| | | | | | | 5 ᠰᠠᠷ᠎ᠠ ᠶᠢᠨ 23 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠰᠢᠭᠤᠨ ᠤ ᠨᠠᠮ ᠤᠨ | ᠬᠤᠷᠢᠶ᠎ᠠ ᠶᠢᠨ ᠱᠦᠵᠢ ᠯᠢᠦ ᡁᠢ ᠴᠢᠶᠠᠩ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠰᠢ ᠶᠢᠨ ᠫᠢᠩ | ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 | ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 5 ᠳ᠋ᠤᠭᠠᠷ ᠰᠠᠷ᠎ᠠ ᠶᠢᠨ | 13 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠬᠤᠷᠠᠯ ᠤᠨ ᠵᠣᠷᠢᠭ ᠰᠠᠨᠠᠭ᠎ᠠ ᠶᠢ ᠬᠠᠮᠲᠤᠪᠠᠷ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠣᠸ ᠴᠧᠩ ᠤᠨ ᠠᠯᠠᠱᠠ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠰᠢᠭᠤᠨ ᠤ ᠲᠤᠤᠱᠯᠠᠭᠤᠯᠤᠨ | ᠨᠠᠶᠢᠳᠠᠪᠤᠷᠢᠵᠢᠭᠤᠯᠬᠤ ᠰᠠᠨᠠᠯ ᠢ ᠰᠤᠳᠤᠯᠵᠤ᠂ ᠬᠢᠵᠢᠭ ᠤᠨ ᠬᠠᠯᠳᠠᠪᠤᠷᠢ ᠶᠢ ᠰᠡᠷᠭᠡᠶᠢᠯᠡᠨ ᠬᠢᠵᠠᠭᠠᠷᠯᠠᠬᠤ᠂ ᠠᠵᠤ | ᠠᠬᠤᠢ ᠶᠢᠨ ᠬᠥᠭᠵᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠠᠵᠢᠯ ᠢ ᠪᠠᠶᠢᠷᠢᠯᠠᠭᠤᠯᠪᠠ᠃ | | | | | ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ | ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠪᠣᠯᠣᠨ ᠤᠯᠤᠰ ᠤᠨ ᠦᠢᠯᠡᠰ ᠤᠨ ᠵᠠᠯᠭᠠᠮᠵᠢᠯᠠᠭᠴᠢ ᠲᠠᠢ | ᠪᠠᠶᠢᠬᠤ ᠶᠢ ᠰᠠᠶᠢᠲᠤᠷ ᠠᠳᠬᠤᠬᠤ ᠦᠨᠳᠦᠰᠦᠨ ᠶᠡᠭᠡ ᠪᠣᠳᠣᠯᠭ᠎ᠠ ᠠᠴᠠ ᠡᠭᠦᠰᠴᠦ᠂ ᠵᠠᠯᠠᠭᠤᠴᠤᠳ ᠤᠨ ᠠᠵᠢᠯ ᠢ | ᠦᠨᠳᠦᠰᠦᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠵᠢᠯ ᠪᠣᠯᠭᠠᠨ ᠨᠠᠷᠢᠨ ᠪᠣᠳᠠᠲᠠᠢ ᠬᠢᠵᠦ᠂ ᠡᠪ | ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ | ᠰᠠᠶᠢᠵᠢᠷᠠᠭᠤᠯᠵᠤ᠂ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠶᠢ ᠳᠠᠶᠢᠴᠢᠯᠠᠬᠤ᠂ ᠠᠵᠢᠯ ᠤᠨ | ᠲᠣᠭᠲᠠᠴᠠ ᠶᠢ ᠤᠯᠠᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ | ᠦᠢᠯᠡᠰ ᠤᠨ ᠬᠥᠭᠵᠢᠯᠲᠡ ᠶᠢᠨ ᠳᠤᠮᠳᠠᠬᠢ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ | ᠵᠠᠯᠠᠭᠤ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠡᠯ᠎ᠡ | ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠵᠠᠯᠠᠭᠤᠴᠤᠳ ᠢ ᠬᠥᠮᠥᠵᠢᠭᠦᠯᠦᠨ | ᠬᠥᠲᠥᠯᠥᠨ ᠵᠢᠯᠤᠭᠤᠳᠴᠤ ᠪᠠᠶᠢᠭᠠᠳ ᠠᠯᠠᠱᠠ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ | ᠣᠷᠤᠯᠴᠠᠬᠤ ᠳᠤᠮᠳᠠ ᠡᠷᠳᠡᠮ ᠴᠢᠳᠠᠪᠤᠷᠢ ᠪᠠᠨ ᠪᠠᠳᠠᠷᠠᠭᠤᠯᠵᠤ᠂ ᠠᠪᠢᠶᠠᠰ ᠴᠢᠳᠠᠪᠤᠷᠢ ᠪᠠᠨ ᠡᠷᠭᠦᠵᠦ᠂ ᠭᠠᠪᠢᠶ᠎ᠠ | ᠵᠢᠳᠬᠦᠯ ᠭᠠᠷᠭᠠᠨ᠎ᠠ᠃ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠴᠠᠭ ᠦᠶ᠎ᠡ ᠶᠢᠨ ᠭᠤᠣᠯ ᠰᠡᠳᠦᠪ ᠢ | ᠣᠨᠣᠪᠴᠢᠲᠠᠢ ᠡᠵᠡᠮᠳᠡᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠢᠮᠠᠭᠲᠠ | ᠥᠷᠭᠡᠨ ᠤᠯᠠᠨ ᠵᠠᠯᠠᠭᠤᠴᠤᠳ ᠤᠨ ᠳᠤᠮᠳᠠ ᠦᠨᠳᠦᠰᠦᠯᠡᠵᠦ᠂ ᠵᠠᠯᠠᠭᠤᠴᠤᠳ ᠤᠨ ᠭᠤᠣᠯ ᠴᠣᠭᠴᠠ ᠶᠢᠨ ᠪᠠᠶᠢᠷᠢ | ᠰᠠᠭᠤᠷᠢ ᠶᠢ ᠬᠦᠨᠳᠦᠳᠬᠡᠵᠦ᠂ ᠵᠠᠯᠠᠭᠤᠴᠤᠳ ᠤᠨ ᠬᠡᠷᠡᠭᠴᠡᠭᠡ ᠱᠠᠭᠠᠷᠳᠠᠯᠭ᠎ᠠ ᠶᠢᠨ ᠤᠳᠤᠷᠢᠳᠤᠮᠵᠢ ᠶᠢ ᠲᠤᠪᠤᠶᠢᠯᠭᠠᠵᠦ᠂ | ᠠᠷᠭ᠎ᠠ ᠪᠦᠬᠦᠨ ᠢ ᠰᠦᠪᠡᠭᠴᠢᠯᠡᠨ ᠵᠠᠯᠠᠭᠤᠴᠤᠳ ᠲᠤ ᠪᠣᠳᠠᠲᠠᠢ ᠶᠠᠪᠤᠳᠠᠯ ᠬᠢᠵᠦ᠂ ᠬᠦᠴᠢᠷ ᠶᠠᠪᠤᠳᠠᠯ ᠢ | ᠰᠢᠢᠳᠪᠦᠷᠢᠯᠡᠵᠦ᠂ ᠥᠷᠭᠡᠨ ᠤᠯᠠᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ ᠴᠤᠭ ᠵᠣᠯᠢ ᠪᠠᠳᠠᠷᠠᠩᠭᠤᠢ | ᠠᠮᠢᠵᠢᠷᠠᠯ ᠤᠨ ᠬᠦᠴᠦᠨ ᠢ ᠡᠭᠦᠷᠢᠳᠡ ᠪᠠᠲᠤᠯᠠᠵᠤ᠂ ᠵᠠᠯᠠᠭᠤ ᠨᠠᠰᠤᠨ ᠤ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ | ᠨᠡᠩ ᠰᠢᠯᠢᠳᠡᠭ ᠵᠠᠯᠠᠭᠤ ᠨᠠᠰᠤᠨ ᠤ ᠠᠮᠵᠢᠯᠲᠠ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠲᠤᠬᠤ ᠭᠡᠵᠡᠢ᠃ | | | ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠦᠨ ᠱᠣᠸ ᠴᠧᠩ | ᠱᠦᠵᠢ ᠶᠢᠨ ᠠᠯᠠᠱᠠ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ | ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠡᠯ᠎ᠡ | ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠰᠢᠨ᠎ᠡ ᠡᠨᠧᠷᠭᠢ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠠᠪᠠᠭᠤᠯᠢᠭ ᠦᠢᠯᠡᠳᠪᠦᠷᠢᠯᠡᠯ ᠤᠨ ᠴᠢᠳᠠᠪᠤᠷᠢ ᠶᠢ | ᠲᠦᠷᠭᠡᠨ ᠪᠦᠷᠢᠯᠳᠦᠭᠦᠯᠵᠦ᠂ ᠮᠠᠨ ᠤ ᠬᠤᠰᠢᠭᠤᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠪᠣᠭᠤᠮᠲᠠ ᠪᠠᠷ ᠥᠩᠭᠡᠷᠡᠬᠦ ᠪᠠ ᠬᠢᠵᠢᠭ ᠤᠨ | ᠬᠠᠯᠳᠠᠪᠤᠷᠢ ᠶᠢ ᠰᠡᠷᠭᠡᠶᠢᠯᠡᠨ ᠬᠢᠵᠠᠭᠠᠷᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠥᠯᠵᠡᠢ | ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ︽ᠭᠤᠷᠪᠠᠨ | ᠰᠡᠷᠭᠡᠶᠢᠯᠡᠯᠲᠡ ᠶᠢᠨ ᠱᠤᠭᠤᠮ︾ ᠢ ᠨᠢᠭᠲᠠ ᠪᠥᠭᠡᠳ ᠪᠠᠲᠤ ᠰᠦᠯᠵᠢᠵᠦ᠂ ᠪᠢᠲᠡᠭᠦᠦ ᠬᠠᠮᠢᠶᠠᠷᠤᠯᠲᠠ ᠶᠢᠨ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠢᠵᠢᠭ ᠤᠨ ᠬᠠᠯᠳᠠᠪᠤᠷᠢ ᠶᠢ ᠰᠡᠷᠭᠡᠶᠢᠯᠡᠨ ᠬᠢᠵᠠᠭᠠᠷᠯᠠᠬᠤ | ᠬᠠᠷᠢᠴᠠᠯᠠᠰᠢᠭᠦᠢ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠪᠣᠭᠤᠮᠲᠠ ᠪᠠᠷ ᠵᠢᠯ ᠲᠤᠷᠰᠢ ᠪᠣᠭᠤᠮᠲᠠ | ᠥᠩᠭᠡᠷᠡᠬᠦ ᠶᠢ ᠡᠷᠲᠡᠬᠡᠨ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠯᠠᠱᠠ | ᠣᠷᠣᠨ ᠤ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠲᠤᠰᠬᠠᠢ ᠲᠥᠷᠥᠯ ᠢᠶᠠᠷ ᠵᠠᠰᠠᠨ ᠴᠡᠭᠴᠡᠯᠡᠬᠦ | ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠪᠦᠬᠦ ᠬᠦᠴᠦᠨ ᠢᠶᠠᠷ ᠢᠶᠠᠨ ᠢᠯᠠᠯᠲᠠ ᠣᠯᠵᠤ᠂ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠪᠣᠯᠣᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠤᠷᠳᠤ | ᠬᠤᠭᠤᠴᠠᠭ᠎ᠠ ᠪᠠᠷ ᠠᠬᠢᠭᠤᠯᠵᠤ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠢᠯᠡ ᠲᠣᠳᠣ | ᠤᠳᠤᠷᠢᠳᠤᠮᠵᠢ ᠶᠢ ᠪᠠᠲᠤ ᠪᠠᠬᠢ ᠪᠣᠶ ᠪᠣᠯᠭᠠᠵᠤ᠂ ᠰᠢᠰᠲ᠋ᠧᠮᠲᠦ ᠰᠡᠳᠬᠢᠬᠦᠢ ᠦᠵᠡᠯᠲᠡ ᠶᠢ ᠪᠠᠷᠢᠮᠲᠠᠯᠠᠨ᠂ ᠮᠠᠨ ᠤ | ᠬᠤᠰᠢᠭᠤᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ᠂ | ᠲᠤᠯᠭᠠᠷᠠᠵᠤ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠵᠠᠳᠠᠯᠤᠨ ᠭᠦᠨᠵᠡᠭᠡᠢ ᠰᠤᠳᠤᠯᠵᠤ᠂ ᠡᠯ᠎ᠡ ᠵᠦᠢᠯ ᠤᠨ ᠠᠷᠭ᠎ᠠ | ᠬᠡᠮᠵᠢᠶ᠎ᠡ ᠶᠢᠨ ᠰᠢᠰᠲ᠋ᠧᠮᠲᠦ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠢ ᠴᠢᠩᠭᠠᠳᠬᠠᠨ᠂ ᠡᠨᠧᠷᠭᠢ ᠶᠢᠨ | ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠦᠨᠡᠨᠬᠦ | ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠬᠡᠨ ᠠᠬᠢᠭᠤᠯᠵᠤ᠂ ᠬᠠᠩᠭᠠᠯᠭ᠎ᠠ ᠪᠣᠯᠣᠨ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠴᠢᠬᠤᠯᠠ | ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ | ᠣᠯᠬᠤ ᠶᠢ ᠠᠬᠢᠭᠤᠯᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠰᠠᠨᠠᠭᠠᠰᠢᠷᠠᠨ ᠵᠣᠪᠠᠨᠢᠬᠤ | ᠤᠬᠠᠮᠰᠠᠷ ᠢᠶᠠᠨ ᠴᠢᠩᠭᠠᠳᠬᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ | ᠬᠢᠵᠠᠭᠠᠷᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠥᠷᠢ ᠥᠭᠴᠡᠭᠡ ᠶᠢᠨ ᠬᠠᠳᠠᠭᠠᠯᠠᠯᠲᠠ ᠶᠢ | ᠲᠣᠬᠢᠲᠠᠢ ᠰᠢᠢᠳᠪᠦᠷᠢᠯᠡᠵᠦ᠂ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠮᠠᠨ ᠤ | ᠬᠤᠰᠢᠭᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠥᠬᠦ ᠬᠦᠴᠦᠨ ᠢᠶᠠᠷ ᠢᠶᠠᠨ | ᠪᠠᠲᠤᠯᠠᠬᠤ ᠬᠡᠷᠡᠭᠲᠡᠢ᠃ ᠰᠤᠮᠤ ᠪᠠᠯᠭᠠᠰᠤ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠪᠣᠳᠠᠲᠠᠢ ᠲᠠᠢ ᠪᠠᠨ ᠤᠶᠠᠯᠳᠤᠭᠤᠯᠤᠨ ᠺᠠᠳ᠋ᠷ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ | ᠴᠢᠩᠭ᠎ᠠ ᠬᠠᠮᠢᠶᠠᠷᠴᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠺᠠᠳ᠋ᠷᠴᠤᠳ ᠤᠨ ᠠᠵᠢᠯ ᠬᠢᠵᠦ ᠠᠳᠠᠯ | ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠠᠵᠢᠯ ᠬᠢᠵᠦ ᠠᠳᠠᠯ | ᠦᠢᠯᠡᠰ ᠴᠣᠭᠴᠠᠯᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠵᠡᠢ᠃ | | | ᠬᠤᠷᠠᠯ ᠠᠴᠠ᠂ ᠪᠦᠬᠦ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠢᠮᠠᠭᠲᠠ | ᠥᠴᠥᠬᠡᠨ ᠴᠦ ᠰᠤᠯᠠᠷᠠᠭᠤᠯᠤᠯ ᠦᠭᠡᠢ᠂ ᠬᠢᠯᠭᠠᠰᠤᠨ ᠲᠥᠷᠥᠭᠡᠨ ᠤ ᠰᠣᠨᠣᠷ ᠰᠡᠷᠡᠮᠵᠢ ᠲᠠᠢ ᠪᠠᠶᠢᠵᠤ᠂ | ᠬᠥᠩᠭᠡᠪᠴᠢᠯᠡᠬᠦ᠂ ᠥᠪᠡᠷ ᠤᠨ ᠬᠢ ᠪᠠᠨ ᠯᠡ ᠵᠥᠪ ᠭᠡᠬᠦ᠂ ᠨᠠᠵᠠᠭᠠᠢ ᠪᠠᠷ ᠰᠡᠵᠢᠭᠯᠡᠬᠦ ᠵᠡᠷᠭᠡ ᠦᠵᠡᠯ ᠰᠠᠨᠠᠭ᠎ᠠ ᠶᠢ ᠡᠷᠡᠰ | ᠲᠡᠪᠴᠢᠵᠦ᠂ ︽ᠭᠠᠳᠠᠨ᠎ᠠ ᠳᠣᠲᠤᠨ᠎ᠠ ᠶᠢᠨ ᠬᠠᠯᠳᠠᠪᠤᠷᠢ ᠶᠢ ᠵᠡᠷᠭᠡᠪᠡᠷ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ | ᠪᠠ ︽ᠬᠥᠳᠡᠯᠦᠩᠭᠦᠢ ᠪᠠᠷ ᠲᠡᠭ ᠪᠣᠯᠭᠠᠬᠤ︾ ᠶᠡᠷᠦᠩᠬᠡᠢ ᠴᠢᠭᠯᠡᠯᠲᠡ ᠶᠢ ᠥᠴᠥᠬᠡᠨ ᠴᠦ ᠭᠤᠶᠢᠪᠢᠰᠢ ᠦᠭᠡᠢ | ᠪᠠᠷᠢᠮᠲᠠᠯᠠᠵᠤ᠂ ᠬᠢᠵᠢᠭ ᠤᠨ ᠬᠠᠯᠳᠠᠪᠤᠷᠢ ᠶᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠠᠵᠢᠯ ᠢ ᠡᠴᠦᠰ ᠲᠤᠨᠢ | ᠲᠤᠯᠲᠠᠯ᠎ᠠ ᠬᠢᠴᠢᠶᠡᠨ ᠰᠠᠶᠢᠲᠤᠷ ᠠᠳᠬᠤᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠲᠦᠷᠭᠡᠳᠬᠡᠨ ᠠᠬᠢᠭᠤᠯᠵᠤ᠂ | ᠪᠣᠭᠤᠮᠲᠠ ᠶᠢᠨ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠢᠵᠢᠭ ᠢ | ᠰᠡᠷᠭᠡᠶᠢᠯᠡᠬᠦ ᠪᠠ ᠠᠮᠢᠳᠤᠷᠠᠯ ᠤᠨ ᠡᠳ᠋ ᠪᠣᠳᠠᠰ ᠤᠨ ᠨᠥᠭᠡᠴᠡᠯᠡᠯᠲᠡ ᠶᠢ ᠪᠦᠬᠦ ᠲᠠᠯ᠎ᠠ ᠪᠠᠷ ᠪᠠᠲᠤᠯᠠᠵᠤ᠂ ᠨᠢᠭᠡᠨᠲᠡ | ᠪᠠᠶᠢᠭᠤᠯᠤᠭᠰᠠᠨ ᠰᠡᠷᠭᠡᠶᠢᠯᠡᠨ ᠬᠢᠵᠠᠭᠠᠷᠯᠠᠬᠤ ᠲᠣᠣᠷ᠂ ᠰᠡᠷᠭᠡᠶᠢᠯᠡᠨ ᠬᠢᠵᠠᠭᠠᠷᠯᠠᠬᠤ ᠲᠣᠭᠲᠠᠴᠠ ᠶᠢᠨ ᠥᠨᠳᠥᠷ | ᠪᠦᠲᠦᠮᠵᠢᠲᠡᠢ ᠠᠵᠢᠯᠯᠠᠬᠤ ᠶᠢ ᠪᠠᠲᠤᠯᠠᠵᠤ᠂ ᠡᠯ᠎ᠡ ᠠᠵᠢᠯ ᠲᠦᠷᠦᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢ | ᠡᠮᠬᠢ ᠵᠢᠷᠤᠮ ᠲᠠᠢ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠢᠶᠠᠨ ᠪᠠᠲᠤᠯᠠᠵᠤ᠂ ᠬᠢᠵᠢᠭ ᠤᠨ ᠬᠠᠯᠳᠠᠪᠤᠷᠢ ᠶᠢ ᠰᠡᠷᠭᠡᠶᠢᠯᠡᠬᠦ᠂ ᠠᠵᠤ ᠠᠬᠤᠢ ᠶᠢ | ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠲᠤᠬᠠᠢ ᠨᠠᠮ ᠤᠨ ᠲᠥᠪ ᠬᠤᠷᠢᠶᠠᠨ ᠤ | ᠴᠢᠬᠤᠯᠠ ᠱᠠᠭᠠᠷᠳᠠᠯᠭ᠎ᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ | | | ᠬᠤᠷᠠᠯ ᠠᠴᠠ ᠪᠠᠰᠠ ᠪᠥᠬᠦ ᠬᠤᠰᠢᠭᠤᠨ ᠤ ᠥᠪᠡᠷᠲᠡᠭᠡᠨ ᠪᠠᠷᠢᠭᠰᠠᠨ ᠭᠡᠷ ᠪᠠᠶᠢᠰᠢᠩ ᠤᠨ ᠠᠮᠤᠷ | ᠲᠦᠪᠰᠢᠨ ᠤ ᠲᠤᠰᠬᠠᠢ ᠲᠥᠷᠥᠯ ᠢᠶᠠᠷ ᠵᠠᠰᠠᠨ ᠴᠡᠭᠴᠡᠯᠡᠬᠦ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠪᠠ᠃ | ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭᠠᠨ ᠤ | ᠬᠥᠪᠴᠢ ᠪᠠᠨ ᠴᠢᠩᠭᠠᠯᠠᠵᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠬᠠᠷᠢᠶᠠᠲᠤ ᠣᠷᠣᠨ ᠤ ᠪᠠᠨ ᠥᠪᠡᠰᠦᠪᠡᠨ | ᠭᠡᠷ ᠪᠠᠶᠢᠰᠢᠩ ᠪᠠᠷᠢᠬᠤ ᠠᠮᠤᠷ ᠲᠦᠪᠰᠢᠨ ᠤ ᠲᠤᠰᠬᠠᠢ ᠲᠥᠷᠥᠯ ᠢᠶᠠᠷ ᠵᠠᠰᠠᠨ ᠴᠡᠭᠴᠡᠯᠡᠬᠦ ᠠᠵᠢᠯ ᠢ ᠡᠷᠴᠢᠮᠲᠡᠢ | ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠬᠤ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠳᠣᠪᠤᠶᠢᠯᠭᠠᠵᠤ | ᠂ ᠬᠦᠴᠦᠨ ᠢᠶᠠᠨ ᠵᠣᠬᠢᠰᠲᠠᠢ ᠪᠠᠶᠢᠷᠢᠯᠠᠭᠤᠯᠵᠤ᠂ ᠬᠠᠷᠢᠶ᠎ᠠ ᠣᠷᠣᠨ ᠤ ᠳᠣᠲᠣᠷᠠᠬᠢ ᠬᠠᠭᠤᠴᠢᠨ ᠪᠠᠷᠢᠯᠭ᠎ᠠ᠂ | ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ ᠪᠠᠶᠢᠰᠢᠩ᠂ ᠬᠤᠲᠠ ᠶᠢᠨ ᠳᠣᠲᠣᠷᠠᠬᠢ ᠲᠣᠰᠬᠤᠨ᠂ | ᠬᠤᠲᠠ ᠬᠥᠳᠡᠭᠡ ᠶᠢᠨ ᠠᠭᠤᠯᠵᠠᠷ ᠬᠡᠰᠡᠭ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠰᠤᠷᠭᠠᠭᠤᠯᠢ ᠶᠢᠨ | ᠡᠷᠬᠢᠨ ᠲᠣᠭᠤᠷᠢᠨ ᠵᠢᠴᠢ ᠬᠥᠮᠥᠨ ᠬᠠᠷ᠎ᠠ ᠨᠢᠭᠲᠠᠷᠠᠨ ᠴᠤᠭᠯᠠᠷᠠᠭᠰᠠᠨ ᠭᠠᠵᠠᠷ ᠲᠠᠯᠠᠪᠤᠷ ᠵᠡᠷᠭᠡ ᠣᠷᠣᠨ ᠪᠦᠰᠡ ᠶᠢᠨ | ᠭᠡᠷ ᠪᠠᠶᠢᠰᠢᠩ ᠢ ᠪᠥᠬᠦ ᠲᠠᠯ᠎ᠠ ᠪᠠᠷ ᠨᠠᠷᠢᠪᠴᠢᠯᠠᠨ ᠪᠠᠶᠢᠴᠠᠭᠠᠵᠤ᠂ ᠰᠠᠭᠤᠷᠢ ᠲᠤᠭ᠎ᠠ ᠶᠢ ᠲᠦᠷᠭᠡᠨ ᠣᠶᠢᠯᠠᠭᠠᠨ᠂ ᠨᠠᠷᠢᠨ | ᠲᠠᠩᠰᠠ ᠶᠢ ᠨᠠᠷᠢᠯᠢᠭ ᠣᠨᠣᠴᠠᠲᠠᠢ ᠪᠠᠷ ᠪᠠᠶᠢᠭᠤᠯᠵᠤ᠂ ᠠᠵᠢᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠦᠨ᠂ ᠨᠠᠷᠢᠪᠴᠢᠯᠠᠨ | ᠪᠠᠶᠢᠴᠠᠭᠠᠬᠤ ᠳᠤ ᠥᠨᠴᠥᠭ ᠪᠤᠯᠤᠩ ᠦᠭᠡᠢ᠂ ᠳᠤᠲᠠᠭᠳᠠᠯ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠳᠠᠯᠳᠠ ᠬᠡᠮ ᠢ | ᠢᠯᠡᠷᠡᠭᠦᠯᠵᠦ ᠳᠡᠶᠢᠯᠬᠦ᠂ ᠰᠠᠶᠢᠲᠤᠷ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠠᠷᠢᠶ᠎ᠠ ᠭᠠᠵᠠᠷ ᠤᠨ | ᠬᠠᠷᠢᠭᠤᠴᠠᠯᠭ᠎ᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ | ᠬᠠᠮᠢᠶᠠᠷᠤᠯᠲᠠ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠡᠷᠭᠡ ᠣᠯᠠᠨ ᠲᠠᠯ᠎ᠠ ᠶᠢᠨ ᠬᠠᠷᠢᠭᠤᠴᠠᠯᠭ᠎ᠠ ᠶᠢ | ᠤᠯᠠᠮ ᠪᠣᠳᠠᠲᠠᠶᠢᠵᠢᠭᠤᠯᠵᠤ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠪᠥᠬᠦ ᠬᠡᠯᠬᠢᠶ᠎ᠡ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠡᠮᠬᠢ | ᠳᠢᠭᠯᠢᠮ ᠢ ᠦᠨᠡᠨᠬᠦ ᠵᠢᠷᠤᠮᠵᠢᠭᠤᠯᠤᠨ᠂ ᠠᠮᠤᠷ ᠲᠦᠪᠰᠢᠨ ᠤ ᠬᠡᠮ ᠡᠷᠡᠰᠳᠡᠯ ᠢ ᠡᠷᠡᠰ ᠪᠢᠲᠡᠭᠦᠮᠵᠢᠯᠡᠨ ᠬᠤᠷᠢᠭᠯᠠᠵᠤ᠂ | ᠠᠮᠤᠷ ᠲᠦᠪᠰᠢᠨ ᠤ ᠬᠡᠮ ᠡᠷᠡᠰᠳᠡᠯ ᠢ ᠡᠬᠢ ᠡᠭᠦᠰᠦᠯ ᠠᠴᠠ ᠨᠢ ᠠᠷᠢᠯᠭᠠᠬᠤ ᠬᠡᠷᠡᠭᠲᠡᠢ᠃ ᠨᠢᠭᠡ ᠠᠴᠠ ᠵᠦᠢᠴᠢᠯᠡᠵᠦ | ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠶᠢ ᠪᠤᠰᠤᠳ ᠬᠦᠷᠢᠶᠡᠨ ᠤ | ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠨᠠᠷᠢᠪᠴᠢᠯᠠᠨ ᠪᠠᠶᠢᠴᠠᠭᠠᠬᠤ ᠲᠠᠢ ᠤᠶᠠᠯᠳᠤᠭᠤᠯᠵᠤ᠂ | ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ ᠭᠡᠵᠡᠢ᠃ | | | ᠬᠤᠷᠠᠯ ᠠᠴᠠ ᠪᠠᠰᠠ ᠤᠳᠤᠷᠢᠳᠬᠤ ᠺᠠᠳ᠋ᠷ ᠤᠨ ᠰᠣᠷᠪᠤᠯᠵᠢᠯᠠᠭ᠎ᠠ ᠶᠢ ᠭᠥᠯᠢᠶᠡᠨ ᠠᠪᠬᠤ ᠳᠣᠷᠣᠭᠰᠢ ᠪᠠᠭᠤᠵᠤ | ᠰᠤᠷᠪᠤᠯᠵᠢᠯᠠᠬᠤ᠂ ᠬᠡᠷᠡᠭ ᠢ ᠳᠠᠭᠠᠭᠠᠴᠢᠯᠠᠬᠤ ᠪᠠ ᠤᠯᠠᠨ ᠲᠦᠮᠡᠨ ᠤ ᠢᠷᠡᠭᠦᠯᠦᠭᠰᠡᠨ ᠵᠠᠬᠢᠳᠠᠯ ᠢ ᠦᠵᠡᠨ | ᠴᠣᠬᠤᠯᠠᠪᠤᠷᠢᠯᠠᠬᠤ ᠠᠵᠢᠯ ᠵᠢᠴᠢ ᠲᠣᠭᠤᠷᠢᠨ ᠪᠠᠶᠢᠴᠠᠭᠠᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ | ᠪᠤᠰᠤᠳ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | |