ᠵᠡᠭᠦᠨ ᠪᠡᠯ ᠪᠠᠯᠭᠠᠰᠤ ᠲᠡᠷᠡ ᠳᠠᠷᠤᠢ ᠳᠤᠨᠢ ᠨᠠᠮ ᠤᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠬᠤ ᠠᠷᠠᠯᠵᠢᠶᠠᠨ ᠤ ᠰᠢᠨᠵᠢ ᠲᠠᠢ ᠪᠣᠯᠭᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/6/24
            ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠵᠡᠭᠦᠨ ᠪᠡᠯ ᠪᠠᠯᠭᠠᠰᠤ ᠲᠡᠷᠡ ᠳᠠᠷᠤᠢ ᠳᠤᠨᠢ ᠨᠠᠮ ᠤᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠬᠤ ᠠᠷᠠᠯᠵᠢᠶᠠᠨ ᠤ ᠰᠢᠨᠵᠢ ᠲᠠᠢ ᠪᠣᠯᠭᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠢ ᠡᠬᠢᠯᠡᠭᠦᠯᠵᠦ᠂ ᠲᠥᠪᠯᠡᠷᠡᠭᠦᠯᠦᠨ ᠵᠠᠰᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠲᠦᠷᠭᠡᠨ ᠬᠢᠵᠦ᠂ ︽ᠪᠦᠬᠦ ᠣᠷᠣᠨ ᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠬᠤ ᠠᠷᠠᠯᠵᠢᠶᠠᠨ ᠤ ᠰᠢᠨᠵᠢ ᠲᠠᠢ ᠪᠣᠯᠭᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠲᠤᠬᠠᠢ ᠬᠡᠷᠡᠭᠵᠢᠭᠦᠯᠬᠦ ᠲᠥᠰᠥᠯ︾᠎ ᠢ ᠰᠤᠷᠤᠯᠴᠠᠨ ᠤᠯᠠᠮᠵᠢᠯᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠬᠤ ᠠᠷᠠᠯᠵᠢᠶᠠᠨ ᠤ ᠰᠢᠨᠵᠢ ᠲᠠᠢ ᠪᠣᠯᠭᠠᠬᠤ ᠠᠰᠠᠭᠤᠳᠠᠯ ᠤᠨ ᠨᠠᠷᠢᠨ ᠲᠠᠯ᠎ᠠ ᠪᠠᠷ ᠵᠠᠷᠯᠠᠨ ᠮᠡᠳᠡᠭᠳᠡᠪᠡ᠃
      ᠵᠡᠭᠦᠨ ᠪᠡᠯ ᠪᠠᠯᠭᠠᠰᠤᠨ ᠤ ᠡᠯ᠎ᠡ ᠨᠠᠮ ᠤᠨ ᠡᠭᠦᠷ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠬᠤ ᠠᠷᠠᠯᠵᠢᠶᠠᠨ ᠤ ᠰᠢᠨᠵᠢ ᠲᠠᠢ ᠪᠣᠯᠭᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠲᠤᠰᠬᠠᠢ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢ ᠵᠠᠯᠭᠠᠪᠡᠷ ᠬᠤᠷᠠᠯᠳᠤᠭᠤᠯᠪᠠ       ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠵᠢᠭᠠᠨ ᠲᠣᠭᠲᠠᠭᠠᠭᠰᠠᠨ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠭᠤᠯᠵᠠᠢ᠃ ᠡᠯ᠎ᠡ ᠭᠠᠴᠠᠭ᠎ᠠ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾᠎ ᠨᠢ ᠲᠣᠰ ᠲᠣᠰ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ᠂ ᠰᠤᠷᠤᠯᠴᠠᠯᠭ᠎ᠠ᠂ ᠦᠵᠡᠯ ᠰᠠᠨᠠᠭ᠎ᠠ ᠪᠠ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃                   ᠲᠣᠰ ᠤᠳᠠᠭᠠᠨ ᠤ ᠲᠤᠰᠬᠠᠢ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠬᠤ ᠪᠠᠷ ᠳᠡᠮᠵᠢᠨ᠂ ᠪᠥᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠶᠯᠡ ᠠᠵᠢᠯᠯᠠᠭᠠᠨ ᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠪᠡ᠃ ᠪᠦᠬᠦ ᠨᠠᠮ ᠤᠨ ᠭᠡᠰᠢᠭᠦᠳ ᠰᠠᠨᠠᠯ ᠨᠢᠭᠡᠲᠡᠢ ᠢᠯᠡᠷᠬᠡᠶᠢᠯᠡᠭᠰᠡᠨ ᠨᠢ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠭᠦᠰ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠪᠣᠯᠣᠨ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠲᠤᠬᠠᠢ ᠴᠢᠬᠤᠯᠠ ᠥᠭᠦᠯᠡᠯᠲᠡ ᠳᠤ ᠴᠢᠭᠯᠡᠭᠦᠯᠦᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠠᠬᠢᠭᠤᠯᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠦᠨᠡᠨᠬᠦ ᠪᠡᠶᠡᠯᠡᠭᠦᠯᠵᠦ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ︽ᠠᠷᠪᠠᠨ ᠨᠢᠭᠡᠨ ᠵᠦᠢᠯ ᠤᠨ ᠦᠵᠡᠭᠳᠡᠯ︾᠎ ᠲᠠᠢ ᠨᠠᠷᠢᠨ ᠬᠢᠨᠠᠮᠠᠭᠠᠢ ᠬᠠᠷᠢᠴᠠᠭᠤᠯᠤᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠵᠤ᠂ ᠲᠦᠷᠦᠭᠦᠯᠡᠨ ᠠᠮᠠᠯᠠᠵᠤ ᠠᠮᠠᠯᠠᠯᠲᠠ ᠪᠠᠨ ᠭᠦᠢᠴᠡᠳᠬᠡᠵᠦ᠂ ᠴᠡᠭᠴᠡᠯᠡᠨ ᠰᠠᠶᠢᠵᠢᠷᠠᠭᠤᠯᠵᠤ ᠲᠡᠰ ᠳᠡᠪᠰᠢᠭᠦᠯᠬᠦ ᠶᠢ ᠴᠢᠩᠭ᠎ᠠ ᠭᠦᠢᠴᠡᠳᠬᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠥᠷᠥᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ ᠢ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠥᠪ ᠴᠢᠩᠭ᠎ᠠ ᠪᠤᠰᠤ᠂ ᠨᠠᠷᠢᠨ ᠬᠢᠨᠠᠮᠠᠭᠠᠢ ᠪᠤᠰᠤ᠂ ᠵᠢᠷᠤᠮᠵᠢᠯ ᠦᠭᠡᠢ ᠦᠵᠡᠭᠳᠡᠯ ᠢ ᠡᠷᠡᠰ ᠬᠤᠷᠢᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾᠎ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ ᠨᠠᠮ ᠤᠨ ᠳᠤᠮᠳᠠᠳᠤ ᠤᠯᠤᠰ ᠤᠨ ᠡᠪ ᠬᠠᠮᠲᠤ ᠨᠠᠮ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠠᠯᠲᠠ ᠶᠢᠨ ᠤᠷᠢᠯᠭ᠎ᠠ ᠶᠢ ᠤᠭᠲᠤᠬᠤ ᠬᠡᠷᠡᠭᠲᠡᠢ ᠭᠡᠯ᠎ᠡ᠃
 
ᠢᠷᠡᠯᠲᠡ᠄ ᠵᠡᠭᠦᠨ ᠪᠡᠯ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号