| | | ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ | ᠲᠤᠭᠤᠰᠢᠯᠠᠭᠤᠯᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠬᠢᠯ ᠬᠡᠮᠵᠢᠭᠳᠡᠯ ᠳᠤ ᠬᠦᠷᠭᠡᠬᠦ ᠪᠠ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠲᠤᠬᠠᠶ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ | ᠲᠥᠪ ᠲᠠᠷᠬᠠᠭᠠᠭᠰᠠᠨ ﹇2021﹈ 36 ᠳ᠋ᠤᠭᠠᠷ ᠲᠣᠭᠠᠲᠤ︶᠂ ︽2030 ᠣᠨ ᠠᠴᠠ ᠡᠮᠦᠨᠡᠬᠢ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠠᠵᠢᠯᠯᠠᠭ᠎ᠠ ᠶᠢᠨ ᠲᠥᠰᠦᠯ ᠢ | ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇ | 2021﹈ 23 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠦᠨ ᠳᠣᠭᠢᠷᠠᠭᠤᠯᠬᠤ ᠶᠢ ᠲᠦᠷᠭᠡᠳᠬᠡᠵᠦ᠂ | ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ | ᠡᠨᠧᠷᠭᠢ ᠶᠢᠨ ᠲᠣᠭᠲᠠᠯᠴᠠᠭ᠎ᠠ ᠶᠢ ᠪᠠᠶᠢᠭᠤᠯᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ︽ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ | ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ︵ | ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠠᠢ᠂ ᠣᠳᠣ ︽ᠰᠠᠨᠠᠯ︾ ᠤᠨ | ᠬᠤᠯᠪᠣᠭᠳᠠᠯ ᠪᠥᠬᠦᠶ ᠠᠭᠤᠯᠭ᠎ᠠ ᠳᠤ ᠳᠠᠷᠠᠭᠠᠬᠢ ᠮᠡᠲᠦ ᠲᠠᠶᠢᠯᠤᠮᠵᠢ ᠬᠢᠶ᠎ᠡ᠃ | ᠨᠢᠭᠡ᠂ ︽ᠰᠠᠨᠠᠯ︾ ᠤᠨ ᠨᠡᠶᠢᠲᠡᠯᠡᠭᠳᠡᠭᠰᠡᠨ ᠠᠬᠤᠶ ᠪᠠᠶᠢᠳᠠᠯ ᠪᠠ ᠠᠴᠢ ᠬᠤᠯᠪᠣᠭᠳᠠᠯ | 2021 ᠣᠨ ᠳᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠰᠠᠨᠠᠯ ᠪᠠ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠠᠵᠢᠯᠯᠠᠭ᠎ᠠ ᠶᠢᠨ ᠲᠥᠰᠦᠯ ᠢ ᠨᠡᠶᠢᠲᠡᠯᠡᠭᠡᠳ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠠᠵᠢᠯᠯᠠᠭ᠎ᠠ ᠶᠢᠨ ᠵᠠᠮ ᠱᠤᠭᠤᠮ ᠢ | ᠵᠢᠷᠤᠵᠤ ᠥᠭᠴᠡᠢ᠃ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠵᠡᠷᠭᠡ ᠰᠢᠨ᠎ᠡ ᠡᠨᠧᠷᠭᠢ ᠶᠢ ᠶᠡᠭᠡ | ᠬᠡᠪᠴᠢᠶ᠎ᠡ ᠪᠠᠷ ᠥᠨᠳᠥᠷ ᠬᠠᠷᠢᠴᠠᠯ ᠲᠠᠢ ᠪᠠᠷ ᠨᠡᠭᠡᠭᠡᠨ ᠠᠰᠢᠭᠯᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠮᠢᠩᠭᠠᠨ | ᠲᠦᠮᠡᠨ ᠺᠢᠯᠣᠸᠠᠲ ᠤᠨ ᠲᠡᠰ ᠤᠨ ᠨᠢᠭᠡ ᠪᠦᠯᠦᠭ ᠰᠢᠨ᠎ᠡ ᠡᠨᠧᠷᠭᠢ ᠶᠢᠨ ᠰᠠᠭᠤᠷᠢᠨ ᠢ ᠪᠦᠳᠦᠭᠡᠨ ᠪᠠᠶᠢᠭᠤᠯᠵᠤ᠂ | ᠡᠨᠧᠷᠭᠢ ᠶᠢᠨ ᠬᠥᠭᠵᠢᠯᠲᠡ ᠶᠢᠨ ︽ᠬᠤᠶᠠᠷ ᠢ ᠤᠷᠢᠳ ᠢᠶᠠᠷ ᠭᠦᠢᠴᠡᠳᠬᠡᠬᠦ︾ ︽ᠬᠤᠶᠠᠷ ᠢ ᠳᠠᠪᠠᠭᠤᠯᠬᠤ︾ ᠶᠢ | ᠪᠡᠶᠡᠯᠡᠭᠦᠯᠬᠦ ᠬᠡᠷᠡᠭᠲᠡᠢ ᠭᠡᠵᠦ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠳᠤᠷᠠᠳᠪᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠦᠷᠢᠮ ᠤᠨ ᠪᠣᠷᠣ ᠲᠥᠰᠦᠪ ᠢ | ᠲᠣᠭᠲᠠᠭᠠᠨ᠂ ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ | ᠦᠢᠯᠡᠰ ᠤᠨ ᠲᠣᠬᠢᠷᠠᠭᠤᠯᠤᠯᠲᠠ᠂ ᠪᠥᠲᠥᠭᠡᠨ ᠪᠠᠶᠢᠭᠤᠯᠤᠯᠲᠠ᠂ ᠠᠵᠢᠯᠯᠠᠭᠠᠨ ᠤ ᠬᠠᠮᠢᠶᠠᠷᠤᠯᠲᠠ ᠶᠢ ᠤᠯᠠᠮ ᠨᠢᠭᠡ | ᠠᠯᠬᠤᠮ ᠵᠢᠷᠤᠮᠵᠢᠭᠤᠯᠬᠤ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠣᠳᠠᠳᠤ ᠪᠠᠶᠢᠳᠠᠯ ᠲᠠᠢ | ᠤᠶᠠᠯᠳᠤᠭᠤᠯᠤᠨ᠂ ︽ᠰᠠᠨᠠᠯ︾ ᠢ ᠰᠤᠳᠤᠯᠤᠨ ᠲᠣᠭᠲᠠᠭᠠᠵᠤ ᠵᠢᠯᠣᠭᠤᠳᠬᠤ ᠪᠢᠴᠢᠭ ᠮᠠᠲ᠋ᠧᠷᠢᠶᠠᠯ ᠪᠣᠯᠭᠠᠪᠠ᠃ | ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ | ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠲᠤ | ᠪᠠᠶᠢᠳᠠᠯ ᠲᠠᠢ ᠤᠶᠠᠯᠳᠤᠭᠤᠯᠤᠨ ︽ᠰᠠᠨᠠᠯ︾ ᠢ ᠨᠠᠶᠢᠷᠠᠭᠤᠯᠤᠨ ᠲᠤᠭᠤᠷᠪᠢᠭᠠᠳ᠂ ᠰᠠᠯᠬᠢᠨ ᠬᠦᠴᠦᠨ ᠤ ᠴᠠᠬᠢᠯᠭᠠᠨ᠂ | ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠢ ᠴᠢᠨᠠᠷ ᠰᠠᠶᠢᠲᠠᠶ ᠳᠣᠬᠢᠷᠠᠭᠤᠯᠬᠤ᠂ ᠴᠢᠨᠠᠷ ᠰᠠᠶᠢᠲᠠᠶ | ᠪᠥᠲᠥᠭᠡᠨ ᠪᠠᠶᠢᠭᠤᠯᠬᠤ᠂ ᠴᠢᠨᠠᠷ ᠰᠠᠶᠢᠲᠠᠶ ᠠᠵᠢᠯᠯᠠᠭᠤᠯᠬᠤ ᠶᠢ ᠪᠠᠷᠢᠮᠲᠠᠯᠠᠬᠤ ᠶᠢᠨ ᠬᠠᠮᠲᠤ ᠰᠠᠯᠬᠢᠨ ᠬᠦᠴᠦᠨ ᠤ | ᠴᠠᠬᠢᠯᠭᠠᠨ ᠭᠡᠷᠡᠯ ᠴᠡᠨᠡᠭ ᠤᠨ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠶ ᠪᠠᠷ ᠬᠠᠮᠵᠢᠯᠴᠠᠨ ᠬᠥᠭᠵᠢᠬᠦ ᠶᠢ | ᠳᠠᠶᠢᠴᠢᠯᠠᠨ᠂ ᠰᠢᠨ᠎ᠡ ᠡᠨᠧᠷᠭᠢ ᠶᠢᠨ ᠴᠢᠨᠠᠷ ᠰᠠᠶᠢᠲᠠᠶ ᠬᠥᠭᠵᠢᠯᠲᠡ ᠶᠢᠨ ᠲᠤᠯᠭᠠᠭᠤᠷᠢᠯᠠᠬᠤ ᠲᠣᠭᠲᠠᠯᠴᠠᠭ᠎ᠠ ᠶᠢ | ᠲᠡᠭᠦᠯᠳᠡᠷᠵᠢᠭᠦᠯᠦᠨ᠎ᠡ ᠭᠡᠵᠦ ︽ᠰᠠᠨᠠᠯ︾ ᠳᠤ ᠳᠤᠷᠠᠳᠴᠠᠢ᠃ ︽ᠰᠠᠨᠠᠯ︾ ᠳᠤ ᠰᠠᠯᠬᠢᠨ ᠬᠦᠴᠦᠨ ᠤ ᠴᠠᠬᠢᠯᠭᠠᠨ | ᠭᠡᠷᠡᠯ ᠴᠡᠨᠡᠭ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠬᠤ ᠠᠷᠭ᠎ᠠ᠂ ᠥᠨᠳᠥᠷ ᠪᠠᠷᠢᠮᠵᠢᠶ᠎ᠠ ᠪᠠᠷ | ᠪᠥᠲᠥᠭᠡᠨ ᠪᠠᠶᠢᠭᠤᠯᠬᠤ ᠪᠠ ᠠᠮᠤᠷ ᠲᠣᠭᠲᠠᠭᠤᠨ ᠢᠶᠠᠷ ᠠᠵᠢᠯᠯᠠᠭᠤᠯᠬᠤ ᠬᠠᠮᠢᠶ᠎ᠠ ᠪᠥᠬᠦᠶ ᠱᠠᠭᠠᠷᠳᠠᠯᠭ᠎ᠠ ᠶᠢ ᠬᠠᠮᠤᠷᠴᠤ᠂ | ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠪᠠ ᠬᠠᠮᠢᠶ᠎ᠠ ᠪᠥᠬᠦᠶ ᠲᠤᠯᠭᠠᠭᠤᠷᠢᠯᠠᠬᠤ ᠲᠣᠭᠲᠠᠯᠴᠠᠭ᠎ᠠ ᠶᠢᠨ | ᠪᠥᠲᠥᠭᠡᠨ ᠪᠠᠶᠢᠭᠤᠯᠤᠯᠲᠠ ᠶᠢᠨ ᠰᠡᠳᠬᠢᠮᠵᠢ ᠶᠢ ᠳᠤᠷᠠᠳᠴᠠᠢ᠃ | ᠬᠤᠶᠠᠷ᠂ ᠠᠭᠤᠯᠭ᠎ᠠ ᠶᠢᠨ ᠲᠠᠶᠢᠯᠤᠮᠵᠢ | ︽ᠰᠠᠨᠠᠯ︾ ᠢ ᠶᠡᠷᠦᠩᠬᠡᠶ ᠱᠠᠭᠠᠷᠳᠠᠯᠭ᠎ᠠ᠂ ᠦᠨᠳᠦᠰᠦᠨ ᠵᠠᠷᠴᠢᠮ᠂ ᠰᠠᠯᠬᠢᠨ ᠬᠦᠴᠦᠨ ᠤ ᠴᠠᠬᠢᠯᠭᠠᠨ ᠭᠡᠷᠡᠯ | ᠴᠡᠨᠡᠭ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠬᠤ ᠶᠢ ᠨᠢᠭᠡᠳᠦᠯᠲᠡᠶ ᠲᠥᠯᠦᠪᠵᠢᠭᠦᠯᠬᠦ᠂ | ᠲᠥᠷᠥᠯ ᠵᠦᠢᠯ ᠤᠨ ᠥᠨᠳᠥᠷ ᠪᠠᠷᠢᠮᠵᠢᠶᠠᠲᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠠᠮᠤᠷ ᠲᠣᠭᠲᠠᠭᠤᠨ ᠢᠶᠠᠷ | ᠠᠵᠢᠯᠯᠠᠭᠤᠯᠬᠤ ᠶᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠬᠤ᠂ | ᠲᠤᠯᠭᠠᠭᠤᠷᠢᠯᠠᠬᠤ ᠲᠣᠭᠲᠠᠯᠴᠠᠭ᠎ᠠ ᠶᠢ ᠴᠢᠩᠭᠠᠳᠬᠠᠬᠤ ᠭᠡᠬᠦ ᠲᠤᠯᠤᠭᠠᠨ ᠬᠡᠰᠡᠭ ᠬᠤᠪᠢᠶᠠᠨ᠎ᠠ᠂ ᠪᠣᠳᠠᠲᠠᠶ ᠠᠭᠤᠯᠭ᠎ᠠ ᠨᠢ | ᠳᠠᠷᠠᠭᠠᠬᠢ ᠮᠡᠲᠦ᠄ | ︵ᠨᠢᠭᠡ︶ ᠶᠡᠷᠦᠩᠬᠡᠶ ᠱᠠᠭᠠᠷᠳᠠᠯᠭ᠎ᠠ ᠶᠢᠨ ᠬᠡᠰᠡᠭ᠃ ᠨᠠᠮ ᠪᠠ ᠤᠯᠤᠰ ᠤᠨ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠶᠣᠰᠣᠭᠠᠷ᠂ ︽ᠲᠦᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ︾ ᠶᠢᠨ ᠡᠨᠧᠷᠭᠢ ᠶᠢᠨ | ᠰᠤᠷᠪᠤᠯᠵᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠤᠳᠤᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠠᠬᠢᠨ | ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠶᠡᠭᠡ ᠪᠠᠷ ᠬᠥᠭᠵᠢᠭᠦᠯᠵᠦ᠂ ᠠᠷᠢᠭᠤᠨ ᠴᠡᠪᠡᠷ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠠᠮᠤᠷ ᠲᠦᠪᠰᠢᠨ ᠥᠨᠳᠥᠷ ᠪᠦᠲᠦᠮᠵᠢᠲᠡᠶ ᠡᠨᠧᠷᠭᠢ ᠶᠢᠨ ᠰᠤᠷᠪᠤᠯᠵᠢ ᠶᠢᠨ | ᠲᠣᠭᠲᠠᠯᠴᠠᠭ᠎ᠠ ᠶᠢ ᠪᠠᠶᠢᠭᠤᠯᠤᠨ᠎ᠠ᠃ ᠵᠠᠰᠠᠭ ᠤᠨ ᠣᠷᠳᠣᠨ ᠬᠥᠲᠥᠯᠦᠨ ᠵᠢᠯᠣᠭᠤᠳᠬᠤ ᠪᠠ ᠵᠠᠬ᠎ᠠ ᠳᠡᠯᠭᠡᠭᠦᠷ | ᠲᠣᠭᠲᠠᠭᠠᠬᠤ ᠬᠤᠶᠠᠷ ᠲᠠᠯ᠎ᠠ ᠠᠴᠠ ᠬᠦᠴᠦᠯᠡᠬᠦ ᠪᠠᠷ ᠳᠠᠮᠵᠢᠭᠤᠯᠤᠨ᠂ ᠰᠠᠯᠬᠢᠨ ᠬᠦᠴᠦᠨ ᠤ ᠴᠠᠬᠢᠯᠭᠠᠨ᠂ ᠭᠡᠷᠡᠯ | ᠴᠡᠨᠡᠭ ᠵᠡᠷᠭᠡ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠲᠠᠢ ᠪᠠᠷ ᠨᠡᠭᠡᠭᠡᠨ ᠠᠰᠢᠭᠯᠠᠬᠤ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠠᠵᠤ ᠠᠬᠤᠶ ᠶᠢᠨ ︽ᠬᠤᠶᠠᠷ ᠢ | ᠤᠷᠢᠳ ᠢᠶᠠᠷ ᠭᠦᠢᠴᠡᠳᠬᠡᠬᠦ᠂ ᠬᠤᠶᠠᠷ ᠢ ᠳᠠᠪᠠᠭᠤᠯᠬᠤ︾ ᠬᠠᠷᠠᠯᠲᠠ ᠶᠢ ᠪᠡᠶᠡᠯᠡᠭᠦᠯᠦᠨ᠎ᠡ ᠭᠡᠵᠦ ᠲᠤᠰ ᠬᠡᠰᠡᠭ ᠲᠤ | ᠳᠤᠷᠠᠳᠪᠠ᠃ | ︵ᠬᠤᠶᠠᠷ︶ ᠦᠨᠳᠦᠰᠦᠨ ᠵᠠᠷᠴᠢᠮ ᠤᠨ ᠬᠡᠰᠡᠭ᠃ ᠡᠭᠦᠨ ᠳᠤ ᠭᠤᠤᠯᠳᠠᠭᠤ ᠰᠢᠨ᠎ᠡ ᠡᠨᠧᠷᠭᠢ ᠶᠢ | ᠲᠣᠬᠢᠷᠠᠭᠤᠯᠬᠤ ᠪᠥᠲᠥᠭᠡᠨ ᠪᠠᠶᠢᠭᠤᠯᠬᠤ ᠠᠵᠢᠯᠯᠠᠭᠤᠯᠬᠤ ᠪᠠ ᠴᠢᠨᠠᠷ ᠰᠠᠶᠢᠲᠠᠶ ᠬᠥᠭᠵᠢᠯᠲᠡ ᠶᠢ ᠬᠠᠷᠢᠯᠴᠠᠨ | ᠠᠭᠤᠰᠤᠯᠴᠠᠭᠤᠯᠬᠤ ᠶᠢ ᠪᠠᠷᠢᠮᠲᠠᠯᠠᠬᠤ᠂ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠪᠠ ︽ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ︾ ᠬᠠᠷᠠᠯᠲᠠ ᠶᠢ ᠬᠠᠷᠢᠯᠴᠠᠨ ᠨᠢᠭᠡᠳᠬᠡᠬᠦ᠂ ᠠᠮᠢ ᠠᠬᠤᠶ ᠶᠢ | ᠲᠡᠷᠢᠭᠦᠨ ᠳᠤ ᠲᠠᠯᠪᠢᠬᠤ ᠪᠠ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠬᠤ ᠶᠢ ᠬᠠᠷᠢᠯᠴᠠᠨ ᠤᠶᠠᠯᠳᠤᠭᠤᠯᠬᠤ᠂ | ᠶᠡᠷᠦᠩᠬᠡᠶ ᠲᠥᠯᠥᠪᠵᠢᠭᠦᠯᠭᠡ ᠪᠠ ᠠᠯᠬᠤᠮ ᠬᠤᠪᠢᠶᠠᠨ ᠬᠡᠷᠡᠭᠵᠢᠭᠦᠯᠬᠦ ᠶᠢ ᠬᠠᠷᠢᠯᠴᠠᠨ ᠵᠣᠯᠭᠠᠭᠤᠯᠬᠤ ᠳᠥᠷᠪᠡᠨ | ᠵᠠᠷᠴᠢᠮ ᠶᠢ ᠪᠠᠭᠲᠠᠭᠠᠨ᠎ᠠ᠃ | ︵ᠭᠤᠷᠪᠠ︶ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠡᠬᠢ ᠪᠠᠶᠠᠯᠢᠭ ᠢ ᠰᠢᠨᠵᠢᠯᠡᠬᠦ | ᠤᠬᠠᠭᠠᠨᠴᠢ ᠪᠠᠷ ᠳᠣᠭᠢᠷᠠᠭᠤᠯᠬᠤ ᠶᠢ ᠨᠢᠭᠡᠳᠦᠯᠲᠡᠶ ᠲᠥᠯᠦᠪᠵᠢᠭᠦᠯᠬᠦ ᠬᠡᠰᠡᠭ᠃ ᠰᠦᠯᠵᠢᠶᠡᠨ ᠳᠤ ᠣᠷᠣᠭᠤᠯᠬᠤ ᠤᠯᠠᠨ | ᠡᠰᠢᠴᠢᠯᠡᠭᠰᠡᠨ ᠲᠣᠭᠲᠠᠴᠠ ᠶᠢ ᠪᠠᠶᠢᠭᠤᠯᠵᠤ᠂ ᠵᠢᠷᠭᠤᠭᠠᠨ ᠲᠦᠷᠦᠯ ᠤᠨ ᠵᠠᠬ᠎ᠠ ᠳᠡᠯᠭᠡᠭᠦᠷᠴᠢᠯᠡᠨ ᠰᠦᠯᠵᠢᠶᠡᠨ | ᠣᠷᠣᠭᠤᠯᠤᠨ ᠪᠠᠭᠲᠠᠭᠠᠬᠤ ᠲᠦᠷᠦᠯ ᠵᠦᠢᠯ ᠢ ᠤᠷᠢᠳ ᠢᠶᠠᠷ ᠳᠡᠮᠵᠢᠵᠦ᠂ ᠲᠦᠷᠪᠡᠨ ᠲᠦᠷᠦᠯ ᠤᠨ ᠪᠠᠲᠤᠯᠠᠭ᠎ᠠ ᠶᠢᠨ | ᠴᠢᠨᠠᠷᠲᠠᠶ ᠪᠠᠷ ᠰᠦᠯᠵᠢᠶᠡᠨ ᠣᠷᠣᠭᠤᠯᠤᠨ ᠪᠠᠭᠲᠠᠭᠠᠬᠤ ᠲᠦᠷᠦᠯ ᠵᠦᠢᠯ ᠢ ᠡᠮᠬᠢ ᠵᠢᠷᠤᠮ ᠲᠠᠢ ᠪᠠᠷ ᠵᠣᠬᠢᠶᠠᠨ | ᠪᠠᠶᠢᠭᠤᠯᠤᠨ᠎ᠠ᠃ ᠲᠥᠷᠥᠯ ᠵᠦᠢᠯ ᠭᠤᠶᠤᠴᠢᠯᠠᠨ ᠮᠡᠳᠡᠭᠦᠯᠬᠦ ᠡᠮᠬᠢ ᠳᠢᠭᠯᠢᠮ ᠢ ᠵᠢᠷᠤᠮᠵᠢᠭᠤᠯᠵᠤ᠂ ᠡᠯ᠎ᠡ ᠲᠥᠷᠥᠯ ᠤᠨ | ᠲᠥᠷᠥᠯ ᠵᠦᠢᠯ ᠭᠤᠶᠤᠴᠢᠯᠠᠨ ᠮᠡᠳᠡᠭᠦᠯᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠤ ᠳᠣᠲᠣᠷ᠎ᠠ | ᠭᠠᠳᠠᠨᠠᠬᠢ ᠠᠵᠤ ᠠᠬᠤᠶᠢᠯᠠᠯ ᠤᠳ ᠤᠨ ᠡᠯ᠎ᠡ ᠵᠦᠢᠯ ᠤᠨ ᠬᠡᠯᠪᠡᠷᠢ ᠪᠠᠷ ᠣᠷᠣᠨ ᠤ ᠳᠣᠲᠣᠷᠠᠬᠢ ᠰᠢᠨ᠎ᠡ ᠡᠨᠧᠷᠭᠢ ᠶᠢᠨ | ᠲᠥᠷᠥᠯ ᠵᠦᠢᠯ ᠢ ᠨᠡᠭᠡᠭᠡᠨ ᠬᠥᠭᠵᠢᠭᠦᠯᠬᠦ ᠳᠤ ᠣᠷᠣᠯᠴᠠᠬᠤ ᠶᠢ ᠳᠡᠮᠵᠢᠨ ᠵᠣᠷᠢᠭᠵᠢᠭᠤᠯᠤᠨ᠎ᠠ ᠭᠡᠵᠦ ᠲᠤᠰ ᠬᠡᠰᠡᠭ ᠲᠤ | ᠳᠤᠷᠠᠳᠴᠠᠢ᠃ | ︵ᠳᠥᠷᠪᠡ︶ ᠲᠥᠷᠥᠯ ᠵᠦᠢᠯ ᠤᠨ ᠥᠨᠳᠥᠷ ᠪᠠᠷᠢᠮᠵᠢᠶᠠᠲᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ | ᠬᠡᠰᠡᠭ᠃ ᠰᠠᠯᠬᠢᠨ ᠬᠦᠴᠦᠨ ᠤ ᠴᠠᠬᠢᠯᠭᠠᠨ᠂ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ | ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠭ᠎ᠠ ᠡᠵᠡᠮᠳᠡᠵᠦ᠂ ᠲᠥᠷᠥᠯ ᠵᠦᠢᠯ ᠤᠳ ᠢ ᠬᠢᠨᠠᠨ ᠬᠠᠮᠢᠶᠠᠷᠬᠤ | ᠠᠷᠭ᠎ᠠ ᠬᠡᠮᠵᠢᠶ᠎ᠡ ᠶᠢ ᠴᠢᠩᠭᠠᠳᠬᠠᠨ᠂ ᠠᠶᠢᠮᠠᠭ ᠬᠤᠲᠠ ᠨᠤᠭᠤᠳ ᠪᠠ ᠠᠵᠤ ᠠᠬᠤᠶᠢᠯᠠᠯ ᠤᠳ ᠢ ᠱᠠᠩᠨᠠᠵᠤ ᠲᠣᠷᠭᠠᠬᠤ | ᠂ ᠦᠨᠡᠯᠡᠨ ᠵᠢᠱᠢᠬᠦ ᠪᠠ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠤᠳ ᠢ ᠬᠥᠲᠥᠯᠦᠨ | ᠵᠢᠯᠣᠭᠤᠳᠴᠤ ᠪᠠᠶᠢᠭᠠᠳ ᠡᠮᠬᠢ ᠵᠢᠷᠤᠮ ᠲᠠᠢ ᠬᠤᠭᠤᠴᠠᠭ᠎ᠠ ᠶᠣᠰᠣᠭᠠᠷ ᠪᠠᠶᠢᠭᠤᠯᠤᠨ ᠪᠦᠲᠦᠭᠡᠬᠦ ᠪᠠ ᠰᠠᠶᠢᠲᠤᠷ | ᠠᠵᠢᠯᠯᠠᠭᠤᠯᠤᠨ᠎ᠠ᠃ ᠥᠪᠡᠰᠦᠪᠡᠨ ᠪᠠᠶᠢᠭᠤᠯᠬᠤ ᠪᠠᠷ ᠬᠤᠳᠠᠯᠳᠤᠨ ᠠᠪᠤᠭᠰᠠᠨ ᠡᠨᠧᠷᠭᠢ ᠬᠠᠳᠠᠭᠠᠯᠠᠬᠤ ᠪᠤᠶᠤ ᠣᠷᠭᠢᠯ | ᠦᠶ᠎ᠡ ᠶᠢ ᠳᠣᠭᠢᠷᠠᠭᠤᠯᠬᠤ ᠴᠢᠳᠠᠪᠤᠷᠢ ᠳᠤ ᠳᠣᠭᠢᠷᠠᠭᠤᠯᠤᠨ ᠪᠠᠶᠢᠭᠤᠯᠬᠤ ᠰᠢᠨ᠎ᠡ ᠡᠨᠧᠷᠭᠢ ᠶᠢᠨ ᠲᠥᠷᠥᠯ ᠵᠦᠢᠯ ᠤᠨ | ᠳᠣᠭᠢᠷᠠᠭᠤᠯᠤᠨ ᠪᠠᠶᠢᠭᠤᠯᠬᠤ ᠡᠨᠧᠷᠭᠢ ᠬᠠᠳᠠᠭᠠᠯᠠᠬᠤ ᠬᠡᠪᠴᠢᠶ᠎ᠡ ᠶᠢ ᠵᠠᠷᠴᠢᠮ ᠳᠡᠭᠡᠷ᠎ᠡ ᠪᠠᠨ ᠰᠢᠨ᠎ᠡ ᠡᠨᠧᠷᠭᠢ ᠶᠢᠨ | ᠲᠥᠷᠥᠯ ᠵᠦᠢᠯ ᠤᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ 15% ᠠᠴᠠ ᠳᠣᠤᠷ᠎ᠠ ᠪᠠᠶᠢᠯᠭᠠᠵᠤ ᠪᠣᠯᠬᠤ | ᠥᠬᠡᠶ᠂ ᠡᠨᠧᠷᠭᠢ ᠬᠠᠳᠠᠭᠠᠯᠠᠬᠤ ᠴᠠᠭ ᠢ ᠨᠢ 4 ᠴᠠᠭ ᠠᠴᠠ ᠳᠡᠭᠡᠭᠰᠢ ᠪᠠᠶᠢᠯᠭᠠᠨ᠎ᠠ᠃ ᠪᠤᠰᠤᠳ ᠲᠥᠷᠥᠯ ᠤᠨ ᠵᠠᠬ᠎ᠠ | ᠳᠡᠯᠭᠡᠭᠦᠷᠴᠢᠯᠡᠨ ᠰᠦᠯᠵᠢᠶᠡᠨ ᠳᠤ ᠣᠷᠣᠭᠤᠯᠤᠨ ᠪᠠᠭᠲᠠᠭᠠᠬᠤ ᠰᠢᠨ᠎ᠡ ᠡᠨᠧᠷᠭᠢ ᠶᠢᠨ ᠲᠥᠷᠥᠯ ᠵᠦᠢᠯ ᠤᠨ | ᠳᠣᠭᠢᠷᠠᠭᠤᠯᠤᠨ ᠪᠠᠶᠢᠭᠤᠯᠬᠤ ᠡᠨᠧᠷᠭᠢ ᠬᠠᠳᠠᠭᠠᠯᠠᠬᠤ ᠬᠡᠪᠴᠢᠶ᠎ᠡ ᠶᠢ ᠬᠠᠷᠠᠭᠠᠯᠵᠠᠭᠰᠠᠨ ᠬᠡᠷᠡᠭᠵᠢᠭᠦᠯᠦᠨ ᠬᠠᠮᠢᠶᠠᠷᠬᠤ | ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ ᠬᠡᠮᠡᠨ ᠲᠤᠰ ᠬᠡᠰᠡᠭ ᠲᠤ ᠳᠤᠷᠠᠳᠪᠠ᠃ | ︵ᠲᠠᠪᠤ︶ ᠠᠮᠤᠷ ᠲᠣᠭᠲᠠᠭᠤᠨ ᠢᠶᠠᠷ ᠠᠵᠢᠯᠯᠠᠭᠤᠯᠬᠤ ᠶᠢ ᠪᠠᠲᠤᠯᠠᠬᠤ ᠬᠡᠰᠡᠭ᠃ ᠡᠭᠦᠨ ᠳᠤ ᠭᠤᠤᠯᠳᠠᠭᠤ | ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠪᠠᠲᠤᠯᠠᠭ᠎ᠠ ᠶᠢᠨ ᠴᠠᠭ ᠢ ᠰᠢᠨᠵᠢᠯᠡᠬᠦ ᠤᠬᠠᠭᠠᠨᠴᠢ ᠪᠠᠷ | ᠲᠣᠭᠲᠠᠭᠠᠬᠤ᠂ ᠨᠥᠭᠡᠴᠡᠯᠡᠵᠦ ᠬᠠᠳᠠᠭᠠᠯᠠᠬᠤ ᠪᠥᠬᠦ ᠬᠤᠭᠤᠴᠠᠭᠠᠨ ᠳᠤ ᠲᠣᠭᠲᠠᠭᠤᠨ ᠢᠶᠠᠷ ᠠᠵᠢᠯᠯᠠᠭᠤᠯᠬᠤ ᠶᠢ | ᠪᠠᠲᠤᠯᠠᠬᠤ᠂ ᠡᠨᠧᠷᠭᠢ ᠬᠠᠳᠠᠭᠠᠯᠠᠬᠤ ᠶᠢ ᠠᠮᠤᠷ ᠲᠦᠪᠰᠢᠨ ᠢᠶᠠᠷ ᠠᠵᠢᠯᠯᠠᠭᠤᠯᠬᠤ ᠬᠢᠷᠢ ᠲᠥᠪᠰᠢᠨ ᠢ ᠳᠡᠭᠡᠭᠰᠢᠯᠡᠭᠦᠯᠬᠦ | ᠵᠡᠷᠭᠡ ᠭᠤᠷᠪᠠᠨ ᠬᠡᠰᠡᠭ ᠠᠭᠤᠯᠭ᠎ᠠ ᠶᠢ ᠪᠠᠭᠲᠠᠭᠠᠨ᠎ᠠ᠃ | ︵ᠵᠢᠷᠭᠤᠭ᠎ᠠ︶ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠳᠠᠶᠢᠴᠢᠯᠠᠬᠤ ᠬᠡᠰᠡᠭ᠃ ᠰᠢᠨ᠎ᠡ | ᠡᠨᠧᠷᠭᠢ ᠶᠢᠨ ᠨᠡᠭᠡᠭᠡᠨ ᠠᠰᠢᠭᠯᠠᠯᠲᠠ ᠶᠢ ᠠᠵᠤ ᠦᠢᠯᠡᠰ ᠤᠨ ᠬᠡᠯᠬᠢᠶ᠎ᠡ ᠲᠠᠢ ᠬᠠᠷᠢᠯᠴᠠᠨ ᠠᠭᠤᠰᠤᠯᠴᠠᠭᠤᠯᠵᠤ᠂ | ᠳᠠᠭᠠᠭᠠᠴᠠ ᠪᠠᠷ ᠴᠠᠬᠢᠯᠭᠠᠨ ᠡᠭᠦᠰᠭᠡᠭᠴᠢ ᠶᠢ ᠳᠠᠶᠢᠴᠢᠯᠠᠬᠤ᠂ ᠰᠢᠨ᠎ᠡ ᠶᠢ ᠡᠭᠦᠳᠬᠦ ᠬᠡᠯᠬᠢᠶ᠎ᠡ ᠪᠠᠷ ᠠᠵᠤ ᠦᠢᠯᠡᠰ ᠤᠨ | ᠬᠡᠯᠬᠢᠶ᠎ᠡ ᠶᠢ ᠳᠠᠶᠢᠴᠢᠯᠠᠬᠤ ᠣᠷᠴᠢᠯᠳᠤᠭᠤᠯᠤᠨ ᠬᠠᠷᠢᠯᠴᠠᠨ ᠠᠬᠢᠭᠤᠯᠬᠤ ᠵᠠᠭᠪᠤᠷ ᠢ ᠪᠦᠷᠢᠯᠳᠦᠭᠦᠯᠦᠨ᠎ᠡ᠃ ᠠᠵᠤ | ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ᠨᠢᠭᠡᠲᠦᠯᠲᠡᠢ | ᠲᠦᠯᠦᠪᠵᠢᠭᠦᠯᠦᠨ ᠠᠬᠢᠭᠤᠯᠵᠤ᠂ ︽ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ — ᠲᠣᠨᠤᠭ ᠲᠥᠬᠦᠭᠡᠷᠦᠮᠵᠢ | ᠦᠢᠯᠡᠳᠬᠦ — ᠤᠭᠰᠠᠷᠠᠭ᠎ᠠ ᠲᠣᠨᠤᠭ ᠢ ᠢᠵᠢ ᠪᠥᠷᠢᠳᠦᠭᠦᠯᠬᠦ — ᠰᠠᠭᠤᠷᠢᠨ ᠭᠠᠵᠠᠷ ᠤᠨ ᠲᠤᠷᠰᠢᠯᠲᠠ — | ᠪᠥᠭᠡᠮ ᠢᠶᠠᠷ ᠦᠢᠯᠡᠳᠪᠦᠷᠢᠯᠡᠬᠦ — ᠥᠨᠳᠥᠷ ᠦᠷ᠎ᠡ ᠪᠦᠲᠦᠮᠵᠢᠲᠡᠶ ᠪᠠᠷ ᠠᠵᠢᠯᠯᠠᠭᠤᠯᠬᠤ︾ ᠠᠵᠤ ᠦᠢᠯᠡᠰ ᠤᠨ | ᠬᠡᠯᠬᠢᠶ᠎ᠡ ᠶᠢᠨ ᠪᠦᠯᠦᠭᠵᠢᠯ ᠢ ᠪᠣᠶ ᠪᠣᠯᠭᠠᠨ᠎ᠠ ᠭᠡᠵᠦ ᠲᠤᠰ ᠬᠡᠰᠡᠭ ᠲᠤ ᠳᠤᠷᠠᠳᠴᠠᠢ᠃ | ︵ᠳᠣᠯᠤᠭ᠎ᠠ︶ ᠲᠤᠯᠭᠠᠭᠤᠷᠢᠯᠠᠬᠤ ᠲᠣᠭᠲᠠᠯᠴᠠᠭ᠎ᠠ ᠶᠢ ᠴᠢᠩᠭᠠᠳᠬᠠᠬᠤ ᠬᠡᠰᠡᠭ᠃ ᠪᠥᠬᠦ ᠣᠷᠣᠨ ᠤ ᠰᠠᠯᠬᠢᠨ | ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠢᠵᠢ ᠪᠦᠷᠢᠳᠦᠭᠰᠡᠨ | ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠡᠬᠢ ᠰᠤᠷᠪᠤᠯᠵᠢ ᠵᠢᠴᠢ ᠰᠦᠯᠵᠢᠶᠡᠨ ᠳᠤ | ᠣᠷᠣᠭᠤᠯᠬᠤ ᠬᠠᠮᠵᠢᠯᠴᠠᠭ᠎ᠠ ᠶᠢ ᠴᠢᠩᠭᠠᠳᠬᠠᠬᠤ ᠪᠠ ᠰᠢᠨ᠎ᠡ ᠡᠨᠧᠷᠭᠢ ᠶᠢ ᠰᠢᠩᠭᠡᠭᠡᠨ ᠪᠠᠭᠲᠠᠭᠠᠬᠤ ᠶᠢ ᠪᠠᠲᠤᠯᠠᠬᠤ | ᠬᠡᠷᠡᠭᠲᠡᠶ ᠭᠡᠵᠦ ᠲᠤᠰ ᠬᠡᠰᠡᠭ ᠲᠤ ᠲᠣᠳᠣᠷᠬᠠᠶ ᠲᠣᠭᠲᠠᠭᠠᠪᠠ᠃ | ᠭᠤᠷᠪᠠ᠂ ︽ᠰᠠᠨᠠᠯ︾ ᠤᠨ ᠣᠨᠴᠠᠯᠢᠭᠲᠤ ᠭᠢᠯᠠᠰ ᠴᠡᠭ | ︵ᠨᠢᠭᠡ︶ ᠰᠢᠨ᠎ᠡ ᠡᠨᠧᠷᠭᠢ ᠶᠢᠨ ᠠᠵᠤ ᠦᠢᠯᠡᠰ ᠤᠨ ᠪᠥᠬᠦ ᠶᠠᠪᠤᠴᠠ ᠳᠠᠬᠢ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ᠃ ᠴᠢᠨᠠᠷ ᠰᠠᠶᠢᠲᠠᠶ ᠲᠣᠬᠢᠷᠠᠭᠤᠯᠬᠤ᠂ ᠴᠢᠨᠠᠷ ᠰᠠᠶᠢᠲᠠᠶ ᠪᠥᠲᠥᠭᠡᠨ ᠪᠠᠶᠢᠭᠤᠯᠬᠤ᠂ ᠴᠢᠨᠠᠷ ᠰᠠᠶᠢᠲᠠᠶ | ᠠᠵᠢᠯᠯᠠᠭᠤᠯᠬᠤ᠂ ᠴᠢᠨᠠᠷ ᠰᠠᠶᠢᠲᠠᠶ ᠳᠠᠶᠢᠴᠢᠯᠠᠬᠤ ᠪᠠ ᠴᠢᠨᠠᠷ ᠰᠠᠶᠢᠲᠠᠶ ᠲᠤᠯᠭᠠᠭᠤᠷᠢᠯᠠᠬᠤ ᠲᠠᠪᠤᠨ ᠲᠠᠯ᠎ᠠ ᠠᠴᠠ | ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠵᠦ᠂ ᠵᠠᠰᠠᠭ | ᠪᠠ ᠠᠵᠤ ᠠᠬᠤᠶᠢᠯᠠᠯ ᠬᠠᠮᠵᠢᠯᠴᠠᠬᠤ ᠪᠠᠷ ᠳᠠᠮᠵᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ | ᠡᠨᠧᠷᠭᠢ ᠶᠢᠨ ᠠᠵᠤ ᠦᠢᠯᠡᠰ ᠤᠨ ᠪᠥᠬᠦ ᠶᠠᠪᠤᠴᠠ ᠳᠠᠬᠢ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ᠃ | ︵ᠬᠤᠶᠠᠷ︶ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠦᠷᠢᠮ ᠤᠨ ᠪᠣᠷᠣ ᠲᠥᠰᠦᠪ ᠢ | ᠪᠦᠷᠢᠨᠰᠢᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ ᠪᠠᠭᠤᠯᠭᠠᠭᠰᠠᠨ ᠰᠠᠨᠠᠯ ᠪᠠ ᠮᠡᠳᠡᠭᠳᠡᠯ ᠳᠠᠬᠢ ︽ᠬᠤᠤᠰ | ᠬᠦᠷᠳᠦ ᠪᠠᠷ ᠬᠦᠳᠡᠯᠭᠡᠵᠦ᠂ ᠬᠤᠶᠠᠷ ᠲᠠᠯ᠎ᠠ ᠪᠠᠷ ᠬᠦᠴᠦᠯᠡᠬᠦ︾ ᠠᠵᠢᠯ ᠤᠨ ᠵᠠᠷᠴᠢᠮ ᠶᠣᠰᠣᠭᠠᠷ᠂ ᠵᠠᠰᠠᠭ ᠤᠨ | ᠣᠷᠳᠣᠨ ᠤ ᠳᠠᠭᠠᠭᠤᠯᠭ᠎ᠠ ᠵᠢᠯᠤᠭᠤᠳᠤᠯᠭ᠎ᠠ ᠶᠢ ᠵᠠᠬ᠎ᠠ ᠳᠡᠯᠭᠡᠭᠦᠷ ᠤᠨ ᠲᠣᠭᠲᠠᠴᠠ ᠲᠠᠢ ᠤᠶᠠᠯᠳᠤᠭᠤᠯᠬᠤ ᠶᠢ | ᠪᠠᠷᠢᠮᠲᠠᠯᠠᠵᠤ᠂ ᠰᠠᠯᠬᠢᠨ ᠬᠦᠴᠦᠨ ᠤ ᠴᠠᠬᠢᠯᠭᠠᠨ᠂ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ | ᠵᠦᠢᠯ ᠤᠳ ᠢ ᠰᠦᠯᠵᠢᠶᠡᠨ ᠳᠤ ᠣᠷᠣᠭᠤᠯᠬᠤ ᠲᠣᠭᠲᠠᠴᠠ ᠶᠢ ᠵᠠᠬ᠎ᠠ ᠳᠡᠯᠭᠡᠭᠦᠷᠴᠢᠯᠡᠨ ᠰᠦᠯᠵᠢᠶᠡᠨ ᠳᠤ ᠣᠷᠣᠭᠤᠯᠤᠨ | ᠪᠠᠭᠲᠠᠭᠠᠬᠤ ᠪᠠ ᠪᠠᠲᠤᠯᠠᠭ᠎ᠠ ᠶᠢᠨ ᠴᠢᠨᠠᠷᠲᠠᠶ ᠪᠠᠷ ᠰᠦᠯᠵᠢᠶᠡᠨ ᠳᠤ ᠣᠷᠣᠭᠤᠯᠤᠨ ᠪᠠᠭᠲᠠᠭᠠᠬᠤ ᠭᠡᠵᠦ ᠬᠤᠶᠠᠷ | ᠲᠥᠷᠥᠯ ᠳᠤ ᠬᠤᠪᠢᠶᠠᠨ᠎ᠠ᠃ ᠥᠪᠡᠷᠲᠡᠭᠡᠨ ᠵᠠᠰᠠᠬᠤ ᠣᠷᠣᠨ ︽1+N︾ ᠬᠠᠮᠢᠶᠠᠷᠤᠯᠲᠠ ᠶᠢᠨ ᠲᠣᠭᠲᠠᠴᠠ᠂ | ᠳᠠᠷᠤᠢ 1 ᠲᠦᠰᠦᠪᠯᠡᠨ ᠵᠢᠯᠣᠭᠤᠳᠬᠤ ᠮᠠᠩᠯᠠᠢ ᠰᠠᠨᠠᠯ + N ︵ᠣᠯᠠᠨ︶ ᠲᠥᠷᠥᠯ ᠬᠤᠪᠢᠶᠠᠨ ᠬᠡᠷᠡᠭᠵᠢᠭᠦᠯᠬᠦ | ᠬᠠᠮᠢᠶᠠᠷᠤᠯᠲᠠ ᠶᠢᠨ ᠠᠷᠭ᠎ᠠ ︵ᠵᠠᠬ᠎ᠠ ᠳᠡᠯᠭᠡᠭᠦᠷᠴᠢᠯᠡᠬᠦ ᠪᠠ ᠪᠠᠲᠤᠯᠠᠭ᠎ᠠ ᠶᠢᠨ ᠴᠢᠨᠠᠷᠲᠠᠶ ᠰᠦᠯᠵᠢᠶᠡᠨ ᠳᠤ ᠣᠷᠣᠭᠤᠯᠤᠨ | ᠪᠠᠭᠲᠠᠭᠠᠬᠤ ᠡᠯ᠎ᠡ ᠲᠥᠷᠦᠯ ᠤᠨ ᠬᠠᠷᠠᠭᠠᠯᠵᠠᠭᠰᠠᠨ ᠲᠥᠷᠥᠯ ᠵᠦᠢᠯ︶ ᠶᠢᠨ ᠶᠣᠰᠣᠭᠠᠷ᠂ ᠪᠥᠬᠦ ᠣᠷᠣᠨ ᠤ ᠰᠠᠯᠬᠢᠨ | ᠬᠦᠴᠦᠨ ᠤ ᠴᠠᠬᠢᠯᠭᠠᠨ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠳ ᠤᠨ ᠡᠬᠢ ᠪᠠᠶᠠᠯᠢᠭ ᠢ | ᠳᠣᠭᠢᠷᠠᠭᠤᠯᠬᠤ ᠪᠠ ᠨᠡᠭᠡᠭᠡᠨ ᠠᠰᠢᠭᠯᠠᠵᠤ ᠪᠥᠲᠥᠭᠡᠨ ᠪᠠᠶᠢᠭᠤᠯᠬᠤ ᠶᠢ ᠵᠢᠯᠣᠭᠤᠳᠴᠤ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠶ ᠨᠡᠶᠢᠭᠡᠮ ᠤᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ | ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠠᠬᠢᠭᠤᠯᠤᠨ᠎ᠠ᠃ | ︵ᠭᠤᠷᠪᠠ︶ ᠶᠡᠷᠦᠩᠬᠡᠶ ᠲᠥᠯᠥᠪᠵᠢᠭᠦᠯᠭᠡ ᠶᠢᠨ ᠬᠥᠲᠥᠯᠦᠨ ᠳᠠᠭᠠᠭᠤᠯᠬᠤ ᠦᠢᠯᠡᠳᠦᠯ ᠢ ᠴᠢᠩᠭᠠᠷᠠᠭᠤᠯᠤᠨ᠎ᠠ᠃ | ᠠᠶᠢᠮᠠᠭ ᠬᠤᠲᠠ ᠨᠤᠭᠤᠳ ᠰᠠᠯᠬᠢᠨ ᠡᠨᠧᠷᠭᠢ᠂ ᠨᠡᠷᠡᠨ ᠡᠨᠧᠷᠭᠢ ᠶᠢ ᠨᠡᠭᠡᠭᠡᠨ ᠠᠰᠢᠭᠯᠠᠬᠤ ᠶᠡᠷᠦᠩᠬᠡᠶ | ᠲᠥᠯᠥᠪᠵᠢᠭᠦᠯᠭᠡ ᠶᠢ ᠨᠠᠶᠢᠷᠠᠭᠤᠯᠤᠨ ᠲᠤᠭᠤᠷᠪᠢᠵᠤ᠂ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢ ᠬᠠᠮᠢᠶᠠᠷᠬᠤ᠂ | ᠰᠢᠨᠵᠢᠯᠡᠬᠦ ᠤᠬᠠᠭᠠᠨᠴᠢ ᠪᠠᠷ ᠲᠥᠯᠦᠪᠵᠢᠭᠦᠯᠬᠦ᠂ ᠵᠦᠶ ᠵᠣᠬᠢᠰᠲᠠᠶ ᠪᠠᠶᠢᠷᠢᠰᠢᠭᠤᠯᠬᠤ᠂ ᠡᠮᠬᠢ ᠵᠢᠷᠤᠮ ᠲᠠᠢ ᠨᠡᠭᠡᠭᠡᠨ | ᠬᠦᠭᠵᠢᠭᠦᠯᠬᠦ᠂ ᠬᠡᠪᠴᠢᠶᠡᠵᠢᠭᠦᠯᠦᠨ ᠠᠰᠢᠭᠯᠠᠬᠤ ᠶᠢ ᠠᠬᠢᠭᠤᠯᠵᠤ᠂ ᠡᠬᠢ ᠪᠠᠶᠠᠯᠢᠭ ᠢ ᠠᠰᠢᠭᠯᠠᠬᠤ ᠦᠷ᠎ᠡ | ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ︽ᠰᠠᠨᠠᠯ︾ ᠳᠤ ᠴᠢᠬᠤᠯᠠᠴᠢᠯᠠᠵᠠᠢ᠃ ᠡᠬᠢ | ᠪᠠᠶᠠᠯᠢᠭ ᠢ ᠨᠡᠭᠡᠭᠡᠨ ᠠᠰᠢᠭᠯᠠᠬᠤ ᠨᠥᠬᠦᠴᠡᠯ᠂ ᠴᠠᠬᠢᠯᠭᠠᠨ ᠡᠭᠦᠰᠭᠡᠭᠴᠢ ᠶᠢ ᠭᠠᠳᠠᠭᠰᠢ ᠬᠦᠷᠭᠡᠬᠦ ᠵᠠᠮ ᠪᠠ ᠰᠢᠩᠭᠡᠭᠡᠨ | ᠪᠠᠭᠲᠠᠭᠠᠬᠤ ᠣᠷᠣᠨ ᠵᠠᠶ ᠶᠢ ᠨᠢᠭᠡᠳᠦᠯᠲᠡᠶ ᠲᠦᠯᠦᠪᠵᠢᠭᠦᠯᠦᠨ᠂ ᠶᠡᠷᠦᠩᠬᠡᠶ ᠲᠥᠯᠥᠪᠵᠢᠭᠦᠯᠭᠡ ᠳᠤ ᠡᠯ᠎ᠡ | ᠲᠣᠭᠤᠷᠢᠭ ᠤᠨ ᠨᠡᠭᠡᠭᠡᠨ ᠬᠥᠭᠵᠢᠭᠦᠯᠬᠦ ᠴᠠᠭ ᠤᠨ ᠳᠠᠷᠠᠭᠠᠯᠠᠯ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ | ᠠᠯᠬᠤᠮ ᠬᠤᠪᠢᠶᠠᠨ ᠬᠡᠷᠡᠭᠵᠢᠭᠦᠯᠦᠨ᠎ᠡ᠃ |