ᠵᠡᠭᠦᠨ ᠪᠡᠯ ᠪᠠᠯᠭᠠᠰᠤ ᠪᠥᠬᠦ ᠪᠠᠯᠭᠠᠰᠤᠨ ᠤ ᠰᠠᠯᠠᠭᠠᠨ ᠤ ᠲᠠᠰ ᠤᠨ ᠤᠳᠤᠷᠢᠳᠬᠤ ᠺᠠᠳ᠋ᠷ᠂ ᠠᠯᠪᠠᠲᠠᠨ᠂ ᠡᠪ ᠬᠠᠮᠲᠤ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠡᠷᠭᠢᠯᠡᠭᠰᠡᠨ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠴᠠᠬᠢᠮ ᠰᠤᠷᠭᠠᠯᠲᠠ ᠶᠢᠨ ᠠᠩᠭᠢ ᠳᠤ ᠣᠷᠣᠯᠴᠠᠭᠤᠯᠪᠠ
ᠨᠡᠶᠢᠲᠡᠯᠡᠭᠰᠡᠨ ᠴᠠᠭ᠄
2022/6/24
            ᠰᠤᠷᠭᠠᠯᠲᠠ ᠳᠤ ᠴᠠᠬᠢᠮ ᠰᠤᠷᠭᠠᠯᠲᠠ ᠶᠢᠨ ᠠᠷᠭ᠎ᠠ ᠶᠢ ᠠᠪᠴᠤ᠂ 8 ᠡᠷᠳᠡᠮᠲᠡᠨ ᠮᠡᠷᠭᠡᠵᠢᠯᠲᠡᠨ ︽ᠭᠤᠷᠪᠠᠨ ᠰᠢᠨ᠎ᠡ ᠨᠢᠭᠡ ᠳᠡᠭᠡᠳᠦ︾᠎ ᠶᠢᠨ ᠱᠠᠭᠠᠷᠳᠠᠯᠭ᠎ᠠ ᠶᠢ ᠡᠷᠴᠢᠮᠲᠡᠢ ᠲᠠᠨᠢᠵᠤ ᠡᠵᠡᠮᠰᠢᠬᠦ ᠶᠢᠨ ᠲᠣᠭᠤᠷᠢᠨ ᠳᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠣᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠦᠢᠯᠡᠳᠦᠯᠭᠡ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠨᠠᠮᠴᠢ ᠴᠢᠨᠠᠷ ᠤᠨ ᠪᠣᠯᠪᠠᠰᠤᠷᠠᠯ ᠪᠠ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠵᠢᠷᠠᠭᠤᠯᠤᠨ ᠳᠡᠭᠡᠭᠰᠢᠯᠡᠭᠦᠯᠬᠦ ᠪᠠ ᠰᠢᠶᠠᠨ ᠤ ᠬᠡᠪᠴᠢᠶᠡᠨ ᠤ ᠠᠭᠤᠷᠬᠠᠢ ᠶᠢᠨ ᠦᠢᠯᠡᠰ ᠤᠨ ᠪᠣᠬᠢᠷᠳᠤᠯ ᠦᠭᠡᠢ ᠴᠢᠨᠠᠷᠯᠢᠭ ᠬᠥᠭᠵᠢᠯᠲᠡ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠳᠤ᠂ ᠤᠳᠤᠷᠢᠳᠬᠤ ᠺᠠᠳ᠋ᠷ ᠡᠷᠬᠡᠪᠰᠢ ᠵᠥᠪ ᠬᠥᠭᠵᠢᠯᠲᠡ ᠶᠢᠨ ᠦᠵᠡᠯᠲᠡ ᠵᠠᠰᠠᠭ ᠤᠨ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ — 2022 ᠣᠨ ᠤ ᠲᠥᠪ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭᠠᠨ ᠤ ᠲᠠᠶᠢᠯᠤᠮᠵᠢ ᠵᠡᠷᠭᠡ ᠠᠭᠤᠯᠭ᠎ᠠ ᠳᠤ ᠲᠤᠰᠬᠠᠢ ᠰᠡᠳᠦᠪᠲᠦ ᠪᠣᠯᠪᠠᠰᠤᠷᠠᠯ ᠬᠢᠭᠰᠡᠨ ᠪᠠᠶᠢᠨ᠎ᠠ᠃
            ᠲᠣᠰ ᠤᠳᠠᠭᠠᠨ ᠤ ᠰᠤᠷᠭᠠᠯᠲᠠ ᠪᠠᠷ ᠳᠡᠮᠵᠢᠨ᠂ ᠪᠥᠬᠦ ᠪᠠᠯᠭᠠᠰᠤᠨ ᠤ ᠺᠠᠳ᠋ᠷ ᠠᠵᠢᠯᠲᠠᠳ ᠬᠦᠰᠡᠯᠡᠩ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠣᠨᠣᠯ ᠤᠨ ᠪᠣᠯᠪᠠᠰᠤᠷᠠᠯ᠂ ᠮᠡᠳᠡᠯᠭᠡ ᠶᠢᠨ ᠬᠢᠷᠢ ᠲᠦᠪᠰᠢᠨ ᠪᠠ ᠬᠠᠮᠢᠶᠠᠷᠤᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠦᠨ᠂ ᠰᠤᠷᠤᠯᠴᠠᠬᠤ ᠬᠥᠳᠡᠯᠭᠡᠭᠦ ᠬᠦᠴᠦᠨ ᠢ ᠬᠥᠭᠵᠢᠭᠡᠵᠦ᠂ ᠰᠤᠷᠤᠯᠴᠠᠬᠤ ᠤᠬᠠᠮᠰᠠᠷ ᠢᠶᠠᠨ ᠨᠡᠮᠡᠭᠳᠡᠭᠦᠯᠦᠨ᠂ ᠬᠤᠶᠢᠰᠢᠳᠠ ᠶᠢᠨ ᠪᠠᠯᠭᠠᠰᠤᠨ ᠤ ᠣᠯᠠᠨ ᠲᠠᠯ᠎ᠠ ᠶᠢᠨ ᠠᠵᠢᠯ ᠢ ᠤᠷᠤᠭᠰᠢᠲᠠᠢ ᠥᠷᠨᠢᠭᠦᠯᠬᠦ ᠳᠤ ᠨᠠᠶᠢᠳᠠᠪᠤᠷᠢ ᠪᠠᠲᠤᠯᠠᠭ᠎ᠠ ᠲᠠᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠵᠡᠭᠦᠨ ᠪᠡᠯ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号