ᠣᠯᠠᠨᠪᠤᠯᠠᠭ ᠪᠠᠯᠭᠠᠰᠤ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/24
 
                  ᠬᠤᠷᠠᠯ ᠠᠴᠠ᠂ ᠨᠢᠭᠡ ᠳᠤ᠂ ᠤᠳᠤᠷᠢᠳᠤᠯᠭ᠎ᠠ ᠵᠢᠵᠢᠭᠦᠷ ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽5.1︾᠎ ᠤ ᠬᠥᠳᠡᠯᠮᠦᠷᠢᠴᠢᠳ ᠤᠨ ᠪᠠᠶᠠᠷ ᠤᠨ ᠬᠤᠭᠤᠴᠠᠭᠠᠨ ᠳᠠᠬᠢ ᠵᠢᠵᠢᠭᠦᠷᠯᠡᠬᠦ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠰᠠᠯᠠᠭ᠎ᠠ ᠮᠥᠴᠢᠷ ᠤᠳ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠳᠦᠷᠢᠮ ᠢ ᠦᠨᠡᠨ ᠬᠦ ᠬᠡᠷᠡᠭᠵᠢᠭᠦᠯᠵᠦ᠂ ᠪᠠᠶᠠᠷ ᠤᠨ ᠡᠳᠦᠷ ᠤᠨ ᠵᠢᠵᠢᠭᠦᠷᠯᠡᠬᠦ᠂ ᠠᠯᠪᠠᠨ ᠤ ᠲᠡᠷᠭᠡ ᠶᠢ ᠮᠡᠳᠡᠭᠦᠯᠦᠨ ᠳᠠᠩᠰᠠᠯᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠪᠠ︔ ᠵᠢᠵᠢᠭᠦᠷ ᠤᠨ ᠬᠤᠭᠤᠴᠠᠭᠠᠨ ᠳᠤ᠂ ᠡᠭᠡᠯᠵᠢ ᠳᠠᠭᠠᠭᠤᠯᠤᠭᠰᠠᠨ ᠤᠳᠤᠷᠢᠳᠤᠯᠭ᠎ᠠ ᠭᠤᠣᠯ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠠᠵᠢᠯ ᠤᠨ ᠪᠠᠶᠢᠷᠢ ᠠᠴᠠ ᠪᠠᠨ ᠳᠤᠷ᠎ᠠ ᠪᠠᠷ ᠢᠶᠠᠨ ᠰᠠᠯᠬᠤ ᠶᠢ ᠴᠢᠩᠭ᠎ᠠ ᠴᠠᠭᠠᠵᠠᠯᠠᠵᠤ᠂ ᠴᠢᠬᠤᠯᠠ ᠪᠠᠶᠢᠳᠠᠯ ᠲᠠᠢ ᠪᠣᠯ ︽ᠪᠠᠶᠢᠳᠠᠯ ᠢᠶᠠᠨ ᠠᠩᠬ᠎ᠠ ᠮᠡᠳᠡᠭᠦᠯᠬᠦ᠂ ᠰᠢᠯᠲᠠᠭᠠᠨ ᠢᠶᠠᠨ ᠦᠷᠭᠦᠯᠵᠢᠯᠡᠨ ᠮᠡᠳᠡᠭᠦᠯᠬᠦ᠂ ᠠᠬᠢᠴᠠ ᠪᠠᠨ ᠳᠠᠬᠢᠨ ᠮᠡᠳᠡᠭᠦᠯᠬᠦ︾ ᠱᠠᠭᠠᠷᠳᠠᠯᠭ᠎ᠠ ᠶᠣᠰᠣᠭᠠᠷ᠂ ᠳᠡᠭᠡᠳᠦ ᠱᠠᠲᠤᠨ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠂ ᠶᠠᠮᠠᠷᠪᠠ ᠰᠢᠯᠲᠠᠭᠠᠨ ᠢᠶᠠᠷ ᠤᠳᠠᠭᠠᠰᠢᠷᠠᠭᠤᠯᠤᠨ ᠮᠡᠳᠡᠭᠦᠯᠬᠦ᠂ ᠬᠤᠳᠠᠯ ᠢᠶᠠᠷ ᠮᠡᠳᠡᠭᠦᠯᠬᠦ ᠪᠠ ᠨᠢᠭᠤᠭᠠᠳ ᠮᠡᠳᠡᠭᠦᠯᠬᠦ ᠦᠭᠡᠢ ᠪᠠᠶᠢᠵᠤ ᠪᠣᠯᠬᠤ ᠦᠭᠡᠢ︔ ᠵᠢᠵᠢᠭᠦᠷ ᠤᠨ ᠠᠵᠢᠯᠲᠠᠳ ︽ᠡᠳᠦᠷ ᠤᠨ ᠮᠡᠳᠡᠭᠦᠯᠦᠯᠲᠡ︾᠎ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠴᠠᠭ ᠲᠤᠬᠠᠢ ᠳᠤᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠡᠳᠦᠷ ᠪᠦᠷᠢ ᠶᠢᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ︔ ᠪᠠᠯᠭᠠᠰᠤᠨ ᠤ ᠤᠳᠤᠷᠢᠳᠤᠯᠭ᠎ᠠ᠂ ᠺᠠᠳ᠋ᠷ ᠬᠡᠷᠪᠡ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠭᠠᠳᠠᠭᠰᠢ ᠭᠠᠷᠬᠤ ᠴᠢᠬᠤᠯᠠ ᠲᠠᠢ ᠪᠣᠯ ᠡᠷᠬᠡᠪᠰᠢ ᠮᠡᠳᠡᠭᠦᠯᠦᠨ ᠳᠠᠩᠰᠠᠯᠠᠭᠤᠯᠬᠤ ᠭᠠᠷ ᠭᠦᠢᠴᠡᠳᠬᠡᠯ ᠢ ᠭᠦᠢᠴᠡᠳᠬᠡᠵᠦ᠂ ᠭᠤᠣᠯ ᠤᠳᠤᠷᠢᠳᠤᠯᠭ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠭᠠᠳᠠᠭᠰᠢ ᠭᠠᠷᠴᠤ ᠪᠣᠯᠣᠨ᠎ᠠ︔ ᠵᠢᠵᠢᠭᠦᠷ ᠤᠨ ᠤᠳᠤᠷᠢᠳᠤᠯᠭ᠎ᠠ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ ᠢᠯᠡᠷᠡᠭᠰᠡᠨ ᠡᠯ᠎ᠡ ᠲᠥᠷᠥᠯ ᠤᠨ ᠶᠠᠭᠠᠷᠠᠯᠲᠠᠢ ᠪᠠᠶᠢᠳᠠᠯ ᠳᠤ ᠬᠠᠷᠢᠭᠤ ᠠᠷᠭ᠎ᠠ ᠬᠡᠮᠵᠢᠶ᠎ᠡ ᠠᠪᠬᠤ ᠡᠭᠦᠷᠭᠡ ᠶᠢ ᠦᠨᠡᠨ ᠬᠦ ᠡᠭᠦᠷᠭᠡᠯᠡᠵᠦ᠂ ᠶᠠᠭᠠᠷᠠᠯᠲᠠᠢ ᠪᠠᠶᠢᠳᠠᠯ ᠲᠣᠬᠢᠶᠠᠯᠳᠤᠪᠠᠯ ᠲᠡᠷᠡ ᠳᠠᠷᠤᠢ ᠳᠤᠨᠢ ᠲᠤᠬᠠᠢ ᠶᠢᠨ ᠲᠠᠯᠠᠪᠤᠷ ᠲᠤ ᠬᠦᠷᠴᠦ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠬᠡᠷᠡᠭᠲᠡᠢ᠃ ᠪᠦᠬᠦ ᠺᠠᠳ᠋ᠷᠴᠤᠳ ᠴᠠᠭ ᠢᠮᠠᠭᠲᠠ ᠣᠶᠣᠨ ᠤᠬᠠᠭᠠᠨ ᠢᠶᠠᠨ ᠰᠡᠷᠭᠡᠭ ᠪᠠᠶᠢᠯᠭᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢᠶᠠᠨ ᠤᠯᠠᠮ ᠴᠢᠨᠠᠭᠰᠢᠳᠠ ᠪᠠᠲᠤᠳᠬᠠᠬᠤ ᠬᠡᠷᠡᠭᠲᠡᠢ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ᠂ ᠲᠣᠭᠲᠠᠭᠠᠯ ᠠᠴᠠ ᠵᠥᠷᠢᠴᠡᠨ ᠪᠡᠯᠡᠭ ᠤᠨ ᠡᠳ᠋ ᠪᠡᠯᠡᠭ ᠤᠨ ᠵᠣᠭᠤᠰ ᠬᠤᠷᠢᠶᠠᠵᠤ ᠬᠦᠷᠭᠡᠬᠦ᠂ ᠲᠣᠭᠲᠠᠭᠠᠯ ᠠᠴᠠ ᠵᠥᠷᠢᠴᠡᠨ ᠠᠯᠪᠠᠨ ᠤ ᠲᠡᠷᠭᠡ ᠶᠢ ᠬᠡᠷᠡᠭᠯᠡᠬᠦ᠂ ᠠᠯᠪᠠᠨ ᠤ ᠵᠣᠭᠤᠰ ᠢᠶᠠᠷ ᠵᠢᠭᠤᠯᠴᠢᠯᠠᠬᠤ ᠂ ᠣᠯᠠᠭᠤᠯᠠ ᠨᠡᠶᠢᠯᠡᠵᠦ ᠵᠣᠭᠤᠰ ᠨᠠᠭᠠᠳᠬᠤ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠤᠭᠤᠳᠬᠤ ᠵᠡᠷᠭᠡ ᠦᠵᠡᠭᠳᠡᠯ ᠭᠠᠷᠬᠤ ᠶᠢ ᠴᠢᠩᠭ᠎ᠠ ᠬᠤᠷᠢᠭᠯᠠᠨ᠎ᠠ᠃ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠲᠣᠭᠲᠠᠭᠠᠯ ᠢ ᠵᠥᠷᠢᠴᠡᠨ ᠨᠡᠮᠡᠭᠦᠷᠢ ᠮᠥᠩᠭᠦ ᠨᠥᠬᠦᠪᠦᠷᠢ ᠮᠥᠩᠭᠦ ᠪᠤᠶᠤ ᠠᠰᠠᠷᠠᠮᠵᠢ ᠶᠢᠨ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠭᠡᠵᠦ᠂ ᠲᠦᠷᠭᠡᠨ ᠬᠦᠷᠭᠡᠯᠲᠡ ᠪᠠᠷ ᠪᠡᠯᠡᠭ ᠬᠦᠷᠭᠡᠬᠦ᠂ ᠡᠯᠧᠺᠲᠷᠣᠨ ᠤᠯᠠᠭᠠᠨ ᠪᠠᠭᠯᠠᠭ᠎ᠠ ᠶᠢ ᠬᠤᠷᠢᠶᠠᠨ ᠬᠦᠷᠭᠡᠬᠦ ᠠᠰᠠᠭᠤᠳᠠᠯ ᠢ ᠵᠠᠯᠠᠷᠠᠭᠤᠯᠤᠨ ᠵᠠᠰᠠᠬᠤ ᠶᠢ ᠠᠩᠬᠠᠷᠬᠤ ᠬᠡᠷᠡᠭᠲᠡᠢ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠷ ︽ᠲᠦᠷᠪᠡᠨ ᠤᠬᠠᠮᠰᠠᠷ︾᠎ ᠢ ᠤᠯᠠᠮ ᠴᠢᠨᠠᠭᠰᠢᠳᠠ ᠪᠠᠲᠤᠳᠬᠠᠵᠤ᠂ ︽ᠲᠦᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠬᠠᠮᠠᠭᠠᠯᠠᠯᠲᠠ︾᠎ ᠶᠢ ᠦᠢᠯᠡᠳᠦᠯᠭᠡᠵᠢᠭᠦᠯᠬᠦ ᠬᠡᠷᠡᠭᠲᠡᠢ᠃ ᠠᠵᠢᠯ ᠠᠮᠢᠳᠤᠷᠠᠯ ᠤᠨ ᠳᠤᠮᠳᠠ ᠬᠡᠪ ᠳᠠᠭᠤᠷᠢᠶᠠᠯ ᠪᠣᠯᠵᠤ᠂ ᠦᠯᠢᠭᠡᠷ ᠳᠠᠭᠤᠷᠢᠶᠠᠯ ᠪᠣᠯᠵᠤ᠂ ᠪᠠᠯᠭᠠᠰᠤᠨ ᠤ ᠪᠦᠬᠦ ᠺᠠᠳ᠋ᠷ ᠣᠯᠠᠨ ᠲᠦᠮᠡᠨ ᠲᠠᠢ ᠪᠦᠯᠬᠦᠮᠳᠡᠨ ᠰᠢᠯᠢᠳᠡᠭ ᠰᠠᠶᠢᠨ ᠨᠠᠮ ᠤᠨ ᠰᠤᠷᠲᠠᠯ ᠢᠶᠠᠷ ᠵᠠᠰᠠᠭ ᠤᠨ ᠰᠤᠷᠲᠠᠯ ᠢ ᠳᠠᠶᠢᠴᠢᠯᠠᠨ᠂ ᠣᠯᠠᠨ ᠲᠦᠮᠡᠨ ᠤ ᠰᠤᠷᠲᠠᠯ ᠢ ᠠᠬᠢᠭᠤᠯᠵᠤ᠂ ᠠᠷᠢᠭᠤᠨ ᠴᠢᠬᠡᠴᠢ ᠠᠷᠢᠭᠤᠨ ᠴᠢᠬᠡᠴᠢ ᠪᠠᠶᠠᠷ ᠳᠤᠷᠠᠰᠬᠠᠯ ᠤᠨ ᠡᠳᠦᠷ ᠢ ᠪᠡᠯᠭᠡᠯᠡᠬᠦ ᠣᠷᠴᠢᠨ ᠨᠥᠬᠦᠴᠡᠯ ᠢ ᠴᠢᠷᠮᠠᠶᠢᠨ ᠪᠤᠶ ᠪᠣᠯᠭᠠᠬᠤ ᠬᠡᠷᠡᠭᠲᠡᠢ ᠭᠡᠯ᠎ᠡ ᠃  
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号