ᠡᠨᠡ ᠮᠠᠯᠴᠢᠨ ᠶᠠᠭᠠᠬᠢᠭᠠᠳ ᠡᠬᠡ ᠨᠢᠯᠬᠠᠰ ᠤᠨ ᠠᠮᠢᠳᠤᠷᠠᠯ ᠤᠨ ᠡᠳ᠋ᠯᠡᠯ ᠬᠡᠷᠡᠭᠰᠡᠯ ᠤᠨ ᠪᠤᠷᠤᠯᠠᠭᠤᠯᠭ᠎ᠠ ᠬᠢᠬᠦ ᠪᠤᠯᠤᠭᠰᠠᠨ ᠪᠤᠢ︖
ᠨᠡᠶᠢᠲᠡᠯᠡᠭᠰᠡᠨ ᠴᠠᠭ᠄
2022/6/1
ᠡᠷᠳᠡᠨᠢᠬᠦᠦ᠂ ᠲᠠᠪᠰᠢᠯᠳᠤ                      ᠨᠢᠳᠤᠨᠤᠨ ᠵᠢᠯ ᠠᠴᠠ᠂ ᠠᠯᠠᠱᠠ ᠵᠡᠭᠦᠨ ᠬᠤᠰᠢᠭᠤᠨ ᠤ ᠪᠠᠶᠠᠨᠬᠤᠳᠠ ᠪᠠᠯᠭᠠᠰᠤᠨ ᠤ ᠲᠢᠶᠠᠨ ᠢ ᠢ ᠬᠤᠣ ᠭᠥᠩ ᠭᠤᠸᠠᠨ ᠰᠠᠭᠤᠭᠠᠯᠢ ᠬᠤᠷᠢᠶᠠᠯᠠᠯ ᠤᠨ ᠡᠭᠦᠳᠡᠨ ᠳᠤ ᠪᠠᠶᠢᠭ᠎ᠠ ︽ᠺᠧ ᠠᠢ ᠺᠧ ᠴᠢᠨ︾ ᠡᠬᠡ ᠨᠢᠯᠬᠠᠰ ᠎ ᠤᠨ ᠠᠮᠢᠳᠤᠷᠠᠯ ᠤᠨ ᠬᠡᠷᠡᠭᠰᠡᠯ ᠤᠨ ᠲᠡᠯᠬᠡᠭᠦᠷ ᠤᠨ ᠡᠵᠡᠩᠨᠡᠭᠴᠢ ᠪᠥᠬᠡ ᠶᠢᠨ ᠠᠷᠠᠯᠵᠢᠶ᠎ᠠ ᠨᠡᠯᠢᠶᠡᠳ ᠰᠠᠶᠢᠵᠢᠷᠠᠵᠤ᠂  ᠡᠬᠡ ᠨᠢᠯᠬᠠᠰ ᠤᠨ ᠠᠮᠢᠳᠤᠷᠠᠯ ᠤᠨ ᠡᠳ᠋ᠯᠡᠯ ᠬᠡᠷᠡᠭᠰᠡᠯ ᠪᠤᠷᠤᠯᠠᠭᠤᠯᠭ᠎ᠠ ᠰᠠᠶᠢᠨ ᠪᠤᠯᠪᠠ᠃          ᠪᠥᠬᠡ ᠪᠤᠯ ᠠᠯᠠᠱᠠ ᠵᠡᠭᠦᠨ ᠬᠤᠰᠢᠭᠤᠨ ᠤ ᠤᠨᠳᠤᠷᠤᠯᠳᠤ ᠰᠤᠮᠤᠨ ᠤ ᠵᠠᠬ᠎ᠠ ᠲᠤᠯᠤᠭᠠᠨ ᠭᠠᠴᠠᠭᠠᠨ ᠤ ᠮᠠᠯᠴᠢᠨ᠃ ᠮᠠᠯᠵᠢᠬᠤ ᠶᠢ ᠵᠤᠭᠰᠤᠭᠠᠬᠤ ᠲᠥᠷᠤ ᠶᠢᠨ ᠪᠤᠳᠤᠯᠭ᠎ᠠ ᠪᠠᠷ ᠬᠥᠳᠡᠭᠡ ᠨᠤᠳᠤᠭ ᠠᠴᠠ ᠪᠠᠨ ᠤᠨᠳᠤᠷᠤᠯᠳᠤ ᠰᠤᠮᠤ᠂ ᠪᠠᠶᠠᠨᠬᠤᠳᠠ ᠪᠠᠯᠭᠠᠰᠤᠨ ᠳᠤ ᠢᠷᠡᠵᠦ᠂  ᠨᠤᠭᠤᠭ᠎ᠠ ᠬᠤᠳᠠᠯᠳᠤᠬᠤ ᠲᠡᠯᠬᠡᠭᠦᠷ᠂ ᠬᠡᠳᠤ ᠲᠡᠯᠬᠡᠭᠦᠷ᠂ ᠡᠬᠡ ᠨᠢᠯᠬᠠᠰ ᠤᠨ ᠠᠮᠢᠳᠤᠷᠠᠯ ᠤᠨ ᠬᠡᠷᠡᠭᠰᠡᠯ ᠤᠨ ᠲᠡᠯᠬᠡᠭᠦᠷ ᠵᠡᠷᠬᠡ ᠶᠢ ᠨᠡᠬᠡᠬᠡᠵᠤ᠂ ᠬᠤᠳᠠ ᠤᠷᠤᠵᠤ ᠤᠳᠠᠭᠠᠨ ᠵᠢᠯ ᠠᠷᠠᠯᠵᠢᠶ᠎ᠠ ᠮᠠᠶᠢᠮᠠᠢ ᠬᠢᠭᠰᠡᠨ ᠮᠠᠯᠴᠢᠨ ᠪᠤᠯᠤᠨ᠎ᠡ᠃ ᠪᠥᠬᠡ ᠬᠡᠳᠤᠶᠢᠪᠡᠷ ᠬᠤᠳᠠ ᠤᠷᠤᠭᠰᠠᠨ ᠥᠢ ᠤᠯᠠᠨ ᠮᠠᠯᠴᠢᠨ ᠤ ᠨᠢᠬᠡ ᠨᠢ ᠪᠤᠯᠪᠠᠴᠤ ᠤᠯᠤᠰ ᠤᠨ ᠲᠥᠷᠤ ᠶᠢᠨ ᠪᠤᠳᠤᠯᠭ᠎ᠠ᠂  ᠵᠠᠬ᠎ᠠ ᠲᠡᠯᠬᠡᠭᠦᠷ ᠤᠨ ᠬᠥᠭᠵᠢᠯᠳᠡ᠂ ᠬᠡᠷᠡᠭᠯᠡᠭᠴᠢᠳ ᠎ ᠤᠨ ᠱᠠᠭᠠᠷᠳᠠᠯᠭ᠎ᠠ ᠶᠢ ᠭᠢᠷᠠᠬᠠᠢ ᠠᠵᠢᠭᠯᠠᠵᠤ ᠪᠠᠶᠢᠭᠠᠳ ᠡᠯ᠎ᠡ ᠵᠥᠢᠯ ᠤᠨ ᠠᠷᠠᠯᠵᠢᠶᠠᠨ ᠤ  ᠵᠠᠪᠰᠢᠶᠠᠨ ᠢ ᠡᠵᠡᠮᠳᠡᠵᠦ  ᠲᠡᠯᠬᠡᠭᠦᠷ ᠭᠠᠷᠭᠠᠳᠠᠭ ᠬᠠᠰᠢᠷ ᠲᠤᠷᠰᠢᠯᠭ᠎ᠠ ᠲᠠᠢ ᠪᠤᠯᠤᠭᠰᠠᠨ ᠶᠤᠮ᠃        ᠮᠠᠨ ᠤ ᠤᠯᠤᠰ ᠤᠨ ᠬᠤᠶᠠᠳᠤᠭᠠᠷ᠂ ᠭᠤᠷᠪᠠᠳᠤᠭᠠᠷ ᠬᠡᠤᠬᠡᠳ ᠠᠪᠴᠤ ᠪᠤᠯᠬᠤ ᠲᠥᠷᠤ ᠶᠢᠨ ᠪᠤᠳᠤᠯᠭ᠎ᠠ ᠎ ᠶᠢᠨ  ᠤᠷᠢᠶᠠᠯᠠᠭ᠎ᠠ ᠪᠠᠷ ᠪᠠᠶᠠᠨᠬᠤᠳᠠ ᠶᠢᠨ ᠡᠯ᠎ᠡ ᠡᠬᠡ ᠨᠢᠯᠬᠠᠰ ᠤᠨ ᠠᠮᠢᠳᠤᠷᠠᠯ ᠤᠨ ᠬᠡᠷᠡᠭᠰᠡᠯ ᠤᠨ ᠲᠡᠯᠬᠡᠭᠦᠷ ᠤᠨ ᠪᠤᠷᠤᠯᠠᠭᠤᠯᠭ᠎ᠠ᠂ ᠬᠥᠭᠵᠢᠯᠳᠡ ᠰᠠᠶᠢᠨ ᠪᠠᠶᠢᠭ᠎ᠠ ᠶᠢ ᠤᠯᠵᠤ ᠥᠵᠡᠬᠡᠳ ᠪᠠᠶᠠᠨᠬᠤᠳᠠ ᠶᠢᠨ ᠪᠠᠷᠠᠭᠤᠨ ᠲᠤᠭᠤᠷᠢᠭ ᠲᠤ ᠡᠬᠡ ᠨᠢᠯᠬᠠᠰ ᠤᠨ ᠠᠮᠢᠳᠤᠷᠠᠯ ᠤᠨ ᠬᠡᠷᠡᠭᠰᠡᠯ ᠤᠨ ᠲᠡᠯᠬᠡᠭᠦᠷ ᠪᠠᠶᠢᠬᠤ ᠥᠬᠡᠢ ᠪᠠᠶᠢᠳᠠᠯ ᠳᠤ ᠵᠤᠷᠢᠭᠤᠯᠵᠤ ᠪᠥᠬᠡ ᠲᠤᠯᠤᠭᠠᠨ ᠵᠢᠯ ᠨᠡᠬᠡᠬᠡᠭᠰᠡᠨ ᠬᠡᠳᠤ ᠲᠡᠯᠬᠡᠭᠦᠷ ᠢᠶᠠᠨ ᠪᠤᠰᠤᠳ ᠲᠤ ᠰᠢᠯᠵᠢᠭᠦᠯᠤᠬᠡᠳ ᠥᠪᠡᠷ ᠢᠶᠠᠨ ︽ᠺᠧ ᠠᠢ ᠺᠧ ᠴᠢᠨ︾ ᠡᠬᠡ ᠨᠢᠯᠬᠠᠰ ᠤᠨ ᠠᠮᠢᠳᠤᠷᠠᠯ ᠤᠨ ᠬᠡᠷᠡᠭᠰᠡᠯ ᠤᠨ ᠲᠡᠯᠬᠡᠭᠦᠷ ᠡᠷᠬᠢᠯᠡᠭᠰᠡᠨ ᠪᠠᠶᠢᠨ᠎ᠠ᠃ ᠲᠡᠯᠬᠡᠭᠦᠷ ᠡᠷᠬᠢᠯᠡᠭᠰᠡᠨ ᠠᠴᠠ ᠨᠠᠭᠠᠰᠢ ᠡᠬᠡ ᠨᠢᠯᠬᠠᠰ ᠤᠨ ᠴᠢᠨᠠᠷ ᠰᠠᠶᠢᠳᠠᠢ ᠡᠳ᠋ᠯᠡᠯ ᠬᠡᠷᠡᠭᠰᠡᠯ᠂ ᠥᠨ᠎ᠡ ᠬᠠᠩᠰᠢ ᠨᠢ ᠲᠤᠬᠢᠷᠠᠮᠵᠢᠳᠠᠢ ᠪᠠᠷᠠᠭ᠎ᠠ ᠲᠠᠸᠠᠷ᠂ ᠥᠨᠡᠨᠴᠢ ᠥᠢᠯᠡᠴᠢᠯᠡᠭᠡ ᠪᠠᠷ ᠢᠶᠠᠨ ᠮᠠᠰᠢ ᠤᠯᠠᠨ ᠬᠡᠷᠡᠭᠯᠡᠭᠴᠢᠳ ᠤᠨ ᠲᠠᠭᠠᠰᠢᠶᠠᠯ ᠎ ᠢ ᠤᠯᠵᠤ᠂ ᠪᠥᠬᠡ ᠰᠠᠨᠠᠭᠰᠠᠨ ᠳᠠᠭᠠᠨ ᠬᠥᠷᠴᠤ ᠴᠢᠳᠠᠭᠰᠠᠨ ᠪᠠᠶᠢᠨ᠎ᠠ᠃          ᠡᠬᠡ ᠨᠢᠯᠬᠠᠰ ᠤᠨ ᠠᠮᠢᠳᠤᠷᠠᠯ ᠤᠨ ᠱᠠᠭᠠᠷᠳᠠᠯᠭ᠎ᠠ ᠠᠴᠠ ᠪᠤᠯᠵᠤ᠂  ᠪᠥᠬᠡ ᠶᠢᠨ ᠤᠷᠤᠯᠭ᠎ᠠ ᠨᠢ ᠤᠤᠯ ᠎ ᠠᠴᠠ ᠪᠠᠨ ᠨᠡᠯᠢᠶᠡᠳ ᠰᠠᠶᠢᠨ ᠪᠤᠯᠵᠤ᠂ ᠪᠠᠷᠠᠭ᠎ᠠ ᠲᠠᠸᠠᠷ ᠤᠨ ᠪᠤᠷᠤᠯᠠᠭᠤᠯᠭ᠎ᠠ ᠨᠢ ᠮᠡᠳᠡᠭᠳᠡᠮ᠎ᠡ ᠰᠠᠶᠢᠵᠢᠷᠠᠵᠤ᠂ ᠬᠤᠵᠢᠮ ᠤᠨ ᠬᠥᠭᠵᠢᠯᠳᠡ ᠶᠢᠨ ᠬᠠᠨᠳᠤᠰᠢ ᠪᠠᠨ ᠨᠠᠷᠢᠨ ᠲᠥᠯᠤᠪᠯᠡᠵᠤ᠂  ᠥᠪᠡᠷ ᠤᠨ ᠠᠮᠢᠳᠤᠷᠠᠯ ᠳᠠᠭᠠᠨ ᠢᠳᠡᠬᠡᠯ ᠎ ᠲᠠᠢ ᠪᠤᠯᠤᠭᠰᠠᠨ ᠪᠠᠶᠢᠪᠠ᠃  ᠤᠳᠤ ᠪᠠᠶᠠᠨᠬᠤᠳᠠ ᠶᠢᠨ ᠪᠠᠷᠠᠭᠤᠨ ᠲᠤᠭᠤᠷᠢᠭ ᠲᠤ ᠪᠠᠶᠢᠭ᠎ᠠ ︽ᠺᠧ ᠠᠢ ᠺᠧ ᠴᠢᠨ︾ ᠡᠬᠡ ᠨᠢᠯᠬᠠᠰ ᠤᠨ ᠠᠮᠢᠳᠤᠷᠠᠯ ᠤᠨ ᠬᠡᠷᠡᠭᠰᠡᠯ ᠤᠨ ᠲᠡᠯᠬᠡᠭᠦᠷ ᠲᠤ ᠰᠢᠨ᠎ᠠ ᠬᠡᠷᠡᠭᠯᠡᠭᠴᠢᠳ᠂ ᠪᠠᠶᠢᠩᠭᠤ ᠶᠢᠨ ᠬᠡᠷᠡᠭᠯᠡᠭᠴᠢᠳ  ᠪᠠᠶᠢᠬᠤ ᠪᠠᠷ ᠪᠠᠷᠠᠬᠤ ᠦᠬᠡᠢ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤᠨ ᠤ ᠬᠡᠷᠡᠭᠯᠡᠭᠴᠢᠳ ᠭᠠᠷ ᠤᠳᠠᠰᠤ᠂ ᠸᠢᠴᠠᠲ ᠢᠶᠠᠷ ᠵᠠᠬᠢᠶᠠᠯᠠᠭ᠎ᠠ ᠠᠪᠳᠠᠭ ᠪᠤᠯᠵᠠᠢ᠃          ᠪᠥᠬᠡ ᠬᠡᠯᠡᠭᠦ ᠳᠡᠭᠡᠨ᠄ ︽ᠤᠳᠤ ᠪᠠᠶᠠᠨᠬᠤᠳᠠ ᠳᠤ 24 ᠡᠬᠡ ᠨᠢᠯᠬᠠᠰ ᠤᠨ ᠠᠮᠢᠳᠤᠷᠠᠯ ᠤᠨ ᠬᠡᠷᠡᠭᠰᠡᠯ ᠎ ᠤᠨ ᠲᠡᠯᠬᠡᠭᠦᠷ ᠪᠠᠶᠢᠨ᠎ᠠ᠃ ᠡᠳᠡᠬᠡᠷ ᠲᠡᠯᠬᠡᠭᠦᠷ ᠪᠥᠷ ᠥᠪᠡᠷ ᠤᠨ ᠲᠤᠭᠳᠠᠭᠰᠠᠨ ᠬᠡᠷᠡᠭᠯᠡᠭᠴᠢᠳ ᠪᠠ ᠤᠷᠤᠯᠭ᠎ᠠ ᠲᠠᠢ᠃ ᠲᠡᠯᠬᠡᠭᠦᠷ ᠤᠨ ᠪᠠᠷᠠᠭ᠎ᠠ ᠶᠢᠨ ᠴᠢᠨᠠᠷ ᠴᠢᠠᠰᠠᠭ᠎ᠠ ᠰᠠᠶᠢᠨ᠂  ᠥᠢᠯᠡᠴᠢᠯᠡᠭᠡ ᠰᠠᠶᠢᠨ ᠪᠠᠶᠢᠬᠤ ᠳᠤ ᠬᠥᠷᠪᠡᠯ ᠡᠨᠡ ᠶᠠᠭᠤᠮᠠᠨ ᠤ ᠪᠤᠷᠤᠯᠠᠭᠤᠯᠭ᠎ᠠ ᠶᠢᠨ ᠵᠠᠮ ᠪᠤᠯ ᠰᠠᠶᠢᠨ ᠪᠠᠶᠢᠨ᠎ᠠ᠃  ᠪᠢ ᠪᠤᠯ ᠤᠯᠤᠰ ᠤᠨ ᠲᠥᠷᠤ ᠶᠢᠨ ᠪᠤᠳᠤᠯᠭ᠎ᠠ ᠳᠤ ᠲᠥᠰᠢᠭᠯᠡᠨ ᠠᠰᠢᠭ ᠤᠷᠤᠯᠭ᠎ᠠ ᠪᠠᠨ ᠨᠡᠮᠡᠭᠳᠡᠭᠦᠯᠭᠦ ᠵᠥᠪ ᠵᠠᠮ ᠢ ᠰᠤᠩᠭᠤᠭᠰᠠᠨ ᠬᠡᠵᠤ ᠪᠤᠳᠤᠵᠤ ᠪᠠᠶᠢᠨ᠎ᠠ᠃ ᠡᠨᠡᠭᠦ ᠲᠥᠷᠤ ᠶᠢᠨ ᠪᠤᠳᠤᠯᠭ᠎ᠠ ᠶᠢᠨ ᠰᠠᠶᠢᠨ ᠢᠶᠠᠷ ᠮᠠᠰᠢ ᠤᠯᠠᠨ ᠡᠬᠡ ᠨᠢᠯᠬᠠᠰ ᠤᠨ ᠠᠮᠢᠳᠤᠷᠠᠯ ᠤᠨ ᠬᠡᠷᠡᠭᠰᠡᠯ ᠤᠨ ᠲᠡᠯᠬᠡᠭᠦᠷ ᠡᠷᠬᠢᠯᠡᠳᠡᠭ ᠬᠤᠪᠢ ᠶᠢᠨ ᠡᠵᠡᠩᠨᠡᠭᠴᠢ ᠳᠤ ᠤᠷᠤᠯᠭ᠎ᠠ ᠤᠯᠬᠤ ᠵᠠᠪᠰᠢᠶᠠᠨ ᠢ ᠤᠯᠭᠤᠵᠤ ᠥᠭᠭᠦᠭᠰᠡᠨ ᠬᠡᠵᠤ ᠥᠵᠡᠨ᠎ᠡ᠃ ᠤᠨᠴᠠᠭᠠᠶᠢᠯᠠᠨ ᠬᠤᠳᠠ ᠤᠷᠤᠭᠰᠠᠨ ᠮᠠᠯᠴᠢᠨ ᠨᠠᠳᠠ ᠳᠤ ᠠᠪᠴᠤ ᠬᠡᠯᠡᠪᠡᠯ ᠪᠠᠰᠠ ᠨᠢᠬᠡᠨ ᠤᠷᠤᠯᠭ᠎ᠠ ᠎ ᠪᠠᠨ ᠨᠡᠮᠡᠭᠳᠡᠭᠦᠯᠭᠦ ᠠᠷᠠᠯᠵᠢᠶᠠᠨ ᠤ ᠵᠠᠮ ᠢ ᠵᠢᠭᠠᠵᠤ ᠥᠭᠭᠦᠭᠰᠡᠨ ᠬᠡᠵᠤ ᠪᠤᠳᠤᠵᠤ ᠪᠠᠶᠢᠨ᠎ᠠ︾ ᠬᠡᠯ᠎ᠡ᠃          ᠪᠠᠶᠠᠨᠬᠤᠳᠠ ᠪᠠᠯᠭᠠᠰᠤᠨ ᠤ ᠲᠢᠶᠠᠨ ᠢ ᠢ ᠬᠤᠣ ᠭᠥᠩ ᠭᠤᠸᠠᠨ ᠰᠠᠭᠤᠭᠠᠯᠢ ᠬᠤᠷᠢᠶᠠᠯᠠᠯ ᠤᠨ ᠡᠭᠦᠳᠡᠨ ᠎ ᠳᠤ ᠪᠠᠶᠢᠭ᠎ᠠ ︽ᠺᠧ ᠠᠢ ᠺᠧ ᠴᠢᠨ︾ ᠡᠬᠡ ᠨᠢᠯᠬᠠᠰ ᠤᠨ ᠠᠮᠢᠳᠤᠷᠠᠯ ᠤᠨ ᠬᠡᠷᠡᠭᠰᠡᠯ ᠤᠨ ᠲᠡᠯᠬᠡᠭᠦᠷ ᠲᠤ ᠵᠠᠭᠤ ᠬᠥᠷᠭᠦ ᠲᠥᠷᠥᠯ ᠤᠨ ᠡᠬᠡ ᠨᠢᠯᠬᠠᠰ ᠤᠨ ᠠᠮᠢᠳᠤᠷᠠᠯ ᠤᠨ ᠬᠡᠷᠡᠭᠰᠡᠯ ᠢ ᠪᠤᠷᠤᠯᠠᠭᠤᠯᠵᠤ᠂ ᠭᠠᠷ ᠤᠳᠠᠰᠤ ᠪᠠ ᠸᠢᠴᠠᠲ ᠎ ᠢᠶᠠᠷ ᠵᠠᠬᠢᠶᠠᠯᠠᠭ᠎ᠠ ᠬᠥᠯᠢᠶᠡᠵᠤ᠂ ᠵᠠᠬᠢᠶᠠᠯᠠᠭ᠎ᠠ ᠶᠤᠰᠤᠭᠠᠷ ᠪᠠᠷᠠᠭ᠎ᠠ ᠲᠠᠸᠠᠷ ᠢᠶᠠᠨ ᠲᠤᠭᠳᠠᠭᠰᠠᠨ ᠴᠠᠭ ᠲᠤᠨᠢ ᠬᠦᠷᠭᠡᠳᠡᠭ ᠲᠤᠯᠠ ᠬᠡᠷᠡᠭᠯᠡᠭᠴᠢᠳ ᠤᠨ ᠮᠠᠭᠳᠠᠭᠠᠯ ᠢ ᠬᠥᠷᠳᠡᠵᠤ᠂ ᠬᠤᠯᠠ ᠥᠢᠷ᠎ᠠ ᠶᠢᠨ ᠬᠡᠷᠡᠭᠯᠡᠭᠴᠢᠳ ᠲᠤ  ᠨᠡᠩ ᠰᠠᠶᠢᠨ ᠥᠢᠯᠡᠴᠢᠯᠡᠭᠦ ᠶᠢᠨ ᠲᠥᠯᠤᠬᠡ  ᠂ ᠡᠬᠡ ᠨᠢᠯᠬᠠᠰ ᠤᠨ ᠠᠮᠤᠷ ᠲᠥᠪᠰᠢᠨ ᠢ ᠨᠠᠷᠢᠨ ᠪᠤᠳᠤᠯᠬᠢᠯᠠᠵᠤ᠂ ᠪᠠᠷᠠᠭ᠎ᠠ ᠲᠠᠸᠠᠷ ᠎ ᠤᠨ ᠴᠢᠨᠠᠷ ᠴᠢᠨᠰᠠᠭ᠎ᠠ ᠢᠶᠠᠨ ᠤᠯᠠᠮ ᠨᠢᠬᠡ ᠠᠯᠬᠤᠮ ᠰᠠᠶᠢᠵᠢᠷᠠᠭᠤᠯᠤᠨ᠂ ᠤᠯᠤᠰ ᠤᠨ ᠲᠤᠳᠤᠭᠠᠳᠤ ᠶᠢᠨ ᠨᠡᠷᠡᠳᠤ ᠪᠥᠳᠥᠬᠡᠭᠳᠡᠭᠦᠨ ᠢ ᠤᠷᠤᠭᠤᠯᠵᠤ᠂ ᠬᠡᠷᠡᠭᠯᠡᠭᠴᠢ ᠨᠢᠬᠡᠪᠤᠷᠢ ᠳᠤ ᠬᠠᠷᠢᠭᠤᠴᠠᠯᠭᠠᠳᠤ ᠤᠪᠤᠷ ᠢᠶᠠᠷ ᠬᠠᠨᠳᠤᠵᠤ᠂  ᠪᠠᠷᠠᠭ᠎ᠠ ᠲᠠᠸᠠᠷ ᠨᠢ ᠴᠢᠨᠠᠷ ᠤᠨ ᠲᠠᠯ᠎ᠠ ᠪᠠᠷ ᠠᠰᠠᠭᠤᠳᠠᠯ ᠲᠠᠢ ᠪᠠᠶᠢᠪᠠᠯ ᠲᠠᠷᠡ ᠲᠠᠷᠤᠢ ᠳᠤᠨᠢ ᠰᠤᠯᠢᠵᠤ ᠦᠭᠳᠡᠭ ᠠᠵᠢ᠃
     
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号