︽ᠬᠤᠳᠠᠯᠳᠤᠭ᠎ᠠ ᠡᠷᠬᠢᠯᠡᠬᠦ ᠲᠠᠭᠠᠲᠠᠢ ᠣᠷᠴᠢᠨ ᠨᠥᠬᠦᠴᠡᠯ ᠢ ᠪᠦᠷᠢᠯᠳᠦᠭᠦᠯᠦᠨ ᠵᠠᠬ᠎ᠠ ᠳᠡᠯᠭᠡᠭᠦᠷ ᠤᠨ ᠡᠵᠡᠩᠨᠡᠭᠴᠢᠳ ᠲᠤ ᠦᠢᠯᠡᠴᠢᠯᠡᠬᠦ︾ ᠠᠵᠢᠯᠯᠠᠭ᠎ᠠ ᠶᠢᠨ ᠰᠠᠨᠠᠯ ᠬᠤᠷᠢᠶᠠᠯᠲᠠ ᠶᠢᠨ ᠪᠤᠯᠤᠩ
ᠨᠡᠶᠢᠲᠡᠯᠡᠭᠰᠡᠨ ᠴᠠᠭ᠄
2022/4/18
         2022 ᠣᠨ ᠤ 2 ᠳ᠋ᠤᠭᠠᠷ ᠰᠠᠷ᠎ᠠ ᠶᠢᠨ 1᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠲᠠᠭᠠᠲᠠᠢ ᠣᠷᠴᠢᠨ ᠨᠥᠬᠦᠴᠡᠯ ᠢ ᠪᠦᠷᠢᠯᠳᠦᠭᠦᠯᠦᠨ ᠵᠠᠬ᠎ᠠ ᠳᠡᠯᠭᠡᠭᠦᠷ ᠤᠨ ᠡᠵᠡᠩᠨᠡᠭᠴᠢᠳ ᠲᠤ ᠦᠢᠯᠡᠴᠢᠯᠡᠬᠦ ᠠᠵᠢᠯᠯᠠᠭᠠᠨ ᠤ ᠲᠥᠰᠥᠯ︾᠎ ᠢ ᠳᠠᠷᠤᠮᠠᠯᠯᠠᠨ ᠲᠠᠷᠬᠠᠭᠠᠵᠤ᠂ ᠴᠠᠬᠢᠮ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠬᠤᠭᠤᠴᠠᠭᠠᠨ ᠤ ᠦᠢᠯᠡᠴᠢᠯᠡᠭᠡ ᠶᠢ ᠳᠡᠭᠡᠭᠰᠢᠯᠡᠭᠦᠯᠬᠦ ᠠᠴᠠ ᠡᠬᠢᠯᠡᠨ᠂ ᠨᠡᠩ ᠲᠥᠪ ᠭᠤᠣᠯᠴᠢ ᠥᠷᠢᠰᠦᠯᠳᠦᠭᠡᠨ ᠤ ᠣᠷᠴᠢᠨ ᠨᠥᠬᠦᠴᠡᠯ ᠢ ᠪᠤᠢ ᠪᠣᠯᠭᠠᠬᠤ᠂ ᠵᠠᠬ᠎ᠠ ᠳᠡᠯᠭᠡᠭᠦᠷ ᠤᠨ ᠡᠵᠡᠩᠨᠡᠭᠴᠢᠳ ᠤᠨ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠬᠢᠪᠡ᠃      ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠴᠢᠨᠠᠭᠰᠢᠳᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠨᠠᠩ ᠰᠢᠯᠢᠳᠡᠭ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠵᠢᠯᠯᠠᠭᠠᠨ ᠤ ᠲᠥᠰᠥᠯ︾᠎ ᠤᠨ ᠪᠣᠳᠠᠲᠠᠢ ᠠᠷᠭ᠎ᠠ ᠬᠡᠮᠵᠢᠶ᠎ᠡ ᠶᠢ ᠨᠠᠩ ᠰᠠᠶᠢᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠠᠬᠢᠮ ᠰᠦᠯᠵᠢᠶ᠎ᠡ ᠳᠤ ︽ᠬᠤᠳᠠᠯᠳᠤᠭ᠎ᠠ ᠡᠷᠬᠢᠯᠡᠬᠦ ᠲᠠᠭᠠᠲᠠᠢ ᠣᠷᠴᠢᠨ ᠨᠥᠬᠦᠴᠡᠯ ᠢ ᠪᠦᠷᠢᠯᠳᠦᠭᠦᠯᠦᠨ ᠵᠠᠬ᠎ᠠ ᠳᠡᠯᠭᠡᠭᠦᠷ ᠤᠨ ᠡᠵᠡᠩᠨᠡᠭᠴᠢᠳ ᠲᠤ ᠦᠢᠯᠡᠴᠢᠯᠡᠬᠦ︾ ᠰᠠᠨᠠᠯ ᠬᠤᠷᠢᠶᠠᠬᠤ ᠠᠵᠢᠯᠯᠠᠭ᠎ᠠ ᠶᠢᠨ ᠲᠤᠰᠬᠠᠢ ᠪᠤᠯᠤᠩ ᠭᠠᠷᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠬᠤᠷᠢᠶᠠᠬᠤ ᠠᠵᠢᠯᠯᠠᠭ᠎ᠠ ᠶᠢ ᠶᠠᠪᠤᠭᠳᠠᠭᠤᠯᠵᠤ ᠪᠣᠢ᠃ ᠲᠠ ᠲᠤᠰ ᠲᠤᠰᠬᠠᠢ ᠪᠤᠯᠤᠩ ᠢᠶᠠᠷ ᠳᠠᠮᠵᠢᠨ ᠰᠠᠨᠠᠯ ᠰᠠᠨᠠᠭᠤᠯᠭ᠎ᠠ ᠪᠠᠨ ᠳᠡᠪᠰᠢᠭᠦᠯᠦᠭᠡᠷᠡᠢ᠃ ᠲᠤᠰ ᠪᠣᠯᠤᠩ ᠢᠶᠠᠷ ᠠᠷᠠᠯᠵᠢᠶ᠎ᠠ ᠬᠤᠳᠠᠯᠳᠤᠭ᠎ᠠ ᠡᠷᠬᠢᠯᠡᠬᠦ ᠠᠵᠢᠯᠯᠠᠭ᠎ᠠ ᠶᠢᠨ ᠳᠤᠮᠳᠠ ᠲᠤᠯᠭᠠᠷᠠᠭᠰᠠᠨ ᠬᠦᠴᠢᠷᠳᠡᠯ᠂ ᠠᠰᠠᠭᠤᠳᠠᠯ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠠᠶᠢᠵᠢᠷᠠᠭᠤᠯᠤᠨ ᠰᠢᠯᠢᠳᠡᠭᠵᠢᠭᠦᠯᠬᠦ ᠲᠤᠬᠠᠢ ᠰᠠᠨᠠᠯ ᠰᠠᠨᠠᠭᠤᠯᠭ᠎ᠠ ᠳᠤᠷᠠᠳᠴᠤ ᠪᠣᠯᠣᠨ᠎ᠠ᠃      ᠲᠠᠨ ᠤ ᠳᠡᠪᠰᠢᠭᠦᠯᠦᠭᠰᠡᠨ ᠰᠠᠨᠠᠯ ᠰᠠᠨᠠᠭᠤᠯᠭ᠎ᠠ ᠪᠦᠷᠢ ᠶᠢ ᠪᠢᠳᠠ ᠠᠩᠬᠠᠷᠤᠯ ᠢᠶᠠᠨ ᠬᠠᠨᠳᠤᠭᠤᠯᠬᠤ ᠪᠣᠯᠣᠨ᠎ᠠ᠃ ᠮᠥᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠡᠮᠬᠢᠯᠡᠨ ᠬᠤᠷᠢᠶᠠᠩᠭᠤᠶᠢᠯᠠᠬᠤ ᠶᠢᠨ ᠬᠠᠮᠲᠤ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠳᠡᠮᠵᠢᠵᠦ ᠠᠩᠬᠠᠷᠤᠭᠰᠠᠨ ᠳᠤ ᠴᠢᠨᠢ ᠲᠠᠯᠠᠷᠬᠠᠵᠤ ᠪᠠᠶᠢᠨ᠎ᠠ᠃      ᠰᠠᠨᠠᠯ ᠢᠶᠠᠨ ᠳᠡᠪᠰᠢᠭᠦᠯᠬᠦ ᠴᠠᠬᠢᠮ ᠬᠠᠭᠤᠳᠠᠰᠤ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号