ᠵᠡᠭᠦᠨ ᠪᠡᠯ ᠪᠠᠯᠭᠠᠰᠤ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/24
                ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠪᠦᠬᠦ ᠨᠠᠮ ᠤᠨ ᠭᠡᠰᠢᠭᠦᠨ ᠺᠠᠳ᠋ᠷ᠂ ᠬᠤᠶᠠᠳᠤᠭᠠᠷ ᠳᠡᠰ ᠤᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
            ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠲᠥᠪ ᠬᠤᠷᠢᠶᠠᠨ ᠤ ᠨᠠᠢᠮᠠᠨ ᠲᠣᠭᠲᠠᠭᠠᠯ ᠢ ᠬᠡᠷᠡᠭᠵᠢᠭᠦᠯᠬᠦ᠂ ︽ᠲᠦᠷᠪᠡᠨ ᠰᠤᠷᠲᠠᠯ︾᠎ ᠢ ᠵᠠᠯᠠᠷᠠᠭᠤᠯᠬᠤ ᠶᠢ ᠡᠷᠡᠰ ᠴᠢᠩᠭ᠎ᠠ ᠤᠯᠤᠰ ᠲᠦᠷᠦ ᠶᠢᠨ ᠡᠭᠦᠷᠭᠡ ᠪᠣᠯᠭᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠭᠦᠢᠴᠡᠳᠬᠡᠵᠦ᠂ ᠪᠡᠶ᠎ᠡ ᠪᠠᠷ ᠢᠶᠠᠨ ᠬᠡᠪ ᠳᠦᠷᠢᠮ ᠪᠣᠯᠬᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠬᠤ ᠶᠢ ᠪᠠᠷᠢᠮᠲᠠᠯᠠᠵᠤ᠂ ᠤᠬᠠᠮᠰᠠᠷ ᠠᠴᠠ ᠪᠠᠨ ᠮᠠᠭᠤ ᠰᠤᠷᠲᠠᠯ ᠢ ᠲᠡᠪᠴᠢᠬᠦ ᠬᠡᠷᠡᠭᠲᠡᠢ᠃ ᠬᠢᠵᠢᠭ ᠤᠨ ᠬᠠᠯᠳᠠᠪᠤᠷᠢ ᠶᠢ ᠰᠡᠷᠭᠡᠶᠢᠯᠡᠨ ᠬᠢᠵᠠᠭᠠᠷᠯᠠᠬᠤ ᠦᠵᠡᠯ ᠰᠠᠨᠠᠭ᠎ᠠ ᠶᠢ ᠦᠷᠭᠦᠯᠵᠢᠯᠡᠨ ᠴᠢᠩᠭᠠᠷᠠᠭᠤᠯᠵᠤ᠂ ᠬᠢᠵᠢᠭ ᠤᠨ ᠬᠠᠯᠳᠠᠪᠤᠷᠢ ᠶᠢ ᠰᠡᠷᠭᠡᠶᠢᠯᠡᠨ ᠬᠢᠵᠠᠭᠠᠷᠯᠠᠬᠤ ᠣᠯᠠᠨ ᠲᠠᠯ᠎ᠠ ᠶᠢᠨ ᠱᠠᠭᠠᠷᠳᠠᠯᠭ᠎ᠠ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠬᠠᠯᠳᠠᠪᠤᠷᠢ ᠶᠢ ᠰᠡᠷᠭᠡᠶᠢᠯᠡᠨ ᠬᠢᠵᠠᠭᠠᠷᠯᠠᠬᠤ ᠵᠢᠵᠢᠭᠦᠷᠯᠡᠨ ᠰᠠᠬᠢᠬᠤ ᠶᠢ ᠴᠢᠩᠳᠠᠯᠠᠵᠤ᠂ ᠬᠢᠵᠢᠭ ᠤᠨ ᠬᠠᠯᠳᠠᠪᠤᠷᠢ ᠶᠢ ᠰᠡᠷᠭᠡᠶᠢᠯᠡᠨ ᠬᠢᠵᠠᠭᠠᠷᠯᠠᠬᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠢᠵᠢᠭ ᠤᠨ ᠬᠠᠯᠳᠠᠪᠤᠷᠢ ᠶᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨᠬᠦ ᠰᠠᠶᠢᠲᠤᠷ ᠭᠦᠢᠴᠡᠳᠬᠡᠬᠦ ᠬᠡᠷᠡᠭᠲᠡᠢ᠃ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠭᠠᠳᠠᠭᠰᠢ ᠭᠠᠷᠴᠤ ᠵᠢᠭᠠᠪᠤᠷᠢ ᠠᠪᠴᠤ ᠮᠡᠳᠡᠭᠦᠯᠦᠨ ᠳᠠᠩᠰᠠᠯᠠᠭᠤᠯᠬᠤ᠂ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠵᠠᠮ ᠬᠠᠷᠢᠯᠴᠠᠭᠠᠨ ᠤ ᠠᠶᠦᠯᠭᠦᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠠᠯᠪᠠᠨ ᠤ ᠲᠡᠷᠭᠡ ᠶᠢᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠦᠯᠭᠦᠢ ᠲᠣᠭᠲᠠᠪᠤᠷᠢᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠳᠦᠷ ᠲᠤᠳᠤᠮ ᠤᠨ ᠬᠢᠨᠠᠯᠲᠠ ᠲᠠᠯᠪᠢᠬᠤ ᠠᠵᠢᠯ ᠢ ᠪᠣᠳᠠᠲᠠᠢ ᠪᠠᠷ ᠨᠠᠷᠢᠯᠢᠭ ᠬᠢᠵᠦ᠂ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠪᠠ ᠶᠡᠷᠦᠳᠡ ᠶᠢᠨ ᠦᠵᠡᠭᠰᠡᠨ᠂ ᠳᠠᠳᠤᠭᠰᠠᠨ ᠪᠠᠭ᠎ᠠ ᠡᠷᠡᠰᠳᠡᠯ ᠳᠤ ᠴᠠᠭ ᠲᠤᠬᠠᠢ ᠳᠤᠨᠢ ᠵᠣᠭᠰᠣᠭᠠᠬᠤ ᠬᠡᠷᠡᠭᠲᠡᠢ᠃ ᠢᠯᠡᠴᠢᠯᠡᠨ ᠮᠡᠳᠡᠭᠦᠯᠬᠦ ᠳᠤ ᠬᠢᠨᠠᠯᠲᠠ ᠲᠠᠯᠪᠢᠬᠤ ᠠᠷᠭ᠎ᠠ ᠵᠠᠮ ᠢ ᠰᠢᠯᠤᠭᠤᠳᠬᠠᠵᠤ᠂ ᠢᠷᠭᠡᠳ ᠤᠨ ᠢᠯᠡᠴᠢᠯᠡᠨ ᠮᠡᠳᠡᠭᠦᠯᠦᠭᠰᠡᠨ ᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠨ᠂ ᠵᠠᠷᠯᠢᠭ ᠪᠠᠶᠢᠪᠠᠴᠤ ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠢ᠂ ᠡᠰᠡᠷᠭᠦᠴᠡᠯᠳᠦᠨ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠡᠷᠴᠢᠮᠲᠡᠢ ᠪᠠᠶᠢᠴᠠᠭᠠᠵᠤ᠂ ᠡᠷᠡᠰ ᠵᠠᠯᠠᠷᠠᠭᠤᠯᠬᠤ ᠬᠡᠷᠡᠭᠲᠡᠢ ᠭᠡᠯ᠎ᠡ᠃  
 
ᠢᠷᠡᠯᠲᠡ᠄ ᠵᠡᠭᠦᠨ ᠪᠡᠯ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号