| | | ᠨᠢᠭᠡᠳᠦᠭᠡᠷ ᠪᠦᠯᠦᠭ ᠶᠡᠷᠦᠩᠬᠡᠢ ᠳᠦᠷᠢᠮ | | | ᠨᠢᠭᠡᠳᠦᠭᠡᠷ ᠵᠦᠢᠯ ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ | ᠲᠣᠭᠲᠠᠭᠠᠬᠤ ᠪᠠᠶᠢᠭᠤᠯᠤᠮᠵᠢ᠂ ᠠᠶᠤᠯᠭᠦᠢ ᠦᠢᠯᠡᠳᠪᠦᠷᠢᠯᠡᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ | ᠲᠣᠭᠲᠠᠭᠠᠬᠤ ᠪᠠᠶᠢᠭᠤᠯᠤᠮᠵᠢ ︵ᠳᠣᠷᠣᠭᠰᠢ ᠠᠶᠤᠯᠭᠦᠢ ᠶᠢ ᠦᠨᠡᠯᠡᠵᠦ ᠪᠠᠶᠢᠴᠠᠭᠠᠨ ᠰᠢᠯᠭᠠᠬᠤ ᠪᠠᠶᠢᠭᠤᠯᠤᠮᠵᠢ ᠭᠡᠵᠦ | ᠶᠡᠷᠦᠩᠬᠡᠶᠢᠯᠡᠨ ᠨᠡᠷᠡᠯᠡᠨ᠎ᠡ︶ ᠶᠢᠨ ᠬᠠᠮᠢᠶᠠᠷᠤᠯᠲᠠ ᠶᠢ ᠴᠢᠩᠭᠠᠳᠬᠠᠨ᠂ ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ | ᠰᠢᠯᠭᠠᠵᠤ ᠰᠢᠨᠵᠢᠯᠡᠭᠡ ᠪᠠᠷ ᠲᠣᠭᠲᠠᠭᠠᠬᠤ᠂ ᠠᠶᠤᠯᠭᠦᠢ ᠦᠢᠯᠡᠳᠪᠦᠷᠢᠯᠡᠯ ᠤᠨ ᠲᠠᠯ᠎ᠠ ᠪᠠᠷ ᠦᠨᠡᠯᠡᠨ ᠰᠢᠯᠭᠠᠵᠤ | ᠰᠢᠨᠵᠢᠯᠡᠭᠡ ᠪᠠᠷ ᠲᠣᠭᠲᠠᠭᠠᠬᠤ ᠥᠢᠯᠡ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃ | | | ᠬᠤᠶᠠᠳᠤᠭᠠᠷ ᠵᠦᠢᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠳᠡᠪᠢᠰᠬᠡᠷ ᠤᠨ | ᠳᠣᠲᠣᠷ᠎ᠠ ᠠᠶᠦᠯᠭᠦᠢ ᠪᠠᠶᠢᠳᠠᠯ ᠤᠨ ᠦᠨᠡᠯᠡᠯᠲᠡ ᠬᠢᠵᠦ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠴᠢᠳᠠᠮᠵᠢ ᠶᠢ | ᠭᠤᠶᠤᠴᠢᠯᠠᠵᠤ᠂ ᠬᠠᠤᠯᠢ ᠪᠠᠷ ᠲᠣᠭᠲᠠᠭᠠᠭᠰᠠᠨ ᠠᠶᠦᠯᠭᠦᠢ ᠪᠠᠶᠢᠳᠠᠯ ᠤᠨ ᠦᠨᠡᠯᠡᠯᠲᠡ᠂ ᠦᠨᠡᠯᠡᠨ ᠰᠢᠯᠭᠠᠵᠤ | ᠰᠢᠨᠵᠢᠯᠡᠭᠡ ᠪᠠᠷ ᠲᠣᠭᠲᠠᠭᠠᠬᠤ ᠦᠢᠯᠡᠴᠢᠯᠡᠭᠡᠨ ᠡᠷᠬᠢᠯᠡᠬᠦ ᠵᠢᠴᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠠᠯᠠᠭ᠎ᠠ ᠮᠥᠴᠢᠷ᠂ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ ᠠᠶᠦᠯᠭᠦᠢ ᠪᠠᠶᠢᠳᠠᠯ ᠤᠨ ᠦᠨᠡᠯᠡᠯᠲᠡ ᠬᠢᠵᠦ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ | ᠬᠢᠷᠢ ᠴᠢᠳᠠᠮᠵᠢ ᠶᠢ ᠮᠡᠳᠡᠷᠡᠨ ᠵᠥᠪᠰᠢᠶᠡᠷᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠬᠦ ᠳᠤ ᠲᠤᠰ ᠠᠷᠭ᠎ᠠ | ᠲᠣᠬᠢᠷᠠᠨ᠎ᠠ᠃ | | | ᠳᠠᠯᠠᠢ ᠲᠠᠩᠭᠢᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠮᠠᠯᠲᠠᠬᠤ ᠠᠵᠢᠯ ᠢ | ᠡᠷᠬᠢᠯᠡᠨ ᠬᠢᠬᠦ ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ | ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ ᠶᠢ ᠠᠰ ᠲᠤᠨᠢ ᠲᠣᠭᠲᠠᠭᠠᠨ᠎ᠠ᠃ | | | ᠭᠤᠷᠪᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ | ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠦᠬᠦ ᠤᠯᠤᠰ ᠤᠨ ᠠᠶᠦᠯᠭᠦᠢ | ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ ᠵᠢᠯᠤᠭᠤᠳᠴᠤ᠂ ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ | ᠲᠣᠭᠲᠠᠭᠠᠬᠤ ᠪᠠᠶᠢᠭᠤᠯᠤᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠰᠢᠰᠲ᠋ᠧᠮ ᠢ ᠪᠠᠶᠢᠭᠤᠯᠵᠤ᠂ ᠠᠶᠦᠯᠭᠦᠢ | ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ᠂ ᠰᠢᠯᠭᠠᠨ ᠬᠡᠮᠵᠢᠬᠦ ᠰᠢᠯᠭᠠᠨ | ᠪᠠᠶᠢᠴᠠᠭᠠᠬᠤ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ | | | ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ | ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠨᠡᠭᠦᠷᠡᠰᠦᠨ ᠠᠭᠤᠷᠬᠠᠢ ᠶᠢᠨ ᠠᠶᠤᠯᠭᠦᠢ | ᠦᠢᠯᠡᠳᠪᠦᠷᠢᠯᠡᠯ ᠤᠨ ᠬᠢᠨᠠᠵᠤ ᠬᠠᠮᠢᠶᠠᠷᠬᠤ ᠰᠠᠯᠠᠭ᠎ᠠ ᠮᠥᠴᠢᠷ ︵ᠳᠣᠷᠣᠭᠰᠢ ᠬᠢᠷᠢ ᠬᠡᠮ ᠢ ᠮᠡᠳᠡᠷᠡᠨ ᠵᠥᠪᠰᠢᠶᠡᠷᠡᠬᠦ | ᠪᠠᠶᠢᠭᠤᠯᠭ᠎ᠠ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ | ᠶᠣᠰᠣᠭᠠᠷ᠂ ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ | ᠪᠠᠶᠢᠭᠤᠯᠤᠮᠵᠢ ᠶᠢᠨ ᠬᠢᠷᠢ ᠬᠡᠮ ᠢ ᠮᠡᠳᠡᠷᠡᠨ ᠵᠥᠪᠰᠢᠶᠡᠷᠡᠬᠦ ᠪᠠ ᠬᠢᠨᠠᠵᠤ ᠬᠠᠮᠢᠶᠠᠷᠬᠤ ᠠᠵᠢᠯ ᠢ ᠲᠤᠰ ᠲᠤᠰ | ᠬᠠᠷᠢᠭᠤᠴᠠᠨ᠎ᠠ᠃ | | | ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ | ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠨᠡᠭᠦᠷᠡᠰᠦᠨ ᠠᠭᠤᠷᠬᠠᠢ ᠶᠢᠨ ᠠᠶᠤᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ | ᠬᠠᠷᠢᠭᠤᠴᠠᠯᠭ᠎ᠠ ᠶᠢᠨ ᠢᠶᠠᠨ ᠶᠣᠰᠣᠭᠠᠷ᠂ ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ | ᠲᠣᠭᠲᠠᠭᠠᠬᠤ ᠪᠠᠶᠢᠭᠤᠯᠤᠮᠵᠢ ᠶᠢᠨ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠬᠢᠨᠠᠨ ᠪᠠᠶᠢᠴᠠᠭᠠᠬᠤ ᠶᠢᠨ ᠬᠠᠮᠲᠤ ᠣᠯᠵᠤ | ᠮᠡᠳᠡᠭᠰᠡᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤᠨᠢ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ | ᠥᠭᠭᠦᠨ᠎ᠡ᠃ | | | ᠳᠥᠷᠪᠡᠳᠦᠭᠡᠷ ᠵᠦᠢᠯ ᠠᠶᠦᠯᠭᠦᠢ ᠪᠠᠶᠢᠳᠠᠯ ᠢ ᠦᠨᠡᠯᠡᠬᠦ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ | ᠪᠠᠶᠢᠭᠤᠯᠤᠮᠵᠢ ᠵᠢᠴᠢ ᠲᠡᠭᠦᠨ ᠤ ᠠᠵᠢᠯᠯᠠᠭᠴᠢᠳ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠂ | ᠪᠠᠷᠢᠮᠵᠢᠶ᠎ᠠ ᠶᠣᠰᠣᠭᠠᠷ᠂ ᠰᠢᠨᠵᠢᠯᠡᠬᠦ ᠤᠬᠠᠭᠠᠨᠴᠢ ᠲᠥᠪ ᠭᠤᠣᠯᠴᠢ᠂ ᠪᠡᠶ᠎ᠡ ᠪᠠᠨ ᠳᠠᠭᠠᠭᠠᠵᠤ ᠪᠤᠰᠤᠳᠴᠢ᠂ ᠠᠶᠤᠯᠭᠦᠢ | ᠪᠥᠭᠡᠳ ᠣᠨᠣᠪᠴᠢᠲᠠᠶ᠂ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠪᠠ ᠠᠵᠢᠯ ᠡᠷᠬᠢᠯᠡᠬᠦ ᠪᠠᠷᠢᠮᠵᠢᠶ᠎ᠠ ᠶᠢ ᠵᠢᠷᠤᠮᠯᠠᠵᠤ᠂ | ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠪᠠ ᠦᠨᠡᠯᠡᠨ ᠰᠢᠯᠭᠠᠵᠤ | ᠰᠢᠨᠵᠢᠯᠡᠭᠡ ᠪᠠᠷ ᠲᠣᠭᠲᠠᠭᠠᠬᠤ ᠠᠵᠢᠯ ᠢ ᠪᠡᠶ᠎ᠡ ᠪᠠᠨ ᠳᠠᠭᠠᠭᠠᠵᠤ ᠥᠷᠨᠢᠭᠦᠯᠬᠦ ᠶᠢᠨ ᠬᠠᠮᠲᠤ ᠲᠡᠭᠦᠨ ᠤ ᠭᠠᠷᠭᠠᠭᠰᠠᠨ | ᠠᠶᠦᠯᠭᠦᠢ ᠪᠠᠶᠢᠳᠠᠯ ᠤᠨ ᠦᠨᠡᠯᠡᠯᠲᠡ ᠪᠠ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠭᠰᠠᠨ ᠦᠷ᠎ᠡ ᠳ᠋ᠦᠩ ᠳᠡᠭᠡᠨ | ᠬᠠᠷᠢᠭᠤᠴᠠᠬᠤ ᠬᠡᠷᠡᠭᠲᠡᠢ᠃ | | | ᠲᠠᠪᠤᠳᠤᠭᠠᠷ ᠵᠦᠢᠯ ᠤᠯᠤᠰ ᠠᠴᠠ ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ | ᠪᠠᠷ ᠲᠣᠭᠲᠠᠭᠠᠬᠤ᠂ ᠪᠠᠶᠢᠴᠠᠭᠠᠨ ᠰᠢᠯᠭᠠᠬᠤ ᠮᠡᠷᠭᠡᠵᠢᠯ ᠤᠨ ᠦᠢᠯᠡᠴᠢᠯᠡᠭᠡ ᠬᠠᠩᠭᠠᠬᠤ ᠠᠵᠢᠯ ᠲᠦᠷᠦᠯ ᠤᠨ ᠵᠣᠬᠢᠶᠠᠨ | ᠪᠠᠶᠢᠭᠤᠯᠤᠯᠲᠠ ᠶᠢ ᠲᠡᠮᠵᠢᠨ ᠬᠥᠭᠵᠢᠭᠦᠯᠵᠦ᠂ ᠬᠤᠯᠪᠣᠭᠳᠠᠯ ᠪᠦᠬᠦᠢ ᠠᠵᠢᠯ ᠲᠦᠷᠦᠯ ᠤᠨ ᠵᠣᠬᠢᠶᠠᠨ | ᠪᠠᠶᠢᠭᠤᠯᠤᠯᠲᠠ ᠶᠢᠨ ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ | ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠢᠲᠡᠭᠡᠮᠵᠢ ᠶᠢ ᠦᠨᠡᠯᠡᠨ ᠲᠣᠭᠲᠠᠭᠠᠬᠤ ᠳᠦᠷᠢᠮ ᠪᠠᠶᠢᠭᠤᠯᠬᠤ ᠶᠢ | ᠵᠣᠷᠢᠭᠵᠢᠭᠤᠯᠵᠤ᠂ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠶᠢ ᠦᠨᠡᠯᠡᠨ ᠲᠣᠭᠲᠠᠭᠠᠬᠤ ᠰᠢᠰᠲ᠋ᠧᠮ ᠢ | ᠲᠡᠭᠦᠯᠳᠡᠷᠵᠢᠭᠦᠯᠦᠨ᠂ ᠮᠡᠷᠭᠡᠵᠢᠯ ᠤᠨ ᠬᠥᠨᠳᠡᠯᠡᠨ ᠠᠴᠠ ᠲᠠᠰᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠠᠵᠢᠯ ᠡᠷᠬᠢᠯᠡᠬᠦ ᠠᠵᠢᠯᠯᠠᠭ᠎ᠠ ᠶᠢ | ᠵᠢᠷᠤᠮᠵᠢᠭᠤᠯᠵᠤ᠂ ᠠᠵᠢᠯ ᠲᠦᠷᠦᠯ ᠤᠨ ᠡᠮᠬᠢ ᠵᠢᠷᠤᠮ ᠢ ᠬᠠᠮᠠᠭᠠᠯᠠᠨ᠎ᠠ᠃ | | | ᠬᠤᠶᠠᠳᠤᠭᠠᠷ ᠪᠦᠯᠦᠭ ᠬᠢᠷᠢ ᠴᠢᠳᠠᠯ ᠢ ᠮᠡᠳᠡᠷᠡᠨ ᠵᠥᠪᠰᠢᠶᠡᠷᠡᠬᠦ | | | ᠵᠢᠷᠭᠤᠳᠤᠭᠠᠷ ᠵᠦᠢᠯ ᠠᠶᠦᠯᠭᠦᠢ ᠶᠢᠨ ᠦᠨᠡᠯᠡᠯᠲᠡ ᠬᠢᠬᠦ ᠪᠠᠶᠢᠭᠤᠯᠤᠮᠵᠢ ᠶᠢᠨ ᠬᠢᠷᠢ ᠴᠢᠳᠠᠯ ᠢ | ᠭᠤᠶᠤᠴᠢᠯᠠᠬᠤ ᠳᠤ ᠳᠣᠣᠷ᠎ᠠ ᠵᠢᠭᠰᠠᠭᠠᠭᠰᠠᠨ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠄ | | | ︵ᠨᠢᠭᠡ︶ ᠪᠡᠶ᠎ᠡ ᠪᠠᠨ ᠳᠠᠭᠠᠭᠠᠭᠰᠠᠨ ᠬᠠᠤᠯᠢ ᠶᠢᠨ ᠬᠥᠮᠥᠨ ᠤ ᠬᠢᠷᠢ ᠬᠡᠮ ᠲᠠᠢ᠂ ᠲᠣᠭᠲᠠᠮᠠᠯ ᠬᠥᠷᠥᠩᠭᠡ ᠨᠢ | ᠨᠠᠢᠮᠠᠨ ᠵᠠᠭᠤᠨ ᠲᠦᠮᠡᠨ ᠲᠥᠭᠦᠷᠢᠭ ᠠᠴᠠ ᠳᠤᠲᠠᠭᠤ ᠦᠭᠡᠢ ᠪᠠᠶᠢᠬᠤ︔ | | | ︵ᠬᠤᠶᠠᠷ︶ ᠠᠵᠢᠯᠯᠠᠬᠤ ᠲᠠᠯᠠᠪᠤᠷ ᠤᠨ ᠪᠠᠷᠢᠯᠭ᠎ᠠ ᠶᠢᠨ ᠲᠠᠯᠠᠪᠠᠶ ᠶᠢ ᠮᠢᠩᠭᠠᠨ ᠲᠡᠭᠰᠢ ᠳᠥᠷᠪᠡᠯᠵᠢᠨ | ᠮᠧᠲᠷ ᠠᠴᠠ ᠳᠤᠲᠠᠭᠤ ᠦᠭᠡᠢ ᠪᠠᠶᠢᠯᠭᠠᠵᠤ᠂ ᠡᠭᠦᠨ ᠳᠤ ᠲᠠᠩᠰᠠ ᠡᠪᠬᠡᠮᠡᠯ ᠤᠨ ᠲᠠᠰᠤᠭ ᠢ ᠵᠠᠭᠤᠨ ᠲᠡᠭᠰᠢ | ᠳᠥᠷᠪᠡᠯᠵᠢᠨ ᠮᠧᠲᠷ ᠠᠴᠠ ᠳᠤᠲᠠᠭᠤ ᠦᠭᠡᠢ ᠪᠠᠶᠢᠯᠭᠠᠵᠤ᠂ ᠪᠡᠯᠡᠳᠬᠡᠮᠵᠢ᠂ ᠲᠥᠬᠦᠭᠡᠷᠦᠮᠵᠢ᠂ ᠵᠥᠭᠡᠯᠡᠨ ᠲᠣᠨᠤᠭ | ᠵᠡᠷᠭᠡ ᠮᠡᠷᠭᠡᠵᠢᠯ ᠤᠨ ᠲᠤᠯᠭᠠᠭᠤᠷᠢᠯᠠᠬᠤ ᠨᠥᠬᠦᠴᠡᠯ ᠨᠢ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ︔ | | | ︵ᠭᠤᠷᠪᠠ︶ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ᠂ ᠠᠶᠤᠯᠲᠠᠢ ᠬᠢᠮᠢ ᠶᠢᠨ ᠪᠣᠳᠠᠰ ᠢ | ᠦᠢᠯᠡᠳᠪᠦᠷᠢᠯᠡᠬᠦ ᠪᠠ ᠬᠠᠳᠠᠭᠠᠯᠠᠬᠤ᠂ ᠬᠤᠸᠠᠷ ᠫᠤᠤᠵᠢᠩ ᠵᠡᠷᠭᠡ ᠲᠤᠬᠠᠶᠢᠯᠠᠭᠰᠠᠨ ᠠᠵᠢᠯ ᠤᠨ ᠬᠦᠷᠢᠶ᠎ᠡ | ᠬᠡᠪᠴᠢᠶ᠎ᠡ ᠶᠢᠨ ᠠᠮᠤᠷ ᠲᠦᠪᠰᠢᠨ ᠤ ᠦᠨᠡᠯᠡᠯᠲᠡ ᠶᠢ ᠡᠭᠦᠷᠭᠡᠯᠡᠬᠦ ᠪᠠᠶᠢᠭᠤᠯᠤᠮᠵᠢ ᠶᠢᠨ ᠲᠤᠰᠬᠠᠢ ᠲᠤᠰᠢᠶᠠᠯᠲᠤ ᠠᠮᠤᠷ | ᠲᠦᠪᠰᠢᠨ ᠤ ᠦᠨᠡᠯᠡᠭᠴᠢ ᠨᠢ ᠲᠣᠰ ᠠᠷᠭ᠎ᠠ ᠳᠤ ᠲᠣᠭᠲᠠᠭᠠᠭᠰᠠᠨ ᠲᠣᠬᠢᠷᠠᠭᠤᠯᠬᠤ ᠪᠠᠷᠢᠮᠵᠢᠶ᠎ᠠ ᠠᠴᠠ ᠳᠣᠣᠷ᠎ᠠ | ᠪᠠᠶᠢᠵᠤ ᠪᠣᠯᠬᠤ ᠦᠭᠡᠢ ︵ᠳᠠᠭᠠᠯᠳᠤᠭᠤᠯᠤᠯ 1︶︔ | | | ︵ᠳᠥᠷᠪᠡ︶ ᠲᠠᠩ ᠭᠠᠭᠴᠠ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠶᠢ ᠡᠭᠦᠷᠭᠡᠯᠡᠵᠦ ᠪᠠᠶᠢᠭ᠎ᠠ | ᠠᠶᠦᠯᠭᠦᠢ ᠪᠠᠶᠢᠳᠠᠯ ᠤᠨ ᠦᠨᠡᠯᠡᠯᠲᠡ ᠶᠢᠨ ᠪᠠᠶᠢᠭᠤᠯᠤᠮᠵᠢ ᠶᠢᠨ ᠠᠶᠦᠯᠭᠦᠢ ᠪᠠᠶᠢᠳᠠᠯ ᠤᠨ ᠲᠤᠰᠬᠠᠢ ᠦᠨᠡᠯᠡᠭᠴᠢ ᠨᠢ | ᠬᠤᠷᠢᠨ ᠲᠠᠪᠤᠨ ᠬᠥᠮᠥᠨ ᠠᠴᠠ ᠳᠤᠲᠠᠭᠤ ᠪᠠᠶᠢᠵᠤ ᠪᠣᠯᠬᠤ ᠦᠭᠡᠢ︔ ᠨᠢᠭᠡ ᠠᠵᠢᠯ ᠲᠥᠷᠥᠯ ︵ᠬᠦᠷᠢᠶ᠎ᠡ ᠴᠠᠷᠠᠭ᠎ᠠ︶ | ᠨᠡᠮᠡᠬᠦ ᠪᠦᠷᠢ᠂ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢᠨ ᠪᠠᠷᠢᠮᠵᠢᠶ᠎ᠠ ᠶᠣᠰᠣᠭᠠᠷ ᠨᠠᠭᠠᠲᠤ ᠵᠠᠬ᠎ᠠ ᠳᠠᠭᠠᠨ | ᠲᠠᠪᠤᠨ ᠲᠤᠰᠬᠠᠢ ᠲᠤᠰᠢᠶᠠᠯᠲᠤ ᠠᠮᠤᠷ ᠲᠦᠪᠰᠢᠨ ᠤ ᠦᠨᠡᠯᠡᠭᠴᠢ ᠨᠡᠮᠡᠨ᠎ᠡ︔ ᠲᠤᠰᠬᠠᠢ ᠲᠤᠰᠢᠶᠠᠯᠲᠤ ᠠᠮᠤᠷ | ᠲᠦᠪᠰᠢᠨ ᠤ ᠦᠨᠡᠯᠡᠭᠴᠢ ᠶᠢᠨ ᠳᠣᠲᠣᠷ᠎ᠠ᠂ ᠨᠢᠭᠡᠳᠦᠭᠡᠷ ᠳᠡᠰ ᠤᠨ ᠠᠮᠤᠷ ᠲᠦᠪᠰᠢᠨ ᠤ ᠦᠨᠡᠯᠡᠭᠴᠢ ᠶᠢᠨ ᠬᠠᠷᠢᠴᠠᠯ ᠢ | ᠵᠠᠭᠤᠨ ᠤ ᠬᠤᠷᠢ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠨᠢᠭᠡᠳᠦᠭᠡᠷ ᠳᠡᠰ ᠪᠠ ᠬᠤᠶᠠᠳᠤᠭᠠᠷ ᠳᠡᠰ ᠤᠨ ᠠᠮᠤᠷ | ᠲᠦᠪᠰᠢᠨ ᠤ ᠦᠨᠡᠯᠡᠭᠴᠢ ᠶᠢᠨ ᠶᠡᠷᠦᠩᠬᠡᠢ ᠲᠣᠭᠠᠨ ᠤ ᠬᠠᠷᠢᠴᠠᠯ ᠢ ᠵᠠᠭᠤᠨ ᠤ ᠲᠠᠪᠢ ᠠᠴᠠ ᠳᠣᠣᠷ᠎ᠠ ᠪᠠᠶᠢᠯᠭᠠᠵᠤ | ᠪᠣᠯᠬᠤ ᠦᠭᠡᠢ ᠮᠥᠷᠲᠡᠭᠡᠨ ᠳᠤᠮᠳᠠ ᠵᠡᠷᠭᠡ ᠶᠢᠨ ᠪᠠ ᠲᠡᠭᠦᠨ ᠠᠴᠠ ᠳᠡᠭᠡᠭᠰᠢᠬᠢ ᠳᠠᠩᠰᠠᠯᠠᠭᠤᠯᠤᠭᠰᠠᠨ ᠠᠮᠤᠷ | ᠲᠦᠪᠰᠢᠨ ᠤ ᠢᠨᠵᠧᠨᠧᠷ ᠤᠨ ᠬᠠᠷᠢᠴᠠᠯ ᠢ ᠵᠠᠭᠤᠨ ᠤ ᠭᠤᠴᠢ ᠠᠴᠠ ᠳᠣᠣᠷ᠎ᠠ ᠪᠠᠶᠢᠯᠭᠠᠵᠤ ᠪᠣᠯᠬᠤ ᠦᠭᠡᠢ︔ | | | ︵ᠲᠠᠪᠤ︶ ᠪᠦᠷᠢᠨ ᠲᠡᠭᠦᠯᠳᠡᠷ ᠳᠣᠲᠣᠭᠠᠳᠤ ᠬᠠᠮᠢᠶᠠᠷᠤᠯᠲᠠ ᠶᠢᠨ ᠳᠦᠷᠢᠮ ᠪᠠ ᠠᠶᠦᠯᠭᠦᠢ ᠪᠠᠶᠢᠳᠠᠯ ᠤᠨ | ᠦᠨᠡᠯᠡᠯᠲᠡ ᠶᠢᠨ ᠶᠠᠪᠤᠴᠠ ᠶᠢ ᠡᠵᠡᠮᠳᠡᠬᠦ ᠰᠢᠰᠲ᠋ᠧᠮ︔ | | | ︵ᠵᠢᠷᠭᠤᠭ᠎ᠠ︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷᠭᠠᠭᠰᠠᠨ ᠠᠶᠦᠯᠭᠦᠢ ᠪᠠᠶᠢᠳᠠᠯ ᠤᠨ | ᠦᠨᠡᠯᠡᠯᠲᠡ ᠶᠢᠨ ᠬᠠᠤᠯᠢ ᠶᠢᠨ ᠬᠠᠷᠢᠭᠤᠴᠠᠯᠭ᠎ᠠ᠂ ᠡᠭᠦᠷᠭᠡ᠂ ᠡᠷᠬᠡ ᠪᠠ ᠠᠶᠤᠯ ᠡᠷᠡᠰᠳᠡᠯ ᠤᠨ ᠠᠮᠠᠯᠠᠯᠲᠠ ᠶᠢᠨ ᠪᠢᠴᠢᠭ | ︔ | | | ︵ᠳᠣᠯᠤᠭ᠎ᠠ︶ ᠲᠤᠰᠬᠠᠢ ᠲᠤᠰᠢᠶᠠᠯᠲᠤ ᠮᠡᠷᠭᠡᠵᠢᠯ ᠤᠨ ᠬᠠᠷᠢᠭᠤᠴᠠᠯᠭᠠᠲᠠᠨ ᠪᠠ ᠶᠠᠪᠤᠴᠠ ᠶᠢ ᠡᠵᠡᠮᠳᠡᠬᠦ | ᠬᠠᠷᠢᠭᠤᠴᠠᠯᠭᠠᠲᠠᠨ ᠢ ᠲᠣᠬᠢᠷᠠᠭᠤᠯᠤᠨ᠎ᠠ︔ ᠲᠤᠰᠬᠠᠢ ᠲᠤᠰᠢᠶᠠᠯᠲᠤ ᠮᠡᠷᠭᠡᠵᠢᠯ ᠤᠨ ᠬᠠᠷᠢᠭᠤᠴᠠᠯᠭᠠᠲᠠᠨ ᠳᠤ ᠨᠢᠭᠡᠳᠦᠭᠡᠷ | ᠳᠡᠰ ᠤᠨ ᠠᠮᠤᠷ ᠲᠦᠪᠰᠢᠨ ᠤ ᠦᠨᠡᠯᠡᠭᠴᠢ ᠶᠢᠨ ᠠᠵᠢᠯ ᠮᠡᠷᠭᠡᠵᠢᠯ ᠤᠨ ᠬᠢᠷᠢ ᠬᠡᠮ ᠲᠠᠢ ᠪᠥᠭᠡᠳ ᠥᠷᠨᠢᠭᠦᠯᠵᠦ | ᠪᠠᠶᠢᠭ᠎ᠠ ᠲᠤᠬᠠᠶᠢᠯᠠᠭᠰᠠᠨ ᠠᠵᠢᠯ ᠲᠠᠢ ᠪᠠᠨ ᠵᠣᠬᠢᠴᠠᠯᠳᠤᠭᠰᠠᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ | ᠴᠣᠯᠠ ᠲᠠᠢ ᠪᠠᠶᠢᠵᠤ᠂ ᠲᠣᠰ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠠᠭᠠᠨ ᠨᠠᠢᠮᠠᠨ ᠵᠢᠯ ᠠᠴᠠ ᠳᠡᠭᠡᠭᠰᠢ | ᠠᠵᠢᠯᠯᠠᠭᠰᠠᠨ ᠪᠠᠶᠢᠬᠤ ᠬᠡᠷᠡᠭᠲᠡᠢ︔ ᠲᠤᠰᠬᠠᠢ ᠶᠠᠪᠤᠴᠠ ᠶᠢ ᠡᠵᠡᠮᠳᠡᠬᠦ ᠬᠠᠷᠢᠭᠤᠴᠠᠯᠭᠠᠲᠠᠨ ᠨᠢ ᠠᠮᠤᠷ ᠲᠦᠪᠰᠢᠨ ᠤ | ᠦᠨᠡᠯᠡᠭᠴᠢ ᠶᠢᠨ ᠠᠵᠢᠯ ᠮᠡᠷᠭᠡᠵᠢᠯ ᠤᠨ ᠬᠢᠷᠢ ᠬᠡᠮ ᠲᠠᠢ ᠪᠠᠶᠢᠬᠤ ᠬᠡᠷᠡᠭᠲᠡᠢ︔ | | | ︵ᠨᠠᠢᠮᠠ︶ ᠬᠡᠪ ᠤᠨ ᠶᠣᠰᠣᠭᠠᠷ ᠠᠵᠢᠯᠯᠠᠵᠤ ᠪᠠᠶᠢᠭ᠎ᠠ ᠪᠥᠭᠡᠳ ᠤᠯᠠᠨ ᠨᠡᠶᠢᠲᠡ ᠠᠴᠠ ᠪᠠᠶᠢᠭᠤᠯᠤᠮᠵᠢ ᠶᠢᠨ | ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤ ᠬᠠᠩᠭᠠᠵᠤ ᠪᠣᠯᠬᠤ ᠰᠦᠯᠵᠢᠶᠡᠨ ᠥᠷᠳᠡᠭᠡ︔ | | | ︵ᠶᠢᠰᠦ︶ ᠭᠤᠶᠤᠴᠢᠯᠠᠭᠰᠠᠨ ᠡᠳᠦᠷ ᠪᠣᠯᠲᠠᠯ᠎ᠠ ᠭᠤᠷᠪᠠᠨ ᠵᠢᠯ ᠤᠨ ᠳᠣᠲᠣᠷ᠎ᠠ ᠬᠠᠤᠯᠢ ᠠᠴᠠ ᠵᠥᠷᠢᠴᠡᠵᠦ | ᠢᠲᠡᠭᠡᠯ ᠢᠶᠠᠨ ᠬᠦᠨᠳᠦ ᠨᠣᠴᠢᠲᠠᠢ ᠠᠯᠳᠠᠭᠰᠠᠨ ᠲᠡᠮᠳᠡᠭᠯᠡᠯ ᠪᠠᠶᠢᠬᠤ ᠦᠭᠡᠢ︔ | | | ︵ᠠᠷᠪᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ | ᠨᠥᠬᠦᠴᠡᠯ ᠤᠳ᠃ | | | ᠳᠣᠯᠣᠳᠤᠭᠠᠷ ᠵᠦᠢᠯ ᠠᠶᠦᠯᠭᠦᠢ ᠦᠢᠯᠡᠳᠪᠦᠷᠢᠯᠡᠯ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ | ᠴᠢᠳᠠᠯ ᠢ ᠭᠤᠶᠤᠴᠢᠯᠠᠬᠤ ᠳᠤ ᠳᠣᠣᠷ᠎ᠠ ᠵᠢᠭᠰᠠᠭᠠᠭᠰᠠᠨ ᠨᠥᠬᠦᠴᠡᠯ ᠤᠳ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠄ | | | ︵ᠨᠢᠭᠡ︶ ᠪᠡᠶ᠎ᠡ ᠪᠠᠨ ᠳᠠᠭᠠᠭᠠᠭᠰᠠᠨ ᠬᠠᠤᠯᠢ ᠶᠢᠨ ᠬᠥᠮᠥᠨ ᠤ ᠬᠢᠷᠢ ᠬᠡᠮ᠂ ᠲᠣᠭᠲᠠᠮᠠᠯ ᠬᠥᠷᠥᠩᠭᠡ ᠨᠢ | ᠮᠢᠩᠭᠠᠨ ᠲᠦᠮᠡᠨ ᠲᠥᠭᠦᠷᠢᠭ ᠠᠴᠠ ᠳᠤᠲᠠᠭᠤ ᠦᠭᠡᠢ ᠪᠠᠶᠢᠬᠤ︔ | | | ︵ᠬᠤᠶᠠᠷ︶ ᠠᠵᠢᠯᠯᠠᠬᠤ ᠲᠠᠯᠠᠪᠤᠷ ᠤᠨ ᠪᠠᠷᠢᠯᠭ᠎ᠠ ᠶᠢᠨ ᠲᠠᠯᠠᠪᠠᠢ ᠶᠢ ᠮᠢᠩᠭᠠᠨ ᠲᠡᠭᠰᠢ ᠳᠥᠷᠪᠡᠯᠵᠢᠨ | ᠮᠧᠲᠷ ᠠᠴᠠ ᠳᠤᠲᠠᠭᠤ ᠦᠭᠡᠢ ᠪᠠᠶᠢᠯᠭᠠᠵᠤ᠂ ᠠᠶᠤᠯᠭᠦᠢ ᠦᠢᠯᠡᠳᠪᠦᠷᠢᠯᠡᠯ ᠢ ᠦᠨᠡᠯᠡᠨ ᠰᠢᠯᠭᠠᠵᠤ ᠰᠢᠨᠵᠢᠯᠡᠭᠡ ᠪᠠᠷ | ᠲᠣᠭᠲᠠᠭᠠᠬᠤ ᠳᠤ ᠵᠣᠬᠢᠴᠠᠭᠰᠠᠨ ᠲᠥᠬᠦᠭᠡᠷᠦᠮᠵᠢ᠂ ᠲᠥᠬᠦᠭᠡᠷᠦᠮᠵᠢ ᠪᠠ ᠣᠷᠴᠢᠨ ᠠᠬᠤᠢ ᠲᠠᠢ ᠪᠠᠶᠢᠵᠤ᠂ ᠦᠨᠡᠯᠡᠨ | ᠰᠢᠯᠭᠠᠵᠤ ᠰᠢᠨᠵᠢᠯᠡᠭᠡ ᠪᠠᠷ ᠲᠣᠭᠲᠠᠭᠠᠬᠤ ᠲᠥᠬᠦᠭᠡᠷᠦᠮᠵᠢ᠂ ᠲᠥᠬᠦᠭᠡᠷᠦᠮᠵᠢ ᠶᠢᠨ ᠤᠤᠯ ᠤᠨ ᠦᠷᠳᠡᠭ ᠢ ᠨᠠᠢᠮᠠᠨ | ᠵᠠᠭᠤᠨ ᠲᠦᠮᠡᠨ ᠲᠥᠭᠦᠷᠢᠭ ᠠᠴᠠ ᠳᠤᠲᠠᠭᠤ ᠦᠭᠡᠢ ᠪᠠᠶᠢᠯᠭᠠᠬᠤ︔ | | | ︵ᠭᠤᠷᠪᠠ︶ ᠲᠠᠩ ᠭᠠᠭᠴᠠ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠶᠢ ᠡᠭᠦᠷᠭᠡᠯᠡᠵᠦ ᠪᠠᠶᠢᠭ᠎ᠠ | ᠠᠶᠤᠯᠭᠦᠢ ᠦᠢᠯᠡᠳᠪᠦᠷᠢᠯᠡᠯ ᠤᠨ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠪᠠᠶᠢᠭᠤᠯᠤᠮᠵᠢ ᠶᠢᠨ ᠲᠤᠰᠬᠠᠢ | ᠮᠡᠷᠭᠡᠵᠢᠯ ᠤᠨ ᠠᠵᠢᠯᠲᠠᠨ ᠨᠢ ᠬᠤᠷᠢᠨ ᠲᠠᠪᠤᠨ ᠬᠥᠮᠥᠨ ᠠᠴᠠ ᠳᠤᠲᠠᠭᠤ ᠪᠠᠶᠢᠵᠤ ᠪᠣᠯᠬᠤ ᠦᠭᠡᠢ︔ ᠨᠢᠭᠡ ᠠᠵᠢᠯ | ᠲᠦᠷᠦᠯ ︵ᠬᠦᠷᠢᠶ᠎ᠡ ᠬᠡᠪᠴᠢᠶ᠎ᠡ︶ ᠨᠡᠮᠡᠬᠦ ᠪᠦᠷᠢ ᠳᠤ ᠲᠤᠰᠬᠠᠢ ᠮᠡᠷᠭᠡᠵᠢᠯ ᠤᠨ ᠠᠵᠢᠯᠲᠠᠨ ᠢ ᠠᠳᠠᠭ ᠲᠠᠭᠠᠨ ᠲᠠᠪᠤᠨ | ᠬᠥᠮᠥᠨ ᠨᠡᠮᠡᠭᠳᠡᠭᠦᠯᠦᠨ᠎ᠡ︔ ᠲᠤᠰᠬᠠᠢ ᠮᠡᠷᠭᠡᠵᠢᠯ ᠤᠨ ᠠᠵᠢᠯᠲᠠᠨ ᠤ ᠳᠤᠮᠳᠠ᠂ ᠳᠤᠮᠳᠠ ᠵᠡᠷᠭᠡ ᠶᠢᠨ ᠪᠠ | ᠲᠡᠭᠦᠨ ᠠᠴᠠ ᠳᠡᠭᠡᠭᠰᠢᠬᠢ ᠳᠠᠩᠰᠠᠯᠠᠭᠤᠯᠤᠭᠰᠠᠨ ᠠᠮᠤᠷ ᠲᠦᠪᠰᠢᠨ ᠤ ᠢᠨᠵᠧᠨᠧᠷ ᠤᠨ ᠬᠠᠷᠢᠴᠠᠯ ᠢ ᠵᠠᠭᠤᠨ ᠤ ᠭᠤᠴᠢ | ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠳᠤᠮᠳᠠ ᠵᠡᠷᠭᠡ ᠶᠢᠨ ᠪᠠ ᠲᠡᠭᠦᠨ ᠠᠴᠠ ᠳᠡᠭᠡᠭᠰᠢᠬᠢ ᠮᠡᠷᠭᠡᠵᠢᠯ ᠤᠨ | ᠴᠣᠯᠠ ᠶᠢᠨ ᠬᠠᠷᠢᠴᠠᠯ ᠢ ᠵᠠᠭᠤᠨ ᠤ ᠲᠠᠪᠢ ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠮᠥᠷᠲᠡᠭᠡᠨ ᠳᠡᠭᠡᠳᠦ | ᠵᠡᠷᠭᠡ ᠶᠢᠨ ᠮᠡᠷᠭᠡᠵᠢᠯ ᠤᠨ ᠴᠣᠯᠠ ᠲᠠᠢ ᠠᠵᠢᠯᠲᠠᠨ ᠤ ᠬᠠᠷᠢᠴᠠᠯ ᠢ ᠵᠠᠭᠤᠨ ᠤ ᠬᠤᠷᠢᠨ ᠲᠠᠪᠤ ᠠᠴᠠ ᠳᠣᠣᠷ᠎ᠠ | ᠪᠠᠶᠢᠯᠭᠠᠵᠤ ᠪᠣᠯᠬᠤ ᠦᠭᠡᠢ︔ | | | ︵ᠳᠥᠷᠪᠡ︶ ᠲᠤᠰᠬᠠᠢ ᠮᠡᠷᠭᠡᠵᠢᠯ ᠤᠨ ᠠᠵᠢᠯᠲᠠᠨ ᠠᠶᠤᠯᠭᠦᠢ ᠦᠢᠯᠡᠳᠪᠦᠷᠢᠯᠡᠯ ᠤᠨ ᠦᠨᠡᠯᠡᠨ ᠰᠢᠯᠭᠠᠵᠤ | ᠰᠢᠨᠵᠢᠯᠡᠭᠡ ᠪᠠᠷ ᠲᠣᠭᠲᠠᠭᠠᠬᠤ ᠶᠢ ᠡᠭᠦᠷᠭᠡᠯᠡᠬᠦ ᠯᠦᠭᠡ ᠵᠣᠬᠢᠴᠠᠯᠳᠤᠭᠰᠠᠨ ᠲᠤᠰᠬᠠᠢ ᠮᠡᠷᠭᠡᠵᠢᠯ ᠤᠨ ᠤᠷ᠎ᠠ | ᠴᠢᠳᠠᠪᠤᠷᠢ ᠲᠠᠢ ᠪᠠᠶᠢᠬᠤ ᠵᠢᠴᠢ ᠲᠤᠰ ᠠᠵᠢᠯ ᠲᠦᠷᠦᠯ ᠤᠨ ᠬᠦᠷᠢᠶ᠎ᠡ ᠬᠡᠪᠴᠢᠶᠡᠨ ᠳᠡᠭᠡᠨ ᠬᠤᠶᠠᠷ ᠵᠢᠯ ᠠᠴᠠ ᠳᠡᠭᠡᠭᠰᠢ | ᠠᠵᠢᠯᠯᠠᠭᠰᠠᠨ ᠪᠠᠶᠢᠬᠤ︔ | | | ︵ᠲᠠᠪᠤ︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠠᠴᠠ ᠠᠶᠤᠯᠭᠦᠢ ᠦᠢᠯᠡᠳᠪᠦᠷᠢᠯᠡᠯ ᠢ ᠪᠠᠶᠢᠴᠠᠭᠠᠨ | ᠰᠢᠯᠭᠠᠵᠤ ᠪᠠᠶᠢᠴᠠᠭᠠᠨ ᠦᠵᠡᠬᠦ ᠠᠵᠢᠯ ᠤᠨ ᠬᠠᠤᠯᠢ ᠶᠢᠨ ᠬᠠᠷᠢᠭᠤᠴᠠᠯᠭ᠎ᠠ᠂ ᠡᠭᠦᠷᠭᠡ᠂ ᠡᠷᠬᠡ ᠪᠠ ᠡᠷᠡᠰᠳᠡᠯ ᠢ ᠮᠡᠳᠡᠬᠦ | ᠪᠥᠭᠡᠳ ᠡᠭᠦᠷᠭᠡᠯᠡᠬᠦ ᠠᠮᠠᠯᠠᠯᠲᠠ ᠶᠢᠨ ᠪᠢᠴᠢᠭ ᠭᠠᠷᠭᠠᠵᠤ ᠥᠭᠬᠦ︔ | | | ︵ᠵᠢᠷᠭᠤᠭ᠎ᠠ︶ ᠠᠶᠤᠯᠭᠦᠢ ᠦᠢᠯᠡᠳᠪᠦᠷᠢᠯᠡᠯ ᠤᠨ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ | ᠠᠵᠢᠯ ᠢ ᠡᠷᠬᠢᠯᠡᠵᠦ ᠪᠠᠶᠢᠭ᠎ᠠ ᠬᠠᠷᠢᠭᠤᠴᠠᠯᠭᠠᠲᠠᠨ᠂ ᠮᠡᠷᠭᠡᠵᠢᠯ ᠤᠨ ᠬᠠᠷᠢᠭᠤᠴᠠᠯᠭᠠᠲᠠᠨ᠂ ᠴᠢᠨᠠᠷ ᠴᠢᠨᠰᠠᠭ᠎ᠠ ᠶᠢᠨ | ᠬᠠᠷᠢᠭᠤᠴᠠᠯᠭᠠᠲᠠᠨ ᠳᠤ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ᠂ ᠲᠤᠰ ᠠᠵᠢᠯ ᠲᠦᠷᠦᠯ ᠤᠨ | ᠬᠦᠷᠢᠶᠡᠨ ᠳᠡᠭᠡᠨ ᠨᠠᠢᠮᠠᠨ ᠵᠢᠯ ᠠᠴᠠ ᠳᠡᠭᠡᠭᠰᠢ ᠠᠵᠢᠯᠯᠠᠭᠰᠠᠨ︔ | | | ︵ᠲᠤᠯᠤᠭ᠎ᠠ︶ ᠠᠶᠤᠯᠭᠦᠢ ᠦᠢᠯᠡᠳᠪᠦᠷᠢᠯᠡᠯ ᠤᠨ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ | ᠪᠠᠶᠢᠭᠤᠯᠤᠮᠵᠢ ᠶᠢᠨ ᠴᠢᠳᠠᠪᠤᠷᠢ ᠶᠢᠨ ᠨᠡᠶᠢᠳᠡᠮ ᠬᠡᠷᠡᠭᠯᠡᠬᠦ ᠱᠠᠭᠠᠷᠳᠠᠯᠭ᠎ᠠ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠪᠣᠯᠣᠨ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠪᠢᠴᠢᠭ ᠮᠠᠲ᠋ᠧᠷᠢᠶᠠᠯᠴᠢᠯᠠᠭᠰᠠᠨ | ᠬᠠᠮᠢᠶᠠᠷᠤᠯᠲᠠ ᠶᠢᠨ ᠰᠢᠰᠲ᠋ᠧᠮᠵᠢ ᠳᠤ ᠨᠡᠶᠢᠴᠡᠭᠰᠡᠨ ᠪᠠᠶᠢᠬᠤ︔ | | | ︵ᠨᠠᠢᠮᠠ︶ ᠬᠡᠪ ᠤᠨ ᠶᠣᠰᠣᠭᠠᠷ ᠠᠵᠢᠯᠯᠠᠵᠤ ᠪᠠᠶᠢᠭ᠎ᠠ ᠪᠥᠭᠡᠳ ᠤᠯᠠᠨ ᠨᠡᠶᠢᠲᠡ ᠠᠴᠠ ᠪᠠᠶᠢᠭᠤᠯᠤᠮᠵᠢ ᠶᠢᠨ | ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤ ᠬᠠᠩᠭᠠᠵᠤ ᠪᠣᠯᠬᠤ ᠰᠦᠯᠵᠢᠶᠡᠨ ᠥᠷᠳᠡᠭᠡ︔ | | | ︵ᠶᠢᠰᠦ︶ ᠭᠤᠶᠤᠴᠢᠯᠠᠭᠰᠠᠨ ᠡᠳᠦᠷ ᠪᠣᠯᠲᠠᠯ᠎ᠠ ᠭᠤᠷᠪᠠᠨ ᠵᠢᠯ ᠤᠨ ᠳᠣᠲᠣᠷ᠎ᠠ ᠬᠠᠤᠯᠢ ᠠᠴᠠ ᠵᠥᠷᠢᠴᠡᠵᠦ | ᠢᠲᠡᠭᠡᠯ ᠢᠶᠠᠨ ᠬᠦᠨᠳᠦ ᠨᠣᠴᠢᠲᠠᠢ ᠠᠯᠳᠠᠭᠰᠠᠨ ᠲᠡᠮᠳᠡᠭᠯᠡᠯ ᠪᠠᠶᠢᠬᠤ ᠦᠭᠡᠢ︔ | | | ︵ᠠᠷᠪᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ | ᠨᠥᠬᠦᠴᠡᠯ ᠤᠳ᠃ | | | ᠨᠠᠢᠮᠠᠳᠤᠭᠠᠷ ᠵᠦᠢᠯ ᠳᠣᠣᠷ᠎ᠠ ᠵᠢᠭᠰᠠᠭᠠᠭᠰᠠᠨ ᠪᠠᠶᠢᠭᠤᠯᠤᠮᠵᠢ ᠨᠤᠭᠤᠳ ᠠᠶᠦᠯᠭᠦᠢ ᠪᠠᠶᠢᠳᠠᠯ ᠤᠨ ᠲᠠᠯ᠎ᠠ | ᠪᠠᠷ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠪᠠᠶᠢᠭᠤᠯᠤᠮᠵᠢ ᠶᠢᠨ ᠬᠢᠷᠢ ᠴᠢᠳᠠᠯ ᠢ ᠭᠤᠶᠤᠴᠢᠯᠠᠵᠤ ᠪᠣᠯᠬᠤ | ᠦᠭᠡᠢ᠄ | | | ︵ᠨᠢᠭᠡ︶ ᠲᠤᠰ ᠠᠷᠭ᠎ᠠ ᠶᠢᠨ ᠭᠤᠷᠪᠠᠳᠤᠭᠠᠷ ᠵᠦᠢᠯ ᠳᠤ ᠲᠣᠭᠲᠠᠭᠠᠭᠰᠠᠨ ᠰᠠᠯᠠᠭ᠎ᠠ ᠮᠥᠴᠢᠷ ᠲᠤ | ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠢ ᠵᠢᠴᠢ ᠲᠡᠭᠦᠨ ᠤ ᠪᠡᠯᠡ ᠭᠠᠷᠭᠠᠵᠤ ᠪᠠᠶᠢᠭᠤᠯᠤᠭᠰᠠᠨ ᠠᠵᠤ ᠠᠬᠤᠶᠢᠯᠠᠯ | ᠬᠠᠤᠯᠢ ᠶᠢᠨ ᠬᠥᠮᠥᠨ︔ | | | ︵ᠬᠤᠶᠠᠷ︶ ᠲᠤᠰ ᠠᠷᠭ᠎ᠠ ᠶᠢᠨ ᠭᠤᠷᠪᠠᠳᠤᠭᠠᠷ ᠵᠦᠢᠯ ᠳᠤ ᠲᠣᠭᠲᠠᠭᠠᠭᠰᠠᠨ ᠰᠠᠯᠠᠭ᠎ᠠ ᠮᠥᠴᠢᠷ ᠤᠨ | ᠡᠷᠬᠢᠯᠡᠨ ᠬᠠᠮᠢᠶᠠᠷᠴᠤ ᠪᠠᠶᠢᠭ᠎ᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠪᠡᠯᠡ ᠭᠠᠷᠭᠠᠵᠤ | ᠪᠠᠶᠢᠭᠤᠯᠤᠭᠰᠠᠨ ᠠᠵᠤ ᠠᠬᠤᠶᠢᠯᠠᠯ ᠬᠠᠤᠯᠢ ᠶᠢᠨ ᠬᠥᠮᠥᠨ︔ | | | ︵ᠭᠤᠷᠪᠠ︶ ᠲᠤᠰ ᠵᠦᠢᠯ ᠤᠨ ᠨᠢᠭᠡᠳᠦᠭᠡᠷ ᠵᠤᠷᠪᠤᠰ᠂ ᠬᠤᠶᠠᠳᠤᠭᠠᠷ ᠵᠤᠷᠪᠤᠰ ᠲᠠᠬᠢ ᠠᠵᠤ ᠠᠬᠤᠶᠢᠯᠠᠯ ᠤᠨ | ᠬᠠᠤᠯᠢ ᠶᠢᠨ ᠬᠥᠮᠥᠨ ᠤ ᠪᠡᠯᠡ ᠭᠠᠷᠭᠠᠵᠤ ᠪᠠᠶᠢᠭᠤᠯᠤᠭᠰᠠᠨ ︵ᠬᠤᠪᠢ ᠡᠵᠡᠮᠳᠡᠭᠰᠡᠨ᠂ ᠬᠤᠪᠢ ᠣᠷᠣᠭᠤᠯᠤᠭᠰᠠᠨ | ᠪᠠᠭᠲᠠᠨ᠎ᠠ︶ ᠠᠵᠤ ᠠᠬᠤᠶᠢᠯᠠᠯ ᠤᠨ ᠬᠠᠤᠯᠢ ᠶᠢᠨ ᠬᠥᠮᠥᠨ᠃ | | | ᠶᠢᠰᠦᠳᠦᠭᠡᠷ ᠵᠦᠢᠯ ᠲᠣᠰ ᠠᠷᠭ᠎ᠠ ᠶᠢᠨ ᠵᠢᠷᠭᠤᠳᠤᠭᠠᠷ ᠵᠦᠢᠯ ᠂ ᠳᠣᠯᠣᠳᠤᠭᠠᠷ ᠵᠦᠢᠯ ᠳᠤ | ᠲᠣᠭᠲᠠᠭᠠᠭᠰᠠᠨ ᠨᠥᠬᠦᠴᠡᠯ ᠳᠤ ᠨᠡᠶᠢᠴᠡᠬᠦ ᠭᠤᠶᠤᠴᠢᠯᠠᠭᠴᠢ ᠨᠢ ᠠᠮᠤᠷ ᠲᠦᠪᠰᠢᠨ ᠤ ᠦᠨᠡᠯᠡᠯᠲᠡ ᠶᠢᠨ ᠪᠠᠶᠢᠴᠠᠭᠠᠨ | ᠰᠢᠯᠭᠠᠬᠤ ᠪᠠᠶᠢᠭᠤᠯᠤᠮᠵᠢ ᠶᠢᠨ ᠬᠢᠷᠢ ᠴᠢᠳᠠᠮᠵᠢ ᠶᠢ ᠭᠤᠶᠤᠴᠢᠯᠠᠬᠤ ᠳᠤ ᠭᠦᠷᠪᠡᠯ᠂ ᠭᠤᠶᠤᠴᠢᠯᠠᠭᠰᠠᠨ | ᠮᠠᠲ᠋ᠧᠷᠢᠶᠠᠯ ᠢᠶᠠᠨ ᠲᠡᠭᠦᠨ ᠤ ᠳᠠᠩᠰᠠᠯᠠᠭᠤᠯᠤᠭᠰᠠᠨ ᠭᠠᠵᠠᠷ ᠤᠨ ᠬᠢᠷᠢ ᠴᠢᠳᠠᠮᠵᠢ ᠶᠢ ᠮᠡᠳᠡᠷᠡᠨ ᠵᠥᠪᠰᠢᠶᠡᠷᠡᠬᠦ | ᠪᠠᠶᠢᠭᠤᠯᠭ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃ | | | ᠭᠤᠶᠤᠴᠢᠯᠠᠬᠤ ᠮᠠᠲ᠋ᠧᠷᠢᠶᠠᠯ ᠤᠨ ᠲᠣᠳᠣᠷᠬᠠᠢ ᠵᠢᠭᠰᠠᠭᠠᠯᠲᠠ ᠶᠢᠨ ᠭᠠᠷᠴᠠᠭ ᠢ ᠲᠦᠷᠦ ᠶᠢᠨ ᠶᠠᠪᠤᠳᠠᠯ ᠤᠨ | ᠬᠤᠷᠢᠶᠠᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ | | | ᠠᠷᠪᠠᠳᠤᠭᠠᠷ ᠵᠦᠢᠯ ᠬᠢᠷᠢ ᠴᠢᠳᠠᠯ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠭᠤᠶᠤᠴᠢᠯᠠᠯ ᠤᠨ | ᠮᠠᠲ᠋ᠧᠷᠢᠶᠠᠯ ᠢ ᠣᠯᠣᠭᠰᠠᠨ ᠡᠳᠦᠷ ᠠᠴᠠ ᠡᠬᠢᠯᠡᠨ ᠲᠠᠪᠤᠨ ᠠᠵᠢᠯ ᠤᠨ ᠡᠳᠦᠷ ᠤᠨ ᠳᠣᠲᠣᠷ᠎ᠠ᠂ ᠮᠠᠲ᠋ᠧᠷᠢᠶᠠᠯ ᠨᠢ | ᠪᠦᠷᠢᠨ ᠭᠦᠢᠴᠡᠳ᠂ ᠲᠣᠭᠲᠠᠭᠠᠭᠰᠠᠨ ᠬᠡᠯᠪᠡᠷᠢ ᠳᠤ ᠨᠡᠶᠢᠴᠡᠭᠰᠡᠨ ᠭᠤᠶᠤᠴᠢᠯᠠᠯ ᠢ ᠭᠥᠯᠢᠶᠡᠨ ᠠᠪᠴᠤ | ᠰᠢᠢᠳᠪᠦᠷᠢᠯᠡᠬᠦ ᠶᠢᠨ ᠬᠠᠮᠲᠤ ᠭᠥᠯᠢᠶᠡᠨ ᠠᠪᠴᠤ ᠰᠢᠢᠳᠪᠦᠷᠢᠯᠡᠬᠦ ᠪᠢᠴᠢᠭ ᠤᠨ ᠪᠢᠴᠢᠭ ᠬᠠᠷ᠎ᠠ ᠭᠠᠷᠭᠠᠵᠤ ᠥᠭᠬᠦ | ᠬᠡᠷᠡᠭᠲᠡᠢ︔ ᠮᠠᠲ᠋ᠧᠷᠢᠶᠠᠯ ᠨᠢ ᠪᠦᠷᠢᠨ ᠪᠤᠰᠤ ᠪᠤᠶᠤ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠦᠭᠡᠢ ᠪᠠᠶᠢᠪᠠᠯ᠂ | ᠨᠥᠬᠦᠪᠦᠷᠢᠯᠡᠨ ᠵᠠᠯᠠᠷᠠᠭᠤᠯᠬᠤ ᠴᠢᠬᠤᠯᠠᠲᠠᠢ ᠪᠥᠬᠦ ᠠᠭᠤᠯᠭ᠎ᠠ ᠶᠢ ᠲᠤᠬᠠᠢ ᠶᠢᠨ ᠲᠠᠯᠠᠪᠤᠷ ᠲᠤᠨᠢ ᠪᠤᠶᠤ ᠲᠠᠪᠤᠨ | ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠴᠢ ᠳᠤ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠮᠡᠳᠡᠭᠳᠡᠬᠦ ᠬᠡᠷᠡᠭᠲᠡᠢ | ︔ ᠭᠥᠯᠢᠶᠡᠨ ᠠᠪᠴᠤ ᠰᠢᠢᠳᠪᠦᠷᠢᠯᠡᠬᠦ ᠦᠭᠡᠢ ᠪᠣᠯ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠶᠢᠨ ᠬᠠᠮᠲᠤ | ᠪᠢᠴᠢᠭ ᠤᠨ ᠭᠡᠷᠡᠴᠢ ᠪᠠᠷᠢᠮᠲᠠ ᠬᠢᠵᠦ ᠥᠭᠬᠦ ᠬᠡᠷᠡᠭᠲᠡᠢ᠃ | | | ᠠᠷᠪᠠᠨ ᠨᠢᠭᠡᠳᠦᠭᠡᠷ ᠵᠦᠢᠯ ᠬᠢᠷᠢ ᠴᠢᠳᠠᠯ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠨᠢ ᠭᠥᠯᠢᠶᠡᠨ | ᠠᠪᠤᠭᠰᠠᠨ ᠡᠳᠦᠷ ᠠᠴᠠ ᠡᠬᠢᠯᠡᠨ ᠬᠤᠷᠢᠨ ᠠᠵᠢᠯ ᠤᠨ ᠡᠳᠦᠷ ᠤᠨ ᠳᠣᠲᠣᠷ᠎ᠠ᠂ ᠬᠢᠨᠠᠨ ᠪᠠᠶᠢᠴᠠᠭᠠᠭᠠᠳ ᠬᠢᠷᠢ | ᠲᠡᠩᠴᠡᠭᠰᠡᠨ ᠢ ᠨᠢ ᠲᠤᠰ ᠰᠠᠯᠠᠭ᠎ᠠ ᠮᠥᠴᠢᠷ ᠤᠨ ᠰᠦᠯᠵᠢᠶᠡᠨ ᠦᠷᠳᠡᠭᠡ ᠳᠡᠭᠡᠨ ᠵᠠᠷᠯᠠᠨ ᠨᠡᠶᠢᠲᠡᠯᠡᠵᠦ᠂ ᠬᠤᠯᠪᠣᠭᠳᠠᠯ | ᠪᠦᠬᠦᠢ ᠮᠡᠳᠡᠭᠡ ᠵᠠᠩᠭᠢ ᠶᠢ ᠢᠯᠡ ᠪᠣᠯᠭᠠᠵᠤ᠂ ᠬᠢᠷᠢ ᠴᠢᠳᠠᠯ ᠤᠨ ᠦᠨᠡᠮᠯᠡᠯ ᠣᠯᠭᠤᠬᠤ ᠶᠢᠨ ᠬᠠᠮᠲᠤ ᠬᠤᠯᠪᠣᠭᠳᠠᠯ | ᠪᠦᠬᠦᠢ ᠮᠡᠳᠡᠭᠡ ᠵᠠᠩᠭᠢ ᠶᠢ ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ | ᠪᠠᠶᠢᠭᠤᠯᠤᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠰᠢᠰᠲ᠋ᠧᠮ ᠳᠤ ᠣᠷᠣᠭᠤᠯᠬᠤ ᠬᠡᠷᠡᠭᠲᠡᠢ︔ ᠬᠢᠨᠠᠨ | ᠪᠠᠶᠢᠴᠠᠭᠠᠭᠠᠳ ᠬᠢᠷᠢ ᠲᠡᠩᠴᠡᠭᠰᠡᠨ ᠦᠭᠡᠢ ᠪᠠᠶᠢᠪᠠᠯ᠂ ᠬᠢᠷᠢ ᠴᠢᠳᠠᠯ ᠤᠨ ᠦᠨᠡᠮᠯᠡᠯ ᠣᠯᠭᠤᠬᠤ ᠦᠭᠡᠢ᠂ ᠤᠴᠢᠷ | ᠰᠢᠯᠲᠠᠭᠠᠨ ᠢᠶᠠᠨ ᠲᠣᠳᠣᠷᠬᠠᠶᠢᠯᠠᠬᠤ ᠶᠢᠨ ᠬᠠᠮᠲᠤ ᠪᠢᠴᠢᠭ ᠤᠨ ᠭᠡᠷᠡᠴᠢ ᠪᠠᠷᠢᠮᠲᠠ ᠬᠢᠵᠦ ᠥᠭᠬᠦ ᠦᠭᠡᠢ᠃ | | | ᠲᠤᠰᠬᠠᠢ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ ᠴᠢᠬᠤᠯᠠᠲᠠᠢ ᠪᠠᠶᠢᠪᠠᠯ᠂ ᠲᠤᠰᠬᠠᠢ ᠮᠡᠷᠭᠡᠵᠢᠯᠲᠡᠨ ᠤ | ᠬᠢᠨᠠᠨ ᠲᠣᠭᠲᠠᠭᠠᠬᠤ ᠴᠠᠭ ᠢ ᠲᠤᠰ ᠵᠦᠢᠯ ᠤᠨ ᠨᠢᠭᠡᠳᠦᠭᠡᠷ ᠪᠠᠳᠠᠭ ᠲᠤ ᠲᠣᠭᠲᠠᠭᠠᠭᠰᠠᠨ ᠬᠢᠨᠠᠨ ᠪᠠᠶᠢᠴᠠᠭᠠᠬᠤ | ᠬᠤᠭᠤᠴᠠᠭᠠᠨ ᠳᠤ ᠪᠤᠳᠤᠵᠤ ᠣᠷᠣᠭᠤᠯᠬᠤ ᠦᠭᠡᠢ᠂ ᠭᠡᠪᠡᠴᠦ ᠬᠠᠮᠤᠭ ᠤᠨ ᠤᠷᠳᠤ ᠳᠠᠭᠠᠨ ᠭᠤᠷᠪᠠᠨ ᠰᠠᠷ᠎ᠠ ᠠᠴᠠ | ᠬᠡᠲᠦᠷᠡᠭᠦᠯᠵᠦ ᠪᠣᠯᠬᠤ ᠦᠭᠡᠢ᠃ | | | ᠬᠢᠷᠢ ᠴᠢᠳᠠᠯ ᠤᠨ ᠦᠨᠡᠮᠯᠡᠯ ᠤᠨ ᠬᠡᠪ ᠵᠠᠭᠪᠤᠷ ᠪᠠ ᠳ᠋ᠤᠭᠠᠷᠯᠠᠬᠤ ᠳᠦᠷᠢᠮ ᠢ ᠲᠥᠷᠥ ᠶᠢᠨ ᠶᠠᠪᠤᠳᠠᠯ ᠤᠨ | ᠬᠤᠷᠢᠶᠠᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ | | | ᠠᠷᠪᠠᠨ ᠬᠤᠶᠠᠳᠤᠭᠠᠷ ᠵᠦᠢᠯ ᠠᠶᠦᠯᠭᠦᠢ ᠪᠠᠶᠢᠳᠠᠯ ᠢ ᠦᠨᠡᠯᠡᠵᠦ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢᠨ ᠨᠡᠷᠡᠶᠢᠳᠦᠯ᠂ ᠳᠠᠩᠰᠠᠯᠠᠭᠤᠯᠤᠭᠰᠠᠨ ᠬᠠᠶ᠋ᠢᠭ᠂ ᠲᠤᠷᠰᠢᠯᠲᠠ ᠶᠢᠨ ᠲᠠᠰᠤᠭ ᠤᠨ ᠨᠥᠬᠦᠴᠡᠯ᠂ | ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠲᠤᠰᠬᠠᠢ ᠮᠡᠷᠭᠡᠵᠢᠯ ᠤᠨ ᠬᠠᠷᠢᠭᠤᠴᠠᠯᠭᠠᠲᠠᠨ᠂ ᠡᠷᠬᠡ ᠣᠯᠭᠤᠭᠰᠠᠨ | ᠭᠠᠷ ᠤᠨ ᠦᠰᠦᠭ ᠵᠢᠷᠤᠭᠴᠢ ᠳᠤ ᠬᠤᠪᠢᠷᠠᠯᠲᠠ ᠭᠠᠷᠤᠭᠰᠠᠨ ᠪᠠᠶᠢᠪᠠᠯ᠂ ᠬᠤᠪᠢᠷᠠᠯᠲᠠ ᠭᠠᠷᠤᠭᠰᠠᠨ ᠡᠳᠦᠷ ᠠᠴᠠ | ᠡᠬᠢᠯᠡᠨ ᠭᠤᠴᠢᠨ ᠡᠳᠦᠷ ᠤᠨ ᠳᠣᠲᠣᠷ᠎ᠠ ᠤᠤᠯ ᠤᠨ ᠬᠢᠷᠢ ᠴᠢᠳᠠᠯ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠳᠤ | ᠪᠢᠴᠢᠭ ᠢᠶᠠᠷ ᠬᠤᠪᠢᠷᠠᠭᠤᠯᠬᠤ ᠭᠤᠶᠤᠴᠢᠯᠠᠯ ᠭᠠᠷᠭᠠᠬᠤ ᠬᠡᠷᠡᠭᠲᠡᠢ᠃ ᠬᠢᠷᠢ ᠴᠢᠳᠠᠮᠵᠢ ᠶᠢ ᠮᠡᠳᠡᠷᠡᠨ ᠵᠥᠪᠰᠢᠶᠡᠷᠡᠬᠦ | ᠪᠠᠶᠢᠭᠤᠯᠭ᠎ᠠ ᠨᠢ ᠬᠢᠨᠠᠨ ᠪᠠᠶᠢᠴᠠᠭᠠᠭᠰᠠᠨ ᠤ ᠳᠠᠷᠠᠭ᠎ᠠ ᠨᠥᠬᠦᠴᠡᠯ ᠳᠤ ᠨᠡᠶᠢᠴᠡᠪᠡᠯ᠂ ᠲᠣᠰ ᠰᠠᠯᠠᠭ᠎ᠠ ᠮᠥᠴᠢᠷ ᠤᠨ | ᠰᠦᠯᠵᠢᠶᠡᠨ ᠥᠷᠲᠡᠭᠡ ᠳᠡᠭᠡᠨ ᠵᠠᠷᠯᠠᠨ ᠨᠡᠶᠢᠲᠡᠯᠡᠬᠦ ᠶᠢᠨ ᠬᠠᠮᠲᠤ᠂ ᠠᠮᠤᠷ ᠲᠦᠪᠰᠢᠨ ᠤ ᠦᠨᠡᠯᠡᠯᠲᠡ ᠶᠢᠨ ᠪᠠᠶᠢᠴᠠᠭᠠᠨ | ᠰᠢᠯᠭᠠᠬᠤ ᠪᠠᠶᠢᠭᠤᠯᠤᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠰᠢᠰᠲ᠋ᠧᠮ ᠤᠨ ᠬᠠᠮᠢᠶ᠎ᠠ ᠪᠦᠬᠦᠢ ᠮᠡᠳᠡᠭᠡ | ᠵᠠᠩᠭᠢ ᠶᠢ ᠴᠠᠭ ᠲᠤᠬᠠᠢ ᠳᠤᠨᠢ ᠰᠢᠨᠡᠳᠬᠡᠬᠦ ᠬᠡᠷᠡᠭᠲᠡᠢ᠃ | | | ᠠᠶᠦᠯᠭᠦᠢ ᠪᠠᠶᠢᠳᠠᠯ ᠤᠨ ᠦᠨᠡᠯᠡᠯᠲᠡ ᠶᠢᠨ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ ᠪᠠᠶᠢᠭᠤᠯᠤᠮᠵᠢ ᠨᠢ | ᠪᠠᠶᠢᠭᠤᠯᠤᠯ ᠤᠨ ᠥᠭᠡᠷᠡᠴᠢᠯᠡᠯᠲᠡ᠂ ᠰᠠᠯᠵᠤ ᠲᠤᠰᠠᠭᠠᠷᠯᠠᠭᠰᠠᠨ ᠪᠤᠶᠤ ᠨᠡᠶᠢᠯᠡᠭᠰᠡᠨ ᠵᠡᠷᠭᠡ ᠰᠢᠯᠲᠠᠭᠠᠨ ᠠᠴᠠ ᠪᠣᠯᠵᠤ | ᠬᠤᠪᠢᠷᠠᠯᠲᠠ ᠭᠠᠷᠤᠭᠰᠠᠨ ᠪᠠᠶᠢᠪᠠᠯ᠂ ᠬᠤᠪᠢᠷᠠᠯᠲᠠ ᠭᠠᠷᠤᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ | ᠬᠢᠷᠢ ᠴᠢᠳᠠᠯ ᠢ ᠨᠢ ᠮᠡᠳᠡᠷᠡᠨ ᠵᠥᠪᠰᠢᠶᠡᠷᠡᠭᠰᠡᠨ ᠤᠤᠯ ᠤᠨ ᠪᠠᠶᠢᠭᠤᠯᠭ᠎ᠠ ᠳᠤ ᠬᠢᠷᠢ ᠴᠢᠳᠠᠯ ᠤᠨ ᠨᠥᠬᠦᠴᠡᠯ ᠪᠠ | ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠶᠢ ᠲᠠᠬᠢᠨ ᠬᠢᠨᠠᠨ ᠲᠣᠭᠲᠠᠭᠠᠯᠭᠠᠬᠤ ᠪᠠᠷ ᠪᠢᠴᠢᠭ ᠢᠶᠠᠷ | ᠭᠤᠶᠤᠴᠢᠯᠠᠬᠤ ᠬᠡᠷᠡᠭᠲᠡᠢ᠃ | | | ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠪᠠᠶᠢᠭᠤᠯᠤᠮᠵᠢ | ᠬᠢᠷᠢ ᠬᠡᠮ ᠣᠯᠣᠭᠠᠳ ᠨᠢᠭᠡ ᠵᠢᠯ ᠠᠴᠠ ᠳᠡᠭᠡᠭᠰᠢ ᠪᠣᠯᠵᠤ᠂ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠠᠨ | ᠬᠤᠪᠢᠷᠠᠭᠤᠯᠬᠤ ᠴᠢᠬᠤᠯᠠᠲᠠᠢ ᠪᠠᠶᠢᠪᠠᠯ᠂ ᠤᠤᠯ ᠤᠨ ᠬᠢᠷᠢ ᠬᠡᠮ ᠢ ᠮᠡᠳᠡᠷᠡᠨ ᠵᠥᠪᠰᠢᠶᠡᠷᠡᠭᠰᠡᠨ ᠪᠠᠶᠢᠭᠤᠯᠭ᠎ᠠ ᠳᠤ | ᠪᠢᠴᠢᠭ ᠤᠨ ᠭᠤᠶᠤᠴᠢᠯᠠᠯ ᠭᠠᠷᠭᠠᠬᠤ ᠬᠡᠷᠡᠭᠲᠡᠢ᠃ ᠬᠢᠷᠢ ᠴᠢᠳᠠᠮᠵᠢ ᠶᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ | ᠭᠤᠶᠤᠴᠢᠯᠠᠯ ᠢ ᠣᠯᠣᠭᠰᠠᠨ ᠤ ᠲᠠᠷᠠᠭ᠎ᠠ ᠲᠤᠰ ᠠᠷᠭ᠎ᠠ ᠶᠢᠨ ᠶᠢᠰᠦᠳᠦᠭᠡᠷ ᠵᠦᠢᠯ ᠠᠴᠠ ᠠᠷᠪᠠᠨ ᠨᠢᠭᠡᠳᠦᠭᠡᠷ ᠵᠦᠢᠯ | ᠬᠦᠷᠲᠡᠯᠡᠬᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠢ᠃ | | | ᠠᠷᠪᠠᠨ ᠭᠤᠷᠪᠠᠳᠤᠭᠠᠷ ᠵᠦᠢᠯ ᠠᠶᠦᠯᠭᠦᠢ ᠪᠠᠶᠢᠳᠠᠯ ᠢ ᠦᠨᠡᠯᠡᠬᠦ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ | ᠪᠠᠶᠢᠭᠤᠯᠤᠮᠵᠢ ᠶᠢᠨ ᠬᠢᠷᠢ ᠴᠢᠳᠠᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠣᠨ᠎ᠠ᠃ ᠬᠢᠷᠢ | ᠴᠢᠳᠠᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠦᠭᠡᠳ ᠦᠷᠭᠦᠯᠵᠢᠯᠡᠭᠦᠯᠬᠦ ᠴᠢᠬᠤᠯᠠᠲᠠᠢ ᠪᠠᠶᠢᠪᠠᠯ᠂ | ᠬᠦᠴᠦᠨ ᠲᠠᠢ ᠬᠤᠭᠤᠴᠠᠭ᠎ᠠ ᠳᠦᠭᠦᠷᠬᠦ ᠠᠴᠠ ᠭᠤᠷᠪᠠᠨ ᠰᠠᠷ᠎ᠠ ᠶᠢᠨ ᠡᠮᠦᠨ᠎ᠡ ᠤᠤᠯ ᠤᠨ ᠬᠢᠷᠢ ᠴᠢᠳᠠᠯ ᠢ ᠮᠡᠳᠡᠷᠡᠨ | ᠵᠥᠪᠰᠢᠶᠡᠷᠡᠭᠰᠡᠨ ᠪᠠᠶᠢᠭᠤᠯᠭ᠎ᠠ ᠳᠤ ᠭᠤᠶᠤᠴᠢᠯᠠᠯ ᠭᠠᠷᠭᠠᠬᠤ ᠬᠡᠷᠡᠭᠲᠡᠢ᠃ ᠤᠤᠯ ᠤᠨ ᠬᠢᠷᠢ ᠴᠢᠳᠠᠯ ᠢ ᠮᠡᠳᠡᠷᠡᠨ | ᠵᠥᠪᠰᠢᠶᠡᠷᠡᠬᠦ ᠪᠠᠶᠢᠭᠤᠯᠭ᠎ᠠ ᠨᠢ ᠲᠤᠰ ᠠᠷᠭ᠎ᠠ ᠶᠢᠨ ᠶᠢᠰᠦᠳᠦᠭᠡᠷ ᠵᠦᠢᠯ ᠠᠴᠠ ᠠᠷᠪᠠᠨ ᠨᠢᠭᠡᠳᠦᠭᠡᠷ ᠵᠦᠢᠯ | ᠬᠦᠷᠲᠡᠯᠡᠬᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠢ᠃ | | | ᠠᠷᠪᠠᠨ ᠳᠥᠷᠪᠡᠳᠦᠭᠡᠷ ᠵᠦᠢᠯ ᠠᠶᠦᠯᠭᠦᠢ ᠪᠠᠶᠢᠳᠠᠯ ᠢ ᠦᠨᠡᠯᠡᠬᠦ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ | ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠤᠤᠯ ᠤᠨ ᠬᠢᠷᠢ ᠴᠢᠳᠠᠯ ᠢ ᠮᠡᠳᠡᠷᠡᠨ ᠵᠥᠪᠰᠢᠶᠡᠷᠡᠬᠦ | ᠪᠠᠶᠢᠭᠤᠯᠭ᠎ᠠ ᠠᠴᠠ ᠲᠡᠭᠦᠨ ᠤ ᠬᠢᠷᠢ ᠴᠢᠳᠠᠯ ᠢ ᠬᠦᠴᠦᠨ ᠦᠭᠡᠢ ᠪᠣᠯᠭᠠᠵᠤ᠂ ᠲᠤᠰ ᠰᠠᠯᠠᠭ᠎ᠠ ᠮᠥᠴᠢᠷ ᠤᠨ ᠢᠶᠠᠨ | ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠬᠦ ᠶᠢᠨ ᠬᠠᠮᠲᠤ ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ | ᠰᠢᠨᠵᠢᠯᠡᠭᠡ ᠪᠠᠷ ᠲᠣᠭᠲᠠᠭᠠᠬᠤ ᠪᠠᠶᠢᠭᠤᠯᠤᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠰᠢᠰᠲ᠋ᠧᠮ ᠳᠤ | ᠣᠷᠣᠭᠤᠯᠬᠤ ᠬᠡᠷᠡᠭᠲᠡᠢ᠄ | | | ︵ᠨᠢᠭᠡ︶ ᠬᠠᠤᠯᠢ ᠶᠢᠨ ᠬᠥᠮᠥᠨ ᠤ ᠬᠢᠷᠢ ᠬᠡᠮ ᠨᠢ ᠳᠠᠭᠤᠰᠤᠭᠰᠠᠨ︔ | | | ︵ᠬᠤᠶᠠᠷ︶ ᠬᠢᠷᠢ ᠴᠢᠳᠠᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠦᠭᠰᠡᠨ ᠪᠠᠶᠢᠲᠠᠯ᠎ᠠ | ᠦᠯᠦ ᠦᠷᠭᠦᠯᠵᠢᠯᠡᠭᠦᠯᠦᠭᠰᠡᠨ︔ | | | ︵ᠭᠤᠷᠪᠠ︶ ᠬᠦᠴᠦᠨ ᠦᠭᠡᠢ ᠪᠣᠯᠭᠠᠬᠤ ᠪᠠᠷ ᠥᠪᠡᠷ ᠢᠶᠠᠨ ᠭᠤᠶᠤᠴᠢᠯᠠᠬᠤ︔ | | | ︵ᠳᠥᠷᠪᠡ︶ ᠬᠢᠷᠢ ᠬᠡᠮ ᠢᠶᠠᠨ ᠬᠠᠤᠯᠢ ᠶᠣᠰᠣᠭᠠᠷ ᠬᠠᠰᠤᠭᠳᠠᠭᠰᠠᠨ᠂ ᠬᠠᠰᠤᠭᠳᠠᠭᠰᠠᠨ᠂ ᠬᠦᠴᠦᠨ ᠦᠭᠡᠢ | ᠪᠣᠯᠭᠠᠭᠳᠠᠭᠰᠠᠨ︔ | | | ︵ᠲᠠᠪᠤ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠷᠢ | ᠴᠢᠳᠠᠯ ᠢ ᠨᠢ ᠬᠠᠰᠤᠬᠤ ᠬᠡᠷᠡᠭᠲᠡᠢ ᠪᠤᠰᠤᠳ ᠪᠠᠶᠢᠳᠠᠯ᠃ | | | ᠠᠮᠤᠷ ᠲᠦᠪᠰᠢᠨ ᠤ ᠦᠨᠡᠯᠡᠯᠲᠡ ᠶᠢᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠬᠡᠮ ᠢ ᠬᠦᠴᠦᠨ | ᠦᠭᠡᠢ ᠪᠣᠯᠭᠠᠭᠰᠠᠨ ᠤ ᠳᠠᠷᠠᠭ᠎ᠠ ᠬᠢᠷᠢ ᠬᠡᠮ ᠢ ᠵᠠᠯᠭᠠᠮᠵᠢᠯᠠᠬᠤ ᠨᠢᠭᠡᠴᠡ ᠦᠭᠡᠢ ᠪᠣᠯ᠂ ᠤᠤᠯ ᠤᠨ ᠠᠮᠤᠷ ᠲᠦᠪᠰᠢᠨ ᠤ | ᠦᠨᠡᠯᠡᠯᠲᠡ ᠶᠢᠨ ᠪᠠᠶᠢᠴᠠᠭᠠᠨ ᠰᠢᠯᠭᠠᠬᠤ ᠪᠠᠶᠢᠭᠤᠯᠤᠮᠵᠢ ᠵᠢᠴᠢ ᠬᠠᠮᠢᠶ᠎ᠠ ᠪᠦᠬᠦᠢ ᠬᠥᠮᠥᠰ ᠬᠦᠴᠦᠨ ᠦᠭᠡᠢ ᠪᠣᠯᠭᠠᠬᠤ | ᠠᠴᠠ ᠡᠮᠦᠨ᠎ᠡ ᠭᠠᠷᠭᠠᠭᠰᠠᠨ ᠠᠮᠤᠷ ᠲᠦᠪᠰᠢᠨ ᠤ ᠦᠨᠡᠯᠡᠯᠲᠡ ᠶᠢᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠳᠤ | ᠦᠷᠭᠦᠯᠵᠢᠯᠡᠨ ᠬᠠᠷᠢᠭᠤᠴᠠᠬᠤ ᠬᠡᠷᠡᠭᠲᠡᠢ᠃ | | | ᠭᠤᠷᠪᠠᠳᠤᠭᠠᠷ ᠪᠦᠯᠦᠭ ᠮᠡᠷᠭᠡᠵᠢᠯ ᠤᠨ ᠦᠢᠯᠡᠴᠢᠯᠡᠭᠡ | | | ᠠᠷᠪᠠᠨ ᠲᠠᠪᠤᠳᠤᠭᠠᠷ ᠵᠦᠢᠯ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠲᠤᠰ ᠠᠷᠭ᠎ᠠ ᠳᠤ | ᠲᠣᠭᠲᠠᠭᠠᠭᠰᠠᠨ ᠬᠢᠷᠢ ᠴᠢᠳᠠᠯ ᠲᠠᠢ ᠠᠶᠤᠯᠭᠦᠢ ᠶᠢ ᠦᠨᠡᠯᠡᠵᠦ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠪᠡᠶ᠎ᠡ ᠪᠠᠨ | ᠳᠠᠭᠠᠭᠠᠨ ᠰᠣᠩᠭᠤᠵᠤ᠂ ᠬᠢᠷᠢ ᠴᠢᠳᠠᠯ ᠢ ᠨᠢ ᠵᠥᠪᠰᠢᠶᠡᠷᠡᠭᠰᠡᠨ ᠬᠡᠪᠴᠢᠶᠡᠨ ᠳᠣᠲᠣᠷᠠᠬᠢ ᠠᠶᠦᠯᠭᠦᠢ ᠪᠠᠶᠢᠳᠠᠯ ᠤᠨ | ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ᠂ ᠪᠠᠶᠢᠴᠠᠭᠠᠨ ᠰᠢᠯᠭᠠᠵᠤ ᠪᠠᠶᠢᠴᠠᠭᠠᠨ ᠦᠵᠡᠬᠦ | ᠦᠢᠯᠡᠴᠢᠯᠡᠭᠡ ᠶᠢ ᠭᠥᠯᠢᠶᠡᠨ ᠠᠪᠴᠤ ᠪᠣᠯᠣᠨ᠎ᠠ᠃ | | | ᠠᠷᠪᠠᠨ ᠵᠢᠷᠭᠤᠳᠤᠭᠠᠷ ᠵᠦᠢᠯ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠠᠶᠦᠯᠭᠦᠢ ᠪᠠᠶᠢᠳᠠᠯ ᠤᠨ | ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠪᠠᠶᠢᠭᠤᠯᠤᠮᠵᠢ ᠳᠤ ᠨᠠᠶᠢᠳᠠᠵᠤ ᠮᠡᠷᠭᠡᠵᠢᠯ ᠤᠨ | ᠦᠢᠯᠡᠴᠢᠯᠡᠭᠡ ᠥᠷᠨᠢᠭᠦᠯᠬᠦ ᠳᠡᠭᠡᠨ ᠨᠠᠶᠢᠳᠠᠯᠭ᠎ᠠ ᠶᠢᠨ ᠮᠡᠷᠭᠡᠵᠢᠯ ᠤᠨ ᠦᠢᠯᠡᠴᠢᠯᠡᠭᠡ ᠶᠢᠨ ᠭᠡᠷ᠎ᠡ ᠲᠣᠭᠲᠠᠭᠠᠵᠤ᠂ | ᠦᠢᠯᠡᠴᠢᠯᠡᠬᠦ ᠡᠲᠡᠭᠡᠳ᠂ ᠬᠦᠷᠢᠶ᠎ᠡ ᠬᠡᠪᠴᠢᠶ᠎ᠡ᠂ ᠡᠷᠬᠡ᠂ ᠡᠭᠦᠷᠭᠡ ᠪᠠ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ | ᠃ | | | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ | ᠰᠢᠨᠵᠢᠯᠡᠭᠡ ᠪᠠᠷ ᠲᠣᠭᠲᠠᠭᠠᠬᠤ ᠪᠠᠶᠢᠭᠤᠯᠤᠮᠵᠢ ᠳᠤ ᠨᠠᠶᠢᠳᠠᠵᠤ ᠲᠡᠭᠦᠨ ᠳᠤ ᠠᠶᠤᠯᠭᠦᠢ ᠦᠢᠯᠡᠳᠪᠦᠷᠢᠯᠡᠯ ᠤᠨ | ᠮᠡᠷᠭᠡᠵᠢᠯ ᠤᠨ ᠦᠢᠯᠡᠴᠢᠯᠡᠭᠡ ᠬᠠᠩᠭᠠᠯᠭᠠᠭᠰᠠᠨ ᠪᠠᠶᠢᠪᠠᠯ᠂ ᠠᠶᠤᠯᠭᠦᠢ ᠦᠢᠯᠡᠳᠪᠦᠷᠢᠯᠡᠯ ᠢ ᠪᠠᠲᠤᠯᠠᠬᠤ | ᠬᠠᠷᠢᠭᠤᠴᠠᠯᠭ᠎ᠠ ᠶᠢ ᠮᠥᠨ ᠲᠤᠰ ᠨᠢᠭᠡᠴᠢ ᠬᠠᠷᠢᠭᠤᠴᠠᠨ᠎ᠠ᠃ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ | ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠨᠡᠭᠦᠷᠡᠰᠦᠨ ᠠᠭᠤᠷᠬᠠᠢ ᠶᠢᠨ ᠠᠶᠤᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠶᠦᠯᠭᠦᠢ ᠪᠠᠶᠢᠳᠠᠯ ᠤᠨ ᠦᠨᠡᠯᠡᠯᠲᠡ ᠶᠢᠨ | ᠮᠡᠳᠡᠭᠦᠯᠦᠯᠲᠡ᠂ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠪᠠᠷ ᠦᠨᠳᠦᠰᠦᠯᠡᠯ ᠪᠣᠯᠭᠠᠵᠤ᠂ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ | ᠭᠠᠷᠭᠠᠭᠰᠠᠨ ᠪᠠᠶᠢᠪᠠᠯ᠂ ᠲᠡᠭᠦᠨ ᠤ ᠲᠣᠭᠲᠠᠭᠠᠯ ᠳᠤ ᠵᠣᠬᠢᠴᠠᠩᠭᠤᠢ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ | ᠃ | | | ᠠᠷᠪᠠᠨ ᠳᠣᠯᠣᠳᠤᠭᠠᠷ ᠵᠦᠢᠯ ᠠᠶᠦᠯᠭᠦᠢ ᠪᠠᠶᠢᠳᠠᠯ ᠢ ᠦᠨᠡᠯᠡᠬᠦ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ | ᠪᠠᠶᠢᠭᠤᠯᠤᠮᠵᠢ ᠨᠤᠭᠤᠳ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠢ ᠪᠠᠶᠢᠭᠤᠯᠵᠤ᠂ ᠳᠣᠲᠣᠭᠠᠳᠤ ᠶᠢᠨ | ᠬᠠᠮᠢᠶᠠᠷᠤᠯᠲᠠ ᠪᠠᠨ ᠴᠢᠩᠭᠠᠳᠬᠠᠨ᠂ ᠥᠪᠡᠷ ᠢ ᠪᠠᠨ ᠴᠢᠩᠭ᠎ᠠ ᠬᠢᠵᠠᠭᠠᠷᠯᠠᠬᠤ ᠬᠡᠷᠡᠭᠲᠡᠢ᠃ ᠲᠤᠰᠬᠠᠢ ᠲᠤᠰᠢᠶᠠᠯᠲᠤ | ᠮᠡᠷᠭᠡᠵᠢᠯ ᠤᠨ ᠬᠠᠷᠢᠭᠤᠴᠠᠯᠭᠠᠲᠠᠨ ᠪᠠ ᠶᠠᠪᠤᠴᠠ ᠶᠢ ᠡᠵᠡᠮᠳᠡᠬᠦ ᠬᠠᠷᠢᠭᠤᠴᠠᠯᠭᠠᠲᠠᠨ ᠬᠠᠤᠯᠢ ᠲᠣᠭᠲᠠᠭᠠᠯ ᠤᠨ | ᠪᠠᠷᠢᠮᠵᠢᠶ᠎ᠠ ᠶᠢᠨ ᠲᠣᠭᠲᠠᠭᠠᠯ ᠶᠣᠰᠣᠭᠠᠷ᠂ ᠠᠶᠦᠯᠭᠦᠢ ᠪᠠᠶᠢᠳᠠᠯ ᠤᠨ ᠦᠨᠡᠯᠡᠯᠲᠡ᠂ ᠦᠨᠡᠯᠡᠨ ᠰᠢᠯᠭᠠᠵᠤ ᠰᠢᠨᠵᠢᠯᠡᠭᠡ | ᠪᠠᠷ ᠲᠣᠭᠲᠠᠭᠠᠬᠤ ᠠᠵᠢᠯᠯᠠᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ | | | ᠠᠶᠦᠯᠭᠦᠢ ᠪᠠᠶᠢᠳᠠᠯ ᠤᠨ ᠦᠨᠡᠯᠡᠯᠲᠡ ᠶᠢᠨ ᠵᠦᠢᠯᠡᠰ ᠤᠨ ᠳᠤᠭᠤᠶᠢᠯᠠᠩ ᠤᠨ ᠳᠠᠷᠤᠭ᠎ᠠ ᠨᠢ ᠲᠤᠬᠠᠶᠢᠯᠠᠭᠰᠠᠨ | ᠠᠵᠢᠯ ᠲᠠᠢ ᠬᠤᠯᠪᠣᠭᠳᠠᠬᠤ ᠬᠤᠶᠠᠳᠤᠭᠠᠷ ᠳᠡᠰ ᠠᠴᠠ ᠳᠡᠭᠡᠭᠰᠢᠬᠢ ᠠᠶᠦᠯᠭᠦᠢ ᠪᠠᠶᠢᠳᠠᠯ ᠤᠨ ᠦᠨᠡᠯᠡᠭᠴᠢ ᠶᠢᠨ ᠬᠢᠷᠢ | ᠬᠡᠮ ᠲᠠᠢ ᠪᠠᠶᠢᠬᠤ ᠬᠡᠷᠡᠭᠲᠡᠢ ᠪᠥᠭᠡᠳ ᠲᠤᠰ ᠠᠵᠢᠯ ᠲᠦᠷᠦᠯ ᠤᠨ ᠬᠦᠷᠢᠶᠡᠨ ᠳᠡᠭᠡᠨ ᠭᠤᠷᠪᠠᠨ ᠵᠢᠯ ᠠᠴᠠ ᠳᠡᠭᠡᠭᠰᠢ | ᠠᠵᠢᠯᠯᠠᠭᠰᠠᠨ ᠪᠠᠶᠢᠬᠤ ᠬᠡᠷᠡᠭᠲᠡᠢ᠃ ᠲᠥᠷᠥᠯ ᠵᠦᠢᠯ ᠤᠨ ᠳᠤᠭᠤᠶᠢᠯᠠᠩ ᠤᠨ ᠪᠤᠰᠤᠳ ᠪᠦᠷᠢᠯᠳᠦᠭᠦᠨ ᠨᠢ ᠠᠮᠤᠷ | ᠲᠦᠪᠰᠢᠨ ᠤ ᠦᠨᠡᠯᠡᠯᠲᠡ ᠶᠢᠨ ᠲᠥᠷᠥᠯ ᠵᠦᠢᠯ ᠤᠨ ᠲᠤᠰᠬᠠᠢ ᠲᠤᠰᠢᠶᠠᠯᠲᠤ ᠠᠮᠤᠷ ᠲᠦᠪᠰᠢᠨ ᠤ ᠦᠨᠡᠯᠡᠭᠴᠢ ᠶᠢᠨ | ᠲᠤᠰᠬᠠᠢ ᠮᠡᠷᠭᠡᠵᠢᠯ ᠤᠨ ᠴᠢᠳᠠᠪᠤᠷᠢ ᠶᠢ ᠲᠣᠬᠢᠷᠠᠭᠤᠯᠬᠤ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ | | | ᠠᠷᠪᠠᠨ ᠨᠠᠢᠮᠠᠳᠤᠭᠠᠷ ᠵᠦᠢᠯ ᠠᠶᠦᠯᠭᠦᠢ ᠪᠠᠶᠢᠳᠠᠯ ᠢ ᠦᠨᠡᠯᠡᠵᠦ ᠪᠠᠶᠢᠴᠠᠭᠠᠨ ᠰᠢᠯᠭᠠᠬᠤ ᠪᠠᠶᠢᠭᠤᠯᠤᠮᠵᠢ | ᠮᠡᠷᠭᠡᠵᠢᠯ ᠤᠨ ᠦᠢᠯᠡᠴᠢᠯᠡᠭᠡ ᠥᠷᠨᠢᠭᠦᠯᠬᠦ ᠳᠡᠭᠡᠨ ᠶᠠᠪᠤᠴᠠ ᠶᠢ ᠡᠵᠡᠮᠳᠡᠭᠰᠡᠨ᠂ ᠲᠤᠬᠠᠢ ᠶᠢᠨ ᠲᠠᠯᠠᠪᠤᠷ ᠲᠤ ᠬᠠᠶᠢᠨ | ᠰᠢᠯᠭᠠᠭᠰᠠᠨ ᠪᠠ ᠪᠠᠶᠢᠴᠠᠭᠠᠨ ᠰᠢᠯᠭᠠᠵᠤ ᠪᠠᠶᠢᠴᠠᠭᠠᠨ ᠰᠢᠯᠭᠠᠭᠰᠠᠨ ᠪᠠᠶᠢᠳᠠᠯ ᠢ ᠦᠨᠡᠨ ᠮᠥᠨ ᠢᠶᠠᠷ ᠨᠢ | ᠲᠡᠮᠳᠡᠭᠯᠡᠬᠦ ᠶᠢᠨ ᠬᠠᠮᠲᠤ ᠲᠤᠬᠠᠢ ᠶᠢᠨ ᠲᠠᠯᠠᠪᠤᠷ ᠤᠨ ᠵᠢᠷᠤᠭ ᠳᠦᠷᠰᠦ ᠵᠡᠷᠭᠡ ᠭᠡᠷᠡᠴᠢᠯᠡᠬᠦ ᠮᠠᠲ᠋ᠧᠷᠢᠶᠠᠯ ᠲᠠᠢ ᠬᠠᠮᠲᠤ | ᠳᠤᠨᠢ ᠴᠠᠭ ᠲᠤᠬᠠᠢ ᠳᠤᠨᠢ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠢ᠃ | | | ᠠᠶᠦᠯᠭᠦᠢ ᠪᠠᠶᠢᠳᠠᠯ ᠤᠨ ᠦᠨᠡᠯᠡᠯᠲᠡ ᠬᠢᠵᠦ ᠰᠢᠯᠭᠠᠨ ᠪᠠᠶᠢᠴᠠᠭᠠᠬᠤ ᠪᠠᠶᠢᠭᠤᠯᠤᠮᠵᠢ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠠᠶᠦᠯᠭᠦᠢ ᠪᠠᠶᠢᠳᠠᠯ ᠤᠨ ᠦᠨᠡᠯᠡᠯᠲᠡ ᠶᠢᠨ ᠮᠡᠳᠡᠭᠦᠯᠦᠯᠲᠡ᠂ ᠠᠶᠤᠯᠭᠦᠢ ᠦᠢᠯᠡᠳᠪᠦᠷᠢᠯᠡᠯ ᠤᠨ | ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠭᠰᠠᠨ ᠮᠡᠳᠡᠭᠦᠯᠦᠯᠲᠡ ᠶᠢᠨ ᠬᠤᠯᠪᠣᠭᠳᠠᠯ ᠪᠦᠬᠦᠢ ᠮᠡᠳᠡᠭᠡ ᠵᠠᠩᠭᠢ | ᠵᠢᠴᠢ ᠲᠤᠬᠠᠢ ᠶᠢᠨ ᠲᠠᠯᠠᠪᠤᠷ ᠤᠨ ᠬᠠᠶᠢᠨ ᠰᠢᠯᠭᠠᠯᠲᠠ ᠶᠢᠨ ᠵᠢᠷᠤᠭ ᠳᠦᠷᠰᠦ ᠰᠡᠭᠦᠳᠡᠷ ᠢ ᠰᠦᠯᠵᠢᠶᠡᠨ ᠳᠡᠭᠡᠷ᠎ᠡ ᠢᠯᠡ | ᠪᠣᠯᠭᠠᠬᠤ ᠬᠡᠷᠡᠭᠲᠡᠢ᠃ | | | ᠠᠷᠪᠠ ᠶᠢᠰᠦᠳᠦᠭᠡᠷ ᠵᠦᠢᠯ ᠠᠶᠤᠯᠭᠦᠢ ᠶᠢ ᠦᠨᠡᠯᠡᠵᠦ ᠪᠠᠶᠢᠴᠠᠭᠠᠨ ᠰᠢᠯᠭᠠᠬᠤ ᠪᠠᠶᠢᠭᠤᠯᠤᠮᠵᠢ ᠨᠤᠭᠤᠳ | ᠲᠤᠬᠠᠢ ᠶᠢᠨ ᠲᠠᠯᠠᠪᠠᠢ ᠶᠢᠨ ᠮᠡᠷᠭᠡᠵᠢᠯ ᠤᠨ ᠦᠢᠯᠡᠴᠢᠯᠡᠭᠡ ᠥᠷᠨᠢᠭᠦᠯᠬᠦ ᠠᠴᠠ ᠡᠮᠦᠨᠡᠬᠢ ᠲᠤᠯᠤᠭᠠᠨ ᠠᠵᠢᠯ ᠤᠨ | ᠡᠳᠦᠷ ᠤᠨ ᠳᠣᠲᠣᠷ᠎ᠠ᠂ ᠲᠥᠷᠥᠯ ᠵᠦᠢᠯ ᠢ ᠬᠡᠷᠡᠭᠵᠢᠭᠦᠯᠬᠦ ᠭᠠᠵᠠᠷ ᠤᠨ ᠬᠢᠷᠢ ᠴᠢᠳᠠᠮᠵᠢ ᠶᠢ ᠮᠡᠳᠡᠷᠡᠨ ᠵᠥᠪᠰᠢᠶᠡᠷᠡᠬᠦ | ᠪᠠᠶᠢᠭᠤᠯᠤᠯᠭ᠎ᠠ ᠳᠤ ᠪᠢᠴᠢᠭ ᠢᠶᠠᠷ ᠮᠡᠳᠡᠭᠳᠡᠵᠦ᠂ ᠬᠢᠷᠢ ᠴᠢᠳᠠᠮᠵᠢ ᠶᠢ ᠮᠡᠳᠡᠷᠡᠨ ᠵᠥᠪᠰᠢᠶᠡᠷᠡᠬᠦ ᠪᠠᠶᠢᠭᠤᠯᠤᠯᠭ᠎ᠠ ᠬᠢᠭᠡᠳ | ᠲᠡᠭᠦᠨ ᠤ ᠳᠣᠣᠷᠠᠳᠤ ᠱᠠᠲᠤᠨ ᠤ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠬᠦᠯᠢᠶᠡᠬᠦ | ᠬᠡᠷᠡᠭᠲᠡᠢ᠃ | | | ᠬᠤᠷᠢᠳᠤᠭᠠᠷ ᠵᠦᠢᠯ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠲᠤᠰ ᠨᠢᠭᠡᠴᠢ ᠶᠢᠨ ᠢᠶᠠᠨ | ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ᠂ ᠦᠨᠡᠯᠡᠨ ᠰᠢᠯᠭᠠᠵᠤ | ᠰᠢᠨᠵᠢᠯᠡᠭᠡ ᠪᠠᠷ ᠲᠣᠭᠲᠠᠭᠠᠬᠤ ᠶᠠᠪᠤᠴᠠ ᠳᠤ ᠬᠢᠨᠠᠯᠲᠠ ᠲᠠᠯᠪᠢᠬᠤ ᠶᠢᠨ ᠬᠠᠮᠲᠤ ᠲᠤᠰ ᠨᠢᠭᠡᠴᠢ ᠶᠢᠨ ᠢᠶᠠᠨ | ᠬᠠᠩᠭᠠᠭᠰᠠᠨ ᠮᠠᠲ᠋ᠧᠷᠢᠶᠠᠯ᠂ ᠠᠶᠦᠯᠭᠦᠢ ᠪᠠᠶᠢᠳᠠᠯ ᠤᠨ ᠦᠨᠡᠯᠡᠯᠲᠡ ᠪᠠ ᠦᠨᠡᠯᠡᠨ ᠰᠢᠯᠭᠠᠵᠤ ᠰᠢᠨᠵᠢᠯᠡᠭᠡ ᠪᠠᠷ | ᠲᠣᠭᠲᠠᠭᠠᠭᠳᠠᠬᠤ ᠡᠲᠡᠭᠡᠳ ᠤᠨ ᠦᠨᠡᠨ ᠪᠣᠳᠠᠲᠤ ᠴᠢᠨᠠᠷ᠂ ᠨᠠᠶᠢᠳᠠᠪᠤᠷᠢᠲᠤ ᠴᠢᠨᠠᠷ ᠲᠤ ᠬᠠᠷᠢᠭᠤᠴᠠᠵᠤ᠂ ᠬᠤᠯᠪᠣᠭᠳᠠᠯ | ᠪᠦᠬᠦᠢ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | | | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ | ᠰᠢᠨᠵᠢᠯᠡᠭᠡ ᠪᠠᠷ ᠲᠣᠭᠲᠠᠭᠠᠬᠤ ᠪᠠᠶᠢᠭᠤᠯᠤᠮᠵᠢ ᠶᠢᠨ ᠳᠤᠷᠠᠳᠤᠭᠰᠠᠨ ᠡ᠊ᠨᠳᠡᠯ ᠢ ᠤᠷᠢᠳᠴᠢᠯᠠᠨ ᠰᠡᠷᠭᠡᠶᠢᠯᠡᠬᠦ᠂ ᠲᠠᠯᠳᠠ | ᠭᠡᠮ ᠢ ᠴᠡᠭᠴᠡᠯᠡᠨ ᠰᠠᠶᠢᠵᠢᠷᠠᠭᠤᠯᠬᠤ ᠰᠠᠨᠠᠯ ᠢ ᠴᠠᠭ ᠲᠤᠬᠠᠢ ᠳᠤᠨᠢ ᠨᠠᠶᠢᠳᠠᠪᠤᠷᠢᠵᠢᠭᠤᠯᠬᠤ ᠬᠡᠷᠡᠭᠲᠡᠢ᠃ | | | ᠬᠤᠷᠢᠨ ᠨᠢᠭᠡᠳᠦᠭᠡᠷ ᠵᠦᠢᠯ ᠠᠶᠦᠯᠭᠦᠢ ᠪᠠᠶᠢᠳᠠᠯ ᠢ ᠦᠨᠡᠯᠡᠬᠦ᠂ ᠦᠨᠡᠯᠡᠨ ᠰᠢᠯᠭᠠᠵᠤ ᠰᠢᠨᠵᠢᠯᠡᠭᠡ ᠪᠠᠷ | ᠲᠣᠭᠲᠠᠭᠠᠬᠤ ᠶᠢᠨ ᠮᠡᠷᠭᠡᠵᠢᠯ ᠤᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠶᠢ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠪᠤᠶᠤ ᠵᠠᠰᠠᠭ ᠤᠨ ᠣᠷᠳᠣᠨ ᠤ | ᠦᠨ᠎ᠡ ᠲᠣᠭᠲᠠᠭᠠᠬᠤ ᠬᠠᠮᠢᠶᠠᠷᠤᠯᠲᠠ ᠶᠢ ᠬᠡᠷᠡᠭᠵᠢᠭᠦᠯᠦᠭᠰᠡᠨ ᠪᠠᠶᠢᠪᠠᠯ᠂ ᠵᠠᠰᠠᠭ ᠤᠨ ᠣᠷᠳᠣᠨ ᠤ ᠵᠢᠯᠤᠭᠤᠳᠬᠤ | ᠦᠨ᠎ᠡ ᠪᠤᠶᠤ ᠵᠠᠰᠠᠭ ᠤᠨ ᠣᠷᠳᠣᠨ ᠤ ᠦᠨ᠎ᠡ ᠲᠣᠭᠲᠠᠭᠠᠬᠤ ᠲᠦᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠎ᠡ︔ | ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠦᠨ᠎ᠡ ᠶᠢ ᠬᠡᠷᠡᠭᠵᠢᠭᠦᠯᠬᠦ ᠳᠤ ᠬᠦᠷᠪᠡᠯ᠂ ᠨᠠᠶᠢᠳᠠᠭᠰᠠᠨ ᠲᠠᠯ᠎ᠠ ᠪᠣᠯᠣᠨ | ᠨᠠᠶᠢᠳᠠᠯᠭ᠎ᠠ ᠬᠦᠯᠢᠶᠡᠭᠰᠡᠨ ᠲᠠᠯ᠎ᠠ ᠠᠴᠠ ᠭᠡᠷ᠎ᠡ ᠪᠠᠷ ᠳᠠᠮᠵᠢᠭᠤᠯᠤᠨ ᠵᠥᠪᠳᠡᠯᠴᠡᠵᠦ ᠪᠠᠶᠢᠭᠠᠳ ᠲᠣᠭᠲᠠᠭᠠᠨ᠎ᠠ᠃ | ᠠᠶᠦᠯᠭᠦᠢ ᠪᠠᠶᠢᠳᠠᠯ ᠤᠨ ᠦᠨᠡᠯᠡᠯᠲᠡ ᠬᠢᠵᠦ ᠪᠠᠶᠢᠴᠠᠭᠠᠨ ᠰᠢᠯᠭᠠᠬᠤ ᠪᠠᠶᠢᠭᠤᠯᠤᠮᠵᠢ ᠨᠢ ᠦᠢᠯᠡᠴᠢᠯᠡᠭᠡᠨ ᠤ ᠰᠦᠢᠳᠬᠡᠯ | ᠬᠤᠷᠢᠶᠠᠬᠤ ᠪᠠᠷᠢᠮᠵᠢᠶ᠎ᠠ ᠪᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠵᠤ᠂ ᠬᠡᠷᠡᠭᠯᠡᠭᠴᠢ ᠪᠠ ᠨᠡᠶᠢᠭᠡᠮ ᠨᠡᠶᠢᠲᠡ ᠶᠢᠨ | ᠪᠠᠶᠢᠴᠠᠭᠠᠨ ᠯᠠᠪᠯᠠᠬᠤ ᠳᠤ ᠲᠦᠬᠦᠮ ᠦᠵᠡᠭᠦᠯᠬᠦ ᠬᠡᠷᠡᠭᠲᠡᠢ᠃ | | | ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠬᠢᠨᠠᠨ ᠵᠥᠪᠰᠢᠶᠡᠷᠡᠬᠦ ᠶᠠᠪᠤᠴᠠ ᠳ᠋ᠠᠠᠭᠠᠨ ᠨᠠᠶᠢᠳᠠᠵᠤ | ᠥᠷᠨᠢᠭᠦᠯᠦᠭᠰᠡᠨ ᠠᠶᠦᠯᠭᠦᠢ ᠪᠠᠶᠢᠳᠠᠯ ᠤᠨ ᠦᠨᠡᠯᠡᠯᠲᠡ ᠬᠢᠵᠦ ᠪᠠᠶᠢᠴᠠᠭᠠᠨ ᠰᠢᠯᠭᠠᠬᠤ ᠮᠡᠷᠭᠡᠵᠢᠯ ᠤᠨ ᠦᠢᠯᠡᠴᠢᠯᠡᠭᠡᠨ ᠤ | ᠦᠢᠯᠡᠴᠢᠯᠡᠭᠡᠨ ᠤ ᠵᠠᠷᠤᠳᠠᠯ ᠢ ᠴᠥᠮ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠥᠭᠬᠦ ᠶᠢᠨ ᠬᠠᠮᠲᠤ ᠰᠠᠯᠠᠭ᠎ᠠ | ᠮᠥᠴᠢᠷ ᠤᠨ ᠲᠥᠰᠥᠪ ᠲᠤ ᠣᠷᠣᠭᠤᠯᠵᠤ᠂ ᠬᠢᠨᠠᠨ ᠵᠥᠪᠰᠢᠶᠡᠷᠡᠬᠦ ᠡᠲᠡᠭᠡᠳ ᠢ ᠰᠦᠢᠳᠬᠡᠯ ᠬᠤᠷᠢᠶᠠᠬᠤ ᠦᠭᠡᠢ᠃ | | | ᠬᠤᠷᠢᠨ ᠬᠤᠶᠠᠳᠤᠭᠠᠷ ᠵᠦᠢᠯ ᠠᠶᠦᠯᠭᠦᠢ ᠪᠠᠶᠢᠳᠠᠯ ᠢ ᠦᠨᠡᠯᠡᠵᠦ ᠰᠢᠯᠭᠠᠨ ᠪᠠᠶᠢᠴᠠᠭᠠᠬᠤ ᠪᠠᠶᠢᠭᠤᠯᠤᠮᠵᠢ | ᠵᠢᠴᠢ ᠲᠡᠭᠦᠨ ᠤ ᠠᠵᠢᠯᠯᠠᠭᠴᠢᠳ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠄ | | | ︵ᠨᠢᠭᠡ︶ ᠬᠠᠤᠯᠢ ᠲᠣᠭᠲᠠᠭᠠᠯ ᠤᠨ ᠪᠠᠷᠢᠮᠵᠢᠶ᠎ᠠ ᠶᠢᠨ ᠲᠣᠭᠲᠠᠭᠠᠯ ᠢ ᠵᠥᠷᠢᠴᠡᠨ ᠠᠶᠦᠯᠭᠦᠢ ᠪᠠᠶᠢᠳᠠᠯ ᠤᠨ | ᠦᠨᠡᠯᠡᠨ ᠰᠢᠯᠭᠠᠵᠤ ᠰᠢᠨᠵᠢᠯᠡᠭᠡ ᠲᠣᠭᠲᠠᠭᠠᠯᠲᠠ ᠬᠢᠭᠰᠡᠨ︔ | | | ︵ᠬᠤᠶᠠᠷ︶ ᠬᠢᠷᠢ ᠴᠢᠳᠠᠯ ᠤᠨ ᠨᠥᠬᠦᠴᠡᠯ ᠢ ᠪᠦᠷᠢᠳᠦᠭᠦᠯᠬᠦ ᠪᠠᠨ ᠪᠣᠯᠢᠭᠰᠠᠨ ᠪᠤᠶᠤ ᠬᠢᠷᠢ ᠴᠢᠳᠠᠯ ᠤᠨ | ᠬᠤᠭᠤᠴᠠᠭ᠎ᠠ ᠨᠢ ᠥᠩᠭᠡᠷᠡᠭᠡᠳ ᠠᠶᠦᠯᠭᠦᠢ ᠪᠠᠶᠢᠳᠠᠯ ᠤᠨ ᠦᠨᠡᠯᠡᠨ ᠰᠢᠯᠭᠠᠵᠤ ᠰᠢᠨᠵᠢᠯᠡᠭᠡ ᠲᠣᠭᠲᠠᠭᠠᠯᠲᠠ ᠶᠢ ᠬᠢᠭᠰᠡᠨ | ︔ | | | ︵ᠭᠤᠷᠪᠠ︶ ᠬᠢᠷᠢ ᠴᠢᠳᠠᠯ ᠢ ᠨᠢ ᠮᠡᠳᠡᠷᠡᠨ ᠵᠥᠪᠰᠢᠶᠡᠷᠡᠬᠦ ᠲᠤᠬᠠᠶᠢᠯᠠᠭᠰᠠᠨ ᠠᠵᠢᠯ ᠤᠨ ᠬᠡᠪᠴᠢᠶᠡᠨ ᠠᠴᠠ | ᠬᠡᠲᠦᠷᠡᠭᠦᠯᠦᠨ ᠬᠠᠤᠯᠢ ᠪᠠᠷ ᠲᠣᠭᠲᠠᠭᠠᠭᠰᠠᠨ ᠠᠶᠦᠯᠭᠦᠢ ᠪᠠᠶᠢᠳᠠᠯ ᠤᠨ ᠦᠨᠡᠯᠡᠨ ᠰᠢᠯᠭᠠᠵᠤ ᠰᠢᠨᠵᠢᠯᠡᠭᠡ | ᠲᠣᠭᠲᠠᠭᠠᠯᠲᠠ ᠶᠢ ᠬᠢᠭᠰᠡᠨ︔ | | | ︵ᠳᠥᠷᠪᠡ︶ ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ | ᠬᠢᠷᠢ ᠴᠢᠳᠠᠯ ᠤᠨ ᠦᠨᠡᠮᠯᠡᠯ ᠢᠶᠠᠨ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ︔ | | | ︵ᠲᠠᠪᠤ︶ ᠬᠤᠳᠠᠯ ᠬᠠᠭᠤᠷᠮᠠᠭ ᠪᠤᠶᠤ ᠬᠦᠨᠳᠦ ᠨᠣᠴᠢᠲᠠᠢ ᠣᠷᠬᠢᠭᠳᠠᠭᠤᠯᠤᠯ ᠤᠨ ᠠᠶᠦᠯᠭᠦᠢ ᠪᠠᠶᠢᠳᠠᠯ ᠤᠨ | ᠦᠨᠡᠯᠡᠨ ᠰᠢᠯᠭᠠᠵᠤ ᠰᠢᠨᠵᠢᠯᠡᠭᠡ ᠲᠣᠭᠲᠠᠭᠠᠯᠲᠠ ᠶᠢᠨ ᠮᠡᠳᠡᠭᠦᠯᠦᠯᠲᠡ ᠶᠢ ᠪᠢᠴᠢᠵᠦ ᠥᠭᠭᠦᠭᠰᠡᠨ︔ | | | ︵ᠵᠢᠷᠭᠤᠭ᠎ᠠ︶ ᠬᠤᠯᠪᠣᠭᠳᠠᠯ ᠪᠦᠬᠦᠢ ᠬᠠᠤᠯᠢ ᠲᠣᠭᠲᠠᠭᠠᠯ ᠤᠨ ᠪᠠᠷᠢᠮᠵᠢᠶ᠎ᠠ ᠶᠢᠨ ᠲᠣᠭᠲᠠᠭᠠᠯ ᠢ ᠵᠥᠷᠢᠴᠡᠵᠦ᠂ | ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ᠂ ᠦᠨᠡᠯᠡᠨ ᠰᠢᠯᠭᠠᠵᠤ | ᠰᠢᠨᠵᠢᠯᠡᠭᠡ ᠪᠠᠷ ᠲᠣᠭᠲᠠᠭᠠᠬᠤ ᠵᠢᠷᠤᠮ ᠪᠠ ᠬᠤᠯᠪᠣᠭᠳᠠᠯ ᠪᠦᠬᠦᠢ ᠠᠭᠤᠯᠭ᠎ᠠ ᠶᠢ ᠥᠭᠡᠷᠡᠴᠢᠯᠡᠭᠰᠡᠨ ᠪᠤᠶᠤ | ᠳᠥᠭᠦᠮᠴᠢᠯᠡᠭᠰᠡᠨ︔ | | | ︵ᠲᠤᠯᠤᠭ᠎ᠠ︶ ᠠᠶᠦᠯᠭᠦᠢ ᠪᠠᠶᠢᠳᠠᠯ ᠤᠨ ᠲᠤᠰᠬᠠᠢ ᠲᠤᠰᠢᠶᠠᠯᠲᠤ ᠦᠨᠡᠯᠡᠭᠴᠢ᠂ ᠲᠤᠰᠬᠠᠢ ᠮᠡᠷᠭᠡᠵᠢᠯ ᠤᠨ | ᠠᠵᠢᠯᠲᠠᠨ ᠠᠶᠦᠯᠭᠦᠢ ᠪᠠᠶᠢᠳᠠᠯ ᠤᠨ ᠦᠨᠡᠯᠡᠯᠲᠡ ᠶᠢᠨ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ ᠬᠤᠶᠠᠷ ᠠᠴᠠ | ᠳᠡᠭᠡᠭᠰᠢ ᠪᠠᠶᠢᠭᠤᠯᠤᠮᠵᠢ ᠳᠤ ᠵᠡᠷᠭᠡ ᠪᠠᠷ ᠠᠵᠢᠯᠯᠠᠭᠰᠠᠨ︔ | | | ︵ᠨᠠᠢᠮᠠ︶ ᠠᠶᠦᠯᠭᠦᠢ ᠪᠠᠶᠢᠳᠠᠯ ᠤᠨ ᠦᠨᠡᠯᠡᠯᠲᠡ ᠶᠢᠨ ᠵᠦᠢᠯᠡᠰ ᠤᠨ ᠳᠤᠭᠤᠶᠢᠯᠠᠩ ᠤᠨ ᠳᠠᠷᠤᠭ᠎ᠠ ᠵᠢᠴᠢ | ᠬᠠᠶᠢᠨ ᠰᠢᠯᠭᠠᠬᠤ ᠶᠢ ᠬᠠᠷᠢᠭᠤᠴᠠᠬᠤ ᠠᠵᠢᠯᠲᠠᠨ ᠲᠤᠬᠠᠢ ᠶᠢᠨ ᠲᠠᠯᠠᠪᠤᠷ ᠤᠨ ᠪᠣᠳᠠᠲᠠᠢ ᠭᠠᠵᠠᠷ ᠲᠤ ᠣᠴᠢᠵᠤ ᠬᠠᠶᠢᠨ | ᠰᠢᠯᠭᠠᠯᠲᠠ ᠬᠢᠬᠦ ᠵᠡᠷᠭᠡ ᠬᠤᠯᠪᠣᠭᠳᠠᠯ ᠪᠦᠬᠦᠢ ᠠᠵᠢᠯ ᠢ ᠥᠷᠨᠢᠭᠦᠯᠦᠭᠰᠡᠨ︔ | | | ︵ᠶᠢᠰᠦ︶ ᠲᠤᠬᠠᠢ ᠶᠢᠨ ᠲᠠᠯᠠᠪᠤᠷ ᠲᠤ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠶᠢ | ᠡᠭᠦᠷᠭᠡᠯᠡᠭᠰᠡᠨ ᠠᠵᠢᠯᠲᠠᠨ ᠲᠤᠬᠠᠢ ᠶᠢᠨ ᠲᠠᠯᠠᠪᠤᠷ ᠤᠨ ᠪᠣᠳᠠᠲᠠᠢ ᠭᠠᠵᠠᠷ ᠲᠤ ᠬᠦᠷᠴᠦ ᠲᠥᠬᠦᠭᠡᠷᠦᠮᠵᠢ ᠶᠢ ᠦᠨᠡᠯᠡᠨ | ᠰᠢᠯᠭᠠᠵᠤ ᠰᠢᠨᠵᠢᠯᠡᠭᠡ ᠪᠠᠷ ᠲᠣᠭᠲᠠᠭᠠᠬᠤ ᠵᠡᠷᠭᠡ ᠬᠤᠯᠪᠣᠭᠳᠠᠯ ᠪᠦᠬᠦᠢ ᠠᠵᠢᠯ ᠢ ᠥᠷᠨᠢᠭᠦᠯᠦᠭᠰᠡᠨ ᠦᠭᠡᠢ︔ | | | ︵ᠠᠷᠪᠠ︶ ᠪᠤᠰᠤᠳ ᠬᠥᠮᠥᠨ ᠤ ᠨᠡᠷ᠎ᠡ ᠶᠢ ᠬᠠᠭᠤᠷᠮᠠᠭᠯᠠᠨ ᠬᠡᠷᠡᠭᠯᠡᠭᠰᠡᠨ ᠪᠤᠶᠤ ᠪᠤᠰᠤᠳ ᠬᠥᠮᠥᠨ ᠤ | ᠥᠪᠡᠷ ᠤᠨ ᠨᠡᠷ᠎ᠡ ᠶᠢ ᠬᠠᠭᠤᠷᠮᠠᠭᠯᠠᠨ ᠬᠡᠷᠡᠭᠯᠡᠵᠦ ᠠᠶᠦᠯᠭᠦᠢ ᠪᠠᠶᠢᠳᠠᠯ ᠤᠨ ᠦᠨᠡᠯᠡᠨ ᠰᠢᠯᠭᠠᠵᠤ ᠰᠢᠨᠵᠢᠯᠡᠭᠡ | ᠲᠣᠭᠲᠠᠭᠠᠯᠲᠠ ᠶᠢᠨ ᠮᠡᠳᠡᠭᠦᠯᠦᠯᠲᠡ ᠪᠠ ᠠᠩᠬᠠᠨ ᠤ ᠲᠡᠮᠳᠡᠭᠯᠡᠯ ᠳᠤ ᠭᠠᠷ ᠤᠨ ᠦᠰᠦᠭ ᠵᠢᠷᠤᠬᠤ ᠶᠢ ᠵᠥᠪᠰᠢᠶᠡᠷᠡᠭᠰᠡᠨ | ︔ | | | ︵ᠠᠷᠪᠠᠨ ᠨᠢᠭᠡ︶ ᠬᠢᠷᠢ ᠴᠢᠳᠠᠯ ᠢ ᠨᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠵᠢᠴᠢ ᠲᠡᠭᠦᠨ ᠤ ᠳᠣᠣᠷᠠᠳᠤ | ᠱᠠᠲᠤᠨ ᠤ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠰᠣᠩᠭᠤᠨ ᠪᠠᠶᠢᠴᠠᠭᠠᠬᠤ ᠶᠢ ᠦᠯᠦ ᠬᠦᠯᠢᠶᠡᠭᠰᠡᠨ᠃ | | | ᠲᠣᠰ ᠠᠷᠭ᠎ᠠ ᠳᠤ ᠬᠡᠯᠡᠵᠦ ᠪᠠᠶᠢᠭ᠎ᠠ ᠬᠤᠳᠠᠯ ᠬᠠᠭᠤᠷᠮᠠᠭ ᠮᠡᠳᠡᠭᠦᠯᠦᠯᠲᠡ ᠭᠡᠳᠡᠭ ᠨᠢ ᠠᠮᠤᠷ ᠲᠦᠪᠰᠢᠨ ᠤ | ᠦᠨᠡᠯᠡᠯᠲᠡ ᠶᠢᠨ ᠮᠡᠳᠡᠭᠦᠯᠦᠯᠲᠡ ᠶᠢ ᠵᠢᠭᠠᠵᠤ ᠪᠣᠶ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠨ ᠰᠢᠯᠭᠠᠵᠤ ᠰᠢᠯᠭᠠᠨ | ᠪᠠᠶᠢᠴᠠᠭᠠᠭᠰᠠᠨ ᠮᠡᠳᠡᠭᠦᠯᠦᠯᠲᠡ ᠶᠢᠨ ᠠᠭᠤᠯᠭ᠎ᠠ ᠨᠢ ᠲᠤᠬᠠᠢ ᠶᠢᠨ ᠦᠶ᠎ᠡ ᠶᠢᠨ ᠪᠣᠳᠠᠲᠤ ᠪᠠᠶᠢᠳᠠᠯ ᠲᠠᠢ ᠬᠦᠨᠳᠦ | ᠨᠣᠴᠢᠲᠠᠢ ᠨᠡᠶᠢᠴᠡᠬᠦ ᠦᠭᠡᠢ ᠪᠠᠶᠢᠵᠤ᠂ ᠮᠡᠳᠡᠭᠦᠯᠦᠯᠲᠡ ᠶᠢᠨ ᠳ᠋ᠦᠩᠨᠡᠯᠲᠡ ᠶᠢᠨ ᠰᠢᠨᠵᠢ ᠴᠢᠨᠠᠷ ᠢ ᠲᠣᠭᠲᠠᠭᠠᠬᠤ ᠨᠢ | ᠪᠤᠰᠤᠳᠴᠢ ᠪᠣᠳᠠᠲᠤ ᠪᠠᠶᠢᠳᠠᠯ ᠠᠴᠠ ᠬᠦᠨᠳᠦ ᠨᠣᠴᠢᠲᠠᠢ ᠵᠠᠶᠢᠳᠠᠭᠰᠠᠨ ᠢ ᠵᠢᠭᠠᠵᠤ ᠪᠣᠶ᠃ | | | ᠳᠥᠷᠪᠡᠳᠦᠭᠡᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | | | ᠬᠤᠷᠢᠨ ᠭᠤᠷᠪᠠᠳᠤᠭᠠᠷ ᠵᠦᠢᠯ ᠬᠢᠷᠢ ᠬᠡᠮ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠨᠢ ᠠᠶᠦᠯᠭᠦᠢ | ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠪᠠᠶᠢᠭᠤᠯᠤᠮᠵᠢ ᠶᠢᠨ ᠬᠢᠷᠢ ᠬᠡᠮ ᠢ | ᠮᠡᠳᠡᠷᠡᠨ ᠵᠥᠪᠰᠢᠶᠡᠷᠡᠬᠦ᠂ ᠬᠢᠨᠠᠯᠲᠠ ᠲᠠᠯᠪᠢᠵᠤ ᠪᠠᠶᠢᠴᠠᠭᠠᠬᠤ᠂ ᠬᠠᠷᠢᠶ᠎ᠠ ᠣᠷᠣᠨ ᠳᠤᠨᠢ ᠬᠠᠮᠢᠶᠠᠷᠤᠭᠤᠯᠬᠤ | ᠬᠤᠯᠪᠣᠭᠳᠠᠯ ᠪᠦᠬᠦᠢ ᠳᠦᠷᠢᠮ ᠪᠠ ᠵᠢᠷᠤᠮ ᠢ ᠪᠠᠶᠢᠭᠤᠯᠤᠨ ᠲᠡᠭᠦᠯᠳᠡᠷᠵᠢᠭᠦᠯᠵᠦ᠂ ᠤᠴᠢᠷ ᠶᠠᠪᠤᠳᠠᠯ ᠤᠨ ᠳᠤᠮᠳᠠᠬᠢ | ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠬᠢᠨᠠᠯᠲᠠ ᠲᠠᠯᠪᠢᠵᠤ | ᠪᠠᠶᠢᠴᠠᠭᠠᠭᠰᠠᠨ ᠪᠠᠶᠢᠳᠠᠯ ᠪᠠ ᠰᠢᠢᠳᠪᠦᠷᠢᠯᠡᠭᠰᠡᠨ ᠦᠷ᠎ᠡ ᠳ᠋ᠦᠩ ᠢᠶᠠᠨ ᠨᠡᠶᠢᠭᠡᠮ ᠳᠤ ᠢᠯᠡ ᠪᠣᠯᠭᠠᠬᠤ ᠬᠡᠷᠡᠭᠲᠡᠢ᠃ | | | ᠲᠦᠷᠦ ᠶᠢᠨ ᠶᠠᠪᠤᠳᠠᠯ ᠤᠨ ᠬᠤᠷᠢᠶᠠᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ | ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠷᠢ ᠬᠡᠮ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠶᠢᠨ ᠬᠢᠷᠢ | ᠬᠡᠮ ᠢ ᠮᠡᠳᠡᠷᠡᠨ ᠵᠥᠪᠰᠢᠶᠡᠷᠡᠬᠦ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ | ᠬᠢᠵᠦ᠂ ᠦᠢᠯᠡᠳᠪᠦᠷᠢᠯᠡᠯ ᠤᠨ ᠠᠶᠦᠯᠭᠦᠢ ᠪᠠᠶᠢᠳᠠᠯ ᠤᠨ ᠬᠦᠨᠳᠦ ᠨᠣᠴᠢᠲᠠᠢ ᠡ᠊ᠨᠳᠡᠯ ᠳᠤ ᠬᠤᠯᠪᠣᠭᠳᠠᠭᠰᠠᠨ᠂ ᠬᠠᠤᠯᠢ | ᠲᠣᠭᠲᠠᠭᠠᠯ ᠢ ᠵᠥᠷᠢᠴᠡᠨ ᠮᠡᠳᠡᠷᠡᠨ ᠵᠥᠪᠰᠢᠶᠡᠷᠡᠬᠦ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ | ᠪᠣᠯᠵᠣᠨ ᠶᠠᠷᠢᠯᠴᠠᠬᠤ᠂ ᠵᠠᠷᠯᠠᠨ ᠮᠡᠳᠡᠭᠳᠡᠬᠦ᠂ ᠬᠢᠷᠢ ᠬᠡᠮ ᠢ ᠨᠢ ᠮᠡᠳᠡᠷᠡᠨ ᠵᠥᠪᠰᠢᠶᠡᠷᠡᠬᠦ ᠲᠣᠭᠲᠠᠭᠠᠯ ᠢ ᠨᠢ ᠬᠦᠴᠦᠨ | ᠦᠭᠡᠢ ᠪᠣᠯᠭᠠᠬᠤ ᠵᠢᠴᠢ ᠬᠢᠷᠢ ᠬᠡᠮ ᠢ ᠨᠢ ᠮᠡᠳᠡᠷᠡᠨ ᠵᠥᠪᠰᠢᠶᠡᠷᠡᠬᠦ ᠡᠷᠬᠡ ᠶᠢ ᠨᠢ ᠲᠦᠷ ᠵᠣᠭᠰᠤᠭᠠᠬᠤ ᠵᠡᠷᠭᠡ ᠠᠷᠭ᠎ᠠ | ᠬᠡᠮᠵᠢᠶ᠎ᠡ ᠠᠪᠴᠤ ᠪᠣᠯᠣᠨ᠎ᠠ᠃ | | | ᠬᠤᠷᠢᠨ ᠳᠥᠷᠪᠡᠳᠦᠭᠡᠷ ᠵᠦᠢᠯ ᠬᠢᠷᠢ ᠴᠢᠳᠠᠯ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠨᠢ ᠮᠡᠳᠡᠷᠡᠨ | ᠵᠥᠪᠰᠢᠶᠡᠷᠡᠭᠰᠡᠨ ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ | ᠪᠠᠶᠢᠭᠤᠯᠤᠮᠵᠢ ᠪᠠᠨ ᠠᠶᠤᠯᠭᠦᠢ ᠦᠢᠯᠡᠳᠪᠦᠷᠢᠯᠡᠯ ᠢ ᠬᠢᠨᠠᠵᠤ ᠪᠠᠶᠢᠴᠠᠭᠠᠬᠤ ᠣᠨ ᠤ ᠲᠥᠯᠥᠪᠯᠡᠭᠡ ᠶᠢᠨ ᠬᠡᠪᠴᠢᠶᠡᠨ ᠳᠤ | ᠣᠷᠣᠭᠤᠯᠬᠤ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ︽ᠬᠤᠶᠠᠷ ᠢ ᠲᠣᠬᠢᠶᠠᠯᠳᠤᠯ ᠢᠶᠠᠷ ᠬᠢᠬᠦ᠂ | ᠨᠢᠭᠡ ᠶᠢ ᠢᠯᠡ ᠪᠣᠯᠭᠠᠬᠤ︾ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠶᠢ | ᠬᠡᠷᠡᠭᠵᠢᠭᠦᠯᠬᠦ ᠶᠢᠨ ᠬᠠᠮᠲᠤ ᠭᠤᠷᠪᠠᠨ ᠵᠢᠯ ᠳᠤ ᠠᠳᠠᠭ ᠲᠠᠭᠠᠨ ᠨᠢᠭᠡ ᠤᠳᠠᠭ᠎ᠠ ᠬᠠᠮᠤᠷᠬᠤ ᠶᠢ ᠦᠨᠡᠨ ᠬᠦ ᠪᠠᠲᠤᠯᠠᠨ᠎ᠠ᠃ | | | | ᠠᠶᠦᠯᠭᠦᠢ ᠪᠠᠶᠢᠳᠠᠯ ᠤᠨ ᠦᠨᠡᠯᠡᠯᠲᠡ ᠬᠢᠵᠦ ᠪᠠᠶᠢᠴᠠᠭᠠᠨ ᠰᠢᠯᠭᠠᠬᠤ ᠪᠠᠶᠢᠭᠤᠯᠤᠮᠵᠢ ᠣᠷᠣᠨ ᠪᠦᠰᠡ | ᠠᠯᠤᠰᠯᠠᠭᠰᠠᠨ ᠮᠡᠷᠭᠡᠵᠢᠯ ᠤᠨ ᠦᠢᠯᠡᠴᠢᠯᠡᠭᠡ ᠬᠢᠭᠰᠡᠨ ᠪᠠᠶᠢᠪᠠᠯ᠂ ᠵᠦᠢᠯᠡᠰ ᠢ ᠬᠡᠷᠡᠭᠵᠢᠭᠦᠯᠬᠦ ᠭᠠᠵᠠᠷ ᠤᠨ ᠬᠢᠷᠢ ᠬᠡᠮ ᠢ | ᠮᠡᠳᠡᠷᠡᠨ ᠵᠥᠪᠰᠢᠶᠡᠷᠡᠬᠦ ᠪᠠᠶᠢᠭᠤᠯᠭ᠎ᠠ ᠠᠴᠠ ᠲᠡᠭᠦᠨ ᠤ ᠬᠢᠷᠢ ᠬᠡᠮ ᠤᠨ ᠬᠦᠴᠦᠨ ᠲᠠᠢ ᠴᠢᠨᠠᠷ᠂ ᠮᠡᠳᠡᠷᠡᠨ | ᠵᠥᠪᠰᠢᠶᠡᠷᠡᠬᠦ ᠬᠦᠷᠢᠶ᠎ᠡ ᠬᠡᠪᠴᠢᠶ᠎ᠡ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠷᠭᠤᠭᠤᠯᠤᠨ ᠪᠠᠶᠢᠴᠠᠭᠠᠬᠤ ᠶᠢᠨ | ᠬᠠᠮᠲᠤ ᠲᠡᠭᠦᠨ ᠤ ᠮᠡᠷᠭᠡᠵᠢᠯ ᠤᠨ ᠦᠢᠯᠡᠴᠢᠯᠡᠭᠡ ᠳᠤ ᠰᠣᠩᠭᠤᠨ ᠪᠠᠶᠢᠴᠠᠭᠠᠯᠲᠠ ᠬᠢᠬᠦ ᠬᠡᠷᠡᠭᠲᠡᠢ᠃ | | | ᠬᠢᠷᠢ ᠬᠡᠮ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠵᠢᠴᠢ ᠲᠡᠭᠦᠨ ᠤ ᠳᠣᠣᠷᠠᠳᠤ ᠱᠠᠲᠤᠨ ᠤ ᠰᠠᠯᠠᠭ᠎ᠠ | ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠦᠷᠢᠳᠬᠡᠭᠦᠯᠦᠨ ᠳᠠᠩᠰᠠᠯᠠᠭᠤᠯᠤᠭᠰᠠᠨ ᠠᠶᠦᠯᠭᠦᠢ | ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠪᠠᠶᠢᠴᠠᠭᠠᠨ ᠬᠡᠮᠵᠢᠬᠦ | ᠪᠠᠶᠢᠭᠤᠯᠤᠮᠵᠢ ᠶᠢᠨ ᠬᠢᠷᠢ ᠬᠡᠮ ᠤᠨ ᠨᠥᠬᠦᠴᠡᠯ ᠢ ᠪᠠᠲᠤᠯᠠᠭᠰᠠᠨ ᠪᠠᠶᠢᠳᠠᠯ᠂ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠶᠢ ᠭᠥᠯᠢᠶᠡᠨ ᠠᠪᠤᠭᠰᠠᠨ ᠪᠠ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠵᠡᠷᠭᠡ ᠪᠠᠶᠢᠳᠠᠯ ᠳᠤ | ᠭᠤᠣᠯᠳᠠᠯᠭ᠎ᠠ ᠲᠠᠢ ᠪᠠᠷ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠢ᠃ | | | ᠬᠤᠷᠢᠨ ᠲᠠᠪᠤᠳᠤᠭᠠᠷ ᠵᠦᠢᠯ ᠬᠢᠷᠢ ᠬᠡᠮ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠵᠢᠴᠢ ᠲᠡᠭᠦᠨ ᠤ | ᠳᠣᠣᠷ᠎ᠠ ᠱᠠᠲᠤᠨ ᠤ ᠰᠠᠯᠠᠭ᠎ᠠ ᠮᠥᠴᠢᠷ᠂ ᠨᠡᠭᠦᠷᠡᠰᠦᠨ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ | ᠪᠠᠶᠢᠭᠤᠯᠤᠮᠵᠢ᠂ ᠡ᠊ᠨᠳᠡᠯ ᠢ ᠪᠠᠶᠢᠴᠠᠭᠠᠬᠤ ᠳᠤᠭᠤᠶᠢᠯᠠᠩ ᠠᠶᠤᠯᠭᠦᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ | ᠵᠥᠪᠰᠢᠶᠡᠷᠡᠯ᠂ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠠᠶᠦᠯᠭᠦᠢ ᠪᠠᠶᠢᠳᠠᠯ ᠤᠨ ᠲᠥᠬᠦᠭᠡᠷᠦᠮᠵᠢ ᠶᠢᠨ ︽ | ᠭᠤᠷᠪᠠ ᠶᠢ ᠬᠠᠮᠲᠤ ᠳᠤᠨᠢ ᠬᠢᠬᠦ︾ ᠬᠢᠨᠠᠨ ᠪᠠᠶᠢᠴᠠᠭᠠᠯᠲᠠ᠂ ᠬᠢᠨᠠᠯᠲᠠ ᠪᠠᠶᠢᠴᠠᠭᠠᠯᠲᠠ ᠪᠠ ᠡ᠊ᠨᠳᠡᠯ ᠤᠨ | ᠪᠠᠶᠢᠴᠠᠭᠠᠯᠲᠠ ᠶᠢᠨ ᠳᠤᠮᠳᠠ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠪᠠ ᠠᠶᠦᠯᠭᠦᠢ ᠪᠠᠶᠢᠳᠠᠯ ᠤᠨ ᠲᠠᠯ᠎ᠠ ᠪᠠᠷ | ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠪᠠᠶᠢᠭᠤᠯᠤᠮᠵᠢ ᠶᠢᠨ ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ | ᠰᠢᠯᠭᠠᠵᠤ ᠰᠢᠨᠵᠢᠯᠡᠭᠡ ᠪᠠᠷ ᠲᠣᠭᠲᠠᠭᠠᠬᠤ᠂ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ ᠠᠵᠢᠯᠯᠠᠭ᠎ᠠ ᠶᠢᠨ ᠳᠤᠮᠳᠠ | ᠬᠠᠤᠯᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠬᠠᠤᠯᠢ ᠶᠣᠰᠣᠭᠠᠷ | ᠵᠠᠰᠠᠭ ᠵᠠᠬᠢᠷᠭᠠᠨ ᠤ ᠰᠢᠢᠳᠬᠡᠯ ᠥᠭᠬᠦ ᠬᠡᠷᠡᠭᠲᠡᠢ᠃ | | | ᠠᠶᠦᠯᠭᠦᠢ ᠪᠠᠶᠢᠳᠠᠯ ᠤᠨ ᠦᠨᠡᠯᠡᠯᠲᠡ ᠶᠢᠨ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ | ᠬᠢᠷᠢ ᠬᠡᠮ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ᠂ ᠬᠦᠴᠦᠨ ᠦᠭᠡᠢ ᠪᠣᠯᠭᠠᠬᠤ ᠳᠤ ᠤᠤᠯ ᠤᠨ ᠬᠢᠷᠢ | ᠬᠡᠮ ᠢ ᠵᠥᠪᠰᠢᠶᠡᠷᠡᠭᠰᠡᠨ ᠪᠠᠶᠢᠭᠤᠯᠭ᠎ᠠ ᠠᠴᠠ ᠲᠣᠭᠲᠠᠭᠠᠨ᠎ᠠ᠃ | | | ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠪᠠᠶᠢᠴᠠᠭᠠᠨ | ᠰᠢᠯᠭᠠᠬᠤ ᠪᠠᠶᠢᠭᠤᠯᠤᠮᠵᠢ ᠳᠤ ᠵᠠᠰᠠᠭ ᠵᠠᠬᠢᠷᠭᠠᠨ ᠤ ᠰᠢᠢᠳᠬᠡᠯ ᠥᠭᠬᠦ ᠵᠡᠷᠭᠡ ᠲᠣᠭᠲᠠᠭᠠᠯ ᠭᠠᠷᠭᠠᠭᠰᠠᠨ ᠪᠠᠶᠢᠪᠠᠯ᠂ | ᠲᠣᠭᠲᠠᠭᠠᠯ ᠭᠠᠷᠭᠠᠭᠰᠠᠨ ᠪᠠᠶᠢᠭᠤᠯᠭ᠎ᠠ ᠨᠢ ᠬᠤᠯᠪᠣᠭᠳᠠᠯ ᠪᠦᠬᠦᠢ ᠪᠠᠶᠢᠳᠠᠯ ᠢ ᠠᠶᠦᠯᠭᠦᠢ ᠪᠠᠶᠢᠳᠠᠯ ᠤᠨ ᠲᠠᠯ᠎ᠠ ᠪᠠᠷ | ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠮᠡᠳᠡᠭᠡ ᠵᠠᠩᠭᠢ ᠶᠢ | ᠪᠠᠶᠢᠴᠠᠭᠠᠨ ᠯᠠᠪᠯᠠᠬᠤ ᠰᠢᠰᠲ᠋ᠧᠮ ᠳᠤ ᠴᠠᠭ ᠲᠤᠬᠠᠢ ᠳᠤᠨᠢ ᠣᠷᠣᠭᠤᠯᠬᠤ ᠬᠡᠷᠡᠭᠲᠡᠢ᠃ | | | ᠬᠤᠷᠢᠨ ᠵᠢᠷᠭᠤᠳᠤᠭᠠᠷ ᠵᠦᠢᠯ ᠠᠶᠦᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ | ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ | ᠰᠢᠯᠭᠠᠵᠤ ᠰᠢᠨᠵᠢᠯᠡᠭᠡ ᠪᠠᠷ ᠲᠣᠭᠲᠠᠭᠠᠬᠤ ᠪᠠᠶᠢᠭᠤᠯᠤᠮᠵᠢ ᠶᠢᠨ ᠬᠡᠪ ᠤᠨ ᠠᠵᠢᠯᠯᠠᠭ᠎ᠠ ᠳᠤ ᠭᠠᠷ ᠲᠦᠷᠤᠵᠤ ᠪᠣᠯᠬᠤ | ᠦᠭᠡᠢ᠃ ᠵᠠᠰᠠᠭ ᠤᠨ ᠣᠷᠳᠣᠨ ᠤ ᠬᠤᠳᠠᠯᠳᠤᠨ ᠠᠪᠬᠤ ᠮᠡᠷᠭᠡᠵᠢᠯ ᠤᠨ ᠦᠢᠯᠡᠴᠢᠯᠡᠭᠡ ᠶᠢ ᠭᠠᠷᠭᠠᠪᠠᠯ᠂ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠵᠢᠭᠠᠨ ᠲᠣᠭᠲᠠᠭᠠᠭᠰᠠᠨ ᠠᠶᠦᠯᠭᠦᠢ ᠪᠠᠶᠢᠳᠠᠯ ᠤᠨ ᠲᠠᠯ᠎ᠠ ᠪᠠᠷ | ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠪᠠᠶᠢᠭᠤᠯᠤᠮᠵᠢ ᠶᠢᠨ ᠮᠡᠷᠭᠡᠵᠢᠯ ᠤᠨ ᠦᠢᠯᠡᠴᠢᠯᠡᠭᠡ ᠶᠢ | ᠬᠦᠯᠢᠶᠡᠯᠭᠡᠬᠦ ᠪᠠᠷ ᠱᠠᠭᠠᠷᠳᠠᠵᠤ ᠪᠣᠯᠬᠤ ᠦᠭᠡᠢ᠃ | | | ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠦᠭᠡᠢ ᠪᠤᠶᠤ ᠲᠦᠷᠦ ᠶᠢᠨ ᠶᠠᠪᠤᠳᠠᠯ ᠤᠨ | ᠬᠤᠷᠢᠶᠠᠨ ᠤ ᠲᠣᠭᠲᠠᠭᠠᠯ ᠦᠭᠡᠢ ᠪᠣᠯ᠂ ᠳᠠᠩᠰᠠᠯᠠᠬᠤ᠂ ᠳᠠᠩᠰᠠᠯᠠᠬᠤ᠂ ᠣᠨ ᠤ ᠪᠠᠶᠢᠴᠠᠭᠠᠯᠲᠠ ᠬᠢᠬᠦ᠂ ᠦᠨᠡᠮᠯᠡᠯ | ᠰᠣᠯᠢᠬᠤ᠂ ᠰᠠᠯᠪᠤᠷᠢ ᠪᠠᠶᠢᠭᠤᠯᠤᠮᠵᠢ ᠪᠠᠶᠢᠭᠤᠯᠬᠤ ᠪᠠᠷ ᠱᠠᠭᠠᠷᠳᠠᠬᠤ ᠵᠡᠷᠭᠡ ᠬᠡᠯᠪᠡᠷᠢ ᠪᠠᠷ ᠠᠶᠦᠯᠭᠦᠢ ᠪᠠᠶᠢᠳᠠᠯ ᠤᠨ | ᠦᠨᠡᠯᠡᠯᠲᠡ ᠬᠢᠵᠦ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠣᠷᠣᠬᠤ ᠵᠥᠪᠰᠢᠶᠡᠷᠡᠯ ᠤᠨ ᠬᠠᠷᠰᠢ ᠰᠠᠭᠠᠳ ᠢ | ᠭᠠᠷᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠭᠠᠷᠭᠠᠵᠤ ᠪᠣᠯᠬᠤ ᠦᠭᠡᠢ᠃ | | | ᠲᠠᠪᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | | ᠬᠤᠷᠢᠨ ᠳᠣᠯᠣᠳᠤᠭᠠᠷ ᠵᠦᠢᠯ ᠭᠤᠶᠤᠴᠢᠯᠠᠭᠴᠢ ᠬᠤᠯᠪᠣᠭᠳᠠᠯ ᠪᠦᠬᠦᠢ ᠪᠠᠶᠢᠳᠠᠯ ᠢᠶᠠᠨ ᠨᠢᠭᠤᠨ | ᠳᠠᠯᠳᠠᠯᠠᠭᠰᠠᠨ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ ᠬᠢᠷᠢ ᠴᠢᠳᠠᠯ ︵ᠬᠢᠷᠢ ᠴᠢᠳᠠᠯ ᠢ ᠨᠢ | ᠦᠷᠭᠦᠯᠵᠢᠯᠡᠭᠦᠯᠬᠦ᠂ ᠬᠢᠷᠢ ᠴᠢᠳᠠᠯ ᠢ ᠨᠢ ᠬᠤᠪᠢᠷᠠᠭᠤᠯᠬᠤ᠂ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠨᠢ | ᠨᠡᠮᠡᠭᠳᠡᠭᠦᠯᠬᠦ ᠵᠡᠷᠭᠡ ᠶᠢ ᠪᠠᠭᠲᠠᠭᠠᠨ᠎ᠠ︶ ᠭᠤᠶᠤᠴᠢᠯᠠᠭᠰᠠᠨ ᠪᠠᠶᠢᠪᠠᠯ᠂ ᠬᠢᠷᠢ ᠴᠢᠳᠠᠯ ᠢ ᠨᠢ ᠮᠡᠳᠡᠷᠡᠨ ᠵᠥᠪᠰᠢᠶᠡᠷᠡᠬᠦ | ᠪᠠᠶᠢᠭᠤᠯᠭ᠎ᠠ ᠭᠥᠯᠢᠶᠡᠨ ᠠᠪᠴᠤ ᠰᠢᠢᠳᠪᠦᠷᠢᠯᠡᠬᠦ ᠦᠭᠡᠢ ᠪᠤᠶᠤ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠦᠭᠡᠢ | ᠪᠥᠭᠡᠳ ᠰᠡᠷᠡᠮᠵᠢ ᠥᠭᠭᠦᠨ᠎ᠡ᠃ ᠲᠤᠰ ᠭᠤᠶᠤᠴᠢᠯᠠᠭᠴᠢ ᠨᠢᠭᠡ ᠵᠢᠯ ᠤᠨ ᠳᠣᠲᠣᠷ᠎ᠠ ᠲᠠᠬᠢᠵᠤ ᠭᠤᠶᠤᠴᠢᠯᠠᠵᠤ ᠪᠣᠯᠬᠤ | ᠦᠭᠡᠢ᠃ | | | ᠬᠤᠷᠢᠨ ᠨᠠᠢᠮᠠᠳᠤᠭᠠᠷ ᠵᠦᠢᠯ ᠭᠤᠶᠤᠴᠢᠯᠠᠭᠴᠢ ᠮᠡᠬᠡᠯᠡᠬᠦ᠂ ᠬᠡᠭᠡᠯᠢ ᠲᠦᠯᠬᠢᠬᠦ ᠵᠡᠷᠭᠡ ᠵᠦᠢ ᠪᠤᠰᠤ ᠠᠷᠭ᠎ᠠ | ᠪᠠᠷᠢᠯ ᠢᠶᠠᠷ ᠬᠢᠷᠢ ᠬᠡᠮ ︵ᠬᠢᠷᠢ ᠬᠡᠮ ᠢ ᠨᠢ ᠦᠷᠭᠦᠯᠵᠢᠯᠡᠭᠦᠯᠬᠦ᠂ ᠬᠢᠷᠢ ᠬᠡᠮ ᠢ ᠨᠢ ᠬᠤᠪᠢᠷᠠᠭᠤᠯᠬᠤ᠂ ᠲᠤᠬᠠᠶᠢᠯᠠᠭᠰᠠᠨ | ᠠᠵᠢᠯ ᠤᠨ ᠬᠡᠪᠴᠢᠶ᠎ᠡ ᠶᠢ ᠨᠢ ᠨᠡᠮᠡᠭᠳᠡᠭᠦᠯᠬᠦ ᠵᠡᠷᠭᠡ ᠪᠠᠭᠲᠠᠨ᠎ᠠ︶ ᠣᠯᠣᠭᠰᠠᠨ ᠪᠠᠶᠢᠪᠠᠯ᠂ ᠲᠡᠭᠦᠨ ᠢ ᠬᠦᠴᠦᠨ ᠦᠭᠡᠢ | ᠪᠣᠯᠭᠠᠬᠤ ᠬᠡᠷᠡᠭᠲᠡᠢ᠃ ᠲᠤᠰ ᠭᠤᠶᠤᠴᠢᠯᠠᠭᠴᠢ ᠨᠢ ᠭᠤᠷᠪᠠᠨ ᠵᠢᠯ ᠤᠨ ᠳᠣᠲᠣᠷ᠎ᠠ ᠲᠡᠬᠢᠵᠦ ᠭᠤᠶᠤᠴᠢᠯᠠᠵᠤ ᠪᠣᠯᠬᠤ | ᠦᠭᠡᠢ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | | ᠬᠤᠷᠢ ᠶᠢᠰᠦᠳᠦᠭᠡᠷ ᠵᠦᠢᠯ ᠬᠢᠷᠢ ᠬᠡᠮ ᠣᠯᠣᠭᠰᠠᠨ ᠦᠭᠡᠢ ᠪᠠᠶᠢᠭᠤᠯᠤᠮᠵᠢ ᠵᠢᠴᠢ ᠲᠡᠭᠦᠨ ᠤ ᠬᠤᠯᠪᠣᠭᠳᠠᠯ | ᠪᠦᠬᠦᠢ ᠬᠥᠮᠥᠰ ᠠᠶᠦᠯᠭᠦᠢ ᠪᠠᠶᠢᠳᠠᠯ ᠢ ᠦᠨᠡᠯᠡᠬᠦ᠂ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ | ᠦᠢᠯᠡᠴᠢᠯᠡᠭᠡ ᠶᠢ ᠳᠤᠷ᠎ᠠ ᠪᠠᠷ ᠢᠶᠠᠨ ᠬᠢᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠦᠢᠯᠡ | ᠠᠵᠢᠯᠯᠠᠭ᠎ᠠ ᠶᠢ ᠨᠢ ᠲᠡᠷᠡ ᠳᠠᠷᠤᠢ ᠳᠤᠨᠢ ᠵᠣᠭᠰᠣᠭᠠᠵᠤ᠂ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ | ᠰᠢᠢᠳᠬᠡᠨ᠎ᠡ᠄ | | | ︵ᠨᠢᠭᠡ︶ ᠪᠠᠶᠢᠭᠤᠯᠤᠮᠵᠢ ᠨᠢ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠲᠠᠢ ᠪᠠᠶᠢᠪᠠᠯ᠂ | ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠬᠠᠤᠯᠢ ᠶᠢ ᠵᠥᠷᠢᠴᠡᠵᠦ ᠣᠯᠣᠭᠰᠠᠨ | ᠣᠯᠵᠠ ᠠᠰᠢᠭ ᠤᠨ ᠬᠢᠨᠢ ᠨᠢᠭᠡ ᠲᠡᠬᠢᠠ ᠠᠴᠠ ᠳᠡᠭᠡᠭᠰᠢ ᠭᠤᠷᠪᠠᠨ ᠲᠡᠬᠢᠠ ᠠᠴᠠ ᠳᠣᠭᠤᠭᠰᠢ ᠵᠣᠭᠤᠰ ᠢᠶᠠᠷ | ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠂ ᠭᠡᠪᠡᠴᠦ ᠬᠠᠮᠤᠭ ᠶᠡᠭᠡ ᠳᠡᠭᠡᠨ ᠭᠤᠷᠪᠠᠨ ᠲᠦᠮᠡᠨ ᠲᠥᠭᠦᠷᠢᠭ ᠠᠴᠠ | ᠬᠡᠲᠦᠷᠡᠭᠦᠯᠵᠦ ᠪᠣᠯᠬᠤ ᠤᠶᠢᠭᠡᠢ︔ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠪᠠᠶᠢᠬᠤ ᠤᠶᠢᠭᠡᠢ ᠪᠣᠯ | ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠢᠳᠬᠡᠨ᠎ᠡ︔ | | | ︵ᠬᠤᠶᠠᠷ︶ ᠬᠤᠯᠪᠣᠭᠳᠠᠯ ᠪᠦᠬᠦᠢ ᠬᠥᠮᠥᠰ ᠢ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃ | | | ᠡᠮᠦᠨᠡᠬᠢ ᠪᠠᠳᠠᠭ ᠲᠤ ᠲᠣᠭᠲᠠᠭᠠᠭᠰᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠲᠠᠢ ᠪᠠᠶᠢᠭᠤᠯᠤᠮᠵᠢ ᠵᠢᠴᠢ | ᠲᠡᠭᠦᠨ ᠤ ᠠᠵᠢᠯᠲᠠᠨ ᠢ ᠬᠢᠷᠢ ᠴᠢᠳᠠᠯ ᠢ ᠨᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠠᠴᠠ ᠬᠤᠯᠪᠣᠭᠳᠠᠯ ᠪᠦᠬᠦᠢ | ᠪᠠᠶᠢᠭᠤᠯᠤᠮᠵᠢ ᠪᠠ ᠠᠵᠢᠯᠲᠠᠨ ᠤ ᠢᠲᠡᠭᠡᠮᠵᠢ ᠶᠢᠨ ᠲᠡᠮᠳᠡᠭᠯᠡᠯ ᠳᠤ ᠲᠡᠮᠳᠡᠭᠯᠡᠨ ᠣᠷᠣᠭᠤᠯᠬᠤ ᠶᠢᠨ ᠬᠠᠮᠲᠤ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠵᠠᠷᠯᠠᠨ ᠨᠡᠶᠢᠲᠡᠯᠡᠨ᠎ᠡ᠃ | | | ᠭᠤᠴᠢᠳᠤᠭᠠᠷ ᠵᠦᠢᠯ ᠠᠶᠦᠯᠭᠦᠢ ᠪᠠᠶᠢᠳᠠᠯ ᠢ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ | ᠪᠠᠶᠢᠭᠤᠯᠤᠮᠵᠢ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠵᠠᠷᠯᠢᠭᠳᠠᠵᠤ ᠪᠠᠶᠢᠭᠠᠳ | ᠵᠠᠯᠠᠷᠠᠭᠤᠯᠤᠭᠤᠯᠬᠤ ᠪᠤᠶᠤ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠰᠡᠷᠡᠮᠵᠢ | ᠥᠭᠭᠦᠨ᠎ᠡ᠂ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠵᠦ | ᠪᠣᠯᠣᠨ᠎ᠠ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠲᠦᠮᠡᠨ ᠲᠥᠭᠦᠷᠢᠭ ᠠᠴᠠ ᠳᠡᠭᠡᠭᠰᠢ | ᠭᠤᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ᠂ ᠬᠤᠯᠪᠣᠭᠳᠠᠯ ᠪᠦᠬᠦᠢ | ᠬᠠᠷᠢᠭᠤᠴᠠᠯᠭ᠎ᠠ ᠲᠠᠢ ᠬᠥᠮᠥᠨ ᠢ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠮᠢᠩᠭᠠᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠲᠦᠮᠡᠨ | ᠲᠥᠭᠦᠷᠢᠭ ᠠᠴᠠ ᠳᠡᠭᠡᠭᠰᠢ ᠭᠤᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠢᠳᠭᠡᠵᠦ᠂ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠢ ᠲᠠᠪᠤᠨ ᠮᠢᠩᠭᠠᠨ ᠲᠥᠭᠦᠷᠢᠭ ᠠᠴᠠ ᠳᠡᠭᠡᠭᠰᠢ | ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠄ | | | ︵ᠨᠢᠭᠡ︶ ᠨᠠᠶᠢᠳᠠᠭᠰᠠᠨ ᠲᠠᠯ᠎ᠠ ᠲᠠᠢ ᠮᠡᠷᠭᠡᠵᠢᠯ ᠤᠨ ᠦᠢᠯᠡᠴᠢᠯᠡᠭᠡᠨ ᠤ ᠭᠡᠷ᠎ᠡ ᠶᠢ ᠬᠠᠤᠯᠢ ᠶᠣᠰᠣᠭᠠᠷ ᠦᠯᠦ | ᠲᠣᠭᠲᠠᠭᠠᠭᠰᠠᠨ︔ | | | ︵ᠬᠤᠶᠠᠷ︶ ᠬᠠᠤᠯᠢ ᠲᠣᠭᠲᠠᠭᠠᠯ ᠤᠨ ᠪᠠᠷᠢᠮᠵᠢᠶ᠎ᠠ ᠶᠢᠨ ᠲᠣᠭᠲᠠᠭᠠᠯ ᠢ ᠵᠥᠷᠢᠴᠡᠨ ᠠᠶᠦᠯᠭᠦᠢ ᠪᠠᠶᠢᠳᠠᠯ ᠢ | ᠦᠨᠡᠯᠡᠬᠦ᠂ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠵᠢᠷᠤᠮ ᠪᠠ ᠬᠤᠯᠪᠣᠭᠳᠠᠯ ᠪᠦᠬᠦᠢ ᠠᠭᠤᠯᠭ᠎ᠠ ᠶᠢ | ᠥᠭᠡᠷᠡᠴᠢᠯᠡᠭᠰᠡᠨ ᠪᠤᠶᠤ ᠳᠥᠭᠦᠮᠴᠢᠯᠡᠭᠰᠡᠨ︔ | | | ︵ᠭᠤᠷᠪᠠ︶ ᠠᠶᠦᠯᠭᠦᠢ ᠪᠠᠶᠢᠳᠠᠯ ᠤᠨ ᠦᠨᠡᠯᠡᠯᠲᠡ ᠶᠢᠨ ᠮᠡᠳᠡᠭᠦᠯᠦᠯᠲᠡ᠂ ᠠᠶᠤᠯᠭᠦᠢ ᠦᠢᠯᠡᠳᠪᠦᠷᠢᠯᠡᠯ ᠤᠨ | ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠭᠰᠠᠨ ᠮᠡᠳᠡᠭᠦᠯᠦᠯᠲᠡ ᠶᠢᠨ ᠬᠤᠯᠪᠣᠭᠳᠠᠯ ᠪᠦᠬᠦᠢ ᠮᠡᠳᠡᠭᠡ ᠵᠠᠩᠭᠢ | ᠵᠢᠴᠢ ᠲᠤᠬᠠᠢ ᠶᠢᠨ ᠲᠠᠯᠠᠪᠤᠷ ᠲᠤ ᠬᠠᠶᠢᠨ ᠰᠢᠯᠭᠠᠭᠰᠠᠨ ᠵᠢᠷᠤᠭ ᠳᠦᠷᠰᠦ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ | ᠲᠣᠭᠲᠠᠭᠠᠯ ᠶᠣᠰᠣᠭᠠᠷ ᠢᠯᠡ ᠪᠣᠯᠭᠠᠭᠰᠠᠨ ᠦᠭᠡᠢ︔ | | | ︵ᠳᠥᠷᠪᠡ︶ ᠲᠤᠬᠠᠢ ᠶᠢᠨ ᠲᠠᠯᠠᠪᠤᠷ ᠤᠨ ᠮᠡᠷᠭᠡᠵᠢᠯ ᠤᠨ ᠦᠢᠯᠡᠴᠢᠯᠡᠭᠡ ᠶᠢ ᠥᠷᠨᠢᠭᠦᠯᠬᠦ ᠠᠴᠠ ᠡᠮᠦᠨ᠎ᠡ | ᠲᠤᠯᠤᠭᠠᠨ ᠠᠵᠢᠯ ᠤᠨ ᠡᠳᠦᠷ ᠤᠨ ᠳᠣᠲᠣᠷ᠎ᠠ᠂ ᠲᠥᠷᠥᠯ ᠵᠦᠢᠯ ᠢ ᠬᠡᠷᠡᠭᠵᠢᠭᠦᠯᠬᠦ ᠭᠠᠵᠠᠷ ᠤᠨ ᠬᠢᠷᠢ ᠬᠡᠮ ᠢ | ᠵᠥᠪᠰᠢᠶᠡᠷᠡᠬᠦ ᠪᠠᠶᠢᠭᠤᠯᠭ᠎ᠠ ᠳᠤ ᠪᠢᠴᠢᠭ ᠢᠶᠠᠷ ᠮᠡᠳᠡᠭᠳᠡᠭᠰᠡᠨ ᠦᠭᠡᠢ︔ | | | ︵ᠲᠠᠪᠤ︶ ᠪᠠᠶᠢᠭᠤᠯᠤᠮᠵᠢ ᠶᠢᠨ ᠨᠡᠷᠡᠶᠢᠳᠦᠯ᠂ ᠳᠠᠩᠰᠠᠯᠠᠭᠤᠯᠤᠭᠰᠠᠨ ᠬᠠᠶ᠋ᠢᠭ᠂ ᠲᠤᠷᠰᠢᠯᠲᠠ ᠶᠢᠨ ᠲᠠᠰᠤᠭ ᠤᠨ | ᠨᠥᠬᠦᠴᠡᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠮᠡᠷᠭᠡᠵᠢᠯ ᠤᠨ ᠲᠤᠰᠬᠠᠢ ᠬᠠᠷᠢᠭᠤᠴᠠᠯᠭᠠᠲᠠᠨ᠂ ᠡᠷᠬᠡ | ᠣᠯᠭᠤᠭᠰᠠᠨ ᠭᠠᠷ ᠤᠨ ᠦᠰᠦᠭ ᠵᠢᠷᠤᠭᠴᠢ ᠳᠤ ᠬᠤᠪᠢᠷᠠᠯᠲᠠ ᠭᠠᠷᠤᠭᠰᠠᠨ ᠡᠳᠦᠷ ᠠᠴᠠ ᠡᠬᠢᠯᠡᠨ ᠭᠤᠴᠢᠨ | ᠡᠳᠦᠷ ᠤᠨ ᠳᠣᠲᠣᠷ᠎ᠠ ᠤᠤᠯ ᠤᠨ ᠬᠢᠷᠢ ᠴᠢᠳᠠᠯ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠳᠤ ᠬᠤᠪᠢᠷᠠᠭᠤᠯᠬᠤ | ᠭᠤᠶᠤᠴᠢᠯᠠᠯ ᠭᠠᠷᠭᠠᠭᠰᠠᠨ ᠦᠭᠡᠢ︔ | | | ︵ᠵᠢᠷᠭᠤᠭ᠎ᠠ︶ ᠬᠤᠯᠪᠣᠭᠳᠠᠯ ᠪᠦᠬᠦᠢ ᠬᠠᠤᠯᠢ ᠲᠣᠭᠲᠠᠭᠠᠯ ᠤᠨ ᠪᠠᠷᠢᠮᠵᠢᠶ᠎ᠠ ᠶᠢᠨ ᠠᠯᠪᠠᠳᠠᠯᠭ᠎ᠠ ᠶᠢᠨ | ᠴᠢᠨᠠᠷᠲᠠᠢ ᠲᠣᠭᠲᠠᠭᠠᠯ ᠶᠣᠰᠣᠭᠠᠷ ᠠᠶᠦᠯᠭᠦᠢ ᠪᠠᠶᠢᠳᠠᠯ ᠤᠨ ᠦᠨᠡᠯᠡᠯᠲᠡ ᠬᠢᠬᠦ᠂ ᠦᠨᠡᠯᠡᠨ ᠰᠢᠯᠭᠠᠵᠤ ᠰᠢᠨᠵᠢᠯᠡᠭᠡ ᠪᠠᠷ | ᠲᠣᠭᠲᠠᠭᠠᠬᠤ ᠠᠵᠢᠯᠯᠠᠭ᠎ᠠ ᠦᠯᠦ ᠬᠢᠭᠰᠡᠨ︔ | | | ︵ᠲᠤᠯᠤᠭ᠎ᠠ︶ ᠠᠶᠦᠯᠭᠦᠢ ᠪᠠᠶᠢᠳᠠᠯ ᠢ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠬᠢᠷᠢ ᠴᠢᠳᠠᠯ ᠤᠨ | ᠦᠨᠡᠮᠯᠡᠯ ᠢᠶᠠᠨ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ︔ | | | ︵ᠨᠠᠢᠮᠠ︶ ᠠᠶᠦᠯᠭᠦᠢ ᠪᠠᠶᠢᠳᠠᠯ ᠤᠨ ᠦᠨᠡᠯᠡᠯᠲᠡ ᠶᠢᠨ ᠵᠦᠢᠯᠡᠰ ᠤᠨ ᠳᠤᠭᠤᠶᠢᠯᠠᠩ ᠤᠨ ᠳᠠᠷᠤᠭ᠎ᠠ ᠵᠢᠴᠢ | ᠬᠠᠶᠢᠨ ᠰᠢᠯᠭᠠᠬᠤ ᠶᠢ ᠬᠠᠷᠢᠭᠤᠴᠠᠬᠤ ᠠᠵᠢᠯᠲᠠᠨ ᠲᠤᠬᠠᠢ ᠶᠢᠨ ᠲᠠᠯᠠᠪᠤᠷ ᠤᠨ ᠪᠣᠳᠠᠲᠠᠢ ᠭᠠᠵᠠᠷ ᠲᠤ ᠣᠴᠢᠵᠤ ᠬᠠᠶᠢᠨ | ᠰᠢᠯᠭᠠᠯᠲᠠ ᠬᠢᠬᠦ ᠵᠡᠷᠭᠡ ᠬᠤᠯᠪᠣᠭᠳᠠᠯ ᠪᠦᠬᠦᠢ ᠠᠵᠢᠯ ᠢ ᠥᠷᠨᠢᠭᠦᠯᠦᠭᠰᠡᠨ︔ | | | ︵ᠶᠢᠰᠦ︶ ᠲᠤᠬᠠᠢ ᠶᠢᠨ ᠲᠠᠯᠠᠪᠤᠷ ᠲᠤ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠶᠢ | ᠡᠭᠦᠷᠭᠡᠯᠡᠭᠰᠡᠨ ᠠᠵᠢᠯᠲᠠᠨ ᠲᠤᠬᠠᠢ ᠶᠢᠨ ᠲᠠᠯᠠᠪᠤᠷ ᠤᠨ ᠪᠣᠳᠠᠲᠠᠢ ᠭᠠᠵᠠᠷ ᠲᠤ ᠬᠦᠷᠴᠦ ᠲᠥᠬᠦᠭᠡᠷᠦᠮᠵᠢ ᠶᠢ ᠦᠨᠡᠯᠡᠨ | ᠰᠢᠯᠭᠠᠵᠤ ᠰᠢᠨᠵᠢᠯᠡᠭᠡ ᠪᠠᠷ ᠲᠣᠭᠲᠠᠭᠠᠬᠤ ᠵᠡᠷᠭᠡ ᠬᠤᠯᠪᠣᠭᠳᠠᠯ ᠪᠦᠬᠦᠢ ᠠᠵᠢᠯ ᠢ ᠥᠷᠨᠢᠭᠦᠯᠦᠭᠰᠡᠨ ᠦᠭᠡᠢ︔ | | | ︵ᠠᠷᠪᠠ︶ ᠠᠶᠦᠯᠭᠦᠢ ᠪᠠᠶᠢᠳᠠᠯ ᠤᠨ ᠦᠨᠡᠯᠡᠯᠲᠡ ᠶᠢᠨ ᠮᠡᠳᠡᠭᠦᠯᠦᠯᠲᠡ ᠳᠤ ᠬᠠᠤᠯᠢ ᠲᠣᠭᠲᠠᠭᠠᠯ ᠤᠨ | ᠪᠠᠷᠢᠮᠵᠢᠶ᠎ᠠ ᠶᠢ ᠡᠰᠢᠯᠡᠨ ᠬᠡᠷᠡᠭᠯᠡᠭᠰᠡᠨ ᠨᠢ ᠪᠤᠷᠤᠭᠤ᠂ ᠵᠠᠩᠭᠢᠯᠠᠭ᠎ᠠ ᠶᠢᠨ ᠠᠶᠤᠯᠲᠠᠢ ᠬᠥᠨᠥᠭᠡᠯᠲᠡᠢ ᠬᠦᠴᠦᠨ ᠵᠦᠢᠯ ᠤᠨ | ᠣᠷᠬᠢᠭᠳᠠᠭᠤᠯᠤᠯ᠂ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠢᠯᠭᠠᠨ ᠲᠠᠨᠢᠭᠰᠠᠨ ᠨᠢ ᠪᠤᠷᠤᠭᠤ᠂ ᠠᠷᠭᠠᠴᠠᠬᠤ | ᠠᠷᠭ᠎ᠠ ᠬᠡᠮᠵᠢᠶ᠎ᠡ ᠶᠢᠨ ᠰᠠᠨᠠᠭᠤᠯᠭ᠎ᠠ ᠨᠢ ᠣᠷᠣᠰᠢᠵᠤ ᠪᠠᠶᠢᠭ᠎ᠠ ᠠᠰᠠᠭᠤᠳᠠᠯ ᠲᠠᠢ ᠬᠦᠨᠳᠦ ᠨᠣᠴᠢᠲᠠᠢ ᠨᠡᠶᠢᠴᠡᠬᠦ ᠦᠭᠡᠢ | ᠵᠡᠷᠭᠡ ᠬᠦᠨᠳᠦ ᠶᠡᠭᠡ ᠣᠷᠬᠢᠭᠳᠠᠭᠤᠯᠤᠯ ᠲᠠᠢ ᠪᠣᠯᠪᠠᠴᠤ ᠬᠠᠷᠠᠬᠠᠨ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠦᠭᠡᠢ | ︔ | | | ︵ᠠᠷᠪᠠᠨ ᠨᠢᠭᠡ︶ ᠠᠶᠤᠯᠭᠦᠢ ᠦᠢᠯᠡᠳᠪᠦᠷᠢᠯᠡᠯ ᠤᠨ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠭᠰᠠᠨ | ᠮᠡᠳᠡᠭᠦᠯᠦᠯᠲᠡ ᠳᠤ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠡᠰᠢᠯᠡᠨ ᠬᠡᠷᠡᠭᠯᠡᠭᠰᠡᠨ ᠨᠢ ᠪᠤᠷᠤᠭᠤ᠂ ᠵᠠᠩᠭᠢᠯᠠᠭ᠎ᠠ ᠶᠢᠨ | ᠵᠦᠢᠯᠡᠰ ᠲᠤ ᠪᠠᠶᠢᠴᠠᠭᠠᠯᠲᠠ ᠠᠴᠠ ᠭᠤᠭᠤᠵᠢᠭᠳᠠᠭᠰᠠᠨ᠂ ᠳ᠋ᠦᠩᠨᠡᠯᠲᠡ ᠨᠢ ᠲᠣᠳᠣᠷᠬᠠᠢ ᠦᠭᠡᠢ ᠵᠡᠷᠭᠡ ᠬᠦᠨᠳᠦ ᠶᠡᠭᠡ | ᠣᠷᠬᠢᠭᠳᠠᠭᠤᠯᠤᠯ ᠣᠷᠣᠰᠢᠵᠤ ᠪᠠᠶᠢᠬᠤ ᠪᠣᠯᠪᠠᠴᠤ ᠬᠠᠷᠠᠬᠠᠨ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠦᠭᠡᠢ᠃ | | | ᠭᠤᠴᠢᠨ ᠨᠢᠭᠡᠳᠦᠭᠡᠷ ᠵᠦᠢᠯ ᠠᠶᠦᠯᠭᠦᠢ ᠪᠠᠶᠢᠳᠠᠯ ᠢ ᠦᠨᠡᠯᠡᠬᠦ᠂ ᠦᠨᠡᠯᠡᠨ ᠰᠢᠯᠭᠠᠵᠤ ᠰᠢᠨᠵᠢᠯᠡᠭᠡ ᠪᠠᠷ | ᠲᠣᠭᠲᠠᠭᠠᠬᠤ ᠠᠵᠢᠯ ᠢ ᠡᠭᠦᠷᠭᠡᠯᠡᠬᠦ ᠪᠠᠶᠢᠭᠤᠯᠤᠮᠵᠢ ᠬᠤᠳᠠᠯ ᠬᠠᠭᠤᠷᠮᠠᠭ ᠭᠡᠷᠡᠴᠢ ᠭᠠᠷᠭᠠᠭᠰᠠᠨ ᠪᠠᠶᠢᠪᠠᠯ᠂ ᠬᠠᠤᠯᠢ ᠶᠢ | ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ︔ ᠬᠠᠤᠯᠢ ᠶᠢ ᠵᠥᠷᠢᠴᠡᠵᠦ ᠣᠯᠣᠭᠰᠠᠨ ᠣᠯᠵᠠ | ᠠᠰᠢᠭ ᠨᠢ ᠠᠷᠪᠠᠨ ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠬᠠᠤᠯᠢ ᠶᠢ ᠵᠥᠷᠢᠴᠡᠵᠦ ᠣᠯᠣᠭᠰᠠᠨ ᠣᠯᠵᠠ | ᠠᠰᠢᠭ ᠤᠨ ᠬᠢᠨᠢ ᠬᠤᠶᠠᠷ ᠲᠠᠬᠢᠨ ᠠᠴᠠ ᠳᠡᠭᠡᠭᠰᠢ ᠲᠠᠪᠤᠨ ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠨᠡᠶᠢᠯᠡᠭᠦᠯᠦᠨ ᠰᠢᠢᠳᠬᠡᠨ᠎ᠡ︔ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠪᠠᠶᠢᠬᠤ ᠤᠶᠢᠭᠡᠢ ᠪᠤᠶᠤ | ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠠᠷᠪᠠᠨ ᠲᠦᠮᠡᠨ ᠲᠥᠭᠦᠷᠢᠭ ᠲᠤ ᠬᠦᠷᠬᠦ ᠤᠶᠢᠭᠡᠢ ᠪᠠᠶᠢᠪᠠᠯ᠂ | ᠠᠷᠪᠠᠨ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ | ᠲᠣᠷᠭᠠᠬᠤ ᠪᠠᠷ ᠲᠡᠩ ᠢᠶᠠᠷ ᠰᠢᠢᠳᠬᠡᠬᠦ ᠪᠤᠶᠤ ᠨᠡᠶᠢᠯᠡᠭᠦᠯᠦᠨ ᠰᠢᠢᠳᠬᠡᠨ᠎ᠡ︔ ᠲᠡᠭᠦᠨ ᠤ ᠰᠢᠭᠤᠳ ᠬᠠᠷᠢᠭᠤᠴᠠᠵᠤ | ᠪᠠᠶᠢᠭ᠎ᠠ ᠡᠷᠬᠢᠯᠡᠠ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ ᠬᠤᠶᠠᠷ ᠲᠦᠮᠡᠨ | ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠢᠳᠬᠡᠨ᠎ᠡ︔ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠲᠠᠢ ᠬᠤᠯᠪᠣᠯᠳᠤᠭᠰᠠᠨ ᠲᠤᠶᠢᠯᠦᠬᠦ ᠬᠠᠷᠢᠭᠤᠴᠠᠯᠭ᠎ᠠ ᠡᠭᠦᠷᠭᠡᠯᠡᠭᠦᠯᠦᠨ᠎ᠡ︔ ᠶᠠᠯ᠎ᠠ ᠪᠣᠯᠵᠤ ᠪᠦᠷᠢᠯᠳᠦᠭᠰᠡᠨ | ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | | | ᠡᠮᠦᠨᠡᠬᠢ ᠪᠠᠳᠠᠭ ᠲᠤ ᠲᠣᠭᠲᠠᠭᠠᠭᠰᠠᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠭᠤᠯᠤᠮᠵᠢ ᠶᠢ | ᠬᠢᠷᠢ ᠬᠡᠮ ᠢ ᠨᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠠᠴᠠ ᠲᠡᠭᠦᠨ ᠤ ᠵᠣᠬᠢᠴᠠᠩᠭᠤᠢ ᠬᠢᠷᠢ ᠬᠡᠮ ᠢ ᠨᠢ ᠬᠤᠷᠢᠶᠠᠨ | ᠠᠪᠴᠤ ᠬᠦᠴᠦᠨ ᠦᠭᠡᠢ ᠪᠣᠯᠭᠠᠨ᠂ ᠨᠡᠶᠢᠭᠡᠮ ᠳᠤ ᠵᠠᠷᠯᠠᠨ ᠨᠡᠶᠢᠲᠡᠯᠡᠵᠦ᠂ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠪᠠᠶᠢᠭᠤᠯᠤᠮᠵᠢ ᠵᠢᠴᠢ ᠲᠡᠭᠦᠨ ᠤ ᠬᠠᠷᠢᠭᠤᠴᠠᠯᠭ᠎ᠠ ᠲᠠᠢ ᠬᠥᠮᠥᠰ ᠲᠤ | ᠠᠵᠢᠯ ᠲᠦᠷᠦᠯ ᠳᠤ ᠣᠷᠣᠬᠤ ᠶᠢ ᠴᠠᠭᠠᠵᠠᠯᠠᠬᠤ᠂ ᠡᠷᠡᠭᠦᠯ ᠪᠤᠰᠤ ᠲᠡᠮᠳᠡᠭᠯᠡᠯ ᠤᠨ ︽ᠬᠠᠷ᠎ᠠ ᠲᠠᠩᠰᠠ︾ ᠳᠤ | ᠣᠷᠣᠭᠤᠯᠬᠤ ᠬᠠᠮᠢᠶᠠᠷᠤᠯᠲᠠ ᠵᠢᠴᠢ ᠠᠶᠦᠯᠭᠦᠢ ᠪᠠᠶᠢᠳᠠᠯ ᠢ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ | ᠪᠠᠶᠢᠭᠤᠯᠤᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠰᠢᠰᠲ᠋ᠧᠮ ᠢ ᠬᠡᠷᠡᠭᠵᠢᠭᠦᠯᠦᠨ᠎ᠡ᠃ | | | ᠵᠢᠷᠭᠤᠳᠤᠭᠠᠷ ᠪᠦᠯᠦᠭ ᠬᠠᠪᠰᠤᠷᠤᠯᠲᠠ ᠳᠦᠷᠢᠮ | | | ᠭᠤᠴᠢᠨ ᠬᠤᠶᠠᠳᠤᠭᠠᠷ ᠵᠦᠢᠯ ᠲᠣᠰ ᠠᠷᠭ᠎ᠠ ᠶᠢ 2019 ᠣᠨ ᠤ 5 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠤᠤᠯ ᠤᠨ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 2007 ᠣᠨ ᠤ 1 ᠰᠠᠷ᠎ᠠ ᠶᠢᠨ 31 ᠤ ᠡᠳᠦᠷ ᠨᠡᠶᠢᠲᠡᠯᠡᠵᠦ᠂ 2015 | ᠣᠨ ᠤ 5 ᠰᠠᠷ᠎ᠠ ᠶᠢᠨ 29 ᠤ ᠡᠳᠦᠷ ᠵᠠᠰᠠᠪᠤᠷᠢ ᠣᠷᠣᠭᠤᠯᠤᠭᠰᠠᠨ ︽ᠠᠶᠤᠯᠭᠦᠢ ᠦᠢᠯᠡᠳᠪᠦᠷᠢᠯᠡᠯ ᠤᠨ ᠦᠨᠡᠯᠡᠨ | ᠰᠢᠯᠭᠠᠵᠤ ᠰᠢᠨᠵᠢᠯᠡᠭᠡ ᠪᠠᠷ ᠲᠣᠭᠲᠠᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ︵ᠤᠤᠯ ᠤᠨ | ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠵᠠᠷᠯᠢᠭ 12 | ᠳ᠋ᠤᠭᠠᠷ ᠲᠣᠭᠠᠲᠤ︶᠂ 2009 ᠣᠨ ᠤ 7 ᠰᠠᠷ᠎ᠠ ᠶᠢᠨ 1 ᠤ ᠡᠳᠦᠷ ᠨᠡᠶᠢᠲᠡᠯᠡᠵᠦ᠂ 2013 ᠣᠨ ᠤ 8 | ᠰᠠᠷ᠎ᠠ ᠶᠢᠨ 29 ᠤ ᠡᠳᠦᠷ᠂ 2015 ᠣᠨ ᠤ 5 ᠰᠠᠷ᠎ᠠ ᠶᠢᠨ 29 ᠤ ᠡᠳᠦᠷ ᠵᠠᠰᠠᠪᠤᠷᠢ ᠣᠷᠣᠭᠤᠯᠤᠭᠰᠠᠨ ︽ | ᠠᠶᠦᠯᠭᠦᠢ ᠪᠠᠶᠢᠳᠠᠯ ᠤᠨ ᠦᠨᠡᠯᠡᠯᠲᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ︵ᠤᠤᠯ ᠤᠨ | ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠵᠠᠷᠯᠢᠭ 22 | ᠳ᠋ᠤᠭᠠᠷ ᠲᠣᠭᠠᠲᠤ︶ ᠢ ᠳᠠᠭᠠᠤ ᠳᠤᠨᠢ ᠬᠦᠴᠦᠨ ᠦᠭᠡᠢ ᠪᠣᠯᠭᠠᠨ᠎ᠠ᠃ | | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠰᠢᠯᠵᠢᠭᠦᠯᠦᠨ ᠨᠡᠶᠢᠲᠡᠯᠡᠭᠰᠡᠨ ︽ᠠᠶᠦᠯᠭᠦᠢ ᠶᠢᠨ ᠦᠨᠡᠯᠡᠯᠲᠡ ᠶᠢᠨ | ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠤᠬᠠᠢ ᠲᠥᠷᠥ ᠶᠢᠨ ᠪᠣᠳᠣᠯᠭ᠎ᠠ ᠶᠢᠨ | ᠲᠠᠶᠢᠯᠤᠮᠵᠢ | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |