ᠵᠡᠭᠦᠨ ᠪᠡᠯ ᠪᠠᠯᠭᠠᠰᠤᠨ ᠤ ᠣᠯᠠᠨ ᠲᠦᠮᠡᠨ ᠤ ᠲᠥᠯᠥᠭᠡᠯᠡᠭᠴᠢᠳ ᠤᠨ ᠶᠡᠭᠡ ᠬᠤᠷᠠᠯ ᠠᠴᠠ ᠭᠠᠴᠠᠭ᠎ᠠ ᠶᠢᠨ ᠣᠯᠠᠨ ᠲᠦᠮᠡᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠲᠤ ᠣᠯᠠᠨ ᠲᠦᠮᠡᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠭᠥᠯᠢᠶᠡᠨ ᠠᠪᠴᠤ ᠠᠶᠢᠯᠴᠢᠯᠠᠬᠤ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2022/6/24
                  ᠰᠣᠷᠪᠤᠯᠵᠢᠯᠠᠭ᠎ᠠ ᠶᠢ ᠭᠥᠯᠢᠶᠡᠨ ᠠᠪᠬᠤ ᠠᠵᠢᠯᠯᠠᠭ᠎ᠠ ᠶᠢ ᠡᠷᠦᠬᠡ ᠳᠤ ᠬᠦᠷᠴᠦ ᠰᠤᠷᠪᠤᠯᠵᠢᠯᠠᠬᠤ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠶᠠᠪᠤᠭᠳᠠᠭᠤᠯᠵᠤ᠂ ᠮᠠᠯᠴᠢᠨ ᠲᠠᠷᠢᠶᠠᠴᠢᠨ ᠲᠦᠮᠡᠨ ᠤ ᠨᠡᠶᠢᠭᠡᠮ ᠤᠨ ᠪᠠᠶᠢᠳᠠᠯ ᠣᠯᠠᠨ ᠲᠦᠮᠡᠨ ᠤ ᠰᠠᠨᠠᠭ᠎ᠠ ᠶᠢ ᠣᠯᠠᠨ ᠲᠠᠯ᠎ᠠ ᠶᠢ ᠬᠠᠮᠤᠷᠤᠭᠰᠠᠨ ᠦᠢᠯᠡ ᠠᠵᠢᠯᠯᠠᠭ᠎ᠠ ᠪᠠᠷ ᠴᠤᠭᠯᠠᠭᠤᠯᠵᠤ᠂ ᠬᠦᠰᠡᠯ ᠱᠠᠭᠠᠷᠳᠠᠯᠭ᠎ᠠ ᠶᠢ ᠲᠤᠰᠬᠠᠨ᠎ᠠ᠃
            ᠰᠣᠷᠪᠤᠯᠵᠢᠯᠠᠭ᠎ᠠ ᠬᠦᠯᠢᠶᠡᠬᠦ ᠶᠠᠪᠤᠴᠠ ᠳᠤ᠂ ᠰᠣᠷᠪᠤᠯᠵᠢᠯᠠᠭ᠎ᠠ ᠬᠦᠯᠢᠶᠡᠭᠰᠡᠨ ᠣᠯᠠᠨ ᠲᠦᠮᠡᠨ ᠤ ᠲᠤᠰᠬᠠᠭᠰᠠᠨ ᠨᠡᠶᠢᠳᠡᠮ ᠤᠨ ᠴᠢᠨᠠᠷᠲᠠᠢ ᠠᠰᠠᠭᠤᠳᠠᠯ ᠨᠢ ᠭᠤᠣᠯᠳᠠᠭᠤ ᠭᠤᠷᠪᠠᠨ ᠲᠠᠯ᠎ᠠ ᠳᠤ ᠲᠥᠪᠯᠡᠷᠡᠵᠦ ᠪᠠᠶᠢᠨ᠎ᠠ᠄ ᠨᠢᠭᠡ ᠳᠤ ᠨᠡᠭᠦᠷᠡᠰᠦᠨ ᠤ ᠦᠨ᠎ᠡ ᠬᠠᠩᠰᠢ ᠶᠢᠨ ᠨᠥᠯᠥᠭᠡ ᠠᠴᠠ ᠪᠣᠯᠵᠤ᠂ ᠮᠠᠯᠴᠢᠨ ᠲᠠᠷᠢᠶᠠᠴᠢᠨ ᠤ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠬᠡᠷᠡᠭᠴᠡᠭᠡ ᠲᠦᠷᠭᠡᠨ ᠨᠡᠮᠡᠭᠳᠡᠵᠦ᠂ ᠬᠤᠯᠪᠣᠭᠳᠠᠯ ᠪᠦᠬᠦᠢ ᠲᠥᠷᠥᠯ ᠵᠦᠢᠯ᠂ ᠳᠤᠯᠠᠭᠠᠯᠠᠭ᠎ᠠ ᠶᠢᠨ ᠴᠠᠬᠢᠯᠭᠠᠨ ᠤ ᠰᠦᠢᠳᠬᠡᠯ ᠤᠨ ᠨᠥᠬᠦᠪᠦᠷᠢ ᠥᠭᠬᠦ ᠶᠢ ᠤᠷᠢᠶᠠᠯᠠᠬᠤ ᠶᠢᠨ ᠬᠠᠮᠲᠤ᠂ ᠣᠲᠣ ᠶᠢᠨ ᠪᠠᠶᠢᠭ᠎ᠠ ᠬᠦᠴᠦᠳᠡᠯ ᠥᠭᠡᠷᠡᠴᠢᠯᠡᠭᠴᠢ ᠶᠢᠨ ᠪᠠᠭᠲᠠᠭᠠᠮᠵᠢ ᠶᠢ ᠨᠡᠮᠡᠭᠳᠡᠭᠦᠯᠪᠠ︔ ᠬᠤᠶᠠᠷ ᠲᠤ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠬᠤᠷᠢᠭᠯᠠᠬᠤ ᠳᠤ ᠬᠡᠷᠡᠭᠵᠢᠭᠦᠯᠦᠭᠰᠡᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠠᠷᠢᠮᠵᠢᠶ᠎ᠠ ᠨᠡᠯᠢᠶᠡᠳ ᠳᠣᠣᠷ᠎ᠠ ᠪᠠᠶᠢᠵᠤ᠂ ︽ᠡᠪᠡᠰᠦ ᠪᠡᠯᠴᠢᠭᠡᠷ ᠤᠨ ᠨᠥᠬᠦᠪᠦᠷᠢ ᠱᠠᠩᠨᠠᠯ ᠤᠨ︾ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠰᠠᠨᠠᠭᠤᠯᠪᠠ︔ ᠭᠤᠷᠪᠠ ᠳᠤ 2021 ᠣᠨ ᠤ ᠳᠣᠣᠷ᠎ᠠ ᠬᠠᠭᠠᠰ ᠵᠢᠯ ᠳᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠴᠠᠭ ᠲᠤᠬᠠᠢ ᠳᠤᠨᠢ ᠣᠯᠭᠤᠭᠰᠠᠨ ᠦᠭᠡᠢ᠂ ᠪᠣᠳᠠᠲᠠᠶᠢᠵᠢᠭᠤᠯᠤᠭᠰᠠᠨ ᠦᠭᠡᠢ᠃ ᠬᠤᠰᠢᠭᠤ᠂ ᠪᠠᠯᠭᠠᠰᠤ ᠬᠤᠶᠠᠷ ᠱᠠᠲᠤᠨ ᠤ ᠣᠯᠠᠨ ᠲᠦᠮᠡᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠠᠷᠢᠨ ᠨᠢᠮᠪᠠᠢ ᠠᠰᠠᠭᠤᠨ ᠯᠠᠪᠯᠠᠵᠤ᠂ ᠬᠠᠯᠠᠰᠢᠷᠠᠯ ᠦᠭᠡᠢ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠬᠦ ᠶᠢᠨ ᠬᠠᠮᠲᠤ ᠬᠤᠪᠢ ᠬᠥᠮᠥᠨ ᠳᠤ ᠬᠤᠯᠪᠣᠭᠳᠠᠭᠰᠠᠨ ᠠᠰᠠᠭᠤᠳᠠᠯ ᠪᠠ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠴᠠᠭ ᠲᠤᠬᠠᠢ ᠳᠤᠨᠢ ᠣᠯᠭᠤᠭᠰᠠᠨ ᠦᠭᠡᠢ ᠵᠡᠷᠭᠡ ᠠᠰᠠᠭᠤᠳᠠᠯ ᠤᠨ ᠲᠤᠬᠠᠢ ᠲᠤᠬᠠᠢ ᠶᠢᠨ ᠲᠠᠯᠠᠪᠤᠷ ᠲᠤ ᠣᠯᠠᠨ ᠲᠦᠮᠡᠨ ᠳᠤ ᠨᠠᠷᠢᠨ ᠲᠣᠳᠣᠷᠬᠠᠢ ᠬᠠᠷᠢᠭᠤᠯᠲᠠ ᠥᠭᠴᠦ᠂ ᠣᠯᠠᠨ ᠤ ᠳᠤᠷᠠᠳᠤᠭᠰᠠᠨ ᠰᠠᠨᠠᠯ᠂ ᠰᠠᠨᠠᠭᠤᠯᠭ᠎ᠠ ᠳᠤ ᠴᠢᠭᠯᠡᠭᠦᠯᠦᠨ ᠳᠡᠭᠡᠳᠦ ᠱᠠᠲᠤᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠬᠠᠷᠢᠭᠤ ᠲᠤᠰᠬᠠᠬᠤ ᠪᠠᠨ ᠢᠯᠡᠳᠬᠡᠪᠡ᠃ ᠡᠭᠦᠨ ᠤ ᠵᠡᠷᠭᠡᠪᠡᠷ᠂ ᠶᠠᠳᠠᠭᠤᠷᠠᠯ ᠠᠴᠠ ᠠᠩᠭᠢᠵᠢᠷᠠᠭᠰᠠᠨ ᠡᠷᠤᠬᠡ ᠶᠢ ᠡᠷᠬᠢᠨ ᠲᠣᠬᠤᠨᠢᠭᠤᠯᠵᠤ᠂ ᠲᠡᠳᠡᠨ ᠤ ᠭᠡᠷ ᠪᠦᠯᠢ ᠶᠢᠨ ᠠᠮᠢᠳᠤᠷᠠᠯ ᠪᠣᠯᠣᠨ ᠦᠢᠯᠡᠳᠪᠦᠷᠢᠯᠡᠯ ᠤᠨ ᠬᠦᠴᠢᠷᠳᠡᠯ ᠤᠨ ᠪᠠᠶᠢᠳᠠᠯ ᠢ ᠬᠠᠯᠠᠮᠵᠢᠯᠠᠪᠠ᠃      
 
ᠢᠷᠡᠯᠲᠡ᠄ ᠵᠡᠭᠦᠨ ᠪᠡᠯ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号