ᠦᠰᠦᠭ ᠪᠢᠴᠢᠭ ᠢᠶᠠᠷ ᠥᠭᠦᠯᠡᠬᠦᠢ᠄ ︽ᠣᠷᠣᠨ ᠨᠤᠲᠤᠭ ᠤᠨ ᠤᠰᠤᠨ ᠴᠥᠭᠦᠷᠥᠮ ᠪᠠᠶᠢᠭᠤᠯᠬᠤ ᠳᠤ ᠨᠡᠭᠦᠯᠭᠡᠭᠰᠡᠨ ᠠᠷᠠᠳ ᠢ ᠲᠡᠳᠬᠦᠨ ᠳᠡᠮᠵᠢᠬᠦ ᠰᠠᠭᠤᠷᠢ ᠮᠥᠩᠭᠦ ᠲᠠᠲᠠᠪᠤᠷᠢᠯᠠᠬᠤ ᠶᠢ ᠵᠣᠭᠰᠣᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2022/5/23
               ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠣᠷᠣᠨ ᠨᠤᠲᠤᠭ ᠤᠨ ᠤᠰᠤᠨ ᠴᠥᠭᠦᠷᠥᠮ ᠪᠠᠶᠢᠭᠤᠯᠬᠤ ᠳᠤ ᠨᠡᠭᠦᠯᠭᠡᠭᠰᠡᠨ ᠠᠷᠠᠳ ᠢ ᠲᠡᠳᠬᠦᠨ ᠳᠡᠮᠵᠢᠬᠦ ᠰᠠᠭᠤᠷᠢ ᠮᠥᠩᠭᠦ ᠲᠠᠲᠠᠪᠤᠷᠢᠯᠠᠬᠤ ᠶᠢ ᠵᠣᠭᠰᠣᠭᠠᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠂ ︽ᠮᠡᠳᠡᠭᠳᠡᠯ︾᠎ ᠤᠨ ᠬᠠᠮᠢᠶ᠎ᠠ ᠪᠥᠬᠦᠶ ᠠᠭᠤᠯᠭ᠎ᠠ ᠶᠢ ᠣᠯᠠᠨ ᠳᠤ ᠥᠷᠭᠡᠨ ᠳᠡᠯᠭᠡᠷ ᠪᠥᠭᠡᠳ ᠵᠥᠪ ᠣᠶᠢᠯᠠᠭᠠᠭᠤᠯᠬᠤ ᠶᠢᠨ ᠲᠤᠯᠠᠳᠠ᠂ ᠡᠳᠦᠭᠡ ᠳᠠᠷᠠᠭᠠᠬᠢ ᠮᠡᠲᠦ ᠲᠠᠶᠢᠯᠤᠮᠵᠢ ᠬᠢᠶ᠎ᠡ᠃      ᠨᠢᠭᠡ᠂ ︽ᠮᠡᠳᠡᠭᠳᠡᠯ︾᠎ ᠢ ᠨᠡᠶᠢᠲᠡᠯᠡᠭᠰᠡᠨ ᠠᠬᠤᠶ ᠪᠠᠶᠢᠳᠠᠯ ᠪᠠ ᠲᠡᠭᠦᠨ ᠤ ᠬᠠᠷᠠᠯᠲᠠ ᠡᠭᠦᠷᠭᠡ      ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠤᠬᠠᠢ ᠤᠯᠤᠰ ᠤᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ ᠰᠢᠯᠢᠳᠡᠭᠵᠢᠭᠦᠯᠦᠨ᠂ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠴᠠᠬᠢᠯᠭᠠᠨ ᠤ ᠦᠨ᠎ᠡ ᠬᠡᠲᠦ ᠲᠦᠷᠭᠡᠨ ᠥᠰᠬᠦ ᠶᠢ ᠬᠤᠷᠢᠭᠯᠠᠬᠤ ᠶᠢᠨ ᠲᠤᠰᠠᠳᠠ᠂ ᠡᠳ᠋ ᠤᠨ ᠵᠠᠰᠠᠭ ᠤᠨ ᠶᠠᠮᠤᠨ ᠠᠴᠠ ᠣᠯᠭᠤᠭᠰᠠᠨ ᠡᠷᠬᠡ ᠶᠢ ᠦᠨᠳᠦᠰᠦᠯᠡᠭᠡᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠮᠡᠳᠡᠭᠳᠡᠯ︾ ᠨᠡᠶᠢᠲᠡᠯᠡᠵᠡᠢ᠃ ︽ᠮᠡᠳᠡᠭᠳᠡᠯ︾᠎ ᠤᠨ ᠭᠤᠣᠯ ᠵᠣᠷᠢᠯᠭ᠎ᠠ ᠪᠣᠯ ᠮᠠᠨ ᠤ ᠣᠷᠣᠨ ᠤ ᠣᠷᠣᠨ ᠨᠤᠲᠤᠭ ᠤᠨ ᠤᠰᠤᠨ ᠴᠥᠭᠦᠷᠥᠮ ᠪᠠᠶᠢᠭᠤᠯᠬᠤ ᠳᠤ ᠨᠡᠭᠦᠯᠭᠡᠭᠰᠡᠨ ᠠᠷᠠᠳ ᠢ ᠲᠡᠳᠬᠦᠨ ᠳᠡᠮᠵᠢᠬᠦ ᠰᠠᠭᠤᠷᠢ ᠮᠥᠩᠭᠦ ᠲᠠᠲᠠᠪᠤᠷᠢᠯᠠᠬᠤ ᠶᠢ ᠵᠣᠭᠰᠣᠭᠠᠨ᠎ᠠ᠃      ᠬᠤᠶᠠᠷ᠂ ︽ᠮᠡᠳᠡᠭᠳᠡᠯ︾᠎ ᠤᠨ ᠭᠤᠣᠯ ᠠᠭᠤᠯᠭ᠎ᠠ      ︵ᠨᠢᠭᠡ︶ ᠮᠠᠨ ᠤ ᠣᠷᠣᠨ ᠤ ᠣᠷᠣᠨ ᠨᠤᠲᠤᠭ ᠤᠨ ᠤᠰᠤᠨ ᠴᠥᠭᠦᠷᠥᠮ ᠪᠠᠶᠢᠭᠤᠯᠬᠤ ᠳᠤ ᠨᠡᠭᠦᠯᠭᠡᠭᠰᠡᠨ ᠠᠷᠠᠳ ᠢ ᠲᠡᠳᠬᠦᠨ ᠳᠡᠮᠵᠢᠬᠦ ᠰᠠᠭᠤᠷᠢ ᠮᠥᠩᠭᠦ ᠲᠠᠲᠠᠪᠤᠷᠢᠯᠠᠬᠤ ᠶᠢ ᠵᠣᠭᠰᠣᠭᠠᠨ᠎ᠠ᠃ ᠤᠯᠤᠰ ᠤᠨ ᠥᠭᠡᠷ᠎ᠡ ᠲᠣᠭᠲᠠᠭᠠᠯ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃      ︵ᠬᠤᠶᠠᠷ︶ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠳᠡᠭᠡᠷ᠎ᠡ ᠳᠤᠷᠠᠳᠤᠭᠰᠠᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠎ᠡ᠂ ᠬᠡᠷᠡᠭᠵᠢᠭᠦᠯᠬᠦ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠤᠳ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠷᠢᠭᠤᠴᠠᠨ ᠲᠠᠶᠢᠯᠪᠤᠷᠢᠯᠠᠨ᠎ᠠ᠃      ᠭᠤᠷᠪᠠ᠂ ︽ᠮᠡᠳᠡᠭᠳᠡᠯ︾᠎ ᠤᠨ ᠬᠢᠯᠠᠰ ᠴᠡᠭ      ︵ᠨᠢᠭᠡ︶ ︽ᠮᠡᠳᠡᠭᠳᠡᠯ︾᠎ ᠳᠤ ᠮᠠᠨ ᠤ ᠣᠷᠣᠨ ᠤ ᠣᠷᠣᠨ ᠨᠤᠲᠤᠭ ᠤᠨ ᠤᠰᠤᠨ ᠴᠥᠭᠦᠷᠥᠮ ᠪᠠᠶᠢᠭᠤᠯᠬᠤ ᠳᠤ ᠨᠡᠭᠦᠯᠭᠡᠭᠰᠡᠨ ᠠᠷᠠᠳ ᠢ ᠲᠡᠳᠬᠦᠨ ᠳᠡᠮᠵᠢᠬᠦ ᠰᠠᠭᠤᠷᠢ ᠮᠥᠩᠭᠦ ᠲᠠᠲᠠᠪᠤᠷᠢᠯᠠᠬᠤ ᠶᠢ ᠵᠣᠭᠰᠣᠭᠠᠬᠤ ᠪᠠᠷ ᠲᠣᠳᠣᠷᠬᠠᠶ ᠲᠣᠭᠲᠠᠭᠠᠵᠤ᠂ ᠤᠯᠤᠰ ᠤᠨ ᠪᠠᠷᠢᠮᠵᠢᠶ᠎ᠠ ᠶᠣᠰᠣᠭᠠᠷ ᠰᠦᠢᠳᠬᠡᠯ ᠲᠤᠰᠢᠶᠠᠬᠤ ᠶᠣᠰᠣᠲᠠᠶ ᠣᠷᠣᠨ ᠤ ᠳᠣᠲᠣᠷᠠᠬᠢ ᠠᠵᠤ ᠠᠬᠤᠶᠢᠯᠠᠯ ᠤᠳ ᠲᠤ ᠬᠡᠷᠡᠭᠵᠢᠭᠦᠯᠬᠦ ᠲᠥᠷᠥ ᠶᠢᠨ ᠪᠣᠳᠣᠯᠭ᠎ᠠ ᠶᠢ ᠲᠣᠳᠣᠷᠬᠠᠶ ᠲᠣᠭᠲᠠᠭᠠᠨ ᠥᠭᠭᠦᠭᠡᠳ ᠰᠦᠢᠳᠬᠡᠯ ᠪᠠᠭᠤᠷᠠᠭᠤᠯᠤᠭᠰᠠᠨ ᠴᠡᠪᠡᠷ ᠠᠰᠢᠭ ᠢ ᠬᠦᠷᠲᠡᠭᠡᠪᠡ᠃      ︵ᠬᠤᠶᠠᠷ︶ ︽ᠬᠡᠰᠡᠭ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠬᠤᠭᠤᠴᠠᠭ᠎ᠠ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠶᠢ ᠤᠷᠲᠤᠳᠬᠠᠬᠤ ᠲᠤᠬᠠᠶ ᠡᠳ᠋ ᠤᠨ ᠵᠠᠰᠠᠭ ᠤᠨ ᠶᠠᠮᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠵᠠᠷ︾ ︵2022 ᠣᠨ ᠤ 5 ᠳ᠋ᠤᠭᠠᠷ ᠲᠣᠭᠠᠲᠤ ︶᠎ ᠨᠢ ᠣᠷᠣᠨ ᠨᠤᠲᠤᠭ ᠲᠤ 2023 ᠣᠨ ᠤ ᠡᠴᠦᠰ ᠪᠣᠯᠲᠠᠯ᠎ᠠ ᠡᠷᠬᠡ ᠮᠡᠳᠡᠯ ᠣᠯᠭᠤᠪᠠ᠃ ᠲᠠᠷᠠᠭᠠᠴᠢ ᠪᠠᠷ᠂ ᠤᠯᠤᠰ ᠤᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠳᠤ ᠭᠦᠷᠪᠡᠯ᠂ ᠤᠯᠤᠰ ᠤᠨ ᠲᠣᠭᠲᠠᠭᠠᠯ ᠶᠣᠰᠣᠭᠠᠷ ᠭᠦᠢᠴᠡᠳᠬᠡᠨ᠎ᠡ᠂ ︽ᠮᠡᠳᠡᠭᠳᠡᠯ︾᠎ ᠳᠤ ᠳᠠᠬᠢᠨᠲᠠ ᠲᠣᠬᠢᠷᠠᠭᠤᠯᠤᠯᠲᠠ ᠬᠢᠬᠦ ᠴᠢᠬᠤᠯᠠ ᠥᠬᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号