︽ᠴᠠᠬᠢᠮ ᠬᠠᠯᠠᠮᠵᠢ ᠶᠢ ᠡᠷᠬᠢᠮᠯᠡᠵᠦ · ᠬᠦᠰᠡᠯ ᠵᠡᠭᠦᠳᠦ ᠪᠠᠨ ᠲᠡᠷᠭᠡᠯᠰᠢᠭᠦᠯᠬᠦ︾᠎ ᠨᠢ ᠬᠡᠦᠬᠡᠳ ᠢ ᠬᠠᠶᠢᠷ᠎ᠠ ᠪᠠ ᠨᠡᠷᠡᠨ ᠤ ᠭᠡᠷᠡᠯ ᠳᠣᠣᠷ᠎ᠠ ᠡᠷᠡᠭᠦᠯ ᠢᠶᠠᠷ ᠥᠰᠬᠡᠨ ᠪᠣᠶᠢᠵᠢᠭᠤᠯᠵᠠᠢ
ᠨᠡᠶᠢᠲᠡᠯᠡᠭᠰᠡᠨ ᠴᠠᠭ᠄
2022/6/2
                                                        ᠰᠦᠯᠵᠢᠶᠡᠨ ᠤ ᠢᠳᠡᠪᠬᠢ ᠬᠦᠴᠦᠨ ᠢ ᠪᠦᠲᠦᠮᠵᠢᠲᠡᠶ ᠨᠢᠭᠲᠠᠷᠠᠭᠤᠯᠬᠤ ᠶᠢᠨ ᠲᠥᠯᠥᠭᠡ᠂ ᠬᠡᠦᠬᠡᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠯᠠᠮᠵᠢᠯᠠᠨ ᠬᠠᠶᠢᠷᠠᠯᠠᠬᠤ ᠠᠭᠤᠷ ᠠᠮᠢᠰᠬᠤᠯ ᠢ ᠢᠳᠡᠪᠬᠢᠲᠡᠢ ᠪᠠᠷ ᠪᠣᠶ ᠪᠣᠯᠭᠠᠨ᠎ᠠ᠃ 2022 ᠣᠨ ᠤ ︽6 · 1︾᠎ ᠤ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠠᠯᠠᠱᠠ ᠵᠡᠭᠦᠨ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ ᠤᠨ ᠬᠢᠨ ᠨᠡᠶᠢᠭᠡᠮ ᠤᠨ ᠡᠬᠢ ᠪᠠᠶᠠᠯᠢᠭ ᠢ ᠴᠢᠨᠠᠭᠰᠢᠳᠠ ᠨᠡᠶᠢᠳᠬᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠲᠠᠢ ᠬᠠᠮᠲᠤᠷᠠᠨ ︽ᠴᠠᠬᠢᠮ ᠬᠠᠯᠠᠮᠵᠢ · ᠬᠦᠰᠡᠯ ᠵᠡᠭᠦᠳᠦ ᠪᠠᠨ ᠲᠡᠷᠭᠡᠯᠰᠢᠭᠦᠯᠬᠦ︾ ᠰᠦᠯᠵᠢᠶᠡᠨ ᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 3 ᠰᠤᠷᠭᠠᠭᠤᠯᠢ ᠶᠢᠨ 103 ᠬᠡᠦᠬᠡᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠡᠢ᠃                        
                        ᠲᠤᠰ ᠠᠵᠢᠯᠯᠠᠭ᠎ᠠ ᠨᠢ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠵᠤ ᠪᠠᠶᠢᠭᠠᠳ ᠬᠦᠰᠡᠯ ᠵᠡᠭᠦᠳᠦ ᠪᠠᠨ ᠲᠡᠷᠭᠡᠯᠰᠢᠭᠦᠯᠬᠦ ᠡᠲᠡᠭᠡᠳ ᠢ ᠰᠢᠯᠢᠨ ᠰᠣᠩᠭᠤᠬᠤ ᠪᠠᠷ ᠳᠡᠮᠵᠢᠨ᠂ ᠰᠦᠯᠵᠢᠶᠡᠨ ᠤ ᠰᠠᠨᠠᠭᠠᠴᠢᠯᠠᠭ᠎ᠠ ᠳᠤ ᠬᠦᠷᠴᠦ ᠬᠦᠰᠡᠯ ᠢ ᠨᠢ ᠲᠠᠨᠢᠵᠤ ᠠᠪᠤᠭᠠᠳ᠂ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠶᠢᠨ ᠵᠣᠬᠢᠶᠠᠨ ᠪᠠᠶᠢᠭᠤᠯᠤᠯᠲᠠ ᠪᠣᠯᠣᠨ ᠬᠥᠮᠥᠰ ᠤᠨ ᠡᠷᠴᠢᠮᠲᠡᠢ ᠳᠡᠮᠵᠢᠯᠭᠡ ᠶᠢ ᠣᠯᠣᠭᠰᠠᠨ ᠪᠠᠶᠢᠨ᠎ᠠ᠃ ᠬᠡᠦᠬᠡᠳ ᠤᠳ ᠥᠪᠡᠷ ᠤᠨ ᠬᠠᠶᠢᠷ᠎ᠠ ᠶᠢᠨ ᠪᠡᠯᠡᠭ ᠢᠶᠠᠨ ᠲᠤᠰᠬᠤ ᠳᠤ᠂ ᠬᠥᠭᠡᠷᠦᠬᠦᠨ ᠴᠢᠷᠠᠢ ᠳᠤᠨᠢ ᠵᠣᠯ ᠵᠢᠷᠭᠠᠯᠲᠤ ᠢᠨᠢᠶᠡᠳᠦ ᠪᠢᠯᠬᠠᠵᠤ᠂ ᠨᠡᠩ ᠢᠯᠡᠭᠦᠦ ᠴᠢᠷᠮᠠᠶᠢᠨ ᠰᠤᠷᠤᠯᠴᠠᠵᠤ᠂ ᠤᠯᠤᠰ ᠣᠷᠣᠨ ᠪᠠ ᠨᠡᠶᠢᠭᠡᠮ ᠤᠨ ᠬᠠᠶᠢᠷ᠎ᠠ ᠶᠢ ᠰᠤᠷᠤᠯᠴᠠᠯᠭ᠎ᠠ ᠶᠢᠨ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠵᠤ᠂ ᠢᠳᠡᠪᠬᠢᠲᠡᠢ ᠪᠠᠶᠠᠰᠤᠩᠭᠤᠢ ᠣᠪᠣᠷ ᠢᠶᠠᠷ ᠠᠮᠢᠳᠤᠷᠠᠯ ᠳᠤ ᠬᠠᠨᠳᠤᠵᠤ᠂ ᠬᠦᠴᠢᠷ ᠪᠡᠷᠬᠡᠰᠢᠶᠡᠯ ᠳᠤ ᠲᠤᠯᠭᠠᠷᠠᠨ᠂ ᠮᠡᠳᠡᠯᠭᠡ ᠪᠠᠷ ᠬᠥᠮᠥᠨ ᠤ ᠠᠮᠢᠳᠤᠷᠠᠯ ᠢ ᠪᠦᠲᠦᠭᠡᠵᠦ᠂ ᠦᠢᠯᠡ ᠠᠵᠢᠯᠯᠠᠭ᠎ᠠ ᠪᠠᠷ ᠢᠶᠠᠨ ᠨᠡᠶᠢᠭᠡᠮ ᠳᠤ ᠠᠴᠢ ᠬᠠᠷᠢᠭᠤᠯᠤᠨ᠎ᠠ ᠭᠡᠵᠦ ᠢᠯᠡᠳᠬᠡᠵᠡᠭᠡᠪᠡ                     2019 ᠣᠨ ᠠᠴᠠ ᠨᠠᠰᠢ᠂ 4 ᠵᠢᠯ ᠦᠷᠭᠦᠯᠵᠢᠯᠡᠨ ᠥᠷᠨᠢᠭᠦᠯᠵᠦ᠂ ᠨᠡᠶᠢᠲᠡ 500 ᠭᠠᠷᠤᠢ ᠬᠡᠦᠬᠡᠳ ᠲᠤ ᠵᠢᠷᠭᠤᠭᠠᠨ ᠰᠠᠷ᠎ᠠ ᠶᠢᠨ ᠨᠢᠭᠡᠨ ᠤ ᠬᠦᠰᠡᠯ ᠵᠡᠭᠦᠳᠦ ᠶᠢ ᠲᠡᠷᠭᠡᠯᠰᠢᠭᠦᠯᠵᠦ᠂ ᠨᠢᠭᠡᠨᠲᠡ ᠪᠥᠬᠦ ᠬᠤᠰᠢᠭᠤᠨ ᠤ ᠨᠡᠯᠢᠶᠡᠳ ᠨᠥᠯᠥᠭᠡᠯᠡᠬᠦ ᠬᠦᠴᠦᠨ ᠲᠠᠢ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠨᠠᠷᠠᠲᠤ ᠲᠡᠮᠳᠡᠭ ᠪᠣᠯᠵᠤ ᠬᠥᠭᠵᠢᠭᠰᠡᠨ ᠪᠠᠶᠢᠨ᠎ᠠ᠃ ᠪᠥᠬᠦ ᠬᠤᠰᠢᠭᠤᠨ ᠤ ᠡᠯ᠎ᠡ ᠨᠠᠮ ᠵᠠᠰᠠᠭ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠬᠥᠮᠥᠰ ᠠᠵᠢᠯᠯᠠᠭ᠎ᠠ ᠳᠤ ᠣᠷᠤᠯᠴᠠᠬᠤ ᠴᠢᠬᠤᠯᠠ ᠬᠦᠴᠦᠨ ᠪᠣᠯᠵᠤ᠂ ᠴᠢᠨᠠᠭᠰᠢᠯᠠᠪᠠᠯ ᠣᠨᠴᠠ ᠵᠠᠷᠢᠮ ᠨᠠᠮ ᠤᠨ ᠵᠣᠬᠢᠶᠠᠨ ᠪᠠᠶᠢᠭᠤᠯᠤᠯᠲᠠ ᠥᠴᠥᠬᠡᠨ ᠬᠦᠰᠡᠯ ᠢᠶᠠᠨ ᠲᠠᠨᠢᠵᠤ ᠠᠪᠬᠤ ᠶᠢ ᠨᠢᠭᠡ ᠤᠳᠠᠭᠠᠨ ᠤ ᠨᠠᠮ ᠤᠨ ᠡᠳᠦᠷ ᠤᠨ ᠠᠵᠢᠯᠯᠠᠭ᠎ᠠ ᠪᠣᠯᠭᠠᠨ ᠥᠷᠨᠢᠭᠦᠯᠵᠦ᠂ ᠡᠭᠦᠨ ᠢᠶᠠᠷ ᠢᠶᠠᠨ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭᠠᠨ ᠤ ᠬᠥᠮᠦᠵᠢᠯ ᠢ ᠴᠢᠩᠭᠠᠳᠬᠠᠵᠤ ᠪᠠᠶᠢᠨ᠎ᠠ᠃ ᠪᠡᠯᠡᠳᠬᠡᠭᠰᠡᠨ ᠨᠢ᠄ ᠡᠷᠳᠡᠨᠢᠬᠦᠦ ᠨᠠᠶᠢᠷᠠᠭᠤᠯᠤᠭᠰᠠᠨ ᠨᠢ᠄ ᠨᠠᠮᠤᠷ ᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号