| | ᠲᠠᠩ ᠭᠠᠭᠴᠠ ᠴᠢᠰᠦ ︵ᠡᠭᠡᠳᠡᠩ︶ ᠠᠪᠬᠤ ᠥᠷᠲᠡᠭᠡ ᠶᠢᠨ ᠬᠠᠮᠢᠶᠠᠷᠤᠯᠲᠠ ᠶᠢ ᠤᠯᠠᠮ ᠡᠷᠴᠢᠮᠲᠡᠢ | ᠴᠢᠩᠭᠠᠳᠬᠠᠵᠤ᠂ ᠲᠠᠩ ᠭᠠᠭᠴᠠ ᠴᠢᠰᠦ ︵ᠡᠭᠡᠳᠡᠩ︶ ᠠᠪᠬᠤ ᠥᠷᠲᠡᠭᠡ ᠶᠢᠨ ᠴᠢᠨᠠᠷ ᠴᠢᠨᠰᠠᠭ᠎ᠠ ᠶᠢᠨ ᠪᠠᠷᠢᠮᠵᠢᠶ᠎ᠠ | ᠵᠢᠴᠢ ᠱᠠᠭᠠᠷᠳᠠᠯᠭ᠎ᠠ ᠶᠢ ᠳᠡᠭᠡᠭᠰᠢᠯᠡᠭᠦᠯᠦᠨ᠂ ᠴᠢᠰᠦ ︵ᠡᠭᠡᠳᠡᠩ︶ ᠠᠪᠬᠤ ᠴᠢᠨᠠᠷ ᠴᠢᠨᠰᠠᠭ᠎ᠠ ᠪᠠ ᠴᠢᠰᠦ ︵ᠡᠭᠡᠳᠡᠩ︶ | ᠡᠷᠭᠦᠭᠰᠡᠳ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠤᠯᠤᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠠᠴᠠ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠮᠠᠨ ᠤ ᠤᠯᠤᠰ ᠤᠨ ᠲᠠᠩ | ᠭᠠᠭᠴᠠ ᠴᠢᠰᠦ ︵ᠡᠭᠡᠳᠡᠩ︶ ᠠᠪᠬᠤ ᠥᠷᠲᠡᠭᠡ ᠶᠢᠨ ᠬᠥᠭᠵᠢᠯᠲᠡ ᠶᠢᠨ ᠣᠳᠣᠬᠢ ᠪᠠᠶᠢᠳᠠᠯ ᠲᠠᠢ ᠤᠶᠠᠯᠳᠤᠭᠤᠯᠤᠨ᠂ | 2000 ᠣᠨ ᠳᠤ ᠬᠡᠪᠯᠡᠨ ᠲᠠᠷᠬᠠᠭᠠᠭᠰᠠᠨ ︽ᠲᠠᠩ ᠭᠠᠭᠴᠠ ᠴᠢᠰᠦ ︵ᠡᠭᠡᠳᠡᠩ︶ ᠠᠪᠬᠤ ᠥᠷᠲᠡᠭᠡ ᠶᠢᠨ | ᠦᠨᠳᠦᠰᠦᠨ ᠪᠠᠷᠢᠮᠵᠢᠶ᠎ᠠ︾ ᠳᠤ ᠨᠡᠮᠡᠯᠲᠡ᠂ ᠥᠭᠡᠷᠡᠴᠢᠯᠡᠯᠲᠡ ᠣᠷᠣᠭᠤᠯᠵᠤ᠂ ︽ᠲᠠᠩ ᠭᠠᠭᠴᠠ ᠴᠢᠰᠦ ︵ᠡᠭᠡᠳᠡᠩ︶ | ᠠᠪᠬᠤ ᠥᠷᠲᠡᠭᠡ ᠶᠢᠨ ᠦᠨᠳᠦᠰᠦᠨ ᠪᠠᠷᠢᠮᠵᠢᠶ᠎ᠠ ︵2021 ᠣᠨ ᠤ ᠬᠡᠪᠯᠡᠯ︶︾ ᠶᠢ ᠪᠣᠶ ᠪᠣᠯᠭᠠᠪᠠ᠃ | ᠭᠤᠣᠯᠳᠠᠭᠤ ᠳᠣᠣᠷᠠᠬᠢ ᠠᠭᠤᠯᠭ᠎ᠠ ᠳᠤ ᠨᠡᠮᠡᠯᠲᠡ᠂ ᠥᠭᠡᠷᠡᠴᠢᠯᠡᠯᠲᠡ ᠣᠷᠣᠭᠤᠯᠤᠨ᠎ᠠ᠄ | | ᠨᠢᠭᠡ ᠳᠤ᠂ ᠴᠢᠰᠦ ︵ᠡᠭᠡᠳᠡᠩ︶ ᠠᠪᠬᠤ ᠥᠷᠲᠡᠭᠡᠨ ᠤ ᠡᠭᠦᠷᠭᠡ ᠴᠢᠳᠠᠪᠬᠢ ᠶᠢᠨ ᠪᠦᠲᠦᠴᠡ ᠶᠢ ᠡᠮᠬᠢᠯᠡᠵᠦ᠂ | ᠮᠡᠳᠡᠭᠡ ᠵᠠᠩᠭᠢ ᠪᠣᠯᠣᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠴᠢᠳᠠᠪᠬᠢ ᠶᠢ ᠨᠡᠮᠡᠨ ᠪᠠᠶᠢᠭᠤᠯᠵᠤ᠂ ᠰᠠᠴᠤᠷᠠᠭ | ᠢᠳᠡᠪᠬᠢ ᠡᠮᠴᠢᠯᠡᠭᠡᠨ ᠤ ᠲᠠᠰᠤᠭ ᠢ ᠪᠠᠶᠢᠷᠢᠯᠠᠭᠤᠯᠬᠤ ᠵᠡᠷᠭᠡ ᠠᠰᠠᠭᠤᠳᠠᠯ ᠢ ᠲᠣᠳᠣᠷᠬᠠᠶᠢᠯᠠᠨ᠎ᠠ᠃ | | ᠬᠤᠶᠠᠷ ᠲᠤ ᠠᠵᠢᠯᠲᠠᠨ ᠤ ᠲᠣᠬᠢᠷᠠᠭᠤᠯᠤᠯᠲᠠ ᠪᠠ ᠲᠥᠬᠦᠭᠡᠷᠦᠮᠵᠢ ᠲᠥᠬᠦᠭᠡᠷᠦᠮᠵᠢ ᠶᠢᠨ ᠱᠠᠭᠠᠷᠳᠠᠯᠭ᠎ᠠ ᠶᠢ | ᠳᠡᠭᠡᠭᠰᠢᠯᠡᠭᠦᠯᠵᠦ᠂ ᠥᠷᠲᠡᠭᠡᠨ ᠳᠠᠷᠤᠭ᠎ᠠ᠂ ᠴᠢᠨᠠᠷ ᠴᠢᠨᠰᠠᠭ᠎ᠠ ᠶᠢᠨ ᠬᠠᠷᠢᠭᠤᠴᠠᠯᠭᠠᠲᠠᠨ᠂ ᠲᠤᠷᠰᠢᠯᠲᠠ ᠶᠢᠨ | ᠲᠠᠰᠤᠭ ᠤᠨ ᠬᠠᠷᠢᠭᠤᠴᠠᠯᠭᠠᠲᠠᠨ ᠵᠡᠷᠭᠡ ᠴᠢᠬᠤᠯᠠ ᠠᠵᠢᠯ ᠤᠨ ᠪᠠᠶᠢᠷᠢ ᠶᠢᠨ ᠠᠵᠢᠯᠲᠠᠨ ᠤ ᠬᠢᠷᠢ ᠬᠡᠮ ᠤᠨ | ᠱᠠᠭᠠᠷᠳᠠᠯᠭ᠎ᠠ ᠶᠢ ᠳᠡᠭᠡᠭᠰᠢᠯᠡᠭᠦᠯᠵᠦ᠂ ᠬᠠᠨᠳᠤᠯᠭᠠᠲᠤ ᠴᠢᠨᠠᠷᠲᠠᠢ ᠱᠠᠭᠠᠷᠳᠠᠯᠭ᠎ᠠ ᠳᠤ ᠴᠢᠰᠤᠨ ᠤ ᠠᠦ᠋ᠲ᠋ᠣᠴᠢᠯᠠᠭᠰᠠᠨ | ᠪᠠᠶᠢᠴᠠᠭᠠᠨ ᠰᠢᠯᠭᠠᠬᠤ ᠲᠥᠬᠦᠭᠡᠷᠦᠮᠵᠢ ᠶᠢ ᠨᠡᠮᠡᠭᠳᠡᠭᠦᠯᠵᠦ᠂ ᠬᠠᠷᠠᠭᠠᠨ ᠳᠠᠪᠲᠠᠮᠵᠢ ᠪᠠᠷ ᠬᠢᠨᠠᠨ ᠠᠵᠢᠭᠯᠠᠬᠤ | ᠰᠢᠰᠲ᠋ᠧᠮ ᠢ ᠪᠠᠶᠢᠭᠤᠯᠤᠨ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ | ᠴᠠᠬᠢᠯᠭᠠᠨ ᠬᠠᠩᠭᠠᠬᠤ ᠲᠥᠬᠦᠭᠡᠷᠦᠮᠵᠢ᠂ ᠠᠮᠤᠷ ᠲᠦᠪᠰᠢᠨ ᠭᠠᠯ ᠲᠦᠢᠮᠡᠷ ᠢ ᠤᠨᠲᠠᠷᠠᠭᠠᠬᠤ᠂ ᠪᠣᠬᠢᠷ ᠤᠰᠤ ᠶᠢ | ᠰᠢᠢᠳᠪᠦᠷᠢᠯᠡᠬᠦ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠠᠭᠤᠯᠭ᠎ᠠ ᠶᠢ ᠨᠡᠮᠡᠨ᠎ᠡ᠃ | | ᠭᠤᠷᠪᠠ ᠳᠤ᠂ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠡᠮᠡᠭᠳᠡᠭᠦᠯᠵᠦ᠂ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠪᠠᠶᠢᠪᠠᠰᠤ ᠵᠣᠬᠢᠬᠤ ᠲᠤᠬᠠᠶᠢᠯᠠᠭᠰᠠᠨ ᠠᠵᠢᠯ ᠤᠨ | ᠪᠦᠷᠬᠦᠴᠡ ᠶᠢᠨ ᠬᠡᠪᠴᠢᠶ᠎ᠡ ᠵᠢᠴᠢ ᠪᠦᠷᠢᠯᠳᠦᠭᠦᠯᠪᠡᠰᠦ ᠵᠣᠬᠢᠬᠤ ᠦᠨᠳᠦᠰᠦᠨ ᠴᠢᠳᠠᠮᠵᠢ ᠶᠢ ᠲᠣᠳᠣᠷᠬᠠᠶᠢᠯᠠᠵᠤ᠂ | ᠢᠯᠭᠠᠨ ᠲᠠᠨᠢᠬᠤ ᠲᠥᠬᠦᠭᠡᠷᠦᠮᠵᠢ ᠨᠡᠮᠡᠬᠦ ᠶᠢ ᠱᠠᠭᠠᠷᠳᠠᠨ᠎ᠠ᠃ | | ᠳᠥᠷᠪᠡ ᠳᠤ᠂ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠴᠢᠩᠭᠠᠳᠬᠠᠵᠤ | ᠂ ᠳᠦᠷᠢᠮ ᠲᠣᠭᠲᠠᠭᠠᠯ ᠢ ᠡᠮᠬᠢᠯᠡᠬᠦ ᠶᠢᠨ ᠬᠠᠮᠲᠤ᠂ ᠲᠡᠮᠳᠡᠭᠯᠡᠬᠦ ᠶᠣᠰᠣᠲᠠᠢ ᠵᠠᠩᠭᠢᠯᠠᠭ᠎ᠠ ᠶᠢᠨ ᠴᠢᠨᠠᠷ ᠴᠢᠨᠰᠠᠭ᠎ᠠ ᠶᠢᠨ | ᠡᠵᠡᠮᠳᠡᠯ ᠤᠨ ᠴᠡᠭ ᠢ ᠳᠠᠭᠠᠯᠳᠤᠭᠤᠯᠬᠤ ᠬᠡᠯᠪᠡᠷᠢ ᠪᠠᠷ ᠨᠡᠮᠡᠭᠳᠡᠭᠦᠯᠵᠦ᠂ ᠴᠠᠷᠳᠠᠬᠤ ᠥᠷᠲᠡᠭᠡ ᠶᠢᠨ ᠴᠢᠨᠠᠷ | ᠴᠢᠨᠰᠠᠭ᠎ᠠ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠤᠯᠠᠮ ᠡᠷᠴᠢᠮᠲᠡᠢ ᠳᠡᠭᠡᠭᠰᠢᠯᠡᠭᠦᠯᠦᠨ᠎ᠡ᠃ | | | | | ᠲᠠᠶᠢᠯᠤᠮᠵᠢ ᠬᠢᠭᠴᠢ᠄ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠠᠰᠤᠭ ᠤᠨ ᠬᠠᠷᠢᠭᠤᠴᠠᠯᠭᠠᠲᠠᠨ ᠵᠠᠩ ᠭᠦᠸᠧ ᠸᠧᠨ | | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠳᠠᠮᠵᠢᠭᠤᠯᠤᠨ ᠨᠡᠶᠢᠲᠡᠯᠡᠬᠦ᠄ ᠭ᠋ᠠᠦᠯᠢ ᠪᠦ᠋ᠰᠦ ᠪᠠᠷ ᠴᠢᠰᠦ ᠠᠪᠬᠤ ᠭ᠋ᠠᠩᠭᠠᠬᠤ ᠪᠡ ᠳᠡᠩ | ᠴᠢᠰᠣᠨ ᠡᠭᠡᠳᠡᠩ ᠠᠪᠬᠤ ᠶᠢ ᠳᠦ᠋ᠰᠬᠠᠶ ᠵᠦᠵᠯ ᠢᠶᠠᠷ ᠴᠡᠭᠴᠡᠯᠡᠨ ᠵᠡᠰᠡᠬᠤ ᠠᠵᠢᠯ ᠤᠨ ᠳᠦᠰᠣᠯ | | |