| | | | | ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠤᠯᠠᠮ | ᠡᠷᠴᠢᠮᠲᠡᠢ ᠵᠢᠷᠤᠮᠵᠢᠭᠤᠯᠤᠨ ᠠᠬᠢᠭᠤᠯᠬᠤ ᠶᠢᠨ ᠲᠤᠰᠠᠳᠠ᠂ ᠪᠠᠴᠢᠮ ᠪᠠᠶᠢᠳᠠᠯ ᠢ ᠠᠷᠭᠠᠴᠠᠨ ᠬᠠᠮᠢᠶᠠᠷᠬᠤ ᠶᠠᠮᠤᠨ ᠤ | ᠭᠠᠷᠭᠠᠭᠰᠠᠨ ᠠᠴᠠ ︽ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠬᠢᠨᠠᠨ | ᠲᠣᠭᠲᠠᠭᠠᠬᠤ ᠠᠵᠢᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠠᠶᠤᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠠᠯᠪᠠᠨ ﹇2014﹈ 49 ᠳ᠋ᠦ᠋ᠭᠡᠷ ᠲᠣᠭᠠᠲᠤ᠂ | ᠳᠣᠷᠣᠭᠰᠢ ᠤᠤᠯ ᠤᠨ ᠠᠷᠭ᠎ᠠ ᠭᠡᠵᠦ ᠲᠣᠪᠴᠢᠯᠠᠨ᠎ᠠ︶ ᠳᠤ ᠨᠡᠮᠡᠯᠲᠡ᠂ ᠥᠭᠡᠷᠡᠴᠢᠯᠡᠯᠲᠡ ᠣᠷᠣᠭᠤᠯᠵᠤ᠂ ︽ᠠᠵᠤ | ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢᠨ ᠲᠠᠰ | ᠲᠣᠭᠲᠠᠭᠠᠬᠤ ᠠᠷᠭ᠎ᠠ︾ ︵ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ﹇ | 2021﹈ 83 ᠳ᠋ᠤᠭᠠᠷ ᠲᠣᠭᠠᠲᠤ︶ ︵ᠳᠣᠷᠣᠭᠰᠢ ︽ᠲᠠᠰ ᠲᠣᠭᠲᠠᠭᠠᠬᠤ ᠠᠷᠭ᠎ᠠ︾ ᠭᠡᠵᠦ ᠲᠣᠪᠴᠢᠯᠠᠨ᠎ᠠ︶ ᠶᠢ | ᠬᠡᠪᠯᠡᠨ ᠲᠠᠷᠬᠠᠭᠠᠪᠠ᠃ ︽ᠲᠠᠰ ᠲᠣᠭᠲᠠᠭᠠᠬᠤ ᠠᠷᠭ᠎ᠠ︾ ᠶᠢ ᠨᠠᠩ ᠰᠠᠶᠢᠨ ᠣᠶᠢᠯᠠᠭᠠᠨ ᠨᠠᠶᠢᠳᠠᠪᠤᠷᠢᠵᠢᠭᠤᠯᠬᠤ ᠶᠢᠨ | ᠲᠥᠯᠥᠭᠡ᠂ ᠡᠳᠦᠭᠡ ᠳᠠᠷᠠᠭᠠᠬᠢ ᠪᠠᠶᠢᠳᠠᠯ ᠢᠶᠠᠷ ᠲᠠᠶᠢᠯᠤᠮᠵᠢ ᠬᠢᠶ᠎ᠠ᠃ | | | ᠨᠢᠭᠡ᠂ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠲᠣᠭᠲᠠᠭᠠᠭᠰᠠᠨ ᠠᠬᠤᠢ ᠪᠠᠶᠢᠳᠠᠯ | | | ︵ᠨᠢᠭᠡ︶ ᠠᠵᠢᠯ ᠤᠨ ᠴᠢᠬᠤᠯᠠ ᠴᠢᠨᠠᠷ᠃ | | | ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ︵ᠳᠣᠷᠣᠭᠰᠢ | ᠪᠠᠷᠢᠮᠵᠢᠶᠠᠵᠢᠭᠤᠯᠤᠯᠲᠠ ᠭᠡᠵᠦ ᠲᠣᠪᠴᠢᠯᠠᠨ᠎ᠠ︶ ᠪᠣᠯ ᠣᠯᠠᠨ ᠤᠯᠤᠰ ᠤᠨ ᠠᠵᠢᠯ ᠮᠡᠷᠭᠡᠵᠢᠯ ᠤᠨ ᠠᠮᠤᠷ ᠲᠦᠪᠰᠢᠨ | ᠡᠷᠡᠭᠦᠯ ᠮᠡᠨᠳᠦ ᠶᠢᠨ ᠰᠢᠰᠲ᠋ᠧᠮᠵᠢ ᠯᠦᠭᠡ ᠵᠣᠯᠭᠠᠯᠳᠤᠭᠰᠠᠨ ᠮᠥᠷᠲᠡᠭᠡᠨ ᠪᠠᠰᠠ ᠳᠤᠮᠳᠠᠳᠤ ᠤᠯᠤᠰ ᠤᠨ ᠣᠨᠴᠠᠯᠢᠭ ᠲᠠᠢ | ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠰᠢᠰᠲ᠋ᠧᠮᠵᠢ ᠪᠣᠯᠣᠨ᠎ᠠ᠃ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠤᠷᠤᠭᠰᠢ ᠠᠬᠢᠭᠤᠯᠬᠤ ᠪᠣᠯ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠡᠷᠬᠡᠪᠰᠢ ︽ᠠᠶᠤᠯᠭᠦᠢ ᠶᠢᠨ ᠣᠷᠣᠭᠤᠯᠤᠯᠲᠠ ᠶᠢ | ᠪᠣᠳᠠᠲᠠᠶᠢᠵᠢᠭᠤᠯᠬᠤ᠂ ᠠᠶᠤᠯᠭᠦᠢ ᠶᠢᠨ ᠰᠤᠷᠭᠠᠯᠲᠠ ᠢ ᠪᠣᠳᠠᠲᠠᠶᠢᠵᠢᠭᠤᠯᠬᠤ᠂ ᠰᠠᠭᠤᠷᠢ ᠬᠠᠮᠢᠶᠠᠷᠤᠯᠲᠠ ᠶᠢ | ᠪᠣᠳᠠᠲᠠᠶᠢᠵᠢᠭᠤᠯᠬᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠪᠣᠳᠠᠲᠠᠶᠢᠵᠢᠭᠤᠯᠬᠤ︾ ᠶᠢ | ᠪᠡᠶᠡᠯᠡᠭᠦᠯᠬᠦ ᠲᠤᠬᠠᠢ ᠰᠢ ᠶᠢᠨ ᠫᠢᠩ ᠤ ᠶᠡᠷᠦᠩᠬᠡᠢ ᠱᠦᠵᠢ ᠶᠢᠨ ᠪᠣᠳᠠᠲᠠᠢ ᠠᠷᠭ᠎ᠠ ᠬᠡᠮᠵᠢᠶ᠎ᠡ ᠪᠣᠯᠬᠤ ᠪᠥᠭᠡᠳ ︽ | ᠠᠶᠤᠯᠭᠦᠢ ᠦᠢᠯᠡᠳᠪᠦᠷᠢᠯᠡᠯ ᠤᠨ ᠬᠠᠤᠯᠢ︾ ᠪᠣᠯᠣᠨ ︽ᠠᠶᠤᠯᠭᠦᠢ ᠦᠢᠯᠡᠳᠪᠦᠷᠢᠯᠡᠯ ᠤᠨ ᠬᠦᠷᠢᠶᠡᠨ ᠤ | ᠥᠭᠡᠷᠡᠴᠢᠯᠡᠯᠲᠡ ᠬᠥᠭᠵᠢᠯᠲᠡ ᠶᠢ ᠤᠷᠤᠭᠰᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠲᠣᠳᠣᠷᠬᠠᠢ ᠱᠠᠭᠠᠷᠳᠠᠯᠭ᠎ᠠ ᠪᠣᠯᠣᠨ᠎ᠠ᠃ | | | ︵ᠬᠤᠶᠠᠷ︶ ᠪᠠᠳᠠᠷᠠᠭᠤᠯᠬᠤ ᠦᠢᠯᠡᠳᠦᠯ᠃ | | | 2014 ᠣᠨ ᠳᠤ ᠤᠤᠯ ᠤᠨ ᠠᠷᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠪᠦᠬᠦ ᠤᠯᠤᠰ ᠤᠨ | ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠢᠨ ᠪᠠᠷᠢᠮᠵᠢᠶᠠᠵᠢᠭᠤᠯᠬᠤ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠰᠢᠰᠲ᠋ᠧᠮ ᠢ | ᠪᠠᠶᠢᠭᠤᠯᠬᠤ ᠶᠢᠨ ᠬᠠᠮᠲᠤ ᠪᠠᠲᠤᠯᠠᠬᠤ ᠪᠠᠷ ᠳᠠᠮᠵᠢᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢᠨ ᠡᠯ᠎ᠡ | ᠭᠤᠭᠴᠤᠭ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠬᠠᠮᠢᠶᠠᠷᠤᠨ ᠡᠵᠡᠮᠳᠡᠵᠦ᠂ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢ ᠰᠢᠰᠲ᠋ᠧᠮᠵᠢᠭᠦᠯᠬᠦ᠂ ᠠᠵᠢᠯ ᠤᠨ ᠪᠠᠶᠢᠷᠢ ᠶᠢᠨ ᠠᠵᠢᠯᠯᠠᠭᠠᠨ ᠤ ᠠᠵᠢᠯᠯᠠᠭ᠎ᠠ ᠶᠢ | ᠵᠢᠷᠤᠮᠵᠢᠭᠤᠯᠬᠤ᠂ ᠲᠥᠬᠦᠭᠡᠷᠦᠮᠵᠢ ᠲᠥᠬᠦᠭᠡᠷᠦᠮᠵᠢ ᠶᠢᠨ ᠮᠥᠨ ᠴᠢᠨᠠᠷ ᠢ ᠠᠶᠤᠯᠭᠦ᠋ᠢᠵᠢᠭᠦᠯᠬᠦ᠂ ᠠᠵᠢᠯᠯᠠᠬᠤ ᠣᠷᠴᠢᠨ | ᠲᠣᠭᠤᠷᠢᠨ ᠤ ᠪᠠᠭᠠᠵᠢ ᠬᠡᠷᠡᠭᠰᠡᠯ ᠢ ᠲᠣᠭᠲᠠᠭᠠᠬᠤ ᠶᠢ ᠪᠦᠲᠦᠮᠵᠢᠲᠡᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠪᠡ᠃ ︽ᠪᠥᠬᠦ ᠤᠯᠤᠰ ᠤᠨ ᠠᠳᠠᠯᠢᠳᠬᠠᠨ | ᠰᠢᠯᠭᠠᠷᠠᠭᠤᠯᠵᠤ ᠪᠠᠷᠢᠮᠵᠢᠶ᠎ᠠ ᠳᠤ ᠬᠦᠷᠭᠡᠵᠦ ᠬᠥᠬᠢᠭᠦᠯᠦᠨ ᠰᠠᠶᠢᠰᠢᠶᠠᠬᠤ ᠠᠵᠢᠯ ᠤᠨ ᠵᠣᠬᠢᠴᠠᠭᠤᠯᠬᠤ ᠳᠤᠭᠤᠶᠢᠯᠠᠩ ᠤᠨ | ᠠᠯᠪᠠᠨ ᠭᠡᠷ ᠤᠨ ᠬᠤᠶᠠᠳᠤᠭᠠᠷ ᠪᠦᠯᠦᠭ ᠤᠨ ᠪᠥᠬᠦ ᠤᠯᠤᠰ ᠤᠨ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ | ᠠᠵᠢᠯᠯᠠᠭ᠎ᠠ ᠶᠢᠨ ᠬᠡᠪ ᠢᠶᠠᠷ ᠪᠠᠶᠢᠯᠭᠠᠬᠤ ᠵᠦᠢᠯᠡᠰ ᠤᠨ ᠭᠠᠷᠴᠠᠭ ᠢ ᠨᠡᠶᠢᠲᠡᠯᠡᠬᠦ ᠲᠤᠬᠠᠢ ᠵᠠᠷᠯᠠᠯ︾ ︵ᠲᠥᠷᠥ ᠶᠢᠨ | ᠬᠢᠨᠠᠨ ᠰᠢᠯᠭᠠᠷᠠᠭᠤᠯᠬᠤ ᠳᠤᠭᠤᠶᠢᠯᠠᠩ ᠤᠨ ᠠᠯᠪᠠᠨ ᠭᠡᠷ ᠤᠨ ᠵᠠᠬᠢᠳᠠᠯ ﹇2020﹈ 1 ᠳ᠋ᠦ᠋ᠭᠡᠷ ᠲᠣᠭᠠᠲᠤ︶ ᠢ | ᠦᠨᠳᠦᠰᠦᠯᠡᠨ᠂ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ 2020 ᠣᠨ ᠤ 9 ᠳ᠋ᠦ᠋ᠭᠡᠷ ᠰᠠᠷ᠎ᠠ ᠳᠤ ᠪᠥᠬᠦ | ᠤᠯᠤᠰ ᠤᠨ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠬᠡᠪ ᠢᠶᠠᠷ ᠪᠠᠶᠢᠯᠭᠠᠬᠤ ᠵᠦᠢᠯᠡᠰ ᠲᠤ | ᠵᠢᠩᠬᠢᠨᠢ ᠪᠠᠷ ᠣᠷᠣᠭᠤᠯᠪᠠ᠃ | | | ︵ᠭᠤᠷᠪᠠ︶ ᠨᠡᠮᠡᠯᠲᠡ᠂ ᠥᠭᠡᠷᠡᠴᠢᠯᠡᠯᠲᠡ ᠣᠷᠣᠭᠤᠯᠬᠤ ᠶᠢᠨ ᠴᠢᠬᠤᠯᠠ ᠴᠢᠨᠠᠷ᠃ | | | ᠠᠵᠤ ᠠᠬᠤᠢ ᠨᠡᠶᠢᠭᠡᠮ ᠤᠨ ᠲᠠᠰᠤᠷᠠᠯᠲᠠ ᠦᠭᠡᠢ ᠬᠥᠭᠵᠢᠬᠦ ᠪᠠ ᠪᠠᠶᠢᠭᠤᠯᠤᠮᠵᠢ᠂ ᠲᠥᠷᠥ ᠶᠢᠨ | ᠪᠣᠳᠣᠯᠭ᠎ᠠ ᠶᠢᠨ ᠲᠣᠬᠢᠷᠠᠭᠤᠯᠤᠯᠲᠠ ᠶᠢ ᠳᠠᠭᠠᠯᠳᠤᠨ᠂ ᠤᠤᠯ ᠤᠨ ᠠᠷᠭ᠎ᠠ ᠶᠢᠨ ᠶᠣᠰᠣᠭᠠᠷ ᠪᠠᠷᠢᠮᠵᠢᠶᠠᠵᠢᠭᠤᠯᠬᠤ | ᠠᠵᠢᠯ ᠢ ᠨᠢᠭᠡᠨᠲᠡ ᠥᠷᠨᠢᠭᠦᠯᠬᠦ ᠶᠢᠨ ᠠᠷᠭ᠎ᠠ ᠦᠭᠡᠢ ᠪᠣᠯᠵᠠᠢ᠂ ᠵᠢᠱᠢᠶᠡᠯᠡᠪᠡᠯ ᠤᠤᠯ ᠤᠨ ᠬᠢᠨᠠᠨ ᠲᠣᠭᠲᠠᠭᠠᠬᠤ | ᠵᠠᠷᠤᠳᠠᠯ ᠢ ᠬᠢᠨᠠᠨ ᠲᠣᠭᠲᠠᠭᠠᠬᠤ ᠨᠢᠭᠡᠴᠡ ᠠᠴᠠ ᠭᠤᠶᠤᠴᠢᠯᠠᠭᠰᠠᠨ ᠠᠵᠤ ᠠᠬᠤᠶᠢᠯᠠᠯ ᠠᠴᠠ ᠬᠤᠷᠢᠶᠠᠬᠤ ᠨᠢ ᠠᠵᠤ | ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠬᠦ ᠦᠭᠡᠢ︔ | ᠪᠠᠶᠢᠭᠤᠯᠤᠮᠵᠢ ᠶᠢᠨ ᠥᠭᠡᠷᠡᠴᠢᠯᠡᠯᠲᠡ ᠠᠴᠠ ᠪᠣᠯᠵᠤ᠂ ᠤᠤᠯ ᠤᠨ ᠠᠷᠭ᠎ᠠ ᠶᠢᠨ ᠬᠡᠷᠡᠭᠯᠡᠬᠦ ᠬᠡᠪᠴᠢᠶ᠎ᠡ ᠳᠤ ᠴᠦ | ᠲᠣᠬᠢᠷᠠᠭᠤᠯᠤᠯᠲᠠ ᠬᠢᠬᠦ ᠴᠢᠬᠤᠯᠠᠲᠠᠢ ᠵᠡᠷᠭᠡ ᠪᠣᠯᠣᠨ᠎ᠠ᠃ ᠰᠢᠨ᠎ᠡ ᠪᠠᠷ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ | ︽ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠥᠷᠨᠢᠭᠦᠯᠬᠦ ᠶᠢ ᠤᠯᠠᠮ ᠡᠷᠴᠢᠮᠲᠡᠢ ᠵᠢᠷᠤᠮᠵᠢᠭᠤᠯᠤᠨ | ᠠᠬᠢᠭᠤᠯᠬᠤ ᠶᠢᠨ ᠲᠤᠰᠠᠳᠠ᠂ ᠤᠤᠯ ᠤᠨ ᠠᠷᠭ᠎ᠠ ᠳᠤ ᠨᠡᠮᠡᠯᠲᠡ᠂ ᠥᠭᠡᠷᠡᠴᠢᠯᠡᠯᠲᠡ ᠣᠷᠣᠭᠤᠯᠬᠤ ᠴᠢᠬᠤᠯᠠᠲᠠᠢ | ᠪᠠᠶᠢᠨ᠎ᠠ᠃ | | | ᠬᠤᠶᠠᠷ᠂ ᠭᠤᠣᠯ ᠠᠭᠤᠯᠭ᠎ᠠ | | | ︽ᠲᠠᠰ ᠲᠣᠭᠲᠠᠭᠠᠬᠤ ᠠᠷᠭ᠎ᠠ︾ ᠨᠢ ᠨᠡᠶᠢᠲᠡ 17 ᠵᠦᠢᠯ ᠪᠠᠶᠢᠵᠤ᠂ ᠪᠠᠷᠢᠮᠵᠢᠶᠠᠵᠢᠭᠤᠯᠤᠯᠲᠠ ᠶᠢᠨ | ᠪᠦᠲᠦᠭᠡᠨ ᠪᠠᠶᠢᠭᠤᠯᠤᠯᠲᠠ ᠶᠢᠨ ᠲᠠᠰ ᠲᠣᠭᠲᠠᠭᠠᠬᠤ ᠠᠵᠢᠯ ᠢ ᠵᠢᠷᠤᠮᠵᠢᠭᠤᠯᠵᠤ᠂ ᠭᠤᠣᠯ ᠠᠭᠤᠯᠭ᠎ᠠ ᠶᠢ ᠭᠤᠷᠪᠠᠨ | ᠬᠡᠰᠡᠭ ᠲᠤ ᠬᠤᠪᠢᠶᠠᠪᠠ᠃ | | | ︵ᠨᠢᠭᠡ︶ ᠬᠡᠷᠡᠭᠯᠡᠬᠦ ᠬᠡᠪᠴᠢᠶ᠎ᠡ᠂ ᠵᠡᠷᠭᠡ ᠳᠡᠰ ᠤᠨ ᠬᠤᠪᠢᠶᠠᠷᠢᠯᠠᠯ ᠪᠠ ᠵᠡᠷᠭᠡ ᠳᠡᠰ ᠢ ᠲᠣᠭᠲᠠᠭᠠᠬᠤ | ᠡᠷᠬᠡ ᠶᠢᠨ ᠬᠡᠪᠴᠢᠶ᠎ᠡ᠃ | | | ᠨᠢᠭᠡ ᠳᠤ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠪᠠ᠃ ︽ᠲᠠᠰ ᠲᠣᠭᠲᠠᠭᠠᠬᠤ ᠠᠷᠭ᠎ᠠ︾ ᠶᠢ ᠪᠥᠬᠦ | ᠤᠯᠤᠰ ᠤᠨ ᠬᠢᠮᠢ ᠶᠢᠨ ᠠᠵᠤ ᠦᠢᠯᠡᠳᠪᠦᠷᠢ ︵ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠪᠠᠭᠲᠠᠨ᠎ᠠ︶᠂ | ᠡᠮ ᠡᠮᠨᠡᠯᠭᠡ᠂ ᠠᠶᠤᠯᠲᠠᠢ ᠬᠢᠮᠢ ᠶᠢᠨ ᠪᠣᠳᠠᠰ᠂ ᠬᠤᠸᠠᠷ ᠫᠤᠤᠵᠢᠩ᠂ ᠴᠢᠯᠠᠭᠤᠨ ᠲᠣᠰᠣ ᠮᠠᠯᠲᠠᠬᠤ᠂ ᠲᠡᠮᠦᠷᠯᠢᠭ | ᠬᠠᠶᠢᠯᠤᠭᠤᠯᠬᠤ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ ᠮᠧᠬᠠᠨᠢᠭ᠂ ᠬᠥᠩᠭᠡᠨ ᠠᠵᠤ | ᠦᠢᠯᠡᠳᠪᠦᠷᠢ᠂ ᠨᠡᠬᠡᠮᠡᠯ᠂ ᠨᠠᠪᠴᠢᠨ ᠲᠠᠮᠠᠬᠢ᠂ ᠠᠷᠠᠯᠵᠢᠶ᠎ᠠ ᠬᠤᠳᠠᠯᠳᠤᠭ᠎ᠠ ᠵᠡᠷᠭᠡ ᠠᠵᠢᠯ ᠲᠥᠷᠥᠯ ᠤᠨ ᠠᠵᠤ | ᠠᠬᠤᠶᠢᠯᠠᠯ ᠳᠤ ᠬᠡᠷᠡᠭᠯᠡᠨ᠎ᠡ᠂ ᠠᠭᠤᠷᠬᠠᠢ ᠶᠢᠨ ᠠᠵᠤ ᠠᠬᠤᠶᠢᠯᠠᠯ ᠳᠤ ᠬᠡᠷᠡᠭᠯᠡᠬᠦ ᠦᠭᠡᠢ᠃ ᠬᠤᠶᠠᠷ ᠲᠤ ᠠᠵᠤ | ᠠᠬᠤᠶᠢᠯᠠᠯ ᠤᠨ ᠰᠠᠶᠢᠨ ᠳᠤᠷ᠎ᠠ ᠠᠴᠠ ᠪᠠᠨ ᠲᠡᠰ ᠲᠣᠭᠲᠠᠭᠠᠬᠤ ᠪᠠᠷ ᠭᠤᠶᠤᠴᠢᠯᠠᠬᠤ ᠵᠠᠷᠴᠢᠮ ᠢ ᠲᠣᠳᠣᠷᠬᠠᠶᠢᠯᠠᠪᠠ᠃ | ᠭᠤᠷᠪᠠ ᠳᠤ᠂ ᠡᠮᠦᠨᠡᠬᠢ ᠪᠠᠷᠢᠮᠵᠢᠶᠠᠵᠢᠭᠤᠯᠤᠯᠲᠠ ᠶᠢᠨ ᠲᠠᠰ ᠤᠨ ᠬᠤᠪᠢᠶᠠᠷᠢᠯᠠᠯ ᠢ ᠦᠷᠭᠦᠯᠵᠢᠯᠡᠨ ᠬᠡᠷᠡᠭᠯᠡᠵᠦ᠂ | ᠥᠨᠳᠥᠷ ᠠᠴᠠ ᠳᠣᠣᠷ᠎ᠠ ᠬᠦᠷᠲᠡᠯ᠎ᠡ ᠨᠢᠭᠡᠳᠦᠭᠡᠷ ᠳᠡᠰ᠂ ᠬᠤᠶᠠᠳᠤᠭᠠᠷ ᠳᠡᠰ᠂ ᠭᠤᠷᠪᠠᠳᠤᠭᠠᠷ ᠳᠡᠰ ᠬᠤᠪᠢᠶᠠᠨ᠎ᠠ᠃ | ᠠᠵᠤ ᠠᠬᠤᠶᠢᠯᠠᠯ ᠤᠨ ᠪᠠᠷᠢᠮᠵᠢᠶᠠᠵᠢᠭᠤᠯᠤᠨ ᠲᠠᠰ ᠲᠣᠭᠲᠠᠭᠠᠬᠤ ᠪᠠᠷᠢᠮᠵᠢᠶ᠎ᠠ ᠶᠢ ᠪᠠᠴᠢᠮ ᠪᠠᠶᠢᠳᠠᠯ ᠢ ᠠᠷᠭᠠᠴᠠᠨ | ᠬᠠᠮᠢᠶᠠᠷᠬᠤ ᠶᠠᠮᠤᠨ ᠤ ᠭᠠᠷᠭᠠᠭᠰᠠᠨ ᠠᠴᠠ ᠠᠵᠢᠯ ᠲᠥᠷᠥᠯ ᠤᠨ ᠶᠣᠰᠣᠭᠠᠷ ᠲᠣᠰ ᠲᠣᠰ ᠲᠣᠭᠲᠠᠭᠠᠨ᠎ᠠ︔ ᠠᠵᠢᠯ | ᠲᠥᠷᠥᠯ ᠤᠨ ᠲᠥᠷᠥᠯ ᠵᠦᠢᠯ ᠨᠢ ᠣᠯᠠᠨ᠂ ᠡᠯ᠎ᠡ ᠭᠠᠵᠠᠷ ᠤᠨ ᠠᠵᠢᠯ ᠲᠥᠷᠥᠯ ᠤᠨ ᠠᠵᠤ ᠠᠬᠤᠶᠢᠯᠠᠯ ᠤᠨ ᠲᠤᠭ᠎ᠠ | ᠬᠡᠮᠵᠢᠶ᠎ᠡ ᠨᠢ ᠠᠳᠠᠯᠢ ᠦᠭᠡᠢ ᠠᠴᠠ ᠪᠣᠯᠵᠤ᠂ ᠪᠠᠴᠢᠮ ᠪᠠᠶᠢᠳᠠᠯ ᠢ ᠠᠷᠭᠠᠴᠠᠨ ᠬᠠᠮᠢᠶᠠᠷᠬᠤ ᠶᠠᠮᠤᠨ ᠤ ᠭᠠᠷᠭᠠᠭᠰᠠᠨ | ᠠᠴᠠ ᠠᠵᠢᠯ ᠲᠥᠷᠥᠯ ᠤᠨ ᠪᠠᠷᠢᠮᠵᠢᠶᠠᠵᠢᠭᠤᠯᠤᠯᠲᠠ ᠶᠢᠨ ᠲᠠᠰ ᠲᠣᠭᠲᠠᠭᠠᠬᠤ ᠪᠠᠷᠢᠮᠵᠢᠶ᠎ᠠ ᠲᠣᠭᠲᠠᠭᠠᠭᠰᠠᠨ ᠦᠭᠡᠢ | ᠪᠠᠶᠢᠪᠠᠯ᠂ ᠮᠤᠵᠢ ᠶᠢᠨ ᠱᠠᠲᠤᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠥᠪᠡᠰᠦᠪᠡᠨ ᠲᠣᠭᠲᠠᠭᠠᠵᠤ ᠪᠣᠯᠣᠨ᠎ᠠ᠂ ᠪᠠᠰᠠ ᠪᠠᠷᠢᠮᠵᠢᠶᠠᠵᠢᠭᠤᠯᠤᠯᠲᠠ ᠶᠢᠨ | ᠦᠨᠳᠦᠰᠦᠨ ᠵᠢᠷᠤᠮᠵᠢᠯ ᠤᠨ ᠢᠵᠢ ᠪᠦᠷᠢᠳᠦᠭᠰᠡᠨ ᠲᠠᠰ ᠲᠣᠭᠲᠠᠭᠠᠬᠤ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠲᠣᠰ | ᠵᠠᠰᠠᠭ ᠵᠠᠬᠢᠷᠭᠠᠨ ᠤ ᠣᠷᠣᠨ ᠤ ᠪᠠᠨ ᠳᠣᠲᠣᠷ᠎ᠠ ᠬᠤᠶᠠᠳᠤᠭᠠᠷ᠂ ᠭᠤᠷᠪᠠᠳᠤᠭᠠᠷ ᠳᠡᠰ ᠤᠨ ᠠᠵᠤ ᠠᠬᠤᠶᠢᠯᠠᠯ ᠤᠨ ᠲᠠᠰ | ᠲᠣᠭᠲᠠᠭᠠᠬᠤ ᠠᠵᠢᠯ ᠢ ᠥᠷᠨᠢᠭᠦᠯᠵᠦ ᠪᠣᠯᠣᠨ᠎ᠠ᠃ ᠳᠥᠷᠪᠡ ᠳᠤ᠂ ᠱᠠᠲᠤ ᠬᠤᠪᠢᠶᠠᠨ ᠬᠠᠷᠢᠭᠤᠴᠠᠬᠤ ᠶᠢ | ᠲᠣᠳᠣᠷᠬᠠᠶᠢᠯᠠᠪᠠ᠃ ᠪᠠᠴᠢᠮ ᠪᠠᠶᠢᠳᠠᠯ ᠢ ᠠᠷᠭᠠᠴᠠᠨ ᠬᠠᠮᠢᠶᠠᠷᠬᠤ ᠶᠠᠮᠤᠨ ᠤ ᠭᠠᠷᠭᠠᠭᠰᠠᠨ ᠪᠣᠯ ᠨᠢᠭᠡᠳᠦᠭᠡᠷ ᠳᠡᠰ ᠤᠨ | ᠠᠵᠤ ᠠᠬᠤᠶᠢᠯᠠᠯ ᠵᠢᠴᠢ ᠳᠠᠯᠠᠶ ᠲᠠᠩᠭᠢᠰ ᠤᠨ ᠴᠢᠯᠠᠭᠤᠨ ᠲᠣᠰᠣᠨ ᠤ ᠪᠦᠬᠦ ᠳᠡᠰ ᠤᠨ ᠠᠵᠤ ᠠᠬᠤᠶᠢᠯᠠᠯ ᠤᠨ ᠳᠡᠰ | ᠲᠣᠭᠲᠠᠭᠠᠬᠤ ᠰᠠᠯᠠᠭ᠎ᠠ ᠮᠥᠴᠢᠷ ᠪᠣᠯᠣᠨ᠎ᠠ᠂ ᠮᠤᠵᠢ ᠶᠢᠨ ᠱᠠᠲᠤᠨ ᠤ ᠪᠠ ᠲᠣᠭᠤᠷᠢᠭ ᠪᠠᠶᠢᠭᠤᠯᠤᠭᠰᠠᠨ ᠬᠤᠳᠠ ᠶᠢᠨ | ᠱᠠᠲᠤᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠪᠣᠯ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠤᠶᠠᠳᠤᠭᠠᠷ ᠳᠡᠰ᠂ ᠭᠤᠷᠪᠠᠳᠤᠭᠠᠷ | ᠳᠡᠰ ᠤᠨ ᠠᠵᠤ ᠠᠬᠤᠶᠢᠯᠠᠯ ᠤᠨ ᠲᠡᠰ ᠲᠣᠭᠲᠠᠭᠠᠬᠤ ᠰᠠᠯᠠᠭ᠎ᠠ ᠮᠥᠴᠢᠷ ᠪᠣᠯᠣᠨ᠎ᠠ᠃ ᠲᠠᠪᠤ ᠳᠤ ᠲᠠᠰ ᠲᠣᠭᠲᠠᠭᠠᠬᠤ | ᠠᠵᠢᠯ ᠳᠤ ᠠᠵᠤ ᠠᠬᠤᠶᠢᠯᠠᠯ ᠠᠴᠠ ᠶᠠᠮᠠᠷ ᠴᠤ ᠰᠦᠢᠳᠬᠡᠯ ᠬᠤᠷᠢᠶᠠᠵᠤ ᠪᠣᠯᠬᠤ ᠦᠭᠡᠢ ᠭᠡᠳᠡᠭ ᠢ ᠲᠣᠳᠣᠷᠬᠠᠢ | ᠲᠣᠭᠲᠠᠭᠠᠵᠠᠢ᠃ ᠡᠯ᠎ᠡ ᠱᠠᠲᠤᠨ ᠤ ᠲᠠᠰ ᠲᠣᠭᠲᠠᠭᠠᠬᠤ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ | ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠷᠢᠮᠵᠢᠶᠠᠵᠢᠭᠤᠯᠤᠭᠰᠠᠨ ᠲᠠᠰ ᠲᠣᠭᠲᠠᠭᠠᠬᠤ | ᠵᠣᠬᠢᠶᠠᠨ ᠪᠠᠶᠢᠭᠤᠯᠤᠯᠲᠠ ᠶᠢᠨ ᠨᠢᠭᠡᠴᠡ ᠶᠢ ᠲᠣᠭᠲᠠᠭᠠᠬᠤ ᠵᠢᠴᠢ ᠬᠤᠯᠪᠣᠭᠳᠠᠯ ᠪᠦᠬᠦᠢ ᠨᠢᠭᠡᠴᠡ ᠳᠤ ᠨᠠᠶᠢᠳᠠᠵᠤ | ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠬᠤ ᠵᠡᠷᠭᠡ ᠠᠵᠢᠯ ᠢ ᠬᠠᠷᠢᠭᠤᠴᠠᠭᠤᠯᠵᠤ ᠪᠣᠯᠣᠨ᠎ᠠ᠂ ᠪᠠᠰᠠ ᠲᠤᠰᠬᠠᠢ | ᠮᠡᠷᠭᠡᠵᠢᠯᠲᠡᠨ ᠢ ᠰᠢᠭᠤᠳ ᠵᠣᠬᠢᠶᠠᠨ ᠪᠠᠶᠢᠭᠤᠯᠵᠤ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠬᠤ ᠠᠵᠢᠯ ᠢ ᠬᠢᠯᠭᠡᠵᠦ | ᠪᠣᠯᠣᠨ᠎ᠠ᠃ | | | ︵ᠬᠤᠶᠠᠷ︶ ᠲᠠᠰ ᠲᠣᠭᠲᠠᠭᠠᠬᠤ ᠲᠠᠰ ᠳᠠᠷᠠᠭᠠᠯᠠᠯ᠃ | | | ︽ᠲᠠᠰ ᠲᠣᠭᠲᠠᠭᠠᠬᠤ ᠠᠷᠭ᠎ᠠ︾ ᠳᠤ ᠠᠵᠤ ᠠᠬᠤᠶᠢᠯᠠᠯ ᠤᠨ ᠪᠠᠷᠢᠮᠵᠢᠶᠠᠵᠢᠭᠤᠯᠤᠨ ᠲᠠᠰ ᠲᠣᠭᠲᠠᠭᠠᠬᠤ ᠶᠢ | ᠥᠪᠡᠰᠦᠪᠡᠨ ᠦᠨᠡᠯᠡᠬᠦ᠂ ᠭᠤᠶᠤᠴᠢᠯᠠᠬᠤ᠂ ᠬᠢᠨᠠᠨ ᠲᠣᠭᠲᠠᠭᠠᠬᠤ᠂ ᠵᠠᠷᠯᠠᠨ ᠨᠡᠶᠢᠲᠡᠯᠡᠬᠦ᠂ ᠵᠠᠷᠯᠠᠨ ᠨᠡᠶᠢᠲᠡᠯᠡᠬᠦ ᠲᠠᠰ | ᠳᠠᠷᠠᠭᠠᠯᠠᠯ ᠢᠶᠠᠷ ᠶᠠᠪᠤᠭᠳᠠᠭᠤᠯᠤᠨ᠎ᠠ ᠭᠡᠵᠦ ᠲᠣᠳᠣᠷᠬᠠᠢ ᠲᠣᠭᠲᠠᠭᠠᠵᠠᠢ᠃ ᠨᠢᠭᠡ ᠳᠤ ᠥᠪᠡᠷ ᠢ ᠪᠠᠨ ᠦᠨᠡᠯᠡᠨ᠎ᠡ᠃ | ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠥᠷᠨᠢᠭᠦᠯᠵᠦ᠂ ᠪᠦᠬᠦ | ᠠᠵᠢᠯᠲᠠᠨ ᠤ ᠣᠷᠣᠯᠴᠠᠭᠰᠠᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠰᠢᠰᠲ᠋ᠧᠮ ᠵᠢᠴᠢ ᠭᠤᠣᠯ | ᠬᠠᠷᠢᠭᠤᠴᠠᠯᠭᠠᠲᠠᠨ ᠪᠣᠯᠣᠨ ᠠᠵᠢᠯᠲᠠᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠶᠠᠪᠤᠴᠠ ᠳᠠᠬᠢ ᠴᠢᠬᠤᠯᠠ | ᠦᠢᠯᠡᠳᠦᠯ ᠢ ᠪᠠᠲᠤᠯᠠᠬᠤ ᠶᠢ ᠴᠢᠬᠤᠯᠠᠴᠢᠯᠠᠪᠠ︔ ᠥᠪᠡᠷ ᠢ ᠪᠠᠨ ᠦᠨᠡᠯᠡᠬᠦ ᠦᠶᠡᠯᠡᠯ ᠤᠨ ᠬᠤᠭᠤᠴᠠᠭ᠎ᠠ ᠨᠢ ᠵᠢᠯ | ᠪᠦᠷᠢ ᠨᠢᠭᠡ ᠤᠳᠠᠭ᠎ᠠ ᠪᠣᠯᠬᠤ ᠪᠥᠭᠡᠳ ᠪᠢᠴᠢᠭ ᠢᠶᠠᠷ ᠥᠪᠡᠷ ᠢ ᠪᠠᠨ ᠦᠨᠡᠯᠡᠭᠰᠡᠨ ᠮᠡᠳᠡᠭᠦᠯᠦᠯᠲᠡ ᠬᠢᠵᠦ᠂ ᠠᠮᠤᠷ | ᠲᠦᠪᠰᠢᠨ ᠤ ᠦᠷ᠎ᠡ ᠪᠦᠲᠦᠮᠵᠢ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠬᠤᠶᠠᠷ ᠲᠤ ᠭᠤᠶᠤᠴᠢᠯᠠᠬᠤ᠃ ᠲᠡᠰ | ᠲᠣᠭᠲᠠᠭᠠᠬᠤ ᠪᠠᠷ ᠭᠤᠶᠤᠴᠢᠯᠠᠭᠰᠠᠨ ᠠᠵᠤ ᠠᠬᠤᠶᠢᠯᠠᠯ ᠨᠢ ᠭᠤᠶᠤᠴᠢᠯᠠᠬᠤ ᠪᠠᠷ ᠪᠠᠶᠢᠭ᠎ᠠ ᠵᠡᠷᠭᠡ ᠳᠡᠰ ᠢᠶᠠᠨ | ᠦᠨᠳᠦᠰᠦᠯᠡᠨ ᠵᠣᠬᠢᠴᠠᠩᠭᠤᠢ ᠵᠣᠬᠢᠶᠠᠨ ᠪᠠᠶᠢᠭᠤᠯᠬᠤ ᠨᠢᠭᠡᠴᠢ ᠳᠤ ᠥᠪᠡᠷ ᠢ ᠪᠠᠨ ᠦᠨᠡᠯᠡᠭᠰᠡᠨ ᠮᠡᠳᠡᠭᠦᠯᠦᠯᠲᠡ ᠪᠠᠨ | ᠲᠤᠰᠢᠶᠠᠵᠤ᠂ ᠵᠣᠬᠢᠶᠠᠨ ᠪᠠᠶᠢᠭᠤᠯᠬᠤ ᠨᠢᠭᠡᠴᠢ ᠠᠴᠠ ᠥᠪᠡᠷ ᠢ ᠪᠠᠨ ᠦᠨᠡᠯᠡᠭᠰᠡᠨ ᠮᠡᠳᠡᠭᠦᠯᠦᠯᠲᠡ ᠶᠢ ᠬᠢᠨᠠᠨ | ᠬᠠᠷᠭᠤᠭᠤᠯᠬᠤ ᠶᠢᠨ ᠬᠠᠮᠲᠤ ᠬᠢᠨᠠᠨ ᠬᠠᠷᠭᠤᠭᠤᠯᠤᠭᠰᠠᠨ ᠰᠠᠨᠠᠯ ᠢᠶᠠᠨ ᠳᠤᠷᠠᠳᠤᠨ᠎ᠠ᠃ ᠭᠤᠷᠪᠠ ᠳᠤ ᠬᠢᠨᠠᠨ | ᠲᠣᠭᠲᠠᠭᠠᠬᠤ᠃ ᠵᠣᠬᠢᠶᠠᠨ ᠪᠠᠶᠢᠭᠤᠯᠬᠤ ᠨᠢᠭᠡᠴᠡ ᠠᠴᠠ ᠬᠠᠮᠢᠶ᠎ᠠ ᠪᠦᠬᠦᠢ ᠲᠤᠬᠠᠢ ᠶᠢᠨ ᠲᠠᠯᠠᠪᠤᠷ ᠤᠨ ᠬᠢᠨᠠᠨ | ᠲᠣᠭᠲᠠᠭᠠᠬᠤ ᠶᠢ ᠬᠠᠷᠢᠭᠤᠴᠠᠬᠤ ᠨᠢᠭᠡᠴᠡ ᠳᠤ ᠮᠡᠳᠡᠭᠳᠡᠵᠦ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠬᠤ | ᠳᠤᠭᠤᠶᠢᠯᠠᠩ ᠪᠠᠶᠢᠭᠤᠯᠵᠤ᠂ ᠲᠣᠭᠲᠠᠭᠰᠠᠨ ᠴᠠᠭ ᠤᠨ ᠳᠣᠲᠣᠷ᠎ᠠ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠬᠤ ᠶᠢ | ᠪᠡᠶᠡᠯᠡᠭᠦᠯᠦᠨ᠂ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠭᠰᠠᠨ ᠮᠡᠳᠡᠭᠦᠯᠦᠯᠲᠡ ᠶᠢ ᠪᠦᠷᠢᠯᠳᠦᠭᠦᠯᠵᠦ᠂ ᠠᠵᠤ | ᠠᠬᠤᠶᠢᠯᠠᠯ ᠤᠨ ᠭᠤᠶᠤᠴᠢᠯᠠᠬᠤ ᠪᠠᠷ ᠪᠠᠶᠢᠭ᠎ᠠ ᠵᠡᠷᠭᠡ ᠳᠡᠰ ᠲᠤ ᠬᠦᠷᠦᠭᠰᠡᠨ ᠡᠰᠡᠬᠦ ᠶᠢ ᠠᠩᠬ᠎ᠠ ᠠᠯᠬᠤᠮ ᠲᠣᠭᠲᠠᠭᠠᠨ᠎ᠠ | ︔ ᠠᠵᠤ ᠠᠬᠤᠶᠢᠯᠠᠯ ᠤᠳ ᠨᠡᠶᠢᠴᠡᠬᠦ ᠦᠭᠡᠢ ᠵᠦᠢᠯᠡᠰ ᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂ ᠲᠤᠬᠠᠢ ᠶᠢᠨ | ᠲᠠᠯᠠᠪᠤᠷ ᠤᠨ ᠬᠢᠨᠠᠨ ᠲᠣᠭᠲᠠᠭᠠᠬᠤ ᠳᠤᠭᠤᠶᠢᠯᠠᠩ ᠠᠴᠠ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠠᠶᠢᠳᠠᠯ ᠢ | ᠨᠤᠲᠠᠯᠠᠬᠤ ᠬᠡᠷᠡᠭᠲᠡᠢ᠃ ᠳᠥᠷᠪᠡ ᠳᠤ ᠢᠯᠡ ᠨᠡᠶᠢᠲᠡᠯᠡᠨ᠎ᠡ᠃ ᠲᠠᠰ ᠲᠣᠭᠲᠠᠭᠠᠭᠰᠠᠨ ᠰᠠᠯᠠᠭ᠎ᠠ ᠮᠥᠴᠢᠷ ᠨᠢ ᠴᠡᠭᠴᠡᠯᠡᠨ | ᠰᠠᠶᠢᠵᠢᠷᠠᠭᠤᠯᠬᠤ ᠳᠤ ᠬᠢᠷᠢ ᠲᠡᠩᠴᠡᠭᠰᠡᠨ ᠢ ᠨᠤᠲᠠᠯᠠᠭᠰᠠᠨ᠂ ᠲᠠᠰ ᠲᠣᠭᠲᠠᠭᠠᠬᠤ ᠵᠣᠬᠢᠴᠠᠩᠭᠤᠢ ᠪᠠᠷᠢᠮᠵᠢᠶ᠎ᠠ ᠳᠤ | ᠨᠡᠶᠢᠴᠡᠭᠰᠡᠨ ᠠᠵᠤ ᠠᠬᠤᠶᠢᠯᠠᠯ ᠤᠨ ᠨᠡᠷᠡᠰ ᠢ ᠨᠡᠶᠢᠭᠡᠮ ᠳᠤ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ | ᠬᠦᠯᠢᠶᠡᠨ᠎ᠡ︔ ᠠᠵᠤ ᠠᠬᠤᠶᠢᠯᠠᠯ ᠤᠨ ᠲᠠᠰ ᠲᠣᠭᠲᠠᠭᠠᠬᠤ ᠪᠠᠷᠢᠮᠵᠢᠶ᠎ᠠ ᠳᠤ ᠨᠡᠶᠢᠴᠡᠬᠦ ᠦᠭᠡᠢ ᠵᠢᠴᠢ ᠪᠤᠰᠤᠳ ᠬᠠᠮᠢᠶ᠎ᠠ | ᠪᠦᠬᠦᠢ ᠱᠠᠭᠠᠷᠳᠠᠯᠭ᠎ᠠ ᠳᠤ ᠨᠡᠶᠢᠴᠡᠬᠦ ᠦᠭᠡᠢ ᠠᠰᠠᠭᠤᠳᠠᠯ ᠢ ᠵᠣᠬᠢᠶᠠᠨ ᠪᠠᠶᠢᠭᠤᠯᠵᠤ ᠬᠢᠨᠠᠨ ᠬᠠᠷᠭᠤᠭᠤᠯᠤᠨ᠎ᠠ᠃ | ᠲᠠᠪᠤ ᠳᠤ ᠠᠯᠪᠠᠨ ᠵᠠᠷ ᠨᠡᠶᠢᠲᠡᠯᠡᠬᠦ᠃ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠪᠠ ᠬᠢᠨᠠᠨ ᠬᠠᠷᠭᠤᠭᠤᠯᠬᠤ ᠪᠠᠷ | ᠳᠡᠮᠵᠢᠨ ᠲᠤᠰᠬᠠᠭᠰᠠᠨ ᠠᠰᠠᠭᠤᠳᠠᠯ ᠣᠷᠣᠰᠢᠬᠤ ᠦᠭᠡᠢ ᠠᠵᠤ ᠠᠬᠤᠶᠢᠯᠠᠯ ᠳᠤ᠂ ᠲᠠᠰ ᠲᠣᠭᠲᠠᠭᠠᠭᠰᠠᠨ ᠰᠠᠯᠠᠭ᠎ᠠ | ᠮᠥᠴᠢᠷ ᠠᠴᠠ ᠲᠡᠭᠦᠨ ᠤ ᠵᠡᠷᠭᠡ ᠳᠡᠰ ᠢ ᠨᠤᠲᠠᠯᠠᠨ ᠲᠣᠭᠲᠠᠭᠠᠵᠤ᠂ ᠠᠯᠪᠠᠨ ᠵᠠᠷ ᠨᠡᠶᠢᠲᠡᠯᠡᠬᠦ ᠶᠢᠨ ᠬᠠᠮᠲᠤ᠂ ᠠᠳᠠᠯᠢ | ᠱᠠᠲᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠠᠭᠤᠯᠤᠨ | ᠬᠦᠷᠭᠡᠵᠦ᠂ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ᠃ | | | ︽ᠲᠡᠰ ᠲᠣᠭᠲᠠᠭᠠᠬᠤ ᠠᠷᠭ᠎ᠠ︾ ᠳᠤ ᠠᠵᠤ ᠠᠬᠤᠶᠢᠯᠠᠯ ᠤᠨ ᠲᠡᠰ ᠲᠣᠭᠲᠠᠭᠠᠬᠤ ᠪᠠᠷ ᠭᠤᠶᠤᠴᠢᠯᠠᠬᠤ ᠳᠤ | ᠪᠦᠷᠢᠯᠳᠦᠭᠦᠯᠬᠦ ᠶᠣᠰᠣᠲᠠᠢ 9 ᠵᠦᠢᠯ ᠤᠨ ᠦᠨᠳᠦᠰᠦᠨ ᠨᠥᠬᠦᠴᠡᠯ ᠵᠢᠴᠢ ᠨᠢᠭᠡᠳᠦᠭᠡᠷ ᠳᠡᠰ ᠤᠨ ᠠᠵᠤ | ᠠᠬᠤᠶᠢᠯᠠᠯ ᠤᠨ 3 ᠵᠦᠢᠯ ᠤᠨ ᠨᠥᠬᠦᠴᠡᠯ ᠢ ᠲᠣᠭᠲᠠᠭᠠᠭᠰᠠᠨ ᠪᠥᠭᠡᠳ ᠲᠡᠭᠦᠨ ᠤ ᠭᠤᠣᠯ ᠬᠠᠷᠢᠭᠤᠴᠠᠯᠭᠠᠲᠠᠨ ᠢᠶᠠᠷ | ᠪᠢᠴᠢᠭ ᠤᠨ ᠠᠮᠠᠯᠠᠯᠲᠠ ᠬᠢᠯᠭᠡᠬᠦ ᠪᠠᠷ ᠱᠠᠭᠠᠷᠳᠠᠵᠠᠢ᠃ ᠠᠮᠠᠯᠠᠯᠲᠠ ᠨᠢ ᠦᠨᠡᠨ ᠪᠣᠳᠠᠲᠠᠢ ᠪᠢᠰᠢ ᠪᠠᠶᠢᠬᠤ ᠶᠢ ᠣᠯᠵᠤ | ᠮᠡᠳᠡᠪᠡᠯ᠂ ᠲᠠᠰ ᠲᠣᠭᠲᠠᠭᠠᠬᠤ ᠬᠠᠮᠢᠶ᠎ᠠ ᠪᠦᠬᠦᠢ ᠠᠵᠢᠯ ᠢ ᠳᠠᠷᠤᠶᠢᠬᠠᠨ ᠳᠠᠭᠤᠰᠬᠠᠵᠤ᠂ 3 ᠵᠢᠯ ᠤᠨ ᠳᠣᠲᠣᠷ᠎ᠠ ᠲᠣᠰ | ᠠᠵᠤ ᠠᠬᠤᠶᠢᠯᠠᠯ ᠤᠨ ᠲᠠᠰ ᠲᠣᠭᠲᠠᠭᠠᠬᠤ ᠭᠤᠶᠤᠴᠢᠯᠠᠯ ᠢ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠦᠭᠡᠢ᠃ | | | ︽ᠲᠠᠰ ᠲᠣᠭᠲᠠᠭᠠᠬᠤ ᠠᠷᠭ᠎ᠠ︾ ᠳᠤ ᠤᠤᠯ ᠤᠨ ᠲᠠᠰ ᠢ ᠳᠠᠬᠢᠨᠲᠠ ᠭᠤᠶᠤᠴᠢᠯᠠᠭᠰᠠᠨ ᠠᠵᠤ ᠠᠬᠤᠶᠢᠯᠠᠯ | ᠨᠢ ᠪᠠᠷᠢᠮᠵᠢᠶᠠᠵᠢᠭᠰᠠᠨ ᠲᠠᠰ ᠤᠨ ᠬᠦᠴᠦᠨ ᠲᠠᠢ ᠬᠤᠭᠤᠴᠠᠭᠠᠨ ᠳᠤ 6 ᠵᠦᠢᠯ ᠤᠨ ᠨᠥᠬᠦᠴᠡᠯ ᠳᠤ ᠨᠡᠶᠢᠴᠡᠪᠡᠯ᠂ ᠲᠠᠰ | ᠲᠣᠭᠲᠠᠭᠠᠬᠤ ᠰᠠᠯᠠᠭ᠎ᠠ ᠮᠥᠴᠢᠷ ᠲᠤ ᠮᠡᠳᠡᠭᠦᠯᠦᠨ ᠨᠤᠲᠠᠯᠠᠭᠤᠯᠤᠭᠰᠠᠨ ᠤ ᠳᠠᠷᠠᠭ᠎ᠠ ᠰᠢᠭᠤᠳ ᠵᠠᠷᠯᠠᠨ ᠨᠡᠶᠢᠲᠡᠯᠡᠬᠦ ᠪᠠ | ᠵᠠᠷᠯᠠᠨ ᠨᠡᠶᠢᠲᠡᠯᠡᠨ᠎ᠡ ᠭᠡᠵᠦ ᠲᠣᠭᠲᠠᠭᠠᠵᠠᠢ᠃ | | | ︽ᠲᠠᠰ ᠲᠣᠭᠲᠠᠭᠠᠬᠤ ᠠᠷᠭ᠎ᠠ︾ ᠳᠤ ᠠᠵᠤ ᠠᠬᠤᠶᠢᠯᠠᠯ ᠤᠨ ᠪᠠᠷᠢᠮᠵᠢᠶᠠᠵᠢᠭᠤᠯᠤᠯᠲᠠ ᠶᠢᠨ ᠲᠠᠰ ᠤᠨ | ᠬᠦᠴᠦᠨ ᠲᠠᠢ ᠬᠤᠭᠤᠴᠠᠭ᠎ᠠ ᠶᠢ 3 ᠵᠢᠯ ᠢᠶᠠᠷ ᠲᠣᠭᠲᠠᠭᠠᠪᠠ᠃ ᠬᠡᠷᠪᠡ ᠬᠦᠴᠦᠨ ᠲᠠᠢ ᠬᠤᠭᠤᠴᠠᠭᠠᠨ ᠳᠤ | ᠦᠢᠯᠡᠳᠪᠦᠷᠢᠯᠡᠯ ᠤᠨ ᠠᠶᠤᠯᠭᠦᠢ ᠶᠢᠨ ᠦᠬᠦᠯ ᠤᠨ ᠡ᠊ᠨᠳᠡᠯ᠂ ᠨᠡᠶᠢᠭᠡᠮ ᠤᠨ ᠬᠦᠨᠳᠦ ᠨᠣᠴᠢᠲᠠᠢ ᠮᠠᠭᠤ ᠨᠥᠯᠥᠭᠡ ᠶᠢᠨ | ᠬᠡᠷᠡᠭ ᠵᠡᠷᠭᠡ 9 ᠵᠦᠢᠯ ᠤᠨ ᠪᠠᠶᠢᠳᠠᠯ ᠭᠠᠷᠪᠠᠯ᠂ ᠪᠠᠷᠢᠮᠵᠢᠶᠠᠵᠢᠭᠤᠯᠤᠯᠲᠠ ᠶᠢᠨ ᠲᠡᠰ ᠢ ᠨᠢ ᠳᠠᠷᠤᠢ ᠬᠦᠴᠦᠨ ᠦᠭᠡᠢ | ᠪᠣᠯᠭᠠᠬᠤ ᠶᠢᠨ ᠬᠠᠮᠲᠤ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠠᠭᠤᠯᠤᠨ ᠬᠦᠷᠭᠡᠨ᠎ᠡ᠃ | | | ︵ᠭᠤᠷᠪᠠ︶ ᠤᠷᠮᠠᠰᠢᠭᠤᠯᠬᠤ ᠪᠠ ᠬᠢᠨᠠᠯᠲᠠ ᠲᠠᠯᠪᠢᠵᠤ ᠪᠠᠲᠤᠯᠠᠬᠤ ᠠᠷᠭ᠎ᠠ ᠬᠡᠮᠵᠢᠶ᠎ᠡ᠃ | | | ᠨᠢᠭᠡ ᠳᠤ ᠤᠷᠮᠠᠰᠢᠭᠤᠯᠬᠤ ᠲᠥᠷᠥ ᠶᠢᠨ ᠪᠣᠳᠣᠯᠭ᠎ᠠ᠃ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠤᠨ | ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ | ᠥᠷᠨᠢᠭᠦᠯᠬᠦ ᠶᠢ ᠳᠡᠮᠵᠢᠬᠦ ᠪᠠ ᠵᠣᠷᠢᠭᠵᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠪᠠᠷᠢᠮᠵᠢᠶᠠᠵᠢᠭᠤᠯᠤᠭᠰᠠᠨ | ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠥᠷᠥᠯ ᠬᠤᠪᠢᠶᠠᠨ ᠱᠠᠲᠤ ᠬᠤᠪᠢᠶᠠᠨ ᠬᠢᠨᠠᠨ ᠬᠠᠮᠢᠶᠠᠷᠬᠤ ᠶᠢᠨ ᠴᠢᠬᠤᠯᠠ | ᠦᠨᠳᠦᠰᠦᠯᠡᠯ ᠪᠣᠯᠭᠠᠵᠤ᠂ ᠠᠳᠠᠯᠢ ᠪᠤᠰᠤ ᠲᠠᠰ ᠤᠨ ᠠᠵᠤ ᠠᠬᠤᠶᠢᠯᠠᠯ ᠳᠤ ᠵᠦᠷᠢᠶᠡᠴᠢᠯᠡᠭᠰᠡᠨ ᠬᠢᠨᠠᠨ | ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠨᠢᠭᠡᠳᠦᠭᠡᠷ ᠳᠡᠰ ᠤᠨ ᠠᠵᠤ ᠠᠬᠤᠶᠢᠯᠠᠯ ᠳᠤ ᠪᠣᠯ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠤᠳᠠᠭ᠎ᠠ ᠶᠢ ᠪᠠᠭᠠᠰᠬᠠᠵᠤ᠂ ᠵᠠᠷᠴᠢᠮ ᠳᠡᠭᠡᠷ᠎ᠡ ᠪᠠᠨ ᠠᠶᠤᠯᠭᠦᠢ | ᠦᠢᠯᠡᠳᠪᠦᠷᠢᠯᠡᠯ ᠤᠨ ᠲᠦᠷᠦ ᠶᠢᠨ ᠪᠣᠳᠣᠯᠭ᠎ᠠ ᠶᠢᠨ ᠴᠢᠨᠠᠷᠲᠠᠢ ᠦᠢᠯᠡᠳᠪᠦᠷᠢᠯᠡᠯ ᠢ ᠬᠢᠵᠠᠭᠠᠷᠯᠠᠬᠤ᠂ ᠦᠢᠯᠡᠳᠪᠦᠷᠢᠯᠡᠯ ᠢ | ᠵᠣᠭᠰᠤᠭᠠᠬᠤ ᠬᠡᠪᠴᠢᠶᠡᠨ ᠳᠤ ᠣᠷᠣᠭᠤᠯᠬᠤ ᠦᠭᠡᠢ᠂ ᠤᠷᠢᠳᠠᠪᠠᠷ ᠦᠢᠯᠡᠳᠪᠦᠷᠢᠯᠡᠯ ᠢᠶᠠᠨ ᠰᠡᠷᠭᠦᠭᠡᠵᠦ ᠰᠢᠯᠭᠠᠨ | ᠠᠪᠬᠤ ᠵᠢᠴᠢ ᠪᠠᠷᠢᠮᠵᠢᠶᠠᠵᠢᠭᠰᠠᠨ ᠳᠡᠰ ᠤᠨ ᠠᠵᠤ ᠠᠬᠤᠶᠢᠯᠠᠯ ᠤᠨ ᠠᠵᠢᠯ ᠤᠨ ᠬᠠᠷᠠᠭ᠎ᠠ ᠠᠴᠠ ᠪᠣᠯᠤᠭᠰᠠᠨ | ᠭᠡᠮᠲᠦᠯ ᠤᠨ ᠳᠠᠭᠠᠳᠬᠠᠯ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ᠂ ᠢᠲᠡᠭᠡᠮᠵᠢ ᠶᠢᠨ | ᠳᠡᠰ ᠢ ᠦᠨᠡᠯᠡᠨ ᠲᠣᠭᠲᠠᠭᠠᠬᠤ᠂ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ ᠡᠭᠦᠳᠬᠦ ᠪᠠ ᠠᠶᠤᠯᠭᠦᠢ ᠶᠢᠨ | ᠰᠣᠶᠣᠯ ᠤᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠡᠭᠦᠳᠦᠨ ᠪᠠᠶᠢᠭᠤᠯᠬᠤ ᠵᠡᠷᠭᠡ ᠲᠠᠯ᠎ᠠ ᠪᠠᠷ ᠬᠢ ᠳᠡᠮᠵᠢᠯᠭᠡ ᠶᠢᠨ | ᠡᠷᠴᠢᠮ ᠢ ᠴᠢᠩᠭᠠᠷᠠᠭᠤᠯᠤᠨ᠎ᠠ᠃ ᠬᠤᠶᠠᠷ ᠲᠤ ᠨᠠᠶᠢᠳᠠᠯᠭ᠎ᠠ ᠬᠦᠯᠢᠶᠡᠭᠰᠡᠨ ᠲᠠᠯ᠎ᠠ ᠶᠢᠨ ᠠᠵᠢᠯ ᠳᠤ ᠬᠢᠨᠠᠯᠲᠠ ᠲᠠᠯᠪᠢᠨ᠎ᠠ᠃ | ᠡᠯ᠎ᠡ ᠱᠠᠲᠤᠨ ᠤ ᠲᠠᠰ ᠲᠣᠭᠲᠠᠭᠠᠬᠤ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠤᠭᠰᠠᠨ ᠨᠢᠭᠡᠴᠡ᠂ ᠲᠤᠬᠠᠢ ᠶᠢᠨ | ᠲᠠᠯᠠᠪᠤᠷ ᠤᠨ ᠬᠢᠨᠠᠨ ᠲᠣᠭᠲᠠᠭᠠᠬᠤ ᠶᠢ ᠬᠠᠷᠢᠭᠤᠴᠠᠬᠤ ᠨᠢᠭᠡᠴᠡ ᠪᠠ ᠠᠵᠢᠯᠲᠠᠨ ᠤ ᠠᠵᠢᠯ ᠤᠨ ᠶᠠᠪᠤᠴᠠ ᠪᠠ ᠴᠢᠨᠠᠷ | ᠴᠢᠨᠰᠠᠭ᠎ᠠ ᠲᠤ ᠬᠢᠨᠠᠯᠲᠠ ᠲᠠᠯᠪᠢᠵᠤ᠂ ᠬᠢᠨᠠᠨ ᠬᠠᠷᠭᠤᠭᠤᠯᠬᠤ ᠳᠤ ᠴᠢᠩᠭ᠎ᠠ ᠠᠳᠬᠤᠭᠰᠠᠨ ᠦᠭᠡᠢ᠂ ᠲᠤᠬᠠᠢ ᠶᠢᠨ | ᠲᠠᠯᠠᠪᠤᠷ ᠤᠨ ᠬᠢᠨᠠᠨ ᠲᠣᠭᠲᠠᠭᠠᠯᠲᠠ ᠶᠢᠨ ᠦᠷ᠎ᠡ ᠳ᠋ᠦᠩ ᠨᠢ ᠦᠨᠡᠨ ᠪᠣᠳᠠᠲᠠᠢ ᠪᠢᠰᠢ᠂ ᠮᠡᠳᠡᠭᠦᠯᠦᠯᠲᠡ ᠨᠢ | ᠬᠠᠭᠤᠯᠤᠭᠰᠠᠨ ᠨᠢ ᠠᠳᠠᠯᠢ᠂ ᠢᠯᠡᠷᠬᠡᠢ ᠪᠤᠷᠤᠭᠤ ᠲᠠᠢ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ | ᠵᠣᠬᠢᠶᠠᠨ ᠪᠠᠶᠢᠭᠤᠯᠤᠭᠰᠠᠨ ᠨᠢᠭᠡᠴᠡ ᠪᠠ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠬᠤ ᠶᠢ ᠬᠠᠷᠢᠭᠤᠴᠠᠬᠤ | ᠨᠢᠭᠡᠴᠡ ᠶᠢᠨ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ︔ ᠬᠢᠨᠠᠨ ᠰᠢᠯᠭᠠᠷᠠᠭᠤᠯᠤᠭᠳᠠᠭᠰᠠᠨ ᠠᠵᠤ | ᠠᠬᠤᠶᠢᠯᠠᠯ ᠤᠨ ᠪᠠᠷᠢᠮᠵᠢᠶᠠᠵᠢᠭᠤᠯᠤᠯᠲᠠ ᠶᠢᠨ ᠰᠤᠷᠭᠠᠯᠲᠠ ᠳᠤ ᠣᠷᠤᠯᠴᠠᠬᠤ᠂ ᠬᠠᠮᠢᠶ᠎ᠠ ᠪᠦᠬᠦᠢ ᠠᠵᠢᠯ ᠳᠤ ᠠᠰᠠᠭᠤᠨ | ᠯᠠᠪᠯᠠᠬᠤ᠂ ᠠᠵᠤ ᠠᠬᠤᠶᠢᠯᠠᠯ ᠤᠨ ᠵᠠᠷᠤᠳᠠᠯ ᠬᠤᠷᠢᠶᠠᠬᠤ᠂ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠬᠤ ᠵᠡᠷᠭᠡ | ᠦᠶᠯᠡ ᠠᠵᠢᠯᠯᠠᠭ᠎ᠠ ᠶᠢ ᠣᠯᠵᠤ ᠮᠡᠳᠡᠪᠡᠯ᠂ ᠵᠣᠬᠢᠶᠠᠨ ᠪᠠᠶᠢᠭᠤᠯᠤᠭᠰᠠᠨ ᠨᠢᠭᠡᠴᠡ ᠪᠤᠶᠤ ᠲᠤᠬᠠᠢ ᠶᠢᠨ ᠲᠠᠯᠠᠪᠤᠷ ᠤᠨ | ᠬᠢᠨᠠᠨ ᠰᠢᠯᠭᠠᠷᠠᠭᠤᠯᠤᠯᠲᠠ ᠶᠢ ᠬᠠᠷᠢᠭᠤᠴᠠᠬᠤ ᠨᠢᠭᠡᠴᠡ ᠶᠢᠨ ᠬᠢᠷᠢ ᠬᠡᠮ ᠢ ᠬᠦᠴᠦᠨ ᠦᠭᠡᠢ ᠪᠣᠯᠭᠠᠵᠤ᠂ ᠬᠠᠤᠯᠢ | ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃ ᠭᠤᠷᠪᠠ ᠳᠤ ᠮᠡᠳᠡᠭᠡ ᠵᠠᠩᠭᠢᠵᠢᠯᠲᠠ ᠶᠢᠨ ᠪᠠᠲᠤᠯᠠᠭ᠎ᠠ᠃ | ᠠᠵᠤ ᠠᠬᠤᠶᠢᠯᠠᠯ ᠤᠨ ᠪᠠᠷᠢᠮᠵᠢᠶᠠᠵᠢᠭᠤᠯᠤᠨ ᠲᠠᠰ ᠲᠣᠭᠲᠠᠭᠠᠬᠤ ᠡᠯ᠎ᠡ ᠭᠤᠭᠴᠤᠭ᠎ᠠ ᠶᠢᠨ ᠬᠠᠮᠢᠶ᠎ᠠ ᠪᠦᠬᠦᠢ ᠠᠵᠢᠯ ᠢ | ᠪᠠᠴᠢᠮ ᠪᠠᠶᠢᠳᠠᠯ ᠢ ᠠᠷᠭᠠᠴᠠᠨ ᠬᠠᠮᠢᠶᠠᠷᠬᠤ ᠶᠠᠮᠤᠨ ᠤ ᠭᠠᠷᠭᠠᠭᠰᠠᠨ ᠤ ᠠᠵᠤ ᠠᠬᠤᠶᠢᠯᠠᠯ ᠤᠨ ᠠᠶᠤᠯᠭᠦᠢ | ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢᠶᠠᠷ | | | ︽ᠲᠡᠰ ᠲᠣᠭᠲᠠᠭᠠᠬᠤ ᠠᠷᠭ᠎ᠠ︾ ᠳᠤ ᠮᠤᠵᠢ ᠶᠢᠨ ᠱᠠᠲᠤᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ | ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠶᠠᠳᠤᠭᠠᠷ ᠳᠡᠰ᠂ ᠭᠤᠷᠪᠠᠳᠤᠭᠠᠷ | ᠳᠡᠰ ᠤᠨ ᠠᠵᠤ ᠠᠬᠤᠶᠢᠯᠠᠯ ᠤᠨ ᠲᠡᠰ ᠲᠣᠭᠲᠠᠭᠠᠬᠤ ᠬᠡᠷᠡᠭᠵᠢᠭᠦᠯᠬᠦ ᠠᠷᠭ᠎ᠠ ᠶᠢ ᠲᠣᠭᠲᠠᠭᠠᠵᠤ᠂ ᠡᠯ᠎ᠡ ᠭᠠᠵᠠᠷ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠦᠲᠦᠮᠵᠢᠲᠡᠶ ᠬᠡᠷᠡᠭᠵᠢᠭᠦᠯᠬᠦ ᠳᠤ ᠲᠦᠬᠦᠮ ᠦᠵᠡᠭᠦᠯᠵᠦ ᠪᠣᠯᠣᠨ᠎ᠠ | ᠭᠡᠵᠦ ᠲᠣᠭᠲᠠᠭᠠᠵᠠᠢ᠃ | | | ᠭᠤᠷᠪᠠ᠂ ᠭᠤᠣᠯᠳᠠᠭᠤ ᠬᠠᠯᠠᠨ ᠰᠠᠶᠢᠵᠢᠷᠠᠭᠤᠯᠤᠭᠰᠠᠨ ᠠᠭᠤᠯᠭ᠎ᠠ | | | ᠤᠤᠯ ᠤᠨ ᠠᠷᠭ᠎ᠠ ᠲᠠᠢ ᠬᠠᠷᠢᠴᠠᠭᠤᠯᠪᠠᠯ᠂ ︽ᠲᠠᠰ ᠲᠣᠭᠲᠠᠭᠠᠬᠤ ᠠᠷᠭ᠎ᠠ︾ ᠳᠤ ᠭᠤᠣᠯᠳᠠᠭᠤ ᠭᠤᠷᠪᠠᠨ | ᠲᠠᠯ᠎ᠠ ᠶᠢᠨ ᠲᠣᠬᠢᠷᠠᠭᠤᠯᠤᠯᠲᠠ ᠪᠠ ᠲᠡᠭᠦᠯᠳᠡᠷᠵᠢᠭᠦᠯᠦᠯᠲᠡ ᠪᠣᠶ᠃ | | | ︵ᠨᠢᠭᠡ︶ ᠬᠢᠨᠠᠨ ᠲᠣᠭᠲᠠᠭᠠᠬᠤ ᠵᠠᠷᠤᠳᠠᠯ ᠢ ᠠᠵᠤ ᠠᠬᠤᠶᠢᠯᠠᠯ ᠠᠴᠠ ᠳᠠᠭᠢᠵᠤ ᠡᠭᠦᠷᠭᠡᠯᠡᠬᠦ ᠦᠭᠡᠢ᠃ | | | ᠤᠤᠯ ᠤᠨ ᠬᠢᠨᠠᠨ ᠲᠣᠭᠲᠠᠭᠠᠬᠤ ᠠᠵᠢᠯ ᠳᠤ ᠬᠡᠷᠡᠭᠰᠡᠬᠦ ᠵᠠᠷᠤᠳᠠᠯ ᠢ ᠬᠢᠨᠠᠨ ᠲᠣᠭᠲᠠᠭᠠᠬᠤ ᠨᠢᠭᠡᠴᠢ ᠠᠴᠠ | ᠭᠤᠶᠤᠴᠢᠯᠠᠭᠰᠠᠨ ᠠᠵᠤ ᠠᠬᠤᠶᠢᠯᠠᠯ ᠠᠴᠠ ᠬᠤᠷᠢᠶᠠᠨ᠎ᠠ᠃ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ | ᠬᠤᠷᠢᠶᠠᠬᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ︽ᠲᠠᠰ ᠲᠣᠭᠲᠠᠭᠠᠬᠤ ᠠᠷᠭ᠎ᠠ︾ ᠳᠤ᠂ ᠲᠠᠰ ᠲᠣᠭᠲᠠᠭᠠᠬᠤ | ᠠᠵᠢᠯ ᠳᠤ ᠠᠵᠤ ᠠᠬᠤᠶᠢᠯᠠᠯ ᠠᠴᠠ ᠶᠠᠮᠠᠷ ᠴᠤ ᠰᠦᠢᠳᠬᠡᠯ ᠬᠤᠷᠢᠶᠠᠵᠤ ᠪᠣᠯᠬᠤ ᠦᠭᠡᠢ᠂ ᠲᠠᠰ ᠲᠣᠭᠲᠠᠭᠠᠬᠤ | ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ | ᠳᠠᠮᠵᠢᠭᠤᠯᠤᠨ ᠲᠥᠯᠥᠨ᠎ᠡ ᠭᠡᠵᠦ ᠲᠣᠭᠲᠠᠭᠠᠵᠠᠢ᠃ | | | ︵ᠬᠤᠶᠠᠷ︶ ᠭᠤᠶᠤᠴᠢᠯᠠᠬᠤ ᠪᠠ ᠬᠦᠴᠦᠨ ᠦᠭᠡᠢ ᠪᠣᠯᠭᠠᠬᠤ ᠨᠥᠬᠦᠴᠡᠯ ᠨᠠᠩ ᠴᠢᠩᠭ᠎ᠠ ᠪᠣᠯᠪᠠ᠃ | | | ᠤᠤᠯ ᠤᠨ ᠠᠷᠭ᠎ᠠ ᠳᠤ ᠲᠣᠭᠲᠠᠭᠠᠭᠰᠠᠨ ᠭᠤᠶᠤᠴᠢᠯᠠᠬᠤ ᠨᠥᠬᠦᠴᠡᠯ ᠨᠢ 2 ᠵᠦᠢᠯ ᠪᠣᠯᠣᠨ᠎ᠠ᠂ ᠨᠢᠭᠡ ᠳᠤ | ᠠᠶᠤᠯᠭᠦᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠭᠠᠷᠭᠠᠭᠰᠠᠨ ᠪᠠᠶᠢᠪᠠᠯ᠂ ᠤᠯᠤᠰ ᠠᠴᠠ | ᠲᠣᠭᠲᠠᠭᠠᠭᠰᠠᠨ ᠵᠣᠬᠢᠴᠠᠩᠭᠤᠢ ᠠᠶᠤᠯᠭᠦᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠨᠢᠭᠡᠨᠲᠡ | ᠬᠠᠤᠯᠢ ᠶᠣᠰᠣᠭᠠᠷ ᠣᠯᠣᠭᠰᠠᠨ︔ ᠬᠤᠶᠠᠷ ᠲᠤ ᠬᠢᠨᠠᠨ ᠲᠣᠭᠲᠠᠭᠠᠯᠭᠠᠬᠤ ᠪᠠᠷ ᠭᠤᠶᠤᠴᠢᠯᠠᠭᠰᠠᠨ ᠡᠳᠦᠷ ᠠᠴᠠ ᠡᠮᠦᠨ᠎ᠡ | ᠨᠢᠭᠡ ᠵᠢᠯ ᠤᠨ ᠳᠣᠲᠣᠷ᠎ᠠ᠂ ᠦᠢᠯᠡᠳᠪᠦᠷᠢᠯᠡᠯ ᠤᠨ ᠠᠮᠤᠷ ᠲᠦᠪᠰᠢᠨ ᠤ ᠲᠠᠯ᠎ᠠ ᠪᠠᠷ ᠦᠬᠦᠭᠰᠡᠨ ᠠᠳᠡᠯ ᠭᠠᠷᠤᠭᠰᠠᠨ | ᠦᠭᠡᠢ᠃ ︽ᠲᠠᠰ ᠲᠣᠭᠲᠠᠭᠠᠬᠤ ᠠᠷᠭ᠎ᠠ︾ ᠶᠢ 9 ᠵᠦᠢᠯ ᠪᠣᠯᠭᠠᠨ ᠨᠡᠮᠡᠭᠳᠡᠭᠦᠯᠵᠦ᠂ ᠡᠭᠦᠨ ᠲᠠᠢ ᠬᠠᠷᠢᠴᠠᠭᠤᠯᠪᠠᠯ | ᠨᠠᠩ ᠴᠢᠩᠭ᠎ᠠ ᠪᠥᠭᠡᠳ ᠪᠥᠬᠦ ᠲᠠᠯ᠎ᠠ ᠶᠢᠨ ᠪᠣᠯᠤᠭᠰᠠᠨ ᠪᠥᠭᠡᠳ ᠠᠮᠠᠯᠠᠯᠲᠠ ᠶᠢᠨ ᠳᠦᠷᠢᠮ ᠢ ᠬᠡᠷᠡᠭᠵᠢᠭᠦᠯᠬᠦ ᠪᠠᠷ | ᠲᠣᠭᠲᠠᠭᠠᠵᠠᠢ᠂ ᠠᠮᠠᠯᠠᠯᠲᠠ ᠶᠢᠨ ᠦᠨᠡᠨ ᠪᠣᠳᠠᠲᠠᠢ ᠡᠰᠡᠬᠦ ᠶᠢ ᠲᠤᠬᠠᠢ ᠶᠢᠨ ᠲᠠᠯᠠᠪᠤᠷ ᠲᠤ ᠬᠢᠨᠠᠨ ᠲᠣᠭᠲᠠᠭᠠᠵᠤ | ᠪᠠᠶᠢᠴᠠᠭᠠᠨ ᠨᠤᠲᠠᠯᠠᠵᠤ᠂ ᠠᠵᠤ ᠠᠬᠤᠶᠢᠯᠠᠯ ᠤᠨ ᠭᠤᠶᠤᠴᠢᠯᠠᠬᠤ ᠱᠠᠲᠤᠨ ᠳᠠᠬᠢ ᠪᠡᠯᠡᠳᠬᠡᠯ ᠮᠠᠲ᠋ᠧᠷᠢᠶᠠᠯ ᠤᠨ | ᠳᠠᠷᠤᠭᠠᠰᠤ ᠶᠢ ᠬᠥᠩᠭᠡᠷᠡᠭᠦᠯᠦᠨ᠎ᠡ᠃ | | | ᠤᠤᠯ ᠤᠨ ᠠᠷᠭ᠎ᠠ ᠳᠤ ᠲᠣᠭᠲᠠᠭᠠᠭᠰᠠᠨ ᠪᠠᠷᠢᠮᠵᠢᠶᠠᠵᠢᠭᠤᠯᠤᠭᠰᠠᠨ ᠠᠵᠤ ᠠᠬᠤᠶᠢᠯᠠᠯ ᠤᠨ ᠲᠠᠰ ᠢ ᠬᠦᠴᠦᠨ | ᠦᠭᠡᠢ ᠪᠣᠯᠭᠠᠬᠤ ᠳᠤ 3 ᠵᠦᠢᠯ ᠤᠨ ᠪᠠᠶᠢᠳᠠᠯ ᠲᠠᠢ ᠪᠠᠶᠢᠵᠤ᠂ ︽ᠲᠠᠰ ᠲᠣᠭᠲᠠᠭᠠᠬᠤ ᠠᠷᠭ᠎ᠠ︾ ᠳᠤ 9 ᠵᠦᠢᠯ ᠤᠨ | ᠪᠠᠶᠢᠳᠠᠯ ᠲᠠᠢ ᠪᠠᠶᠢᠵᠤ᠂ ᠠᠵᠤ ᠠᠬᠤᠶᠢᠯᠠᠯ ᠢ ᠰᠢᠪᠠᠳᠠᠵᠤ ᠪᠠᠶᠢᠭᠠᠳ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ | ᠰᠢᠰᠲ᠋ᠧᠮ ᠤᠨ ᠶᠣᠰᠣᠭᠠᠷ ᠦᠷᠭᠦᠯᠵᠢᠯᠡᠨ ᠪᠦᠲᠦᠮᠵᠢᠲᠡᠶ ᠠᠵᠢᠯᠯᠠᠭᠤᠯᠬᠤ ᠳᠤ ᠠᠰᠢᠭᠲᠠᠢ ᠶᠤᠮ᠃ | | | ︵ᠭᠤᠷᠪᠠ︶ ᠤᠷᠮᠠᠰᠢᠭᠤᠯᠬᠤ ᠠᠷᠭ᠎ᠠ ᠬᠡᠮᠵᠢᠶ᠎ᠡ ᠶᠢ ᠨᠠᠩ ᠲᠣᠳᠣᠷᠬᠠᠢ ᠪᠣᠯᠭᠠᠨ᠎ᠠ᠃ | | | ᠤᠤᠯ ᠠᠷᠭ᠎ᠠ ᠳᠤ ᠡᠨᠡ ᠲᠠᠯ᠎ᠠ ᠶᠢᠨ ᠠᠭᠤᠯᠭ᠎ᠠ ᠲᠤᠲᠠᠭᠳᠠᠵᠤ ᠪᠠᠶᠢᠨ᠎ᠠ᠃ ︽ᠲᠠᠰ ᠲᠣᠭᠲᠠᠭᠠᠬᠤ ᠠᠷᠭ᠎ᠠ︾ | ᠳᠤ ᠪᠠᠷᠢᠮᠵᠢᠶᠠᠵᠢᠭᠤᠯᠤᠯᠲᠠ ᠶᠢᠨ ᠲᠠᠰ ᠤᠨ ᠠᠵᠤ ᠠᠬᠤᠶᠢᠯᠠᠯ ᠳᠤ 8 ᠵᠦᠢᠯ ᠤᠨ ᠤᠷᠮᠠᠰᠢᠭᠤᠯᠬᠤ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠪᠠ᠃ | | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠵᠦ ᠪᠠᠶᠢᠭ᠎ᠠ᠄ ᠠᠵᠤ ᠠᠬᠤᠶᠢᠯᠠᠯ ᠤᠨ | ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠳᠡᠰ ᠲᠣᠭᠲᠠᠭᠠᠬᠤ ᠠᠷᠭ᠎ᠠ | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | |