ᠵᠡᠭᠦᠨ ᠪᠡᠯ ᠪᠠᠯᠭᠠᠰᠤ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠬᠤᠷᠢᠭᠯᠠᠬᠤ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/6/24
                    ᠨᠤᠲᠤᠭ ᠪᠡᠯᠴᠢᠭᠡᠷ ᠤᠨ ᠠᠮᠢ ᠠᠬᠤᠢ ᠶᠢᠨ ᠲᠡᠩᠴᠡᠭᠦᠷᠢ ᠶᠢ ᠰᠠᠶᠢᠵᠢᠷᠠᠭᠤᠯᠤᠨ ᠬᠠᠮᠠᠭᠠᠯᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠬᠦ ᠵᠣᠷᠢᠯᠭ᠎ᠠ ᠪᠠᠷ᠂ ︽ᠪᠡᠯᠴᠢᠭᠡᠷᠯᠡᠭᠦᠯᠬᠦ ᠶᠢ ᠬᠤᠷᠢᠭᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾᠎ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠵᠣᠷᠢᠯᠭ᠎ᠠ ᠪᠠᠷ᠂ ᠵᠡᠭᠦᠨ ᠪᠡᠯ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ 1 ᠰᠠᠷ᠎ᠠ ᠭᠠᠷᠤᠢ ᠶᠢᠨ ᠬᠤᠭᠤᠴᠠᠭ᠎ᠠ ᠲᠠᠢ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠬᠤᠷᠢᠭᠯᠠᠬᠤ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠪᠡ      
                        ᠲᠤᠰᠬᠠᠢ ᠲᠥᠷᠥᠯ ᠢᠶᠠᠷ ᠵᠠᠰᠠᠨ ᠴᠡᠭᠴᠡᠯᠡᠬᠦ ᠠᠵᠢᠯᠯᠠᠭ᠎ᠠ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠪᠡᠯᠴᠢᠭᠡᠷᠯᠡᠭᠦᠯᠬᠦ ᠶᠢ ᠬᠤᠷᠢᠭᠯᠠᠬᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠵᠥᠷᠢᠴᠡᠨ ᠬᠠᠷᠢᠶᠠᠲᠤ ᠣᠷᠣᠨ ᠤ ᠪᠠᠨ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠦᠨᠳᠦᠰᠦᠨ ᠪᠡᠯᠴᠢᠭᠡᠷ ᠲᠤ ᠲᠣᠭᠲᠠᠭᠠᠯ ᠠᠴᠠ ᠵᠥᠷᠢᠴᠡᠨ ᠮᠠᠯᠵᠢᠭᠰᠠᠨ 2 ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠠᠤᠯᠢ ᠠᠴᠠ ᠵᠥᠷᠢᠴᠡᠭᠰᠡᠨ ᠲᠤᠬᠠᠢ ᠶᠢᠨ ᠬᠥᠮᠥᠨ ᠳᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠰᠤᠷᠲᠠᠯᠴᠢᠯᠠᠭ᠎ᠠ ᠬᠥᠮᠦᠵᠢᠯ ᠬᠢᠭᠰᠡᠨ ᠪᠥᠭᠡᠳ ︽ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠤᠭᠠᠬᠤ ᠮᠡᠳᠡᠭᠳᠡᠯ ᠤᠨ ᠪᠢᠴᠢᠭ︾ ᠪᠠᠭᠤᠯᠭᠠᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠬᠠᠢ ᠶᠢᠨ ᠬᠥᠮᠥᠨ ᠤ ᠬᠤᠯᠠᠭᠠᠶᠢᠯᠠᠨ ᠮᠠᠯᠯᠠᠭᠰᠠᠨ ᠦᠶᠯᠡ ᠠᠵᠢᠯᠯᠠᠭ᠎ᠠ ᠶᠢ ᠬᠡᠷᠡᠭ ᠪᠣᠯᠭᠠᠨ ᠳᠡᠩᠰᠡᠯᠡᠵᠦ ᠰᠢᠢᠳᠪᠦᠷᠢᠯᠡᠵᠡᠢ᠂ ᠣᠲᠣ ᠬᠡᠷᠡᠭ ᠢ ᠶᠠᠭ ᠰᠢᠢᠳᠪᠦᠷᠢᠯᠡᠵᠦ ᠪᠠᠶᠢᠨ᠎ᠠ᠃
 
ᠢᠷᠡᠯᠲᠡ᠄ ᠵᠡᠭᠦᠨ ᠪᠡᠯ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号