| | | ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠵᠤ᠂ | ᠪᠦᠬᠦ ᠤᠯᠤᠰ ᠲᠤ ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠬᠠᠮᠤᠭ ᠤᠨ ᠲᠡᠷᠢᠭᠦᠨ ᠳᠤ | ᠪᠡᠶᠡᠯᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ | ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 18 ᠳ᠋ᠤᠭᠠᠷ ᠲᠣᠭᠠᠲᠤ︶ ᠶᠢ ᠳᠠᠷᠤᠮᠠᠯᠯᠠᠨ | ᠲᠠᠷᠬᠠᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠮᠠᠨ ᠤ | ᠣᠷᠣᠨ ᠤ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠭᠤᠣᠯᠳᠠᠯᠭ᠎ᠠ ᠲᠠᠢ ᠳᠡᠮᠵᠢᠬᠦ ᠠᠷᠭ᠎ᠠ | ᠬᠡᠮᠵᠢᠶ᠎ᠡ ᠶᠢ ᠲᠣᠳᠣᠷᠬᠠᠶᠢᠯᠠᠵᠤ᠂ ᠡᠯ᠎ᠡ ᠱᠠᠲᠤᠨ ᠤ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠤ ᠠᠬᠤᠶᠢᠯᠠᠯ ᠤᠳ ᠤᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠤᠰᠤᠳᠴᠢ ᠪᠠᠷ᠂ ᠭᠦᠨᠵᠡᠭᠡᠢ ᠣᠶᠢᠯᠠᠭᠠᠬᠤ ᠳᠤ ᠨᠢ ᠲᠥᠬᠦᠮ | ᠦᠵᠡᠭᠦᠯᠬᠦ ᠶᠢᠨ ᠲᠤᠰᠠᠳᠠ᠂ ᠡᠳᠦᠭᠡ ᠬᠠᠮᠢᠶ᠎ᠠ ᠪᠦᠬᠦᠢ ᠠᠭᠤᠯᠭ᠎ᠠ ᠶᠢ ᠳᠣᠣᠷᠠᠬᠢ ᠮᠡᠲᠦ ᠪᠠᠷ ᠲᠠᠶᠢᠯᠪᠤᠷᠢᠯᠠᠪᠠ᠄ | ᠨᠢᠭᠡ᠂ ᠨᠡᠶᠢᠲᠡᠯᠡᠭᠰᠡᠨ ᠠᠬᠤᠢ ᠪᠠᠶᠢᠳᠠᠯ ᠬᠢᠭᠡᠳ ᠴᠢᠬᠤᠯᠠ ᠠᠴᠢ ᠬᠤᠯᠪᠣᠭᠳᠠᠯ | ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠭᠠᠷᠭᠠᠭᠰᠠᠨ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠᠶᠢᠵᠤ᠂ | 2018 ᠣᠨ ᠠᠴᠠ ᠨᠠᠭᠠᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠰᠦ ᠰᠠᠭᠠᠯᠢ ᠶᠢᠨ ᠦᠢᠯᠡᠰ ᠤᠨ | ᠬᠥᠭᠵᠢᠨ ᠮᠠᠨᠳᠤᠬᠤ ᠶᠢ ᠠᠬᠢᠭᠤᠯᠬᠤ ᠬᠡᠷᠡᠭᠵᠢᠭᠦᠯᠦᠯᠲᠡ ᠶᠢᠨ ᠰᠠᠨᠠᠯ︾ ᠵᠡᠷᠭᠡ ᠰᠢᠷᠢᠰ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠠᠵᠤ ᠦᠢᠯᠡᠰ ᠤᠨ ᠳᠡᠮᠵᠢᠯᠭᠡ ᠶᠢᠨ ᠡᠷᠴᠢᠮ ᠢ ᠦᠷᠭᠦᠯᠵᠢᠯᠡᠨ | ᠴᠢᠩᠭᠠᠷᠠᠭᠤᠯᠤᠨ᠂ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢ ᠪᠥᠬᠦ ᠤᠯᠤᠰ ᠤᠨ ᠲᠡᠷᠢᠭᠦᠨ ᠪᠠᠶᠢᠷᠢᠨ ᠳᠤ | ᠣᠷᠣᠭᠤᠯᠪᠠ᠂ ᠭᠡᠪᠡᠴᠦ ᠮᠠᠨ ᠤ ᠣᠷᠣᠨ ᠤ ᠰᠦ ᠰᠠᠭᠠᠯᠢ ᠶᠢᠨ ᠦᠢᠯᠡᠰ ᠤᠨ ᠲᠦᠷᠭᠡᠨ ᠬᠥᠭᠵᠢᠯᠲᠡ ᠶᠢ ᠳᠠᠭᠠᠯᠳᠤᠨ᠂ | ᠤᠤᠯ ᠤᠨ ᠪᠠᠶᠢᠭᠰᠠᠨ ᠲᠥᠷᠥ ᠶᠢᠨ ᠪᠣᠳᠣᠯᠭ᠎ᠠ ᠨᠢ ᠨᠢᠭᠡᠨᠲᠡ ᠰᠢᠨ᠎ᠡ ᠪᠠᠶᠢᠳᠠᠯ ᠤᠨ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠣᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ | ᠣᠳᠣᠬᠠᠨ ᠤ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠭᠦᠨᠵᠡᠭᠡᠢ ᠰᠤᠳᠤᠯᠤᠨ ᠵᠠᠳᠠᠯᠤᠭᠰᠠᠨ | ᠰᠠᠭᠤᠷᠢᠨ ᠳᠡᠭᠡᠷ᠎ᠡ᠂ ᠣᠲᠣ ᠶᠢᠨ ᠲᠥᠷᠥ ᠶᠢᠨ ᠪᠣᠳᠣᠯᠭ᠎ᠠ ᠶᠢᠨ ᠦᠢᠯᠡᠳᠦᠯ ᠢᠶᠠᠨ ᠪᠠᠳᠠᠷᠠᠭᠤᠯᠵᠤ ᠪᠠᠶᠢᠬᠤ ᠶᠢ ᠨᠢ | ᠬᠡᠪ ᠢᠶᠠᠷ ᠪᠠᠶᠢᠯᠭᠠᠬᠤ᠂ ᠬᠥᠷᠰᠢ ᠵᠡᠷᠭᠡᠯᠡᠳᠡᠭᠡ ᠮᠤᠵᠢ ᠣᠷᠣᠨ ᠠᠴᠠ ᠲᠣᠯᠢᠯᠠᠵᠤ ᠪᠣᠯᠬᠤ ᠲᠥᠷᠥ ᠶᠢᠨ ᠪᠣᠳᠣᠯᠭ᠎ᠠ ᠶᠢ | ᠳᠠᠭᠠᠬᠤ᠂ ᠨᠥᠬᠦᠪᠦᠷᠢᠯᠡᠬᠦ ᠴᠢᠬᠤᠯᠠᠲᠠᠢ ᠲᠥᠷᠥ ᠶᠢᠨ ᠪᠣᠳᠣᠯᠭ᠎ᠠ ᠶᠢ ᠭᠦᠢᠴᠡᠳ ᠨᠥᠬᠦᠪᠦᠷᠢᠯᠡᠬᠦ ᠵᠠᠷᠴᠢᠮ ᠶᠣᠰᠣᠭᠠᠷ᠂ | ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠰᠤᠳᠤᠯᠤᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠰᠦ | ᠰᠠᠭᠠᠯᠢ ᠶᠢᠨ ᠦᠢᠯᠡᠰ ᠤᠨ ᠪᠥᠬᠦ ᠲᠠᠯ᠎ᠠ ᠪᠠᠷ ᠬᠥᠭᠵᠢᠨ ᠮᠠᠨᠳᠤᠬᠤ ᠶᠢ ᠠᠬᠢᠭᠤᠯᠪᠠ᠃ | ᠬᠤᠶᠠᠷ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ | ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠬᠤ | ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠤᠣᠯᠳᠠᠭᠤ ᠰᠦᠨ ᠤ ᠢᠷᠡᠯᠲᠡ ᠶᠢᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ᠂ ᠰᠢᠮᠡᠯᠢᠭ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ | ᠠᠵᠤ ᠠᠬᠤᠶᠢᠯᠠᠯ ᠤᠨ ᠰᠢᠯᠢᠳᠡᠭᠵᠢᠨ ᠬᠦᠴᠦᠷᠬᠡᠭᠵᠢᠬᠦ ᠶᠢ ᠳᠡᠮᠵᠢᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠲᠤᠯᠭᠠᠭᠤᠷᠢᠯᠠᠭᠤᠯᠬᠤ ᠵᠡᠷᠭᠡ ᠲᠠᠯ᠎ᠠ ᠪᠠᠷ ᠭᠤᠣᠯᠯᠠᠭᠤᠯᠤᠨ ᠲᠣᠭᠲᠠᠭᠠᠪᠠ᠃ ᠡᠨᠡ ᠨᠢ ᠲᠤᠰ ᠲᠤᠰ᠄ ᠰᠢᠨ᠎ᠡ ᠪᠠᠷ | ᠪᠠᠶᠢᠭᠤᠯᠤᠭᠰᠠᠨ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠳᠤ ᠨᠥᠬᠦᠪᠦᠷᠢ | ᠥᠭᠬᠦ᠂ ᠲᠤᠰᠬᠠᠢ ᠵᠦᠢᠯ ᠤᠨ ᠵᠢᠭᠡᠯᠡᠯᠭᠡ ᠪᠠᠷ ᠰᠢᠨ᠎ᠡ ᠪᠠᠷ ᠪᠠᠶᠢᠭᠤᠯᠤᠭᠰᠠᠨ ᠰᠦ ᠰᠠᠭᠠᠯᠢ ᠶᠢᠨ ᠦᠢᠯᠡᠰ ᠢ | ᠬᠥᠭᠵᠢᠭᠦᠯᠬᠦ ᠬᠦᠷᠢᠶᠡᠯᠡᠩ ᠲᠣᠭᠤᠷᠢᠭ ᠲᠤ ᠳᠡᠮᠵᠢᠯᠭᠡ ᠦᠵᠡᠭᠦᠯᠬᠦ᠂ ᠬᠥᠲᠥᠴᠢ ᠠᠵᠤ ᠠᠬᠤᠶᠢᠯᠠᠯ ᠤᠨ ᠰᠢᠨ᠎ᠡ ᠰᠦ | ᠡᠳ᠋ᠰᠢᠭᠦᠯᠬᠦ ᠬᠡᠮᠵᠢᠶ᠎ᠡ ᠪᠠᠨ ᠨᠡᠮᠡᠭᠳᠡᠭᠦᠯᠬᠦ ᠳᠤ ᠨᠥᠬᠦᠪᠦᠷᠢ ᠥᠭᠬᠦ᠂ ᠬᠥᠲᠥᠴᠢ ᠠᠵᠤ ᠠᠬᠤᠶᠢᠯᠠᠯ ᠤᠨ ᠰᠢᠨ᠎ᠡ ᠰᠦᠨ ᠤ | ᠨᠤᠨᠳᠠᠭ ᠰᠡᠪᠰᠡᠯᠡᠬᠦ ᠶᠢ ᠠᠰᠢᠭᠯᠠᠬᠤ ᠳᠤ ᠨᠥᠬᠦᠪᠦᠷᠢ ᠥᠭᠬᠦ᠂ ᠪᠡᠯᠭᠡ ᠡᠵᠡᠮᠰᠢᠯᠲᠦ ᠬᠦᠪᠦᠷᠡᠯ ᠢ ᠠᠰᠢᠭᠯᠠᠨ ᠰᠦ | ᠰᠠᠶᠢᠲᠠᠢ ᠰᠠᠭᠠᠯᠢ ᠶᠢᠨ ᠦᠨᠢᠶ᠎ᠡ ᠪᠤᠶᠢᠵᠢᠭᠤᠯᠬᠤ ᠳᠤ ᠨᠥᠬᠦᠪᠦᠷᠢ ᠥᠭᠬᠦ᠂ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠭᠰᠡᠨ | ᠴᠠᠷᠭᠠᠰᠤ ᠡᠪᠡᠰᠦ ᠳᠠᠷᠢᠬᠤ ᠠᠵᠤ ᠠᠬᠤᠶᠢᠯᠠᠯ ᠳᠤ ᠨᠥᠬᠦᠪᠦᠷᠢ ᠥᠭᠬᠦ᠂ ᠰᠠᠭᠠᠯᠢ ᠶᠢᠨ ᠦᠨᠢᠶᠡᠨ ᠤ ᠬᠢᠵᠢᠭ | ᠡᠪᠡᠳᠴᠢᠨ ᠢ ᠰᠡᠷᠭᠡᠶᠢᠯᠡᠨ ᠬᠤᠷᠢᠭᠯᠠᠬᠤ ᠲᠤᠰᠬᠠᠢ ᠪᠡᠯᠡ ᠮᠥᠩᠭᠦ ᠪᠠᠶᠢᠭᠤᠯᠬᠤ᠂ ᠰᠦ ᠰᠠᠭᠠᠯᠢ ᠶᠢᠨ ᠦᠢᠯᠡᠰ ᠤᠨ | ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ᠂ ᠥᠪᠡᠷᠲᠡᠭᠡᠨ ᠵᠠᠰᠠᠬᠤ ᠣᠷᠣᠨ ᠤ ᠰᠦ | ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠰᠠᠭᠤᠷᠢ ᠮᠥᠩᠭᠦ ᠶᠢ ᠪᠠᠶᠢᠭᠤᠯᠬᠤ ᠶᠠᠪᠤᠳᠠᠯ ᠪᠣᠯᠣᠨ᠎ᠠ᠃ | ᠲᠥᠷᠥ ᠶᠢᠨ ᠪᠣᠳᠣᠯᠭ᠎ᠠ ᠶᠢ 4 ᠵᠢᠯ ︵2022 ᠣᠨ — 2025 ᠣᠨ︶ ᠬᠡᠷᠡᠭᠵᠢᠭᠦᠯᠬᠦ ᠪᠠᠷ ᠪᠣᠶ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2019 ᠣᠨ ᠳᠤ ᠨᠡᠶᠢᠲᠡᠯᠡᠭᠰᠡᠨ ︽ᠰᠦ ᠰᠠᠭᠠᠯᠢ ᠶᠢᠨ | ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ | ᠦᠷᠭᠦᠯᠵᠢᠯᠡᠨ ᠬᠡᠷᠡᠭᠵᠢᠭᠦᠯᠦᠨ᠎ᠡ᠃ | ᠭᠤᠷᠪᠠ᠂ ᠭᠤᠣᠯ ᠪᠣᠯᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ︵ᠨᠢᠭᠡ︶ ᠰᠢᠨ᠎ᠡ ᠪᠠᠷ ᠪᠠᠶᠢᠭᠤᠯᠤᠭᠰᠠᠨ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ | ᠦᠷᠡᠵᠢᠭᠦᠯᠬᠦ ᠲᠠᠯᠠᠪᠠᠶ ᠳᠤ ᠨᠥᠬᠦᠪᠦᠷᠢ ᠥᠭᠭᠦᠨ᠎ᠡ᠃ ᠪᠥᠬᠦ ᠣᠷᠣᠨ ᠤ ᠲᠠᠪᠤᠨ ᠲᠣᠮᠣ ᠰᠦᠨ ᠤ ᠢᠷᠡᠯᠲᠡ ᠶᠢᠨ | ᠰᠠᠭᠤᠷᠢᠨ ᠭᠠᠵᠠᠷ ᠪᠣᠯᠣᠨ 10 ᠲᠣᠮᠣ ᠰᠦ ᠰᠠᠭᠠᠯᠢ ᠶᠢᠨ ᠦᠢᠯᠡᠰ ᠤᠨ ᠰᠦᠷᠦᠭᠵᠢᠯ ᠢ ᠶᠠᠭ ᠲᠦᠷᠭᠡᠳᠬᠡᠨ | ᠪᠠᠶᠢᠭᠤᠯᠵᠤ᠂ ᠢᠯᠢ᠂ ᠮᠧᠩ ᠨᠢᠦ ᠶᠢᠨ ᠪᠠᠶᠢᠷᠢᠰᠢᠭᠤᠯᠤᠭᠰᠠᠨ ᠡᠳ᠋ᠰᠢᠭᠦᠯᠬᠦ ᠰᠠᠭᠤᠷᠢᠨ ᠭᠠᠵᠠᠷ ᠢ ᠵᠠᠯᠭᠠᠭ᠎ᠠ ᠪᠠᠷ | ᠠᠰᠢᠭᠯᠠᠯᠲᠠ ᠳᠤ ᠣᠷᠣᠭᠤᠯᠤᠭᠰᠠᠨ ᠪᠤᠶᠤ ᠠᠰᠢᠭᠯᠠᠯᠲᠠ ᠳᠤ ᠣᠷᠣᠭᠤᠯᠤᠮᠠᠷ ᠪᠠᠶᠢᠨ᠎ᠠ᠂ ᠰᠠᠭᠠᠯᠢ ᠶᠢᠨ ᠦᠨᠢᠶ᠎ᠡ | ᠲᠡᠵᠢᠭᠡᠨ ᠦᠷᠡᠵᠢᠭᠦᠯᠬᠦ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠢᠯᠡᠳᠲᠡ ᠤᠳᠠᠭᠠᠰᠢᠷᠠᠵᠤ᠂ | ᠰᠠᠭᠠᠯᠢ ᠶᠢᠨ ᠢᠷᠡᠯᠲᠡ ᠶᠢᠨ ᠬᠠᠩᠭᠠᠯᠭ᠎ᠠ ᠬᠦᠷᠦᠯᠴᠡᠬᠦ ᠦᠭᠡᠢ ᠠᠴᠠ ᠪᠣᠯᠵᠤ ᠰᠠᠭᠠᠯᠢ ᠶᠢᠨ ᠠᠵᠤ ᠠᠬᠤᠶᠢᠯᠠᠯ ᠤᠨ | ᠬᠡᠰᠡᠭ ᠦᠢᠯᠡᠳᠪᠦᠷᠢᠯᠡᠯ ᠤᠨ ᠴᠢᠳᠠᠪᠤᠷᠢ ᠶᠢ ᠰᠤᠯᠠ ᠲᠠᠯᠪᠢᠵᠤ ᠪᠠᠶᠢᠨ᠎ᠠ᠃ ᠬᠡᠪᠴᠢᠶᠡᠵᠢᠭᠦᠯᠦᠭᠰᠡᠨ ᠲᠡᠵᠢᠭᠡᠨ | ᠦᠷᠡᠵᠢᠭᠦᠯᠬᠦ ᠲᠠᠯᠠᠪᠠᠢ ᠶᠢ ᠰᠢᠨ᠎ᠡ ᠪᠠᠷ ᠪᠠᠶᠢᠭᠤᠯᠬᠤ ᠪᠣᠯ ᠰᠠᠭᠠᠯᠢ ᠶᠢᠨ ᠦᠨᠢᠶᠡᠨ ᠤ ᠰᠦᠷᠦᠭᠵᠢᠯ ᠢᠶᠠᠨ ᠥᠷᠭᠡᠳᠬᠡᠨ | ᠨᠡᠮᠡᠭᠳᠡᠭᠦᠯᠬᠦ ᠶᠢᠨ ᠰᠠᠭᠤᠷᠢ ᠨᠥᠬᠦᠴᠡᠯ ᠪᠣᠯᠬᠤ ᠪᠥᠭᠡᠳ ᠰᠠᠭᠠᠯᠢ ᠶᠢᠨ ᠢᠷᠡᠯᠲᠡ ᠶᠢᠨ ᠬᠠᠩᠭᠠᠯᠭ᠎ᠠ ᠶᠢ ᠨᠡᠮᠡᠭᠳᠡᠭᠦᠯᠬᠦ | ᠭᠤᠣᠯ ᠠᠷᠭ᠎ᠠ ᠵᠠᠮ ᠪᠣᠯᠣᠨ᠎ᠠ᠃ ᠰᠢᠨ᠎ᠡ ᠪᠠᠷ ᠪᠠᠶᠢᠭᠤᠯᠤᠭᠰᠠᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ | ᠲᠠᠯᠠᠪᠠᠢ ᠳᠤ ᠨᠥᠬᠦᠪᠦᠷᠢ ᠥᠭᠬᠦ ᠨᠢ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ | ᠢᠳᠡᠪᠬᠢᠵᠢᠯ ᠢ ᠨᠢ ᠳᠠᠶᠢᠴᠢᠯᠠᠬᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 2021 | ᠣᠨ ᠠᠴᠠ ᠬᠤᠶᠢᠰᠢ ᠰᠢᠨ᠎ᠡ ᠪᠠᠷ ᠪᠠᠶᠢᠭᠤᠯᠤᠭᠰᠠᠨ 3000 ᠲᠣᠯᠣᠭᠠᠢ ᠰᠠᠭᠠᠯᠢ ᠶᠢᠨ ᠦᠨᠢᠶ᠎ᠡ ᠪᠠᠷ | ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠳᠤ 600 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ | ᠂ ᠠᠶᠢᠮᠠᠭ ᠬᠤᠲᠠ ᠨᠢ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢᠨ ᠪᠡᠯᠡ ᠮᠥᠩᠭᠦ ᠶᠢᠨ 20% ᠪᠠᠷ | ᠨᠡᠮᠡᠭᠳᠡᠭᠦᠯᠦᠨ ᠢᠵᠢ ᠪᠦᠷᠢᠳᠦᠭᠦᠯᠦᠨ᠎ᠡ᠃ ᠲᠦᠮᠡᠨ ᠲᠣᠯᠣᠭᠠᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ | ᠲᠠᠯᠠᠪᠠᠶ ᠶᠢᠨ ᠰᠠᠭᠤᠷᠢ ᠪᠡᠯᠡᠳᠬᠡᠮᠵᠢ ᠶᠢᠨ ᠶᠡᠷᠦᠩᠬᠡᠢ ᠪᠡᠯᠡ ᠣᠷᠣᠭᠤᠯᠤᠯᠲᠠ ᠶᠢ 3 ᠳ᠋ᠦᠩᠰᠢᠭᠤᠷ ᠲᠥᠭᠦᠷᠢᠭ ᠢᠶᠠᠷ | ᠪᠣᠳᠣᠪᠠᠯ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ ᠶᠢᠨ ᠨᠥᠬᠦᠪᠦᠷᠢ ᠨᠢ ᠰᠠᠭᠤᠷᠢ ᠪᠡᠯᠡᠳᠬᠡᠮᠵᠢ ᠶᠢᠨ | ᠶᠡᠷᠦᠩᠬᠡᠢ ᠪᠡᠯᠡ ᠣᠷᠣᠭᠤᠯᠤᠯᠲᠠ ᠶᠢᠨ 8% ᠣᠷᠴᠢᠮ ᠢ ᠡᠵᠡᠯᠡᠵᠦ᠂ ᠭᠤᠣᠯᠳᠠᠭᠤ ︽ᠭᠤᠷᠪᠠ ᠶᠢ ᠨᠠᠪᠲᠠᠷᠡᠭᠦᠯᠵᠦ | ᠨᠢᠭᠡ ᠶᠢ ᠲᠡᠭᠰᠢᠯᠡᠬᠦ︾ ᠵᠠᠷᠤᠳᠠᠯ ᠳᠤ ᠬᠡᠷᠡᠭᠯᠡᠬᠦ ᠶᠢᠨ ᠬᠠᠮᠲᠤ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠬᠠᠮᠲᠤ ᠳᠤ ᠨᠢ ᠬᠠᠷᠠᠭᠠᠯᠵᠠᠨ᠎ᠠ᠃ | ︵ᠬᠤᠶᠠᠷ︶ ᠲᠤᠰᠬᠠᠢ ᠵᠢᠭᠡᠯᠡᠯᠭᠡ ᠶᠢ ᠬᠡᠷᠡᠭᠯᠡᠨ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢᠨ | ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠬᠤ ᠳᠤ ᠳᠡᠮᠵᠢᠯᠭᠡ ᠦᠵᠡᠭᠦᠯᠦᠨ᠎ᠡ᠃ ᠠᠵᠤ ᠠᠬᠤᠶᠢᠯᠠᠯ ᠤᠨ | ᠥᠪᠡᠷᠲᠡᠭᠡᠨ ᠪᠠᠶᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠡᠯᠡ ᠮᠥᠩᠭᠦ ᠶᠢᠨ ᠳᠠᠷᠤᠯᠲᠠ ᠶᠢ | ᠪᠦᠲᠦᠮᠵᠢᠲᠡᠶ ᠬᠥᠩᠭᠡᠷᠡᠭᠦᠯᠦᠨ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢ ᠠᠰᠢᠭᠯᠠᠨ | ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠪᠠᠷ ᠭᠤᠣᠯ ᠠᠭᠤᠯᠭ᠎ᠠ ᠪᠣᠯᠭᠠᠭᠰᠠᠨ ᠰᠠᠭᠠᠯᠢ ᠶᠢᠨ | ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠨᠢ ᠵᠣᠷᠢᠭᠵᠢᠭᠤᠯᠵᠤ᠂ ᠪᠠᠶᠢᠭᠤᠯᠤᠭᠰᠠᠨ ᠤ | ᠳᠠᠷᠠᠭ᠎ᠠ ᠲᠦᠷᠢᠶᠡᠰᠦᠯᠡᠬᠦ ᠬᠡᠯᠪᠡᠷᠢ ᠪᠠᠷ ᠲᠦᠷᠢᠶᠡᠰᠦᠨ ᠮᠥᠩᠭᠦ ᠬᠤᠷᠢᠶᠠᠨ᠂ ᠲᠤᠰᠬᠠᠢ ᠵᠢᠭᠡᠯᠡᠯᠭᠡ ᠶᠢ | ᠲᠥᠯᠥᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠲᠤᠰᠬᠠᠢ ᠵᠢᠭᠡᠯᠡᠯᠭᠡ ᠶᠢᠨ ᠲᠣᠬᠢᠷᠠᠭᠤᠯᠤᠯᠲᠠ ᠶᠢᠨ | ᠲᠠᠯ᠎ᠠ ᠪᠠᠷ ᠣᠷᠣᠨ ᠨᠤᠲᠤᠭ ᠤᠨ ᠵᠠᠰᠠᠭ ᠤᠨ ᠣᠷᠳᠣᠨ ᠤ ᠰᠢᠨ᠎ᠡ ᠪᠠᠷ ᠪᠠᠶᠢᠭᠤᠯᠤᠭᠰᠠᠨ ᠰᠠᠭᠠᠯᠢ ᠶᠢᠨ ᠦᠢᠯᠡᠰ ᠤᠨ | ᠬᠥᠭᠵᠢᠯᠲᠡ ᠶᠢᠨ ᠬᠦᠷᠢᠶᠡᠯᠡᠩ ᠲᠣᠭᠤᠷᠢᠭ ᠢ ᠭᠤᠣᠯᠳᠠᠯᠭ᠎ᠠ ᠲᠠᠢ ᠳᠡᠮᠵᠢᠨ᠎ᠡ᠃ | ︵ᠭᠤᠷᠪᠠ︶ ᠬᠥᠲᠥᠴᠢ ᠠᠵᠤ ᠠᠬᠤᠶᠢᠯᠠᠯ ᠤᠨ ᠰᠢᠨ᠎ᠡ ᠰᠦ ᠡᠳ᠋ᠰᠢᠭᠦᠯᠬᠦ ᠬᠡᠮᠵᠢᠶ᠎ᠡ ᠪᠠᠨ ᠨᠡᠮᠡᠭᠳᠡᠭᠦᠯᠬᠦ ᠳᠤ | ᠨᠥᠬᠦᠪᠦᠷᠢ ᠥᠭᠭᠦᠨ᠎ᠡ᠃ ᠠᠵᠤ ᠠᠬᠤᠶᠢᠯᠠᠯ ᠪᠣᠯᠣᠨ ᠣᠷᠣᠨ ᠨᠤᠲᠤᠭ ᠤᠨ ᠵᠠᠰᠠᠭ ᠤᠨ ᠣᠷᠳᠣᠨ ᠤ ᠰᠦᠨ ᠤ | ᠢᠷᠡᠯᠲᠡ ᠶᠢᠨ ᠰᠠᠭᠤᠷᠢᠨ ᠭᠠᠵᠠᠷ ᠪᠠᠶᠢᠭᠤᠯᠬᠤ ᠢᠳᠡᠪᠬᠢᠵᠢᠯ ᠢ ᠨᠢ ᠭᠦᠢᠴᠡᠳ ᠳᠠᠶᠢᠴᠢᠯᠠᠵᠤ᠂ ᠰᠦᠨ ᠤ ᠢᠷᠡᠯᠲᠡ | ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠲᠦᠷᠭᠡᠨ ᠰᠢᠢᠳᠪᠦᠷᠢᠯᠡᠬᠦ ᠶᠢᠨ ᠲᠤᠰᠠᠳᠠ᠂ ᠠᠵᠤ ᠠᠬᠤᠶᠢᠯᠠᠯ ᠤᠳ ᠤᠨ | ᠰᠤᠯᠠ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠪᠠᠨ ᠪᠦᠲᠦᠮᠵᠢᠲᠡᠶ ᠠᠰᠢᠭᠯᠠᠬᠤ ᠳᠤ ᠨᠢ ᠳᠡᠮᠵᠢᠯᠭᠡ ᠦᠵᠡᠭᠦᠯᠵᠦ᠂ | ᠦᠢᠯᠡᠳᠬᠦᠨ ᠤ ᠥᠷᠲᠡᠭ ᠪᠣᠯᠣᠨ ᠭᠠᠶᠢᠯᠢ ᠲᠠᠲᠠᠪᠤᠷᠢ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠣᠯᠣᠨ | ᠠᠶᠢᠮᠠᠭ ᠬᠤᠳᠠ ᠶᠢᠨ ᠡᠳ᠋ ᠤᠨ ᠵᠠᠰᠠᠭ ᠠᠴᠠ 2022 ᠣᠨ ᠠᠴᠠ ᠡᠬᠢᠯᠡᠨ᠂ ᠳᠡᠭᠡᠷ᠎ᠡ ᠨᠢᠭᠡ ᠵᠢᠯ ᠤᠨ ᠰᠢᠨ᠎ᠡ ᠰᠦ | ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠨ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ | ᠳᠡᠰ ᠤᠨ ᠴᠠᠭᠠᠨ ᠢᠳᠡᠭᠡᠨ ᠪᠣᠯᠪᠠᠰᠤᠷᠠᠭᠤᠯᠬᠤ ᠳᠠᠭᠠᠭᠤᠯᠤᠭᠴᠢ ᠠᠵᠤ ᠠᠬᠤᠶᠢᠯᠠᠯ ᠳᠤ 1 ᠲᠣᠨ ᠰᠢᠨ᠎ᠡ ᠰᠦ | ᠪᠣᠯᠪᠠᠰᠤᠷᠠᠭᠤᠯᠬᠤ ᠬᠡᠮᠵᠢᠶ᠎ᠡ ᠨᠡᠮᠡᠭᠳᠡᠬᠦ ᠪᠦᠷᠢ 200 ᠲᠥᠭᠦᠷᠢᠭ ᠤᠨ ᠨᠥᠬᠦᠪᠦᠷᠢ ᠥᠭᠴᠦ ᠰᠠᠭᠠᠯᠢ ᠶᠢᠨ | ᠢᠷᠡᠯᠲᠡ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠭᠦᠯᠵᠦ᠂ ᠨᠥᠬᠦᠪᠦᠷᠢ ᠶᠢᠨ ᠬᠠᠷᠢᠴᠠᠯ ᠢ | ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠨᠤᠭᠤᠳ ᠲᠤᠰ ᠲᠤᠰ 50% ᠶᠢ ᠡᠭᠦᠷᠭᠡᠯᠡᠨ᠎ᠡ᠃ | ︵ᠳᠥᠷᠪᠡ︶ ᠳᠠᠭᠠᠭᠤᠯᠤᠭᠴᠢ ᠠᠵᠤ ᠠᠬᠤᠶᠢᠯᠠᠯ ᠤᠨ ᠰᠢᠨ᠎ᠡ ᠰᠦ ᠶᠢ ᠠᠰᠢᠭᠯᠠᠨ ᠨᠤᠨᠳᠠᠭ ᠰᠡᠪᠰᠡᠯᠡᠬᠦ ᠳᠤ | ᠨᠥᠬᠦᠪᠦᠷᠢ ᠥᠭᠭᠦᠨ᠎ᠡ᠃ ᠵᠢᠯ ᠪᠦᠷᠢ ᠶᠢᠨ 3 — 5 ᠳ᠋ᠤᠭᠠᠷ ᠰᠠᠷ᠎ᠠ ᠪᠣᠯ ᠴᠠᠭᠠᠨ ᠢᠳᠡᠭᠡᠨ ᠤ ᠪᠣᠷᠤᠯᠠᠭᠤᠯᠭ᠎ᠠ | ᠠᠨᠠᠢ ᠤᠯᠠᠷᠢᠯ ᠪᠣᠯᠬᠤᠷ ᠱᠠᠲᠤ ᠦᠶ᠎ᠡ ᠶᠢᠨ ᠴᠢᠨᠠᠷᠲᠠᠢ ᠲᠦᠭᠦᠬᠡᠢ ᠰᠦ ᠶᠢᠨ ᠬᠠᠩᠭᠠᠯᠭ᠎ᠠ ᠦᠯᠡᠭᠦᠳᠡᠬᠦ ᠠᠰᠠᠭᠤᠳᠠᠯ | ᠭᠠᠷᠴᠤ᠂ ᠲᠣᠮᠣ ᠬᠡᠯᠪᠡᠷᠢ ᠶᠢᠨ ᠴᠠᠭᠠᠨ ᠢᠳᠡᠭᠡᠨ ᠤ ᠠᠵᠤ ᠠᠬᠤᠶᠢᠯᠠᠯ ᠤᠳ ᠨᠡᠶᠢᠳᠡᠮ ᠳᠤ ᠪᠠᠨ ᠨᠤᠨᠳᠠᠭ ᠰᠡᠪᠰᠡᠯᠡᠬᠦ | ᠠᠷᠭ᠎ᠠ ᠪᠠᠷ ᠲᠡᠵᠢᠭᠡᠨ ᠦᠷᠡᠵᠢᠭᠦᠯᠬᠦ ᠡᠷᠦᠬᠡ ᠶᠢᠨ ᠰᠦ ᠲᠤᠰᠢᠶᠠᠬᠤ ᠠᠰᠠᠭᠤᠳᠠᠯ ᠢ ᠰᠢᠢᠳᠪᠦᠷᠢᠯᠡᠳᠡᠭ᠃ ᠨᠤᠨᠳᠠᠭ | ᠰᠡᠪᠰᠡᠯᠡᠬᠦ ᠨᠢ ᠠᠵᠤ ᠠᠬᠤᠶᠢᠯᠠᠯ ᠳᠤ ᠬᠤᠬᠢᠷᠠᠯ ᠤᠴᠠᠷᠠᠭᠤᠯᠤᠨ᠎ᠠ᠂ ᠲᠡᠵᠢᠭᠡᠨ ᠦᠷᠡᠵᠢᠭᠦᠯᠬᠦ ᠡᠷᠥᠭᠡ ᠶᠢᠨ ᠠᠰᠢᠭ | ᠲᠤᠰᠠ ᠶᠢ ᠬᠠᠮᠠᠭᠠᠯᠠᠵᠤ᠂ ᠠᠵᠤ ᠠᠬᠤᠶᠢᠯᠠᠯ ᠤᠨ ᠬᠤᠬᠢᠷᠠᠯ ᠤᠨ ᠳᠠᠷᠤᠭᠠᠰᠤ ᠶᠢ ᠬᠥᠩᠭᠡᠷᠡᠭᠦᠯᠬᠦ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠶᠢᠨ ᠡᠳ᠋ ᠤᠨ ᠵᠠᠰᠠᠭ 2022 ᠣᠨ ᠠᠴᠠ ᠡᠬᠢᠯᠡᠨ᠂ | ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠳᠡᠰ ᠤᠨ ᠴᠠᠭᠠᠨ ᠢᠳᠡᠭᠡᠨ ᠪᠣᠯᠪᠠᠰᠤᠷᠠᠭᠤᠯᠬᠤ ᠬᠥᠲᠥᠴᠢ ᠠᠵᠤ | ᠠᠬᠤᠶᠢᠯᠠᠯ ᠤᠨ ᠰᠢᠨ᠎ᠡ ᠰᠦ ᠬᠤᠳᠠᠯᠳᠤᠨ ᠠᠪᠴᠤ ᠨᠤᠨᠳᠠᠭ ᠰᠡᠪᠰᠡᠯᠡᠬᠦ ᠳᠤ ᠨᠢ ᠨᠥᠬᠦᠪᠦᠷᠢ ᠥᠭᠴᠦ᠂ ᠰᠢᠨ᠎ᠡ ᠰᠦ | ᠬᠤᠳᠠᠯᠳᠤᠨ ᠠᠪᠤᠭᠰᠠᠨ ᠬᠡᠮᠵᠢᠶ᠎ᠡ ᠶᠢᠨ 10% ᠪᠠᠷ ᠨᠥᠬᠦᠪᠦᠷᠢ ᠥᠭᠴᠦ᠂ ᠲᠣᠨ ᠪᠦᠷᠢ ᠳᠤ 800 ᠲᠥᠭᠦᠷᠢᠭ | ᠨᠥᠬᠦᠪᠦᠷᠢᠯᠡᠵᠦ᠂ ᠨᠥᠬᠦᠪᠦᠷᠢ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠲᠤᠰ | ᠲᠤᠰ 50% ᠪᠠᠷ ᠡᠭᠦᠷᠭᠡᠯᠡᠨ᠎ᠡ᠃ | ︵ᠲᠠᠪᠤ︶ ᠪᠡᠯᠭᠡ ᠡᠵᠡᠮᠰᠢᠯᠲᠦ ᠬᠦᠪᠦᠷᠡᠯ ᠢ ᠠᠰᠢᠭᠯᠠᠨ ᠰᠦ ᠰᠠᠶᠢᠲᠠᠢ ᠰᠠᠭᠠᠯᠢ ᠶᠢᠨ ᠦᠨᠢᠶ᠎ᠡ | ᠪᠤᠶᠢᠵᠢᠭᠤᠯᠬᠤ ᠳᠤ ᠨᠥᠬᠦᠪᠦᠷᠢ ᠣᠯᠭᠤᠨ᠎ᠠ᠃ ᠪᠡᠯᠭᠡ ᠡᠵᠡᠮᠰᠢᠯᠲᠦ ᠬᠦᠪᠦᠷᠡᠯ ᠢ ᠠᠰᠢᠭᠯᠠᠨ ᠰᠦ ᠰᠠᠶᠢᠲᠠᠢ | ᠰᠠᠭᠠᠯᠢ ᠶᠢᠨ ᠦᠨᠢᠶ᠎ᠡ ᠶᠢ ᠪᠤᠶᠢᠵᠢᠭᠤᠯᠪᠠᠯ ᠪᠡᠶ᠎ᠡ ᠪᠠᠨ ᠳᠠᠭᠠᠭᠠᠭᠰᠠᠨ ᠡᠭᠦᠯᠳᠡᠷ ᠢ ᠪᠤᠶᠢᠵᠢᠭᠤᠯᠵᠤ ᠪᠣᠯᠬᠤ ᠮᠥᠷᠲᠡᠭᠡᠨ | ᠪᠠᠰᠠ ᠭᠠᠳᠠᠭᠠᠳᠤ ᠠᠴᠠ ᠣᠷᠣᠭᠤᠯᠤᠭᠰᠠᠨ ᠰᠠᠭᠠᠯᠢ ᠶᠢᠨ ᠦᠨᠢᠶᠡᠨ ᠤ ᠬᠠᠩᠭᠠᠯᠭ᠎ᠠ ᠬᠦᠷᠦᠯᠴᠡᠬᠦ ᠦᠭᠡᠢ ᠪᠠᠶᠢᠬᠤ | ᠠᠰᠠᠭᠤᠳᠠᠯ ᠢ ᠨᠠᠮᠳᠠᠭᠤᠯᠵᠤ ᠪᠣᠯᠣᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠪᠣᠯ ᠪᠡᠯᠭᠡ | ᠡᠵᠡᠮᠰᠢᠯᠲᠦ ᠢᠴᠡᠭᠡᠯ ᠦᠷ᠎ᠡ ᠶᠢ ᠬᠡᠷᠡᠭᠯᠡᠬᠦ ᠳᠤ 120 ᠲᠥᠭᠦᠷᠢᠭ ᠤᠨ ᠨᠥᠬᠦᠪᠦᠷᠢ ᠥᠭᠴᠦ ᠪᠣᠢ᠂ ᠭᠡᠪᠡᠴᠦ ᠠᠷᠭ᠎ᠠ | ᠮᠠᠶ᠋ᠢᠭ ᠨᠢ ᠲᠠᠩ ᠴᠤᠯᠭᠤᠢ᠂ ᠬᠡᠪᠴᠢᠶ᠎ᠡ ᠨᠢ ᠬᠢᠵᠠᠭᠠᠷ ᠲᠠᠢ ᠪᠣᠯᠬᠤᠷ ᠣᠲᠣ ᠶᠢᠨ ᠬᠡᠷᠡᠭᠴᠡᠭᠡ ᠶᠢ ᠬᠠᠩᠭᠠᠵᠤ ᠳᠡᠶᠢᠯᠬᠦ | ᠦᠭᠡᠢ ᠪᠠᠶᠢᠨ᠎ᠠ᠃ ᠡᠶᠢᠮᠦ ᠠᠴᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠡᠵᠢᠭᠡᠨ ᠦᠷᠡᠵᠢᠭᠦᠯᠬᠦ | ᠲᠠᠯᠠᠪᠠᠶ ᠶᠢᠨ ᠦᠷᠡᠵᠢᠵᠦ ᠳᠡᠶᠢᠯᠬᠦ ᠡᠬᠡ ᠮᠠᠯ ᠤᠨ ᠪᠡᠯᠭᠡ ᠶᠢᠨ ᠡᠵᠡᠮᠳᠡᠯ ᠤᠨ ᠬᠦᠪᠦᠷᠡᠯ ᠢ ᠠᠰᠢᠭᠯᠠᠨ ᠰᠦ ᠰᠠᠶᠢᠲᠠᠢ | ᠰᠠᠭᠠᠯᠢ ᠶᠢᠨ ᠦᠨᠢᠶ᠎ᠡ ᠪᠤᠶᠢᠵᠢᠭᠤᠯᠬᠤ ᠳᠤ ᠨᠥᠬᠦᠪᠦᠷᠢ ᠥᠭᠴᠦ᠂ ᠬᠡᠷᠡᠭᠯᠡᠵᠦ ᠪᠠᠶᠢᠭ᠎ᠠ ᠤᠯᠤᠰ ᠲᠠᠭᠠᠨ | ᠦᠢᠯᠡᠳᠪᠦᠷᠢᠯᠡᠭᠰᠡᠨ ᠪᠠ ᠭᠠᠳᠠᠭᠠᠳᠤ ᠠᠴᠠ ᠣᠷᠣᠭᠤᠯᠤᠭᠰᠠᠨ ᠪᠡᠯᠭᠡ ᠶᠢᠨ ᠡᠵᠡᠮᠳᠡᠯ ᠤᠨ ᠬᠦᠪᠦᠷᠡᠯ ᠳᠤ ᠵᠠᠬ᠎ᠠ | ᠳᠡᠯᠭᠡᠭᠦᠷ ᠤᠨ ᠦᠨ᠎ᠡ ᠬᠠᠩᠰᠢ ᠶᠢᠨ 50% ᠪᠠᠷ ᠨᠥᠬᠦᠪᠦᠷᠢ ᠥᠭᠭᠦᠨ᠎ᠡ᠃ | ︵ᠵᠢᠷᠭᠤᠭ᠎ᠠ︶ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠭᠦᠯᠦᠭᠰᠡᠨ ᠴᠠᠷᠭᠠᠰᠤ ᠶᠢᠨ ᠲᠠᠷᠢᠮᠠᠯ ᠳᠤ ᠨᠥᠬᠦᠪᠦᠷᠢ | ᠥᠭᠭᠦᠨ᠎ᠡ᠃ ᠴᠠᠷᠭᠠᠰᠤ ᠶᠢᠨ ᠬᠠᠩᠭᠠᠯᠭ᠎ᠠ ᠬᠦᠷᠦᠯᠴᠡᠬᠦ ᠦᠭᠡᠢ ᠪᠠᠶᠢᠬᠤ ᠨᠢ ᠰᠦ ᠰᠠᠭᠠᠯᠢ ᠶᠢᠨ ᠦᠢᠯᠡᠰ ᠤᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠢᠵᠠᠭᠠᠷᠯᠠᠵᠤ ᠪᠠᠶᠢᠭ᠎ᠠ ᠬᠦᠴᠦᠨ ᠵᠦᠢᠯ ᠪᠣᠯᠣᠭᠰᠠᠭᠠᠷ | ᠢᠷᠡᠵᠡᠶ᠃ ᠪᠥᠬᠦ ᠣᠷᠣᠨ ᠤ ᠴᠠᠷᠭᠠᠰᠤ ᠶᠢᠨ ᠬᠠᠩᠭᠠᠯᠭ᠎ᠠ ᠵᠥᠪᠬᠡᠨ 40% ᠶᠢᠨ ᠬᠡᠷᠡᠭᠴᠡᠭᠡ ᠶᠢ ᠬᠠᠩᠭᠠᠵᠤ᠂ | ᠬᠦᠷᠦᠯᠴᠡᠬᠦ ᠦᠭᠡᠢ ᠬᠡᠰᠡᠭ ᠢ ᠣᠷᠳᠣ ᠬᠤᠭᠤᠴᠠᠭ᠎ᠠ ᠪᠠᠷ ᠭᠠᠳᠠᠭᠠᠳᠤ ᠠᠴᠠ ᠣᠷᠣᠭᠤᠯᠬᠤ ᠴᠢᠬᠤᠯᠠᠲᠠᠢ ᠪᠠᠶᠢᠨ᠎ᠠ᠃ | 2022 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠰᠢᠨ᠎ᠡ ᠪᠠᠷ ᠨᠡᠮᠡᠭᠳᠡᠭᠰᠡᠨ | ᠲᠥᠪᠯᠡᠷᠡᠨ ᠵᠠᠯᠭᠠᠯᠳᠤᠭᠰᠠᠨ ᠪᠠᠷᠢᠮᠵᠢᠶᠠᠵᠢᠭᠤᠯᠤᠨ ᠳᠠᠷᠢᠬᠤ 500 ᠮᠦ ᠠᠴᠠ ᠳᠡᠭᠡᠭᠰᠢᠬᠢ ᠴᠠᠷᠭᠠᠰᠤ ᠳᠠᠷᠢᠬᠤ ᠠᠵᠤ | ᠠᠬᠤᠶᠢᠯᠠᠯ ︵ᠬᠤᠷᠰᠢᠶ᠎ᠠ᠂ ᠳᠠᠷᠢᠬᠤ ᠡᠷᠦᠬᠡ︶ ᠳᠤ ᠨᠥᠬᠦᠪᠦᠷᠢ ᠥᠭᠴᠦ᠂ 500 ᠮᠦ ᠪᠠᠷ ᠨᠢᠭᠡ ᠨᠢᠭᠡᠴᠢ ᠪᠣᠯᠭᠠᠵᠤ | ᠂ ᠨᠢᠭᠡ ᠤᠳᠠᠭ᠎ᠠ ᠶᠢᠨ ᠴᠢᠨᠠᠷᠲᠠᠢ ᠪᠠᠷ 5 ᠲᠦᠮᠡᠨ ᠲᠥᠭᠦᠷᠢᠭ ᠤᠨ ᠨᠥᠬᠦᠪᠦᠷᠢ ᠥᠭᠪᠡᠯ ᠴᠠᠷᠭᠠᠰᠤ ᠳᠠᠷᠢᠬᠤ | ᠲᠠᠯᠠᠪᠠᠶ ᠶᠢ ᠪᠦᠲᠦᠮᠵᠢᠲᠡᠶ ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠶ ᠳᠣᠲᠣᠷᠠᠬᠢ ᠡᠪᠡᠰᠦ ᠪᠣᠷᠳᠤᠭ᠎ᠠ ᠶᠢᠨ | ᠬᠠᠩᠭᠠᠯᠭ᠎ᠠ ᠶᠢ ᠨᠡᠮᠡᠭᠳᠡᠭᠦᠯᠵᠦ ᠪᠣᠯᠣᠨ᠎ᠠ᠃ | ︵ᠲᠤᠯᠤᠭ᠎ᠠ︶ ᠰᠠᠭᠠᠯᠢ ᠶᠢᠨ ᠦᠨᠢᠶᠡᠨ ᠤ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ ᠲᠤᠰᠬᠠᠢ ᠪᠡᠯᠡ | ᠮᠥᠩᠭᠦ ᠪᠠᠶᠢᠭᠤᠯᠤᠨ᠎ᠠ᠃ ᠰᠠᠭᠠᠯᠢ ᠶᠢᠨ ᠦᠨᠢᠶᠡᠨ ᠤ ᠬᠢᠵᠢᠭ ᠡᠪᠡᠳᠴᠢᠨ ᠨᠢ ᠰᠦ ᠰᠠᠭᠠᠯᠢ ᠶᠢᠨ ᠦᠢᠯᠡᠰ ᠤᠨ | ᠡᠷᠡᠭᠦᠯ ᠢᠶᠠᠷ ᠬᠥᠭᠵᠢᠬᠦ ᠶᠢ ᠬᠦᠨᠳᠦ ᠨᠣᠴᠢᠲᠠᠢ ᠨᠥᠯᠥᠭᠡᠯᠡᠵᠦ ᠪᠠᠶᠢᠬᠤ ᠪᠣᠯᠬᠤᠷ᠂ ᠥᠪᠡᠷᠲᠡᠭᠡᠨ ᠵᠠᠰᠠᠬᠤ ᠣᠷᠣᠨ ᠤ | ᠬᠢᠵᠢᠭ ᠢ ᠰᠡᠷᠭᠡᠶᠢᠯᠡᠬᠦ ᠮᠡᠷᠭᠡᠵᠢᠯ ᠤᠨ ᠰᠢᠪᠲᠤᠯᠤᠯᠲᠠ ᠶᠢ ᠳᠡᠯᠭᠡᠷᠡᠭᠦᠯᠬᠦ ᠲᠣᠭᠲᠠᠯᠴᠠᠭ᠎ᠠ ᠶᠢ ᠪᠠᠶᠢᠭᠤᠯᠪᠠᠯ᠂ | ᠰᠠᠭᠠᠯᠢ ᠶᠢᠨ ᠦᠨᠢᠶᠡᠨ ᠤ ᠬᠢᠵᠢᠭ ᠡᠪᠡᠳᠴᠢᠨ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠵᠦ᠂ ᠰᠠᠭᠠᠯᠢ ᠶᠢᠨ | ᠦᠨᠢᠶᠡᠨ ᠤ ᠰᠢᠭᠰᠢᠭᠳᠡᠬᠦ ᠨᠤᠷᠮ᠎ᠠ ᠶᠢ ᠪᠠᠭᠠᠰᠬᠠᠵᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ 5000 ᠲᠦᠮᠡᠨ | ᠲᠥᠭᠦᠷᠢᠭ ᠤᠨ ᠰᠠᠭᠠᠯᠢ ᠶᠢᠨ ᠦᠨᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠲᠤᠰᠬᠠᠢ ᠪᠡᠯᠡ | ᠮᠥᠩᠭᠦ ᠪᠠᠶᠢᠭᠤᠯᠵᠤ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢᠨ ᠡᠬᠢ ᠪᠠᠶᠠᠯᠢᠭ ᠪᠠ ᠮᠡᠷᠭᠡᠵᠢᠯ ᠤᠨ | ᠳᠠᠪᠠᠭᠤᠯᠢᠭ ᠲᠤ ᠲᠦᠰᠢᠭᠯᠡᠨ᠂ ᠭᠤᠣᠯᠳᠠᠭᠤ ᠰᠠᠭᠠᠯᠢ ᠶᠢᠨ ᠦᠨᠢᠶᠡᠨ ᠤ ᠪᠷᠦ᠋ᠼᠧᠯ ᠡᠪᠡᠳᠴᠢᠨ ᠵᠡᠷᠭᠡ ᠬᠢᠵᠢᠭ | ᠡᠪᠡᠳᠴᠢᠨ ᠤ ᠸᠠᠺᠼᠢᠨ ᠤ ᠰᠢᠨ᠎ᠡ ᠶᠢ ᠡᠭᠦᠳᠬᠦ ᠰᠤᠳᠤᠯᠤᠯ᠂ ᠪᠷᠦ᠋ᠼᠧᠯ ᠡᠪᠡᠳᠴᠢᠨ᠂ ᠰᠦᠷᠢᠶ᠎ᠡ ᠵᠡᠷᠭᠡ ᠬᠥᠮᠥᠨ | ᠮᠠᠯ ᠳᠤ ᠬᠠᠮᠲᠤ ᠲᠤᠰᠳᠠᠭ ᠡᠪᠡᠳᠴᠢᠨ ᠢ ᠲᠦᠷᠭᠡᠨ ᠬᠢᠨᠠᠨ ᠰᠢᠨᠵᠢᠯᠡᠬᠦ᠂ ᠣᠨᠣᠰᠢᠯᠠᠬᠤ᠂ ᠴᠡᠪᠡᠷᠰᠢᠭᠦᠯᠬᠦ | ᠮᠡᠷᠭᠡᠵᠢᠯ ᠤᠨ ᠰᠤᠳᠤᠯᠤᠯ ᠪᠠ ᠳᠡᠯᠭᠡᠷᠡᠭᠦᠯᠦᠨ ᠬᠡᠷᠡᠭᠯᠡᠬᠦ᠂ ᠰᠠᠭᠠᠯᠢ ᠶᠢᠨ ᠦᠨᠢᠶᠡᠨ ᠤ ᠬᠥᠬᠦᠨ ᠤ ᠦᠷᠪᠢᠰᠦᠯ ᠵᠡᠷᠭᠡ | ᠦᠷᠡᠵᠢᠯ ᠤᠨ ᠰᠢᠰᠲ᠋ᠧᠮ ᠤᠨ ᠡᠪᠡᠳᠴᠢᠨ ᠢ ᠰᠡᠷᠭᠡᠶᠢᠯᠡᠨ ᠵᠠᠰᠠᠬᠤ ᠵᠢᠴᠢ ᠰᠣᠯᠢᠯᠴᠠᠭ᠎ᠠ ᠶᠢᠨ ᠡᠪᠡᠳᠴᠢᠨ ᠢ ᠰᠤᠳᠤᠯᠬᠤ | ᠪᠠ ᠳᠡᠯᠭᠡᠷᠡᠭᠦᠯᠦᠨ ᠬᠡᠷᠡᠭᠯᠡᠬᠦ ᠵᠡᠷᠭᠡ ᠲᠤᠰᠬᠠᠢ ᠦᠢᠯᠡᠴᠢᠯᠡᠭᠡᠨ ᠳᠤ ᠬᠡᠷᠡᠭᠯᠡᠨ᠎ᠡ᠃ | ︵ᠨᠠᠶᠢᠮᠠ︶ ᠰᠦ ᠰᠠᠭᠠᠯᠢ ᠶᠢᠨ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠳᠤ | ᠳᠡᠮᠵᠢᠯᠭᠡ ᠦᠵᠡᠭᠦᠯᠦᠨ᠎ᠡ᠃ ᠰᠦ ᠰᠠᠭᠠᠯᠢ ᠶᠢᠨ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ | ᠦᠵᠡᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠴᠢᠬᠤᠯᠠ ᠦᠢᠯᠡᠳᠦᠯ ᠢ ᠨᠠᠩ ᠰᠠᠶᠢᠨ | ᠪᠠᠳᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠯᠤᠰ ᠤᠨ ᠰᠦ | ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠰᠠᠭᠤᠷᠢ ᠴᠢᠨᠠᠷᠲᠠᠢ ᠰᠤᠳᠤᠯᠤᠨ ᠨᠡᠭᠡᠭᠡᠬᠦ | ᠵᠠᠷᠤᠳᠠᠯ ᠤᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠵᠢᠯ ᠪᠦᠷᠢ | 1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ ᠤᠯᠤᠰ ᠤᠨ ᠰᠦ ᠰᠠᠭᠠᠯᠢ ᠶᠢᠨ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠤ᠂ ᠭᠤᠣᠯᠳᠠᠭᠤ | ᠲᠠᠪᠴᠠᠩ ᠤᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠭᠤᠣᠯᠳᠠᠯᠭ᠎ᠠ ᠲᠠᠢ | ᠰᠡᠳᠦᠪ ᠤᠨ ᠰᠢᠪᠲᠤᠯᠤᠯᠲᠠ ᠳᠤ ᠬᠡᠷᠡᠭᠯᠡᠨ᠎ᠡ᠃ ᠴᠢᠬᠤᠯᠠ ᠶᠡᠭᠡ ᠰᠡᠳᠦᠪ ᠢ ᠰᠤᠳᠤᠯᠬᠤ ᠳᠤ ᠲᠠᠬᠢᠭᠠᠳ ︽ᠨᠢᠭᠡ | ᠬᠡᠷᠡᠭ ᠢ ᠨᠢᠭᠡ ᠵᠥᠪᠯᠡᠬᠦ︾ ᠶᠢ ᠬᠡᠷᠡᠭᠵᠢᠭᠦᠯᠦᠨ᠎ᠡ᠃ | ︵ᠶᠢᠰᠦ︶ ᠰᠦ ᠰᠠᠭᠠᠯᠢ ᠶᠢᠨ ᠦᠢᠯᠡᠰ ᠢ ᠬᠥᠭᠵᠢᠭᠦᠯᠬᠦ ᠰᠠᠭᠤᠷᠢ ᠮᠥᠩᠭᠦ ᠪᠠᠶᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠠᠭᠤᠷᠢ ᠮᠥᠩᠭᠦ ᠶᠢᠨ ᠳᠣᠣᠷ᠎ᠠ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠰᠠᠭᠤᠷᠢ | ᠮᠥᠩᠭᠦ ᠪᠠᠶᠢᠭᠤᠯᠵᠤ᠂ ᠰᠠᠭᠤᠷᠢ ᠮᠥᠩᠭᠦ ᠶᠢᠨ ᠪᠡᠯᠡ ᠣᠷᠣᠭᠤᠯᠤᠯᠲᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠠᠵᠤ ᠦᠢᠯᠡᠰ ᠤᠨ ᠬᠡᠯᠬᠢᠶ᠎ᠡ ︵ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ᠂ ᠲᠡᠵᠢᠭᠡᠯ ᠡᠪᠡᠰᠦ ᠪᠣᠷᠳᠣᠭᠠᠨ ᠤ | ᠰᠠᠭᠤᠷᠢᠨ ᠭᠠᠵᠠᠷ᠂ ᠰᠦᠨ ᠤ ᠢᠷᠡᠯᠲᠡ ᠶᠢᠨ ᠰᠠᠭᠤᠷᠢᠨ ᠭᠠᠵᠠᠷ᠂ ᠡᠳ᠋ᠰᠢᠭᠦᠯᠬᠦ ᠠᠵᠤ ᠠᠬᠤᠶᠢᠯᠠᠯ᠂ ᠦᠢᠯᠡᠳᠬᠦᠨ ᠤ | ᠦᠢᠯᠡᠳᠪᠦᠷᠢᠯᠡᠯ᠂ ᠪᠣᠷᠤᠯᠠᠭᠤᠯᠭ᠎ᠠ ᠶᠢᠨ ᠭᠦᠢᠯᠭᠡᠭᠡ︶ ᠳᠡᠭᠡᠷ᠎ᠡ ᠪᠠᠶᠢᠭ᠎ᠠ ᠴᠢᠨᠠᠷᠯᠢᠭ ᠬᠥᠲᠥᠴᠢ ᠠᠵᠤ ᠠᠬᠤᠶᠢᠯᠠᠯ ᠢ | ᠭᠤᠣᠯᠳᠠᠯᠭ᠎ᠠ ᠲᠠᠢ ᠳᠡᠮᠵᠢᠵᠦ᠂ ᠠᠵᠤ ᠠᠬᠤᠶᠢᠯᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ | ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠨᠢ ᠲᠤᠯᠭᠠᠷᠠᠭᠰᠠᠨ ᠪᠡᠯᠡ ᠮᠥᠩᠭᠦ ᠳᠤᠲᠠᠭᠳᠠᠬᠤ ᠠᠰᠠᠭᠤᠳᠠᠯ ᠢ | ᠰᠢᠢᠳᠪᠦᠷᠢᠯᠡᠨ᠎ᠡ᠃ | ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢ ︽ᠤᠷᠢᠳ ᠢᠶᠠᠷ ᠪᠠᠶᠢᠭᠤᠯᠵᠤ ᠳᠠᠷᠠᠭ᠎ᠠ ᠨᠢ | ᠨᠥᠬᠦᠪᠦᠷᠢᠯᠡᠬᠦ᠂ ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ ᠠᠷᠭ᠎ᠠ ᠮᠠᠶ᠋ᠢᠭ ᠢᠶᠠᠷ ᠬᠡᠷᠡᠭᠵᠢᠭᠦᠯᠦᠨ᠎ᠡ᠂ ᠡᠯ᠎ᠡ | ᠲᠦᠷᠦᠭᠦᠯᠡᠬᠦ ᠰᠠᠯᠠᠭ᠎ᠠ ᠮᠥᠴᠢᠷ ᠤᠳ ᠪᠡᠯᠡ ᠮᠥᠩᠭᠦ ᠶᠢᠨ ᠬᠠᠮᠢᠶᠠᠷᠤᠯᠲᠠ ᠪᠠ ᠰᠢᠯᠭᠠᠨ ᠬᠤᠷᠢᠶᠠᠵᠤ ᠰᠢᠯᠭᠠᠨ ᠬᠢᠨᠠᠬᠤ | ᠪᠣᠳᠠᠲᠠᠢ ᠠᠷᠭ᠎ᠠ ᠶᠢ ᠲᠣᠭᠲᠠᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ |