ᠠᠯᠠᠱᠠ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠠᠰᠠᠭᠤᠳᠠᠯ ᠤᠨ ᠰᠦᠪᠡᠭᠴᠢ ᠶᠢ ᠴᠤᠭᠯᠠᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2022/5/30
  ᠪᠥᠬᠦ ᠤᠯᠤᠰ᠂ ᠪᠥᠬᠦ ᠣᠷᠣᠨ ᠤ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠭᠤᠯᠤᠨ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠮᠡᠬᠡᠯᠡᠯ ᠳᠤ ᠬᠤᠯᠪᠣᠭᠳᠠᠭᠰᠠᠨ ᠦᠵᠡᠭᠳᠡᠯ ᠢ ᠵᠠᠰᠠᠵᠤ᠂ ᠨᠠᠰᠤᠲᠠᠨ ᠢ ᠳᠠᠷᠤᠯᠠᠬᠤ  ᠦᠢᠯᠠ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠡᠷᠡᠰ ᠴᠢᠩᠭ᠎ᠠ ᠵᠠᠯᠬᠠᠭᠠᠨ ᠰᠢᠢᠳᠬᠡᠵᠤ᠂ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ︽ᠠᠯᠠᠱᠠ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠎ ᠢ ᠦᠨᠳᠦᠰᠦᠯᠡᠨ᠂ ᠲᠣᠰ ᠡᠳᠦᠷ ᠠᠴᠠ ᠡᠬᠢᠯᠡᠨ 10 ᠰᠠᠷ᠎ᠠ ᠶᠢᠨ ᠰᠡᠭᠦᠯᠴᠢ ᠪᠣᠯᠲᠠᠯ᠎ᠠ 6 ᠰᠠᠷ᠎ᠠ ᠶᠢᠨ ᠬᠤᠭᠤᠴᠠᠭ᠎ᠠ ᠲᠠᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠨ᠎ᠡ᠃ ᠠᠯᠠᠱᠠ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠣᠲᠣ ᠨᠡᠶᠢᠭᠡᠮ ᠳᠤ ᠬᠠᠨᠳᠤᠭᠤᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠬᠤᠯᠪᠣᠭᠳᠠᠯ ᠪᠥᠬᠦᠶ ᠠᠰᠠᠭᠤᠳᠠᠯ ᠤᠨ ᠰᠦᠪᠡᠭᠴᠢ ᠶᠢ ᠥᠷᠭᠡᠨ ᠢᠶᠠᠷ ᠴᠤᠭᠯᠠᠭᠤᠯᠵᠤ ᠪᠠᠶᠢᠨ᠎ᠠ᠂ ᠣᠲᠣ ᠬᠤᠯᠪᠣᠭᠳᠠᠯ ᠪᠥᠬᠦᠶ ᠰᠦᠪᠡᠭᠴᠢ ᠶᠢ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ ᠶᠢ ᠨᠡᠶᠢᠭᠡᠮ ᠳᠤ ᠨᠡᠶᠢᠲᠡᠯᠡᠶ᠎ᠡ᠃   ᠨᠢᠭᠡ᠂ ᠢᠯᠡᠴᠢᠯᠡᠨ  ᠮᠡᠳᠡᠬᠦᠯᠬᠦ ᠠᠭᠤᠯᠭ᠎ᠠ   ᠨᠠᠰᠤᠵᠢᠯ ᠤᠨ ᠬᠦᠷᠢᠶ᠎ᠡ ᠴᠠᠷᠠᠭ᠎ᠠ ᠶᠢᠨ ᠬᠠᠤᠯᠢ ᠪᠤᠰᠤ ᠪᠠᠷ ᠡᠮᠴᠢᠯᠡᠬᠦ᠂ ᠨᠠᠰᠤᠵᠢᠯ ᠤᠨ ᠪᠠᠶᠢᠭᠤᠯᠤᠮᠵᠢ ᠶᠢᠨ ᠳᠣᠲᠣᠭᠠᠳᠤ ᠳᠠᠭᠠᠨ ᠪᠠᠶᠢᠷᠢᠯᠠᠭᠤᠯᠤᠭᠰᠠᠨ ᠬᠢᠷᠢ ᠴᠢᠳᠠᠮᠵᠢ ᠥᠬᠡᠶ ᠡᠮᠴᠢᠯᠡᠭᠡᠨ ᠤ ᠪᠠᠶᠢᠭᠤᠯᠤᠮᠵᠢ᠂ ᠡᠮᠴᠢᠯᠡᠬᠦ ᠬᠢᠷᠢ ᠴᠢᠳᠠᠮᠵᠢ ᠥᠬᠡᠶ ᠬᠠᠮᠢᠶ᠎ᠠ ᠪᠥᠬᠦᠶ ᠬᠥᠮᠦᠰ ᠨᠠᠰᠤᠲᠠᠶᠢᠴᠤᠳ ᠲᠤ ᠳᠤᠷ᠎ᠠ ᠪᠠᠷ ᠢᠶᠠᠨ ᠣᠨᠣᠰᠢᠯᠠᠨ ᠡᠮᠨᠡᠬᠦ ᠠᠵᠢᠯᠯᠠᠭ᠎ᠠ ᠥᠷᠨᠢᠭᠦᠯᠬᠦ ᠵᠡᠷᠭᠡ ᠬᠠᠤᠯᠢ ᠠᠴᠠ ᠵᠥᠷᠢᠴᠡᠭᠰᠡᠨ  ᠦᠢᠯᠠ ᠠᠵᠢᠯᠯᠠᠭ᠎ᠠ᠃     ᠬᠤᠶᠠᠷ᠂ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ    ︵ᠨᠢᠭᠡ︶ ᠢᠯᠡᠴᠢᠯᠡᠨ ᠮᠡᠳᠡᠭᠦᠯᠬᠦ ᠤᠲᠠᠰᠤ᠄ 0483 — 8331083  ︵ᠬᠤᠶᠠᠷ︶ ᠢᠯᠡᠴᠢᠯᠡᠨ ᠮᠡᠳᠡᠭᠦᠯᠬᠦ  ᠢᠮᠧᠯ᠄ amrkjtk @ 163 . com  ᠥᠷᠭᠡᠨ ᠣᠯᠠᠨ ᠰᠠᠭᠤᠭᠠᠯᠢ ᠠᠷᠠᠳ ᠲᠣᠰ ᠤᠳᠠᠭᠠᠨ ᠤ ᠲᠤᠰᠬᠠᠶ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠨᠠᠰᠤᠳᠠᠶᠢᠴᠤᠳ ᠲᠤ ᠬᠤᠯᠪᠤᠬᠳᠠᠬᠰᠠᠨ ᠮᠡᠬᠡᠯᠡᠯ ᠤᠨ ᠠᠰᠠᠭᠤᠳᠠᠯ ᠤᠨ ᠰᠦᠪᠡᠭᠴᠢ ᠶᠢ ᠢᠳᠡᠪᠬᠢᠲᠡᠶ ᠢᠯᠡᠴᠢᠯᠡᠨ ᠮᠡᠳᠡᠭᠦᠯᠦᠭᠡᠷᠡᠶ᠃ ᠪᠢᠳᠡ ᠢᠯᠡᠴᠢᠯᠡᠨ ᠮᠡᠳᠡᠭᠦᠯᠦᠭᠴᠢ᠂ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ ᠢᠯᠡᠴᠢᠯᠡᠨ ᠮᠡᠳᠡᠭᠦᠯᠦᠭᠴᠢ ᠦᠨᠡᠨ ᠠᠴᠠ ᠵᠥᠪ ᠢ ᠡᠷᠢᠬᠦ ᠵᠠᠷᠴᠢᠮ ᠢᠶᠠᠷ ᠠᠰᠠᠭᠤᠳᠠᠯ ᠢ ᠦᠨᠡᠨ ᠮᠥᠨ ᠢᠶᠠᠷ ᠨᠢ ᠲᠤᠰᠬᠠᠵᠤ᠂ ᠢᠯᠡᠴᠢᠯᠡᠨ ᠮᠡᠳᠡᠭᠦᠯᠦᠯᠲᠡ ᠶᠢ ᠠᠰᠢᠭᠯᠠᠨ ᠪᠣᠳᠠᠲᠤ ᠬᠡᠷᠡᠭ ᠢ ᠬᠤᠳᠠᠯ ᠢᠶᠠᠷ ᠵᠣᠬᠢᠶᠠᠵᠤ᠂ ᠭᠦᠳᠬᠡᠨ ᠵᠠᠭᠠᠯᠳᠤᠵᠤ ᠬᠤᠣᠷᠯᠠᠭᠰᠠᠨ ᠪᠠᠶᠢᠪᠠᠯ᠂ ᠬᠠᠤᠯᠢ ᠶᠢᠨ ᠬᠠᠷᠢᠭᠤᠴᠠᠯᠭ᠎ᠠ  ᠡᠬᠦᠷᠬᠡᠯᠡᠨ᠎ᠠ᠃     ᠠᠯᠠᠱᠠ  ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ                           2022 ᠣᠨ ᠤ 5 ᠰᠠᠷ᠎ᠠ ᠶᠢᠨ 10᠎ ᠤ ᠡᠳᠦᠷ
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号