ᠰᠢᠷ᠎ᠠ ᠯᠤᠤᠪᠠᠩ ᠤᠨ ᠰᠢᠮ᠎ᠡ ᠲᠡᠵᠢᠭᠡᠯ ᠤᠨ ᠪᠦᠷᠢᠯᠳᠦᠭᠦᠨ ᠪᠠ ᠡᠷᠡᠭᠦᠯ ᠮᠡᠨᠳᠦ ᠶᠢᠨ ᠠᠴᠢ ᠲᠤᠰᠠ
ᠨᠡᠶᠢᠲᠡᠯᠡᠭᠰᠡᠨ ᠴᠠᠭ᠄
2022/4/15
      ᠳᠤᠮᠳᠠ ᠵᠡᠷᠭᠡ ᠶᠢᠨ ᠶᠡᠭᠡ ᠪᠠᠭ᠎ᠠ ᠲᠠᠢ ᠰᠢᠷ᠎ᠠ ᠯᠤᠤᠪᠠᠩ ︵61 ᠭᠷᠡᠮ︶             ᠺᠠᠯᠤᠷᠢ᠄ 25       ᠥᠭᠡᠬᠦ᠄ 0g       ᠨᠠᠲᠷᠢ᠄ 42 ᠮᠢᠯᠢᠭᠷᠡᠮ       ᠨᠡᠭᠦᠷᠡᠰᠦ ᠤᠰᠤᠨ ᠤ ᠨᠢᠭᠡᠳᠪᠦᠷᠢ᠄ 6g       ᠰᠢᠷᠬᠡᠭ᠄ 1.5g       ᠰᠢᠬᠢᠷ᠄ 2.9g       ᠤᠭᠤᠷᠠᠭ᠄ 0.5g       ᠸᠢᠲ᠋ᠠᠮᠢᠨ A᠄ 509mcg       ᠸᠢᠲ᠋ᠠᠮᠢᠨ K:8 ᠮᠢᠺᠷᠥᠭᠷᠠᠮ       ᠨᠡᠭᠦᠷᠡᠰᠦ ᠤᠰᠤᠨ ᠤ ᠨᠢᠭᠡᠳᠪᠦᠷᠢ       128 ᠭᠷᠡᠮ ᠬᠡᠷᠴᠢᠭᠰᠡᠨ ᠲᠦᠭᠦᠬᠡᠢ ᠰᠢᠷ᠎ᠠ ᠯᠤᠤᠪᠠᠩ ᠳᠤ 12.3 ᠭᠷᠡᠮ ᠨᠡᠭᠦᠷᠡᠰᠦ ᠤᠰᠤᠨ ᠤ ᠨᠢᠭᠡᠳᠪᠦᠷᠢ᠂ 3.6 ᠭᠷᠡᠮ ᠰᠢᠷᠬᠡᠭ ᠪᠠ 6.1 ᠭᠷᠡᠮ ᠪᠠᠶᠢᠭᠠᠯᠢ ᠶᠢᠨ ᠰᠢᠬᠢᠷ ᠠᠭᠤᠯᠤᠭᠳᠠᠵᠤ ᠪᠠᠶᠢᠳᠠᠭ᠃ 1 ᠰᠢᠷ᠎ᠠ ᠯᠤᠤᠪᠠᠩ ᠢ ᠴᠢᠨᠠᠬᠤ ᠳᠤ ᠴᠢᠰᠤᠨ ᠰᠢᠬᠢᠷ ᠤᠨ ᠵᠢᠭᠠᠯᠲᠠ ᠲᠤᠭ᠎ᠠ ᠮᠠᠰᠢ ᠳᠣᠣᠷ᠎ᠠ᠂ 35᠎ ᠠᠴᠠ 43.2 ᠬᠦᠷᠲᠡᠯ᠎ᠡ ᠠᠳᠠᠯᠢ ᠦᠭᠡᠢ             ᠥᠭᠡᠬᠦ       ᠰᠢᠷ᠎ᠠ ᠯᠤᠤᠪᠠᠩ ᠤᠨ ᠥᠭᠡᠬᠦ ᠶᠢᠨ ᠠᠭᠤᠯᠤᠭᠳᠠᠴᠠ ᠬᠠᠮᠤᠭ ᠪᠠᠭ᠎ᠠ ︵ᠨᠢᠭᠡ ᠳᠤᠮᠳᠠ ᠵᠡᠷᠭᠡ ᠶᠢᠨ ᠰᠢᠷ᠎ᠠ ᠯᠤᠤᠪᠠᠩ ᠪᠠᠷᠤᠭ 0 ᠭᠷᠡᠮ᠂ 128 ᠭᠷᠡᠮ ᠬᠡᠷᠴᠢᠭᠰᠡᠨ ᠰᠢᠷ᠎ᠠ ᠯᠤᠤᠪᠠᠩ ᠵᠥᠪᠬᠡᠨ 0.3 ᠭᠷᠡᠮ︶᠂ ᠡᠭᠦᠨ ᠤ ᠳᠣᠲᠣᠷᠠᠬᠢ ᠣᠯᠠᠩᠬᠢ ᠎ ᠨᠢ ᠪᠦᠷ ᠬᠠᠨᠤᠮᠠᠯ ᠪᠤᠰᠤ ᠪᠠᠶᠢᠳᠠᠭ᠃             ᠤᠭᠤᠷᠠᠭ       ᠰᠢᠷ᠎ᠠ ᠯᠤᠤᠪᠠᠩ ᠤᠨ ᠤᠭᠤᠷᠠᠭ ᠤᠨ ᠠᠭᠤᠯᠤᠭᠳᠠᠴᠠ ᠣᠨᠴᠠᠭᠠᠶ ᠥᠨᠳᠥᠷ ᠪᠢᠰᠢ᠃ 128 ᠭᠷᠡᠮ ᠰᠢᠷ᠎ᠠ ᠯᠤᠤᠪᠠᠩ ᠵᠥᠪᠬᠡᠨ 1.2 ᠭᠷᠡᠮ ᠤᠭᠤᠷᠠᠭ ᠠᠭᠤᠯᠤᠭᠳᠠᠳᠠᠭ᠃             ᠸᠢᠲ᠋ᠠᠮᠢᠨ ᠪᠣᠯᠣᠨ ᠡᠷᠦᠳᠡᠰᠦ ᠪᠣᠳᠠᠰ       ᠰᠢᠷ᠎ᠠ ᠯᠤᠤᠪᠠᠩ ᠪᠣᠯ ᠸᠢᠲ᠋ᠠᠮᠢᠨ A᠎ ᠶᠢᠨ ᠬᠠᠮᠤᠭ ᠤᠨ ᠰᠠᠶᠢᠨ ᠢᠷᠡᠯᠲᠡ ᠪᠣᠯᠬᠤ ᠶᠤᠮ᠂ ᠣᠨᠴᠠᠭᠠᠶᠢᠯᠠᠨ β ᠰᠢᠷ᠎ᠠ ᠯᠤᠤᠪᠠᠩ ᠤᠨ ᠡᠳ᠋ ᠪᠣᠯ ᠲᠡᠭᠦᠨ ᠤ ᠤᠯᠠᠪᠤᠷ ᠥᠩᠭᠡ ᠶᠢᠨ ᠰᠢᠯᠲᠠᠭᠠᠨ ᠪᠣᠯᠣᠨ᠎ᠠ᠃ ᠰᠢᠷ᠎ᠠ ᠯᠤᠤᠪᠠᠩ ᠳᠤ ᠪᠠᠰᠠ ᠺᠠᠯᠢ ᠂ ᠺᠠᠯᠼ᠂ ᠮᠠᠭᠨᠢ᠂ ᠹᠣᠰᠹᠣᠷ᠂ ᠨᠠᠪᠴᠢᠨ ᠬᠦᠴᠢᠯ᠂ ᠸᠢᠲ᠋ᠠᠮᠢᠨ E ᠪᠣᠯᠣᠨ ᠸᠢᠲ᠋ᠠᠮᠢᠨ K᠎ ᠢ ᠬᠠᠩᠭᠠᠳᠠᠭ᠃             ᠺᠠᠯᠤᠷᠢ       61 ᠭᠷᠡᠮ ᠰᠢᠷ᠎ᠠ ᠯᠣᠣᠪᠠᠩ ᠨᠢ 25 ᠺᠠᠯᠤᠷᠢ ᠢᠯᠴᠢ ᠶᠢᠨ ᠬᠡᠮᠵᠢᠶ᠎ᠡ ᠶᠢ ᠬᠠᠩᠭᠠᠳᠠᠭ᠂ ᠡᠭᠦᠨ ᠳᠤ 86%᠎ ᠨᠢ ᠨᠡᠭᠦᠷᠡᠰᠦ ᠤᠰᠤᠨ ᠤ ᠨᠢᠭᠡᠳᠪᠦᠷᠢ ᠠᠴᠠ ᠢᠷᠡᠳᠡᠭ᠂ 9%᠎ ᠨᠢ ᠤᠭᠤᠷᠠᠭ ᠠᠴᠠ ᠢᠷᠡᠳᠡᠭ᠂ 5%᠎ ᠨᠢ ᠥᠭᠡᠬᠦ ᠠᠴᠠ ᠢᠷᠡᠳᠡᠭ᠃       ᠬᠤᠷᠢᠶᠠᠩᠭᠤᠶᠢᠯᠠᠪᠠᠯ       ᠰᠢᠷ᠎ᠠ ᠯᠤᠤᠪᠠᠩ ᠪᠣᠯ ᠨᠡᠭᠦᠷᠡᠰᠦ ᠤᠰᠤᠨ ᠤ ᠨᠢᠭᠡᠳᠪᠦᠷᠢ ᠪᠣᠯᠣᠨ ᠰᠢᠷᠬᠡᠭᠯᠢᠭ ᠤᠨ ᠡᠷᠡᠭᠦᠯ ᠮᠡᠨᠳᠦ ᠶᠢᠨ ᠢᠷᠡᠯᠲᠡ ᠮᠥᠨ᠂ ᠡᠭᠦᠨ ᠤ ᠬᠠᠮᠲᠤ ᠥᠭᠡᠬᠦ᠂ ᠤᠭᠤᠷᠠᠭ ᠪᠣᠯᠣᠨ ᠨᠠᠲᠷᠢ ᠶᠢᠨ ᠠᠭᠤᠯᠤᠭᠳᠠᠴᠠ ᠳᠣᠣᠷ᠎ᠠ ᠪᠠᠶᠢᠳᠠᠭ᠃ ᠰᠢᠷ᠎ᠠ ᠯᠤᠤᠪᠠᠩ ᠳᠤ ᠸᠢᠲ᠋ᠠᠮᠢᠨ A ᠡᠯᠪᠡᠭ ᠠᠭᠤᠯᠤᠭᠳᠠᠬᠤ ᠶᠢᠨ ᠬᠠᠮᠲᠤ ᠶᠡᠭᠡ ᠬᠡᠮᠵᠢᠶᠡᠨ ᠤ ᠪᠤᠰᠤᠳ ᠰᠢᠮ᠎ᠡ ᠲᠡᠵᠢᠭᠡᠯ ᠤᠨ ᠡᠳ᠋ ᠠᠭᠤᠯᠤᠭᠳᠠᠵᠤ ᠪᠠᠶᠢᠳᠠᠭ᠂ ᠵᠢᠱᠢᠶᠡᠯᠡᠪᠡᠯ ᠸᠢᠲ᠋ᠠᠮᠢᠨ K᠂ ᠺᠠᠯᠢ᠂ ᠺᠠᠯᠼ᠂ ᠮᠠᠭᠨᠢ ᠪᠠ ᠨᠠᠪᠴᠢᠨ ᠤ ᠬᠦᠴᠢᠯ ᠵᠡᠷᠭᠡ᠃             ᠡᠷᠡᠭᠦᠯ ᠮᠡᠨᠳᠦ ᠳᠤ ᠠᠰᠢᠭᠲᠠᠢ ᠲᠠᠯ᠎ᠠ       ᠰᠢᠷ᠎ᠠ ᠯᠤᠤᠪᠠᠩ ᠤᠨ ᠡᠷᠡᠭᠦᠯ ᠮᠡᠨᠳᠦ ᠳᠤ ᠦᠵᠡᠭᠦᠯᠬᠦ ᠢᠳᠡᠪᠬᠢᠲᠡᠢ ᠨᠥᠯᠥᠭᠡ ᠨᠢ ᠭᠤᠣᠯᠳᠠᠭᠤ ᠲᠡᠭᠦᠨ ᠤ ᠲᠥᠷᠥᠯ ᠤᠨ ᠰᠢᠷ᠎ᠠ ᠯᠤᠤᠪᠠᠩ ᠤᠨ ᠡᠳ᠋ ᠤᠨ ᠠᠭᠤᠯᠤᠭᠳᠠᠴᠠ ︵ᠸᠢᠲ᠋ᠠᠮᠢᠨ A︶᠎ ᠠᠴᠠ ᠪᠣᠯᠤᠭᠰᠠᠨ ᠶᠤᠮ᠃ ᠰᠢᠷ᠎ᠠ ᠯᠤᠤᠪᠠᠩ ᠨᠢ ᠪᠠᠰᠠ ᠨᠡᠯᠢᠶᠡᠳ ᠬᠡᠮᠵᠢᠶᠡᠨ ᠤ ᠰᠢᠷᠬᠡᠭᠯᠢᠭ ᠢ ᠬᠠᠩᠭᠠᠵᠤ᠂ ᠲᠡᠭᠦᠨ ᠤ ᠥᠪᠡᠷ ᠤᠨ ᠬᠢᠨᠢ ᠮᠠᠰᠢ ᠣᠯᠠᠨ ᠰᠠᠶᠢᠨ ᠲᠠᠯ᠎ᠠ ᠶᠢ ᠬᠠᠩᠭᠠᠵᠤ ᠪᠠᠶᠢᠨ᠎ᠠ᠃             ᠵᠢᠷᠦᠬᠡ ᠴᠢᠰᠤᠨ ᠰᠤᠳᠠᠯ ᠤᠨ ᠡᠷᠡᠭᠦᠯ ᠮᠡᠨᠳᠦ ᠶᠢ ᠳᠡᠮᠵᠢᠬᠦ       ᠰᠢᠷ᠎ᠠ ᠯᠤᠤᠪᠠᠩ ᠳᠤ ᠬᠡᠳᠦᠨ ᠵᠦᠢᠯ ᠤᠨ ᠢᠰᠦᠯᠳᠦᠬᠦ ᠶᠢ ᠡᠰᠡᠷᠭᠦᠴᠡᠬᠦ ᠪᠠ ᠦᠷᠪᠢᠰᠦᠯ ᠢ ᠡᠰᠡᠷᠭᠦᠴᠡᠬᠦ ᠦᠢᠯᠡᠳᠦᠯ ᠲᠠᠢ ᠤᠷᠭᠤᠮᠠᠯ ᠤᠨ ᠬᠢᠮᠢ ᠶᠢᠨ ᠪᠣᠳᠠᠰ ᠠᠭᠤᠯᠵᠤ᠂ ᠵᠢᠷᠦᠬᠡᠨ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠪᠠᠭᠠᠰᠬᠠᠬᠤ ᠳᠤ ᠲᠤᠰᠠᠲᠠᠢ᠃ ᠰᠢᠷ᠎ᠠ ᠯᠤᠤᠪᠠᠩ ᠤᠨ ᠳᠣᠲᠣᠷᠠᠬᠢ ᠣᠯᠠᠨᠴᠢ ᠹᠧᠨᠤᠯ ᠨᠢ ᠰᠥᠰᠥᠨ ᠤ ᠰᠢᠩᠭᠡᠨ ᠤ ᠰᠢᠭᠦᠷᠡᠯᠲᠡ ᠶᠢ ᠨᠡᠮᠡᠭᠳᠡᠭᠦᠯᠬᠦ ᠶᠢᠨ ᠤᠯᠠᠮ ᠠᠴᠠ ᠰᠥᠰᠥᠨ ᠤ ᠴᠢᠯᠠᠭᠤᠯᠢᠭ ᠠᠯᠺᠣᠣᠯ ᠪᠣᠯᠣᠨ ᠭᠯᠢᠽᠥᠷᠢᠨᠲᠦ ᠭᠤᠷᠪᠠᠴᠢ ᠡᠰᠲ᠋ᠥᠷ ᠤᠨ ᠬᠡᠮᠵᠢᠶ᠎ᠡ ᠶᠢ ᠪᠠᠭᠤᠷᠠᠭᠤᠯᠬᠤ ᠶᠢ ᠨᠢᠭᠡᠨᠲᠡ ᠭᠡᠷᠡᠴᠢᠯᠡᠭᠰᠡᠨ ᠪᠠᠶᠢᠨ᠎ᠠ᠃             ᠰᠢᠷ᠎ᠠ ᠯᠤᠤᠪᠠᠩ ᠤᠨ ᠳᠣᠲᠣᠷᠠᠬᠢ ᠰᠢᠷᠬᠡᠭ ᠨᠢ ᠪᠠᠰᠠ ᠰᠥᠰᠥᠨ ᠤ ᠭᠤᠨᠠᠨ ᠠᠯᠺᠣᠣᠯ ᠢ ᠪᠠᠭᠤᠷᠠᠭᠤᠯᠬᠤ ᠳᠤ ᠲᠤᠰᠠᠲᠠᠢ᠃ ᠡᠭᠦᠨ ᠠᠴᠠ ᠭᠠᠳᠠᠨ᠎ᠠ᠂ 9%᠎ ᠶᠢᠨ ᠺᠠᠯᠢ ᠠᠭᠤᠯᠤᠭᠳᠠᠳᠠᠭ᠃ ᠺᠠᠯᠢ ᠨᠢ ᠴᠢᠰᠤᠨ ᠳᠠᠷᠤᠯᠲᠠ ᠶᠢᠨ ᠬᠡᠮᠵᠢᠶ᠎ᠡ ᠶᠢ ᠳᠣᠷᠣᠭᠰᠢᠯᠠᠭᠤᠯᠤᠨ᠎ᠠ᠃             ᠬᠠᠷᠠᠭ᠎ᠠ ᠬᠠᠮᠠᠭᠠᠯᠠᠬᠤ       ᠰᠢᠷ᠎ᠠ ᠯᠤᠤᠪᠠᠩ ᠪᠣᠯ ᠸᠢᠲ᠋ᠠᠮᠢᠨ A᠎ ᠶᠢᠨ ᠬᠠᠮᠤᠭ ᠤᠨ ᠰᠠᠶᠢᠨ ᠢᠷᠡᠯᠲᠡ ᠮᠥᠨ᠂ ᠡᠭᠦᠨ ᠳᠤ ᠰᠢᠷ᠎ᠠ ᠯᠤᠤᠪᠠᠩ ᠤᠨ ᠡᠳ᠋ ᠤᠨ ᠨᠠᠪᠴᠢᠨ ᠤ ᠰᠢᠷ᠎ᠠ ᠡᠳ᠋ ᠪᠠ ᠡᠷᠳᠡᠨᠢ ᠰᠢᠰᠢ ᠶᠢᠨ ᠰᠢᠷ᠎ᠠ ᠡᠳ᠋ ᠪᠠᠭᠲᠠᠨ᠎ᠠ᠃ ᠡᠳᠡᠭᠡᠷ ᠨᠢᠭᠡᠳᠪᠦᠷᠢ ᠨᠢ ᠶᠡᠷᠦ ᠳᠡᠭᠡᠨ ᠨᠢᠳᠦᠨ ᠤ ᠲᠣᠣᠷᠯᠢᠭ ᠪᠦᠷᠬᠦᠪᠴᠢ ᠳᠤ ᠪᠥᠭᠡᠮᠨᠡᠷᠡᠳᠡᠭ ᠤᠴᠢᠷ ᠠᠴᠠ ᠨᠠᠰᠤ ᠵᠢᠯ ᠲᠠᠢ ᠬᠤᠯᠪᠣᠭᠳᠠᠬᠤ ᠰᠢᠷ᠎ᠠ ᠲᠣᠯᠪᠤ ᠶᠢᠨ ᠴᠢᠨᠠᠷ ᠬᠤᠪᠢᠷᠠᠬᠤ ᠶᠢ ᠰᠡᠷᠭᠡᠶᠢᠯᠡᠬᠦ ᠳᠤ ᠣᠨᠴᠠ ᠲᠤᠰᠠᠲᠠᠢ ᠪᠠᠶᠢᠳᠠᠭ᠃             ᠰᠢᠷ᠎ᠠ ᠯᠤᠤᠪᠠᠩ ᠪᠠ ᠪᠤᠰᠤᠳ ᠤᠯᠠᠪᠤᠷ ᠥᠩᠭᠡᠲᠡᠢ ᠨᠣᠭᠤᠭ᠎ᠠ ᠶᠢ ᠦᠷᠭᠦᠯᠵᠢ ᠢᠳᠡᠬᠦ ᠨᠢ ᠨᠢᠳᠦᠨ ᠤ ᠬᠥᠭᠰᠢᠷᠡᠯ ᠪᠠ ᠣᠷᠴᠢᠨ ᠲᠣᠭᠤᠷᠢᠨ ᠤ ᠡᠪᠳᠡᠯᠡᠭᠡ ᠳᠤ ᠨᠥᠯᠥᠭᠡᠯᠡᠭᠳᠡᠬᠦ ᠶᠢ ᠰᠡᠷᠭᠡᠶᠢᠯᠡᠬᠦ ᠰᠠᠶᠢᠨ ᠠᠷᠭ᠎ᠠ ᠪᠣᠯᠣᠨ᠎ᠠ᠃             ᠰᠢᠳᠦᠨ ᠤ ᠡᠷᠡᠭᠦᠯ ᠴᠢᠭᠢᠷᠠᠭ ᠢ ᠰᠠᠶᠢᠵᠢᠷᠠᠭᠤᠯᠬᠤ       ᠰᠤᠳᠤᠯᠭᠠᠨ ᠠᠴᠠ ᠦᠵᠡᠪᠡᠯ᠂ ᠰᠢᠷ᠎ᠠ ᠯᠤᠤᠪᠠᠩ ᠪᠣᠯᠣᠨ ᠪᠤᠰᠤᠳ ᠢᠳᠡᠰᠢᠨ ᠨᠣᠭᠤᠭ᠎ᠠ ︵ᠳᠠᠪᠤᠰᠤᠯᠠᠭᠰᠠᠨ ᠨᠣᠭᠤᠭᠠᠨ ᠨᠠᠪᠴᠢᠲᠤ ᠢᠳᠡᠰᠢᠨ ᠨᠣᠭᠤᠭ᠎ᠠ᠂ ᠲᠦᠭᠦᠬᠡᠢ ᠨᠣᠭᠤᠭ᠎ᠠ / ᠪᠥᠭᠡᠷᠡᠩᠬᠡᠢ ᠴᠠᠭᠠᠨ ᠨᠣᠭᠤᠭ᠎ᠠ᠂ ᠨᠣᠭᠤᠭᠠᠨ ᠨᠠᠪᠴᠢᠲᠤ ᠢᠳᠡᠰᠢᠨ ᠨᠣᠭᠤᠭ᠎ᠠ᠂ ᠯᠠᠩᠭᠤᠸᠠ ᠪᠣᠯᠣᠨ ᠴᠠᠭᠠᠨ ᠨᠣᠭᠤᠭ᠎ᠠ︶᠎ ᠪᠠᠷ ᠳᠡᠮᠵᠢᠨ ᠰᠢᠩᠭᠡᠭᠡᠵᠦ ᠠᠪᠤᠭᠰᠠᠨ β ᠰᠢᠷ᠎ᠠ ᠯᠤᠤᠪᠠᠩ ᠤᠨ ᠡᠳ᠋ ᠨᠢ ᠨᠡᠯᠢᠶᠡᠳ ᠥᠨᠳᠥᠷ ᠪᠠᠶᠢᠳᠠᠭ᠃ ᠰᠢᠳᠦ ᠶᠢ ᠬᠠᠮᠠᠭᠠᠯᠠᠬᠤ ᠦᠢᠯᠡᠳᠦᠯ ᠲᠠᠢ᠃                   ᠲᠠᠨᠢᠨ ᠮᠡᠳᠡᠬᠦᠢ ᠶᠢᠨ ᠮᠠᠭᠤᠳᠠᠯ ᠢ ᠰᠡᠷᠭᠡᠶᠢᠯᠡᠬᠦ       ᠰᠢᠷ᠎ᠠ ᠯᠤᠤᠪᠠᠩ ᠪᠣᠯᠣᠨ ᠪᠤᠰᠤᠳ ᠰᠢᠮ᠎ᠡ ᠲᠡᠵᠢᠭᠡᠯ ᠡᠯᠪᠡᠭ ᠢᠳᠡᠰᠢᠨ ᠨᠣᠭᠤᠭ᠎ᠠ ᠶᠢ ᠰᠢᠩᠭᠡᠬᠡᠨ ᠠᠪᠬᠤ ᠬᠡᠮᠵᠢᠶ᠎ᠡ ᠨᠡᠮᠡᠭᠳᠡᠪᠡᠯ ᠮᠡᠨᠡᠭ ᠡᠪᠡᠳᠴᠢᠨ ᠳᠤ ᠨᠡᠷᠪᠡᠭᠳᠡᠬᠦ ᠠᠶᠤᠯ ᠢ ᠪᠠᠭᠠᠰᠬᠠᠵᠤ ᠪᠣᠯᠳᠠᠭ᠃ ᠪᠣᠯᠭᠤᠭᠰᠠᠨ ᠰᠢᠷ᠎ᠠ ᠯᠤᠤᠪᠠᠩ ᠪᠣᠯᠣᠨ ᠲᠦᠭᠦᠬᠡᠢ ᠰᠢᠷ᠎ᠠ ᠯᠤᠤᠪᠠᠩ ᠢᠳᠡᠬᠦ ᠨᠢ ᠲᠠᠷᠢᠬᠢ ᠲᠣᠯᠣᠭᠠᠢ ᠶᠢ             ᠥᠮᠡᠨ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠪᠠᠭᠠᠰᠬᠠᠬᠤ       ᠰᠢᠷ᠎ᠠ ᠯᠤᠤᠪᠠᠩ ᠤᠨ ᠳᠣᠲᠣᠷᠠᠬᠢ ᠸᠢᠲ᠋ᠠᠮᠢᠨ A᠎ ᠨᠢ DNA᠎ ᠶᠢ ᠥᠮᠡᠨ ᠡᠪᠡᠳᠴᠢᠨ ᠤ ᠢᠰᠦᠯᠳᠦᠨ ᠭᠡᠮᠲᠦᠬᠦ ᠠᠴᠠ ᠰᠡᠷᠭᠡᠶᠢᠯᠡᠵᠦ ᠴᠢᠳᠠᠨ᠎ᠠ᠃ ᠰᠢᠷ᠎ᠠ ᠯᠤᠤᠪᠠᠩ ᠳᠤ ᠰᠢᠷ᠎ᠠ᠂ ᠤᠯᠠᠪᠤᠷ᠂ ᠤᠯᠠᠭᠠᠨ᠂ ᠪᠣᠷᠣ ᠵᠡᠷᠭᠡ ᠣᠯᠠᠨ ᠵᠦᠢᠯ ᠤᠨ ᠥᠩᠭᠡ ᠪᠠᠶᠢᠳᠠᠭ᠂ ᠥᠩᠭᠡ ᠪᠦᠷᠢ ᠳᠤ ᠴᠥᠮ ᠠᠳᠠᠯᠢ ᠪᠤᠰᠤ ᠬᠢᠷᠢ ᠲᠦᠪᠰᠢᠨ ᠪᠠ ᠲᠥᠷᠥᠯ ᠬᠡᠯᠪᠡᠷᠢ ᠶᠢᠨ ᠢᠰᠦᠯᠳᠦᠬᠦ ᠶᠢ ᠡᠰᠡᠷᠭᠦᠴᠡᠬᠦ ᠡᠳ᠋ ᠠᠭᠤᠯᠵᠤ ᠪᠠᠶᠢᠳᠠᠭ᠃             ᠤᠯᠠᠪᠤᠷ ᠰᠢᠷ᠎ᠠ ᠯᠤᠤᠪᠠᠩ ᠳᠤ β ᠰᠢᠷ᠎ᠠ ᠯᠤᠤᠪᠠᠩ ᠤᠨ ᠡᠳ᠋ ᠡᠯᠪᠡᠭ ᠠᠭᠤᠯᠤᠭᠳᠠᠵᠤ᠂ ᠰᠢᠷ᠎ᠠ ᠯᠤᠤᠪᠠᠩ ᠳᠤ ᠨᠠᠪᠴᠢᠨ ᠤ ᠰᠢᠷ᠎ᠠ ᠡᠳ᠋ ᠡᠯᠪᠡᠭ ᠠᠭᠤᠯᠤᠭᠳᠠᠵᠤ᠂ ᠤᠯᠠᠭᠠᠨ ᠰᠢᠷ᠎ᠠ ᠯᠤᠤᠪᠠᠩ ᠳᠤ ᠲᠥᠪᠡᠳ ᠬᠠᠰᠢ ᠶᠢᠨ ᠤᠯᠠᠭᠠᠨ ᠡᠳ᠋ ᠡᠯᠪᠡᠭ ᠠᠭᠤᠯᠤᠭᠳᠠᠵᠤ᠂ ᠪᠣᠷᠣ ᠰᠢᠷ᠎ᠠ ᠯᠤᠤᠪᠠᠩ ᠳᠤ ᠴᠡᠴᠡᠭ ᠤᠨ ᠬᠥᠬᠡ ᠡᠳ᠋ ᠡᠯᠪᠡᠭ ᠠᠭᠤᠯᠤᠭᠳᠠᠵᠤ ᠪᠠᠶᠢᠳᠠᠭ᠃ ᠪᠣᠷᠣ ᠥᠩᠭᠡᠲᠡᠢ ᠰᠢᠷ᠎ᠠ ᠯᠤᠤᠪᠠᠩ ᠠᠴᠠ ᠭᠠᠷᠭᠠᠵᠤ ᠠᠪᠤᠭᠰᠠᠨ ᠪᠣᠳᠠᠰ ᠨᠢ ᠬᠤᠲᠣᠷᠢᠩᠬᠠᠢ ᠭᠡᠳᠡᠰᠦᠨ ᠤ ᠡᠰ ᠢ 20%᠎ ᠠᠴᠠ ᠳᠡᠭᠡᠭᠰᠢ ᠢᠰᠦᠯᠳᠦᠬᠦ ᠴᠢᠨᠠᠷᠲᠠᠢ DNA᠎ ᠶᠢᠨ ᠭᠡᠮᠲᠦᠯ ᠠᠴᠠ ᠬᠠᠮᠠᠭᠠᠯᠠᠵᠤ ᠴᠢᠳᠠᠨ᠎ᠠ ᠭᠡᠳᠡᠭ ᠢ ᠨᠢᠭᠡᠨᠲᠡ ᠭᠡᠷᠡᠴᠢᠯᠡᠭᠰᠡᠨ ᠪᠠᠶᠢᠨ᠎ᠠ᠃ 3 ᠠᠳᠠᠯᠢ ᠪᠤᠰᠤ ᠥᠩᠭᠡ ᠶᠢᠨ ᠰᠢᠷ᠎ᠠ ᠯᠤᠤᠪᠠᠩ ᠤᠨ ᠳᠣᠲᠣᠷᠠᠬᠢ ᠢᠰᠦᠯᠳᠦᠬᠦ ᠶᠢ ᠡᠰᠡᠷᠭᠦᠴᠡᠬᠦ ᠡᠳ᠋ ᠨᠢ ᠪᠥᠬᠦ ᠪᠡᠶ᠎ᠡ ᠳᠤ ᠦᠢᠯᠡᠳᠦᠯ ᠦᠵᠡᠭᠦᠯᠵᠦ᠂ ᠥᠮᠡᠨ ᠢ ᠰᠡᠷᠭᠡᠶᠢᠯᠡᠬᠦ ᠳᠤ ᠲᠤᠰᠠᠲᠠᠢ ᠪᠠᠶᠢᠳᠠᠭ᠃             ᠬᠠᠷᠰᠢᠯ       ᠬᠡᠷᠪᠡ ᠲᠠ ᠴᠠᠭᠠᠨ ᠬᠤᠰᠤ ᠮᠣᠳᠣᠨ ᠤ ᠴᠡᠴᠡᠭ ᠤᠨ ᠲᠣᠭᠤᠰᠣ ᠳᠤ ᠬᠠᠷᠰᠢᠪᠠᠯ ᠰᠢᠷ᠎ᠠ ᠯᠤᠤᠪᠠᠩ ᠠᠴᠠ ᠡᠭᠦᠰᠦᠭᠰᠡᠨ ᠰᠣᠯᠪᠢᠴᠠᠯ ᠤᠨ ᠤᠷᠪᠠᠯ ᠳᠤ ᠤᠴᠠᠷᠠᠵᠤ ᠮᠡᠳᠡᠨ᠎ᠡ᠂ ᠡᠭᠦᠨ ᠢ ᠠᠮᠠᠨ ᠬᠥᠨᠳᠡᠢ ᠶᠢᠨ ᠬᠠᠷᠰᠢᠮᠠᠲᠠᠭᠠᠢ ᠬᠤᠷᠠᠮᠠᠯ ᠭᠡᠮ ᠭᠡᠨ᠎ᠡ᠃ ᠡᠪᠡᠳᠴᠢᠨ ᠤ ᠢᠯᠡᠷᠡᠯ ᠨᠢ ᠬᠦᠷᠦᠯᠴᠡᠭᠰᠡᠨ ᠤ ᠳᠠᠷᠠᠭ᠎ᠠ ᠳᠣᠣᠷ᠎ᠠ ᠪᠠᠨ ᠪᠤᠶᠤ ᠨᠢᠭᠡ ᠴᠠᠭ ᠤᠨ ᠳᠣᠲᠣᠷ᠎ᠠ ᠢᠯᠡᠷᠡᠬᠦ ᠮᠠᠭᠠᠳ᠃ ᠬᠡᠷᠪᠡ ᠲᠠ ᠰᠢᠷ᠎ᠠ ᠯᠤᠤᠪᠠᠩ ᠳᠤ ᠬᠠᠷᠰᠢᠬᠤ ᠪᠤᠶᠤ ᠠᠮᠠᠨ ᠬᠥᠨᠳᠡᠢ ᠳᠤ ᠬᠠᠷᠰᠢᠬᠤ ᠨᠡᠶᠢᠯᠡᠭ ᠬᠡᠮ ᠭᠡᠵᠦ ᠰᠡᠵᠢᠭᠯᠡᠵᠦ ᠪᠠᠶᠢᠪᠠᠯ᠂ ᠬᠠᠷᠰᠢᠮᠠᠲᠠᠭᠠᠢ ᠡᠪᠡᠳᠴᠢᠨ ᠤ ᠲᠤᠰᠬᠠᠢ ᠰᠠᠯᠠᠭᠠᠨ ᠤ ᠡᠮᠴᠢ ᠠᠴᠠ ᠠᠰᠠᠭᠤᠨ ᠯᠠᠪᠯᠠᠭᠠᠷᠠᠢ᠃             ᠠᠰᠢᠭ ᠦᠭᠡᠢ ᠨᠥᠯᠥᠭᠡ       ᠰᠢᠷ᠎ᠠ ᠯᠤᠤᠪᠠᠩ ᠨᠢ ᠠᠶᠤᠯ ᠲᠦᠭᠰᠢᠭᠦᠷᠢ ᠶᠢᠨ ᠭᠠᠵᠢᠭᠤ ᠦᠢᠯᠡᠳᠦᠯ ᠢ ᠡᠭᠦᠰᠬᠡᠬᠦ ᠦᠭᠡᠢ᠂ ᠭᠡᠪᠡᠴᠦ ᠲᠠ ᠬᠡᠷᠪᠡ ᠶᠡᠭᠡ ᠬᠡᠮᠵᠢᠶᠡᠨ ᠤ ᠰᠢᠷ᠎ᠠ ᠯᠤᠤᠪᠠᠩ ︵ᠡᠰᠡᠬᠦᠯ᠎ᠡ ᠪᠤᠰᠤᠳ β ᠰᠢᠷ᠎ᠠ ᠯᠤᠤᠪᠠᠩ ᠤᠨ ᠡᠳ᠋ ᠡᠯᠪᠡᠭ ᠠᠭᠤᠯᠤᠭᠰᠠᠨ ᠢᠳᠡᠭᠡᠨ︶᠎ ᠢ ᠢᠳᠡᠪᠡᠯ ᠳᠠᠷᠤᠢ ᠨᠢᠭᠡ ᠵᠦᠢᠯ ᠤᠨ ᠰᠢᠷ᠎ᠠ ᠯᠤᠤᠪᠠᠩ ᠤᠨ ᠡᠳ᠋ ᠤᠨ ᠴᠢᠰᠤᠨ ᠭᠡᠮ ᠭᠡᠳᠡᠭ ᠬᠤᠣᠷ ᠦᠭᠡᠢ ᠡᠪᠡᠳᠴᠢᠨ ᠳᠤ ᠨᠡᠷᠪᠡᠭᠳᠡᠬᠦ ᠪᠣᠯᠣᠯᠴᠠᠭ᠎ᠠ ᠲᠠᠢ᠃ ᠵᠷ᠎ᠠ ᠯᠤᠤᠪᠠᠩ ᠤᠨ ᠡᠳ᠋ ᠤᠨ ᠴᠢᠰᠤᠨ ᠭᠡᠮ ᠪᠣᠯ ᠨᠢᠭᠡ ᠵᠦᠢᠯ ᠤᠨ ᠠᠷᠠᠰᠤ ᠰᠢᠷᠠᠯᠠᠬᠤ ᠪᠥᠭᠡᠳ ᠲᠡᠷᠡ ᠨᠢ ᠶᠡᠷᠦ ᠳᠡᠭᠡᠨ β — ᠰᠢᠷ᠎ᠠ ᠯᠤᠤᠪᠠᠩ ᠤᠨ ᠡᠳ᠋ ᠤᠨ ᠬᠤᠷᠣᠭᠳᠠᠯ ᠢ ᠪᠠᠭᠠᠰᠬᠠᠭᠰᠠᠨ ᠤ ᠳᠠᠷᠠᠭ᠎ᠠ ᠡᠷᠡᠭᠦᠯᠰᠢᠨ᠎ᠡ᠃             ᠰᠢᠷ᠎ᠠ ᠯᠤᠤᠪᠠᠩ ᠤᠨ ᠴᠢᠨᠠᠷ ᠢ ᠪᠠᠲᠤᠯᠠᠬᠤ ᠬᠤᠭᠤᠴᠠᠭ᠎ᠠ ᠤᠷᠲᠤ ᠪᠣᠯᠬᠤᠷ ᠲᠠ ᠨᠢᠭᠡ ᠵᠢᠯ ᠤᠨ ᠳᠣᠲᠣᠷᠠᠬᠢ ᠠᠯᠢ ᠴᠤ ᠦᠶ᠎ᠡ ᠳᠤ ᠲᠡᠭᠦᠨ ᠢ ᠢᠳᠡᠵᠦ ᠪᠣᠯᠣᠨ᠎ᠠ᠃ ᠰᠢᠷ᠎ᠠ ᠯᠤᠤᠪᠠᠩ ᠢ ᠲᠣᠬᠢᠷᠠᠮᠵᠢᠲᠠᠢ ᠨᠥᠬᠦᠴᠡᠯ ᠳᠤ 4᠎ ᠠᠴᠠ 6 ᠰᠠᠷ᠎ᠠ ᠬᠠᠳᠠᠭᠠᠯᠠᠵᠤ ᠲᠠᠶᠢᠯᠤᠨ᠎ᠠ ‍ᠨ ᠪᠤᠶᠤ ᠨᠢᠯᠴᠠᠭᠠᠶ︶ ᠦᠭᠡᠢ ᠰᠢᠨ᠎ᠡ ᠰᠣᠷᠭᠤᠭ ᠰᠢᠷ᠎ᠠ ᠯᠤᠤᠪᠠᠩ ᠢ ᠡᠷᠢᠨ᠎ᠡ᠃             ᠬᠠᠳᠠᠭᠠᠯᠠᠬᠤ ᠪᠠ ᠢᠳᠡᠭᠡᠨ ᠤ ᠠᠮᠤᠷ ᠲᠦᠪᠰᠢᠨ       ᠰᠢᠷ᠎ᠠ ᠯᠤᠤᠪᠠᠩ ᠤᠨ ᠨᠣᠭᠤᠭᠠᠨ ᠬᠡᠰᠡᠭ ᠢ ᠨᠢ ᠬᠡᠷᠴᠢᠵᠦ ᠬᠠᠶᠠᠪᠠᠯ ᠬᠠᠳᠠᠭᠠᠯᠠᠬᠤ ᠴᠠᠭ ᠨᠢ ᠤᠷᠲᠤᠳᠠᠨ᠎ᠠ᠃             ᠰᠢᠷ᠎ᠠ ᠯᠤᠤᠪᠠᠩ ᠢ ᠢᠳᠡᠬᠦ ᠪᠤᠶᠤ ᠰᠢᠷ᠎ᠠ ᠯᠤᠤᠪᠠᠩ ᠢ ᠬᠡᠷᠴᠢᠬᠦ ᠠᠴᠠ ᠡᠮᠦᠨ᠎ᠡ᠂ ᠢᠳᠡᠰᠢᠨ ᠨᠣᠭᠤᠭ᠎ᠠ ᠶᠢ ᠬᠦᠢᠲᠡᠨ ᠤᠰᠤᠨ ᠳᠤ ᠱᠤᠸᠠᠰᠠᠳᠠᠵᠤ ᠭᠠᠳᠠᠷ ᠲᠠᠯ᠎ᠠ ᠶᠢᠨ ᠠᠯᠢᠪᠠ ᠭᠬᠢᠷ ᠪᠤᠷᠲᠠᠭ ᠪᠠ ᠪᠠᠺᠲ᠋ᠧᠷᠢ ᠶᠢ ᠠᠷᠴᠢᠵᠤ ᠠᠷᠢᠯᠭᠠᠬᠤ ᠨᠢ ᠴᠢᠬᠤᠯᠠ ᠪᠠᠶᠢᠳᠠᠭ᠃ ᠬᠠᠯᠢᠰᠤ ᠶᠢ ᠨᠢ ᠱᠠᠭᠠᠯᠬᠤ ᠴᠢᠬᠤᠯᠠ ᠦᠭᠡᠢ᠃       ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号