︽ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2022/5/23
               ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠮᠡᠳᠡᠭᠳᠡᠯ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ ᠨᠡᠶᠢᠭᠡᠮ ᠨᠡᠶᠢᠲᠡ ᠶᠢᠨ ︽ᠠᠷᠭ᠎ᠠ ᠬᠡᠮᠵᠢᠶ᠎ᠡ ᠨᠦᠭᠦᠳ︾᠎ ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠵᠥᠪ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃      ᠨᠢᠭᠡ᠂ ᠨᠡᠶᠢᠲᠡᠯᠡᠭᠰᠡᠨ ᠠᠬᠤᠢ ᠪᠠᠶᠢᠳᠠᠯ      ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠪᠣᠯ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠡᠨᠡ ᠵᠢᠯ ᠤᠨ 1 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠲᠤᠬᠠᠢ ᠰᠠᠨᠠᠯ︾᠎ ᠢ ᠳᠠᠷᠤᠮᠠᠯᠯᠠᠨ ᠲᠠᠷᠬᠠᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠤᠨ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠵᠦ᠂ ᠨᠠᠩ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠪᠠ ᠨᠠᠩ ᠴᠢᠨᠠᠷᠯᠢᠭ ᠬᠥᠭᠵᠢᠯᠲᠡ ᠶᠢ ᠪᠡᠶᠡᠯᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠠᠷᠭ᠎ᠠ ᠬᠡᠮᠵᠢᠶ᠎ᠡ ᠨᠦᠭᠦᠳ︾᠎ ᠢ ᠲᠣᠭᠲᠠᠭᠠᠵᠤ ᠳᠠᠷᠤᠮᠠᠯᠯᠠᠨ ᠲᠠᠷᠬᠠᠭᠠᠪᠠ᠃      ᠬᠤᠶᠠᠷ᠂ ᠡᠭᠦᠷᠭᠡ ᠬᠠᠷᠠᠯᠲᠠ      ᠥᠪᠥᠷ ᠮᠣᠩᠭᠤᠯ ᠤᠨ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠨᠢ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ ᠦᠢᠯᠡᠴᠢᠯᠡᠬᠦ ᠳᠤ ᠥᠪᠡᠷᠮᠢᠴᠡ ᠣᠷᠣᠨ ᠪᠦᠰᠡ᠂ ᠠᠵᠤ ᠦᠢᠯᠡᠰ ᠵᠡᠷᠭᠡ ᠶᠢᠨ ᠳᠠᠪᠠᠭᠤᠯᠢᠭ ᠲᠠᠢ ᠪᠥᠭᠡᠳ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠦᠢᠯᠡᠳᠬᠦᠨ ᠢ ᠲᠡᠰ ᠳᠡᠪᠰᠢᠭᠦᠯᠬᠦ᠂ ᠭᠦᠢᠯᠭᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠭᠵᠢᠭᠦᠯᠦᠨ ᠪᠤᠵᠠᠭᠠᠶᠢᠷᠠᠭᠤᠯᠬᠤ ᠵᠡᠷᠭᠡ ᠠᠯᠢ ᠤᠯᠠᠨ ᠲᠣᠬᠢᠶᠠᠯ ᠪᠠ ᠥᠷᠢᠰᠦᠯᠳᠦᠭᠡᠨ ᠳᠤ ᠲᠤᠯᠭᠠᠷᠠᠵᠤ ᠪᠤᠢ᠃ ᠥᠪᠥᠷ ᠮᠣᠩᠭᠤᠯ ᠤᠨ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠳᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ︽ᠬᠤᠶᠠᠷ ᠰᠠᠭᠤᠷᠢᠨ ᠭᠠᠵᠠᠷ︾ ︽ᠬᠤᠶᠠᠷ ᠬᠠᠯᠬᠠᠪᠴᠢ︾ ︽ᠨᠢᠭᠡ ᠪᠠᠬᠢᠯᠡᠯᠲᠡ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠢᠶᠠᠷ ᠵᠢᠯᠣᠭᠤᠳᠤᠭᠤᠯᠬᠤ᠂ ᠵᠠᠬ᠎ᠠ ᠳᠡᠯᠭᠡᠭᠦᠷ ᠢᠶᠠᠷ ᠭᠤᠣᠯᠯᠠᠬᠤ᠂ ᠥᠭᠡᠷᠡᠴᠢᠯᠡᠯᠲᠡ ᠨᠡᠭᠡᠭᠡᠯᠲᠡ ᠬᠢᠬᠦ᠂ ᠳᠦᠷᠢᠮ ᠢ ᠵᠣᠯᠭᠠᠭᠤᠯᠬᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠬᠤ᠂ ᠨᠢᠭᠡᠳᠦᠯᠲᠡᠢ ᠲᠥᠯᠥᠪᠯᠡᠨ ᠠᠬᠢᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠬᠤᠶᠠᠷ ᠵᠦᠢᠯ ᠤᠨ ᠡᠬᠢ ᠪᠠᠶᠠᠯᠢᠭ ᠢ ᠠᠰᠢᠭᠯᠠᠵᠤ᠂ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠬᠤᠶᠠᠷ ᠵᠠᠬ᠎ᠠ ᠳᠡᠯᠭᠡᠭᠦᠷ ᠢ ᠥᠷᠭᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠬᠤ᠂ ᠳᠣᠲᠣᠭᠠᠳᠤ ᠭᠠᠳᠠᠭᠠᠳᠤ ᠶᠢᠨ ᠬᠤᠯᠪᠣᠯᠳᠤᠨ ᠨᠡᠪᠲᠡᠷᠡᠯᠴᠡᠬᠦ ᠰᠦᠯᠵᠢᠶ᠎ᠡ ᠶᠢ ᠪᠠᠶᠢᠭᠤᠯᠬᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠠᠭᠤᠰᠤᠯᠴᠠᠭᠤᠯᠤᠨ ᠬᠥᠭᠵᠢᠭᠦᠯᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠪᠠᠷᠢᠮᠵᠢᠶ᠎ᠠ ᠪᠠ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠵᠡᠷᠭᠡ ᠵᠠᠩᠭᠢᠯᠠᠭ᠎ᠠ ᠶᠢᠨ ᠴᠡᠭ ᠳᠡᠭᠡᠷ᠎ᠡ ᠬᠦᠴᠦ ᠵᠠᠷᠤᠴᠠᠭᠤᠯᠤᠨ ᠦᠷ᠎ᠡ ᠪᠦᠲᠦᠮᠵᠢ ᠭᠠᠷᠭᠠᠨ᠎ᠠ᠃ ︽ᠠᠷᠭ᠎ᠠ ᠬᠡᠮᠵᠢᠶ᠎ᠡ ᠨᠦᠭᠦᠳ︾᠎ ᠲᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ 20 ᠰᠠᠭᠤᠷᠢᠨ ᠭᠠᠵᠠᠷ ᠪᠠ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ 100 ᠠᠵᠤ ᠠᠬᠤᠶᠢᠯᠠᠯ ᠢ ᠪᠤᠶᠢᠵᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠵᠤ᠂ ᠨᠢᠭᠡ ᠪᠦᠯᠦᠭ ᠬᠠᠭᠤᠯᠪᠤᠷᠢᠯᠠᠨ ᠳᠡᠯᠭᠡᠷᠡᠭᠦᠯᠵᠦ ᠪᠣᠯᠬᠤ ᠲᠤᠷᠰᠢᠯᠭ᠎ᠠ ᠪᠠ ᠵᠠᠭᠪᠤᠷ ᠢ ᠪᠦᠷᠢᠯᠳᠦᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤᠮᠳᠠ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠰᠢᠨ᠎ᠡ ᠬᠠᠨᠳᠤᠰᠢ ᠳᠤ ᠵᠣᠬᠢᠴᠠᠭᠤᠯᠤᠨ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠲᠣᠬᠢᠶᠠᠯ ᠢ ᠡᠵᠡᠮᠳᠡᠵᠦ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠳᠤ ᠬᠦᠴᠦᠨ ᠨᠡᠮᠡᠷᠢᠯᠡᠵᠦ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠦᠷ᠎ᠡ ᠪᠦᠲᠦᠭᠡᠯ ᠢ ᠬᠠᠮᠲᠤ ᠪᠠᠷ ᠡᠳ᠋ᠯᠡᠨ᠎ᠡ᠃      ᠭᠤᠷᠪᠠ᠂ ᠭᠤᠣᠯ ᠠᠭᠤᠯᠭ᠎ᠠ      ︽ᠠᠷᠭ᠎ᠠ ᠬᠡᠮᠵᠢᠶ᠎ᠡ ᠨᠦᠭᠦᠳ︾᠎ ᠲᠤ 4 ᠲᠠᠯ᠎ᠠ ᠠᠴᠠ 12 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ ᠨᠢᠭᠡ ᠳᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃ ᠡᠭᠦᠨ ᠳᠤ ᠳᠣᠲᠣᠭᠠᠳᠤ ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠢᠯᠡᠷᠡᠭᠦᠯᠦᠨ ᠥᠷᠭᠡᠳᠬᠡᠬᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠣᠲᠣᠭᠠᠳᠤ ᠭᠠᠳᠠᠭᠠᠳᠤ ᠠᠷᠠᠯᠵᠢᠶᠠᠨ ᠤ ᠨᠢᠭᠡ ᠴᠣᠭᠴᠠᠵᠢᠭᠰᠠᠨ ᠡᠵᠡᠩᠨᠡᠯᠲᠡ ᠶᠢ ᠳᠡᠮᠵᠢᠬᠦ ᠭᠤᠷᠪᠠᠨ ᠲᠠᠯ᠎ᠠ ᠶᠢᠨ ᠠᠭᠤᠯᠭ᠎ᠠ ᠪᠠᠭᠲᠠᠨ᠎ᠠ᠃ ᠬᠤᠶᠠᠷ ᠲᠤ᠂ ᠬᠤᠶᠠᠷ ᠶᠡᠭᠡ ᠵᠠᠬ᠎ᠠ ᠳᠡᠯᠭᠡᠭᠦᠷ ᠪᠠ ᠬᠤᠶᠠᠷ ᠵᠦᠢᠯ ᠤᠨ ᠡᠬᠢ ᠪᠠᠶᠠᠯᠢᠭ ᠢ ᠠᠰᠢᠭᠯᠠᠵᠤ᠂ ᠳᠣᠲᠣᠭᠠᠳᠤ ᠭᠠᠳᠠᠭᠠᠳᠤ ᠠᠷᠠᠯᠵᠢᠶᠠᠨ ᠤ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠡᠭᠦᠨ ᠳᠤ ᠳᠣᠲᠣᠭᠠᠳᠤ ᠭᠠᠳᠠᠭᠠᠳᠤ ᠠᠷᠠᠯᠵᠢᠶ᠎ᠠ ᠶᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ ᠢ ᠠᠬᠢᠭᠤᠯᠬᠤ᠂ ᠡᠯ᠎ᠡ ᠲᠦᠷᠦᠯ ᠤᠨ ᠨᠡᠭᠡᠭᠡᠯᠲᠡᠲᠤ ᠠᠴᠢᠶᠠᠯᠠᠪᠤᠷᠢ ᠶᠢ ᠨᠢᠭᠡᠳᠦᠯᠲᠡᠢ ᠲᠥᠯᠥᠪᠵᠢᠭᠦᠯᠦᠨ ᠠᠰᠢᠭᠯᠠᠬᠤ᠂ ᠳᠣᠲᠣᠭᠠᠳᠤ ᠭᠠᠳᠠᠭᠠᠳᠤ ᠶᠢ ᠬᠤᠯᠪᠣᠯᠳᠤᠭᠤᠯᠤᠨ ᠨᠡᠪᠲᠡᠷᠡᠭᠦᠯᠦᠭᠰᠡᠨ ᠪᠠᠷᠠᠭᠠᠨ ᠤ ᠭᠦᠢᠯᠭᠡᠭᠡᠨ ᠤ ᠲᠣᠣᠷ ᠢ ᠲᠡᠭᠦᠯᠳᠡᠷᠵᠢᠭᠦᠯᠬᠦ ᠭᠤᠷᠪᠠᠨ ᠲᠠᠯ᠎ᠠ ᠶᠢᠨ ᠠᠭᠤᠯᠭ᠎ᠠ ᠪᠠᠭᠲᠠᠨ᠎ᠠ᠃ ᠭᠤᠷᠪᠠ ᠳᠤ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠣᠲᠣᠭᠠᠳᠤ ᠭᠠᠳᠠᠭᠠᠳᠤ ᠠᠷᠠᠯᠵᠢᠶᠠᠨ ᠤ ᠠᠭᠤᠰᠤᠯᠴᠠᠨ ᠬᠥᠭᠵᠢᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠡᠭᠦᠨ ᠳᠤ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ ᠠᠬᠢᠭᠤᠯᠬᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠪᠠᠷᠢᠮᠵᠢᠶ᠎ᠠ ᠪᠠ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠭᠤᠷᠪᠠᠨ ᠲᠠᠯ᠎ᠠ ᠶᠢᠨ ᠠᠭᠤᠯᠭ᠎ᠠ ᠪᠠᠭᠲᠠᠨ᠎ᠠ᠃ ᠳᠥᠷᠪᠡ ᠳᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠵᠤ᠂ ᠡᠯ᠎ᠡ ᠲᠦᠷᠦᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠡᠭᠦᠨ ᠳᠤ ᠡᠳ᠋ ᠤᠨ ᠵᠠᠰᠠᠭ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠬᠤ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠵᠡᠷᠭᠡ ᠭᠤᠷᠪᠠᠨ ᠲᠠᠯ᠎ᠠ ᠶᠢᠨ ᠠᠭᠤᠯᠭ᠎ᠠ ᠪᠠᠭᠲᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号