ᠠᠯᠠᠱᠠ ᠵᠡᠭᠦᠨ ᠬᠤᠰᠢᠭᠤᠨ ᠤ ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠰᠠᠶᠢᠨ ᠳᠤᠷᠠᠴᠤᠳ ᠤᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/24
            ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠽᠢ ᠶᠤᠸᠠᠨ ᠬᠤᠸᠠ ᠲᠢᠩ ᠨᠡᠶᠢᠭᠡᠮ ᠲᠣᠭᠤᠷᠢᠭ ᠬᠢᠭᠡᠳ ᠡᠶ᠎ᠡ ᠵᠣᠬᠢᠴᠠᠯᠳᠤ ᠨᠡᠶᠢᠭᠡᠮ ᠲᠣᠭᠤᠷᠢᠭ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠠᠵᠢᠯᠯᠠᠬᠤ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ︽ᠠᠵᠢᠯ ᠳᠤ ᠪᠠᠶᠢᠭ᠎ᠠ ᠨᠠᠮ ᠤᠨ ᠭᠡᠰᠢᠭᠦᠳ ᠪᠦᠭᠦᠳᠡᠭᠡᠷ ᠠᠵᠢᠯᠯᠠᠵᠤ ᠪᠥᠬᠦ ᠤᠯᠤᠰ ᠤᠨ ᠪᠣᠯᠪᠠᠰᠤᠨ ᠬᠤᠲᠠ ᠶᠢ ᠪᠣᠢ ᠪᠣᠯᠭᠠᠬᠤ ᠳᠤ ᠬᠦᠴᠦᠨ ᠨᠡᠮᠡᠷᠢᠯᠡᠬᠦ︾ ᠰᠠᠶᠢᠨ ᠳᠤᠷᠠᠴᠤᠳ ᠤᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
                              ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠬᠦᠴᠢᠷ ᠠᠴᠠ ᠠᠶᠤᠬᠤ ᠦᠭᠡᠢ᠂ ᠪᠤᠵᠠᠷ ᠪᠤᠷᠲᠠᠭ ᠠᠴᠠ ᠠᠶᠤᠬᠤ ᠦᠭᠡᠢ᠂ ᠵᠠᠰᠠᠨ ᠴᠡᠭᠴᠡᠯᠡᠬᠦ ᠠᠵᠢᠯᠯᠠᠭ᠎ᠠ ᠡᠷᠴᠢᠮ ᠪᠠᠭᠤᠷᠠᠢ ᠪᠠᠶᠢᠭ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠᠷ ᠪᠦᠬᠦ ᠲᠠᠯ᠎ᠠ ᠪᠠᠷ ᠴᠡᠪᠡᠷᠯᠡᠵᠦ᠂ ᠬᠠᠷᠢᠯᠴᠠᠨ ᠬᠠᠮᠵᠢᠯᠴᠠᠵᠤ᠂ ᠭᠠᠷ ᠲᠠᠬᠢ ᠠᠷᠢᠭᠤᠨ ᠴᠡᠪᠡᠷ ᠤᠨ ᠪᠠᠭᠠᠵᠢ ᠬᠡᠷᠡᠭᠰᠡᠯ ᠢᠶᠠᠨ ᠠᠰᠢᠭᠯᠠᠨ ᠬᠤᠭ ᠨᠣᠪᠰᠢ ᠪᠠ ᠰᠢᠷ᠎ᠠ ᠡᠪᠡᠰᠦ ᠶᠢ ᠴᠡᠪᠡᠷᠯᠡᠨ ᠠᠷᠢᠯᠭᠠᠵᠤ᠂ ᠡᠯ᠎ᠡ ᠠᠷᠢᠭᠤᠨ ᠴᠡᠪᠡᠷ ᠤᠨ ᠦᠯᠦ ᠣᠨᠣᠭᠳᠠᠬᠤ ᠭᠠᠵᠠᠷ ᠵᠢᠴᠢ ᠴᠠᠬᠢᠯᠭᠠᠨ ᠤᠲᠠᠰᠤᠨ ᠤ ᠪᠠᠭᠠᠨ᠎ᠠ᠂ ᠬᠤᠯᠠᠭᠠᠢ ᠶᠢ ᠰᠡᠷᠭᠡᠶᠢᠯᠡᠬᠦ ᠡᠭᠦᠳᠡ᠂ ᠲᠡᠷᠭᠡᠨ ᠬᠥᠮᠥᠷᠭᠡ ᠶᠢᠨ ᠡᠭᠦᠳᠡᠨ ᠳᠡᠭᠡᠷᠡᠬᠢ ᠦᠬᠡᠷ ᠢᠯᠢᠳᠦ ᠶᠢᠨ ᠵᠠᠷ ᠮᠡᠳᠡᠭᠡ ᠶᠢ ᠴᠡᠪᠡᠷᠯᠡᠵᠡᠢ᠃ ᠡᠭᠦᠨ ᠤ ᠬᠠᠮᠲᠤ᠂ ᠡᠷᠬᠢᠨ ᠲᠣᠭᠤᠷᠢᠨ ᠤ ᠰᠠᠭᠤᠭᠠᠯᠢ ᠠᠷᠠᠳ ᠲᠤ ᠪᠣᠯᠪᠠᠰᠤᠨ ᠠᠷᠢᠭᠤᠨ ᠴᠡᠪᠡᠷ ᠤᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠪᠣᠯᠪᠠᠰᠤᠨ ᠰᠢᠨ᠎ᠡ ᠣᠶᠢᠯᠠᠭᠠᠭᠳᠠᠬᠤᠨ ᠢ ᠪᠣᠶ ᠪᠣᠯᠭᠠᠵᠤ᠂ ᠲᠡᠳᠡᠨ ᠢ ᠢᠳᠡᠪᠬᠢᠲᠡᠢ ᠪᠠᠷ ᠤᠳᠤᠷᠢᠳᠤᠨ ᠵᠢᠯᠤᠭᠤᠳᠴᠤ ᠪᠠᠶᠢᠭᠠᠳ ᠰᠠᠶᠢᠨ ᠰᠠᠶᠢᠬᠠᠨ ᠠᠷᠢᠭᠤᠨ ᠴᠡᠪᠡᠷ ᠵᠠᠩ ᠳᠠᠳᠬᠠᠯ ᠲᠠᠢ ᠪᠣᠯᠭᠠᠬᠤ ᠬᠡᠷᠡᠭᠲᠡᠢ ᠭᠡᠯ᠎ᠡ᠃  
 
ᠢᠷᠡᠯᠲᠡ᠄ ᠠᠯᠠᠱᠠ ᠵᠡᠭᠦᠨ ᠬᠤᠰᠢᠭᠤᠨ ᠤ ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号