| | 2021 ᠣᠨ ᠤ 12 ᠳ᠋ᠤᠭᠠᠷ ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ 25 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ | ᠵᠥᠪᠯᠡᠭᠦᠯᠵᠦ ᠪᠠᠲᠤᠯᠠᠭᠤᠯᠤᠭᠠᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ | ᠵᠠᠭᠤᠴᠢ ᠦᠶᠯᠡᠴᠢᠯᠡᠭᠡᠨ ᠤ ᠵᠦᠶᠯᠡᠰ ᠤᠨ ᠨᠠᠷᠢᠨ ᠳᠠᠩᠰᠠ ︵2021 ᠣᠨ︶︾ ︵ᠳᠣᠷᠣᠭᠰᠢ ︽ᠨᠠᠷᠢᠨ ᠳᠠᠩᠰᠠ︾ | ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠠᠢ᠂ ᠨᠡᠶᠢᠭᠡᠮ ᠨᠡᠶᠢᠲᠡ ᠳᠤ ︽ᠨᠠᠷᠢᠨ ᠳᠠᠩᠰᠠ︾ ᠶᠢᠨ ᠬᠠᠮᠢᠶ᠎ᠠ | ᠪᠥᠬᠦᠶ ᠠᠭᠤᠯᠭ᠎ᠠ ᠶᠢ ᠥᠷᠭᠡᠨ ᠢᠶᠠᠷ ᠮᠡᠳᠡᠭᠦᠯᠬᠦ ᠪᠠ ᠵᠥᠪ ᠢᠶᠠᠷ ᠣᠶᠢᠯᠠᠭᠠᠭᠤᠯᠬᠤ ᠶᠢᠨ ᠲᠤᠰᠠᠳᠠ᠂ ᠡᠳᠦᠭᠡ | ᠳᠣᠤᠷᠠᠬᠢ ᠮᠡᠲᠦ ᠲᠠᠶᠢᠯᠤᠮᠵᠢ ᠬᠢᠪᠠ᠃ | ᠨᠢᠭᠡ᠂ ᠶᠠᠭᠤ ᠶᠢ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡ ᠭᠡᠬᠦ ᠪᠣᠶ︖ | ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡ ᠭᠡᠳᠡᠭ ᠨᠢ ᠵᠠᠰᠠᠭ ᠵᠠᠬᠢᠷᠭᠠᠨ ᠤ ᠵᠥᠪᠰᠢᠶᠡᠷᠡᠯ᠂ | ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠳᠠᠩᠰᠠᠯᠠᠯ ᠵᠡᠷᠭᠡ ᠵᠠᠰᠠᠭ ᠵᠠᠬᠢᠷᠭᠠᠨ ᠤ ᠡᠷᠬᠡ ᠶᠢᠨ | ᠵᠦᠢᠯᠡᠰ ᠢ ᠰᠢᠢᠳᠪᠦᠷᠢᠯᠡᠬᠦ ᠶᠠᠪᠤᠴᠠ ᠳᠤ᠂ ᠭᠤᠶᠤᠴᠢᠯᠠᠭᠴᠢ ᠪᠤᠶᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠭᠤᠴᠢ | ᠦᠢᠯᠡᠴᠢᠯᠡᠭᠡᠨ ᠤ ᠪᠠᠶᠢᠭᠤᠯᠤᠮᠵᠢ ︵ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ︶ ᠳᠤ | ᠨᠠᠶᠢᠳᠠᠵᠤ ᠥᠷᠨᠢᠭᠦᠯᠦᠭᠰᠡᠨ ᠡᠯ᠎ᠡ ᠲᠦᠷᠦᠯ ᠤᠨ ᠮᠡᠷᠭᠡᠵᠢᠯ ᠤᠨ ᠬᠢᠨᠠᠨ ᠪᠠᠶᠢᠴᠠᠭᠠᠯᠲᠠ᠂ ᠨᠤᠲᠠᠯᠠᠯᠲᠠ᠂ ᠦᠨᠡᠯᠡᠨ | ᠵᠢᠱᠢᠯᠲᠡ᠂ ᠦᠨᠡᠯᠡᠯᠲᠡ᠂ ᠰᠢᠯᠭᠠᠨ ᠪᠠᠶᠢᠴᠠᠭᠠᠯᠲᠠ᠂ ᠪᠠᠶᠢᠴᠠᠭᠠᠨ ᠬᠡᠮᠵᠢᠯᠲᠡ᠂ ᠰᠢᠯᠭᠠᠨ ᠭᠡᠷᠡᠴᠢᠯᠡᠯᠲᠡ᠂ ᠰᠢᠯᠭᠠᠨ | ᠲᠣᠭᠲᠠᠭᠠᠯᠲᠠ᠂ ᠭᠡᠷᠡᠴᠢᠯᠡᠭᠡ᠂ ᠵᠥᠪᠯᠡᠯᠭᠡ᠂ ᠲᠤᠷᠰᠢᠯᠲᠠ ᠵᠡᠷᠭᠡ ᠲᠥᠯᠥᠪᠦᠷᠢᠲᠦ ᠦᠢᠯᠡᠴᠢᠯᠡᠭᠡ ᠶᠢ ᠵᠢᠭᠠᠵᠤ ᠪᠠᠶᠢᠨ᠎ᠠ | ᠃ | ᠬᠤᠶᠠᠷ᠂ ᠶᠠᠭᠤᠨ ᠳᠤ ︽ᠨᠠᠷᠢᠨ ᠲᠠᠩᠰᠠ︾ ᠶᠢ ᠡᠮᠬᠢᠯᠡᠬᠦ ᠪᠣᠶ︖ | 2015 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠠᠭᠤᠴᠢ | ᠦᠶᠯᠡᠴᠢᠯᠡᠭᠡᠨ ᠢ ᠢᠯᠭᠠᠷᠠᠭᠤᠯᠤᠨ ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2015﹈ 31 ᠳ᠋ᠦ᠋ᠭᠡᠷ ᠲᠣᠭᠠᠲᠤ︶ ᠢ | ᠳᠠᠷᠤᠮᠠᠯᠯᠠᠨ ᠲᠠᠷᠬᠠᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠠᠵᠢᠯᠯᠠᠭ᠎ᠠ ᠶᠠᠪᠤᠭᠳᠠᠭᠤᠯᠬᠤ ᠳᠤ ᠨᠢ ᠬᠤᠯᠪᠣᠭᠳᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢ | ᠭᠥᠯᠢᠶᠡᠨ ᠠᠪᠴᠤ ᠰᠢᠶᠳᠪᠦᠷᠢᠯᠡᠬᠦ ᠨᠥᠬᠦᠴᠡᠯ ᠪᠣᠯᠭᠠᠭᠰᠠᠨ ᠲᠥᠯᠥᠪᠦᠷᠢ ᠲᠠᠢ ᠦᠢᠯᠡᠴᠢᠯᠡᠭᠡ ᠢ ᠢᠯᠭᠠᠷᠠᠭᠤᠯᠤᠨ | ᠵᠢᠷᠤᠮᠵᠢᠭᠤᠯᠬᠤ ᠶᠢᠨ ᠬᠠᠮᠲᠤ᠂ ︽ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠨᠤᠭᠤᠳ ᠲᠣᠰ ᠮᠡᠳᠡᠭᠳᠡᠯ ᠤᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ᠪᠣᠳᠠᠲᠠᠶ ᠲᠠᠢ ᠪᠠᠨ | ᠤᠶᠠᠯᠳᠤᠭᠤᠯᠤᠨ᠂ ᠲᠣᠰ ᠭᠠᠵᠠᠷ ᠣᠷᠣᠨ ᠤ ᠵᠠᠭᠤᠴᠢ ᠦᠶᠯᠡᠴᠢᠯᠡᠭᠡᠨ ᠢ ᠢᠯᠭᠠᠷᠠᠭᠤᠯᠤᠨ ᠵᠢᠷᠤᠮᠵᠢᠭᠤᠯᠬᠤ | ᠠᠵᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠵᠡᠷᠭᠡ ᠳᠤ ᠵᠣᠬᠢᠶᠠᠨ ᠪᠠᠶᠢᠭᠤᠯᠤᠨ | ᠬᠡᠷᠡᠭᠵᠢᠭᠦᠯᠬᠦ ᠬᠡᠷᠡᠭᠲᠡᠶ︾ ᠭᠡᠰᠡᠨ ᠱᠠᠭᠠᠷᠳᠠᠯᠭ᠎ᠠ ᠳᠤᠷᠠᠳᠪᠠ᠃ 2019 ᠣᠨ ᠳᠤ ᠨᠡᠶᠢᠲᠡᠯᠡᠭᠰᠡᠨ ︽ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ | 722 ᠳ᠋ᠤᠭᠠᠷ ᠲᠣᠭᠠᠲᠤ︶ ᠳᠤ ᠵᠠᠭᠤᠴᠢ ᠦᠶᠯᠡᠴᠢᠯᠡᠭᠡᠨ ᠤ ᠵᠦᠶᠯᠡᠰ ᠢ ᠵᠢᠷᠤᠮᠵᠢᠭᠤᠯᠬᠤ ᠲᠤᠰᠬᠠᠶ ᠵᠦᠶᠯ ᠵᠤᠷᠪᠤᠰ | ᠪᠣᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠤᠯ ᠤᠨ ︽ᠥᠪᠡᠷᠲᠡᠭᠡᠨ ᠵᠠᠰᠠᠬᠤ ᠣᠷᠣᠨ ᠤ | ᠲᠣᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠠᠭᠤᠴᠢ ᠦᠶᠯᠡᠴᠢᠯᠡᠭᠡᠨ ᠤ ᠵᠦᠶᠯᠡᠰ ᠤᠨ ᠨᠠᠷᠢᠨ | ᠳᠠᠩᠰᠠ︾ ᠶᠢ ᠨᠡᠯᠢᠶᠡᠳ ᠣᠷᠳᠣ ᠬᠤᠭᠤᠴᠠᠭ᠎ᠠ ᠰᠢᠨᠡᠳᠬᠡᠭᠡᠳᠦᠶ ᠪᠠᠶᠢᠵᠤ᠂ ᠠᠭᠤᠯᠭ᠎ᠠ ᠨᠢ ᠨᠢᠭᠡᠨᠲᠡ ᠣᠳᠣᠬᠠᠨ ᠤ | ᠬᠠᠮᠢᠶ᠎ᠠ ᠪᠥᠬᠦᠶ ᠠᠵᠢᠯ ᠢ ᠥᠷᠨᠢᠭᠦᠯᠬᠦ ᠱᠠᠭᠠᠷᠳᠠᠯᠭ᠎ᠠ ᠨᠤᠭᠤᠳ ᠲᠠᠢ ᠨᠡᠶᠢᠴᠡᠬᠦ ᠥᠬᠡᠶ ᠪᠣᠯᠵᠠᠶ᠃ ᠨᠠᠮ ᠤᠨ ᠲᠥᠪ | ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠪᠠ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠱᠠᠭᠠᠷᠳᠠᠯᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ | ᠡᠷᠬᠡ ᠶᠢ ᠬᠡᠷᠡᠭᠵᠢᠭᠦᠯᠬᠦ ᠶᠠᠪᠤᠴᠠ ᠳᠤ ᠬᠤᠯᠪᠤᠭᠳᠠᠬᠤ ᠵᠠᠭᠤᠴᠢ ᠦᠶᠯᠡᠴᠢᠯᠡᠭᠡᠨ ᠤ ᠦᠶᠯᠡ ᠠᠵᠢᠯᠯᠠᠭ᠎ᠠ ᠶᠢ ᠦᠨᠡᠨ ᠬᠦ | ᠵᠢᠷᠤᠮᠵᠢᠭᠤᠯᠤᠨ᠂ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠶᠠᠪᠤᠴᠠ ᠳᠠᠬᠢ ᠣᠨᠴᠣᠭᠤᠶ ᠭᠤᠭᠴᠤᠭ᠎ᠠ ᠶᠢᠨ | ᠭᠦᠶᠴᠡᠳᠬᠡᠬᠦ ᠮᠠᠲ᠋ᠧᠷᠢᠶᠠᠯ ᠪᠠ ᠴᠠᠭ ᠬᠤᠭᠤᠴᠠᠭ᠎ᠠ ᠶᠢ ᠪᠠᠭᠠᠰᠬᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠲᠣᠪᠴᠢᠶ᠎ᠠ ᠨᠠᠷᠢᠨ ᠳᠠᠩᠰᠠ ᠶᠢ ᠡᠮᠬᠢᠯᠡᠨ ᠳᠢᠭᠯᠡᠬᠦ ᠠᠵᠢᠯ ᠢ ᠥᠷᠨᠢᠭᠦᠯᠪᠡ᠃ | ᠭᠤᠷᠪᠠ᠂ ︽ᠨᠠᠷᠢᠨ ᠲᠠᠩᠰᠠ︾ ᠶᠢ ᠡᠮᠬᠢᠯᠡᠬᠦ ᠳᠤ ᠶᠠᠮᠠᠷ ᠶᠠᠮᠠᠷ ᠠᠯᠬᠤᠮ ᠳᠠᠷᠠᠭ᠎ᠠ ᠶᠢ ᠥᠩᠭᠡᠷᠡᠭᠡᠭᠰᠡᠨ ᠪᠣᠶ︖ | | 2021 ᠣᠨ ᠤ ᠡᠬᠢ ᠪᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠲᠣᠪᠴᠢᠶ᠎ᠠ ᠭᠤᠸᠠᠩᠳᠦ᠋ᠩ ᠮᠤᠵᠢ᠂ ᠴᠦᠩᠴᠢᠩ ᠬᠤᠲᠠ᠂ ᠠᠨᠾᠦ᠋ᠢ ᠮᠤᠵᠢ ᠶᠢᠨ ᠲᠤᠷᠰᠢᠯᠭ᠎ᠠ ᠶᠢ ᠭᠦᠶᠴᠡᠳ | ᠲᠣᠯᠢᠯᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ ᠤᠨ | ᠵᠠᠭᠤᠴᠢ ᠦᠶᠯᠡᠴᠢᠯᠡᠭᠡᠨ ᠤ ᠵᠦᠶᠯᠡᠰ ᠢ ᠡᠮᠬᠢᠯᠡᠬᠦ ᠠᠵᠢᠯ ᠢ ᠥᠷᠨᠢᠭᠦᠯᠪᠡ᠃ ︽ᠥᠪᠡᠷᠲᠡᠭᠡᠨ ᠵᠠᠰᠠᠬᠤ ᠣᠷᠣᠨ ᠤ | ᠲᠤᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠠᠭᠤᠴᠢ ᠦᠢᠯᠡᠴᠢᠯᠡᠭᠡᠨ ᠤ ᠵᠦᠢᠯᠡᠰ ᠢ | ᠢᠯᠭᠠᠷᠠᠭᠤᠯᠤᠨ ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠮᠡᠳᠡᠭᠳᠡᠯ︾ ︵ᠥᠪᠦᠷ ᠵᠠᠰᠠᠭ ᠦᠢᠯᠡᠴᠢᠯᠡᠭᠡ ᠲᠠᠷᠬᠠᠭᠠᠭᠰᠠᠨ ﹇ | 2021﹈ 2 ᠳ᠋ᠤᠭᠠᠷ ᠲᠣᠭᠠᠲᠤ︶ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠮᠬᠢᠯᠡᠨ ᠳᠢᠭᠯᠡᠬᠦ ᠠᠵᠢᠯ ᠢ ᠨᠠᠷᠢᠨ | ᠨᠢᠮᠪᠠᠢ ᠪᠠᠶᠢᠷᠢᠯᠠᠭᠤᠯᠪᠠ᠃ ᠰᠠᠯᠠᠭ᠎ᠠ ᠮᠥᠴᠢᠷ ᠤᠳ ᠲᠠᠢ ᠭᠦᠶᠴᠡᠳ ᠣᠶᠢᠯᠠᠭᠠᠯᠴᠠᠨ ᠬᠠᠷᠭᠤᠭᠤᠯᠵᠤ᠂ ᠵᠦᠶᠯᠡᠰ ᠤᠨ | ᠨᠠᠷᠢᠨ ᠳᠠᠩᠰᠠ ᠶᠢ ᠳᠠᠬᠢᠨ ᠳᠠᠪᠲᠠᠨ ᠡᠮᠬᠢᠯᠡᠵᠦ᠂ ᠬᠢᠨᠠᠨ ᠬᠠᠷᠭᠤᠭᠤᠯᠵᠤ᠂ ᠬᠤᠷᠢᠶᠠᠩᠭᠤᠶᠢᠯᠠᠵᠤ ᠪᠠᠰᠠ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠬᠠᠤᠯᠢ ᠶᠣᠰᠣᠴᠢ ᠬᠢᠨᠠᠨ | ᠬᠠᠷᠭᠤᠭᠤᠯᠤᠯᠲᠠ ᠬᠢᠭᠰᠡᠨ ᠤ ᠳᠠᠷᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡᠨ ᠤ ᠵᠦᠶᠯᠡᠰ ᠤᠨ ᠨᠠᠷᠢᠨ ᠳᠠᠩᠰᠠ ︵2021 | ᠣᠨ︶︾ ᠶᠢ ᠲᠤᠭᠤᠷᠪᠢᠵᠠᠢ᠃ | ᠳᠥᠷᠪᠡ᠂ ︽ᠨᠠᠷᠢᠨ ᠳᠠᠩᠰᠠ︾ ᠨᠡᠶᠢᠲᠡᠯᠡᠭᠳᠡᠭᠰᠡᠨ ᠤ ᠳᠠᠷᠠᠭ᠎ᠠ ᠠᠵᠤ ᠠᠬᠤᠶᠢᠯᠠᠯ ᠪᠠ ᠣᠯᠠᠨ ᠲᠦᠮᠡᠨ ᠳᠤ | ᠶᠠᠮᠠᠷ ᠶᠠᠮᠠᠷ ᠠᠰᠢᠭ ᠲᠤᠰᠠ ᠠᠪᠴᠢᠷᠠᠬᠤ ᠪᠣᠶ︖ | ︽ᠨᠠᠷᠢᠨ ᠳᠠᠩᠰᠠ︾ ᠨᠡᠶᠢᠲᠡᠯᠡᠭᠳᠡᠭᠰᠡᠨ ᠤ ᠳᠠᠷᠠᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ | ᠭᠤᠶᠤᠴᠢᠯᠠᠭᠴᠢ ᠶᠢᠨ ᠵᠠᠭᠤᠴᠢ ᠪᠠᠶᠢᠭᠤᠯᠤᠮᠵᠢ ᠳᠤ ᠡᠷᠬᠡᠪᠰᠢ ᠲᠥᠯᠦᠪᠦᠷᠢ ᠲᠠᠢ ᠪᠠᠷ ᠨᠠᠶᠢᠳᠠᠨ ᠥᠷᠨᠢᠭᠦᠯᠬᠦ | ᠦᠶᠯᠡᠴᠢᠯᠡᠭᠡᠨ ᠤ ᠵᠦᠶᠯᠡᠰ ᠢ ᠡᠷᠬᠡᠪᠡᠰᠢ ᠢᠯᠡ ᠪᠣᠯᠭᠠᠬᠤ ᠶᠢ ᠬᠠᠤᠯᠢ ᠶᠣᠰᠣᠭᠠᠷ ᠱᠠᠭᠠᠷᠳᠠᠵᠤ᠂ ᠬᠠᠤᠯᠢ ᠴᠠᠭᠠᠵᠠ | ᠬᠠᠤᠯᠢ ᠲᠣᠭᠲᠠᠭᠠᠯ ᠵᠡᠷᠭᠡ ᠦᠨᠳᠦᠰᠦ ᠪᠠᠷᠢᠮᠲᠠ ᠶᠢ ᠲᠣᠳᠣᠷᠬᠠᠶᠢᠯᠠᠨ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠭᠤᠶᠤᠴᠢᠯᠠᠭᠴᠢ ᠶᠢᠨ ᠲᠥᠯᠦᠪᠦᠷᠢ ᠲᠠᠢ ᠨᠠᠶᠢᠳᠠᠬᠤ ᠵᠠᠰᠠᠭ ᠵᠠᠬᠢᠷᠭᠠᠨ ᠤ | ᠡᠷᠬᠡ ᠶᠢᠨ ᠵᠠᠭᠤᠴᠢ ᠦᠶᠯᠡᠴᠢᠯᠡᠭᠡᠨ ᠤ ᠵᠦᠶᠯᠡᠰ ᠤᠨ ᠨᠠᠷᠢᠨ ᠳᠠᠩᠰᠠ ︵2021 ᠣᠨ︶︾ ᠳᠤ ᠣᠷᠣᠭᠤᠯᠤᠭᠠᠳᠤᠶ | ᠵᠦᠶᠯᠡᠰ ᠢ ᠪᠤᠯ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠭᠤᠶᠤᠴᠢᠯᠠᠭᠴᠢ ᠳᠤ ᠶᠠᠮᠠᠷᠪᠠ ᠬᠡᠯᠪᠡᠷᠢ ᠪᠠᠷ ᠵᠠᠭᠤᠴᠢ | ᠪᠠᠶᠢᠭᠤᠯᠤᠮᠵᠢ ᠳᠤ ᠨᠠᠶᠢᠳᠠᠨ ᠦᠶᠯᠡᠴᠢᠯᠡᠭᠡ ᠬᠢᠯᠭᠡᠬᠦ ᠪᠠᠷ ᠱᠠᠭᠠᠷᠳᠠᠵᠤ ᠪᠣᠯᠬᠤ ᠥᠬᠡᠶ ᠪᠣᠯᠭᠠᠵᠠᠢ᠃ | ︽ᠨᠠᠷᠢᠨ ᠲᠠᠩᠰᠠ︾ ᠶᠢᠨ ᠨᠡᠶᠢᠲᠡᠯᠡᠭᠳᠡᠭᠰᠡᠨ ᠨᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ | ᠭᠦᠶᠴᠡᠳᠬᠡᠬᠦ ᠶᠠᠪᠤᠴᠠ ᠳᠠᠬᠢ ︽ᠮᠠᠲ᠋ᠧᠷᠢᠶᠠᠯ ᠢ ᠭᠠᠮᠨᠠᠬᠤ︾ ᠶᠢ ᠪᠡᠶᠡᠯᠡᠭᠦᠯᠪᠡ᠃ ᠲᠣᠰ ᠤᠳᠠᠭᠠᠨ ᠤ | ᠢᠯᠭᠠᠷᠠᠭᠤᠯᠤᠯᠲᠠ ᠳᠤ ᠬᠦᠴᠦᠨ ᠥᠬᠡᠶ ᠪᠣᠯᠭᠠᠭᠰᠠᠨ 9 ᠵᠦᠶᠯ ᠤᠨ ᠵᠠᠭᠤᠴᠢ ᠦᠶᠯᠡᠴᠢᠯᠡᠭᠡᠨ ᠤ ᠵᠦᠶᠯᠡᠰ ᠤᠨ | ᠳᠣᠲᠣᠷᠠᠬᠢ 8 ᠶᠢ ᠨᠢ ᠰᠢᠭᠤᠳ ᠬᠦᠴᠦᠨ ᠥᠬᠡᠶ ᠪᠣᠯᠭᠠᠵᠠᠢ᠂ ᠵᠢᠱᠢᠶᠡᠯᠡᠪᠡᠯ ᠰᠠᠭᠤᠷᠢ ᠮᠥᠩᠭᠦᠨ ᠤ ᠨᠡᠶᠢᠭᠡᠮᠯᠢᠭ᠂ | ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ᠂ ᠨᠡᠶᠢᠭᠡᠮ ᠤᠨ ᠪᠦᠯᠬᠦᠮ ᠢ ᠪᠠᠶᠢᠭᠤᠯᠬᠤ | ᠦᠶᠡᠰ ᠲᠤ ᠭᠤᠶᠤᠴᠢᠯᠠᠭᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠲᠤᠰᠢᠶᠠᠬᠤ | ᠴᠢᠬᠤᠯᠠᠲᠠᠶ ︽ᠪᠠᠯᠠ ᠮᠥᠩᠭᠦ ᠶᠢ ᠰᠢᠯᠭᠠᠭᠰᠠᠨ ᠮᠡᠳᠡᠭᠦᠯᠦᠯᠲᠡ︾ ᠶᠢ ᠲᠤᠰᠢᠶᠠᠬᠤ ᠱᠠᠭᠠᠷᠳᠠᠯᠭ᠎ᠠ ᠦᠭᠡᠢ ᠪᠣᠯᠭᠠᠵᠠᠢ᠃ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠭᠦᠢᠴᠡᠳᠬᠡᠬᠦ ︽ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢᠨ | ᠪᠢᠴᠢᠭ ᠢ ᠬᠢᠨᠠᠨ ᠵᠥᠪᠰᠢᠶᠡᠷᠡᠬᠦ︾ ᠪᠦᠬᠦ᠋ᠢᠯᠡ ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠥᠬᠡᠶ ᠪᠣᠯᠭᠠᠵᠤ᠂ | ᠬᠠᠷᠠᠭᠠᠯᠵᠠᠭᠰᠠᠨ ︽ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠤᠰᠤᠨ ᠤ ᠡᠬᠢ ᠪᠠᠶᠠᠯᠢᠭ ᠤᠨ | ᠨᠤᠲᠠᠯᠠᠯᠲᠠ︾ ᠶᠢᠨ ᠵᠠᠭᠤᠴᠢ ᠦᠶᠯᠡᠴᠢᠯᠡᠭᠡ ᠶᠢ ᠴᠦ ᠬᠦᠴᠦᠨ ᠥᠬᠡᠶ ᠪᠣᠯᠭᠠᠪᠠ᠃ ᠡᠭᠦᠨ ᠠᠴᠠ ᠭᠠᠳᠠᠨ᠎ᠠ᠂ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ︽ᠬᠠᠤᠯᠢ ᠴᠠᠭᠠᠵᠠ ᠶᠢᠨ ᠬᠢᠨᠠᠨ | ᠲᠣᠭᠲᠠᠭᠠᠬᠤ ᠪᠠᠶᠢᠭᠤᠯᠤᠮᠵᠢ ᠪᠠᠶᠢᠭᠤᠯᠬᠤ ᠪᠠᠯᠠ ᠮᠥᠩᠭᠦ ᠶᠢᠨ ᠭᠡᠷᠡᠴᠢ︾ ᠨᠢ ︽ᠭᠡᠷᠡᠴᠢᠯᠡᠬᠦ ᠵᠦᠶᠯᠡᠰ︾ ᠲᠤ | ᠬᠠᠷᠢᠶᠠᠯᠠᠭᠤᠯᠵᠤ᠂ ᠵᠠᠭᠤᠴᠢ ᠦᠶᠯᠡᠴᠢᠯᠡᠭᠡᠨ ᠤ ᠨᠠᠷᠢᠨ ᠳᠠᠩᠰᠠ ᠠᠴᠠ ᠰᠢᠯᠵᠢᠭᠦᠯᠦᠨ ᠭᠠᠷᠭᠠᠵᠠᠢ᠃ | ︽ᠨᠠᠷᠢᠨ ᠲᠠᠩᠰᠠ︾ ᠨᠡᠶᠢᠲᠡᠯᠡᠭᠳᠡᠭᠰᠡᠨ ᠨᠢ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢᠨ ᠵᠦᠶᠯᠡᠰ ᠢ | ᠭᠦᠶᠴᠡᠳᠬᠡᠬᠦ ᠶᠠᠪᠤᠴᠠ ᠳᠠᠬᠢ ︽ᠴᠠᠭ ᠢ ᠠᠷᠪᠢᠯᠠᠬᠤ︾ ᠳᠤ ᠠᠰᠢᠭᠲᠠᠶ ᠶᠤᠮ᠃ ᠲᠣᠰ ᠤᠳᠠᠭ᠎ᠠ | ᠢᠯᠭᠠᠷᠠᠭᠤᠯᠤᠯᠲᠠ ᠪᠠᠷ ᠳᠠᠮᠵᠢᠨ ︽ᠭᠤᠶᠤᠴᠢᠯᠠᠭᠴᠢ ᠵᠠᠭᠤᠴᠢ ᠪᠠᠶᠢᠭᠤᠯᠤᠮᠵᠢ ᠳᠤ ᠨᠠᠶᠢᠳᠠᠬᠤ ᠡᠰᠡᠬᠦ ᠪᠠᠨ ᠡᠵᠡᠨ | ᠮᠡᠳᠡᠵᠦ ᠰᠣᠩᠭᠤᠬᠤ︾ ᠵᠦᠶᠯᠡᠰ ᠲᠤ ᠭᠤᠶᠤᠴᠢᠯᠠᠭᠴᠢ ᠳᠤ ᠨᠠᠩ ᠣᠯᠠᠨ ᠡᠵᠡᠨ ᠮᠡᠳᠡᠵᠦ ᠰᠣᠩᠭᠤᠬᠤ ᠡᠷᠬᠡ | ᠣᠯᠭᠤᠵᠤ᠂ ᠬᠠᠮᠢᠶ᠎ᠠ ᠪᠥᠬᠦᠶ ᠮᠠᠲ᠋ᠧᠷᠢᠶᠠᠯ ᠢ ᠡᠷᠬᠡᠪᠰᠢ ᠵᠠᠭᠤᠴᠢ ᠦᠶᠯᠡᠴᠢᠯᠡᠭᠡᠨ ᠤ ᠪᠠᠶᠢᠭᠤᠯᠤᠮᠵᠢ ᠠᠴᠠ ᠭᠠᠷᠭᠠᠵᠤ | ᠥᠭᠬᠦ ᠭᠡᠷᠡᠭᠲᠡᠢ ᠭᠡᠵᠦ ᠵᠠᠰᠠᠭ ᠵᠠᠬᠢᠷᠭᠠᠨ ᠤ ᠪᠠᠶᠢᠭᠤᠯᠭ᠎ᠠ ᠲᠠᠬᠢᠵᠤ ᠱᠠᠭᠠᠷᠳᠠᠬᠤ ᠪᠣᠯᠬᠤ ᠦᠭᠡᠢ ᠪᠣᠯᠭᠠᠪᠠ᠃ ᠬᠠᠮᠢᠶ᠎ᠠ | ᠪᠥᠬᠦᠶ ᠴᠢᠳᠠᠪᠤᠷᠢ᠂ ᠨᠥᠬᠦᠴᠡᠯ ᠢ ᠪᠦᠷᠢᠯᠳᠦᠭᠦᠯᠦᠭᠰᠡᠨ ᠭᠤᠶᠤᠴᠢᠯᠠᠭᠴᠢ ᠬᠠᠮᠢᠶ᠎ᠠ ᠪᠥᠬᠦᠶ ᠮᠠᠲ᠋ᠧᠷᠢᠶᠠᠯ ᠢ ᠥᠪᠡᠰᠦᠪᠡᠨ | ᠪᠡᠯᠡᠳᠬᠡᠬᠦ ᠨᠢ ᠭᠦᠶᠴᠡᠳᠬᠡᠬᠦ ᠴᠠᠭ ᠢ ᠠᠷᠪᠢᠯᠠᠬᠤ ᠮᠥᠷᠲᠡᠭᠡᠨ ᠪᠠᠰᠠ ᠭᠤᠶᠤᠴᠢᠯᠠᠭᠴᠢ ᠶᠢᠨ ᠠᠵᠢᠯ ᠬᠡᠷᠡᠭ | ᠭᠦᠶᠴᠡᠳᠬᠡᠬᠦ ᠶᠠᠪᠤᠴᠠ ᠳᠠᠬᠢ ᠪᠠᠯᠠ ᠮᠥᠩᠭᠦ ᠶᠢᠨ ᠥᠪᠡᠷ ᠤᠨ ᠥᠷᠲᠡᠭ ᠢ ᠠᠷᠪᠢᠯᠠᠬᠤ ᠪᠣᠯᠤᠨ᠎ᠠ᠃ ᠲᠤᠬᠠᠶᠢᠯᠠᠪᠠᠯ᠂ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠢᠴᠢ | ᠬᠤᠪᠢᠶᠠᠷᠢ ᠭᠠᠵᠠᠷ ᠪᠠᠶᠢᠭᠤᠯᠬᠤ ᠶᠢ ᠬᠢᠨᠠᠨ ᠵᠥᠪᠰᠢᠶᠡᠷᠡᠬᠦ ᠳᠤ ᠪᠠᠨ ᠬᠠᠩᠭᠠᠬᠤ ᠶᠢ ᠱᠠᠭᠠᠷᠳᠠᠵᠤ ᠪᠠᠶᠢᠭᠰᠠᠨ ︽ᠡᠳ᠋ | ᠬᠥᠷᠥᠩᠭᠡ ᠶᠢᠨ ᠭᠡᠷᠡᠴᠢ︾ ᠶᠢᠨ ᠮᠠᠲ᠋ᠧᠷᠢᠶᠠᠯ ᠢ ᠲᠣᠰ ᠤᠳᠠᠭ᠎ᠠ ᠢᠯᠭᠠᠷᠠᠭᠤᠯᠤᠨ ᠲᠢᠭᠯᠡᠭᠰᠡᠨ ᠤ ᠳᠠᠷᠠᠭ᠎ᠠ | ᠭᠤᠶᠤᠴᠢᠯᠠᠭᠴᠢ ᠳᠤ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠤᠨ ᠪᠠᠯᠠ ᠰᠢᠯᠭᠠᠭᠰᠠᠨ ᠮᠡᠳᠡᠭᠦᠯᠦᠯᠲᠡ ᠶᠢ | ᠲᠤᠰᠢᠶᠠᠵᠤ ᠪᠣᠯᠬᠤ ᠪᠥᠭᠡᠳ ᠪᠠᠩᠬᠢ ᠶᠢᠨ ᠬᠢᠵᠦ ᠥᠭᠭᠦᠭᠰᠡᠨ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢ ᠴᠤ | ᠲᠤᠰᠢᠶᠠᠵᠤ ᠪᠣᠯᠬᠤ ᠪᠣᠯᠭᠠᠨ ᠴᠢᠯᠦᠭᠡᠲᠡᠢ ᠪᠣᠯᠭᠠᠵᠠᠢ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ | ᠲᠣᠭᠤᠷᠢᠨ ᠤ ᠲᠢᠩᠬᠢᠮ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠣᠷᠴᠢᠨ ᠲᠣᠭᠤᠷᠢᠨ ᠳᠤ ᠦᠵᠡᠭᠦᠯᠬᠦ | ᠨᠥᠯᠥᠭᠡᠯᠡᠯ ᠤᠨ ᠲᠤᠬᠠᠶ ᠮᠡᠳᠡᠭᠦᠯᠦᠯᠲᠡ ᠶᠢᠨ ᠪᠢᠴᠢᠭ ︵ᠬᠦᠰᠦᠨᠦᠭᠲᠦ︶ ᠢ ᠬᠢᠨᠠᠨ ᠵᠥᠪᠰᠢᠶᠡᠷᠡᠬᠦ ᠳᠤ ᠪᠠᠨ ︽ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠲᠤᠬᠠᠶ | ᠦᠨᠡᠯᠡᠯᠲᠡ︾ ᠬᠠᠩᠭᠠᠬᠤ ᠶᠢ ᠱᠠᠭᠠᠷᠳᠠᠵᠤ ᠪᠠᠶᠢᠭᠰᠠᠨ ᠠᠴᠠ ᠪᠠᠨ᠂ ᠪᠥᠲᠥᠭᠡᠨ ᠪᠠᠶᠢᠭᠤᠯᠬᠤ ᠨᠢᠭᠡᠴᠢ ᠣᠷᠴᠢᠨ | ᠲᠣᠭᠤᠷᠢᠨ ᠳᠤ ᠦᠵᠡᠭᠦᠯᠬᠦ ᠨᠥᠯᠥᠭᠡᠯᠡᠯ ᠢ ᠦᠨᠡᠯᠡᠬᠦ ᠮᠡᠷᠭᠡᠵᠢᠯ ᠤᠨ ᠴᠢᠳᠠᠪᠤᠷᠢ ᠲᠠᠢ ᠪᠣᠯ᠂ ᠥᠪᠡᠰᠦᠪᠡᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ ᠳᠤ ᠪᠠᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠲᠤᠬᠠᠶ | ᠦᠨᠡᠯᠡᠯᠲᠡ ᠬᠢᠵᠦ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠣᠷᠴᠢᠨ ᠲᠣᠭᠤᠷᠢᠨ ᠳᠤ ᠦᠵᠡᠭᠦᠯᠬᠦ | ᠨᠥᠯᠥᠭᠡᠯᠡᠯ ᠤᠨ ᠲᠤᠬᠠᠶ ᠮᠡᠳᠡᠭᠦᠯᠦᠯᠲᠡ ᠶᠢᠨ ᠪᠢᠴᠢᠭ ︵ᠬᠦᠰᠦᠨᠦᠭᠲᠦ︶ ᠨᠠᠶᠢᠷᠠᠭᠤᠯᠤᠨ ᠲᠣᠭᠤᠷᠪᠢᠵᠤ ᠪᠣᠯᠬᠤ | ᠪᠣᠯᠭᠠᠪᠠ᠃ | ᠲᠠᠪᠤ᠂ ᠲᠣᠰ ᠤᠳᠠᠭ᠎ᠠ ᠨᠡᠶᠢᠲᠡᠯᠡᠭᠳᠡᠭᠰᠡᠨ ︽ᠨᠠᠷᠢᠨ ᠲᠠᠩᠰᠠ︾ ᠳᠤ ᠶᠠᠮᠠᠷ ᠶᠠᠮᠠᠷ ᠥᠪᠡᠷᠮᠢᠴᠡ | ᠣᠨᠴᠠᠯᠢᠭ ᠲᠠᠢ ᠬᠢᠯᠠᠰ ᠴᠡᠭ ᠪᠠᠶᠢᠬᠤ ᠪᠣᠶ︖ | ᠬᠢᠯᠠᠰ ᠴᠡᠭ 1᠄ ᠨᠠᠷᠢᠨ ᠲᠠᠩᠰᠠ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠶᠢᠨ ᠰᠢᠨ᠎ᠡ ᠶᠢ ᠡᠭᠦᠳᠴᠡᠢ᠃ | ᠠᠩᠬ᠎ᠠ ᠤᠳᠠᠭ᠎ᠠ ᠰᠢᠷᠢᠰ ᠨᠠᠷᠢᠨ ᠳᠠᠩᠰᠠ ᠶᠢᠨ ᠠᠷᠭ᠎ᠠ ᠮᠠᠶ᠋ᠢᠭ ᠢᠶᠠᠷ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠶᠠᠪᠤᠴᠠ ᠳᠤ ᠬᠤᠯᠪᠣᠭᠳᠠᠭᠰᠠᠨ | ᠵᠠᠭᠤᠴᠢ ᠦᠶᠯᠡᠴᠢᠯᠡᠭᠡᠨ ᠤ ᠦᠶᠯᠡ ᠠᠵᠢᠯᠯᠠᠭ᠎ᠠ ᠶᠢ ᠡᠮᠬᠢᠯᠡᠨ ᠵᠢᠷᠤᠮᠵᠢᠭᠤᠯᠪᠠ᠃ | ᠨᠢᠭᠡ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠯᠡᠳᠡᠭᠡᠯᠲᠡ ᠳᠤ | ᠭᠤᠶᠤᠴᠢᠯᠠᠭᠴᠢ ᠶᠢᠨ ᠲᠥᠯᠦᠪᠦᠷᠢ ᠲᠠᠢ ᠪᠠᠷ ᠨᠠᠶᠢᠳᠠᠬᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡᠨ ᠤ | ᠵᠦᠶᠯᠡᠰ ᠤᠨ ᠨᠠᠷᠢᠨ ᠳᠠᠩᠰᠠ︾ ᠨᠡᠶᠢᠲᠡ 37 ᠵᠦᠶᠯ ᠪᠠᠶᠢᠵᠤ᠂ ᠬᠠᠤᠯᠢ ᠪᠠᠷ ᠲᠣᠭᠲᠠᠭᠠᠭᠰᠠᠨ ᠡᠷᠬᠡᠪᠰᠢ | ᠭᠤᠶᠤᠴᠢᠯᠠᠭᠴᠢ ᠶᠢᠨ ᠲᠥᠯᠦᠪᠦᠷᠢ ᠲᠠᠢ ᠪᠠᠷ ᠨᠠᠶᠢᠳᠠᠬᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡᠨ ᠤ | ᠵᠦᠶᠯᠡᠰ ᠪᠣᠯᠤᠨ᠎ᠠ᠃ | ᠬᠤᠶᠠᠷ ᠲᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ | ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡᠨ ᠤ ᠵᠦᠶᠯᠡᠰ ᠤᠨ ᠪᠤᠰᠤᠳ ᠨᠠᠷᠢᠨ ᠳᠠᠩᠰᠠ︾ ᠶᠢᠨ ᠨᠢᠭᠡᠳᠦᠭᠡᠷ | ᠬᠡᠰᠡᠭ᠄ ᠭᠤᠶᠤᠴᠢᠯᠠᠭᠴᠢ ᠥᠪᠡᠷᠲᠡᠭᠡᠨ ᠡᠵᠡᠨ ᠮᠡᠳᠡᠨ ᠵᠠᠭᠤᠴᠢ ᠪᠠᠶᠢᠭᠤᠯᠤᠮᠵᠢ ᠳᠤ ᠨᠠᠶᠢᠳᠠᠵᠤ ᠦᠢᠯᠡᠴᠢᠯᠡᠭᠦᠯᠬᠦ | ᠵᠦᠶᠯᠡᠰ ᠤᠨ ᠨᠠᠷᠢᠨ ᠳᠠᠩᠰᠠ᠂ ᠨᠡᠶᠢᠲᠡ 35 ᠵᠦᠶᠯ ᠪᠠᠶᠢᠵᠤ᠂ ᠲᠡᠳᠡᠭᠡᠷ ᠨᠢ ᠤᠤᠯ ᠤᠨ ᠦᠯᠡᠳᠡᠭᠡᠭᠰᠡᠨ ᠨᠠᠷᠢᠨ | ᠳᠠᠩᠰᠠ ᠶᠢᠨ ᠳᠣᠲᠤᠷᠠᠬᠢ ᠭᠤᠶᠤᠴᠢᠯᠠᠭᠴᠢ ᠶᠢᠨ ᠲᠥᠯᠦᠪᠦᠷᠢ ᠲᠠᠢ ᠪᠠᠷ ᠨᠠᠶᠢᠳᠠᠬᠤ ᠵᠠᠰᠠᠭ ᠵᠠᠬᠢᠷᠭᠠᠨ ᠤ ᠡᠷᠬᠡ ᠶᠢᠨ | ᠵᠠᠭᠤᠴᠢ ᠦᠶᠯᠡᠴᠢᠯᠡᠭᠡᠨ ᠤ ᠵᠦᠶᠯᠡᠰ ᠢ ᠠᠯᠪᠠᠳᠠᠯᠭ᠎ᠠ ᠶᠢᠨ ᠪᠤᠰᠤ ᠪᠣᠯᠭᠠᠪᠠ᠃ ᠬᠤᠶᠠᠳᠤᠭᠠᠷ ᠬᠡᠰᠡᠭ᠄ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠵᠠᠭᠤᠴᠢ ᠪᠠᠶᠢᠭᠤᠯᠤᠮᠵᠢ ᠳᠤ ᠲᠥᠯᠦᠪᠦᠷᠢ ᠲᠠᠢ ᠪᠠᠷ ᠨᠠᠶᠢᠳᠠᠵᠤ ᠥᠷᠨᠢᠭᠦᠯᠬᠦ | ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠨᠡᠶᠢᠲᠡ 9 ᠵᠦᠢᠯ ᠪᠠᠶᠢᠵᠤ᠂ ᠲᠡᠳᠡᠭᠡᠷ ᠨᠢ ᠵᠠᠰᠠᠭ ᠵᠠᠬᠢᠷᠭᠠᠨ ᠤ | ᠪᠠᠶᠢᠭᠤᠯᠭ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠠᠪᠤᠴᠠ ᠳᠤ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠳᠤ | ᠨᠠᠶᠢᠳᠠᠵᠤ ᠥᠷᠨᠢᠭᠦᠯᠬᠦ ᠮᠡᠷᠭᠡᠵᠢᠯ ᠤᠨ ᠴᠢᠨᠠᠷᠲᠠᠶ ᠦᠢᠯᠡᠴᠢᠯᠡᠭᠡ ᠪᠣᠯᠤᠨ᠎ᠠ᠃ ᠳᠡᠭᠡᠷᠡᠬᠢ ᠬᠤᠶᠠᠷ ᠬᠡᠰᠡᠭ ᠠᠭᠤᠯᠭ᠎ᠠ ᠶᠢ | ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠶᠢᠨ ᠳᠣᠭᠲᠠᠯᠴᠠᠭ᠎ᠠ ᠳᠤ ᠵᠡᠷᠭᠡᠪᠡᠷ ᠣᠷᠣᠭᠤᠯᠤᠨ | ᠵᠢᠷᠤᠮᠵᠢᠭᠤᠯᠤᠨ ᠬᠠᠮᠢᠶᠠᠷᠴᠤ᠂ ᠬᠡᠷᠡᠭᠯᠡᠬᠦ ᠳᠤ ᠲᠥᠬᠦᠮ ᠪᠣᠯᠭᠠᠵᠠᠢ᠃ | ᠭᠤᠷᠪᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠢᠯᠭᠠᠷᠠᠭᠤᠯᠤᠨ | ᠵᠢᠷᠤᠮᠵᠢᠭᠤᠯᠬᠤ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ ᠵᠦᠢᠯᠡᠰ ᠤᠨ | ᠨᠠᠷᠢᠨ ᠳᠠᠩᠰᠠ︾ ᠨᠡᠶᠢᠲᠡ 9 ᠵᠦᠢᠯ ᠪᠠᠶᠢᠵᠤ᠂ ᠤᠤᠯ ᠤᠨ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ | ᠳᠠᠩᠰᠠ ᠳᠠᠬᠢ ᠵᠦᠢᠯᠡᠰ ᠢ ᠢᠯᠭᠠᠷᠠᠭᠤᠯᠤᠨ ᠳᠢᠭᠯᠡᠵᠦ ᠬᠦᠴᠦᠨ ᠥᠬᠡᠶ ᠪᠣᠯᠭᠠᠭᠰᠠᠨ ᠪᠤᠶᠤ ᠬᠠᠰᠤᠪᠠ᠃ | ᠡᠭᠦᠨ ᠠᠴᠠ ᠭᠠᠳᠠᠨ᠎ᠠ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠲᠥᠷᠥᠯ ᠤᠨ ᠵᠦᠢᠯᠡᠰ ᠢ ᠭᠦᠢᠴᠡᠳ | ᠡᠮᠬᠢᠯᠡᠨ ᠳᠢᠭᠯᠡᠭᠰᠡᠨ ᠰᠠᠭᠤᠷᠢᠨ ᠳᠡᠭᠡᠷ᠎ᠡ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ | ᠳᠡᠩᠰᠡᠯᠡᠯᠲᠡ ᠶᠢᠨ ᠲᠥᠷᠥᠯ ᠤᠨ ᠵᠦᠢᠯᠡᠰ ᠢ ᠭᠦᠢᠴᠡᠳᠬᠡᠬᠦ ᠶᠠᠪᠤᠴᠠ ᠳᠤ ᠬᠤᠯᠪᠤᠭᠳᠠᠬᠤ ᠵᠠᠭᠤᠴᠢ ᠦᠢᠯᠡᠴᠢᠯᠡᠭᠡᠨ ᠤ | ᠵᠦᠢᠯᠡᠰ ᠢ ᠨᠠᠷᠢᠨ ᠳᠠᠩᠰᠠ ᠶᠢᠨ ᠳᠣᠭᠲᠠᠯᠴᠠᠭ᠎ᠠ ᠶᠢᠨ ᠬᠠᠮᠢᠶᠠᠷᠤᠯᠲᠠ ᠳᠤ ᠣᠷᠤᠭᠤᠯᠪᠠ᠃ | ᠭᠢᠯᠠᠰ ᠴᠡᠭ 2᠄ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠲᠠᠢ ᠨᠢᠭᠲᠠ ᠤᠶᠠᠯᠳᠤᠭᠤᠯᠪᠠ᠃ | ᠲᠣᠰ ᠤᠳᠠᠭ᠎ᠠ ᠶᠢᠨ ᠢᠯᠭᠠᠷᠠᠭᠤᠯᠤᠭᠰᠠᠨ ︽ᠨᠠᠷᠢᠨ ᠲᠠᠩᠰᠠ︾ ᠳᠤ᠂ ᠵᠠᠭᠤᠴᠢ ᠦᠢᠯᠡᠴᠢᠯᠡᠭᠡ ᠳᠤ | ᠬᠤᠯᠪᠤᠭᠳᠠᠬᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠨᠢᠭᠡ ᠨᠢᠭᠡ ᠪᠠᠷ ᠵᠣᠬᠢᠴᠠᠭᠤᠯᠤᠨ ᠵᠣᠬᠢᠴᠠᠭᠤᠯᠵᠤ᠂ | ᠡᠷᠬᠡ ᠶᠢᠨ ᠢᠷᠡᠯᠲᠡ ᠶᠢ ᠴᠥᠮ ᠲᠣᠳᠣᠷᠬᠠᠶ ᠦᠨᠳᠦᠰᠦᠯᠡᠯ ᠲᠠᠢ ᠪᠠᠶᠢᠯᠭᠠᠬᠤ ᠶᠢ ᠦᠨᠡᠨ ᠬᠦ ᠪᠠᠲᠤᠯᠠᠪᠠ᠃ | ᠭᠢᠯᠠᠰ ᠴᠡᠭ 3᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠠᠢ ᠨᠢᠭᠲᠠ ᠤᠶᠠᠯᠳᠤᠭᠤᠯᠵᠠᠢ᠃ | ︽ᠨᠠᠷᠢᠨ ᠳᠠᠩᠰᠠ︾ ᠶᠢᠨ ᠳᠣᠲᠣᠷᠠᠬᠢ ᠵᠠᠭᠤᠴᠢ ᠦᠢᠯᠡᠴᠢᠯᠡᠭᠡᠨ ᠤ ᠵᠦᠢᠯᠡᠰ ᠢ ᠪᠥᠬᠦ ᠣᠷᠣᠨ ᠤ ᠨᠢᠭᠡ | ᠴᠤᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠠᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠬᠡᠷᠡᠭ ᠭᠦᠢᠴᠡᠳᠬᠡᠬᠦ ᠵᠦᠭᠯᠡᠭᠦᠷ ᠯᠦᠭᠡ ᠠᠭᠤᠰᠤᠯᠴᠠᠭᠤᠯᠤᠨ᠂ ᠠᠵᠤ ᠠᠬᠤᠶᠢᠯᠠᠯ ᠪᠠ | ᠠᠷᠠᠳ ᠣᠯᠠᠨ ᠪᠥᠬᠦ ᠣᠷᠣᠨ ᠤ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ | — ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷ᠎ᠡ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠪᠠᠷ ᠳᠠᠮᠵᠢᠨ᠂ ᠵᠣᠬᠢᠬᠤ ᠵᠠᠭᠤᠴᠢ ᠦᠢᠯᠡᠴᠢᠯᠡᠭᠡᠨ ᠤ | ᠵᠦᠢᠯᠡᠰ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠣᠯᠵᠤ ᠬᠠᠷᠠᠬᠤ ᠪᠣᠯᠵᠤ᠂ ︽ᠨᠠᠷᠢᠨ ᠲᠠᠩᠰᠠ︾ ᠶᠢ ᠨᠠᠩ | ᠠᠮᠢᠳᠤᠯᠢᠭ ᠪᠣᠯᠭᠠᠵᠤ᠂ ᠪᠣᠳᠠᠲᠠᠶ ᠠᠵᠢᠯ ᠶᠠᠪᠤᠳᠠᠯ ᠭᠦᠢᠴᠡᠳᠬᠡᠬᠦ ᠲᠠᠢ ᠤᠶᠠᠯᠳᠤᠭᠤᠯᠤᠨ᠂ ᠦᠨᠡᠨ ᠬᠦ ᠬᠡᠷᠡᠭᠯᠡᠵᠦ | ᠴᠢᠳᠠᠬᠤ ᠪᠣᠯᠭᠠᠭᠰᠠᠨ ᠪᠠᠶᠢᠨ᠎ᠠ᠃ | ᠭᠢᠯᠠᠰ ᠴᠡᠭ 4᠄ ᠲᠣᠰ ᠱᠠᠲᠤᠨ ᠤ ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ ᠤᠨ ᠬᠡᠷᠡᠭᠯᠡᠯᠲᠡ ᠳᠤ | ᠰᠠᠭᠤᠷᠢ ᠲᠠᠯᠪᠢᠵᠤ ᠥᠭᠪᠡ᠃ | ︽ᠨᠠᠷᠢᠨ ᠲᠠᠩᠰᠠ︾ ᠨᠡᠶᠢᠲᠡᠯᠡᠭᠳᠡᠭᠰᠡᠨ ᠤ ᠳᠠᠷᠠᠭ᠎ᠠ᠂ ︽ᠨᠠᠷᠢᠨ ᠲᠠᠩᠰᠠ︾ ᠳᠤ ᠵᠢᠭᠰᠠᠭᠠᠭᠳᠠᠭᠰᠠᠨ | ᠵᠠᠭᠤᠴᠢ ᠦᠢᠯᠡᠴᠢᠯᠡᠭᠡᠨ ᠤ ᠵᠦᠢᠯᠡᠰ ᠢᠶᠠᠷ ᠰᠠᠭᠤᠷᠢ ᠪᠣᠯᠭᠠᠵᠤ᠂ ᠪᠥᠬᠦ ᠣᠷᠣᠨ ᠤ ᠨᠢᠭᠡ ᠴᠤᠭᠴᠠᠵᠢᠭᠰᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠭᠤᠴᠢ | ᠦᠢᠯᠡᠴᠢᠯᠡᠭᠡᠨ ᠤ ᠬᠡᠲᠦ ᠳᠡᠯᠭᠡᠭᠦᠷ ᠢ ᠡᠬᠢᠯᠡᠨ ᠬᠡᠷᠡᠭᠯᠡᠨ᠎ᠡ᠃ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠪᠠ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠡᠯ ᠢ ᠰᠢᠯᠢᠳᠡᠭᠵᠢᠭᠦᠯᠬᠦ ᠠᠵᠢᠯ ᠤᠨ ᠱᠠᠭᠠᠷᠳᠠᠯᠭ᠎ᠠ | ᠶᠣᠰᠣᠭᠠᠷ᠂ ᠠᠵᠤ ᠠᠬᠤᠶᠢᠯᠠᠯ ᠠᠷᠠᠳ ᠣᠯᠠᠨ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ᠂ ᠥᠪᠡᠷᠲᠡᠭᠡᠨ ᠵᠠᠰᠠᠬᠤ | ᠣᠷᠣᠨ ᠤ ᠡᠯ᠎ᠡ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠤᠨ ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ ᠢ ᠬᠡᠷᠡᠭᠯᠡᠬᠦ ᠶᠢ ᠠᠯᠬᠤᠮ | ᠠᠯᠬᠤᠮ ᠢᠶᠠᠷ ᠠᠬᠢᠭᠤᠯᠵᠤ᠂ ᠬᠡᠲᠦ ᠳᠡᠯᠭᠡᠭᠦᠷ ᠢᠶᠠᠷ ᠳᠠᠮᠵᠢᠭᠤᠯᠤᠨ ᠵᠠᠭᠤᠴᠢ ᠦᠢᠯᠡᠴᠢᠯᠡᠭᠡᠨ ᠢ ᠰᠣᠩᠭᠤᠨ ᠠᠪᠴᠤ᠂ | ᠵᠠᠭᠤᠴᠢ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ | ᠨᠥᠭᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠪᠣᠯᠤᠨ᠎ᠠ᠃ |