| | ᠨᠢᠭᠡ᠂ ᠪᠣᠳᠣᠯᠭ᠎ᠠ ᠶᠢ ᠲᠣᠭᠲᠠᠭᠠᠭᠰᠠᠨ ᠨᠥᠬᠦᠴᠡᠯ ᠪᠠᠶᠢᠳᠠᠯ | | ︽ᠠᠶᠦᠯᠭᠦᠢ ᠦᠢᠯᠡᠳᠪᠦᠷᠢᠯᠡᠯ ᠤᠨ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠪᠠᠶᠢᠭᠤᠯᠤᠮᠵᠢ ᠶᠢᠨ | ᠬᠠᠮᠢᠶᠠᠷᠤᠯᠲᠠ ᠶᠢᠨ ᠲᠣᠭᠲᠠᠭᠠᠯ︾ ︵ᠤᠤᠯ ᠤᠨ ᠠᠶᠦᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶ ᠲᠣᠪᠴᠢᠶᠠᠨ ᠤ ᠵᠠᠷᠯᠢᠭ 12 ᠳ᠋ᠤᠭᠠᠷ ᠲᠣᠭᠠᠲᠤ︶᠂ ︽ᠠᠶᠦᠯᠭᠦᠢ ᠦᠢᠯᠡᠳᠪᠦᠷᠢᠯᠡᠯ ᠤᠨ ᠦᠨᠡᠯᠡᠯᠲᠡ ᠶᠢᠨ | ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ︵ᠤᠤᠯ ᠤᠨ ᠠᠶᠦᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶ ᠲᠣᠪᠴᠢᠶᠠᠨ ᠤ ᠵᠠᠷᠯᠢᠭ 22 ᠳ᠋ᠤᠭᠠᠷ ᠲᠣᠭᠠᠲᠤ︶ ᠢ ᠬᠡᠷᠡᠭᠵᠢᠭᠦᠯᠦᠭᠰᠡᠨ ᠠᠴᠠ ᠨᠠᠰᠢ᠂ | ᠠᠶᠤᠯᠭᠦᠶ ᠶᠢᠨ ᠦᠨᠡᠯᠡᠯᠲᠡ ᠶᠢᠨ ᠪᠠᠶᠢᠭᠤᠯᠤᠮᠵᠢ᠂ ᠠᠶᠤᠯᠭᠦᠶ ᠦᠢᠯᠡᠳᠪᠦᠷᠢᠯᠡᠯ ᠤᠨ ᠦᠨᠡᠯᠡᠨ ᠰᠢᠯᠭᠠᠵᠤ ᠰᠢᠨᠵᠢᠯᠡᠭᠡ | ᠪᠠᠷ ᠲᠣᠭᠲᠠᠭᠠᠬᠤ ᠪᠠᠶᠢᠭᠤᠯᠤᠮᠵᠢ ︵ᠴᠢᠨᠠᠭᠰᠢᠳᠠ ᠦᠨᠡᠯᠡᠨ ᠰᠢᠯᠭᠠᠬᠤ ᠪᠠᠶᠢᠭᠤᠯᠤᠮᠵᠢ ᠭᠡᠵᠦ ᠶᠡᠷᠦᠩᠬᠡᠶᠢᠯᠡᠨ | ᠨᠡᠷᠡᠶᠢᠳᠦᠨ᠎ᠡ︶ ᠶᠢᠨ ᠠᠵᠢᠯ ᠡᠷᠬᠢᠯᠡᠬᠦ ᠠᠵᠢᠯᠯᠠᠭ᠎ᠠ ᠶᠢ ᠪᠦᠲᠦᠮᠵᠢᠲᠡᠶ ᠵᠢᠷᠤᠮᠵᠢᠭᠤᠯᠵᠤ᠂ ᠦᠨᠡᠯᠡᠨ ᠰᠢᠯᠭᠠᠬᠤ | ᠪᠠᠶᠢᠭᠤᠯᠤᠮᠵᠢ ᠶᠢᠨ ᠡ᠊ᠨᠳᠡᠯ ᠢ ᠰᠡᠷᠭᠡᠶᠢᠯᠡᠬᠦ ᠮᠡᠷᠭᠡᠵᠢᠯ ᠤᠨ ᠲᠤᠯᠭᠠᠭᠤᠷᠢᠯᠠᠬᠤ ᠦᠷ᠎ᠡ ᠨᠥᠯᠥᠭᠡ ᠶᠢ ᠪᠠᠳᠠᠷᠠᠭᠤᠯᠤᠨ᠎ᠠ᠃ | ᠳᠡᠭᠡᠷ᠎ᠡ ᠳᠤᠷᠠᠳᠤᠭᠰᠠᠨ ᠬᠤᠶᠠᠷ ᠲᠦᠷᠢᠮ ᠲᠣᠭᠲᠠᠭᠠᠯ ᠢ ᠬᠡᠷᠡᠭᠵᠢᠭᠦᠯᠦᠭᠡᠳ ᠨᠢᠭᠡᠨᠲᠡ ᠠᠷᠪᠠᠨ ᠵᠢᠯ ᠰᠢᠬᠠᠮ ᠪᠣᠯᠵᠠᠶ᠂ | ᠵᠠᠷᠢᠮ ᠠᠭᠤᠯᠭ᠎ᠠ ᠨᠢ ︽ᠠᠶᠤᠯᠭᠦᠶ ᠦᠢᠯᠡᠳᠪᠦᠷᠢᠯᠡᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ᠂ | ᠲᠦᠷᠤ ᠶᠢᠨ ᠶᠠᠪᠤᠳᠠᠯ ᠤᠨ ᠬᠤᠷᠢᠶᠠᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠨᠡᠮᠡᠯᠲᠡ᠂ | ᠥᠭᠡᠷᠡᠴᠢᠯᠡᠯᠲᠡ ᠶᠢᠨ ᠱᠠᠭᠠᠷᠳᠠᠯᠭ᠎ᠠ᠂ ᠠᠶᠤᠯᠭᠦᠶ ᠦᠢᠯᠡᠳᠪᠦᠷᠢᠯᠡᠯ ᠤᠨ ᠪᠣᠳᠠᠲᠠᠶ ᠬᠡᠷᠡᠭᠴᠡᠭᠡ ᠲᠠᠢ ᠵᠣᠬᠢᠴᠠᠬᠤ ᠦᠭᠡᠢ | ᠪᠠᠶᠢᠵᠤ᠂ ᠤᠤᠯ ᠤᠨ ᠲᠦᠷᠢᠮ ᠲᠣᠭᠲᠠᠭᠠᠯ ᠢ ᠬᠡᠷᠡᠭᠵᠢᠭᠦᠯᠦᠭᠰᠡᠨ ᠲᠤᠷᠰᠢᠯᠭ᠎ᠠ ᠪᠠ ᠣᠷᠣᠰᠢᠵᠤ ᠪᠠᠶᠢᠭ᠎ᠠ | ᠠᠰᠠᠭᠤᠳᠠᠯ ᠢ ᠳ᠋ᠦᠩᠨᠡᠵᠦ᠂ ᠰᠢᠨ᠎ᠡ ᠪᠠᠷ ︽ᠠᠶᠤᠯᠭᠦᠶ ᠶᠢ ᠦᠨᠡᠯᠡᠬᠦ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ | ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ︵ᠴᠢᠨᠠᠭᠰᠢᠳᠠ ︽ᠬᠠᠮᠢᠶᠠᠷᠤᠯᠲᠠ ᠶᠢᠨ ᠠᠷᠭ᠎ᠠ︾ ᠭᠡᠵᠦ | ᠲᠣᠪᠴᠢᠯᠠᠨ᠎ᠠ︶ ᠶᠢ ᠵᠠᠷᠯᠠᠬᠤ ᠨᠢ ᠨᠢᠭᠡᠨᠲᠡ ᠮᠠᠰᠢ ᠱᠠᠭᠠᠷᠳᠠᠯᠭ᠎ᠠ ᠲᠠᠢ ᠪᠣᠯᠵᠠᠶ᠃ | ︵ᠨᠢᠭᠡ︶ ︽ᠬᠠᠮᠢᠶᠠᠷᠤᠯᠲᠠ ᠶᠢᠨ ᠠᠷᠭ᠎ᠠ︾ ᠶᠢ ᠵᠠᠷᠯᠠᠬᠤ ᠪᠣᠯ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ | ᠂ ᠠᠶᠦᠯᠭᠦᠢ ᠶᠢᠨ ᠬᠢᠨᠠᠨ ᠲᠣᠭᠲᠠᠭᠠᠬᠤ ᠲᠦᠷᠢᠮ ᠢ ᠥᠭᠡᠷᠡᠴᠢᠯᠡᠬᠦ ᠶᠢᠨ ᠡᠭᠦᠷᠭᠡ ᠱᠠᠭᠠᠷᠳᠠᠯᠭ᠎ᠠ ᠮᠥᠨ᠃ ︽ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ | ᠲᠥᠯᠥᠪᠵᠢᠭᠦᠯᠭᠡ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠰᠠᠨᠠᠭᠤᠯᠭ᠎ᠠ︾ ᠳᠤ ︽ᠠᠶᠦᠯᠭᠦᠢ ᠶᠢᠨ ᠬᠢᠨᠠᠨ ᠲᠣᠭᠲᠠᠭᠠᠬᠤ ᠲᠦᠷᠢᠮ ᠳᠤ ᠨᠡᠮᠡᠯᠲᠡ᠂ ᠥᠭᠡᠷᠡᠴᠢᠯᠡᠯᠲᠡ | ᠭᠦᠢᠴᠡᠳᠬᠡᠵᠦ᠂ ᠤᠷᠢᠳᠴᠢᠯᠠᠨ ᠰᠡᠷᠡᠮᠵᠢᠯᠡᠭᠦᠯᠵᠦ ᠪᠠᠴᠢᠮ ᠶᠠᠭᠠᠷᠠᠯᠲᠠᠢ ᠲᠣᠬᠢᠶᠠᠯᠳᠤᠯ ᠳᠤ ᠬᠠᠷᠢᠭᠤ ᠠᠷᠭ᠎ᠠ ᠬᠡᠮᠵᠢᠶ᠎ᠡ | ᠠᠪᠬᠤ ᠲᠣᠭᠲᠠᠴᠠ ᠶᠢ ᠪᠦᠷᠢᠨᠰᠢᠬᠦᠯᠬᠦ︾ ᠡᠭᠦᠷᠭᠡ ᠱᠠᠭᠠᠷᠳᠠᠯᠭ᠎ᠠ ᠶᠢ ᠳᠤᠷᠠᠳᠤᠨ ᠭᠠᠷᠭᠠᠪᠠ᠃ ︽ᠠᠶᠤᠯᠭᠦᠶ | ᠦᠢᠯᠡᠳᠪᠦᠷᠢᠯᠡᠯ ᠤᠨ ᠬᠦᠷᠢᠶᠡᠨ ᠳᠠᠬᠢ ᠨᠡᠮᠡᠯᠲᠡ᠂ ᠥᠭᠡᠷᠡᠴᠢᠯᠡᠯᠲᠡ ᠬᠥᠭᠵᠢᠯᠲᠡ ᠶᠢ ᠤᠷᠤᠭᠰᠢ ᠠᠬᠢᠭᠤᠯᠬᠤ ᠲᠤᠬᠠᠶ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ | ᠳᠤ ︽ᠠᠶᠤᠯᠭᠦᠶ ᠦᠢᠯᠡᠳᠪᠦᠷᠢᠯᠡᠯ ᠪᠠ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠮᠡᠷᠭᠡᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ ᠶᠢ ᠥᠭᠡᠷᠡᠴᠢᠯᠡᠨ ᠲᠡᠭᠦᠯᠳᠡᠷᠵᠢᠭᠦᠯᠬᠦ ᠬᠡᠷᠡᠭᠲᠡᠶ︾ ︽ | ᠠᠶᠤᠯᠭᠦᠶ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠪᠠ ᠭᠦᠢᠴᠡᠳᠬᠡᠬᠦ ᠵᠢᠷᠤᠮ ᠢ | ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠎ᠠ︾ ᠭᠡᠵᠦ ︽ᠬᠠᠮᠢᠶᠠᠷᠤᠯᠲᠠ ᠶᠢᠨ ᠠᠷᠭ᠎ᠠ︾ ᠨᠢ ᠠᠶᠤᠯᠭᠦᠢ | ᠦᠢᠯᠡᠳᠪᠦᠷᠢᠯᠡᠯ ᠤᠨ ᠪᠣᠳᠠᠲᠤ ᠬᠡᠷᠡᠭᠴᠡᠭᠡ ᠳᠤ ᠵᠣᠬᠢᠴᠠᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠠᠵᠢᠯ ᠤᠨ ᠶᠡᠭᠡ ᠲᠠᠯ᠎ᠠ ᠶᠢ ᠪᠠᠷᠢᠮᠵᠢᠶᠠᠯᠠᠵᠤ᠂ ᠦᠨᠡᠯᠡᠨ ᠰᠢᠯᠭᠠᠬᠤ ᠪᠠᠶᠢᠭᠤᠯᠤᠮᠵᠢ ᠶᠢᠨ ᠬᠢᠷᠢ | ᠬᠡᠮ ᠢ ᠮᠡᠳᠡᠷᠡᠬᠦ᠂ ᠬᠢᠨᠠᠯᠲᠠ ᠲᠠᠯᠪᠢᠨ ᠬᠠᠮᠢᠶᠠᠷᠴᠤ ᠵᠣᠬᠢᠴᠠᠭᠤᠯᠬᠤ᠂ ᠪᠠᠶᠢᠴᠠᠭᠠᠵᠤ ᠰᠢᠯᠭᠠᠨ ᠦᠨᠡᠯᠡᠬᠦ ᠵᠡᠷᠭᠡ ᠳᠤ | ᠰᠢᠰᠲ᠋ᠧᠮ ᠤᠨ ᠴᠢᠨᠠᠷᠲᠠᠢ ᠨᠡᠮᠡᠯᠲᠡ᠂ ᠥᠭᠡᠷᠡᠴᠢᠯᠡᠯᠲᠡ ᠬᠢᠵᠡᠢ᠃ ︽ᠬᠠᠮᠢᠶᠠᠷᠤᠯᠲᠠ ᠶᠢᠨ ᠠᠷᠭ᠎ᠠ︾ ᠨᠢ | ᠪᠠᠶᠢᠭᠤᠯᠤᠮᠵᠢ ᠶᠢᠨ ᠠᠵᠢᠯ ᠡᠷᠭᠢᠯᠡᠬᠦ ᠠᠵᠢᠯᠯᠠᠭ᠎ᠠ ᠶᠢ ᠵᠢᠷᠤᠮᠵᠢᠭᠤᠯᠬᠤ᠂ ᠪᠠᠶᠢᠭᠤᠯᠤᠮᠵᠢ ᠶᠢᠨ ᠮᠡᠷᠭᠡᠵᠢᠯ ᠤᠨ | ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠳᠠᠭᠠᠭᠤᠯᠤᠨ ᠵᠢᠯᠣᠭᠤᠳᠬᠤ ᠳᠤ ᠨᠡᠯᠢᠶᠡᠳ ᠴᠢᠩᠭ᠎ᠠ ᠵᠢᠯᠣᠭᠤᠳᠬᠤ ᠠᠴᠢ ᠬᠤᠯᠪᠣᠭᠳᠠᠯ ᠪᠠ | ᠳᠠᠭᠠᠭᠤᠯᠤᠨ ᠳᠠᠭᠠᠭᠤᠯᠬᠤ ᠦᠷ᠎ᠡ ᠨᠥᠯᠥᠭᠡ ᠲᠠᠢ ᠶᠤᠮ᠃ | | ︵ᠬᠤᠶᠠᠷ︶ ︽ᠬᠠᠮᠢᠶᠠᠷᠤᠯᠲᠠ ᠶᠢᠨ ᠠᠷᠭ᠎ᠠ︾ ᠶᠢ ᠵᠠᠷᠯᠠᠬᠤ ᠪᠣᠯ ᠲᠥᠷᠥ ᠶᠢᠨ ᠶᠠᠪᠤᠳᠠᠯ ᠤᠨ ᠬᠤᠷᠢᠶᠠᠨ ᠤ | ︽ᠲᠠᠯᠪᠢᠬᠤ ᠬᠠᠮᠢᠶᠠᠷᠬᠤ ᠦᠢᠯᠡᠴᠢᠯᠡᠬᠦ︾ ᠨᠡᠮᠡᠯᠲᠡ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠠᠬᠢᠭᠤᠯᠤᠨ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠬᠥᠭᠵᠢᠭᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢ᠂ ᠲᠥᠷᠥ ᠶᠢᠨ ᠶᠠᠪᠤᠳᠠᠯ ᠤᠨ ᠬᠤᠷᠢᠶ᠎ᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠨᠡᠮᠡᠯᠲᠡ᠂ | ᠥᠭᠡᠷᠡᠴᠢᠯᠡᠯᠲᠡ ᠶᠢ ᠰᠠᠶᠢᠲᠤᠷ ᠳᠥᠯᠭᠢᠨ ᠠᠬᠢᠭᠤᠯᠵᠤ᠂ ᠠᠯᠢ ᠣᠯᠠᠨ ᠴᠢᠬᠤᠯᠠ ᠪᠢᠴᠢᠭ ᠮᠠᠲ᠋ᠧᠷᠢᠶᠠᠯ ᠢ | ᠵᠠᠯᠭᠠᠭ᠎ᠠ ᠪᠠᠷ ᠨᠡᠶᠢᠲᠡᠯᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠢᠴᠢ ᠵᠠᠭᠤᠴᠢᠯᠠᠬᠤ ᠦᠢᠯᠡᠴᠢᠯᠡᠭᠡᠨ ᠤ | ᠵᠦᠢᠯᠡᠰ ᠤᠨ ᠨᠡᠮᠡᠯᠲᠡ᠂ ᠥᠭᠡᠷᠡᠴᠢᠯᠡᠯᠲᠡ ᠶᠢ ᠵᠠᠯᠭᠠᠭ᠎ᠠ ᠪᠠᠷ ᠡᠷᠴᠢᠮᠲᠡᠢ ᠵᠢᠷᠡᠭᠦᠯᠪᠡ᠃ 2019 ᠣᠨ ᠤ 2 ᠳ᠋ᠤᠭᠠᠷ | ᠰᠠᠷ᠎ᠠ ᠶᠢᠨ 27 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ︽ᠨᠢᠭᠡ ᠪᠦᠯᠦᠭ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠢ ᠬᠦᠴᠦᠨ ᠥᠬᠡᠶ ᠪᠣᠯᠭᠠᠬᠤ ᠪᠠ ᠡᠷᠬᠡ ᠶᠢ ᠴᠢᠨᠠᠭᠰᠢᠳᠠ ᠪᠠᠭᠤᠯᠭᠠᠬᠤ ᠲᠤᠬᠠᠶ | ᠲᠣᠭᠲᠠᠭᠠᠯ︾ ︵ᠲᠥᠷᠥ ᠲᠠᠷᠬᠠᠭᠠᠭᠰᠠᠨ ︹ 2019 ︺ 6 ᠳ᠋ᠤᠭᠠᠷ ᠲᠣᠭᠠᠲᠤ︶ ᠢ ᠨᠡᠶᠢᠲᠡᠯᠡᠵᠦ᠂ ᠦᠨᠡᠯᠡᠨ | ᠰᠢᠯᠭᠠᠬᠤ ᠪᠠᠶᠢᠭᠤᠯᠤᠮᠵᠢ ᠶᠢᠨ ᠬᠢᠷᠢ ᠬᠡᠮ ᠤᠨ ᠵᠥᠪᠰᠢᠶᠡᠷᠡᠯ ᠢ ᠮᠤᠵᠢ ᠶᠢᠨ ᠱᠠᠲᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠤᠵᠢ ᠶᠢᠨ ᠱᠠᠲᠤᠨ ᠤ ᠨᠡᠭᠦᠷᠡᠰᠦᠨ ᠠᠭᠤᠷᠬᠠᠶ ᠶᠢᠨ | ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ︵ᠴᠢᠨᠠᠭᠰᠢᠳᠠ ᠬᠢᠷᠢ ᠬᠡᠮ ᠤᠨ | ᠵᠥᠪᠰᠢᠶᠡᠷᠡᠯ ᠤᠨ ᠪᠠᠶᠢᠭᠤᠯᠭ᠎ᠠ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠲᠤ ᠲᠤᠰᠢᠶᠠᠨ ᠥᠭᠴᠦ ᠬᠡᠷᠡᠭᠵᠢᠭᠦᠯᠬᠦ ᠶᠢᠨ | ᠬᠠᠮᠲᠤ ᠦᠨᠡᠯᠡᠨ ᠰᠢᠯᠭᠠᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠨᠡᠮᠡᠯᠲᠡ᠂ | ᠥᠭᠡᠷᠡᠴᠢᠯᠡᠯᠲᠡ ᠳᠤ ᠨᠠᠩ ᠥᠨᠳᠥᠷ ᠰᠢᠨ᠎ᠡ ᠱᠠᠭᠠᠷᠳᠠᠯᠭ᠎ᠠ ᠭᠠᠷᠭᠠᠪᠠ᠃ ︽ᠬᠠᠮᠢᠶᠠᠷᠤᠯᠲᠠ ᠶᠢᠨ ᠠᠷᠭ᠎ᠠ︾ ᠨᠢ | ᠤᠤᠯ ᠤᠨ ᠬᠠᠮᠢᠶᠠᠷᠤᠯᠲᠠ ᠶᠢᠨ ᠲᠣᠭᠲᠠᠭᠠᠯ ᠳᠠᠬᠢ ︽ᠲᠠᠯᠪᠢᠬᠤ ᠬᠠᠮᠢᠶᠠᠷᠴᠤ ᠵᠣᠬᠢᠴᠠᠭᠤᠯᠬᠤ ᠦᠢᠯᠡᠴᠢᠯᠡᠬᠦ︾ | ᠨᠡᠮᠡᠯᠲᠡ᠂ ᠥᠭᠡᠷᠡᠴᠢᠯᠡᠯᠲᠡ ᠶᠢᠨ ᠱᠠᠭᠠᠷᠳᠠᠯᠭ᠎ᠠ ᠲᠠᠢ ᠵᠣᠬᠢᠴᠠᠬᠤ ᠦᠭᠡᠢ ᠠᠭᠤᠯᠭ᠎ᠠ ᠳᠤ ᠨᠡᠮᠡᠯᠲᠡ᠂ ᠥᠭᠡᠷᠡᠴᠢᠯᠡᠯᠲᠡ | ᠣᠷᠣᠭᠤᠯᠵᠤ᠂ ᠠᠶᠤᠯᠭᠦᠢ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠣᠭᠲᠠᠴᠠ ᠤᠨ | ᠪᠠᠶᠢᠭᠤᠯᠤᠯᠲᠠ ᠲᠠᠢ ᠵᠣᠬᠢᠴᠠᠬᠤ ᠦᠭᠡᠢ ᠭᠤᠭᠴᠤᠭ᠎ᠠ ᠶᠢ ᠰᠢᠯᠤᠭᠤᠳᠬᠠᠵᠤ᠂ ᠠᠷᠠᠳ ᠲᠤ ᠲᠦᠬᠦᠮ ᠦᠵᠡᠭᠦᠯᠬᠦ | ᠦᠢᠯᠡᠴᠢᠯᠡᠭᠡ ᠶᠢ ᠰᠢᠯᠢᠳᠡᠭᠵᠢᠭᠦᠯᠬᠦ᠂ ᠬᠠᠷᠢᠶ᠎ᠠ ᠣᠷᠣᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ︽ᠨᠢᠭᠡ | ᠴᠠᠬᠢᠮ ᠢᠶᠠᠷ ᠪᠦᠬᠦᠨ ᠢ ᠰᠢᠢᠳᠪᠦᠷᠢᠯᠡᠬᠦ︾ ᠶᠢ ᠠᠬᠢᠭᠤᠯᠬᠤ᠂ ᠵᠠᠬ᠎ᠠ ᠳᠡᠯᠭᠡᠭᠦᠷ ᠤᠨ ᠭᠤᠣᠯ ᠬᠠᠷᠢᠭᠤᠴᠠᠭᠴᠢ ᠶᠢᠨ | ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠬᠠᠤᠯᠢ ᠲᠦᠷᠢᠮ ᠤᠨ ᠪᠠᠲᠤᠯᠠᠭ᠎ᠠ ᠪᠠ ᠲᠦᠷᠦ ᠶᠢᠨ ᠪᠤᠳᠤᠯᠭ᠎ᠠ ᠶᠢᠨ | ᠳᠡᠮᠵᠢᠯᠭᠡ ᠬᠠᠩᠭᠠᠵᠠᠢ᠃ | | ︵ᠭᠤᠷᠪᠠ︶ ︽ᠬᠠᠮᠢᠶᠠᠷᠤᠯᠲᠠ ᠶᠢᠨ ᠠᠷᠭ᠎ᠠ︾ ᠶᠢ ᠵᠠᠷᠯᠠᠬᠤ ᠪᠣᠯ ᠲᠤᠰᠬᠠᠶ ᠪᠠᠶᠢᠭᠤᠯᠤᠮᠵᠢ ᠶᠢᠨ ᠬᠢᠨᠠᠯᠲᠠ | ᠬᠠᠮᠢᠶᠠᠷᠤᠯᠲᠠ ᠶᠢᠨ ᠲᠣᠭᠲᠠᠯᠴᠠᠭ᠎ᠠ ᠶᠢ ᠳᠠᠬᠢᠨ ᠪᠠᠶᠢᠭᠤᠯᠵᠤ᠂ ᠠᠵᠢᠯ ᠲᠥᠷᠥᠯ ᠤᠨ ᠵᠢᠷᠤᠮᠵᠢᠭᠰᠠᠨ ᠬᠥᠭᠵᠢᠯᠲᠡ ᠶᠢ | ᠳᠠᠭᠠᠭᠤᠯᠤᠨ ᠵᠢᠯᠣᠭᠤᠳᠬᠤ ᠶᠢᠨ ᠪᠣᠳᠠᠲᠤ ᠬᠡᠷᠡᠭᠴᠡᠭᠡ ᠪᠣᠯᠤᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠦᠨᠡᠯᠡᠨ | ᠰᠢᠯᠭᠠᠬᠤ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠨᠥᠬᠦᠴᠡᠯ ᠨᠡᠯᠢᠶᠡᠳ ᠳᠣᠤᠷ᠎ᠠ ᠪᠠᠶᠢᠵᠤ᠂ ᠨᠢᠭᠡᠨᠲᠡ | ᠮᠡᠷᠭᠡᠵᠢᠯ ᠤᠨ ᠲᠤᠯᠭᠠᠭᠤᠷᠢᠯᠠᠯ ᠤᠨ ᠬᠡᠷᠡᠭᠴᠡᠭᠡ ᠶᠢ ᠪᠦᠷᠢᠮᠦᠰᠦᠨ ᠬᠠᠩᠭᠠᠵᠤ ᠳᠡᠶᠢᠯᠬᠦ ᠥᠬᠡᠶ ᠪᠣᠯᠪᠠ︔ ᠦᠨᠡᠯᠡᠵᠦ | ᠰᠢᠯᠭᠠᠨ ᠬᠡᠮᠵᠢᠬᠦ ᠪᠠᠶᠢᠭᠤᠯᠤᠮᠵᠢ ᠶᠢᠨ ᠣᠷᠣᠨ ᠪᠦᠰᠡ ᠠᠯᠤᠰᠯᠠᠨ ᠠᠵᠢᠯ ᠡᠷᠬᠢᠯᠡᠬᠦ ᠳᠤ ᠪᠠᠰᠠ ᠠᠳᠠᠯᠢ ᠪᠤᠰᠤ | ᠬᠡᠮᠵᠢᠶᠡᠨ ᠤ ᠵᠠᠰᠠᠭ ᠵᠠᠬᠢᠷᠭᠠᠨ ᠤ ᠪᠠᠬᠢᠯᠡᠯᠲᠡ ᠪᠠ ᠬᠠᠷᠰᠢ ᠰᠠᠭᠠᠳ ᠣᠷᠣᠰᠢᠵᠤ ᠪᠠᠶᠢᠬᠤ ᠬᠡᠷᠡᠭᠲᠡᠢ︔ ᠬᠠᠷᠢᠶ᠎ᠠ | ᠭᠠᠵᠠᠷ ᠤᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠬᠢᠨᠠᠨ ᠰᠢᠯᠭᠠᠬᠤ ᠰᠠᠯᠠᠭ᠎ᠠ ᠮᠥᠴᠢᠷ ᠠᠴᠠ ᠪᠠᠶᠢᠭᠤᠯᠤᠮᠵᠢ | ᠵᠢᠴᠢ ᠲᠡᠭᠦᠨ ᠤ ᠠᠵᠢᠯᠯᠠᠭᠰᠠᠳ ᠲᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠦᠨᠳᠦᠰᠦᠯᠡᠯ ᠳᠡᠭᠡᠷ᠎ᠡ | ᠳᠤᠷᠠᠳᠤᠭᠰᠠᠨ ᠠᠰᠠᠭᠤᠳᠠᠯ ᠤᠳ ᠨᠢ ᠠᠵᠢᠯ ᠲᠦᠷᠦᠯ ᠤᠨ ᠵᠢᠷᠤᠮᠵᠢᠯ ᠲᠠᠢ ᠪᠠᠷ ᠠᠵᠢᠯ ᠡᠷᠬᠢᠯᠡᠬᠦ᠂ ᠰᠢᠳᠤᠷᠭᠤ ᠪᠠᠷ | ᠥᠷᠢᠰᠥᠯᠳᠦᠬᠦ᠂ ᠡᠷᠡᠭᠦᠯ ᠢᠶᠠᠷ ᠬᠥᠭᠵᠢᠬᠦ ᠪᠠ ᠪᠦᠲᠦᠮᠵᠢᠲᠡᠶ ᠪᠠᠷ ᠬᠢᠨᠠᠨ ᠬᠠᠮᠢᠶᠠᠷᠴᠤ ᠵᠣᠬᠢᠴᠠᠭᠤᠯᠬᠤ ᠠᠵᠢᠯ ᠢ | ᠨᠥᠯᠥᠭᠡᠯᠡᠵᠦ ᠪᠠᠶᠢᠨ᠎ᠠ᠃ ︽ᠬᠠᠮᠢᠶᠠᠷᠤᠯᠲᠠ ᠶᠢᠨ ᠠᠷᠭ᠎ᠠ︾ ᠨᠢ ᠬᠢᠷᠢ ᠬᠡᠮ ᠤᠨ ᠵᠡᠷᠭᠡ ᠳᠡᠰ ᠢ ᠨᠡᠶᠢᠯᠡᠭᠦᠯᠬᠦ᠂ ᠬᠢᠨᠠᠨ | ᠵᠥᠪᠰᠢᠶᠡᠷᠡᠬᠦ ᠲᠠᠰ ᠳᠠᠪᠬᠤᠷᠭ᠎ᠠ ᠶᠢ ᠪᠠᠭᠠᠰᠬᠠᠬᠤ᠂ ᠵᠥᠪᠰᠢᠶᠡᠷᠡᠯ ᠤᠨ ᠬᠡᠪᠴᠢᠶ᠎ᠡ ᠶᠢ ᠴᠣᠮᠬᠠᠳᠬᠠᠬᠤ᠂ ᠠᠵᠢᠯ | ᠡᠷᠭᠢᠯᠡᠬᠦ ᠭᠠᠵᠠᠷ ᠣᠷᠣᠨ ᠤ ᠬᠢᠵᠠᠭᠠᠷᠯᠠᠯ ᠢ ᠬᠦᠴᠦᠨ ᠥᠬᠡᠶ ᠪᠣᠯᠭᠠᠬᠤ᠂ ᠨᠢᠭᠡ ᠵᠥᠪᠰᠢᠶᠡᠷᠡᠯ ᠤᠨ ᠪᠠᠷᠢᠮᠵᠢᠶ᠎ᠠ ᠶᠢᠨ | ᠵᠥᠪᠰᠢᠶᠡᠷᠡᠯ᠂ ᠨᠢᠭᠡ ᠦᠨᠡᠮᠯᠡᠯ ᠤᠨ ᠪᠥᠬᠦ ᠤᠯᠤᠰ ᠲᠤ ᠠᠵᠢᠯ ᠡᠷᠭᠢᠯᠡᠬᠦ᠂ ᠨᠢᠭᠡ ᠮᠡᠳᠡᠭᠡ ᠵᠠᠩᠭᠢ ᠶᠢᠨ | ᠲᠠᠪᠴᠠᠩ ᠢᠶᠠᠷ ᠪᠠᠶᠢᠴᠠᠭᠠᠨ ᠯᠠᠪᠯᠠᠬᠤ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠪᠠᠶᠢᠭᠤᠯᠤᠮᠵᠢ ᠶᠢᠨ ᠠᠵᠢᠯ ᠡᠷᠭᠢᠯᠡᠬᠦ᠂ | ᠠᠵᠢᠯ ᠲᠥᠷᠥᠯ ᠤᠨ ᠬᠥᠭᠵᠢᠯᠲᠡ ᠪᠠ ᠬᠢᠨᠠᠯᠲᠠ ᠪᠠᠶᠢᠴᠠᠭᠠᠯᠲᠠ ᠳᠤ ᠨᠠᠩ ᠳᠥᠭᠦᠮ ᠳᠥᠲᠡ ᠥᠨᠳᠥᠷ ᠪᠦᠲᠦᠮᠵᠢᠲᠡᠶ | ᠲᠦᠷᠢᠮ ᠤᠨ ᠵᠢᠷᠤᠭ ᠲᠥᠯᠥᠪᠯᠡᠭᠡ ᠶᠢ ᠬᠠᠩᠭᠠᠭᠰᠠᠨ ᠪᠠᠶᠢᠬᠤ ᠬᠡᠷᠡᠭᠲᠡᠢ᠃ | | ᠬᠤᠶᠠᠷ᠂ ᠲᠤᠭᠤᠷᠪᠢᠨ ᠪᠢᠴᠢᠭᠰᠡᠨ ᠶᠠᠪᠤᠴᠠ | | ︵ᠨᠢᠭᠡ︶ ᠲᠤᠭᠤᠷᠪᠢᠨ ᠪᠢᠴᠢᠬᠦ ᠳᠤᠭᠤᠶᠢᠯᠠᠩ ᠪᠠᠶᠢᠭᠤᠯᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ | ᠬᠠᠮᠢᠶᠠᠷᠤᠯᠲᠠ ᠶᠢᠨ ᠲᠣᠭᠲᠠᠯᠴᠠᠭ᠎ᠠ ᠶᠢ ᠦᠨᠡᠯᠡᠨ ᠲᠣᠭᠲᠠᠭᠠᠨ᠎ᠠ᠃ 2017 ᠣᠨ ᠤ ᠡᠬᠢ ᠪᠠᠷ᠂ ᠬᠤᠯᠪᠣᠭᠳᠠᠬᠤ | ᠠᠵᠢᠯ ᠬᠡᠷᠡᠭ ᠢ ᠭᠦᠢᠴᠡᠳᠬᠡᠵᠦ ᠪᠠᠶᠢᠭ᠎ᠠ ᠰᠠᠯᠠᠭ᠎ᠠ ᠮᠥᠴᠢᠷ ᠤᠳ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ᠂ ᠠᠵᠢᠯ ᠲᠥᠷᠥᠯ ᠤᠨ ᠨᠡᠶᠢᠭᠡᠮᠯᠢᠭ ᠪᠠ ᠬᠡᠰᠡᠭ ᠲᠤᠰᠬᠠᠶ ᠪᠠᠶᠢᠭᠤᠯᠤᠮᠵᠢ ᠶᠢᠨ | ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ︽ᠬᠠᠮᠢᠶᠠᠷᠤᠯᠲᠠ ᠶᠢᠨ ᠠᠷᠭ᠎ᠠ︾ ᠶᠢ ᠲᠤᠭᠤᠷᠪᠢᠨ ᠪᠢᠴᠢᠬᠦ | ᠳᠤᠭᠤᠶᠢᠯᠠᠩ ᠢ ᠪᠠᠶᠢᠭᠤᠯᠪᠠ᠃ 2017 ᠣᠨ ᠤ 1 ᠳ᠋ᠦ᠋ᠭᠡᠷ ᠰᠠᠷ᠎ᠠ ᠠᠴᠠ 6 ᠳ᠋ᠤᠭᠠᠷ ᠰᠠᠷ᠎ᠠ ᠪᠣᠯᠲᠠᠯ᠎ᠠ᠂ ᠬᠠᠮᠢᠶ᠎ᠠ | ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠠᠶᠦᠯᠭᠦᠢ ᠶᠢᠨ ᠬᠢᠨᠠᠨ ᠲᠣᠭᠲᠠᠭᠠᠬᠤ ᠳᠦᠷᠢᠮ ᠤᠨ ᠨᠡᠮᠡᠯᠲᠡ᠂ ᠥᠭᠡᠷᠡᠴᠢᠯᠡᠯᠲᠡ ᠶᠢ ᠡᠷᠴᠢᠮᠲᠡᠢ | ᠵᠢᠷᠡᠭᠦᠯᠬᠦ ᠱᠠᠭᠠᠷᠳᠠᠯᠭ᠎ᠠ ᠶᠣᠰᠣᠭᠠᠷ᠂ ᠪᠠᠶᠢᠴᠠᠭᠠᠯᠲᠠ ᠶᠢᠨ ᠠᠰᠠᠭᠤᠯᠲᠠ ᠶᠢᠨ ᠵᠢᠭᠰᠠᠭᠠᠯᠲᠠ ᠲᠠᠷᠬᠠᠭᠠᠬᠤ᠂ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ | ᠳᠠᠮᠵᠢᠭᠤᠯᠤᠨ᠂ ᠤᠤᠯ ᠤᠨ ︽ᠠᠶᠦᠯᠭᠦᠢ ᠦᠢᠯᠡᠳᠪᠦᠷᠢᠯᠡᠯ ᠤᠨ ᠪᠠᠶᠢᠴᠠᠭᠠᠨ ᠰᠢᠯᠭᠠᠵᠤ ᠦᠨᠡᠯᠡᠨ ᠰᠢᠯᠭᠠᠵᠤ | ᠰᠢᠨᠵᠢᠯᠡᠭᠡ ᠪᠠᠷ ᠲᠣᠭᠲᠠᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ︽ᠠᠶᠦᠯᠭᠦᠢ ᠶᠢᠨ | ᠦᠨᠡᠯᠡᠯᠲᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ᠢ ᠬᠡᠷᠡᠭᠵᠢᠭᠦᠯᠦᠭᠰᠡᠨ ᠲᠤᠷᠰᠢᠯᠭ᠎ᠠ ᠪᠠ | ᠬᠦᠷᠦᠯᠴᠡᠬᠦ ᠥᠬᠡᠶ ᠲᠠᠯ᠎ᠠ ᠶᠢ ᠰᠢᠰᠲ᠋ᠧᠮ ᠲᠠᠢ ᠦᠨᠡᠯᠡᠨ ᠵᠢᠱᠢᠵᠦ᠂ ᠬᠤᠯᠪᠣᠭᠳᠠᠬᠤ ᠲᠠᠯ᠎ᠠ ᠶᠢᠨ ᠬᠢᠨ ᠤ ᠰᠠᠨᠠᠯ | ᠰᠠᠨᠠᠭᠤᠯᠭ᠎ᠠ ᠶᠢ ᠰᠣᠨᠣᠰᠴᠤ᠂ ᠡᠭᠦᠨ ᠤ ᠰᠠᠭᠤᠷᠢᠨ ᠳᠡᠭᠡᠷ᠎ᠡ ᠲᠤᠭᠤᠷᠪᠢᠨ ᠪᠢᠴᠢᠬᠦ ᠳᠤᠭᠤᠶᠢᠯᠠᠩ ᠤᠨ ᠬᠢᠨ ︽ | ᠬᠠᠮᠢᠶᠠᠷᠤᠯᠲᠠ ᠶᠢᠨ ᠠᠷᠭ᠎ᠠ︾ ︵ᠰᠠᠨᠠᠯ ᠬᠤᠷᠢᠶᠠᠬᠤ ᠨᠣᠤᠷᠠᠭ︶ ᠶᠢ ᠪᠣᠶ ᠪᠣᠯᠭᠠᠨ᠎ᠠ᠃ | | ︵ᠬᠤᠶᠠᠷ︶ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠢ ᠢᠯᠡ ᠪᠠᠷ ᠲᠣᠭᠲᠠᠭᠠᠵᠤ᠂ ᠨᠡᠶᠢᠭᠡᠮ ᠤᠨ | ᠰᠠᠨᠠᠯ ᠢ ᠥᠷᠭᠡᠨ ᠢᠶᠠᠷ ᠬᠤᠷᠢᠶᠠᠨ᠎ᠠ᠃ ︽ᠬᠠᠮᠢᠶᠠᠷᠤᠯᠲᠠ ᠶᠢᠨ ᠠᠷᠭ᠎ᠠ︾ ︵ᠰᠠᠨᠠᠯ ᠬᠤᠷᠢᠶᠠᠬᠤ ᠨᠣᠤᠷᠠᠭ︶ ᠨᠢ | ᠲᠣᠰ ᠲᠣᠰ 2017 ᠣᠨ ᠤ 10 ᠳ᠋ᠤᠭᠠᠷ ᠰᠠᠷ᠎ᠠ ᠠᠴᠠ 11 ᠳ᠋ᠦ᠋ᠭᠡᠷ ᠰᠠᠷ᠎ᠠ ᠪᠣᠯᠲᠠᠯ᠎ᠠ ᠤᠤᠯ ᠤᠨ ᠠᠶᠦᠯᠭᠦᠢ ᠶᠢᠨ | ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶᠠᠨ ᠤ ᠰᠦᠯᠵᠢᠶ᠎ᠡ᠂ 2017 ᠣᠨ ᠤ 12 ᠳ᠋ᠤᠭᠠᠷ ᠰᠠᠷ᠎ᠠ ᠠᠴᠠ | 2018 ᠣᠨ ᠤ 1 ᠳ᠋ᠦ᠋ᠭᠡᠷ ᠰᠠᠷ᠎ᠠ ᠪᠣᠯᠲᠠᠯ᠎ᠠ ᠤᠤᠯ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠬᠠᠤᠯᠢ | ᠲᠦᠷᠢᠮ ᠤᠨ ᠠᠯᠪᠠᠨ ᠬᠡᠷ ᠤᠨ ᠰᠦᠯᠵᠢᠶ᠎ᠡ ᠳᠤ ᠣᠯᠠᠨ ᠨᠡᠶᠢᠲᠡ ᠠᠴᠠ ᠰᠠᠨᠠᠯ ᠰᠠᠨᠠᠭᠤᠯᠭ᠎ᠠ ᠪᠠᠨ ᠢᠯᠡ ᠪᠠᠷ | ᠬᠤᠷᠢᠶᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠨᠡᠶᠢᠲᠡ 311 ᠵᠤᠷᠪᠤᠰ ᠬᠤᠷᠢᠶᠠᠨ ᠣᠯᠵᠠᠶ᠃ | | ︵ᠭᠤᠷᠪᠠ︶ ᠲᠤᠰᠬᠠᠶ ᠮᠡᠷᠭᠡᠵᠢᠯ ᠤᠨ ᠰᠤᠳᠤᠯᠤᠨ ᠶᠠᠷᠢᠯᠴᠠᠵᠤ ᠵᠠᠳᠠᠯᠤᠯᠲᠠ ᠬᠢᠬᠦ ᠶᠢ ᠵᠣᠬᠢᠶᠠᠨ ᠪᠠᠶᠢᠭᠤᠯᠵᠤ | ᠂ ᠵᠠᠷᠢᠮ ᠵᠦᠢᠯ᠂ ᠵᠢᠭᠠᠯᠲᠠ ᠤᠨ ᠲᠣᠭᠠᠴᠢᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠶ᠃ 2017 | ᠣᠨ ᠤ 12 ᠳ᠋ᠤᠭᠠᠷ ᠰᠠᠷ᠎ᠠ ᠠᠴᠠ 2018 ᠣᠨ ᠤ 5 ᠳ᠋ᠤᠭᠠᠷ ᠰᠠᠷ᠎ᠠ ᠪᠣᠯᠲᠠᠯ᠎ᠠ᠂ ᠬᠤᠯᠪᠣᠭᠳᠠᠬᠤ ᠠᠵᠢᠯ ᠬᠡᠷᠡᠭ ᠢ | ᠭᠦᠢᠴᠡᠳᠬᠡᠵᠦ ᠪᠠᠶᠢᠭ᠎ᠠ ᠰᠠᠯᠠᠭ᠎ᠠ ᠮᠥᠴᠢᠷ ᠲᠣᠰ ᠲᠣᠰ ᠪᠡᠭᠡᠵᠢᠩ᠂ ᠭᠤᠤᠠᠩᠳᠦ᠋ᠩ᠂ ᠵᠧᠵᠢᠶᠠᠩ ᠳᠤ ᠭᠤᠷᠪᠠ | ᠤᠳᠠᠭ᠎ᠠ ᠲᠤᠰᠬᠠᠶ ᠮᠡᠷᠭᠡᠵᠢᠯ ᠤᠨ ᠨᠤᠲᠠᠯᠠᠯᠲᠠ ᠶᠢᠨ ᠬᠤᠷᠠᠯ ᠬᠤᠷᠠᠯᠳᠤᠭᠤᠯᠵᠤ᠂ ᠵᠠᠷᠢᠮ ᠵᠦᠢᠯ᠂ ᠵᠢᠭᠠᠯᠲᠠ ᠤᠨ | ᠠᠭᠤᠯᠭ᠎ᠠ ᠶᠢ ᠵᠤᠷᠪᠤᠰ ᠳᠠᠷᠠᠭᠠᠯᠠᠨ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ︽ᠬᠠᠮᠢᠶᠠᠷᠤᠯᠲᠠ ᠶᠢᠨ ᠠᠷᠭ᠎ᠠ︾ ︵ | ᠬᠢᠨᠠᠭᠤᠯᠬᠤ ᠪᠠᠷ ᠬᠦᠷᠭᠡᠬᠦ ᠨᠣᠤᠷᠠᠭ︶ ᠶᠢ ᠪᠣᠶ ᠪᠣᠯᠭᠠᠨ᠎ᠠ᠃ | | ︵ᠳᠥᠷᠪᠡ︶ ᠵᠣᠬᠢᠴᠠᠭᠤᠯᠤᠨ ᠨᠡᠪᠲᠡᠷᠡᠯᠴᠡᠵᠦ ᠨᠤᠲᠠᠯᠠᠯᠲᠠ ᠭᠦᠢᠴᠡᠳᠬᠡᠵᠦ᠂ ᠠᠵᠢᠯ ᠤᠨ ᠵᠢᠷᠤᠮ | ᠱᠠᠭᠠᠷᠳᠠᠯᠭ᠎ᠠ ᠶᠢᠨ ᠳᠠᠭᠠᠤ ᠬᠢᠨᠠᠨ ᠵᠥᠪᠯᠡᠵᠦ ᠮᠡᠳᠡᠭᠦᠯᠦᠨ ᠵᠥᠪᠰᠢᠶᠡᠷᠡᠭᠦᠯᠦᠨ᠎ᠡ᠃ 2018 ᠣᠨ ᠤ 5 ᠳ᠋ᠤᠭᠠᠷ | ᠰᠠᠷ᠎ᠠ ᠳᠤ᠂ ᠬᠤᠯᠪᠣᠭᠳᠠᠬᠤ ᠠᠵᠢᠯ ᠬᠡᠷᠡᠭ ᠢ ᠭᠦᠢᠴᠡᠳᠬᠡᠵᠦ ᠪᠠᠶᠢᠭ᠎ᠠ ᠰᠠᠯᠠᠭ᠎ᠠ ᠮᠥᠴᠢᠷ ᠤᠳ ︽ᠬᠠᠮᠢᠶᠠᠷᠤᠯᠲᠠ ᠶᠢᠨ | ᠠᠷᠭ᠎ᠠ︾ ︵ᠬᠦᠷᠭᠡᠨ ᠬᠢᠨᠠᠭᠤᠯᠬᠤ ᠨᠣᠤᠷᠠᠭ︶ ᠶᠢᠨ ᠲᠤᠬᠠᠶ ᠬᠤᠯᠪᠣᠭᠳᠠᠬᠤ ᠲᠤᠬᠠᠶᠢᠯᠠᠭᠰᠠᠨ ᠠᠵᠢᠯ ᠤᠨ ᠵᠤᠷᠭᠠᠨ | ᠲᠣᠪᠴᠢᠶ᠎ᠠ ᠲᠠᠢ ᠢᠳᠡᠪᠬᠢᠲᠠᠢ ᠨᠡᠪᠲᠡᠷᠡᠯᠴᠡᠵᠦ᠂ ᠰᠠᠨᠠᠯ ᠨᠢᠭᠡᠲᠡᠶ ᠪᠣᠯᠪᠠ︔ ᠡᠭᠦᠨ ᠤ ᠳᠠᠷᠠᠭ᠎ᠠ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠬᠡᠰᠡᠭ ᠬᠠᠮᠢᠶᠠᠷᠤᠯᠲᠠ ᠶᠢᠨ ᠤᠳᠤᠷᠢᠳᠤᠯᠭ᠎ᠠ ᠳᠤ ᠲᠤᠭᠤᠷᠪᠢᠭᠰᠠᠨ ᠨᠥᠬᠦᠴᠡᠯ | ᠪᠠᠶᠢᠳᠠᠯ᠂ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠰᠢᠯᠲᠠᠭᠠᠨ᠂ ᠭᠤᠤᠯ ᠥᠩᠭᠡᠷᠡᠯᠲᠡ ᠪᠠ | ᠭᠤᠤᠯᠳᠠᠯᠭ᠎ᠠ ᠲᠠᠢ ᠠᠭᠤᠯᠭ᠎ᠠ ᠶᠢ ᠮᠡᠳᠡᠭᠦᠯᠵᠦ᠂ ᠰᠠᠶᠢᠳ ᠨᠠᠷ ᠤᠨ ᠠᠯᠪᠠᠨ ᠠᠵᠢᠯ ᠤᠨ ᠬᠤᠷᠠᠯ ᠳᠤ ᠳᠡᠪᠰᠢᠭᠦᠯᠵᠦ | ᠬᠢᠨᠠᠨ ᠶᠠᠷᠢᠯᠴᠠᠭᠤᠯᠬᠤ ᠰᠠᠨᠠᠭᠤᠯᠭ᠎ᠠ ᠭᠠᠷᠭᠠᠪᠠ᠃ 2018 ᠣᠨ ᠤ 6 ᠳ᠋ᠤᠭᠠᠷ ᠰᠠᠷ᠎ᠠ ᠳᠤ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ 8 ᠳ᠋ᠤᠭᠠᠷ ᠤᠳᠠᠭᠠᠨ ᠤ ᠰᠠᠶᠢᠳ ᠨᠠᠷ ᠤᠨ ᠠᠯᠪᠠᠨ ᠠᠵᠢᠯ ᠤᠨ | ᠬᠤᠷᠠᠯ ᠠᠴᠠ ︽ᠬᠠᠮᠢᠶᠠᠷᠤᠯᠲᠠ ᠶᠢᠨ ᠠᠷᠭ᠎ᠠ︾ ᠶᠢᠨ ᠬᠦᠷᠭᠡᠨ ᠬᠢᠨᠠᠭᠤᠯᠬᠤ ᠨᠣᠤᠷᠠᠭ ᠢ ᠬᠢᠨᠠᠨ ᠵᠥᠪᠯᠡᠭᠰᠡᠨ ᠪᠥᠭᠡᠳ | ᠵᠠᠷᠴᠢᠮ ᠳᠡᠭᠡᠷ᠎ᠡ ᠪᠠᠨ ᠪᠠᠲᠤᠯᠠᠵᠤ᠂ ᠬᠤᠯᠪᠣᠭᠳᠠᠬᠤ ᠶᠠᠮᠤᠨ ᠵᠥᠪᠯᠡᠯ ᠤᠨ ᠰᠠᠨᠠᠯ ᠢ ᠤᠯᠠᠮ ᠠᠬᠢᠭᠤᠯᠤᠨ | ᠬᠤᠷᠢᠶᠠᠭᠰᠠᠨ ᠤ ᠳᠠᠷᠠᠭ᠎ᠠ᠂ ᠠᠵᠢᠯ ᠤᠨ ᠵᠢᠷᠤᠮ ᠱᠠᠭᠠᠷᠳᠠᠯᠭ᠎ᠠ ᠶᠢᠨ ᠳᠠᠭᠠᠤ ᠨᠡᠶᠢᠲᠡᠯᠡᠨ ᠬᠡᠷᠡᠭᠵᠢᠭᠦᠯᠬᠦ ᠬᠡᠷᠡᠭᠲᠡᠶ | ᠭᠡᠵᠦ ᠱᠠᠭᠠᠷᠳᠠᠪᠠ᠃ | | ︵ᠲᠠᠪᠤ︶ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠢ ᠨᠠᠶᠢᠳᠠᠪᠤᠷᠢᠵᠢᠭᠤᠯᠵᠤ᠂ ᠬᠡᠨ ᠳᠠᠷᠤᠢ | ᠳᠤᠨᠢ ᠨᠡᠶᠢᠲᠡᠯᠡᠨ ᠬᠡᠷᠡᠭᠵᠢᠭᠦᠯᠦᠨ᠎ᠡ᠃ ᠰᠠᠶᠢᠳ ᠨᠠᠷ ᠤᠨ ᠠᠯᠪᠠᠨ ᠠᠵᠢᠯ ᠤᠨ ᠬᠤᠷᠠᠯ ᠤᠨ ᠰᠠᠨᠠᠯ ᠶᠣᠰᠣᠭᠠᠷ᠂ | ᠲᠥᠪ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ᠂ ᠲᠥᠷᠥ ᠶᠢᠨ ᠶᠠᠪᠤᠳᠠᠯ ᠤᠨ | ᠬᠤᠷᠢᠶᠠᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠪᠠ ︽ᠲᠠᠯᠪᠢᠬᠤ | ᠬᠠᠮᠢᠶᠠᠷᠬᠤ ᠦᠢᠯᠡᠴᠢᠯᠡᠬᠦ︾ ᠨᠡᠮᠡᠯᠲᠡ᠂ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ᠂ | ᠤᠯᠤᠰ ᠤᠨ ᠬᠥᠭᠵᠢᠭᠦᠯᠦᠯᠲᠡ ᠨᠡᠮᠡᠯᠲᠡ᠂ ᠥᠭᠡᠷᠡᠴᠢᠯᠡᠯᠲᠡ ᠶᠢᠨ ᠵᠥᠪᠯᠡᠯ ᠤᠨ ᠰᠠᠨᠠᠯ ᠢ ᠳᠠᠬᠢᠨᠲᠠ ᠬᠤᠷᠢᠶᠠᠭᠰᠠᠨ ᠤ | ᠳᠠᠷᠠᠭ᠎ᠠ ᠲᠡᠭᠦᠯᠳᠡᠷᠵᠢᠭᠦᠯᠪᠡ᠃ 2019 ᠣᠨ ᠤ 2 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ | ᠨᠢᠭᠡ ᠪᠦᠯᠦᠭ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠦᠴᠦᠨ ᠥᠬᠡᠶ ᠪᠣᠯᠭᠠᠬᠤ ᠪᠠ ᠡᠷᠬᠡ ᠶᠢ | ᠴᠢᠨᠠᠭᠰᠢᠳᠠ ᠪᠠᠭᠤᠯᠭᠠᠬᠤ ᠲᠤᠬᠠᠶ ᠲᠣᠭᠲᠠᠭᠠᠯ︾ ︵ᠲᠥᠷᠥ ᠲᠠᠷᠬᠠᠭᠠᠭᠰᠠᠨ ︹ 2019 ︺ 6 ᠳ᠋ᠤᠭᠠᠷ | ᠲᠣᠭᠠᠲᠤ︶ ᠢ ᠨᠡᠶᠢᠲᠡᠯᠡᠭᠰᠡᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ 3 ᠳ᠋ᠤᠭᠠᠷ | ᠰᠠᠷ᠎ᠠ ᠶᠢᠨ 20 ᠤ ᠡᠳᠦᠷ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠵᠦ᠂ 2019 ᠣᠨ ᠤ 5 ᠳ᠋ᠤᠭᠠᠷ | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠭᠤᠷᠪᠠ᠂ ᠨᠡᠮᠡᠯᠲᠡ᠂ ᠥᠭᠡᠷᠡᠴᠢᠯᠡᠯᠲᠡ ᠶᠢᠨ ᠭᠤᠤᠯ ᠠᠭᠤᠯᠭ᠎ᠠ | | ︵ᠨᠢᠭᠡ︶ ᠤᠤᠯ ᠤᠨ ᠬᠤᠶᠠᠷ ᠲᠦᠷᠢᠮ ᠲᠣᠭᠲᠠᠭᠠᠯ ᠢ ᠬᠤᠶᠠᠷ ᠢ ᠨᠢᠭᠡᠳᠬᠡᠭᠰᠡᠨ ᠪᠠᠶᠢᠬᠤ᠃ ᠬᠡᠳᠦ᠋ᠢᠪᠡᠷ | ᠠᠶᠦᠯᠭᠦᠢ ᠶᠢᠨ ᠦᠨᠡᠯᠡᠯᠲᠡ᠂ ᠠᠶᠦᠯᠭᠦᠢ ᠦᠢᠯᠡᠳᠪᠦᠷᠢᠯᠡᠯ ᠤᠨ ᠰᠢᠯᠭᠠᠨ ᠪᠠᠶᠢᠴᠠᠭᠠᠯᠲᠠ ᠨᠢ ᠮᠡᠷᠭᠡᠵᠢᠯ ᠤᠨ ᠠᠷᠭ᠎ᠠ᠂ | ᠠᠵᠢᠯ ᠡᠷᠭᠢᠯᠡᠬᠦ ᠱᠠᠭᠠᠷᠳᠠᠯᠭ᠎ᠠ᠂ ᠶᠠᠪᠤᠴᠠ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠥᠭᠡᠳ | ᠠᠳᠠᠯᠢ ᠪᠤᠰᠤ ᠲᠠᠯ᠎ᠠ ᠲᠠᠢ ᠪᠠᠶᠢᠳᠠᠭ ᠪᠣᠯᠪᠠᠴᠤ ᠭᠡᠪᠡᠴᠦ ᠬᠢᠷᠢ ᠬᠡᠮ ᠤᠨ ᠨᠥᠬᠦᠴᠡᠯ ᠢ ᠲᠣᠭᠲᠠᠭᠠᠬᠤ᠂ ᠵᠥᠪᠰᠢᠶᠡᠷᠡᠬᠦ | ᠵᠢᠷᠤᠮ ᠤᠨ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠵᠡᠷᠭᠡ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠲᠠᠯ᠎ᠠ ᠪᠠᠷ ᠨᠡᠯᠢᠶᠡᠳ ᠠᠳᠠᠯᠢᠪᠲᠤᠷ ᠪᠠᠶᠢᠳᠠᠭ ᠪᠥᠭᠡᠳ ᠲᠦᠷᠦ ᠶᠢᠨ ᠶᠠᠪᠤᠳᠠᠯ ᠤᠨ ᠬᠤᠷᠢᠶᠠᠨ ᠤ | ᠨᠡᠶᠢᠲᠡᠯᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠳᠣᠷᠬᠠᠶ ᠬᠠᠭᠤᠳᠠᠰᠤᠨ ᠳᠤ ᠠᠶᠤᠯᠭᠦᠶ ᠶᠢᠨ | ᠦᠨᠡᠯᠡᠯᠲᠡ ᠶᠢᠨ ᠪᠠᠶᠢᠭᠤᠯᠤᠮᠵᠢ ᠶᠢᠨ ᠬᠢᠷᠢ ᠬᠡᠮ ᠤᠨ ᠵᠥᠪᠰᠢᠶᠡᠷᠡᠯ᠂ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ | ᠪᠠᠶᠢᠭᠤᠯᠤᠮᠵᠢ ᠶᠢᠨ ᠬᠢᠷᠢ ᠬᠡᠮ ᠤᠨ ᠵᠥᠪᠰᠢᠶᠡᠷᠡᠯ ᠢ ᠨᠢᠭᠡ ᠵᠦᠢᠯ ᠤᠨ ᠵᠥᠪᠰᠢᠶᠡᠷᠡᠯ ᠪᠣᠯᠭᠠᠨ ᠨᠡᠶᠢᠯᠡᠭᠦᠯᠪᠡ᠃ | ᠡᠶᠢᠮᠦ ᠠᠴᠠ ᠰᠢᠨ᠎ᠡ ︽ᠬᠠᠮᠢᠶᠠᠷᠤᠯᠲᠠ ᠶᠢᠨ ᠠᠷᠭ᠎ᠠ︾ ᠳᠤ ᠤᠤᠯ ᠤᠨ ︽ᠠᠶᠤᠯᠭᠦᠶ ᠦᠢᠯᠡᠳᠪᠦᠷᠢᠯᠡᠯ ᠤᠨ | ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠣᠭᠲᠠᠭᠠᠯ︾᠂ ︽ | ᠠᠶᠤᠯᠭᠦᠶ ᠶᠢᠨ ᠦᠨᠡᠯᠡᠯᠲᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ᠤᠨ ᠬᠤᠯᠪᠣᠭᠳᠠᠬᠤ | ᠠᠭᠤᠯᠭ᠎ᠠ ᠶᠢ ᠡᠮᠬᠢᠯᠡᠨ ᠨᠡᠶᠢᠯᠡᠭᠦᠯᠵᠦ᠂ ᠨᠢᠭᠡ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠪᠣᠯᠭᠠᠨ ᠨᠡᠶᠢᠯᠡᠭᠦᠯᠦᠨ | ᠲᠣᠭᠲᠠᠭᠠᠪᠠ᠃ | | ︵ᠬᠤᠶᠠᠷ︶ ᠵᠥᠪᠰᠢᠶᠡᠷᠡᠯ ᠤᠨ ᠵᠦᠢᠯᠡᠰ ᠢ ᠶᠡᠭᠡ ᠬᠡᠮᠵᠢᠶ᠎ᠡ ᠪᠠᠷ ᠨᠡᠶᠢᠯᠡᠭᠦᠯᠦᠨ ᠴᠣᠮᠬᠠᠳᠬᠠᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠨᠡᠮᠡᠯᠲᠡ᠂ | ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠭᠤᠤᠯᠳᠠᠭᠤ ᠳᠣᠤᠷᠠᠬᠢ ᠵᠦᠢᠯᠡᠰ ᠢ ᠨᠡᠶᠢᠯᠡᠭᠦᠯᠦᠨ ᠴᠣᠮᠬᠠᠳᠬᠠᠪᠠ᠄ | ᠨᠢᠭᠡ ᠳᠤ ᠦᠨᠡᠯᠡᠨ ᠰᠢᠯᠭᠠᠬᠤ ᠪᠠᠶᠢᠭᠤᠯᠤᠮᠵᠢ ᠶᠢᠨ ᠬᠥᠬᠡ ᠲᠠᠰ᠂ ᠬᠥᠬᠡᠭᠴᠢᠨ ᠲᠠᠰ ᠤᠨ ᠲᠠᠰ ᠬᠤᠪᠢᠶᠠᠭᠰᠠᠨ | ᠪᠠᠶᠢᠷᠢᠯᠠᠭᠤᠯᠤᠯᠲᠠ ᠶᠢ ᠬᠦᠴᠦᠨ ᠥᠬᠡᠶ ᠪᠣᠯᠭᠠᠵᠤ᠂ ᠲᠣᠰ ᠲᠣᠰ ᠠᠶᠦᠯᠭᠦᠢ ᠶᠢᠨ ᠦᠨᠡᠯᠡᠯᠲᠡ ᠶᠢᠨ ᠬᠢᠷᠢ ᠬᠡᠮ᠂ | ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠨ ᠰᠢᠯᠭᠠᠵᠤ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠬᠢᠷᠢ | ᠬᠡᠮ ᠪᠣᠯᠭᠠᠨ ᠡᠮᠬᠢᠯᠡᠨ ᠨᠡᠶᠢᠯᠡᠭᠦᠯᠪᠡ᠃ ᠬᠤᠶᠠᠷ ᠲᠤ᠂ ᠬᠥᠬᠡ ᠲᠠᠰ ᠤᠨ ᠬᠢᠷᠢ ᠬᠡᠮ ᠢ ᠬᠦᠴᠦᠨ ᠥᠬᠡᠶ ᠪᠣᠯᠭᠠᠵᠤ᠂ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠢᠶᠠᠷ ᠬᠢᠨᠠᠨ ᠵᠥᠪᠰᠢᠶᠡᠷᠡᠭᠦᠯᠬᠦ ︵ᠪᠠᠶᠢᠭᠤᠯᠤᠮᠵᠢ ᠶᠢ | ᠥᠭᠡᠷᠡᠴᠢᠯᠡᠬᠦ ᠠᠴᠠ ᠡᠮᠦᠨ᠎ᠡ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ | ᠲᠣᠪᠴᠢᠶ᠎ᠠ ᠪᠠᠷ ᠬᠢᠨᠠᠨ ᠵᠥᠪᠰᠢᠶᠡᠷᠡᠭᠦᠯᠬᠦ︶᠂ ᠬᠥᠬᠡᠭᠴᠢᠨ ᠲᠠᠰ ᠤᠨ ᠬᠢᠷᠢ ᠬᠡᠮ ᠢ ᠮᠤᠵᠢ ᠶᠢᠨ ᠱᠠᠲᠤᠨ ᠤ ᠠᠶᠤᠯᠭᠦᠶ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠢᠨᠠᠨ ᠰᠢᠯᠭᠠᠬᠤ ᠰᠠᠯᠠᠭ᠎ᠠ ᠮᠥᠴᠢᠷ ᠢᠶᠠᠷ ᠬᠢᠨᠠᠨ | ᠵᠥᠪᠰᠢᠶᠡᠷᠡᠭᠦᠯᠬᠦ ᠱᠠᠲᠤ ᠬᠤᠪᠢᠶᠠᠨ ᠬᠢᠨᠠᠨ ᠵᠥᠪᠰᠢᠶᠡᠷᠡᠭᠦᠯᠬᠦ ᠲᠣᠭᠲᠠᠭᠠᠯ ᠢ ᠬᠦᠴᠦᠨ ᠥᠬᠡᠶ ᠪᠣᠯᠭᠠᠵᠤ᠂ | ᠠᠶᠤᠯᠭᠦᠶ ᠶᠢᠨ ᠦᠨᠡᠯᠡᠯᠲᠡ ᠶᠢᠨ ᠬᠢᠷᠢ ᠬᠡᠮ᠂ ᠠᠶᠤᠯᠭᠦᠶ ᠦᠢᠯᠡᠳᠪᠦᠷᠢᠯᠡᠯ ᠤᠨ ᠦᠨᠡᠯᠡᠨ ᠰᠢᠯᠭᠠᠵᠤ ᠰᠢᠨᠵᠢᠯᠡᠭᠡ ᠪᠠᠷ | ᠲᠣᠭᠲᠠᠭᠠᠬᠤ ᠬᠢᠷᠢ ᠬᠡᠮ ᠢ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ | ᠮᠥᠴᠢᠷ᠂ ᠮᠤᠵᠢ ᠶᠢᠨ ᠱᠠᠲᠤᠨ ᠤ ᠨᠡᠭᠦᠷᠡᠰᠦᠨ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠨᠢᠭᠡᠳᠦᠯᠲᠡᠶ ᠭᠤᠷᠪᠠ ᠳᠤ᠂ ᠦᠨᠡᠯᠡᠬᠦ ᠰᠢᠯᠭᠠᠨ ᠪᠠᠶᠢᠴᠠᠭᠠᠬᠤ | ᠪᠠᠶᠢᠭᠤᠯᠤᠮᠵᠢ ᠶᠢᠨ ᠠᠵᠢᠯ ᠡᠷᠬᠢᠯᠡᠬᠦ ᠭᠠᠵᠠᠷ ᠣᠷᠣᠨ ᠤ ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠠᠶᠦᠯᠭᠦᠢ ᠶᠢᠨ | ᠦᠨᠡᠯᠡᠯᠲᠡ ᠶᠢᠨ ᠰᠠᠭᠤᠷᠢ ᠬᠢᠷᠢ ᠬᠡᠮ᠂ ᠰᠢᠯᠭᠠᠨ ᠪᠠᠶᠢᠴᠠᠭᠠᠬᠤ ᠰᠠᠭᠤᠷᠢ ᠬᠢᠷᠢ ᠬᠡᠮ ᠢ ᠣᠯᠤᠭᠰᠠᠨ ᠪᠠᠶᠢᠭᠤᠯᠤᠮᠵᠢ | ᠪᠦᠬᠦ ᠤᠯᠤᠰ ᠤᠨ ᠬᠡᠪᠴᠢᠶᠡᠨ ᠳᠤ ᠲᠤᠬᠠᠶᠢᠯᠠᠭᠰᠠᠨ ᠠᠵᠢᠯ ᠢᠶᠠᠨ ᠥᠷᠨᠢᠭᠦᠯᠵᠦ ᠪᠣᠯᠤᠨ᠎ᠠ᠃ ᠲᠦᠷᠪᠡ ᠳᠤ᠂ | ᠦᠨᠡᠯᠡᠵᠦ ᠰᠢᠯᠭᠠᠨ ᠬᠡᠮᠵᠢᠬᠦ ᠪᠠᠶᠢᠭᠤᠯᠤᠮᠵᠢ ᠶᠢᠨ ᠲᠥᠯᠥᠪᠯᠡᠭᠡ ᠶᠢᠨ ᠴᠢᠨᠠᠷᠲᠠᠢ ᠲᠤᠭ᠎ᠠ ᠬᠡᠮᠵᠢᠶᠡᠨ ᠤ ᠬᠢᠵᠠᠭᠠᠷᠯᠠᠯ ᠢ | ᠬᠦᠴᠦᠨ ᠦᠭᠡᠢ ᠪᠣᠯᠭᠠᠵᠤ᠂ ᠲᠤᠭ᠎ᠠ ᠬᠡᠮᠵᠢᠶ᠎ᠡ ᠪᠠ ᠣᠷᠣᠨ ᠪᠦᠰᠡ ᠶᠢᠨ ᠬᠥᠭᠵᠢᠯᠲᠡ ᠶᠢᠨ ᠲᠥᠯᠥᠪᠵᠢᠭᠦᠯᠭᠡ ᠶᠢ | ᠳᠠᠬᠢᠵᠤ ᠲᠣᠭᠲᠠᠭᠠᠬᠤ ᠦᠭᠡᠢ᠃ ᠲᠠᠪᠤ ᠳᠤ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ︽ᠠᠶᠤᠯᠭᠦᠶ | ᠦᠢᠯᠡᠳᠪᠦᠷᠢᠯᠡᠯ ᠤᠨ ᠬᠠᠤᠯᠢ︾ ᠶᠢᠨ ᠬᠤᠷᠢ ᠶᠢᠰᠦᠳᠦᠭᠡᠷ ᠵᠦᠢᠯ᠂ ᠭᠤᠴᠢᠨ ᠳᠥᠷᠪᠡᠳᠦᠭᠡᠷ ᠵᠦᠢᠯ ᠳᠤ ᠵᠢᠭᠠᠭᠰᠠᠨ | ᠠᠵᠢᠯ ᠲᠦᠷᠦᠯ ᠤᠨ ᠬᠠᠮᠤᠷᠬᠤ ᠴᠠᠷᠠᠭ᠎ᠠ ᠬᠦᠷᠢᠶ᠎ᠡ ᠪᠣᠯᠤᠨ ᠬᠠᠮᠤᠷᠬᠤ ᠴᠠᠷᠠᠭ᠎ᠠ ᠬᠦᠷᠢᠶ᠎ᠡ ︵ᠠᠭᠤᠷᠬᠠᠶ᠂ ᠲᠡᠮᠦᠷᠯᠢᠭ | ᠪᠣᠯᠪᠠᠰᠤᠷᠠᠭᠤᠯᠬᠤ ᠪᠦᠳᠦᠭᠡᠠ ᠪᠠᠶᠢᠭᠤᠯᠤᠯᠲᠠ ᠶᠢᠨ ᠵᠦᠢᠯᠡᠰ ᠪᠣᠯᠤᠨ ᠠᠶᠤᠯᠲᠠᠶ ᠡᠳ᠋ ᠬᠥᠷᠥᠩᠭᠡ ᠶᠢ ᠦᠢᠯᠡᠳᠪᠦᠷᠢᠯᠡᠬᠦ | ᠂ ᠬᠠᠳᠠᠭᠠᠯᠠᠬᠤ᠂ ᠠᠴᠢᠶᠠᠯᠠᠵᠤ ᠪᠠᠭᠤᠯᠭᠠᠬᠤ ᠳᠤ ᠬᠡᠷᠡᠭᠯᠡᠬᠦ ᠪᠦᠳᠦᠭᠡᠠ ᠪᠠᠶᠢᠭᠤᠯᠤᠯᠲᠠ ᠶᠢᠨ ᠵᠦᠢᠯᠡᠰ︔ | ᠠᠭᠤᠷᠬᠠᠶ ᠶᠢᠨ ᠬᠤᠳᠳᠤᠭ ᠳᠣᠲᠣᠷᠠᠬᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠵᠡᠷᠭᠡ ᠳᠤ ᠬᠢᠷᠢ ᠬᠡᠮ ᠢ | ᠮᠡᠳᠡᠷᠡᠨ ᠵᠥᠪᠰᠢᠶᠡᠷᠡᠬᠦ ᠶᠢ ᠬᠡᠷᠡᠭᠵᠢᠭᠦᠯᠵᠦ᠂ ᠬᠠᠤᠯᠢ ᠴᠠᠭᠠᠵᠠ ᠳᠦᠷᠢᠮ ᠲᠣᠭᠲᠠᠭᠠᠯ ᠤᠨ ᠦᠨᠳᠦᠰᠦᠯᠡᠯ ᠪᠠᠷ | ᠭᠦᠢᠴᠡᠳ ᠥᠬᠡᠶ ᠪᠤᠰᠤᠳ ᠠᠵᠢᠯ ᠲᠥᠷᠥᠯ ᠤᠨ ᠬᠦᠷᠢᠶᠡᠨ ᠳᠤ ᠬᠢᠷᠢ ᠬᠡᠮ ᠢ ᠮᠡᠳᠡᠷᠡᠨ ᠵᠥᠪᠰᠢᠶᠡᠷᠡᠬᠦ | ᠬᠠᠮᠢᠶᠠᠷᠤᠯᠲᠠ ᠶᠢ ᠳᠠᠭᠢᠵᠤ ᠬᠡᠷᠡᠭᠵᠢᠭᠦᠯᠬᠦ ᠥᠬᠡᠶ᠃ ᠵᠢᠷᠭᠤᠭ᠎ᠠ ᠳᠤ ᠳᠠᠷᠠᠭᠠᠯᠠᠯ ᠢ ᠤᠯᠠᠮ ᠠᠬᠢᠭᠤᠯᠤᠨ | ᠳᠥᠭᠦᠮᠴᠢᠯᠡᠵᠦ᠂ ᠵᠠᠰᠠᠭ ᠢ ᠴᠣᠮᠬᠠᠳᠬᠠᠨ ᠡᠷᠬᠡ ᠶᠢ ᠴᠢᠨᠠᠭᠰᠢᠳᠠ ᠪᠠᠭᠤᠯᠭᠠᠵᠤ᠂ ᠬᠢᠷᠢ ᠬᠡᠮ ᠤᠨ ᠬᠦᠴᠦᠨ ᠲᠠᠢ | ᠬᠤᠭᠤᠴᠠᠭ᠎ᠠ ᠶᠢ ᠭᠤᠷᠪᠠᠨ ᠵᠢᠯ ᠪᠠᠶᠢᠭᠰᠠᠨ ᠠᠴᠠ ᠲᠠᠪᠤᠨ ᠵᠢᠯ ᠪᠣᠯᠭᠠᠨ ᠤᠷᠲᠤᠳᠬᠠᠨ᠎ᠠ᠃ | | ︵ᠭᠤᠷᠪᠠ︶ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠨᠥᠬᠦᠴᠡᠯ ᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠤᠨ᠎ᠠ᠃ ᠠᠶᠤᠯᠭᠦᠶ ᠦᠢᠯᠡᠳᠪᠦᠷᠢᠯᠡᠯ ᠤᠨ ᠪᠣᠳᠠᠲᠤ ᠬᠡᠷᠡᠭᠴᠡᠭᠡ ᠶᠢ ᠬᠠᠩᠭᠠᠬᠤ ᠮᠥᠷᠲᠡᠭᠡᠨ ᠪᠠᠰᠠ | ᠪᠠᠶᠢᠭᠤᠯᠤᠮᠵᠢ ᠶᠢ ᠶᠡᠷᠦᠩᠬᠡᠶᠢᠯᠡᠨ ᠬᠥᠭᠵᠢᠭᠦᠯᠬᠦ᠂ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠵᠣᠷᠢᠭᠵᠢᠭᠤᠯᠬᠤ | ᠵᠠᠷᠴᠢᠮ ᠤᠨ ᠶᠣᠰᠣᠭᠠᠷ᠂ ︽ᠬᠠᠮᠢᠶᠠᠷᠤᠯᠲᠠ ᠶᠢᠨ ᠠᠷᠭ᠎ᠠ︾ ᠳᠤ ᠠᠶᠤᠯᠭᠦᠶ ᠶᠢᠨ ᠦᠨᠡᠯᠡᠯᠲᠡ ᠶᠢᠨ | ᠪᠠᠶᠢᠭᠤᠯᠤᠮᠵᠢ ᠶᠢᠨ ᠣᠷᠣᠬᠤ ᠵᠥᠪᠰᠢᠶᠡᠷᠡᠯ ᠤᠨ ᠨᠥᠬᠦᠴᠡᠯ ᠪᠣᠯ᠄ ᠲᠣᠭᠲᠠᠮᠠᠯ ᠬᠥᠷᠤᠩᠭᠡ ᠶᠢ 800 ᠲᠦᠮᠡᠨ | ᠲᠥᠭᠦᠷᠢᠭ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠠᠵᠢᠯᠯᠠᠬᠤ ᠲᠠᠯᠠᠪᠤᠷ ᠤᠨ ᠲᠠᠯᠠᠪᠠᠢ ᠶᠢ 1000 ᠺᠦᠸᠠᠳ᠋ | ᠮᠧᠲᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠲᠤᠰᠬᠠᠶ ᠲᠤᠰᠢᠶᠠᠯᠲᠤ ᠠᠶᠤᠯᠭᠦᠶ ᠶᠢᠨ ᠦᠨᠡᠯᠡᠭᠴᠢ ᠶᠢᠨ | ᠲᠤᠬᠢᠷᠠᠭᠤᠯᠤᠯᠳᠠ ᠶᠢ 25 ᠬᠥᠮᠦᠨ ᠠᠴᠠ ᠳᠤᠲᠠᠭᠤ ᠪᠠᠶᠢᠯᠭᠠᠵᠤ ᠪᠣᠯᠬᠤ ᠦᠭᠡᠢ ᠭᠡᠵᠦ ᠲᠣᠭᠲᠠᠭᠠᠵᠠᠶ᠃ ︽ | ᠬᠠᠮᠢᠶᠠᠷᠤᠯᠲᠠ ᠶᠢᠨ ᠠᠷᠭ᠎ᠠ︾ ᠳᠤ ᠵᠢᠭᠠᠭᠰᠠᠨ ᠠᠶᠦᠯᠭᠦᠢ ᠦᠢᠯᠡᠳᠪᠦᠷᠢᠯᠡᠯ ᠤᠨ ᠪᠠᠶᠢᠴᠠᠭᠠᠨ ᠰᠢᠯᠭᠠᠵᠤ ᠦᠨᠡᠯᠡᠨ | ᠰᠢᠯᠭᠠᠵᠤ ᠰᠢᠨᠵᠢᠯᠡᠭᠡ ᠪᠠᠷ ᠲᠣᠭᠲᠠᠭᠠᠬᠤ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠨᠥᠬᠦᠴᠡᠯ ᠪᠣᠯ᠄ | ᠲᠣᠭᠲᠠᠮᠠᠯ ᠬᠥᠷᠥᠩᠭᠡ ᠶᠢ 1000 ᠲᠦᠮᠡᠨ ᠲᠥᠭᠦᠷᠢᠭ ᠠᠴᠠ ᠳᠤᠲᠠᠭᠤ ᠥᠭᠡᠢ ᠪᠠᠶᠢᠯᠭᠠᠵᠤ᠂ ᠠᠵᠢᠯᠯᠠᠬᠤ | ᠲᠠᠯᠠᠪᠤᠷ ᠤᠨ ᠲᠠᠯᠠᠪᠠᠢ ︵ᠲᠤᠷᠰᠢᠯᠲᠠ ᠶᠢᠨ ᠲᠠᠰᠤᠭ ᠪᠠᠭᠲᠠᠨ᠎ᠠ︶ ᠶᠢ 1000 ᠺᠦᠸᠠᠳ᠋ ᠮᠧᠲᠷ ᠠᠴᠠ ᠳᠤᠲᠠᠭᠤ | ᠥᠭᠡᠢ ᠪᠠᠶᠢᠯᠭᠠᠵᠤ᠂ ᠲᠤᠰᠬᠠᠶ ᠮᠡᠷᠭᠡᠵᠢᠯ ᠤᠨ ᠠᠵᠢᠯᠳᠠᠨ ᠢ 25 ᠬᠥᠮᠦᠨ ᠠᠴᠠ ᠳᠤᠲᠠᠭᠤ ᠥᠭᠡᠢ ᠪᠠᠶᠢᠯᠭᠠᠨ᠎ᠠ᠃ | ᠡᠭᠦᠨ ᠤ ᠬᠠᠮᠲᠤ ᠲᠡᠭᠦᠨ ᠤ ᠬᠦᠰᠡᠯᠲᠡ ᠭᠠᠷᠭᠠᠭᠰᠠᠨ ᠲᠤᠬᠠᠶᠢᠯᠠᠭᠰᠠᠨ ᠠᠵᠢᠯ ᠤᠨ ᠬᠠᠮᠤᠷᠬᠤ ᠴᠠᠷᠠᠭ᠎ᠠ ᠬᠦᠷᠢᠶ᠎ᠡ ᠶᠢᠨ | ᠣᠯᠠᠨ ᠴᠥᠭᠡᠨ ᠢᠶᠠᠷ ᠨᠢᠭᠡ ᠲᠤᠬᠠᠶᠢᠯᠠᠭᠰᠠᠨ ᠠᠵᠢᠯ ᠤᠨ ᠬᠦᠷᠢᠶ᠎ᠡ ︵ᠠᠵᠢᠯ ᠲᠥᠷᠥᠯ ᠤᠨ ᠬᠦᠷᠢᠶ᠎ᠡ︶ ᠨᠡᠮᠡᠬᠦ ᠪᠦᠷᠢ᠂ | ᠲᠤᠰᠬᠠᠶ ᠮᠡᠷᠭᠡᠵᠢᠯ ᠤᠨ ᠲᠣᠬᠢᠷᠠᠭᠤᠯᠤᠯᠲᠠ ᠶᠢᠨ ᠬᠠᠷᠢᠴᠠᠯ ᠢᠶᠠᠷ 5 ᠲᠤᠰᠬᠠᠶ ᠲᠤᠰᠢᠶᠠᠯᠲᠤ ᠠᠶᠦᠯᠭᠦᠢ ᠶᠢᠨ | ᠦᠨᠡᠯᠡᠭᠴᠢ ︵ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ 5 ᠲᠤᠰᠬᠠᠶ ᠮᠡᠷᠭᠡᠵᠢᠯ ᠤᠨ | ᠠᠵᠢᠯᠲᠠᠨ ᠨᠡᠮᠡᠨ᠎ᠡ︶ ᠨᠡᠮᠡᠨ᠎ᠡ᠃ | | ︵ᠳᠥᠷᠪᠡ︶ ᠠᠰᠠᠭᠤᠳᠠᠯ ᠤᠨ ᠳᠤᠮᠳᠠᠬᠢ ᠪᠠ ᠠᠰᠠᠭᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠤᠨ᠎ᠠ᠃ ᠨᠢᠭᠡ ᠳᠤ᠂ ᠬᠢᠷᠢ ᠬᠡᠮ ᠢ ᠪᠠᠲᠤᠯᠠᠬᠤ ᠶᠢ ᠴᠢᠩᠭᠠᠳᠬᠠᠵᠤ᠂ ︽ᠬᠠᠮᠢᠶᠠᠷᠤᠯᠲᠠ ᠶᠢᠨ ᠠᠷᠭ᠎ᠠ︾ | ᠳᠤ᠂ ᠬᠢᠷᠢ ᠬᠡᠮ ᠢ ᠵᠥᠪᠰᠢᠶᠡᠷᠡᠬᠦ ᠪᠠᠶᠢᠭᠤᠯᠭ᠎ᠠ ᠣᠨ ᠤ ᠬᠢᠨᠠᠯᠲᠠ ᠪᠠᠶᠢᠴᠠᠭᠠᠯᠲᠠ ᠶᠢᠨ ᠲᠥᠯᠥᠪᠯᠡᠭᠡ ᠲᠣᠭᠲᠠᠭᠠᠬᠤ᠂ | ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠨᠡᠶᠢᠲᠡᠯᠡᠬᠦ︾ ᠬᠢᠨᠠᠯᠲᠠ ᠬᠠᠮᠢᠶᠠᠷᠤᠯᠲᠠ ᠵᠡᠷᠭᠡ ᠶᠢ | ᠬᠡᠷᠡᠭᠵᠢᠭᠦᠯᠬᠦ ᠪᠠᠷ ᠳᠠᠮᠵᠢᠭᠤᠯᠤᠨ᠂ ᠭᠤᠷᠪᠠᠨ ᠵᠢᠯ ᠳᠤ ᠲᠣᠰ ᠰᠠᠯᠠᠭ᠎ᠠ ᠮᠥᠴᠢᠷ ᠲᠤ ᠬᠢᠷᠢ ᠬᠡᠮ ᠤᠨ ᠦᠨᠡᠮᠯᠡᠯ | ᠣᠯᠭᠤᠭᠰᠠᠨ ᠦᠨᠡᠯᠡᠨ ᠰᠢᠯᠭᠠᠬᠤ ᠪᠠᠶᠢᠭᠤᠯᠤᠮᠵᠢ ᠶᠢᠨ ᠬᠢᠨᠠᠯᠲᠠ ᠪᠠᠶᠢᠴᠠᠭᠠᠯᠲᠠ ᠶᠢ ᠨᠢᠭᠡ ᠤᠳᠠᠭ᠎ᠠ ᠬᠠᠮᠤᠷᠬᠤ ᠶᠢ | ᠦᠨᠡᠨ ᠬᠦ ᠪᠠᠲᠤᠯᠠᠭᠠᠵᠢᠭᠤᠯᠤᠨ᠎ᠠ ᠭᠡᠵᠦ ᠲᠣᠭᠲᠠᠭᠠᠵᠠᠶ᠃ ᠬᠤᠶᠠᠷ ᠲᠤ ᠬᠠᠷᠢᠶ᠎ᠠ ᠭᠠᠵᠠᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠤᠯᠤᠮᠵᠢ ᠶᠢ ᠲᠤᠬᠠᠶ ᠶᠢᠨ ᠲᠠᠯᠠᠪᠤᠷ ᠤᠨ ᠮᠡᠷᠭᠡᠵᠢᠯ ᠤᠨ ᠦᠢᠯᠡᠴᠢᠯᠡᠭᠡ ᠶᠢ | ᠥᠷᠨᠢᠭᠦᠯᠬᠦ ᠠᠴᠠ ᠡᠮᠦᠨ᠎ᠡ ᠲᠤᠯᠤᠭᠠᠨ ᠠᠵᠢᠯ ᠤᠨ ᠡᠳᠦᠷ ᠤᠨ ᠳᠣᠲᠣᠷ᠎ᠠ ᠲᠥᠷᠥᠯ ᠵᠦᠢᠯ ᠢ ᠬᠡᠷᠡᠭᠵᠢᠭᠦᠯᠬᠦ | ᠭᠠᠵᠠᠷ ᠤᠨ ᠬᠢᠷᠢ ᠬᠡᠮ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠳᠤ ᠪᠢᠴᠢᠭ ᠢᠶᠠᠷ ᠮᠡᠳᠡᠭᠳᠡᠵᠦ᠂ ᠬᠢᠷᠢ ᠬᠡᠮ ᠢ | ᠮᠡᠳᠡᠷᠡᠨ ᠵᠥᠪᠰᠢᠶᠡᠷᠡᠬᠦ ᠪᠠᠶᠢᠭᠤᠯᠭ᠎ᠠ ᠵᠢᠴᠢ ᠲᠡᠭᠦᠨ ᠤ ᠳᠣᠤᠷᠠᠳᠤ ᠱᠠᠲᠤᠨ ᠤ ᠬᠤᠯᠪᠣᠭᠳᠠᠬᠤ ᠰᠠᠯᠠᠭ᠎ᠠ ᠮᠥᠴᠢᠷ ᠤᠨ | ᠬᠢᠨᠠᠯᠲᠠ ᠪᠠᠶᠢᠴᠠᠭᠠᠯᠲᠠ ᠶᠢ ᠬᠦᠯᠢᠶᠡᠬᠦ ᠶᠢ ᠱᠠᠭᠠᠷᠳᠠᠨ᠎ᠠ᠃ ᠭᠤᠷᠪᠠ ᠳᠤ ᠡᠳᠦᠷ ᠲᠤᠲᠤᠮ ᠤᠨ ᠬᠠᠤᠯᠢ | ᠬᠡᠷᠡᠭᠵᠢᠭᠦᠯᠦᠯᠲᠡ ᠶᠢ ᠴᠢᠩᠭᠠᠳᠬᠠᠵᠤ᠂ ᠬᠤᠯᠪᠣᠭᠳᠠᠬᠤ ᠰᠠᠯᠠᠭ᠎ᠠ ᠮᠥᠴᠢᠷ ᠢ ᠱᠠᠭᠠᠷᠳᠠᠵᠤ ᠪᠠᠶᠢᠭᠠᠳ | ᠪᠠᠶᠢᠭᠤᠯᠤᠮᠵᠢ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠬᠠᠤᠯᠢ | ᠲᠣᠭᠲᠠᠭᠠᠯ ᠤᠨ ᠵᠢᠭᠠᠯᠲᠠ ᠶᠢᠨ ᠳᠠᠭᠠᠤ ᠰᠢᠳᠬᠡᠨ ᠲᠣᠷᠭᠠᠬᠤ ᠶᠢᠨ ᠬᠠᠮᠲᠤ ᠬᠢᠷᠢ ᠬᠡᠮ ᠢ ᠮᠡᠳᠡᠷᠡᠨ ᠵᠥᠪᠰᠢᠶᠡᠷᠡᠬᠦ | ᠪᠠᠶᠢᠭᠤᠯᠭ᠎ᠠ ᠳᠤ ᠮᠡᠳᠡᠭᠳᠡᠨ᠎ᠡ᠃ ᠲᠦᠷᠪᠡ ᠳᠤ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠵᠤ᠂ ᠬᠠᠤᠯᠢ | ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠰᠢᠢᠳᠬᠡᠬᠦ ᠡᠷᠴᠢᠮ ᠢ ᠴᠢᠩᠭᠠᠷᠠᠭᠤᠯᠵᠤ᠂ ᠢᠲᠡᠭᠡᠯ ᠠᠯᠳᠠᠭᠰᠠᠨ | ᠪᠠᠶᠢᠭᠤᠯᠤᠮᠵᠢ ᠪᠣᠯᠤᠨ ᠬᠥᠮᠦᠰ ᠲᠤ ᠠᠵᠢᠯ ᠲᠦᠷᠦᠯ ᠳᠤ ᠣᠷᠣᠬᠤ ᠶᠢ ᠴᠠᠭᠠᠵᠠᠯᠠᠬᠤ ᠪᠠ ᠠᠶᠤᠯᠭᠦᠢ | ᠦᠢᠯᠡᠳᠪᠦᠷᠢᠯᠡᠯ ᠤᠨ ᠡᠷᠡᠭᠦᠯ ᠪᠤᠰᠤ ᠲᠡᠮᠳᠡᠭᠯᠡᠯ ᠳᠤ ᠣᠷᠣᠭᠤᠯᠬᠤ ︽ᠬᠠᠷ᠎ᠠ ᠳᠠᠩᠰᠠ︾ ᠶᠢᠨ ᠬᠠᠮᠢᠶᠠᠷᠤᠯᠲᠠ ᠶᠢ | ᠬᠡᠷᠡᠭᠵᠢᠭᠦᠯᠬᠦ ᠶᠢᠨ ᠬᠠᠮᠲᠤ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠬᠤᠯᠪᠣᠭᠠᠯᠠᠨ ᠵᠠᠯᠬᠠᠭᠠᠨ | ᠴᠡᠭᠡᠷᠯᠡᠭᠦᠯᠦᠨ᠎ᠡ᠃ ᠲᠠᠪᠤ ᠳᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠬᠡᠷᠡᠭᠵᠢᠭᠦᠯᠵᠦ᠂ ᠠᠶᠦᠯᠭᠦᠢ ᠶᠢᠨ | ᠦᠨᠡᠯᠡᠯᠲᠡ ᠶᠢᠨ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠪᠠᠶᠢᠭᠤᠯᠤᠮᠵᠢ ᠶᠢᠨ ᠮᠡᠳᠡᠭᠡ ᠵᠠᠩᠭᠢ ᠶᠢ | ᠪᠠᠶᠢᠴᠠᠭᠠᠨ ᠯᠠᠪᠯᠠᠬᠤ ᠰᠢᠰᠲ᠋ᠧᠮ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ | ᠵᠠᠷᠯᠠᠬᠤ ᠰᠢᠰᠲ᠋ᠧᠮ᠂ ᠪᠦᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ᠂ | ᠠᠶᠦᠯᠭᠦᠢ ᠶᠢᠨ ᠦᠨᠡᠯᠡᠭᠴᠢ ᠶᠢᠨ ᠪᠠᠶᠢᠴᠠᠭᠠᠨ ᠯᠠᠪᠯᠠᠬᠤ ᠲᠠᠪᠴᠠᠩ᠂ ᠪᠦᠷᠢᠳᠬᠡᠭᠰᠡᠨ ᠠᠶᠦᠯᠭᠦᠢ ᠶᠢᠨ ᠢᠨᠵᠧᠨᠧᠷ ᠤᠨ | ᠪᠠᠶᠢᠴᠠᠭᠠᠨ ᠯᠠᠪᠯᠠᠬᠤ ᠰᠢᠰᠲ᠋ᠧᠮ ᠵᠡᠷᠭᠡ ᠪᠠᠷ ᠲᠦᠰᠢᠭ ᠪᠣᠯᠭᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ | ᠵᠠᠰᠠᠭ ᠵᠠᠬᠢᠷᠭᠠᠨ ᠤ ᠰᠢᠢᠳᠬᠡᠯ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠵᠡᠷᠭᠡ ᠮᠡᠳᠡᠭᠡ ᠵᠠᠩᠭᠢ ᠶᠢ ᠴᠠᠭ | ᠲᠤᠬᠠᠢ ᠳᠤᠨᠢ ᠪᠠᠶᠢᠴᠠᠭᠠᠨ ᠯᠠᠪᠯᠠᠵᠤ᠂ ᠵᠠᠷᠯᠠᠬᠤ ᠪᠠ ᠬᠠᠮᠲᠤᠪᠠᠷ ᠡᠳ᠋ᠯᠡᠨ᠎ᠡ᠃ ᠵᠢᠷᠭᠤᠭ᠎ᠠ ᠳᠤ ᠠᠵᠢᠯ ᠲᠥᠷᠥᠯ ᠤᠨ | ᠥᠪᠡᠷ ᠢ ᠪᠠᠨ ᠱᠠᠭᠠᠷᠳᠠᠬᠤ ᠶᠢ ᠳᠠᠭᠠᠭᠤᠯᠤᠨ ᠵᠢᠯᠣᠭᠤᠳᠴᠤ᠂ ᠠᠵᠢᠯ ᠲᠥᠷᠥᠯ ᠤᠨ ᠨᠡᠶᠢᠭᠡᠮᠯᠢᠭ ᠤᠨ ᠥᠪᠡᠷ ᠢ ᠪᠠᠨ | ᠱᠠᠭᠠᠷᠳᠠᠬᠤ ᠬᠠᠮᠢᠶᠠᠷᠤᠯᠲᠠ ᠶᠢᠨ ᠦᠷ᠎ᠡ ᠨᠥᠯᠥᠭᠡ ᠶᠢ ᠪᠠᠳᠠᠷᠠᠭᠤᠯᠤᠨ᠂ ᠢᠲᠡᠭᠡᠮᠵᠢ ᠶᠢ ᠦᠨᠡᠯᠡᠵᠦ᠂ | ᠶᠡᠷᠦᠩᠬᠡᠶᠢᠯᠡᠭᠰᠡᠨ ᠴᠢᠳᠠᠪᠤᠷᠢ ᠪᠠ ᠲᠤᠰᠬᠠᠶ ᠮᠡᠷᠭᠡᠵᠢᠯ ᠤᠨ ᠴᠢᠳᠠᠪᠤᠷᠢ ᠶᠢ ᠦᠨᠡᠯᠡᠨ ᠲᠣᠭᠲᠠᠭᠠᠬᠤ ᠵᠡᠷᠭᠡ | ᠬᠤᠯᠪᠣᠭᠳᠠᠬᠤ ᠪᠠᠷᠢᠮᠵᠢᠶ᠎ᠠ ᠪᠠ ᠲᠣᠭᠲᠠᠯᠴᠠᠭ᠎ᠠ ᠶᠢᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ | ᠪᠠᠶᠢᠭᠤᠯᠤᠮᠵᠢ ᠶᠢ ᠳᠠᠭᠠᠭᠤᠯᠤᠨ ᠵᠢᠯᠣᠭᠤᠳᠴᠤ ᠪᠠᠶᠢᠭᠠᠳ ᠦᠢᠯᠡᠴᠢᠯᠡᠭᠡᠨ ᠤ ᠴᠢᠳᠠᠪᠤᠷᠢ᠂ ᠴᠢᠨᠠᠷ ᠴᠢᠨᠰᠠᠭ᠎ᠠ ᠪᠠ | ᠬᠢᠷᠢ ᠲᠥᠪᠰᠢᠨ ᠢ ᠨᠢ ᠳᠡᠭᠡᠭᠰᠢᠯᠡᠭᠦᠯᠦᠨ᠎ᠡ︔ ᠮᠡᠷᠭᠡᠵᠢᠯ ᠤᠨ ᠬᠥᠨᠳᠡᠯᠡᠨ ᠠᠴᠠ ᠲᠠᠰᠤᠯᠬᠤ ᠠᠵᠢᠯ ᠢ ᠬᠠᠮᠵᠢᠨ | ᠥᠷᠨᠢᠭᠦᠯᠵᠦ᠂ ᠰᠢᠳᠤᠷᠭᠤ ᠪᠠᠷ ᠥᠷᠢᠰᠥᠯᠳᠦᠬᠦ ᠶᠢ ᠠᠬᠢᠭᠤᠯᠵᠤ᠂ ᠠᠵᠢᠯ ᠡᠷᠬᠢᠯᠡᠬᠦ ᠳᠢᠭ ᠵᠢᠷᠤᠮ ᠢ ᠬᠠᠮᠠᠭᠠᠯᠠᠨ᠎ᠠ᠃ | | ︵ᠲᠠᠪᠤ︶ ᠵᠠᠰᠠᠭ ᠤᠨ ᠣᠷᠳᠣᠨ ᠤ ᠬᠢᠨᠠᠨ ᠬᠠᠮᠢᠶᠠᠷᠴᠤ ᠵᠣᠬᠢᠴᠠᠭᠤᠯᠬᠤ ᠠᠵᠢᠯᠯᠠᠭ᠎ᠠ ᠶᠢ ᠵᠢᠷᠤᠮᠵᠢᠭᠤᠯᠤᠨ᠎ᠠ᠃ | ᠨᠢᠭᠡ ᠳᠤ ᠵᠠᠰᠠᠭ ᠵᠠᠬᠢᠷᠭᠠᠨ ᠤ ᠣᠷᠣᠯᠴᠠᠬᠤ ᠶᠢ ᠲᠠᠰᠤ ᠵᠣᠭᠰᠣᠭᠠᠵᠤ᠂ ᠬᠢᠷᠢ ᠬᠡᠮ ᠢ ᠮᠡᠳᠡᠷᠡᠨ ᠵᠥᠪᠰᠢᠶᠡᠷᠡᠬᠦ | ᠪᠠᠶᠢᠭᠤᠯᠭ᠎ᠠ ᠵᠢᠴᠢ ᠲᠡᠭᠦᠨ ᠤ ᠳᠣᠤᠷᠠᠳᠤ ᠱᠠᠲᠤᠨ ᠤ ᠬᠤᠯᠪᠣᠭᠳᠠᠬᠤ ᠰᠠᠯᠠᠭ᠎ᠠ ᠮᠥᠴᠢᠷ ᠪᠣᠯᠤᠨ ᠠᠵᠢᠯᠲᠠᠨ ᠢ | ᠪᠠᠶᠢᠭᠤᠯᠤᠮᠵᠢ ᠶᠢᠨ ᠬᠡᠪ ᠤᠨ ᠠᠵᠢᠯᠯᠠᠭ᠎ᠠ ᠳᠤ ᠭᠠᠷ ᠳᠦᠷᠦᠵᠦ ᠪᠣᠯᠬᠤ ᠥᠬᠡᠶ᠂ ᠪᠠᠶᠢᠭᠤᠯᠤᠮᠵᠢ ᠶᠢᠨ ᠠᠵᠢᠯ ᠡᠷᠭᠢᠯᠡᠬᠦ | ᠵᠥᠪᠰᠢᠶᠡᠷᠡᠯ ᠤᠨ ᠬᠠᠷᠰᠢ ᠰᠠᠭᠠᠳ ᠢ ᠲᠣᠭᠲᠠᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠲᠣᠭᠲᠠᠭᠠᠵᠤ ᠪᠣᠯᠬᠤ | ᠥᠬᠡᠶ ᠭᠡᠵᠦ ᠱᠠᠭᠠᠷᠳᠠᠪᠠ᠃ ᠬᠤᠶᠠᠷ ᠲᠤ ︽ᠤᠯᠠᠭᠠᠨ ᠣᠷᠣᠶ ᠶᠢᠨ ᠵᠠᠭᠤᠴᠢ︾ ᠶᠢ ᠲᠠᠰᠤ ᠵᠣᠭᠰᠣᠭᠠᠵᠤ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ᠂ ᠡᠯ᠎ᠡ ᠱᠠᠲᠤᠨ ᠤ ᠨᠡᠭᠦᠷᠡᠰᠦᠨ ᠠᠭᠤᠷᠬᠠᠶ ᠶᠢᠨ ᠠᠶᠦᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ ᠬᠠᠷᠢᠶ᠎ᠠ ᠠᠵᠢᠯ ᠦᠢᠯᠡᠰ ᠤᠨ ᠨᠢᠭᠡᠴᠢ᠂ | ᠬᠠᠮᠢᠶᠠᠷᠤᠯᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠡᠷᠭᠢᠯᠡᠭᠰᠡᠨ ᠠᠵᠤ ᠠᠬᠤᠶᠢᠯᠠᠯ ᠤᠳ | ᠰᠢᠯᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠦᠨᠡᠯᠡᠬᠦ ᠪᠠᠷ ᠭᠤᠶᠤᠴᠢᠯᠠᠵᠤ ᠪᠣᠯᠬᠤ ᠥᠬᠡᠶ ᠭᠡᠵᠦ ᠱᠠᠭᠠᠷᠳᠠᠪᠠ᠃ | ᠭᠤᠷᠪᠠ ᠳᠤ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠦᠨᠡᠯᠡᠵᠦ ᠰᠢᠯᠭᠠᠨ ᠬᠡᠮᠵᠢᠬᠦ | ᠪᠠᠶᠢᠭᠤᠯᠤᠮᠵᠢ ᠨᠢ ᠲᠡᠭᠦᠨ ᠤ ᠭᠠᠷᠭᠠᠭᠰᠠᠨ ᠮᠡᠷᠭᠡᠵᠢᠯ ᠤᠨ ᠦᠢᠯᠡᠴᠢᠯᠡᠭᠡᠨ ᠤ ᠮᠡᠳᠡᠭᠦᠯᠦᠯᠲᠡ ᠳᠤ ᠬᠠᠷᠢᠭᠤᠴᠠᠨ᠎ᠠ︔ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠦᠨᠡᠯᠡᠨ ᠰᠢᠯᠭᠠᠬᠤ ᠪᠠᠶᠢᠭᠤᠯᠤᠮᠵᠢ ᠳᠤ ᠨᠠᠶᠢᠳᠠᠵᠤ ᠲᠡᠭᠦᠨ ᠳᠤ | ᠮᠡᠷᠭᠡᠵᠢᠯ ᠤᠨ ᠦᠢᠯᠡᠴᠢᠯᠡᠭᠡ ᠬᠠᠩᠭᠠᠯᠭᠠᠭᠰᠠᠨ ᠲᠣᠬᠢᠶᠠᠯᠳᠤᠯ ᠳᠤ᠂ ᠠᠶᠤᠯᠭᠦᠶ ᠦᠢᠯᠡᠳᠪᠦᠷᠢᠯᠡᠯ ᠢ ᠪᠠᠲᠤᠯᠠᠬᠤ | ᠬᠠᠷᠢᠭᠤᠴᠠᠯᠭ᠎ᠠ ᠶᠢ ᠮᠥᠨ ᠲᠤᠰ ᠨᠢᠭᠡᠴᠢ ᠨᠢ ᠬᠠᠷᠢᠭᠤᠴᠠᠨ᠎ᠠ︔ ᠬᠤᠯᠪᠣᠭᠳᠠᠬᠤ ᠲᠠᠯ᠎ᠠ ᠶᠢᠨ ᠬᠢᠨ ᠵᠠᠬᠢᠳᠠᠯ | ᠰᠤᠷᠪᠤᠯᠵᠢᠯᠠᠭ᠎ᠠ ᠶᠢᠨ ᠮᠡᠳᠡᠭᠦᠯᠦᠯᠲᠡ ᠶᠢᠨ ᠠᠭᠤᠯᠭ᠎ᠠ ᠳᠤ ᠵᠥᠪᠰᠢᠶᠡᠷᠡᠯ ᠪᠤᠶᠤ ᠰᠢᠢᠳᠬᠡᠯ ᠤᠨ ᠲᠣᠭᠲᠠᠭᠠᠯ | ᠭᠠᠷᠭᠠᠭᠰᠠᠨ ᠲᠣᠬᠢᠶᠠᠯᠳᠤᠯ ᠳᠤ᠂ ᠲᠡᠭᠦᠨ ᠤ ᠵᠢᠭᠠᠭᠰᠠᠨ ᠵᠦᠢᠯᠡᠰ ᠲᠤ ᠵᠣᠬᠢᠴᠠᠩᠭᠤᠶ ᠬᠠᠤᠯᠢ ᠴᠠᠭᠠᠵᠠ ᠶᠢᠨ | ᠬᠠᠷᠢᠭᠤᠴᠠᠯᠭ᠎ᠠ ᠡᠭᠦᠷᠭᠡᠯᠡᠨ᠎ᠡ᠃ | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ | ᠠᠶᠦᠯᠭᠦᠢ ᠪᠠᠶᠢᠳᠠᠯ ᠤᠨ ᠲᠠᠯ᠎ᠠ ᠪᠠᠷ ᠦᠨᠡᠯᠡᠨ ᠰᠢᠯᠭᠠᠵᠤ ᠰᠢᠨᠵᠢᠯᠡᠭᠡ ᠪᠠᠷ ᠲᠣᠭᠲᠠᠭᠠᠬᠤ ᠪᠠᠶᠢᠭᠤᠯᠤᠮᠵᠢ ᠶᠢᠨ | ᠬᠠᠮᠢᠶᠠᠷᠤᠯᠲᠠ ᠶᠢᠨ ᠠᠷᠭ᠎ᠠ | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |