| | | | | | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠦᠬᠦ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠸᠢᠷᠦ᠋ᠰ ᠢ ᠰᠡᠷᠭᠡᠶᠢᠯᠡᠨ | ᠬᠢᠵᠠᠭᠠᠷᠯᠠᠬᠤ ᠠᠵᠢᠯ ᠤᠨ ᠵᠢᠯᠤᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠬᠢᠵᠠᠭᠠᠷᠯᠠᠬᠤ ᠳᠤᠭᠤᠶᠢᠯᠠᠩ ᠤᠨ | 2022 ᠣᠨ ᠤ ᠪᠦᠬᠦ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠢ | ᠰᠡᠷᠭᠡᠶᠢᠯᠡᠨ ᠬᠢᠵᠠᠭᠠᠷᠯᠠᠬᠤ ᠶᠡᠭᠡ ᠪᠠᠶᠢᠴᠠᠭᠠᠯᠲᠠ ᠶᠡᠭᠡ ᠪᠣᠯᠪᠠᠰᠤᠷᠠᠯ ᠤᠨ ᠶᠡᠭᠡ ᠰᠣᠷᠢᠯᠲᠠ ᠶᠢᠨ ᠠᠵᠢᠯ ᠤᠨ | ᠱᠠᠭᠠᠷᠳᠠᠯᠭ᠎ᠠ ᠶᠣᠰᠣᠭᠠᠷ᠂ 5 ᠰᠠᠷ᠎ᠠ ᠶᠢᠨ 31 ᠤ ᠡᠳᠦᠷ᠂ ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠤᠭᠤᠳᠬᠤ ᠭᠠᠵᠠᠷ ᠠᠴᠠ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠤᠰᠬᠠᠢ ᠰᠡᠳᠦᠪᠲᠦ ᠰᠤᠷᠭᠠᠯᠲᠠ ᠶᠢ ᠵᠣᠬᠢᠶᠠᠨ | ᠪᠠᠶᠢᠭᠤᠯᠤᠨ ᠡᠷᠭᠢᠯᠡᠵᠦ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠬᠤᠰᠢᠭᠤᠨ ᠤ | ᠰᠢᠭᠤᠳ ᠬᠠᠷᠢᠶ᠎ᠠ ᠡᠯ᠎ᠡ ᠶᠠᠮᠤᠨ᠂ ᠵᠥᠪᠯᠡᠯ᠂ ᠠᠯᠪᠠᠨ ᠭᠡᠷ᠂ ᠲᠣᠪᠴᠢᠶ᠎ᠠ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠬᠢᠵᠢᠭ ᠤᠨ ᠬᠠᠯᠳᠠᠪᠤᠷᠢ ᠶᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠠᠮᠢᠶ᠎ᠠ ᠪᠦᠬᠦᠢ ᠤᠳᠤᠷᠢᠳᠤᠯᠭ᠎ᠠ | ᠂ ᠬᠢᠵᠢᠭ ᠤᠨ ᠬᠠᠯᠳᠠᠪᠤᠷᠢ ᠶᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠤᠰᠬᠠᠢ ᠺᠠᠳ᠋ᠷ ᠰᠤᠷᠭᠠᠯᠲᠠ ᠳᠤ ᠣᠷᠣᠯᠴᠠᠵᠠᠢ | ᠃ | | | ᠰᠤᠷᠭᠠᠯᠲᠠ ᠳᠤ᠂ ᠠᠯᠠᠱᠠ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠰᠠᠯᠠᠭᠠᠨ ᠤ ᠳᠠᠷᠤᠭ᠎ᠠ ᠫᠠᠨ ᠸᠧᠢ ︽ᠶᠡᠭᠡ ᠬᠡᠪᠴᠢᠶᠡᠨ ᠤ | ᠣᠮᠢᠺᠷᠣᠨ ᠬᠢᠵᠢᠭ ᠤᠨ ᠬᠠᠯᠳᠠᠪᠤᠷᠢ ᠶᠢ ᠠᠷᠭᠠᠴᠠᠨ ᠰᠢᠢᠳᠪᠦᠷᠢᠯᠡᠬᠦ ᠲᠥᠰᠥᠯ ᠵᠢᠴᠢ ᠮᠠᠨᠵᠤᠤᠷ᠂ ᠡᠵᠡᠨ᠎ᠡ | ᠬᠤᠰᠢᠭᠤᠨ ᠤ ᠨᠡᠶᠢᠲᠡᠯᠢᠭ ᠬᠡᠷᠡᠭ ᠤᠨ ᠵᠢᠱᠢᠶ᠎ᠡ︾ ᠶᠢᠨ ᠲᠣᠭᠤᠷᠢᠨ ᠳᠤ ᠭᠦᠨᠵᠡᠭᠡᠢ ᠲᠠᠶᠢᠯᠤᠮᠵᠢ ᠬᠢᠵᠡᠢ᠃ | ᠳᠡᠷᠭᠡᠳᠡᠬᠢ ᠬᠡᠷᠡᠭ ᠤᠨ ᠵᠢᠱᠢᠶ᠎ᠡ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠯᠳᠠᠪᠤᠷᠢ ᠶᠢ | ᠰᠡᠷᠭᠡᠶᠢᠯᠡᠨ ᠬᠢᠵᠠᠭᠠᠷᠯᠠᠬᠤ ᠠᠵᠢᠯ ᠤᠨ ᠲᠣᠭᠲᠠᠴᠠ ᠶᠢ ᠨᠠᠷᠢᠨ ᠲᠠᠶᠢᠯᠪᠤᠷᠢᠯᠠᠵᠤ᠂ ᠨᠠᠷᠢᠪᠴᠢᠯᠠᠨ ᠪᠠᠶᠢᠴᠠᠭᠠᠵᠤ | ᠬᠠᠮᠢᠶᠠᠷᠤᠨ ᠬᠢᠵᠠᠭᠠᠷᠯᠠᠬᠤ᠂ ᠮᠡᠳᠡᠭᠡ ᠵᠠᠩᠭᠢ ᠴᠤᠭᠯᠠᠭᠤᠯᠬᠤ᠂ ᠪᠥᠭᠡᠮ ᠬᠦᠴᠢᠯ ᠤᠨ ᠰᠢᠨᠵᠢᠯᠡᠭᠡ᠂ ᠶᠠᠷᠢᠶ᠎ᠠ | ᠬᠡᠯᠡᠯᠴᠡᠭᠡᠨ ᠤ ᠪᠠᠶᠢᠳᠠᠯ ᠢ ᠨᠡᠶᠢᠲᠡᠯᠡᠬᠦ ᠵᠡᠷᠭᠡ ᠲᠤᠷᠰᠢᠯᠭ᠎ᠠ ᠠᠷᠭ᠎ᠠ ᠶᠢ ᠨᠠᠷᠢᠨ ᠲᠠᠶᠢᠯᠪᠤᠷᠢᠯᠠᠨ᠎ᠠ᠃ ᠬᠤᠰᠢᠭᠤᠨ ᠤ | ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭᠠᠨ ᠤ | ᠳᠠᠷᠤᠭ᠎ᠠ ᠸᠠᠩ ᠰᠢᠨ ᠷᠦᠩ ᠬᠢᠴᠢᠶᠡᠯ ᠤᠨ ᠬᠡᠷᠡᠭᠰᠡᠯ ᠢᠶᠠᠷ ᠳᠠᠮᠵᠢᠭᠤᠯᠤᠨ ᠡᠯ᠎ᠡ ᠲᠥᠷᠥᠯ ᠤᠨ ᠭᠤᠣᠯᠳᠠᠯᠭ᠎ᠠ ᠲᠠᠢ | ᠲᠠᠯᠠᠪᠤᠷ ᠭᠠᠵᠠᠷ ᠤᠨ ᠠᠷᠢᠭᠤᠳᠬᠠᠬᠤ ᠠᠷᠭ᠎ᠠ᠂ ᠠᠷᠢᠭᠤᠳᠬᠠᠬᠤ ᠰᠢᠩᠭᠡᠨ ᠤ ᠬᠠᠷᠢᠴᠠᠯ ᠤᠨ ᠥᠳᠬᠡᠴᠡ᠂ | ᠠᠷᠢᠭᠤᠳᠬᠠᠬᠤ ᠪᠠᠭᠠᠵᠢ ᠬᠡᠷᠡᠭᠰᠡᠯ ᠤᠨ ᠬᠡᠷᠡᠭᠯᠡᠯᠲᠡ᠂ ᠪᠣᠳᠠᠲᠠᠢ ᠠᠵᠢᠯᠯᠠᠭ᠎ᠠ᠂ ᠠᠷᠢᠭᠤᠳᠬᠠᠬᠤ ᠮᠡᠷᠭᠡᠵᠢᠯ ᠤᠨ | ᠭᠤᠣᠯᠳᠠᠯᠭ᠎ᠠ ᠵᠢᠴᠢ ᠠᠷᠢᠭᠤᠳᠬᠠᠬᠤ ᠰᠡᠷᠭᠡᠶᠢᠯᠡᠯᠲᠡ ᠶᠢᠨ ᠭᠤᠣᠯᠳᠠᠯᠭ᠎ᠠ ᠵᠡᠷᠭᠡ ᠭᠤᠭᠴᠤᠭ᠎ᠠ ᠳᠤ ᠰᠢᠰᠲ᠋ᠧᠮ ᠲᠠᠢ | ᠲᠠᠶᠢᠯᠤᠮᠵᠢ ᠬᠢᠵᠡᠢ᠃ | | | ᠲᠣᠰ ᠤᠳᠠᠭᠠᠨ ᠤ ᠰᠤᠷᠭᠠᠯᠲᠠ ᠤᠨ ᠠᠭᠤᠯᠭ᠎ᠠ ᠶᠢᠨ ᠭᠤᠣᠯᠳᠠᠯᠭ᠎ᠠ ᠨᠢ ᠲᠣᠪᠣᠶᠢᠮ᠎ᠠ᠂ ᠬᠠᠨᠳᠤᠯᠭᠠᠲᠤ ᠴᠢᠨᠠᠷ | ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠠᠶᠢᠵᠤ᠂ ᠮᠠᠨ ᠤ ᠬᠤᠰᠢᠭᠤᠨ ᠤ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ | ᠰᠠᠯᠠᠭ᠎ᠠ ᠮᠥᠴᠢᠷ᠂ ᠨᠢᠭᠡᠴᠡ ᠶᠢᠨ ᠪᠠᠶᠢᠩᠭᠤ ᠶᠢᠨ ᠴᠢᠨᠠᠷᠲᠠᠢ ᠬᠢᠵᠢᠭ ᠤᠨ ᠬᠠᠯᠳᠠᠪᠤᠷᠢ ᠶᠢ ᠰᠡᠷᠭᠡᠶᠢᠯᠡᠨ ᠬᠢᠵᠠᠭᠠᠷᠯᠠᠬᠤ | ᠠᠵᠢᠯ ᠤᠨ ᠬᠢᠷᠢ ᠲᠦᠪᠰᠢᠨ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ | ᠳᠡᠭᠡᠭᠰᠢᠯᠡᠭᠦᠯᠵᠦ᠂ ᠬᠢᠵᠢᠭ ᠤᠨ ᠬᠠᠯᠳᠠᠪᠤᠷᠢ ᠶᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠴᠢᠩᠭᠠᠳᠬᠠᠬᠤ ᠳᠤ | ᠢᠳᠡᠪᠬᠢᠲᠡᠢ ᠦᠢᠯᠡᠳᠦᠯ ᠦᠵᠡᠭᠦᠯᠦᠭᠰᠡᠨ ᠪᠠᠶᠢᠨ᠎ᠠ᠃ | | | | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | |