ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠬᠢᠵᠦ ᠪᠠᠶᠢᠭ᠎ᠠ ᠦᠶ᠎ᠡ ᠳᠤ ︽ᠵᠢᠷᠭᠤᠭᠠᠨ  ᠦᠢᠯᠡᠴᠢᠯᠡᠭᠡ︾᠎ ᠪᠠᠷ ᠠᠷᠠᠳ ᠤᠨ ᠲᠥᠯᠥᠭᠡ ᠵᠢᠳᠬᠦᠬᠦ ︽ᠤᠭ ᠰᠠᠨᠠᠭ᠎ᠠ︾᠎ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2022/6/2
                        ᠣᠶᠢᠷ᠎ᠠ ᠶᠢᠨ ᠵᠢᠯ ᠠᠴᠠ᠂ ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ︽ᠬᠠᠯᠠᠮᠵᠢ ᠶᠢᠨ ᠦᠢᠯᠡᠴᠢᠯᠡᠭᠡ ᠪᠠ ᠲᠦᠷᠭᠡᠨ ᠦᠢᠯᠡᠴᠢᠯᠡᠭᠡᠨ︾᠎ ᠤ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠦᠮᠵᠢᠯᠲᠡ᠂ ᠳᠥᠭᠦᠮᠴᠢᠯᠡᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠠᠰᠢᠭᠲᠠᠢ ᠠᠷᠠᠳ ᠲᠤ ᠠᠮᠠᠷ ᠬᠢᠯᠪᠠᠷ ᠨᠥᠬᠦᠴᠡᠯ ᠬᠠᠩᠭᠠᠵᠤ ᠪᠣᠢ᠃            
                        ︽ᠬᠤᠷᠢᠭ ᠦᠭᠡᠢ ᠦᠢᠯᠡᠴᠢᠯᠡᠭᠡ︾                           ᠨᠠᠰᠤᠲᠠᠶᠢᠴᠤᠳ᠂ ᠵᠡᠮᠳᠡᠭᠴᠦᠳ᠂ ᠴᠡᠷᠢᠭ ᠬᠥᠮᠥᠨ᠂ ᠵᠢᠷᠮᠦᠰᠦᠨ ᠡᠮᠡᠭᠲᠡᠢ᠂ ᠡᠮᠴᠢ ᠰᠤᠪᠢᠯᠠᠭᠴᠢᠳ ᠵᠡᠷᠭᠡ ᠣᠨᠴᠣᠭᠤᠢ ᠬᠠᠮᠲᠤᠯᠢᠭ ᠲᠤ ᠴᠢᠭᠯᠡᠭᠦᠯᠦᠨ᠂ ᠤᠷᠢᠳᠠᠪᠠᠷ ᠳ᠋ᠤᠭᠠᠷ ᠠᠪᠬᠤ᠂ ᠲᠤᠰᠬᠠᠢ ᠬᠥᠮᠥᠨ ᠢᠶᠠᠷ ᠬᠠᠪᠰᠤᠷᠤᠭᠤᠯᠬᠤ᠂ ᠭᠦᠢᠴᠡᠳᠬᠡᠬᠦ ᠶᠢ ᠲᠦᠷᠭᠡᠳᠬᠡᠬᠦ ᠦᠢᠯᠡᠴᠢᠯᠡᠭᠡ ᠶᠢ ᠬᠠᠩᠭᠠᠪᠠ᠃ 2022 ᠣᠨ ᠳᠤ᠂ ᠨᠢᠭᠡᠨᠲᠡ 755 ᠬᠤᠪᠢ ︽ᠬᠤᠷᠢᠭ ᠦᠭᠡᠢ ᠦᠢᠯᠡᠴᠢᠯᠡᠭᠡ︾᠎ ᠶᠢᠨ ᠦᠢᠯᠡᠴᠢᠯᠡᠭᠡ ᠶᠢ ᠬᠠᠩᠭᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ ︽ᠬᠤᠷᠢᠭ ᠦᠭᠡᠢ ᠦᠢᠯᠡᠴᠢᠯᠡᠭᠡ︾᠎ ᠶᠢ ᠨᠡᠭᠡᠭᠡᠬᠦ ᠳᠤ ᠴᠢᠭᠯᠡᠭᠦᠯᠦᠨ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠪᠥᠬᠦ ᠶᠠᠪᠤᠴᠠ ᠳᠤ ᠥᠷᠨᠢᠭᠦᠯᠵᠦ᠂ ᠵᠥᠪᠳᠡᠯᠴᠡᠵᠦ ᠬᠠᠮᠲᠤᠷᠠᠨ ᠬᠢᠨᠠᠬᠤ᠂ ᠨᠡᠶᠢᠯᠡᠭᠦᠯᠦᠨ ᠬᠢᠨᠠᠨ ᠵᠥᠪᠰᠢᠶᠡᠷᠡᠬᠦ ᠶᠢ ᠬᠡᠷᠡᠭᠵᠢᠭᠦᠯᠵᠦ ᠪᠣᠢ᠃                  
     
                          ︽ᠣᠨᠴᠠᠯᠢᠭᠲᠤ ᠦᠢᠯᠡᠴᠢᠯᠡᠭᠡ︾                   ᠤᠷᠢᠳᠴᠢᠯᠠᠨ ᠪᠣᠯᠵᠣᠬᠤ ᠠᠯᠪᠠᠨ ᠭᠡᠷ᠂ ᠭᠡᠷ ᠲᠤᠨᠢ ᠬᠦᠷᠴᠦ ᠠᠵᠢᠯᠯᠠᠬᠤ ᠠᠯᠪᠠᠨ ᠭᠡᠷ᠂ ᠡᠷᠲᠡ ᠣᠷᠣᠢ ᠶᠢᠨ ᠠᠯᠪᠠᠨ ᠭᠡᠷ᠂ ᠴᠠᠭ ᠢ ᠤᠷᠲᠤᠳᠬᠠᠬᠤ ᠠᠯᠪᠠᠨ ᠭᠡᠷ᠂ ᠥᠪᠡᠰᠦᠪᠡᠨ ᠦᠢᠯᠡᠴᠢᠯᠡᠬᠦ ᠠᠯᠪᠠᠨ ᠭᠡᠷ᠂ ᠲᠠᠨ ᠢ ᠬᠠᠪᠰᠤᠷᠤᠨ ᠲᠡᠷᠭᠡ ᠳᠠᠭᠤᠳᠠᠬᠤ ᠵᠡᠷᠭᠡ ᠠᠷᠠᠳ ᠲᠤ ᠲᠥᠬᠦᠮ ᠦᠵᠡᠭᠦᠯᠬᠦ ᠥᠪᠡᠷᠮᠢᠴᠡ ᠣᠨᠴᠠᠯᠢᠭ ᠲᠠᠢ ᠦᠢᠯᠡᠴᠢᠯᠡᠭᠡ ᠶᠢ ᠥᠷᠨᠢᠭᠦᠯᠦᠨ᠎ᠡ᠂ ᠡᠭᠦᠨ ᠳᠤ ᠤᠷᠢᠳᠴᠢᠯᠠᠨ ᠪᠣᠯᠵᠣᠬᠤ ᠠᠯᠪᠠᠨ ᠭᠡᠷ ᠤᠨ ᠦᠢᠯᠡᠴᠢᠯᠡᠭᠡ ᠳᠤ ᠠᠶᠢᠮᠠᠭ ᠬᠤᠰᠢᠭᠤᠨ ᠤ 32 ᠰᠠᠯᠠᠭ᠎ᠠ ᠮᠥᠴᠢᠷ ᠤᠨ 95 ᠥᠨᠳᠥᠷ ᠳᠠᠪᠲᠠᠮᠵᠢᠲᠤ ᠤᠴᠢᠷ ᠶᠠᠪᠤᠳᠠᠯ ᠢ ᠬᠠᠮᠤᠷᠴᠤ᠂ ᠭᠡᠷ ᠲᠤᠨᠢ ᠬᠦᠷᠴᠦ ᠭᠦᠢᠴᠡᠳᠬᠡᠬᠦ ᠠᠯᠪᠠᠨ ᠭᠡᠷ ᠤᠨ ᠦᠢᠯᠡᠴᠢᠯᠡᠭᠡ ᠳᠤ 5 ᠰᠠᠯᠠᠭ᠎ᠠ ᠮᠥᠴᠢᠷ ᠤᠨ 11 ᠤᠴᠢᠷ ᠶᠠᠪᠤᠳᠠᠯ ᠢ ᠪᠠᠭᠲᠠᠭᠠᠨ᠎ᠠ᠃ ᠣᠲᠣ ᠪᠣᠯᠲᠠᠯ᠎ᠠ᠂ ᠤᠷᠢᠳᠴᠢᠯᠠᠨ ᠪᠣᠯᠵᠣᠬᠤ ᠦᠢᠯᠡᠴᠢᠯᠡᠭᠡ ᠶᠢ 214 ᠬᠥᠮᠥᠨ ᠤᠳᠠᠭ᠎ᠠ ᠬᠠᠩᠭᠠᠵᠤ᠂ ᠭᠡᠷ ᠲᠤᠨᠢ ᠬᠦᠷᠴᠦ ᠦᠢᠯᠡᠴᠢᠯᠡᠬᠦ ᠦᠢᠯᠡᠴᠢᠯᠡᠭᠡ ᠶᠢ 29 ᠬᠥᠮᠥᠨ ᠤᠳᠠᠭ᠎ᠠ ᠬᠠᠩᠭᠠᠵᠤ᠂ ᠴᠠᠭ ᠢ ᠤᠷᠲᠤᠳᠬᠠᠵᠤ ᠦᠢᠯᠡᠴᠢᠯᠡᠬᠦ ᠦᠢᠯᠡᠴᠢᠯᠡᠭᠡ ᠶᠢ 1699 ᠬᠥᠮᠥᠨ ᠤᠳᠠᠭ᠎ᠠ ᠬᠠᠩᠭᠠᠭᠰᠠᠨ ᠪᠠᠶᠢᠨ᠎ᠠ᠃                  
     
                          ︽ᠦᠨ᠎ᠡ ᠲᠥᠯᠥᠪᠦᠷᠢ ᠦᠭᠡᠢ ᠦᠢᠯᠡᠴᠢᠯᠡᠭᠡ︾                     ᠦᠨ᠎ᠡ ᠲᠥᠯᠥᠪᠦᠷᠢ ᠦᠭᠡᠢ ᠪᠠᠷ ᠰᠢᠤᠳᠠᠨ ᠢᠶᠠᠷ ᠢᠯᠡᠭᠡᠬᠦ ᠦᠢᠯᠡᠴᠢᠯᠡᠭᠡ ᠶᠢ ᠨᠠᠪᠲᠠᠷᠡᠭᠦᠯᠵᠦ᠂ 2021 ᠠᠵᠤ ᠠᠬᠤᠶᠢᠯᠠᠯ ᠤᠨ ᠤᠯᠠᠨ ᠲᠦᠮᠡᠨ ᠳᠤ ᠬᠠᠩᠭᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠬᠡᠷᠡᠭ ᠶᠠᠪᠤᠳᠠᠯ ᠢ ᠰᠢᠢᠳᠪᠦᠷᠢᠯᠡᠭᠰᠡᠨ ᠦᠷ᠎ᠡ ᠳ᠋ᠦᠩ︾᠎ ᠳᠤ ᠦᠨ᠎ᠡ ᠲᠥᠯᠥᠪᠦᠷᠢ ᠦᠭᠡᠢ ᠪᠠᠷ ᠰᠢᠤᠳᠠᠨ ᠢᠶᠠᠷ ᠢᠯᠡᠭᠡᠬᠦ ᠦᠢᠯᠡᠴᠢᠯᠡᠭᠡ ᠶᠢ 317 ᠬᠤᠪᠢ ᠬᠠᠩᠭᠠᠪᠠ᠃ ᠣᠷᠤᠭ ᠤᠨ ᠦᠨᠡᠮᠯᠡᠯ ᠤᠨ ᠦᠨᠡᠮᠯᠡᠯ ᠢ ︽ᠦᠨ᠎ᠡ ᠲᠥᠯᠥᠪᠦᠷᠢ ᠦᠭᠡᠢ ᠪᠠᠷ ᠰᠡᠭᠦᠳᠡᠷᠯᠡᠬᠦ︾ ᠦᠢᠯᠡᠴᠢᠯᠡᠭᠡ ᠬᠠᠩᠭᠠᠵᠤ᠂ ᠦᠨ᠎ᠡ ᠲᠥᠯᠥᠪᠦᠷᠢ ᠦᠭᠡᠢ ᠪᠠᠷ  ᠳᠠᠷᠤᠮᠠᠯᠯᠠᠬᠤ ᠶᠢ ᠬᠡᠷᠡᠭᠵᠢᠭᠦᠯᠦᠨ᠂ ᠣᠲᠣ ᠪᠣᠯᠲᠠᠯ᠎ᠠ ᠨᠢᠭᠡᠨᠲᠡ 21296 ᠭᠠᠷᠤᠢ ᠬᠤᠪᠢ ᠦᠨ᠎ᠡ ᠲᠥᠯᠥᠪᠦᠷᠢ ᠦᠭᠡᠢ  ᠦᠢᠯᠡᠴᠢᠯᠡᠭᠡ ᠬᠠᠩᠭᠠᠭᠰᠠᠨ ᠪᠠᠶᠢᠨ᠎ᠠ᠃            
     
                                ︽ᠣᠶᠢᠷ᠎ᠠ ᠬᠠᠪᠢ ᠳᠠᠭᠠᠨ ᠰᠢᠢᠳᠪᠦᠷᠢᠯᠡᠬᠦ ᠦᠢᠯᠡᠴᠢᠯᠡᠭᠡ︾                     ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠦᠨᠳᠦᠰᠦᠨ ᠱᠠᠲᠤ ᠶᠢ ᠬᠠᠮᠤᠷᠬᠤ ᠶᠢ ᠢᠳᠡᠪᠬᠢᠲᠡᠢ ᠪᠠᠷ ᠠᠬᠢᠭᠤᠯᠵᠤ᠂ ᠬᠤᠰᠢᠭᠤ᠂ ᠰᠤᠮᠤ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ ︶ 3 ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠣᠶ ᠪᠣᠯᠭᠠᠨ᠎ᠠ᠃ ︽ᠵᠠᠰᠠᠭ ᠪᠠᠩᠬᠢ ᠠᠵᠤ ᠠᠬᠤᠶᠢᠯᠠᠯ︾᠎ ᠤᠨ ᠬᠠᠮᠲᠤᠷᠠᠯᠴᠠᠭ᠎ᠠ ᠶᠢ ᠬᠡᠷᠡᠭᠵᠢᠭᠦᠯᠵᠦ᠂ ᠪᠠᠩᠬᠢ ᠶᠢᠨ ᠲᠣᠣᠷ ᠴᠢᠭ᠋᠂ ᠴᠢᠮᠡᠭᠡ ᠬᠤᠯᠪᠣᠭ᠎ᠠ ᠶᠢᠨ ᠦᠢᠯᠡᠴᠢᠯᠡᠭᠡᠨ ᠤ ᠡᠵᠡᠩᠨᠡᠯᠲᠡ ᠶᠢᠨ ᠶᠡᠭᠡ ᠲᠢᠩᠬᠢᠮ ᠳᠤ ᠠᠷᠠᠳ ᠲᠤ ᠲᠥᠬᠦᠮ ᠦᠵᠡᠭᠦᠯᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠶᠢ ᠪᠠᠶᠢᠭᠤᠯᠤᠨ᠂ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠣᠶᠢᠷ᠎ᠠ ᠬᠠᠪᠢ ᠳᠤᠨᠢ ᠡᠷᠭᠢᠯᠡᠬᠦ︾᠎ ᠶᠢ ᠠᠬᠢᠭᠤᠯᠤᠨ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠪᠠ᠃                  
     
                        ︽ ᠰᠠᠨᠠᠭ᠎ᠠ ᠠᠮᠤᠷ ᠦᠢᠯᠡᠴᠢᠯᠡᠭᠡ︾                   ︽ᠮᠥᠩᠬᠡ ᠰᠤᠪᠠᠭ︾᠎ ᠤᠨ APP᠎ ᠶᠢ ᠳᠡᠯᠭᠡᠷᠡᠭᠦᠯᠦᠨ ᠤᠬᠠᠭᠤᠯᠵᠤ᠂ ᠠᠮᠢᠳᠤᠷᠠᠯ ᠤᠨ ᠲᠥᠷᠥᠯ ᠤᠨ ᠠᠷᠠᠳ ᠲᠤ ᠲᠥᠬᠦᠮ ᠦᠵᠡᠭᠦᠯᠬᠦ ᠣᠨᠴᠠᠯᠢᠭᠲᠤ ᠬᠡᠷᠡᠭᠯᠡᠭᠡᠨ ᠤ 33 ᠲᠥᠷᠥᠯ ᠢ ᠨᠡᠪᠲᠡᠷᠡᠭᠦᠯᠵᠦ᠂ 316 ᠬᠤᠰᠢᠭᠤᠨ ᠤ ᠲᠣᠰ ᠱᠠᠲᠤᠨ ᠤ ᠬᠡᠷᠡᠭ ᠶᠠᠪᠤᠳᠠᠯ ᠢ ᠴᠥᠮ ᠭᠠᠷ ᠤᠨ ᠥᠰᠥᠭ ᠵᠢᠷᠤᠵᠤ ᠰᠢᠢᠳᠪᠦᠷᠢᠯᠡᠵᠦ ᠪᠣᠯᠣᠨ᠎ᠠ᠃ ᠶᠡᠭᠡ ᠲᠢᠩᠬᠢᠮ ᠳᠤ ᠲᠣᠭᠠᠴᠢᠯᠠᠭᠰᠠᠨ ᠵᠠᠰᠠᠭ ᠤᠨ ᠶᠠᠪᠤᠳᠠᠯ ᠤᠨ ᠪᠡᠶᠡᠴᠢᠯᠡᠨ ᠣᠶᠢᠯᠠᠭᠠᠬᠤ ᠲᠣᠭᠤᠷᠢᠭ ᠭᠠᠷᠭᠠᠵᠤ᠂ ᠨᠡᠩ ᠤᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭ ᠶᠠᠪᠤᠳᠠᠯ ᠢ ᠭᠦᠢᠴᠡᠳᠬᠡᠬᠦ ᠳᠤ ᠬᠢᠯᠪᠡᠷ ᠪᠠᠶᠢᠬᠤ ᠶᠢ ᠠᠬᠢᠭᠤᠯᠵᠤ᠂ ᠲᠡᠮᠡᠭᠡᠲᠦ ᠨᠤᠲᠤᠭ ᠤᠨ ᠤᠯᠠᠨ ᠲᠦᠮᠡᠨ ᠳᠤ ︽ᠲᠤᠤ ᠪᠦᠦ ᠮᠠᠶ᠋ᠢᠭ︾︾᠎ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠪᠡᠶᠡᠴᠢᠯᠡᠨ ᠣᠶᠢᠯᠠᠭᠠᠬᠤ ᠦᠢᠯᠡᠴᠢᠯᠡᠭᠡ ᠬᠠᠩᠭᠠᠪᠠ᠃       ᠪᠡᠯᠡᠳᠬᠡᠭᠰᠡᠨ ᠨᠢ᠄ ᠡᠷᠳᠡᠨᠢᠬᠦᠦ ᠨᠠᠶᠢᠷᠠᠭᠤᠯᠤᠭᠰᠠᠨ ᠨᠢ᠄ ᠨᠠᠮᠤᠷ ᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号