠪᠣᠯᠪᠠᠰᠤᠷᠠᠭᠤᠯᠵᠤ | ᠰᠢᠯᠭᠠᠨ ᠬᠢᠨᠠᠬᠤ ᠵᠡᠷᠭᠡ ᠶᠢ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ᠤ ᠦᠶᠯᠡ ᠠᠵᠢᠯᠯᠠᠭ᠎ᠠ ᠶᠢᠨ | ᠲᠡᠮᠳᠡᠭᠯᠡᠯ ᠳᠤ ᠣᠷᠣᠭᠤᠯᠬᠤ ᠶᠢᠨ ᠬᠠᠮᠲᠤ ᠢᠯᠡ ᠪᠣᠯᠭᠠᠨ᠎ᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠲᠠᠢ ᠳᠠᠭᠠᠭᠠᠴᠢᠯᠠᠯᠲᠠ ᠰᠢᠯᠭᠠᠷᠠᠭᠤᠯᠬᠤ ᠲᠤᠰᠬᠠᠢ ᠮᠡᠷᠭᠡᠵᠢᠯᠲᠡᠨ ᠤ ᠳᠠᠭᠠᠭᠠᠴᠢᠯᠠᠯᠲᠠ ᠰᠢᠯᠭᠠᠷᠠᠭᠤᠯᠬᠤ | ᠲᠤᠰᠬᠠᠢ ᠮᠡᠷᠭᠡᠵᠢᠯᠲᠡᠨ ᠤ ᠬᠢᠷᠢ ᠬᠡᠮ ᠢ ᠬᠦᠴᠦᠨ ᠦᠭᠡᠢ ᠪᠣᠯᠭᠠᠵᠤ᠂ ᠬᠠᠤᠯᠢ ᠲᠣᠭᠲᠠᠭᠠᠯ ᠶᠣᠰᠣᠭᠠᠷ ᠴᠢᠩᠭ᠎ᠠ | ᠪᠠᠶᠢᠴᠠᠭᠠᠨ ᠰᠢᠢᠳᠪᠦᠷᠢᠯᠡᠨ᠎ᠡ᠃ ︵ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ︶ | ︵ᠳᠥᠷᠪᠡ︶ ᠤᠯᠠᠨ ᠡᠰᠢᠴᠢᠯᠡᠭᠰᠡᠨ ᠵᠢᠭᠤᠷᠠᠯᠳᠤᠭᠠᠨ ᠢ ᠰᠢᠢᠳᠪᠦᠷᠢᠯᠡᠬᠦ᠃ ᠵᠢᠭᠤᠷᠠᠯᠳᠤᠭᠠᠨ ᠢ ᠰᠢᠢᠳᠪᠦᠷᠢᠯᠡᠬᠦ | ᠦᠷ᠎ᠡ ᠪᠦᠲᠦᠮᠵᠢ ᠪᠠ ᠳᠦᠭᠦᠮ ᠨᠥᠬᠦᠴᠡᠯ ᠢ ᠳᠡᠭᠡᠭᠰᠢᠯᠡᠭᠦᠯᠵᠦ᠂ ᠳᠤᠮᠳᠠ ᠵᠢᠵᠢᠭ ᠪᠡᠯᠡ ᠣᠷᠣᠭᠤᠯᠤᠭᠴᠢᠳ ᠤᠨ | ᠬᠠᠤᠯᠢ ᠶᠣᠰᠣᠨ ᠤ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠨ᠎ᠠ᠃ | 151᠂ ᠠᠷᠠᠳ ᠤᠨ ᠰᠢᠭᠦᠬᠦ ᠬᠤᠷᠢᠶᠠᠨ ᠤ ᠡᠶᠡᠳᠡᠭᠦᠯᠬᠦ ᠲᠠᠪᠴᠠᠩ ᠳᠤ ᠲᠦᠰᠢᠭᠯᠡᠨ᠂ ᠵᠠᠷᠭᠤ ᠳᠤ ᠬᠤᠯᠪᠣᠭᠳᠠᠭᠰᠠᠨ | ᠠᠵᠤ ᠠᠬᠤᠶᠢᠯᠠᠯ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠠᠷᠠᠳ ᠤᠨ ᠡᠶᠡᠳᠡᠭᠦᠯᠭᠡ᠂ ᠵᠠᠰᠠᠭ | ᠵᠠᠬᠢᠷᠭᠠᠨ ᠤ ᠡᠶᠡᠳᠡᠭᠦᠯᠭᠡ᠂ ᠬᠤᠳᠠᠯᠳᠤᠭᠠᠨ ᠤ ᠡᠶᠡᠳᠡᠭᠦᠯᠭᠡ᠂ ᠠᠵᠢᠯ ᠲᠦᠷᠦᠯ ᠤᠨ ᠡᠶᠡᠳᠡᠭᠦᠯᠭᠡ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠵᠢᠭᠤᠷᠠᠯᠳᠤᠭᠠᠨ ᠢ ᠨᠠᠮᠳᠠᠭᠤᠯᠵᠤ᠂ ᠵᠢᠭᠤᠷᠠᠯᠳᠤᠭᠠᠨ ᠢ ᠨᠠᠮᠳᠠᠭᠤᠯᠬᠤ ᠳᠤ ᠬᠠᠤᠯᠢ | ᠴᠠᠭᠠᠵᠠ ᠶᠢᠨ ᠵᠢᠯᠣᠭᠤᠳᠤᠮᠵᠢ ᠪᠠ ᠪᠠᠲᠤᠯᠠᠭ᠎ᠠ ᠬᠠᠩᠭᠠᠨ᠎ᠠ᠃ ᠲᠤᠰᠬᠠᠶᠢᠵᠢᠭᠰᠠᠨ ᠡᠶᠡᠳᠡᠭᠦᠯᠬᠦ ᠬᠦᠴᠦᠨ ᠢ | ᠣᠷᠣᠭᠤᠯᠤᠨ ᠠᠪᠴᠢᠷᠠᠵᠤ᠂ ᠣᠨᠴᠠ ᠤᠷᠢᠭᠰᠠᠨ ᠡᠶᠡᠳᠡᠭᠦᠯᠬᠦ ᠵᠣᠬᠢᠶᠠᠨ ᠪᠠᠶᠢᠭᠤᠯᠤᠯᠲᠠ᠂ ᠣᠨᠴᠠ ᠤᠷᠢᠭᠰᠠᠨ | ᠡᠶᠡᠳᠡᠭᠦᠯᠦᠭᠴᠢ ᠶᠢᠨ ᠨᠡᠷᠡᠰ ᠤᠨ ᠲᠠᠩᠰᠠ ᠶᠢ ᠪᠠᠶᠢᠭᠤᠯᠵᠤ᠂ ᠲᠣᠮᠢᠯᠠᠬᠤ᠂ ᠨᠠᠶᠢᠳᠠᠵᠤ ᠡᠶᠡᠳᠡᠭᠦᠯᠬᠦ ᠪᠠᠷ ᠳᠠᠮᠵᠢᠭᠤᠯᠤᠨ | ᠠᠵᠤ ᠠᠬᠤᠶᠢᠯᠠᠯ ᠳᠤ ᠬᠤᠯᠪᠣᠭᠳᠠᠭᠰᠠᠨ ᠵᠢᠭᠤᠷᠠᠯᠳᠤᠭᠠᠨ ᠢ ᠠᠷᠢᠯᠭᠠᠵᠤ᠂ ᠵᠠᠷᠭᠤ ᠬᠢᠬᠦ ᠪᠠ ᠵᠠᠷᠭᠤ ᠶᠢᠨ ᠪᠤᠰᠤ | ᠡᠶᠡᠳᠡᠭᠦᠯᠭᠡ ᠶᠢ ᠣᠷᠭᠠᠨᠢᠭ ᠢᠶᠠᠷ ᠵᠣᠯᠭᠠᠭᠤᠯᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠵᠠᠷᠭᠤ ᠳᠤ | ᠬᠤᠯᠪᠣᠭᠳᠠᠭᠰᠠᠨ ᠥᠪᠡᠷ ᠤᠨ ᠦᠷᠳᠡᠭ ᠢ ᠪᠠᠭᠤᠷᠠᠭᠤᠯᠤᠨ᠎ᠠ᠃ ᠡᠶᠡᠳᠡᠭᠦᠯᠦᠭᠡᠳ ᠠᠮᠵᠢᠯᠲᠠ ᠣᠯᠵᠤ ᠬᠠᠤᠯᠢ | ᠴᠠᠭᠠᠵᠠ ᠶᠢᠨ ᠨᠤᠲᠠᠯᠠᠯᠲᠠ ᠬᠢᠯᠭᠡᠬᠦ ᠪᠠᠷ ᠭᠤᠶᠤᠴᠢᠯᠠᠭᠰᠠᠨ ᠬᠡᠷᠡᠭ ᠲᠤ ᠰᠦᠢᠳᠬᠡᠯ ᠬᠤᠷᠢᠶᠠᠬᠤ ᠦᠭᠡᠢ᠃ ︵ | ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ︶ | 152᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠪᠠᠶᠢᠷᠢ ᠰᠠᠭᠤᠷᠢ ᠲᠠᠢ ᠬᠤᠳᠠᠯᠳᠤᠭᠠᠨ ᠤ ᠶᠠᠪᠤᠳᠠᠯ ᠤᠨ | ᠡᠶᠡᠳᠡᠭᠦᠯᠬᠦ ᠵᠣᠬᠢᠶᠠᠨ ᠪᠠᠶᠢᠭᠤᠯᠤᠯᠲᠠ ᠪᠠᠶᠢᠭᠤᠯᠬᠤ ᠶᠢ ᠵᠣᠷᠢᠭᠵᠢᠭᠤᠯᠵᠤ᠂ ᠪᠡᠯᠡ ᠣᠷᠣᠭᠤᠯᠤᠯᠲᠠ᠂ ᠮᠥᠩᠭᠦᠨ | ᠭᠦᠢᠯᠭᠡᠭᠡᠨ᠂ ᠲᠡᠮᠳᠡᠭᠲᠦ ᠬᠤᠭᠤᠴᠠᠭᠠᠲᠤ ᠪᠠᠷᠠᠭ᠎ᠠ᠂ ᠳᠠᠭᠠᠳᠬᠠᠯ᠂ ᠭᠡᠷ ᠪᠠᠶᠢᠰᠢᠩ ᠭᠠᠵᠠᠷ ᠬᠥᠷᠥᠩᠭᠡ᠂ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ᠂ ᠮᠡᠷᠭᠡᠵᠢᠯ ᠰᠢᠯᠵᠢᠭᠦᠯᠦᠨ ᠥᠭᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ᠂ ᠣᠯᠠᠨ ᠤᠯᠤᠰ ᠤᠨ ᠠᠷᠠᠯᠵᠢᠶ᠎ᠠ ᠵᠡᠷᠭᠡ ᠬᠦᠷᠢᠶ᠎ᠡ ᠴᠠᠷᠠᠭ᠎ᠠ ᠳᠤ ᠬᠤᠳᠠᠯᠳᠤᠭᠠᠨ ᠤ ᠶᠠᠪᠤᠳᠠᠯ ᠤᠨ ᠡᠶᠡᠳᠡᠭᠦᠯᠬᠦ | ᠲᠤᠰᠬᠠᠢ ᠮᠡᠷᠭᠡᠵᠢᠯ ᠤᠨ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃ ︵ᠥᠪᠡᠷᠲᠡᠭᠡᠨ ᠵᠠᠰᠠᠬᠤ | ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ︶ | 153᠂ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ ᠬᠡᠷᠡᠭ ᠢ ᠤᠷᠢᠳᠠᠪᠠᠷ ᠡᠶᠡᠳᠡᠭᠦᠯᠬᠦ | ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠬᠡᠷᠡᠭ ᠤᠨ ᠪᠠᠭ᠎ᠠ | ᠲᠣᠭᠠᠨ ᠤ ᠵᠠᠷᠭᠤ ᠬᠢᠬᠦ ᠪᠠ ᠲᠦᠷᠭᠡᠨ ᠲᠠᠰᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠡᠯ᠎ᠡ | ᠲᠥᠷᠥᠯ ᠤᠨ ᠵᠥᠷᠢᠴᠡᠯ ᠡᠷᠡᠰᠳᠡᠯ ᠶᠢᠨ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠨ᠎ᠠ᠃ ︵ᠥᠪᠡᠷᠲᠡᠭᠡᠨ ᠵᠠᠰᠠᠬᠤ | ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ︶ | 154᠂ ᠦᠨᠡᠲᠦ ᠲᠡᠮᠳᠡᠭᠲᠦ ᠶᠢᠨ ᠵᠢᠭᠤᠷᠠᠯᠳᠤᠭᠠᠨ ᠤ ᠲᠥᠯᠥᠭᠡᠯᠡᠭᠴᠢ ᠶᠢᠨ ᠵᠠᠷᠭᠤ ᠶᠢᠨ ᠳᠦᠷᠢᠮ ᠢ ᠬᠡᠷᠡᠭᠵᠢᠭᠦᠯᠵᠦ | ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠵᠢᠵᠢᠭ ᠬᠤᠪᠢ ᠣᠷᠣᠭᠤᠯᠤᠭᠴᠢ ᠶᠢᠨ ᠡᠷᠬᠡ ᠪᠠᠨ | ᠬᠠᠮᠠᠭᠠᠯᠠᠬᠤ ᠶᠢ ᠡᠷᠴᠢᠮᠵᠢᠭᠦᠯᠵᠦ᠂ ᠳᠤᠮᠳᠠ ᠵᠢᠵᠢᠭ ᠪᠡᠯᠡ ᠣᠷᠣᠭᠤᠯᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ | ᠠᠳᠠᠯᠢ ᠲᠡᠭᠰᠢ ᠪᠠᠷ ᠬᠠᠮᠠᠭᠠᠯᠠᠨ᠎ᠠ᠃ ︵ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ︶ | 155᠂ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠤᠪᠢ | ᠣᠷᠣᠭᠤᠯᠤᠭᠴᠢ ᠳᠤ ᠬᠤᠯᠪᠣᠭᠳᠠᠭᠰᠠᠨ ᠴᠢᠬᠤᠯᠠ ᠶᠡᠭᠡ ᠵᠥᠷᠢᠯᠳᠦᠭᠡᠨ ᠲᠠᠢ ᠬᠡᠷᠡᠭ ᠢ ᠰᠢᠭᠦᠬᠦ ᠦᠶ᠎ᠡ ᠳᠤ᠂ ᠬᠤᠪᠢ | ᠬᠤᠳᠠᠯᠳᠤᠨ ᠠᠪᠬᠤ᠂ ᠺᠣᠮᠫᠠᠨᠢ ᠶᠢᠨ ᠪᠡᠯᠡ ᠪᠠᠨ ᠪᠠᠭᠠᠰᠬᠠᠬᠤ᠂ ᠺᠣᠮᠫᠠᠨᠢ ᠶᠢ ᠰᠠᠯᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠺᠣᠮᠫᠠᠨᠢ ᠦᠷᠭᠦᠯᠵᠢᠯᠡᠨ ᠣᠷᠣᠰᠢᠨ ᠦᠷᠭᠦᠯᠵᠢᠯᠡᠬᠦ ᠪᠠᠶᠢᠳᠠᠯ ᠤᠨ ᠳᠣᠣᠷ᠎ᠠ᠂ ᠪᠡᠯᠡ | ᠣᠷᠣᠭᠤᠯᠤᠯᠲᠠ ᠶᠢᠨ ᠪᠡᠶᠡᠴᠢ ᠴᠣᠭᠴᠠ ᠶᠢᠨ ᠺᠣᠮᠫᠠᠨᠢ ᠠᠴᠠ ᠤᠬᠤᠷᠢᠨ ᠭᠠᠷᠬᠤ ᠡᠷᠬᠡ ᠠᠰᠢᠭ ᠢ ᠦᠨᠡᠨ ᠬᠦ | ᠪᠠᠲᠤᠯᠠᠵᠤ᠂ ᠬᠤᠪᠢ ᠣᠷᠣᠭᠤᠯᠤᠭᠴᠢ ᠶᠢᠨ ᠵᠥᠷᠢᠯᠳᠦᠭᠡᠨ ᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ | ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠥᠷ ᠮᠣᠩᠭᠤᠯ ᠤᠨ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 156᠂ ᠠᠷᠠᠳ ᠤᠨ ᠡᠶᠡᠳᠡᠭᠦᠯᠭᠡ ᠬᠢᠭᠡᠳ ᠵᠠᠰᠠᠭ ᠵᠠᠬᠢᠷᠭᠠᠨ ᠤ ᠡᠶᠡᠳᠡᠭᠦᠯᠭᠡ᠂ ᠵᠠᠷᠭᠤ ᠶᠢᠨ ᠡᠶᠡᠳᠡᠭᠦᠯᠭᠡ ᠶᠢ | ᠵᠣᠯᠭᠠᠭᠤᠯᠬᠤ ᠲᠣᠭᠲᠠᠴᠠ ᠪᠠ ᠠᠵᠢᠯᠯᠠᠬᠤ ᠶᠠᠪᠤᠴᠠ ᠶᠢ ᠵᠢᠷᠤᠮᠵᠢᠭᠤᠯᠤᠨ ᠨᠠᠷᠢᠯᠢᠭᠵᠢᠭᠤᠯᠤᠨ᠎ᠠ᠃ ︵ᠥᠪᠡᠷᠲᠡᠭᠡᠨ | ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ︶ | ᠳᠥᠷᠪᠡ᠂ ᠳᠣᠲᠣᠨᠤ ᠲᠣᠳᠣᠷᠬᠠᠢ ᠵᠠᠰᠠᠭ ᠤᠨ ᠣᠷᠳᠣᠨ ᠪᠠ ᠬᠥᠮᠥᠰ ᠤᠨ ᠬᠠᠷᠢᠴᠠᠭ᠎ᠠ ᠶᠢ ᠪᠠᠶᠢᠭᠤᠯᠤᠨ᠎ᠠ | ︵ᠨᠢᠭᠡ︶ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠ ᠬᠤᠳᠠᠯᠳᠤᠭᠠᠨ ᠤ ᠶᠠᠪᠤᠳᠠᠯ ᠤᠨ ᠦᠨᠡᠨᠴᠢ | ᠢᠲᠡᠭᠡᠮᠵᠢ᠃ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠢᠲᠡᠭᠡᠮᠵᠢ ᠶᠢᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠦᠨᠡᠨᠴᠢ | ᠢᠲᠡᠭᠡᠮᠵᠢᠲᠡᠢ ᠪᠠᠷ ᠬᠠᠤᠯᠢ ᠶᠢ ᠰᠠᠬᠢᠬᠤ ᠰᠢᠨ᠎ᠡ ᠣᠷᠴᠢᠨ ᠨᠥᠬᠦᠴᠡᠯ ᠢ ᠪᠤᠢ ᠪᠣᠯᠭᠠᠨ᠎ᠠ᠃ | 157᠂ ᠠᠶᠢᠮᠠᠭ ᠬᠤᠲᠠ ᠶᠢᠨ ᠶᠠᠪᠤᠳᠠᠯ ᠤᠨ ᠦᠨᠡᠨᠴᠢ ᠢᠲᠡᠭᠡᠮᠵᠢ ᠶᠢᠨ ᠦᠨᠡᠯᠡᠯᠲᠡ ᠶᠢ ᠥᠷᠨᠢᠭᠦᠯᠵᠦ᠂ ᠬᠠᠤᠯᠢ | ᠶᠣᠰᠣᠭᠠᠷ ᠵᠠᠰᠠᠭ ᠲᠠᠷᠬᠠᠭᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠠᠵᠢᠯᠴᠢ ᠬᠢᠴᠢᠶᠡᠩᠭᠦᠢ ᠪᠠᠷ ᠵᠠᠰᠠᠭ | ᠪᠠᠷᠢᠵᠤ ᠥᠨᠳᠥᠷ ᠦᠷ᠎ᠡ ᠪᠦᠲᠦᠮᠵᠢᠲᠡᠶ ᠪᠠᠶᠢᠯᠭᠠᠬᠤ᠂ ᠢᠲᠡᠭᠡᠮᠵᠢ ᠲᠠᠢ ᠪᠠᠶᠢᠵᠤ ᠠᠮᠠᠯᠠᠯᠲᠠ ᠪᠠᠨ ᠦᠢᠯᠡᠳᠦᠯᠭᠡᠵᠢᠭᠦᠯᠬᠦ | ᠵᠡᠷᠭᠡ ᠲᠠᠯ᠎ᠠ ᠪᠠᠷ ᠦᠨᠡᠯᠡᠨ ᠵᠢᠱᠢᠬᠦ ᠪᠠᠷᠢᠮᠵᠢᠶ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠭᠠᠵᠠᠷ ᠤᠨ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢᠨ ᠬᠢᠷᠢ ᠬᠡᠮᠵᠢᠶ᠎ᠡ ᠪᠠᠨ ᠰᠠᠶᠢᠵᠢᠷᠠᠭᠤᠯᠤᠨ ᠴᠡᠭᠴᠡᠯᠡᠬᠦ ᠶᠢ ᠰᠢᠮᠳᠠᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | 158᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠠᠵᠢᠯᠯᠠᠭ᠎ᠠ ᠶᠢᠨ ᠨᠠᠷᠢᠨ | ᠵᠢᠭᠰᠠᠭᠠᠯᠲᠠ ᠪᠠ ᠦᠨᠡᠮᠰᠢᠬᠦ ᠪᠠᠷᠢᠮᠵᠢᠶ᠎ᠠ ᠶᠢ ᠲᠣᠭᠲᠠᠭᠠᠵᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠬᠠᠤᠯᠢ | ᠲᠣᠭᠲᠠᠭᠠᠯ ᠶᠣᠰᠣᠭᠠᠷ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ︶ | 159᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠳᠦᠷᠢᠮ︾ ᠤᠨ ᠲᠣᠭᠲᠠᠭᠠᠯ ᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠡᠯ᠎ᠡ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠵᠢᠴᠢ ᠠᠯᠪᠠᠨ ᠲᠤᠰᠢᠶᠠᠯᠲᠠᠨ ᠤ ᠰᠠᠭᠤᠷᠢ | ᠮᠡᠳᠡᠭᠡ ᠵᠠᠩᠭᠢ᠂ ᠢᠲᠡᠭᠡᠮᠵᠢ ᠪᠠᠨ ᠨᠡᠮᠡᠭᠳᠡᠭᠦᠯᠦᠭᠰᠡᠨ ᠮᠡᠳᠡᠭᠡ ᠵᠠᠩᠭᠢ᠂ ᠡᠩ ᠤᠨ ᠢᠲᠡᠭᠡᠯ ᠠᠯᠳᠠᠭᠰᠠᠨ ᠮᠡᠳᠡᠭᠡ | ᠵᠠᠩᠭᠢ᠂ ᠬᠦᠨᠳᠦ ᠨᠣᠴᠢᠲᠠᠢ ᠢᠲᠡᠭᠡᠯ ᠠᠯᠳᠠᠭᠰᠠᠨ ᠮᠡᠳᠡᠭᠡ ᠵᠠᠩᠭᠢ᠂ ᠡᠷᠡᠰᠳᠡᠯ ᠶᠢᠨ ᠰᠠᠨᠠᠭᠤᠯᠤᠮᠵᠢ ᠶᠢᠨ ᠮᠡᠳᠡᠭᠡ | ᠵᠠᠩᠭᠢ ᠵᠡᠷᠭᠡ ᠲᠠᠪᠤᠨ ᠲᠥᠷᠥᠯ ᠤᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠪᠥᠬᠦ ᠲᠠᠯ᠎ᠠ ᠪᠠᠷ | ᠴᠤᠭᠯᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠮᠣ | ᠳ᠋ᠠᠶᠢᠲ᠋ᠠ ᠶᠢᠨ ᠲᠥᠪ︶ | 160᠂ ︽12345︾ ︽12388︾ ᠵᠡᠷᠭᠡ ᠵᠠᠰᠠᠭ ᠵᠠᠬᠢᠷᠭᠠᠨ ᠤ ᠵᠠᠭᠠᠯᠳᠤᠯᠭ᠎ᠠ ᠶᠢᠨ ᠬᠠᠯᠠᠮᠰᠢᠯ ᠤᠲᠠᠰᠤ | ᠵᠢᠴᠢ ᠰᠦᠯᠵᠢᠶᠡᠨ ᠥᠷᠲᠡᠭᠡ᠂ ᠨᠡᠶᠢᠲᠡ ᠶᠢᠨ ᠳ᠋ᠤᠭᠠᠷ᠂ APP ᠵᠡᠷᠭᠡ ᠵᠠᠭᠠᠯᠳᠤᠯᠭ᠎ᠠ ᠶᠢ ᠢᠯᠡᠴᠢᠯᠡᠨ ᠮᠡᠳᠡᠭᠦᠯᠬᠦ | ᠲᠠᠪᠴᠠᠩ ᠳᠤ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠠᠰᠠᠭᠤᠳᠠᠯ ᠤᠨ ᠰᠦᠪᠡᠭᠴᠢ ᠶᠢ ᠢᠯᠡᠴᠢᠯᠡᠨ | ᠮᠡᠳᠡᠭᠦᠯᠬᠦ ᠠᠷᠭ᠎ᠠ ᠵᠠᠮ ᠢ ᠨᠡᠭᠡᠭᠡᠵᠦ᠂ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠠᠵᠢᠯᠯᠠᠭ᠎ᠠ ᠳᠤ ᠬᠢᠨᠠᠯᠲᠠ | ᠲᠠᠯᠪᠢᠵᠤ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ᠃ ︵ᠡᠯ᠎ᠡ ᠭᠠᠵᠠᠷ ᠣᠷᠣᠨ ᠤ ᠬᠤᠯᠪᠣᠭᠳᠠᠬᠤ ᠰᠠᠯᠠᠭ᠎ᠠ | ᠮᠥᠴᠢᠷ ᠤᠳ︶ | 161᠂ ᠢᠲᠡᠭᠡᠮᠵᠢ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠠᠤᠯᠢ ᠴᠠᠭᠠᠵᠠ | ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠬᠤ ᠶᠢ ᠴᠢᠩᠳᠠᠯᠠᠵᠤ᠂ ᠢᠲᠡᠭᠡᠮᠵᠢ ᠶᠢᠨ ᠮᠡᠳᠡᠭᠡ ᠵᠠᠩᠭᠢ ᠶᠢᠨ | ᠭᠠᠷᠴᠠᠭ ᠤᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ ᠨᠡᠶᠢᠭᠡᠮ ᠳᠤ ᠢᠯᠡ ᠪᠣᠯᠭᠠᠨ᠎ᠠ᠃ ᠬᠠᠤᠯᠢ ᠶᠣᠰᠣᠨ ᠤ | ᠴᠢᠬᠤᠯᠠ ᠪᠦᠬᠦᠢ ᠵᠠᠷᠴᠢᠮ ᠢ ᠪᠠᠷᠢᠮᠲᠠᠯᠠᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠬᠦᠷᠢᠶ᠎ᠡ ᠬᠡᠪᠴᠢᠶ᠎ᠡ | ᠪᠠ ᠲᠠᠰ ᠳᠠᠷᠠᠭᠠᠯᠠᠯ ᠢ ᠵᠢᠷᠤᠮᠵᠢᠭᠤᠯᠵᠤ᠂ ᠢᠲᠡᠭᠡᠯ ᠢᠶᠠᠨ ᠠᠯᠳᠠᠭᠰᠠᠨ ᠡᠵᠡᠩᠨᠡᠭᠴᠢᠳ ᠲᠤ ᠢᠲᠡᠭᠡᠮᠵᠢ ᠶᠢᠨ ᠵᠠᠯᠬᠠᠭᠠᠯ | ᠴᠡᠭᠡᠷᠯᠡᠭᠦᠯᠬᠦ ᠶᠢ ᠬᠡᠷᠡᠭᠵᠢᠭᠦᠯᠵᠦ᠂ ᠬᠡᠲᠦ ᠵᠠᠯᠬᠠᠭᠠᠨ ᠰᠢᠳᠬᠡᠬᠦ ᠶᠢ ᠠᠳᠠᠯᠢ ᠪᠠᠶᠢᠯᠭᠠᠬᠤ ᠶᠢ ᠦᠨᠡᠨᠬᠦ ᠪᠠᠲᠤᠯᠠᠬᠤ | ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠠᠤᠯᠢ | ᠴᠠᠭᠠᠵᠠ ᠶᠢᠨ ᠲᠢᠩᠬᠢᠮ︶ | 162᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠵᠠᠰᠠᠭ ᠵᠠᠬᠢᠷᠭᠠᠨ ᠤ ᠵᠦᠢᠯᠡᠰ ᠤᠨ | ᠲᠤᠬᠠᠶᠢᠯᠠᠭᠰᠠᠨ ᠠᠵᠢᠯ ᠢ ᠭᠦᠢᠴᠡᠳᠬᠡᠬᠦ ᠰᠢᠰᠲ᠋ᠧᠮ ᠪᠠ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠳᠤ ᠬᠠᠮᠤᠷᠤᠭᠤᠯᠤᠨ ᠣᠷᠣᠭᠤᠯᠬᠤ ᠶᠢ ᠠᠬᠢᠭᠤᠯᠵᠤ᠂ ᠰᠠᠨᠠᠭᠠᠴᠢᠯᠠᠭᠠᠲᠤ ᠪᠤᠰᠤ | ᠬᠢᠨᠠᠯᠲᠠ ᠬᠠᠮᠢᠶᠠᠷᠤᠯᠲᠠ ᠠᠴᠠ ᠰᠠᠨᠠᠭᠠᠴᠢᠯᠠᠭ᠎ᠠ ᠠᠴᠠ ᠪᠠᠨ ᠬᠢᠨᠠᠯᠲᠠ ᠬᠠᠮᠢᠶᠠᠷᠤᠯᠲᠠ ᠳᠠᠰᠢ ᠬᠤᠪᠢᠷᠠᠭᠤᠯᠬᠤ᠂ | ᠬᠡᠷᠡᠭ ᠤᠨ ᠳᠠᠷᠠᠭ᠎ᠠ ᠵᠠᠰᠠᠬᠤ ᠠᠴᠠ ᠬᠡᠷᠡᠭ ᠤᠨ ᠡᠮᠦᠨ᠎ᠡ ᠰᠡᠷᠭᠡᠶᠢᠯᠡᠬᠦ ᠳᠠᠰᠢ ᠬᠤᠪᠢᠷᠠᠭᠤᠯᠬᠤ ᠶᠢ ᠪᠡᠶᠡᠯᠡᠭᠦᠯᠵᠦ᠂ | ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠ ᠣᠶᠤᠨᠴᠢ ᠬᠢᠨᠠᠯᠲᠠ ᠬᠠᠮᠢᠶᠠᠷᠤᠯᠲᠠ ᠶᠢ ᠬᠠᠷᠢᠯᠴᠠᠨ | ᠤᠶᠠᠯᠳᠤᠭᠤᠯᠤᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ | ᠲᠥᠪ︶ | 163᠂ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠲᠡᠭᠦᠯᠳᠡᠷᠵᠢᠭᠦᠯᠵᠦ᠂ ᠢᠲᠡᠭᠡᠯ ᠠᠯᠳᠠᠭᠰᠠᠨ ᠮᠡᠳᠡᠭᠡ ᠵᠠᠩᠭᠢ ᠶᠢ | ᠰᠡᠷᠭᠦᠭᠡᠬᠦ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠳᠤ | ᠣᠷᠣᠭᠤᠯᠤᠨ᠂ ᠢᠲᠡᠭᠡᠯ ᠠᠯᠳᠠᠭᠰᠠᠨ ᠡᠵᠡᠩᠨᠡᠭᠴᠢᠳ ᠦᠨᠥᠪᠡᠷ ᠢᠶᠠᠨ ᠪᠤᠷᠤᠭᠤ ᠪᠠᠨ ᠵᠠᠯᠠᠷᠠᠭᠤᠯᠬᠤ ᠶᠢ | ᠵᠣᠷᠢᠭᠵᠢᠭᠤᠯᠵᠤ᠂ ᠰᠡᠷᠭᠦᠭᠡᠬᠦ ᠨᠥᠬᠦᠴᠡᠯ ᠳᠤ ᠨᠡᠶᠢᠴᠡᠬᠦ ᠢᠲᠡᠭᠡᠯ ᠠᠯᠳᠠᠭᠰᠠᠨ ᠡᠵᠡᠩᠨᠡᠭᠴᠢᠳ ᠢ ᠢᠲᠡᠭᠡᠯ ᠠᠯᠳᠠᠭᠰᠠᠨ | ᠨᠡᠷᠡᠰ ᠠᠴᠠ ᠴᠠᠭ ᠲᠤᠬᠠᠢ ᠳᠤᠨᠢ ᠰᠢᠯᠵᠢᠭᠦᠯᠦᠨ ᠭᠠᠷᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ | ᠲᠥᠪ︶ | ︵ᠬᠤᠶᠠᠷ︶ ᠠᠵᠤ ᠠᠬᠤᠶᠢᠯᠠᠯ ᠤᠨ ᠦᠢᠯᠡᠴᠢᠯᠡᠭᠡ᠃ ᠦᠢᠯᠡᠴᠢᠯᠡᠭᠡᠨ ᠤ ︽ᠵᠥᠭᠡᠯᠡᠨ ᠣᠷᠴᠢᠨ ᠨᠥᠬᠦᠴᠡᠯ︾ ᠢ | ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠥᠮᠥᠰ ᠢ ᠳᠣᠲᠣᠨᠣᠴᠢᠯᠠᠬᠤ᠂ ᠬᠥᠮᠥᠰ ᠢ ᠠᠮᠤᠷᠵᠢᠭᠤᠯᠬᠤ᠂ ᠬᠥᠮᠥᠰ ᠢ | ᠲᠣᠭᠲᠠᠭᠤᠨ ᠪᠠᠶᠢᠯᠭᠠᠬᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ | 164. ︽12345︾ ᠬᠠᠯᠠᠮᠰᠢᠯ ᠤᠲᠠᠰᠤ ᠶᠢ ᠬᠠᠤᠯᠢ ᠲᠣᠭᠲᠠᠭᠠᠯ ᠶᠣᠰᠣᠭᠠᠷ ᠭᠥᠯᠢᠶᠡᠨ ᠠᠪᠴᠤ | ᠰᠢᠢᠳᠪᠦᠷᠢᠯᠡᠬᠦ᠂ ᠬᠠᠭᠤᠳᠠᠰᠤ ᠲᠣᠮᠢᠯᠠᠬᠤ᠂ ᠭᠦᠢᠴᠡᠳᠬᠡᠬᠦ᠂ ᠬᠠᠷᠢᠭᠤᠯᠲᠠ ᠥᠭᠬᠦ᠂ ᠰᠢᠮᠳᠠᠭᠤᠯᠤᠨ | ᠰᠢᠢᠳᠪᠦᠷᠢᠯᠡᠭᠦᠯᠬᠦ᠂ ᠰᠢᠢᠳᠪᠦᠷᠢᠯᠡᠵᠦ ᠳᠠᠭᠤᠰᠬᠠᠬᠤ᠂ ᠬᠠᠷᠢᠭᠤ ᠰᠤᠷᠪᠤᠯᠵᠢᠯᠠᠬᠤ᠂ ᠦᠨᠡᠯᠡᠬᠦ ᠵᠡᠷᠭᠡ ᠭᠤᠭᠴᠤᠭ᠎ᠠ ᠶᠢ | ᠪᠠᠭᠲᠠᠭᠠᠭᠰᠠᠨ ᠠᠵᠢᠯ ᠤᠨ ᠴᠤᠪᠤᠷᠠᠯ ᠢ ᠲᠡᠭᠦᠯᠳᠡᠷᠵᠢᠭᠦᠯᠬᠦ ᠬᠡᠷᠡᠭᠲᠡᠢ᠃ ᠭᠤᠮᠣᠳᠠᠯ ᠱᠠᠭᠠᠷᠳᠠᠯᠭ᠎ᠠ ᠶᠢ ᠲᠡᠰ ᠬᠤᠪᠢᠶᠠᠨ | ᠲᠦᠷᠦᠯ ᠬᠤᠪᠢᠶᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠭᠥᠯᠢᠶᠡᠨ ᠠᠪᠴᠤ ᠰᠢᠢᠳᠪᠦᠷᠢᠯᠡᠬᠦ᠂ ᠲᠡᠷᠡ | ᠳᠠᠷᠤᠢ ᠳᠤᠨᠢ ᠰᠢᠯᠵᠢᠭᠦᠯᠦᠨ ᠰᠢᠢᠳᠪᠦᠷᠢᠯᠡᠭᠦᠯᠬᠦ᠂ ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠬᠦ᠂ ᠬᠠᠨᠤᠮᠵᠢ ᠶᠢᠨ | ᠲᠥᠪᠰᠢᠨ ᠢ ᠬᠡᠮᠵᠢᠨ ᠲᠣᠭᠲᠠᠭᠠᠬᠤ ᠵᠡᠷᠭᠡ ᠱᠠᠭᠠᠷᠳᠠᠯᠭ᠎ᠠ ᠶᠢ ᠲᠣᠳᠣᠷᠬᠠᠢ ᠵᠢᠷᠤᠮᠵᠢᠭᠤᠯᠵᠤ᠂ ᠬᠡᠷᠡᠭ ᠶᠠᠪᠤᠳᠠᠯ ᠢ | ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ᠂ ᠬᠠᠷᠢᠶᠠᠯᠠᠯ ᠤᠨ ᠡᠷᠬᠡ ᠮᠡᠳᠡᠯ ᠤᠨ ᠬᠡᠪᠴᠢᠶ᠎ᠡ ᠪᠠᠷ ᠰᠠᠯᠭᠠᠨ | ᠰᠢᠢᠳᠪᠦᠷᠢᠯᠡᠬᠦ ᠪᠠ ᠤᠯᠠᠨ ᠰᠠᠯᠠᠭ᠎ᠠ ᠮᠥᠴᠢᠷ ᠬᠠᠮᠵᠢᠯᠴᠠᠨ ᠰᠢᠢᠳᠪᠦᠷᠢᠯᠡᠬᠦ ᠳᠦᠷᠢᠮ ᠢ ᠲᠡᠭᠦᠯᠳᠡᠷᠵᠢᠭᠦᠯᠵᠦ᠂ ᠠᠵᠤ | ᠠᠬᠤᠶᠢᠯᠠᠯ ᠤᠨ ᠭᠤᠮᠣᠳᠠᠯ ᠱᠠᠭᠠᠷᠳᠠᠯᠭ᠎ᠠ ᠶᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢᠨ ᠵᠠᠭᠠᠯᠳᠤᠯᠭ᠎ᠠ ᠶᠢ | ᠲᠡᠷᠡ ᠳᠠᠷᠤᠢ ᠳᠤᠨᠢ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ︶ | 165᠂ ︽ᠥᠪᠥᠷ ᠮᠣᠩᠭᠤᠯ ᠤᠨ ᠠᠵᠤ ᠠᠬᠤᠶᠢᠯᠠᠯ ᠢ ᠨᠡᠪᠲᠡᠷᠡᠭᠦᠯᠬᠦ︾ ᠲᠠᠪᠴᠠᠩ ᠢ ᠰᠠᠶᠢᠲᠤᠷ ᠬᠡᠷᠡᠭᠯᠡᠵᠦ᠂ | ᠵᠠᠬ᠎ᠠ ᠳᠡᠯᠭᠡᠭᠦᠷ ᠤᠨ ᠡᠵᠡᠩᠨᠡᠭᠴᠢᠳ ᠲᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠬᠦᠷᠭᠡᠬᠦ᠂ ᠰᠠᠨᠠᠯ | ᠭᠤᠮᠣᠳᠠᠯ ᠱᠠᠭᠠᠷᠳᠠᠯᠭ᠎ᠠ ᠶᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠦᠢᠯᠡᠴᠢᠯᠡᠭᠡ ᠶᠢ | ᠬᠠᠩᠭᠠᠨ᠎ᠠ᠃ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠵᠦᠢᠯᠡᠰ ᠢ ᠬᠡᠷᠡᠭᠵᠢᠭᠦᠯᠵᠦ | ᠂ ᠠᠷᠠᠳ ᠤᠨ ᠡᠵᠡᠩᠨᠡᠭᠰᠡᠨ ᠠᠵᠤ ᠠᠬᠤᠢ ᠳᠤ ᠦᠢᠯᠡᠴᠢᠯᠡᠬᠦ ᠠᠷᠭ᠎ᠠ ᠪᠠᠷᠢᠯ ᠤᠨ ᠲᠠᠯ᠎ᠠ ᠪᠠᠷ ᠲᠠᠰᠤᠷᠠᠯᠳᠠ ᠦᠭᠡᠢ | ᠰᠢᠨ᠎ᠡ ᠶᠢ ᠡᠭᠦᠳᠦᠨ ᠰᠢᠯᠢᠳᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ︶ | 166᠂ ᠠᠵᠤ ᠠᠬᠤᠶᠢᠯᠠᠯᠲᠠᠨ ᠤ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢ ᠲᠣᠭᠲᠠᠭᠠᠨ | ᠬᠡᠷᠡᠭᠵᠢᠭᠦᠯᠬᠦ ᠳᠤ ᠣᠷᠤᠯᠴᠠᠬᠤ ᠠᠷᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢ | ᠲᠣᠭᠲᠠᠭᠠᠬᠤ ᠳᠤᠮᠳᠠ ᠠᠵᠤ ᠠᠬᠤᠶᠢᠯᠠᠯ ᠤᠨ ᠲᠤᠰᠬᠠᠭᠰᠠᠨ ᠬᠦᠴᠢᠷᠳᠡᠯ ᠲᠠᠢ ᠠᠰᠠᠭᠤᠳᠠᠯ ᠪᠠ ᠰᠠᠨᠠᠯ | ᠰᠠᠨᠠᠭᠤᠯᠭ᠎ᠠ ᠶᠢ ᠬᠢᠨᠠᠮᠠᠭᠠᠢ ᠰᠤᠳᠤᠯᠵᠤ᠂ ᠲᠥᠷᠥ ᠶᠢᠨ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ᠂ | ᠪᠦᠲᠦᠮᠵᠢᠲᠦ ᠴᠢᠨᠠᠷ᠂ ᠬᠠᠮᠵᠢᠯᠴᠠᠬᠤ ᠴᠢᠨᠠᠷ ᠢ ᠴᠢᠩᠭᠠᠷᠠᠭᠤᠯᠤᠨ᠎ᠠ᠃ ︵ᠡᠯ᠎ᠡ ᠭᠠᠵᠠᠷ ᠣᠷᠣᠨ ᠤ ᠬᠤᠯᠪᠣᠭᠳᠠᠬᠤ | ᠰᠠᠯᠠᠭ᠎ᠠ ᠮᠥᠴᠢᠷ ᠤᠳ︶ | 167᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠠᠤᠯᠢ ᠴᠠᠭᠠᠵᠠ ᠶᠢᠨ ᠡᠷᠬᠡ ᠪᠠᠨ ᠬᠠᠮᠠᠭᠠᠯᠠᠬᠤ | ᠦᠢᠯᠡᠴᠢᠯᠡᠭᠡᠨ ᠤ ᠬᠠᠮᠲᠤᠷᠠᠭᠰᠠᠨ ᠬᠤᠷᠠᠯ ᠤᠨ ᠳᠦᠷᠢᠮ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠤ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ | ᠶᠠᠪᠤᠴᠠ ᠳᠤ᠂ ᠭᠠᠳᠠᠭᠠᠳᠤ ᠲᠠᠯ᠎ᠠ ᠶᠢᠨ ᠰᠢᠯᠲᠠᠭᠠᠨ ᠪᠤᠶᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠲᠣᠰ ᠪᠡᠶ᠎ᠡ ᠶᠢᠨ ᠰᠢᠯᠲᠠᠭᠠᠨ ᠠᠴᠠ ᠪᠣᠯᠤᠭᠰᠠᠨ ᠠᠵᠤ ᠠᠬᠤᠶᠢᠯᠠᠯ ᠤᠨ ᠣᠷᠣᠰᠢᠨ ᠲᠣᠭᠲᠠᠨᠢᠬᠤ ᠶᠢ ᠨᠥᠯᠥᠭᠡᠯᠡᠬᠦ | ᠬᠤᠯᠪᠣᠭᠳᠠᠯ ᠪᠦᠬᠦᠢ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠵᠦ᠂ ᠠᠵᠤ ᠠᠬᠤᠶᠢᠯᠠᠯᠲᠠᠨ ᠤ | ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠠᠤᠯᠢ | ᠴᠠᠭᠠᠵᠠ ᠶᠢᠨ ᠲᠢᠩᠬᠢᠮ︶ | 168᠂ ᠣᠨ ᠢᠶᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ | ᠵᠦᠭᠯᠡᠭᠦᠷ︾ ᠢ ᠨᠠᠶᠢᠷᠠᠭᠤᠯᠤᠨ ᠬᠡᠪᠯᠡᠭᠦᠯᠵᠦ᠂ ᠭᠤᠣᠯᠳᠠᠯᠭ᠎ᠠ ᠲᠠᠢ ᠬᠥᠮᠥᠰ ᠤᠷᠢᠵᠤ ᠪᠡᠯᠡ ᠣᠷᠣᠭᠤᠯᠬᠤ ᠲᠥᠷᠥᠯ | ᠵᠦᠢᠯ ᠤᠨ ᠨᠥᠭᠡᠴᠡ ᠶᠢᠨ ᠬᠥᠮᠥᠷᠭᠡ ᠶᠢ ᠪᠠᠶᠢᠭᠤᠯᠤᠨ ᠪᠦᠷᠢᠨᠰᠢᠭᠦᠯᠵᠦ᠂ ᠤᠯᠤᠰ ᠤᠨ ᠳᠣᠲᠣᠭᠠᠳᠤ ᠶᠢᠨ ᠨᠠᠷᠠᠲᠤ | ᠠᠵᠤ ᠠᠬᠤᠶᠢᠯᠠᠯ᠂ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠵᠡᠷᠭᠡ ᠳᠤ ᠲᠥᠷᠥᠯ ᠵᠦᠢᠯ ᠤᠨ ᠮᠡᠳᠡᠭᠡ | ᠵᠠᠩᠭᠢ ᠶᠢ ᠨᠠᠷᠢᠯᠢᠭ ᠣᠨᠣᠴᠠᠲᠠᠢ ᠪᠠᠷ ᠲᠠᠨᠢᠯᠴᠠᠭᠤᠯᠬᠤ ᠠᠷᠭ᠎ᠠ ᠪᠠᠷᠢᠯ ᠢ ᠰᠤᠳᠤᠯᠤᠨ ᠪᠠᠶᠢᠭᠤᠯᠵᠤ᠂ ᠠᠵᠤ | ᠠᠬᠤᠶᠢᠯᠠᠯ ᠤᠨ ᠠᠩᠬᠠᠷᠤᠯ ᠲᠠᠯᠪᠢᠬᠤ ᠪᠠ ᠪᠡᠯᠡ ᠣᠷᠣᠭᠤᠯᠬᠤ ᠳᠤ ᠲᠥᠬᠦᠮ ᠦᠵᠡᠭᠦᠯᠦᠨ᠂ ᠬᠥᠮᠥᠰ ᠤᠷᠢᠵᠤ ᠪᠡᠯᠡ | ᠣᠷᠣᠭᠤᠯᠬᠤ ᠬᠢᠷᠢ ᠴᠢᠳᠠᠮᠵᠢ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠯ᠎ᠡ ᠭᠠᠵᠠᠷ ᠣᠷᠣᠨ ᠤ ᠬᠤᠯᠪᠣᠭᠳᠠᠬᠤ ᠰᠠᠯᠠᠭ᠎ᠠ ᠮᠥᠴᠢᠷ ᠤᠳ︶ | | 169᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠲᠢᠩᠬᠢᠮ ᠤᠨ ᠬᠤᠭᠤᠷᠣᠨᠳᠣᠬᠢ | ᠬᠠᠮᠲᠤᠷᠠᠭᠰᠠᠨ ᠬᠤᠷᠠᠯ ᠤᠨ ᠲᠣᠭᠲᠠᠴᠠ ᠶᠢᠨ ᠦᠢᠯᠡᠳᠦᠯ ᠢ ᠴᠢᠩᠭᠠᠷᠠᠭᠤᠯᠵᠤ᠂ ᠬᠥᠮᠥᠰ ᠤᠷᠢᠵᠤ ᠪᠡᠯᠡ ᠣᠷᠣᠭᠤᠯᠬᠤ | ᠲᠥᠷᠥᠯ ᠵᠦᠢᠯ ᠤᠨ ᠮᠥᠷᠳᠡᠨ ᠦᠢᠯᠡᠴᠢᠯᠡᠬᠦ ᠶᠢ ᠥᠷᠨᠢᠭᠦᠯᠦᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠪᠥᠬᠦ ᠶᠠᠪᠤᠴᠠ ᠶᠢᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ | ᠬᠠᠩᠭᠠᠬᠤ ᠶᠢ ᠵᠢᠯᠤᠭᠤᠳᠴᠤ᠂ ᠬᠥᠮᠥᠰ ᠤᠷᠢᠬᠤ ᠲᠥᠷᠥᠯ ᠵᠦᠢᠯ ᠤᠨ ᠡᠷᠲᠡᠬᠡᠨ ᠲᠥᠷᠥᠯ ᠵᠦᠢᠯ ᠲᠣᠭᠲᠠᠭᠠᠬᠤ᠂ | ᠡᠷᠲᠡ ᠠᠵᠢᠯ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠯ᠎ᠡ ᠭᠠᠵᠠᠷ ᠣᠷᠣᠨ ᠤ ᠬᠤᠯᠪᠣᠭᠳᠠᠬᠤ ᠰᠠᠯᠠᠭ᠎ᠠ | ᠮᠥᠴᠢᠷ ᠤᠳ︶ | 170᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ | ᠨᠢ ︽ᠲᠠᠨ ᠢ ᠬᠠᠪᠰᠤᠷᠤᠨ ᠭᠦᠢᠴᠡᠳᠬᠡᠬᠦ︾ ᠠᠵᠢᠯ ᠤᠨ ᠲᠤᠰᠬᠠᠢ ᠮᠡᠷᠭᠡᠵᠢᠯ ᠤᠨ ᠡᠩᠨᠡᠭᠡ ᠶᠢ ᠵᠣᠬᠢᠶᠠᠨ | ᠪᠠᠶᠢᠭᠤᠯᠤᠨ᠎ᠠ᠃ ᠣᠷᠣᠯᠠᠨ ᠭᠦᠢᠴᠡᠳᠭᠡᠭᠴᠢ ᠨᠢ ᠭᠤᠣᠯᠳᠠᠭᠤ ᠭᠤᠶᠤᠴᠢᠯᠠᠭᠴᠢ ᠳᠤ ᠲᠤᠬᠠᠶᠢᠯᠠᠭᠰᠠᠨ ᠠᠵᠢᠯ ᠤᠨ | ᠯᠠᠪᠯᠠᠭ᠎ᠠ ᠲᠤᠰᠢᠶᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠢᠳᠡᠪᠬᠢᠲᠡᠢ ᠪᠠᠷ ᠨᠡᠪᠲᠡᠷᠡᠯᠴᠡᠨ ᠬᠠᠷᠢᠯᠴᠠᠵᠤ | ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠠᠬᠢᠴᠠ ᠶᠢ ᠮᠥᠷᠳᠡᠵᠦ᠂ ᠬᠤᠯᠪᠣᠭᠳᠠᠯ ᠪᠦᠬᠦᠢ ᠠᠰᠠᠭᠤᠳᠠᠯ ᠢ ᠴᠠᠭ | ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ᠃ ᠡᠯ᠎ᠡ ᠱᠠᠲᠤᠨ ᠤ ᠪᠡᠯᠡ ᠣᠷᠣᠭᠤᠯᠤᠯᠲᠠ ᠶᠢᠨ | ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠲᠤ ᠬᠤᠯᠪᠣᠭᠳᠠᠬᠤ ᠰᠠᠯᠠᠭ᠎ᠠ ᠮᠥᠴᠢᠷ ᠤᠳ ᠨᠠᠭᠠᠲᠤ | ᠵᠠᠬ᠎ᠠ ᠳᠠᠭᠠᠨ 1 ᠣᠷᠣᠯᠠᠨ ᠭᠦᠢᠴᠡᠳᠭᠡᠭᠴᠢ ᠶᠢ ᠲᠣᠳᠣᠷᠬᠠᠶᠢᠯᠠᠵᠤ᠂ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ | ᠵᠥᠪᠳᠡᠯᠴᠡᠬᠦ ᠳᠤ ᠣᠷᠣᠯᠴᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠲᠠᠢ ᠬᠠᠮᠵᠢᠯᠴᠠᠨ | ᠬᠠᠮᠢᠶ᠎ᠠ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠣᠷᠣᠯᠠᠨ ᠭᠦᠢᠴᠡᠳᠬᠡᠬᠦ ᠬᠠᠪᠰᠤᠷᠤᠨ | ᠭᠦᠢᠴᠡᠳᠬᠡᠬᠦ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ᠃ ︵ᠡᠯ᠎ᠡ ᠭᠠᠵᠠᠷ ᠣᠷᠣᠨ ᠤ ᠬᠤᠯᠪᠣᠭᠳᠠᠬᠤ ᠰᠠᠯᠠᠭ᠎ᠠ | ᠮᠥᠴᠢᠷ ᠤᠳ︶ | 171᠂ ︽ᠲᠠᠨ ᠢ ᠬᠠᠪᠰᠤᠷᠤᠨ ᠡᠷᠭᠢᠯᠡᠬᠦ︾ ᠠᠵᠢᠯ ᠤᠨ ᠲᠤᠰᠬᠠᠢ ᠡᠩᠨᠡᠭᠡ ᠶᠢᠨ ᠤᠷᠮᠠᠰᠢᠭᠤᠯᠵᠤ ᠬᠥᠲᠥᠯᠥᠨ | ᠵᠢᠯᠤᠭᠤᠳᠬᠤ ᠶᠢ ᠴᠢᠩᠭᠠᠷᠠᠭᠤᠯᠵᠤ᠂ ᠦᠢᠯᠡᠴᠢᠯᠡᠭᠡᠨ ᠤ ᠠᠵᠤ ᠠᠬᠤᠶᠢᠯᠠᠯ ᠤᠨ ᠰᠢᠯᠢᠳᠡᠭ ᠬᠤᠪᠢ ᠬᠥᠮᠥᠨ ᠪᠠ | ᠪᠦᠯᠬᠦᠮ ᠨᠡᠶᠢᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠶᠢᠨ ᠬᠠᠮᠲᠤ ᠬᠥᠬᠢᠭᠦᠯᠦᠨ ᠰᠠᠶᠢᠰᠢᠶᠠᠨ᠎ᠠ᠃ ︵ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ | ︵ᠭᠤᠷᠪᠠ︶ ᠬᠦᠷᠢᠶᠡᠯᠡᠩ ᠲᠣᠭᠤᠷᠢᠭ ᠤᠨ ᠦᠢᠯᠡᠴᠢᠯᠡᠭᠡ᠃ ᠬᠦᠷᠢᠶᠡᠯᠡᠩ ᠲᠣᠭᠤᠷᠢᠭ ᠤᠨ ᠠᠷᠠᠯᠵᠢᠶ᠎ᠠ | ᠬᠤᠳᠠᠯᠳᠤᠭᠠᠨ ᠤ ᠣᠷᠴᠢᠨ ᠨᠥᠬᠦᠴᠡᠯ ᠢᠶᠠᠨ ᠰᠢᠯᠢᠳᠡᠭᠵᠢᠭᠦᠯᠬᠦ ᠶᠢ ᠳᠡᠮᠵᠢᠵᠦ᠂ ᠳᠠᠭᠠᠭᠠᠬᠤ ᠴᠢᠳᠠᠪᠤᠷᠢ ᠪᠠᠨ | ᠳᠡᠭᠡᠭᠰᠢᠯᠡᠭᠦᠯᠦᠨ᠎ᠡ᠃ | 172᠂ ᠨᠥᠬᠦᠴᠡᠯ ᠲᠠᠢ ᠬᠦᠷᠢᠶᠡᠯᠡᠩ ᠲᠣᠭᠤᠷᠢᠭ ᠲᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ | ᠲᠥᠪᠯᠡᠷᠡᠭᠦᠯᠦᠨ ᠭᠦᠢᠴᠡᠳᠬᠡᠬᠦ ᠴᠢᠭ᠋ ᠭᠠᠷᠭᠠᠵᠤ᠂ ᠠᠵᠤ ᠠᠬᠤᠶᠢᠯᠠᠯ ᠤᠨ ᠣᠶᠢᠷ᠎ᠠ ᠬᠠᠪᠢ ᠳᠠᠭᠠᠨ ᠳᠡᠩᠰᠡᠯᠡᠨ | ᠪᠠᠶᠢᠭᠤᠯᠬᠤ᠂ ᠢᠨᠵᠧᠨᠧᠷᠢᠩ ᠤᠨ ᠲᠥᠷᠥᠯ ᠵᠦᠢᠯ ᠢ ᠮᠡᠳᠡᠭᠦᠯᠦᠨ ᠪᠠᠶᠢᠭᠤᠯᠬᠤ ᠶᠢ ᠬᠢᠨᠠᠨ ᠵᠥᠪᠰᠢᠶᠡᠷᠡᠭᠦᠯᠬᠦ᠂ ᠥᠯᠥ | ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ᠂ ᠭᠠᠶᠢᠯᠢ ᠰᠦᠢᠳᠬᠡᠯ ᠲᠤᠰᠢᠶᠠᠬᠤ ᠵᠡᠷᠭᠡ ᠵᠦᠢᠯᠡᠰ ᠢ | ᠭᠦᠢᠴᠡᠳᠬᠡᠬᠦ ᠳᠤ ᠲᠥᠬᠦᠮ ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ︶ | 173᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠤᠰᠬᠠᠢ ᠵᠦᠢᠯ ᠤᠨ ᠪᠠᠶᠢᠳᠠᠯ ᠢ ᠣᠶᠢᠯᠠᠭᠠᠬᠤ ᠶᠢ ᠦᠷᠭᠦᠯᠵᠢᠯᠡᠨ ᠥᠷᠨᠢᠭᠦᠯᠵᠦ᠂ ᠬᠦᠷᠢᠶᠡᠯᠡᠩ | ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠰᠠᠭᠤᠳᠠᠯ ᠤᠨ ᠨᠠᠷᠢᠨ | ᠵᠢᠭᠰᠠᠭᠠᠯᠲᠠ ᠶᠢ ᠭᠠᠷᠭᠠᠵᠤ᠂ ᠬᠦᠷᠢᠶᠡᠯᠡᠩ ᠲᠣᠭᠤᠷᠢᠭ ᠢ ᠡᠮᠬᠢᠯᠡᠨ ᠨᠡᠶᠢᠯᠡᠭᠦᠯᠬᠦ ᠪᠠ ᠴᠢᠬᠤᠯᠠ ᠬᠦᠴᠦᠨ ᠵᠦᠢᠯ ᠤᠨ | ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠴᠢᠳᠠᠪᠤᠷᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠢ | ᠲᠥᠷᠥᠯ ᠱᠠᠲᠤ ᠬᠤᠪᠢᠶᠠᠨ ᠰᠢᠢᠳᠪᠦᠷᠢᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠵᠢᠭᠤᠯᠤᠯᠲᠠ ᠶᠢᠨ ᠲᠢᠩᠬᠢᠮ᠂ ᠠᠮᠢ ᠠᠬᠤᠢ ᠶᠢᠨ ᠣᠷᠴᠢᠨ ᠨᠥᠬᠦᠴᠡᠯ ᠤᠨ ᠲᠢᠩᠬᠢᠮ᠂ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | ︵ᠳᠥᠷᠪᠡ︶ ᠭᠠᠳᠠᠭᠠᠳᠤ ᠲᠠᠢ ᠬᠤᠯᠪᠣᠭᠳᠠᠬᠤ ᠦᠢᠯᠡᠴᠢᠯᠡᠭᠡ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠪᠣᠯᠣᠨ | ᠬᠢᠯᠢ ᠶᠢᠨ ᠭᠠᠳᠠᠨᠠᠬᠢ ᠬᠥᠮᠥᠰ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠮᠠᠨ ᠤ | ᠣᠷᠣᠨ ᠤ ᠥᠷᠢᠰᠦᠯᠳᠦᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | 174᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ | ᠭᠠᠳᠠᠭᠠᠳᠤ ᠳᠤ ᠬᠤᠯᠪᠣᠭᠳᠠᠬᠤ ᠦᠢᠯᠡᠴᠢᠯᠡᠭᠡᠨ ᠤ ᠲᠤᠰᠬᠠᠢ ᠪᠤᠯᠤᠩ ᠢ ᠨᠡᠭᠡᠭᠡᠵᠦ᠂ ᠭᠠᠳᠠᠭᠠᠳᠤ ᠳᠤ ᠬᠤᠯᠪᠣᠭᠳᠠᠬᠤ | ᠦᠢᠯᠡᠴᠢᠯᠡᠭᠡ ᠶᠢ ᠨᠢᠭᠡᠳᠬᠡᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ︶ | 175᠂ ᠣᠯᠠᠨ ᠬᠡᠯᠡᠨ ᠤ ᠬᠡᠪ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠵᠢᠭᠰᠠᠭᠠᠯᠲᠠ᠂ ᠬᠦᠰᠦᠨᠦᠭᠲᠦ ᠶᠢ | ᠪᠠᠶᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠠᠭᠤᠯᠭ᠎ᠠ ᠶᠢᠨ ᠬᠢᠲᠠᠳ ᠠᠩᠭ᠍ᠯᠢ ᠬᠡᠯᠡᠨ ᠤ | ᠵᠢᠯᠣᠭᠤᠳᠤᠯᠭ᠎ᠠ ᠶᠢ ᠰᠠᠶᠢᠵᠢᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ︶ | 176. ︽ᠮᠥᠩᠬᠡ ᠰᠤᠪᠠᠭ︾ ᠤᠨ APP ᠳᠤ ᠣᠯᠠᠨ ᠤᠯᠤᠰ ᠤᠨ ᠲᠤᠰᠬᠠᠢ ᠦᠢᠯᠡᠴᠢᠯᠡᠭᠡ ᠶᠢᠨ ᠲᠠᠪᠴᠠᠩ | ᠭᠠᠷᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠢᠩᠬᠢᠮ︶ | ᠲᠠᠪᠤ᠂ ᠬᠡᠷᠡᠭᠵᠢᠭᠦᠯᠬᠦ ᠪᠠᠲᠤᠯᠠᠭ᠎ᠠ | ︵ᠨᠢᠭᠡ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠡᠷᠡᠭᠵᠢᠭᠦᠯᠬᠦ ᠪᠠᠲᠤᠯᠠᠭ᠎ᠠ ᠶᠢ ᠴᠢᠩᠭᠠᠷᠠᠭᠤᠯᠤᠨ᠎ᠠ᠃ | | 177᠂ ᠡᠯ᠎ᠡ ᠭᠠᠵᠠᠷ ᠣᠷᠣᠨ ᠤ ᠬᠤᠯᠪᠣᠭᠳᠠᠬᠤ ᠰᠠᠯᠠᠭ᠎ᠠ ᠮᠥᠴᠢᠷ ᠤᠳ ᠤᠨ ᠭᠦᠢᠴᠡᠳᠬᠡᠯ ᠲᠤᠭ᠎ᠠ ᠬᠤᠪᠢᠶᠠᠨ | ᠲᠥᠰᠥᠯ ᠢᠶᠠᠨ ᠰᠤᠳᠤᠯᠤᠨ ᠲᠣᠭᠲᠠᠭᠠᠵᠤ᠂ ᠬᠠᠷᠠᠯᠲᠠ ᠡᠭᠦᠷᠭᠡ᠂ ᠠᠵᠢᠯ ᠤᠨ ᠠᠷᠭ᠎ᠠ ᠬᠡᠮᠵᠢᠶ᠎ᠡ ᠪᠠ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠵᠦᠢᠯ ᠵᠤᠷᠪᠤᠰ ᠳᠠᠷᠠᠭᠠᠯᠠᠨ ᠨᠠᠷᠢᠯᠢᠭᠵᠢᠭᠤᠯᠤᠨ ᠲᠣᠳᠣᠷᠬᠠᠶᠢᠯᠠᠵᠤ᠂ | ᠲᠥᠯᠥᠪᠯᠡᠭᠡ ᠶᠢ ᠲᠦᠯᠬᠢᠨ ᠠᠬᠢᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠡᠯ᠎ᠡ ᠵᠦᠢᠯ ᠤᠨ ᠡᠭᠦᠷᠭᠡ ᠶᠢ | ᠲᠦᠷᠭᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠭᠠᠵᠠᠷ ᠣᠷᠣᠨ ᠤ ᠪᠠᠨ ᠠᠷᠠᠯᠵᠢᠶ᠎ᠠ | ᠬᠤᠳᠠᠯᠳᠤᠭᠠᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠵᠡᠩᠨᠡᠭᠴᠢᠳ ᠦᠨᠬᠠᠷᠢᠭᠤᠴᠠᠯᠭᠠ ᠶᠢ ᠦᠨᠡᠨᠬᠦ | ᠡᠭᠦᠷᠭᠡᠯᠡᠵᠦ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠲᠣᠰ ᠲᠥᠰᠥᠯ ᠤᠨ ᠡᠯ᠎ᠡ ᠵᠦᠢᠯ ᠤᠨ | ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠲᠠᠨᠢᠵᠤ᠂ ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ ᠯᠦᠭᠡ | ᠵᠣᠯᠭᠠᠭᠤᠯᠬᠤ ᠶᠢ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠰᠤᠳᠤᠯᠵᠤ ᠵᠣᠬᠢᠴᠠᠭᠤᠯᠤᠨ ᠰᠢᠢᠳᠪᠦᠷᠢᠯᠡᠬᠦ | ᠴᠢᠬᠤᠯᠠᠲᠠᠢ ᠵᠦᠢᠯᠡᠰ ᠪᠠ ᠠᠰᠠᠭᠤᠳᠠᠯ ᠢ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠭᠠᠵᠠᠷ ᠣᠷᠣᠨ ᠤ ᠪᠣᠳᠠᠲᠠᠢ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠪᠣᠳᠠᠲᠠᠢ ᠠᠵᠢᠯ ᠤᠨ ᠲᠥᠰᠥᠯ ᠢᠶᠠᠨ ᠨᠠᠶᠢᠷᠠᠭᠤᠯᠤᠨ ᠵᠣᠬᠢᠶᠠᠵᠤ᠂ | ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠲᠥᠪᠰᠢᠨ ᠢ ᠪᠣᠳᠠᠲᠠᠢ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠤ ᠬᠤᠯᠪᠣᠭᠳᠠᠬᠤ ᠰᠠᠯᠠᠭ᠎ᠠ ᠮᠥᠴᠢᠷ ᠤᠳ ᠨᠢ | ᠠᠷᠠᠯᠵᠢᠶ᠎ᠠ ᠬᠤᠳᠠᠯᠳᠤᠭᠠᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠬᠦᠢ | ᠬᠦᠷᠢᠶ᠎ᠡ ᠴᠠᠷᠠᠭ᠎ᠠ ᠶᠢᠨ ᠬᠠᠤᠯᠢ ᠲᠣᠭᠲᠠᠭᠠᠯ ᠳᠦᠷᠢᠮ ᠲᠣᠭᠲᠠᠭᠠᠯ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠪᠠ ᠪᠤᠰᠤᠳ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠬᠤ | ᠰᠠᠨᠠᠭᠤᠯᠭ᠎ᠠ ᠶᠢᠨ ᠰᠠᠨᠠᠯ ᠢ ᠴᠠᠭ ᠲᠤᠬᠠᠢ ᠳᠤᠨᠢ ᠳᠤᠷᠠᠳᠴᠤ᠂ ᠲᠠᠰ ᠳᠠᠷᠠᠭᠠᠯᠠᠯ ᠶᠣᠰᠣᠭᠠᠷ ᠬᠤᠯᠪᠣᠭᠳᠠᠯ ᠪᠦᠬᠦᠢ | ᠪᠠᠶᠢᠭᠤᠯᠭ᠎ᠠ ᠳᠤ ᠮᠡᠳᠡᠭᠦᠯᠦᠨ ᠲᠣᠭᠲᠠᠭᠠᠯᠭᠠᠬᠤ ᠪᠤᠶᠤ ᠵᠠᠰᠠᠪᠤᠷᠢ ᠣᠷᠣᠭᠤᠯᠵᠤ᠂ ᠬᠦᠴᠦᠨ ᠦᠭᠡᠢ ᠪᠣᠯᠭᠠᠬᠤ | ᠬᠡᠷᠡᠭᠲᠡᠢ᠃ | 178᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ︽ | 12345︾ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠳᠤ ᠠᠵᠤ ᠠᠬᠤᠶᠢᠯᠠᠯ ᠤᠨ | ᠲᠤᠰᠬᠠᠢ ᠰᠠᠭᠤᠳᠠᠯ ᠲᠣᠬᠢᠷᠠᠭᠤᠯᠵᠤ᠂ ᠠᠵᠤ ᠠᠬᠤᠶᠢᠯᠠᠯ ᠤᠨ ᠭᠤᠮᠣᠳᠠᠯ ᠱᠠᠭᠠᠷᠳᠠᠯᠭ᠎ᠠ ᠶᠢ ᠠᠩᠬᠠᠷᠬᠤ ᠬᠥᠮᠥᠨ ᠲᠠᠢ | ᠪᠥᠭᠡᠳ ᠰᠢᠢᠳᠪᠦᠷᠢᠯᠡᠬᠦ ᠬᠥᠮᠥᠨ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠲᠥᠰᠥᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ | ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠡᠭᠦᠷᠭᠡ ᠶᠢ ᠨᠠᠶᠢᠳᠠᠪᠤᠷᠢᠵᠢᠭᠤᠯᠬᠤ ᠡᠬᠡ ᠲᠠᠩᠰᠠ ᠶᠢᠨ ᠳᠦᠷᠢᠮ ᠪᠠ | ᠤᠯᠠᠷᠢᠯ ᠢᠶᠠᠷ ᠮᠡᠳᠡᠭᠡᠯᠡᠬᠦ ᠳᠦᠷᠢᠮ ᠢ ᠪᠠᠶᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠤ ᠬᠤᠯᠪᠣᠭᠳᠠᠬᠤ ᠰᠠᠯᠠᠭ᠎ᠠ | ᠮᠥᠴᠢᠷ ᠤᠳ ᠤᠨ ᠡᠭᠦᠳᠡ ᠡᠷᠦᠬᠡ ᠶᠢᠨ ᠰᠦᠯᠵᠢᠶᠡᠨ ᠥᠷᠲᠡᠭᠡ ᠳᠡᠭᠡᠷ᠎ᠡ ᠲᠤᠰᠬᠠᠢ ᠪᠤᠯᠤᠩ ᠲᠣᠬᠢᠷᠠᠭᠤᠯᠤᠨ ᠡᠯ᠎ᠡ | ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠠᠬᠢᠴᠠ ᠶᠢ ᠢᠯᠡ ᠨᠡᠶᠢᠲᠡᠯᠡᠵᠦ᠂ ᠨᠡᠶᠢᠭᠡᠮ ᠤᠨ ᠦᠨᠡᠯᠡᠨ | ᠶᠠᠷᠢᠯᠴᠠᠬᠤ ᠪᠠ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃ ᠡᠭᠦᠷᠭᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠵᠠᠬ᠎ᠠ ᠳᠡᠯᠭᠡᠭᠦᠷ ᠤᠨ ᠡᠵᠡᠩᠨᠡᠭᠴᠢᠳ ᠦᠨᠬᠠᠨᠤᠮᠵᠢ ᠶᠢᠨ ᠬᠡᠮᠵᠢᠶ᠎ᠡ ᠪᠠᠷ | ᠳᠣᠣᠷ᠎ᠠ᠂ ᠵᠠᠭᠠᠯᠳᠤᠯᠭ᠎ᠠ ᠣᠯᠠᠨ ᠪᠠᠶᠢᠭ᠎ᠠ ᠰᠠᠯᠠᠭ᠎ᠠ ᠮᠥᠴᠢᠷ ᠪᠠ ᠭᠠᠵᠠᠷ ᠣᠷᠣᠨ ᠳᠤ᠂ ᠬᠤᠶᠠᠷ ᠤᠯᠠᠷᠢᠯ ᠳᠠᠷᠠᠭᠠᠯᠠᠨ | ᠨᠡᠷᠡᠰ ᠤᠨ ᠵᠢᠭᠰᠠᠭᠠᠯᠲᠠ ᠶᠢᠨ ᠠᠷᠤ ᠳᠤ ᠵᠢᠭᠰᠠᠭᠠᠭᠳᠠᠭᠰᠠᠨ ᠪᠠᠶᠢᠪᠠᠯ᠂ ᠴᠠᠭ ᠲᠤᠬᠠᠢ ᠳᠤᠨᠢ ᠵᠠᠷᠯᠠᠨ ᠮᠡᠳᠡᠭᠳᠡᠵᠦ | ᠪᠣᠯᠵᠣᠨ ᠶᠠᠷᠢᠯᠴᠠᠬᠤ ᠬᠡᠷᠡᠭᠲᠡᠢ︔ ᠭᠤᠷᠪᠠᠨ ᠤᠯᠠᠷᠢᠯ ᠳᠠᠷᠠᠭᠠᠯᠠᠨ ᠬᠤᠶᠢᠨ᠎ᠠ ᠵᠢᠭᠰᠠᠭᠠᠭᠳᠠᠭᠰᠠᠨ ᠪᠠᠶᠢᠪᠠᠯ᠂ | ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠣᠯᠣᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠮᠡᠳᠡᠭᠦᠯᠦᠨ᠎ᠡ᠃ | ︵ᠬᠤᠶᠠᠷ︶ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠰᠠᠶᠢᠨ ᠰᠠᠶᠢᠬᠠᠨ ᠠᠭᠤᠷ ᠠᠮᠢᠰᠬᠤᠯ ᠢ | ᠪᠣᠶ ᠪᠣᠯᠭᠠᠨ᠎ᠠ᠃ | 179᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ | ᠬᠢᠵᠦ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ | ᠰᠠᠭᠤᠷᠢ ᠪᠣᠯᠭᠠᠨ᠂ ᠴᠤᠪᠤᠷᠠᠯ ᠢ ᠳᠠᠬᠢᠨ ᠵᠣᠬᠢᠶᠠᠬᠤ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠬᠤ᠂ | ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠲᠦᠷᠭᠡᠳᠬᠡᠨ ᠠᠬᠢᠭᠤᠯᠵᠤ᠂ ᠣᠯᠠᠨ ᠠᠷᠭ᠎ᠠ ᠵᠠᠮ ᠢᠶᠠᠷ ᠬᠤᠯᠪᠤᠭᠠᠯᠠᠨ | ᠬᠥᠳᠡᠯᠦᠯᠴᠡᠬᠦ᠂ ᠪᠥᠬᠦ ᠴᠤᠪᠤᠷᠠᠯ ᠢ ᠴᠠᠬᠢᠮ ᠢᠶᠠᠷ ᠭᠠᠷᠭᠠᠬᠤ ᠶᠢ ᠪᠡᠶᠡᠯᠡᠭᠦᠯᠦᠨ᠂ ᠨᠠᠩ ᠣᠯᠠᠨ ᠵᠦᠢᠯᠡᠰ ᠢ | ᠴᠠᠬᠢᠮ ᠢᠶᠠᠷ ᠭᠦᠢᠴᠡᠳᠬᠡᠬᠦ ᠶᠢ ᠠᠬᠢᠭᠤᠯᠤᠨ᠎ᠠ᠃ ︽ᠨᠢᠭᠡ ᠴᠣᠩᠬᠤᠪᠴᠢ ᠪᠠᠷ ᠶᠡᠷᠦᠩᠬᠡᠶᠢᠯᠡᠨ ᠡᠷᠭᠢᠯᠡᠬᠦ︾ ᠵᠠᠭᠪᠤᠷ ᠢ | ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠴᠢᠳᠠᠮᠵᠢ ᠶᠢ | ᠰᠢᠯᠢᠳᠡᠭᠵᠢᠭᠦᠯᠦᠨ ᠨᠢᠭᠡᠳᠬᠡᠵᠦ ᠳᠡᠭᠡᠭᠰᠢᠯᠡᠭᠦᠯᠦᠨ᠎ᠡ᠃ ᠴᠣᠩᠬᠤᠪᠴᠢ ᠪᠠᠷ ᠰᠢᠮᠳᠠᠭᠤᠯᠤᠨ ᠪᠠᠶᠢᠴᠠᠭᠠᠬᠤ᠂ ᠢᠯᠡ ᠪᠠᠷ | ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠶᠢ ᠦᠷᠭᠦᠯᠵᠢᠯᠡᠨ ᠥᠷᠨᠢᠭᠦᠯᠵᠦ᠂ ᠰᠢᠮᠳᠠᠭᠤᠯᠤᠨ ᠪᠠᠶᠢᠴᠠᠭᠠᠭᠠᠳ | ᠢᠯᠡᠷᠡᠭᠦᠯᠦᠭᠰᠡᠨ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠰᠠᠶᠢᠰᠢᠶᠠᠨ ᠬᠥᠬᠢᠭᠦᠯᠵᠦ ᠤᠷᠮᠠᠰᠢᠭᠤᠯᠤᠨ | ᠵᠣᠷᠢᠭᠵᠢᠭᠤᠯᠵᠤ᠂ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠠᠴᠠ ᠬᠠᠷᠢᠭᠤᠴᠠᠯᠭ᠎ᠠ ᠨᠡᠬᠡᠮᠵᠢᠯᠡᠵᠦ ᠢᠯᠡᠴᠢᠯᠡᠨ᠎ᠡ᠃ | 180᠂ ᠠᠷᠠᠯᠵᠢᠶ᠎ᠠ ᠬᠤᠳᠠᠯᠳᠤᠭᠠᠨ ᠤ ᠣᠷᠴᠢᠨ ᠨᠥᠬᠦᠴᠡᠯ ᠤᠨ ᠤᠬᠠᠭᠤᠯᠭ᠎ᠠ ᠶᠢ ᠠᠵᠢᠯ ᠤᠨ | ᠭᠤᠣᠯᠳᠠᠯᠭ᠎ᠠ ᠳᠠᠭᠠᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠬᠤᠳᠠᠯᠳᠤᠭᠠᠨ ᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠰᠢᠨ᠎ᠡ ᠵᠢᠳᠬᠦᠯ ᠴᠢᠷᠮᠠᠶᠢᠯᠭ᠎ᠠ᠂ ᠰᠢᠨ᠎ᠡ ᠳᠦᠷᠢ ᠲᠥᠷᠬᠦ ᠶᠢ ᠪᠥᠬᠦ ᠲᠠᠯ᠎ᠠ ᠪᠠᠷ ᠪᠣᠶ | ᠪᠣᠯᠭᠠᠨ᠎ᠠ᠃ ᠡᠯ᠎ᠡ ᠭᠠᠵᠠᠷ ᠣᠷᠣᠨ ᠤ ᠬᠤᠯᠪᠣᠭᠳᠠᠬᠤ ᠰᠠᠯᠠᠭ᠎ᠠ ᠮᠥᠴᠢᠷ ᠤᠳ ᠤᠨ ᠰᠦᠯᠵᠢᠶᠡᠨ ᠥᠷᠲᠡᠭᠡ᠂ ᠰᠢᠨ᠎ᠡ | ᠵᠠᠭᠤᠴᠢᠯᠠᠭᠤᠷ ᠤᠨ ᠲᠠᠪᠴᠠᠩ ᠵᠡᠷᠭᠡ ᠳᠤ ︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ︾ | ᠲᠤᠰᠬᠠᠢ ᠪᠤᠯᠤᠩ ᠭᠠᠷᠭᠠᠵᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠴᠠᠭ ᠲᠤᠬᠠᠢ | ᠳᠤᠨᠢ ᠨᠡᠶᠢᠲᠡᠯᠡᠨ᠂ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠦᠢᠯᠡᠳᠦᠯᠭᠡ ᠪᠠ ᠦᠷ᠎ᠡ ᠪᠦᠲᠦᠮᠵᠢ ᠶᠢ ᠴᠠᠭ ᠲᠤᠬᠠᠢ ᠳᠤᠨᠢ ᠤᠬᠠᠭᠤᠯᠤᠨ ᠮᠡᠳᠡᠭᠡᠯᠡᠵᠦ᠂ | ᠨᠡᠶᠢᠲᠡᠯᠢᠭ ᠬᠡᠷᠡᠭ ᠤᠨ ᠵᠢᠱᠢᠶ᠎ᠡ ᠪᠠ ᠲᠡᠷᠢᠭᠦᠨ ᠤ ᠦᠶᠯᠡ ᠠᠵᠢᠯᠯᠠᠭ᠎ᠠ ᠶᠢ ᠤᠬᠠᠭᠤᠯᠬᠤ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ᠃ ᠠᠷᠠᠯᠵᠢᠶ᠎ᠠ ᠬᠤᠳᠠᠯᠳᠤᠭᠠᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠤᠯᠢ | ᠴᠠᠭᠠᠵᠠ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠭᠤᠣᠯᠳᠠᠯᠭ᠎ᠠ ᠲᠠᠢ ᠤᠬᠠᠭᠤᠯᠤᠨ᠎ᠠ᠃ | 181᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠨᠡᠯᠡᠨ ᠵᠢᠱᠢᠬᠦ ᠶᠢ ᠥᠷᠨᠢᠭᠦᠯᠵᠦ᠂ ᠪᠠᠶᠢᠩᠭᠤ ᠦᠨᠡᠯᠡᠨ | ᠪᠠᠶᠢᠩᠭᠤ ᠥᠭᠡᠷᠡᠴᠢᠯᠡᠬᠦ᠂ ᠦᠨᠡᠯᠡᠬᠦ ᠪᠠᠷ ᠰᠢᠯᠢᠳᠡᠭ ᠢ ᠠᠬᠢᠭᠤᠯᠬᠤ ᠬᠡᠪᠰᠢᠭᠰᠡᠨ ᠦᠨᠡᠯᠡᠨ ᠵᠢᠱᠢᠵᠦ ᠬᠢᠨᠠᠨ ᠬᠡᠮᠵᠢᠬᠦ | ᠲᠣᠭᠲᠠᠴᠠ ᠶᠢ ᠪᠠᠶᠢᠭᠤᠯᠤᠨ᠎ᠠ᠃ ᠠᠵᠤ ᠠᠬᠤᠶᠢᠯᠠᠯ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ | ᠭᠤᠣᠯᠳᠠᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠨᠡᠯᠡᠨ | ᠵᠢᠱᠢᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠪᠠ ᠠᠷᠭ᠎ᠠ ᠮᠠᠶ᠋ᠢᠭ ᠢ ᠴᠢᠨᠠᠭᠰᠢᠳᠠ ᠰᠢᠨ᠎ᠡ ᠪᠠᠷ ᠡᠭᠦᠳᠬᠦ ᠪᠠ ᠬᠠᠯᠠᠨ | ᠰᠠᠶᠢᠵᠢᠷᠠᠭᠤᠯᠵᠤ᠂ ᠦᠨᠡᠯᠡᠨ ᠵᠢᠱᠢᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠂ ᠡᠯ᠎ᠡ ᠭᠠᠵᠠᠷ ᠤᠨ | ᠰᠠᠨᠠᠭᠠᠴᠢᠯᠠᠭ᠎ᠠ ᠠᠴᠠ ᠪᠠᠨ ᠲᠡᠷᠢᠭᠦᠨ ᠤ ᠬᠢ ᠲᠠᠢ ᠠᠳᠠᠯᠢᠳᠬᠠᠬᠤ ᠶᠢ ᠪᠦᠲᠦᠮᠵᠢᠲᠡᠶ ᠠᠬᠢᠭᠤᠯᠵᠤ᠂ ᠲᠥᠷᠥ ᠶᠢᠨ | ᠪᠣᠳᠣᠯᠭ᠎ᠠ ᠶᠢᠨ ᠠᠷᠭ᠎ᠠ ᠲᠥᠪᠰᠢᠨ ᠢ ᠴᠠᠭ ᠲᠤᠬᠠᠢ ᠳᠤᠨᠢ ᠲᠡᠭᠦᠯᠳᠡᠷᠵᠢᠭᠦᠯᠦᠨ᠂ ᠪᠥᠬᠦ ᠣᠷᠣᠨ ᠤ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠲᠠᠰᠤᠷᠠᠯᠲᠠ ᠦᠭᠡᠢ ᠠᠬᠢᠭᠤᠯᠤᠨ᠎ᠠ᠃ | ᠲᠣᠰ ᠲᠥᠰᠥᠯ ᠢ ᠬᠡᠪᠯᠡᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ︽ᠥᠪᠡᠷᠲᠡᠭᠡᠨ ᠵᠠᠰᠠᠬᠤ | ᠣᠷᠣᠨ ᠤ ᠠᠷᠠᠯᠵᠢᠶ᠎ᠠ ᠬᠤᠳᠠᠯᠳᠤᠭᠠᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠥᠯ ᠢ | ᠬᠡᠪᠯᠡᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2020﹈ 9 ᠳ᠋ᠦ᠋ᠭᠡᠷ ᠲᠣᠭᠠᠲᠤ︶ ᠢ ᠬᠠᠮᠲᠤ ᠳᠤᠨᠢ | ᠬᠦᠴᠦᠨ ᠦᠭᠡᠢ ᠪᠣᠯᠭᠠᠨ᠎ᠠ᠃ | ᠮᠡᠳᠡᠭᠡ ᠵᠠᠩᠭᠢ ᠶᠢᠨ ᠢᠷᠡᠯᠲᠡ᠄ | ᠠᠯᠠᠱᠠ ᠵᠡᠭᠦᠨ ᠬᠤᠰᠢᠭᠤᠨ ᠤ | ᠠᠷᠠᠳ ᠤᠨ ᠵᠠᠰᠠᠭ ᠤᠨ | ᠣᠷᠳᠣᠨ ᠤ ᠰᠦᠯᠵᠢᠶ᠎ᠡ | |