ᠣᠯᠠᠨᠪᠤᠯᠠᠭ ᠪᠠᠯᠭᠠᠰᠤ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠢ ᠶᠠᠪᠤᠭᠳᠠᠭᠤᠯᠵᠠᠢ
ᠨᠡᠶᠢᠲᠡᠯᠡᠭᠰᠡᠨ ᠴᠠᠭ᠄
2022/6/24
 
                        ᠡᠨᠡ ᠵᠢᠯ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ ᠮᠥᠨᠴᠦ ᠣᠯᠠᠨᠪᠤᠯᠠᠭ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠣᠯᠣᠨ ᠬᠠᠷᠢᠶ᠎ᠠ ᠣᠷᠣᠨ ᠤ ᠴᠢᠨᠠᠷᠯᠢᠭ ᠬᠥᠭᠵᠢᠯᠲᠡ ᠶᠢᠨ ᠲᠤᠶᠢᠯ ᠤᠨ ᠴᠢᠬᠤᠯᠠ ᠨᠢᠭᠡ ᠵᠢᠯ ᠪᠣᠯᠣᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠡᠷᠴᠢᠮᠲᠡᠢ ᠰᠤᠷᠤᠯᠴᠠᠨ ᠲᠤᠤᠱᠯᠠᠭᠤᠯᠬᠤ ᠵᠣᠷᠢᠯᠭ᠎ᠠ ᠪᠠᠷ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠦᠬᠦ ᠪᠠᠯᠭᠠᠰᠤ ᠶᠢᠨ ᠳᠡᠭᠡᠷ᠎ᠡ ᠳᠣᠣᠷ᠎ᠠ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠯᠠᠯ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠨᠢᠭᠲᠠᠷᠠᠭᠤᠯᠵᠤ᠂ ︽ᠵᠢᠷᠭᠤᠭᠠᠨ ᠭᠤᠷᠪᠠ︾︾᠎ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠠᠬᠢᠭᠤᠯᠵᠤ᠂ ᠣᠯᠠᠨᠪᠤᠯᠠᠭ ᠪᠠᠯᠭᠠᠰᠤ ᠶᠢᠨ ᠬᠢᠨ ᠬᠢᠵᠢᠭ ᠤᠨ ᠬᠠᠯᠳᠠᠪᠤᠷᠢ ᠶᠢ ᠰᠡᠷᠭᠡᠶᠢᠯᠡᠨ ᠬᠢᠵᠠᠭᠠᠷᠯᠠᠬᠤ ᠶᠢ ᠨᠢᠭᠡᠳᠦᠯᠲᠡᠢ ᠲᠥᠯᠥᠪᠵᠢᠭᠦᠯᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠯᠠᠯ ᠢ ᠤᠭᠲᠤᠶ᠎ᠠ︾ ᠭᠡᠬᠦ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠢ ᠶᠠᠪᠤᠭᠳᠠᠭᠤᠯᠵᠠᠢ᠃
            ᠤᠭ ᠰᠠᠨᠠᠭ᠎ᠠ ᠪᠠᠨ ᠦᠯᠦ ᠮᠠᠷᠲᠠᠪᠠᠯ ᠰᠠᠶ᠋ᠢ ᠡᠷᠡᠮᠡᠬᠡᠶᠢᠯᠡᠨ ᠤᠷᠤᠭᠰᠢᠯᠠᠵᠤ ᠴᠢᠳᠠᠨ᠎ᠠ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠪᠡᠯ ᠰᠠᠶ᠋ᠢ ᠢᠷᠡᠭᠡᠳᠦᠢ ᠪᠠᠨ ᠨᠡᠭᠡᠭᠡᠵᠦ ᠴᠢᠳᠠᠨ᠎ᠠ᠃ ᠡᠨᠡ ᠤᠳᠠᠭᠠᠨ ᠤ ᠠᠵᠢᠯᠯᠠᠭ᠎ᠠ ᠨᠢ ᠵᠥᠪᠬᠡᠨ ᠨᠢᠭᠡ ᠤᠳᠠᠭᠠᠨ ᠤ ᠤᠷᠤᠯᠳᠤᠭᠠᠨ ᠲᠡᠳᠦᠢ ᠪᠢᠰᠢ᠂ ᠨᠡᠩ ᠴᠤ ᠬᠥᠮᠥᠨ ᠤ ᠰᠡᠳᠬᠢᠯ ᠢ ᠬᠥᠳᠡᠯᠭᠡᠮ᠎ᠡ ᠦᠵᠡᠯ ᠰᠠᠨᠠᠭᠠᠨ ᠤ ᠬᠥᠮᠦᠵᠢᠯ᠂ ᠢᠲᠡᠭᠡᠯ ᠵᠣᠷᠢᠭ ᠢᠶᠠᠨ ᠪᠠᠲᠤᠳᠬᠠᠬᠤ ᠣᠶᠤᠨ ᠰᠠᠨᠠᠭᠠᠨ ᠤ ᠲᠡᠵᠢᠭᠡᠯ ᠪᠣᠯᠬᠤ ᠶᠤᠮ᠃ ᠣᠯᠠᠨᠪᠤᠯᠠᠭ ᠤᠨ ᠵᠠᠯᠠᠭᠤ ᠺᠠᠳ᠋ᠷᠴᠤᠳ ᠬᠦᠴᠦᠷᠬᠡᠭ ᠶᠡᠭᠡ ᠢᠲᠡᠭᠡᠯ ᠪᠢᠰᠢᠷᠡᠯ ᠤᠨ ᠬᠦᠴᠦᠨ ᠢ ᠴᠢᠨᠠᠭᠰᠢᠳᠠ ᠰᠢᠩᠭᠡᠬᠡᠨ ᠠᠪᠴᠤ᠂ ᠡᠷᠡᠮᠡᠬᠡᠶᠢᠯᠡᠨ ᠤᠷᠤᠭᠰᠢᠯᠠᠬᠤ ᠤᠶᠤᠨ ᠰᠠᠨᠠᠭᠠᠨ ᠤ ᠬᠦᠴᠦᠨ ᠢ ᠨᠢᠭᠲᠠᠷᠠᠭᠤᠯᠵᠤ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠲᠡᠮᠡᠴᠡᠯ ᠤᠨ ᠳᠦᠷᠰᠦ ᠪᠠᠶᠢᠳᠠᠯ ᠢᠶᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠠᠮᠵᠢᠯᠲᠠ ᠪᠦᠲᠦᠮᠵᠢ ᠭᠠᠷᠭᠠᠨ᠎ᠠ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号