ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠳᠠᠮᠵᠢᠭᠤᠯᠤᠨ ᠨᠡᠶᠢᠲᠡᠯᠡᠬᠦ ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾
ᠨᠡᠶᠢᠲᠡᠯᠡᠭᠰᠡᠨ ᠴᠠᠭ᠄
2022/6/29
                        ᠨᠢᠭᠡᠳᠦᠭᠡᠷ ᠪᠦᠯᠦᠭ     ᠶᠡᠷᠦᠩᠬᠡᠢ ᠳᠦᠷᠢᠮ             ᠨᠢᠭᠡᠳᠦᠭᠡᠷ ᠵᠦᠢᠯ   ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠢ ᠤᠷᠢᠳᠴᠢᠯᠠᠨ ᠰᠡᠷᠭᠡᠶᠢᠯᠡᠵᠦ᠂ ᠬᠢᠵᠠᠭᠠᠷᠯᠠᠬᠤ ᠪᠠ ᠠᠷᠢᠯᠭᠠᠵᠤ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠵᠤ᠂ ᠬᠥᠳᠡᠯᠮᠦᠷᠢᠴᠢᠳ ᠤᠨ ᠡᠷᠡᠭᠦᠯ ᠮᠡᠨᠳᠤ ᠵᠢᠴᠢ ᠲᠡᠭᠦᠨ ᠲᠠᠢ ᠬᠤᠯᠪᠣᠭᠳᠠᠬᠤ ᠡᠷᠬᠡ ᠠᠰᠢᠭ ᠢ ᠬᠠᠮᠠᠭᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠦᠨᠳᠦᠰᠦᠨ ᠬᠠᠤᠯᠢ ᠶᠢ ᠦᠨᠳᠦᠰᠦᠯᠡᠨ ᠲᠤᠰ ᠬᠠᠤᠯᠢ ᠶᠢ ᠲᠣᠭᠲᠠᠭᠠᠪᠠ᠃             ᠬᠤᠶᠠᠳᠤᠭᠠᠷ ᠵᠦᠢᠯ   ᠲᠤᠰ ᠬᠠᠤᠯᠢ ᠳᠤ ᠬᠡᠯᠡᠵᠦ ᠪᠠᠶᠢᠭ᠎ᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠭᠡᠳᠡᠭ ᠪᠣᠯ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠪᠠ ᠬᠤᠪᠢ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠵᠡᠷᠭᠡ ᠬᠥᠮᠥᠨ ᠬᠡᠷᠡᠭᠯᠡᠬᠦ ᠨᠢᠭᠡᠴᠢ ᠶᠢᠨ ᠬᠥᠳᠡᠯᠮᠦᠷᠢᠴᠢᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢᠨ ᠳᠤᠮᠳᠠ ᠪᠠᠨ ᠨᠠᠷᠢᠨ ᠲᠣᠭᠤᠰᠣ᠂ ᠰᠠᠴᠤᠷᠠᠭ ᠢᠳᠡᠪᠬᠢ ᠪᠣᠳᠠᠰ ᠪᠠ ᠪᠤᠰᠤᠳ ᠬᠤᠣᠷᠲᠠᠢ᠂ ᠬᠥᠨᠥᠭᠡᠯ ᠲᠠᠢ ᠬᠦᠴᠦᠨ ᠵᠦᠢᠯ ᠲᠠᠢ ᠣᠶᠢᠷᠠᠲᠤᠭᠰᠠᠨ ᠠᠴᠠ ᠪᠣᠯᠤᠭᠰᠠᠨ ᠡᠪᠡᠳᠴᠢᠨ ᠡᠮᠭᠡᠭ ᠢ ᠵᠢᠭᠠᠵᠤ ᠪᠠᠶᠢᠨ᠎ᠠ᠃                         ᠭᠤᠷᠪᠠᠳᠤᠭᠠᠷ ᠵᠦᠢᠯ   ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ ᠴᠢᠭᠯᠡᠯᠲᠡ ᠶᠢ ᠪᠠᠷᠢᠮᠲᠠᠯᠠᠨ᠂ ᠬᠥᠮᠥᠨ ᠬᠡᠷᠡᠭᠯᠡᠬᠦ ᠨᠢᠭᠡᠴᠢ ᠬᠠᠷᠢᠭᠤᠴᠠᠬᠤ᠂ ᠵᠠᠰᠠᠭ ᠵᠠᠬᠢᠷᠭᠠᠨ ᠤ ᠪᠠᠶᠢᠭᠤᠯᠭ᠎ᠠ ᠬᠢᠨᠠᠨ ᠬᠠᠮᠢᠶᠠᠷᠬᠤ᠂ ᠠᠵᠢᠯ ᠲᠦᠷᠦᠯ ᠤᠨ ᠬᠢᠨ ᠥᠪᠡᠷ ᠢ ᠪᠠᠨ ᠱᠠᠭᠠᠷᠳᠠᠬᠤ᠂ ᠠᠵᠢᠯᠲᠠᠨ ᠠᠵᠢᠯᠴᠢᠨ ᠣᠷᠤᠯᠴᠠᠬᠤ ᠪᠠ ᠨᠡᠶᠢᠭᠡᠮ ᠠᠴᠠ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠲᠦᠷᠦᠯ ᠬᠤᠪᠢᠶᠠᠨ ᠬᠠᠮᠢᠶᠠᠷᠬᠤ᠂ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠦᠨ᠎ᠡ᠃             ᠳᠥᠷᠪᠡᠳᠦᠭᠡᠷ ᠵᠦᠢᠯ   ᠬᠥᠳᠡᠯᠮᠦᠷᠢᠴᠢᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠶᠢ ᠬᠠᠤᠯᠢ ᠶᠣᠰᠣᠭᠠᠷ ᠡᠳ᠋ᠯᠡᠬᠦ ᠡᠷᠬᠡ ᠲᠠᠢ᠃             ᠬᠥᠮᠥᠨ ᠬᠡᠷᠡᠭᠯᠡᠬᠦ ᠨᠢᠭᠡᠴᠢ ᠨᠢ ᠬᠥᠳᠡᠯᠮᠦᠷᠢᠴᠢᠨ ᠳᠤ ᠤᠯᠤᠰ ᠤᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠳᠤ ᠨᠡᠶᠢᠴᠡᠭᠰᠡᠨ ᠠᠵᠢᠯ ᠤᠨ ᠣᠷᠴᠢᠨ ᠨᠥᠬᠦᠴᠡᠯ ᠪᠠ ᠨᠥᠬᠦᠴᠡᠯ ᠢ ᠪᠦᠷᠢᠯᠳᠦᠭᠦᠯᠵᠦ ᠥᠭᠬᠦ ᠶᠢᠨ ᠬᠠᠮᠲᠤ ᠠᠷᠭ᠎ᠠ ᠬᠡᠮᠵᠢᠶ᠎ᠡ ᠠᠪᠴᠤ ᠪᠠᠶᠢᠭᠠᠳ ᠬᠥᠳᠡᠯᠮᠦᠷᠢᠴᠢᠨ ᠤ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠣᠯᠬᠤ ᠶᠢ ᠪᠠᠲᠤᠯᠠᠬᠤ ᠬᠡᠷᠡᠭᠲᠡᠢ᠃             ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠬᠥᠳᠡᠯᠮᠦᠷᠢᠴᠢᠨ ᠤ ᠬᠠᠤᠯᠢ ᠶᠣᠰᠣᠨ ᠤ ᠡᠷᠬᠡ ᠠᠰᠢᠭ ᠢ ᠬᠥᠮᠥᠨ ᠬᠡᠷᠡᠭᠯᠡᠬᠦ ᠨᠢᠭᠡᠴᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠲᠤᠬᠠᠢ ᠳᠦᠷᠢᠮ ᠲᠣᠭᠲᠠᠭᠠᠯ ᠢ ᠲᠣᠭᠲᠠᠭᠠᠬᠤ ᠪᠤᠶᠤ ᠲᠡᠭᠦᠨ ᠳᠤ ᠨᠡᠮᠡᠯᠲᠡ᠂ ᠥᠭᠡᠷᠡᠴᠢᠯᠡᠯᠲᠡ ᠣᠷᠣᠭᠤᠯᠬᠤ ᠳᠠᠭᠠᠨ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠰᠠᠨᠠᠯ ᠢ ᠰᠣᠨᠣᠰᠬᠤ ᠬᠡᠷᠡᠭᠲᠡᠢ᠃             ᠲᠠᠪᠤᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠪᠠᠨ ᠴᠢᠩᠭᠠᠳᠬᠠᠨ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠲᠤᠰ ᠨᠢᠭᠡᠴᠢ ᠳᠡᠭᠡᠨ ᠡᠭᠦᠰᠦᠭᠰᠡᠨ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃             ᠵᠢᠷᠭᠤᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠶᠢᠨ ᠭᠤᠣᠯ ᠬᠠᠷᠢᠭᠤᠴᠠᠯᠭᠠᠲᠠᠨ ᠲᠤᠰ ᠨᠢᠭᠡᠴᠢ ᠶᠢᠨ ᠢᠶᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠬᠠᠷᠢᠭᠤᠴᠠᠨ᠎ᠠ᠃             ᠳᠣᠯᠣᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠡᠷᠬᠡᠪᠰᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠬᠠᠤᠯᠢ ᠶᠣᠰᠣᠭᠠᠷ ᠣᠷᠤᠯᠴᠠᠬᠤ ᠬᠡᠷᠡᠭᠲᠡᠢ᠃             ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠂ ᠬᠥᠳᠡᠯᠮᠦᠷᠢᠴᠢᠳ ᠤᠨ ᠠᠵᠢᠯ ᠠᠴᠠ ᠪᠣᠯᠤᠭᠰᠠᠨ             ᠨᠠᠢᠮᠠᠳᠤᠭᠠᠷ ᠵᠦᠢᠯ   ᠤᠯᠤᠰ ᠠᠴᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠪᠠ ᠬᠥᠳᠡᠯᠮᠦᠷᠢᠴᠢᠳ ᠤᠨ ᠡᠷᠡᠭᠦᠯ ᠮᠡᠨᠳᠤ ᠶᠢ ᠬᠠᠮᠠᠭᠠᠯᠠᠬᠤ ᠳᠤ ᠠᠰᠢᠭᠲᠠᠢ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠲᠤᠨᠤᠭ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠰᠤᠳᠤᠯᠤᠨ ᠦᠢᠯᠡᠳᠬᠦ᠂ ᠨᠡᠭᠡᠭᠡᠨ ᠬᠥᠭᠵᠢᠭᠦᠯᠬᠦ ᠂ ᠳᠡᠯᠭᠡᠷᠡᠭᠦᠯᠬᠦ᠂ ᠬᠡᠷᠡᠭᠯᠡᠬᠦ ᠶᠢ ᠵᠣᠷᠢᠭᠵᠢᠭᠤᠯᠤᠨ ᠲᠡᠮᠵᠢᠵᠤ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠵᠢᠮ᠎ᠡ ᠶᠣᠰᠣ ᠪᠠ ᠡᠭᠦᠰᠬᠦ ᠵᠢᠮ᠎ᠡ ᠶᠣᠰᠣᠨ ᠤ ᠰᠠᠭᠤᠷᠢ ᠰᠤᠳᠤᠯᠭᠠᠨ ᠢ ᠴᠢᠩᠭᠠᠳᠬᠠᠵᠤ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ; ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠪᠦᠲᠦᠮᠵᠢᠲᠡᠶ ᠮᠡᠷᠭᠡᠵᠢᠯ᠂ ᠤᠷᠠᠯᠠᠯ᠂ ᠲᠤᠨᠤᠭ ᠲᠥᠬᠦᠭᠡᠷᠦᠮᠵᠢ᠂ ᠮᠠᠲ᠋ᠧᠷᠢᠶᠠᠯ ᠢ ᠢᠳᠡᠪᠬᠢᠲᠡᠢ ᠪᠠᠷ ᠬᠡᠷᠡᠭᠯᠡᠨ᠎ᠡ︔ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠢᠶᠠᠷ ᠬᠦᠨᠳᠦ ᠨᠣᠴᠢᠲᠠᠢ ᠮᠡᠷᠭᠡᠵᠢᠯ᠂ ᠤᠷᠠᠯᠠᠯ᠂ ᠲᠤᠨᠤᠭ ᠲᠥᠬᠦᠭᠡᠷᠦᠮᠵᠢ᠂ ᠮᠠᠲ᠋ᠧᠷᠢᠶᠠᠯ ᠢ ᠬᠡᠷᠡᠭᠯᠡᠬᠦ ᠶᠢ ᠬᠢᠵᠠᠭᠠᠷᠯᠠᠬᠤ ᠪᠤᠶᠤ ᠬᠤᠷᠢᠭᠯᠠᠨ᠎ᠠ᠃             ᠤᠯᠤᠰ ᠠᠴᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠡᠮᠴᠢᠯᠡᠨ ᠡᠷᠡᠭᠦᠯᠵᠢᠭᠦᠯᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠷᠢᠭᠵᠢᠭᠤᠯᠤᠨ ᠳᠡᠮᠵᠢᠨ᠎ᠡ᠃             ᠶᠢᠰᠦᠳᠦᠭᠡᠷ ᠵᠦᠢᠯ   ᠤᠯᠤᠰ ᠠᠴᠠ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠳᠦᠷᠢᠮ ᠢ ᠬᠡᠷᠡᠭᠵᠢᠭᠦᠯᠦᠨ᠎ᠡ             ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠰ ᠬᠠᠤᠯᠢ ᠪᠠ ᠲᠦᠷᠦ ᠶᠢᠨ ᠶᠠᠪᠤᠳᠠᠯ ᠤᠨ ᠬᠤᠷᠢᠶᠠᠨ ᠠᠴᠠ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠪᠦᠬᠦ ᠤᠯᠤᠰ ᠤᠨ ᠠᠵᠢᠯ ᠤᠨ ᠨᠥᠯᠥᠭᠡᠨ ᠤ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠳᠤ ᠬᠤᠯᠪᠣᠭᠳᠠᠬᠤ ᠬᠢᠨᠠᠵᠤ ᠬᠠᠮᠢᠶᠠᠷᠬᠤ ᠠᠵᠢᠯ ᠢ ᠭᠦᠢᠴᠡᠳᠬᠡᠨ᠎ᠡ᠃                         ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ︵ᠳᠣᠷᠣᠭᠰᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠢᠨᠠᠵᠤ ᠬᠠᠮᠢᠶᠠᠷᠬᠤ ᠰᠠᠯᠠᠭ᠎ᠠ ᠮᠥᠴᠢᠷ ᠭᠡᠵᠦ ᠶᠡᠷᠦᠩᠬᠡᠶᠢᠯᠡᠨ ᠨᠡᠷᠡᠶᠢᠳᠦᠨ᠎ᠡ︶᠎ ᠤᠳ ᠨᠡᠪᠲᠡᠷᠡᠯᠴᠡᠭᠡ ᠪᠠᠨ ᠴᠢᠩᠭᠠᠳᠬᠠᠨ᠂ ᠨᠢᠭᠲᠠ ᠬᠠᠮᠵᠢᠯᠴᠠᠵᠤ᠂ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃             ᠠᠷᠪᠠᠳᠤᠭᠠᠷ ᠵᠦᠢᠯ   ᠲᠥᠷᠥ ᠶᠢᠨ ᠶᠠᠪᠤᠳᠠᠯ ᠤᠨ ᠬᠤᠷᠢᠶ᠎ᠠ ᠪᠠ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠲᠣᠭᠲᠠᠭᠠᠵᠤ᠂ ᠲᠡᠭᠦᠨ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠳᠤ ᠣᠷᠣᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃             ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠨᠢᠭᠡᠳᠦᠯᠲᠡᠢ ᠬᠠᠷᠢᠭᠤᠴᠠᠵᠤ᠂ ᠤᠳᠤᠷᠢᠳᠴᠤ᠂ ᠵᠣᠬᠢᠶᠠᠨ ᠪᠠᠶᠢᠭᠤᠯᠵᠤ᠂ ᠵᠣᠬᠢᠴᠠᠭᠤᠯᠵᠤ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠪᠠᠶᠢᠭᠤᠯᠤᠯ᠂ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠠᠵᠢᠯ ᠢ ᠨᠢᠭᠡᠳᠦᠯᠲᠡᠢ ᠤᠳᠤᠷᠢᠳᠤᠨ ᠵᠢᠯᠣᠭᠤᠳᠤᠨ᠎ᠠ︔             ᠰᠤᠮᠤ᠂ ᠦᠨᠳᠦᠰᠦᠲᠡᠨ ᠤ ᠰᠤᠮᠤ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠤᠰ ᠬᠠᠤᠯᠢ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠢᠨᠠᠵᠤ ᠬᠠᠮᠢᠶᠠᠷᠬᠤ ᠰᠠᠯᠠᠭ᠎ᠠ ᠮᠥᠴᠢᠷ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠬᠦ ᠬᠡᠷᠡᠭᠲᠡᠢ᠃             ᠠᠷᠪᠠᠨ ᠨᠢᠭᠡᠳᠦᠭᠡᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠢᠨᠠᠵᠤ ᠬᠠᠮᠢᠶᠠᠷᠬᠤ ᠰᠠᠯᠠᠭ᠎ᠠ ᠮᠥᠴᠢᠷ ᠤᠳ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠲᠤᠬᠠᠢ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠲᠦᠭᠡᠮᠡᠯᠵᠢᠭᠦᠯᠦᠨ᠂ ᠬᠥᠮᠥᠨ ᠬᠡᠷᠡᠭᠯᠡᠬᠦ ᠨᠢᠭᠡᠴᠢ ᠶᠢᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠦᠵᠡᠯᠲᠡ ᠶᠢ ᠴᠢᠩᠭᠠᠳᠬᠠᠵᠤ᠂ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠲᠤᠬᠠᠢ ᠦᠵᠡᠯ ᠤᠬᠠᠮᠰᠠᠷ᠂ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠠ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠶᠢᠨ ᠡᠷᠬᠡ ᠪᠠᠨ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃             ᠠᠷᠪᠠᠨ ᠬᠤᠶᠠᠳᠤᠭᠠᠷ ᠵᠦᠢᠯ   ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠤᠣᠯᠳᠠᠯᠭ᠎ᠠ ᠲᠠᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠬᠢᠨᠠᠨ ᠬᠡᠮᠵᠢᠬᠦ ᠪᠠ ᠲᠤᠰᠬᠠᠢ ᠵᠦᠢᠯ ᠤᠨ ᠪᠠᠶᠢᠴᠠᠭᠠᠯᠲᠠ ᠬᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠠᠶᠤᠯ ᠡᠷᠡᠰᠳᠡᠯ ᠢ ᠦᠨᠡᠯᠡᠨ ᠵᠢᠱᠢᠵᠦ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠲᠦᠷᠦ ᠶᠢᠨ             ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠭᠰᠠᠨ             ᠠᠷᠪᠠᠨ ᠭᠤᠷᠪᠠᠳᠤᠭᠠᠷ ᠵᠦᠢᠯ   ᠶᠠᠮᠠᠷᠪᠠ ᠨᠢᠭᠡᠴᠢ ᠪᠠ ᠬᠤᠪᠢ ᠬᠥᠮᠥᠨ ᠲᠤᠰ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠬᠦ ᠪᠠ ᠵᠠᠭᠠᠯᠳᠤᠬᠤ ᠡᠷᠬᠡ ᠲᠠᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠬᠤᠯᠪᠣᠭᠳᠠᠯ ᠪᠦᠬᠦᠢ ᠢᠯᠡᠴᠢᠯᠡᠯ ᠪᠠ ᠵᠠᠭᠠᠯᠳᠤᠯᠭ᠎ᠠ ᠶᠢ ᠣᠯᠣᠭᠰᠠᠨ ᠤ ᠳᠠᠷᠠᠭ᠎ᠠ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃             ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠲᠠᠯ᠎ᠠ ᠪᠠᠷ ᠢᠯᠡᠳᠲᠡ ᠠᠮᠵᠢᠯᠲᠠ ᠣᠯᠣᠭᠰᠠᠨ ᠨᠢᠭᠡᠴᠢ ᠪᠠ ᠬᠤᠪᠢ ᠬᠥᠮᠥᠨ ᠢ ᠬᠥᠬᠢᠭᠦᠯᠦᠨ ᠱᠠᠩᠨᠠᠨ᠎ᠠ᠃             ᠬᠤᠶᠠᠳᠤᠭᠠᠷ ᠪᠦᠯᠦᠭ   ᠡᠮᠦᠨᠡᠬᠢ ᠬᠤᠭᠤᠴᠠᠭᠠᠨ ᠤ ᠤᠷᠢᠳᠴᠢᠯᠠᠨ ᠰᠡᠷᠭᠡᠶᠢᠯᠡᠯᠲᠡ             ᠠᠷᠪᠠᠨ ᠳᠥᠷᠪᠡᠳᠦᠭᠡᠷ ᠵᠦᠢᠯ   ᠬᠥᠮᠥᠨ ᠬᠡᠷᠡᠭᠯᠡᠬᠦ ᠨᠢᠭᠡᠴᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠤᠯᠤᠰ ᠤᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠢ ᠡᠬᠢ ᠰᠤᠷᠪᠤᠯᠵᠢ ᠠᠴᠠ ᠨᠢ ᠬᠢᠵᠠᠭᠠᠷᠯᠠᠨ ᠠᠷᠢᠯᠭᠠᠬᠤ ᠬᠡᠷᠡᠭᠲᠡᠢ᠃             ᠠᠷᠪᠠᠨ ᠲᠠᠪᠤᠳᠤᠭᠠᠷ ᠵᠦᠢᠯ   ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠬᠡᠬᠦ ᠬᠥᠮᠥᠨ ᠬᠡᠷᠡᠭᠯᠡᠬᠦ ᠨᠢᠭᠡᠴᠢ ᠶᠢ ᠪᠠᠶᠢᠭᠤᠯᠬᠤ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠠᠶᠢᠭᠤᠯᠬᠤ ᠨᠥᠬᠦᠴᠡᠯ ᠳᠤ ᠨᠡᠶᠢᠴᠡᠬᠦ ᠠᠴᠠ ᠭᠠᠳᠠᠨ᠎ᠠ᠂ ᠲᠡᠭᠦᠨ ᠤ ᠠᠵᠢᠯᠯᠠᠬᠤ ᠲᠠᠯᠠᠪᠤᠷ ᠨᠢ ᠪᠠᠰᠠ ᠳᠣᠣᠷ᠎ᠠ ᠵᠢᠭᠰᠠᠭᠠᠭᠰᠠᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠄             ︵ᠨᠢᠭᠡ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠤᠨ ᠬᠦᠴᠦᠯᠡᠴᠡ ᠪᠤᠶᠤ ᠥᠳᠬᠡᠴᠡ ᠨᠢ ᠤᠯᠤᠰ ᠤᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠨᠡᠶᠢᠴᠡᠭᠰᠡᠨ ;             ︵ᠬᠤᠶᠠᠷ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠰᠡᠷᠭᠡᠶᠢᠯᠡᠯᠲᠡ ᠎ ᠯᠦᠭᠡ ᠵᠣᠬᠢᠴᠠᠯᠳᠤᠭᠰᠠᠨ ᠲᠥᠬᠦᠭᠡᠷᠦᠮᠵᠢ ᠲᠠᠢ ᠪᠠᠶᠢᠬᠤ ;             ︵ᠭᠤᠷᠪᠠ︶ ᠦᠢᠯᠡᠳᠪᠦᠷᠢᠯᠡᠯ ᠤᠨ ᠪᠠᠶᠢᠷᠢᠰᠢᠯ ᠨᠢ ᠵᠦᠢ ᠵᠣᠬᠢᠰᠲᠠᠢ᠂ ᠬᠤᠣᠷ ᠬᠥᠨᠥᠭᠡᠯ ᠲᠠᠢ ᠪᠠ ᠬᠤᠣᠷ ᠬᠥᠨᠥᠭᠡᠯ ᠦᠭᠡᠢ ᠠᠵᠢᠯ ᠢ ᠰᠠᠯᠭᠠᠬᠤ ᠵᠠᠷᠴᠢᠮ ᠳᠤ ᠨᠡᠶᠢᠴᠡᠭᠰᠡᠨ︔             ︵ᠳᠥᠷᠪᠡ︶ ᠬᠤᠪᠴᠠᠰᠤ ᠰᠣᠯᠢᠬᠤ ᠲᠠᠰᠤᠯᠭ᠎ᠠ᠂ ᠤᠬᠢᠶᠠᠯᠭ᠎ᠠ ᠶᠢᠨ ᠲᠠᠰᠤᠯᠭ᠎ᠠ᠂ ᠵᠢᠷᠮᠦᠰᠦᠨ ᠡᠮᠡᠭᠲᠡᠢ ᠶᠢᠨ ᠠᠮᠠᠷᠠᠬᠤ ᠲᠠᠰᠤᠯᠭ᠎ᠠ ᠵᠡᠷᠭᠡ ᠢᠵᠢ ᠪᠦᠷᠢᠳᠦᠭᠰᠡᠨ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠲᠠᠢ ᠪᠠᠶᠢᠬᠤ︔             ︵ᠲᠠᠪᠤ︶ ᠲᠥᠬᠦᠭᠡᠷᠦᠮᠵᠢ᠂ ᠪᠠᠭᠠᠵᠢ᠂ ᠬᠡᠷᠡᠭᠰᠡᠯ ᠵᠡᠷᠭᠡ ᠲᠥᠬᠦᠭᠡᠷᠦᠮᠵᠢ ᠨᠢ ᠬᠥᠳᠡᠯᠮᠦᠷᠢᠴᠢᠨ ᠤ ᠪᠡᠶ᠎ᠡ ᠮᠠᠬᠠᠪᠤᠳ᠂ ᠰᠡᠳᠬᠢᠴᠡ ᠶᠢᠨ ᠡᠷᠡᠭᠦᠯ ᠮᠡᠨᠳᠤ ᠶᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔             ︵ᠵᠢᠷᠭᠤᠭ᠎ᠠ︶ ᠬᠥᠳᠡᠯᠮᠦᠷᠢᠴᠢᠳ ᠤᠨ ᠡᠷᠡᠭᠦᠯ ᠮᠡᠨᠳᠦ ᠶᠢ ᠬᠠᠮᠠᠭᠠᠯᠠᠬᠤ ᠲᠤᠬᠠᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠪᠤᠰᠤᠳ ᠱᠠᠭᠠᠷᠳᠠᠯᠭ᠎ᠠ᠃             ᠠᠷᠪᠠᠨ ᠵᠢᠷᠭᠤᠳᠤᠭᠠᠷ ᠵᠦᠢᠯ   ᠤᠯᠤᠰ ᠠᠴᠠ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯᠳᠦ ᠵᠦᠢᠯᠡᠰ ᠢ ᠮᠡᠳᠡᠭᠦᠯᠬᠦ ᠳᠦᠷᠢᠮ ᠢ ᠪᠠᠶᠢᠭᠤᠯᠤᠨ᠎ᠠ᠃             ᠬᠥᠮᠥᠨ ᠬᠡᠷᠡᠭᠯᠡᠬᠦ ᠨᠢᠭᠡᠴᠢ ᠶᠢᠨ ᠠᠵᠢᠯᠯᠠᠬᠤ ᠲᠠᠯᠠᠪᠤᠷ ᠲᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠭᠠᠷᠴᠠᠭ ᠲᠤ ᠵᠢᠭᠰᠠᠭᠠᠭᠰᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ   ᠣᠷᠣᠰᠢᠵᠤ ᠪᠠᠶᠢᠪᠠᠯ᠂ ᠪᠠᠶᠢᠭ᠎ᠠ ᠭᠠᠵᠠᠷ ᠤᠨ ᠢᠶᠠᠨ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠬᠤᠣᠷ ᠬᠥᠨᠥᠭᠡᠯᠳᠦ ᠵᠦᠢᠯᠡᠰ ᠢ ᠴᠠᠭ ᠲᠤᠬᠠᠢ ᠳᠤᠨᠢ ᠦᠨᠡᠨ ᠮᠥᠨ ᠢᠶᠠᠷ ᠨᠢ ᠮᠡᠳᠡᠭᠦᠯᠬᠦ ᠬᠡᠷᠡᠭᠲᠡᠢ᠃                         ᠠᠷᠪᠠᠨ ᠳᠣᠯᠣᠳᠤᠭᠠᠷ ᠵᠦᠢᠯ   ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠪᠠ ᠮᠡᠷᠭᠡᠵᠢᠯ ᠤᠨ ᠥᠭᠡᠷᠡᠴᠢᠯᠡᠯᠲᠡ ᠬᠢᠬᠦ᠂ ᠮᠡᠷᠭᠡᠵᠢᠯ ᠢ ᠣᠷᠣᠭᠤᠯᠬᠤ ᠵᠦᠢᠯᠡᠰ ︵ᠳᠣᠷᠣᠭᠰᠢ ᠪᠦᠲᠦᠭᠡᠨ ᠪᠠᠶᠢᠭᠤᠯᠤᠯᠲᠠ ᠶᠢᠨ ᠵᠦᠢᠯᠡᠰ ᠭᠡᠵᠦ ᠶᠡᠷᠦᠩᠬᠡᠶᠢᠯᠡᠨ ᠨᠡᠷᠡᠶᠢᠳᠦᠨ᠎ᠡ︶᠎ ᠨᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠬᠡᠵᠦ ᠮᠡᠳᠡᠬᠦ ᠳᠤ ᠬᠦᠷᠪᠡᠯ᠂ ᠪᠦᠲᠦᠭᠡᠨ ᠪᠠᠶᠢᠭᠤᠯᠬᠤ ᠨᠢᠭᠡᠴᠢ ᠨᠢ ᠪᠣᠯᠣᠮᠵᠢᠲᠤ ᠨᠤᠲᠠᠯᠠᠯᠲᠠ ᠶᠢᠨ ᠱᠠᠲᠤᠨ ᠳᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠲᠤᠬᠠᠢ ᠤᠷᠢᠳᠴᠢᠯᠠᠭᠰᠠᠨ ᠦᠨᠡᠯᠡᠯᠲᠡ ᠬᠢᠬᠦ ᠬᠡᠷᠡᠭᠲᠡᠢ᠃             ᠡᠮ ᠡᠮᠨᠡᠯᠭᠡ ᠶᠢᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠨᠢ ᠰᠠᠴᠤᠷᠠᠭ ᠴᠢᠨᠠᠷᠲᠠᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠬᠡᠵᠦ ᠮᠡᠳᠡᠬᠦ ᠳᠤ ᠬᠦᠷᠪᠡᠯ᠂ ᠪᠦᠲᠦᠭᠡᠨ ᠪᠠᠶᠢᠭᠤᠯᠬᠤ ᠨᠢᠭᠡᠴᠢ ᠨᠢ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠰᠠᠴᠤᠷᠠᠭ ᠴᠢᠨᠠᠷᠲᠠᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠢ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠷᠢᠳᠴᠢᠯᠠᠨ ᠦᠨᠡᠯᠡᠭᠰᠡᠨ ᠮᠡᠳᠡᠭᠦᠯᠦᠯᠲᠡ ᠶᠢ ᠣᠯᠣᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠬᠢᠨᠠᠨ ᠬᠠᠷᠭᠤᠭᠤᠯᠤᠭᠰᠠᠨ ᠲᠣᠭᠲᠠᠭᠠᠯ ᠭᠠᠷᠭᠠᠬᠤ ᠶᠢᠨ ᠬᠠᠮᠲᠤ ᠪᠦᠲᠦᠭᠡᠨ ᠪᠠᠶᠢᠭᠤᠯᠬᠤ ᠨᠢᠭᠡᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃ ᠤᠷᠢᠳᠴᠢᠯᠠᠨ ᠦᠨᠡᠯᠡᠭᠰᠡᠨ ᠮᠡᠳᠡᠭᠦᠯᠦᠯᠲᠡ ᠪᠠᠨ ᠲᠤᠰᠢᠶᠠᠭᠰᠠᠨ ᠦᠭᠡᠢ ᠪᠤᠶᠤ ᠤᠷᠢᠳᠴᠢᠯᠠᠨ ᠦᠨᠡᠯᠡᠭᠰᠡᠨ ᠮᠡᠳᠡᠭᠦᠯᠦᠯᠲᠡ ᠪᠠᠨ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠤᠯᠵᠤ ᠵᠥᠪᠰᠢᠶᠡᠷᠡᠭᠦᠯᠦᠭᠰᠡᠨ ᠦᠭᠡᠢ ᠪᠠᠶᠢᠪᠠᠯ᠂ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠪᠣᠯᠬᠤ ᠦᠭᠡᠢ᠃             ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠢ ᠤᠷᠢᠳᠴᠢᠯᠠᠨ ᠦᠨᠡᠯᠡᠭᠰᠡᠨ ᠮᠡᠳᠡᠭᠦᠯᠦᠯᠲᠡ ᠳᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠡᠭᠦᠰᠴᠦ ᠮᠡᠳᠡᠬᠦ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ   ᠵᠢᠴᠢ ᠲᠡᠭᠦᠨ ᠤ ᠠᠵᠢᠯᠯᠠᠬᠤ ᠲᠠᠯᠠᠪᠤᠷ ᠪᠠ ᠬᠥᠳᠡᠯᠮᠦᠷᠢᠴᠢᠨ ᠤ ᠡᠷᠡᠭᠦᠯ ᠮᠡᠨᠳᠤ ᠳᠤ ᠦᠵᠡᠭᠦᠯᠬᠦ ᠨᠥᠯᠥᠭᠡ ᠶᠢ ᠦᠨᠡᠯᠡᠵᠦ᠂ ᠬᠤᠣᠷ ᠬᠥᠨᠥᠭᠡᠯ ᠤᠨ ᠲᠦᠷᠦᠯ ᠵᠦᠢᠯ   ᠪᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠠᠮᠤᠷᠤᠨ᠎ᠠ᠃                         ᠠᠷᠪᠠᠨ ᠨᠠᠢᠮᠠᠳᠤᠭᠠᠷ ᠵᠦᠢᠯ   ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠲᠥᠬᠦᠭᠡᠷᠦᠮᠵᠢ ᠳᠤ ᠬᠡᠷᠡᠭᠰᠡᠬᠦ ᠵᠠᠷᠤᠳᠠᠯ ᠢ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠠᠷᠢᠯᠭ᠎ᠠ ᠶᠢᠨ ᠲᠥᠰᠥᠪ ᠲᠤ ᠣᠷᠣᠭᠤᠯᠬᠤ ᠶᠢᠨ ᠬᠠᠮᠲᠤ ᠭᠤᠣᠯ ᠴᠣᠭᠴᠠᠲᠤ ᠪᠠᠷᠢᠯᠭ᠎ᠠ ᠲᠠᠢ ᠪᠠᠨ ᠬᠠᠮᠲᠤ ᠳᠤᠨᠢ ᠵᠢᠷᠤᠵᠤ ᠲᠥᠯᠥᠪᠯᠡᠨ᠂ ᠬᠠᠮᠲᠤ ᠳᠤᠨᠢ ᠪᠠᠷᠢᠵᠤ᠂ ᠬᠠᠮᠲᠤ ᠳᠤᠨᠢ ᠦᠢᠯᠡᠳᠪᠦᠷᠢᠯᠡᠯ ᠪᠠ ᠬᠡᠷᠡᠭᠯᠡᠭᠡᠨ ᠳᠤ ᠣᠷᠣᠭᠤᠯᠬᠤ ᠬᠡᠷᠡᠭᠲᠡᠢ᠃             ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠨᠢ ᠤᠯᠤᠰ ᠤᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠭᠦᠯ ᠬᠠᠮᠠᠭᠠᠯᠠᠯ ᠤᠨ ᠡᠭᠦᠨ ᠳᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠰᠠᠴᠤᠷᠠᠭ ᠴᠢᠨᠠᠷᠲᠠᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠨᠢ ᠬᠦᠨᠳᠦ ᠨᠣᠴᠢᠲᠠᠢ ᠪᠠᠶᠢᠳᠠᠭ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠶᠢ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤ ᠲᠠᠷᠠᠭ᠎ᠠ ᠰᠠᠶ᠋ᠢ ᠪᠠᠶᠢᠭᠤᠯᠵᠤ ᠪᠣᠯᠣᠨ᠎ᠠ᠃             ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠪᠠᠷᠢᠵᠤ ᠳᠠᠭᠤᠰᠬᠠᠭᠠᠳ ᠰᠢᠯᠭᠠᠨ ᠠᠪᠬᠤ ᠠᠴᠠ ᠡᠮᠦᠨ᠎ᠡ᠂ ᠪᠦᠲᠦᠭᠡᠨ ᠪᠠᠶᠢᠭᠤᠯᠬᠤ ᠨᠢᠭᠡᠴᠢ ᠨᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠢ ᠬᠢᠵᠠᠭᠠᠷᠯᠠᠭᠰᠠᠨ ᠦᠷ᠎ᠡ ᠪᠦᠲᠦᠮᠵᠢ ᠶᠢᠨ ᠲᠤᠬᠠᠢ ᠦᠨᠡᠯᠡᠯᠲᠡ ᠬᠢᠬᠦ ᠬᠡᠷᠡᠭᠲᠡᠢ᠃             ᠡᠮ ᠡᠮᠨᠡᠯᠭᠡ ᠶᠢᠨ ᠪᠠᠶᠢᠭᠤᠯᠤᠮᠵᠢ ᠶᠢᠨ ᠰᠠᠴᠤᠷᠠᠭ ᠴᠢᠨᠠᠷᠲᠠᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠬᠡᠵᠦ ᠮᠡᠳᠡᠬᠦ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠠᠪᠬᠤ ᠦᠶ᠎ᠡ ᠳᠤ᠂ ᠰᠠᠴᠤᠷᠠᠭ ᠴᠢᠨᠠᠷᠲᠠᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠲᠥᠬᠦᠭᠡᠷᠦᠮᠵᠢ ᠶᠢ ᠨᠢ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠰᠢᠯᠭᠠᠨ ᠠᠪᠤᠭᠤᠯᠵᠤ ᠬᠢᠷᠢ ᠲᠡᠩᠴᠡᠭᠰᠡᠨ ᠤ ᠪᠤᠰᠤᠳ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠨᠢᠭᠡᠴᠢ ᠠᠴᠠ ᠬᠠᠷᠢᠭᠤᠴᠠᠵᠤ ᠪᠠᠶᠢᠭᠠᠳ ᠬᠠᠤᠯᠢ ᠶᠣᠰᠣᠭᠠᠷ ᠵᠣᠬᠢᠶᠠᠨ ᠪᠠᠶᠢᠭᠤᠯᠵᠤ ᠰᠢᠯᠭᠠᠨ ᠠᠪᠬᠤ ᠬᠡᠷᠡᠭᠲᠡᠢ᠂ ᠰᠢᠯᠭᠠᠨ ᠠᠪᠬᠤ ᠳᠤ ᠬᠢᠷᠢ ᠲᠡᠩᠴᠡᠭᠰᠡᠨ ᠤ ᠲᠠᠷᠠᠭ᠎ᠠ ᠰᠠᠶ᠋ᠢ ᠲᠡᠭᠦᠨ ᠢ ᠦᠢᠯᠡᠳᠪᠦᠷᠢᠯᠡᠯ ᠪᠠ ᠬᠡᠷᠡᠭᠯᠡᠭᠡᠨ ᠳᠤ ᠣᠷᠣᠭᠤᠯᠵᠤ ᠪᠣᠯᠣᠨ᠎ᠠ᠃ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠪᠦᠲᠦᠭᠡᠨ ᠪᠠᠶᠢᠭᠤᠯᠬᠤ ᠨᠢᠭᠡᠴᠢ ᠶᠢᠨ ᠵᠣᠬᠢᠶᠠᠨ ᠪᠠᠶᠢᠭᠤᠯᠤᠭᠰᠠᠨ ᠰᠢᠯᠭᠠᠨ ᠠᠪᠬᠤ ᠠᠵᠢᠯᠯᠠᠭ᠎ᠠ ᠪᠠ ᠰᠢᠯᠭᠠᠨ ᠠᠪᠤᠭᠰᠠᠨ ᠦᠷ᠎ᠡ ᠳ᠋ᠦᠩ ᠢ ᠬᠢᠨᠠᠵᠤ ᠪᠠᠶᠢᠴᠠᠭᠠᠬᠤ ᠠᠵᠢᠯ ᠢᠶᠠᠨ ᠴᠢᠩᠭᠠᠳᠬᠠᠬᠤ ᠬᠡᠷᠡᠭᠲᠡᠢ᠃             ᠠᠷᠪᠠ ᠶᠢᠰᠦᠳᠦᠭᠡᠷ ᠵᠦᠢᠯ   ᠤᠯᠤᠰ ᠠᠴᠠ ᠰᠠᠴᠤᠷᠠᠭ ᠢᠳᠡᠪᠬᠢ ᠴᠢᠨᠠᠷᠲᠠᠢ᠂ ᠬᠤᠣᠷ ᠶᠡᠬᠡᠲᠡᠢ᠂ ᠠᠶᠤᠯ ᠶᠡᠬᠡᠲᠡᠢ ᠨᠤᠨᠳᠠᠭ ᠲᠣᠭᠤᠰᠣ ᠲᠠᠢ ᠵᠡᠷᠭᠡ ᠠᠵᠢᠯ ᠢ ᠬᠢᠬᠦ ᠳᠤ ᠣᠨᠴᠠᠭᠠᠶ ᠬᠠᠮᠢᠶᠠᠷᠤᠯᠲᠠ ᠶᠠᠪᠤᠭᠤᠯᠤᠨ᠎ᠠ᠃ ᠪᠣᠳᠠᠲᠠᠢ ᠬᠠᠮᠢᠶᠠᠷᠤᠯᠲᠠ ᠶᠢᠨ ᠠᠷᠭ᠎ᠠ ᠶᠢ ᠲᠥᠷᠥ ᠶᠢᠨ ᠶᠠᠪᠤᠳᠠᠯ ᠤᠨ             ᠭᠤᠷᠪᠠᠳᠤᠭᠠᠷ ᠪᠦᠯᠦᠭ   ᠬᠥᠳᠡᠯᠮᠦᠷᠢ ᠶᠢᠨ ᠶᠠᠪᠤᠴᠠ ᠳᠠᠬᠢ ᠬᠠᠮᠠᠭᠠᠯᠠᠯᠲᠠ ᠪᠠ ᠬᠠᠮᠢᠶᠠᠷᠤᠯᠲᠠ             ᠬᠤᠷᠢᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠨᠦᠭᠦᠳ ᠢ ᠠᠪᠬᠤ ᠬᠡᠷᠡᠭᠲᠡᠢ᠄             ︵ᠨᠢᠭᠡ︶ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠪᠤᠶᠤ ᠵᠢᠭᠠᠨ ᠲᠣᠭᠲᠠᠭᠠᠵᠤ᠂ ᠲᠤᠰᠬᠠᠢ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯᠲᠠᠨ ᠢ ᠲᠣᠬᠢᠷᠠᠭᠤᠯᠵᠤ᠂ ᠲᠤᠰ ᠨᠢᠭᠡᠴᠢ ᠶᠢᠨ ᠢᠶᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠭᠤᠯᠬᠤ ;             ︵ᠬᠤᠶᠠᠷ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠲᠥᠯᠥᠪᠯᠡᠭᠡ ᠪᠠ ᠬᠡᠷᠡᠭᠵᠢᠭᠦᠯᠬᠦ ᠲᠥᠰᠥᠯ ᠢ ᠲᠣᠭᠲᠠᠭᠠᠨ᠎ᠠ︔             ︵ᠭᠤᠷᠪᠠ︶ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ ᠪᠠ ᠠᠵᠢᠯᠯᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ︔             ︵ᠳᠥᠷᠪᠡ︶ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠲᠡᠩᠰᠠ ᠡᠪᠬᠡᠮᠡᠯ ᠪᠠ ᠬᠥᠳᠡᠯᠮᠦᠷᠢᠴᠢᠳ ᠤᠨ ᠡᠷᠡᠭᠦᠯ ᠮᠡᠡᠳᠦ ᠶᠢ ᠬᠢᠨᠠᠨ ᠬᠠᠮᠠᠭᠠᠯᠠᠬᠤ ᠲᠡᠩᠰᠠ ᠡᠪᠬᠡᠮᠡᠯ ᠢ ᠪᠠᠶᠢᠭᠤᠯᠤᠨ ᠲᠡᠭᠦᠯᠳᠡᠷᠵᠢᠭᠦᠯᠬᠦ︔             ︵ᠲᠠᠪᠤ︶ ᠠᠵᠢᠯᠯᠠᠬᠤ ᠲᠠᠯᠠᠪᠤᠷ ᠲᠠᠬᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠢ ᠬᠢᠨᠠᠨ ᠬᠡᠮᠵᠢᠬᠦ ᠪᠠ ᠦᠨᠡᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ;             ︵ᠵᠢᠷᠭᠤᠭ᠎ᠠ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠡ᠊ᠨᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠴᠤ ᠠᠪᠤᠷᠠᠨ ᠲᠤᠰᠠᠯᠠᠬᠤ ᠤᠷᠢᠳᠴᠢᠯᠠᠭᠰᠠᠨ ᠲᠥᠰᠥᠯ ᠢ ᠪᠠᠶᠢᠭᠤᠯᠤᠨ ᠲᠡᠭᠦᠯᠳᠡᠷᠵᠢᠭᠦᠯᠬᠦ᠃             ᠬᠤᠷᠢᠨ ᠨᠢᠭᠡᠳᠦᠭᠡᠷ ᠵᠦᠢᠯ   ᠬᠥᠮᠥᠨ ᠬᠡᠷᠡᠭᠯᠡᠬᠦ ᠨᠢᠭᠡᠴᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠳᠤ ᠬᠡᠷᠡᠭᠰᠡᠬᠦ ᠪᠡᠯᠡ ᠮᠥᠩᠭᠦᠨ ᠤ ᠣᠷᠣᠭᠤᠯᠤᠯᠲᠠ ᠶᠢ ᠪᠠᠲᠤᠯᠠᠬᠤ ᠬᠡᠷᠡᠭᠲᠡᠢ᠂ ᠰᠢᠬᠠᠨ ᠡᠵᠡᠯᠡᠵᠦ᠂ ᠨᠡᠭᠦᠯᠭᠡᠨ ᠬᠡᠷᠡᠭᠯᠡᠵᠦ ᠪᠣᠯᠬᠤ ᠦᠭᠡᠢ ᠪᠥᠭᠡᠳ ᠪᠡᠯᠡ ᠮᠥᠩᠭᠦᠨ ᠤ ᠣᠷᠣᠭᠤᠯᠤᠯᠲᠠ ᠭᠦᠢᠴᠡᠳ ᠦᠭᠡᠢ ᠠᠴᠠ ᠪᠣᠯᠤᠭᠰᠠᠨ ᠦᠷ᠎ᠡ ᠤᠷᠰᠢᠭ ᠲᠤ ᠬᠠᠷᠢᠭᠤᠴᠠᠯᠭ᠎ᠠ ᠡᠭᠦᠷᠭᠡᠯᠡᠨ᠎ᠡ᠃             ᠬᠤᠷᠢᠨ ᠬᠤᠶᠠᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠡᠷᠬᠡᠪᠰᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠪᠦᠲᠦᠮᠵᠢᠲᠡᠶ ᠲᠥᠬᠦᠭᠡᠷᠦᠮᠵᠢ ᠶᠢ ᠬᠡᠷᠡᠭᠯᠡᠬᠦ ᠬᠡᠷᠡᠭᠲᠡᠢ ᠪᠥᠭᠡᠳ ᠬᠥᠳᠡᠯᠮᠦᠷᠢᠴᠢᠨ ᠳᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠬᠤᠪᠢ ᠬᠥᠮᠥᠨ ᠤ ᠬᠡᠷᠡᠭᠰᠡᠯ ᠢ ᠬᠠᠩᠭᠠᠬᠤ ᠬᠡᠷᠡᠭᠲᠡᠢ᠃             ᠬᠥᠮᠥᠨ ᠬᠡᠷᠡᠭᠯᠡᠬᠦ ᠨᠢᠭᠡᠴᠢ ᠠᠴᠠ ᠬᠥᠳᠡᠯᠮᠦᠷᠢᠴᠢᠨ ᠬᠤᠪᠢ ᠬᠥᠮᠥᠨ ᠳᠤ ᠬᠠᠩᠭᠠᠭᠰᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠬᠡᠷᠡᠭᠰᠡᠯ ᠨᠢ ᠡᠷᠬᠡᠪᠰᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ ; ᠱᠠᠭᠠᠷᠳᠠᠯᠭ᠎ᠠ ᠳᠤ ᠨᠡᠶᠢᠴᠡᠬᠦ ᠦᠭᠡᠢ ᠪᠣᠯ ᠬᠡᠷᠡᠭᠯᠡᠵᠦ ᠪᠣᠯᠬᠤ ᠦᠭᠡᠢ᠃             ᠬᠤᠷᠢᠨ ᠭᠤᠷᠪᠠᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠪᠠ ᠬᠥᠳᠡᠯᠮᠦᠷᠢᠴᠢᠳ ᠤᠨ ᠡᠷᠡᠭᠦᠯ ᠮᠡᠨᠳᠤ ᠶᠢ ᠬᠠᠮᠠᠭᠠᠯᠠᠬᠤ ᠳᠤ ᠠᠰᠢᠭᠲᠠᠢ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠲᠤᠨᠤᠭ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠡᠩ ᠲᠡᠷᠢᠭᠦᠨ ᠳᠤ ᠬᠡᠷᠡᠭᠯᠡᠵᠦ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠢᠶᠠᠷ ᠬᠦᠨᠳᠦ ᠨᠣᠴᠢᠲᠠᠢ ᠮᠡᠷᠭᠡᠵᠢᠯ᠂ ᠤᠷᠠᠯᠠᠯ᠂ ᠲᠤᠨᠤᠭ ᠲᠥᠬᠦᠭᠡᠷᠦᠮᠵᠢ᠂ ᠮᠠᠲ᠋ᠧᠷᠢᠶᠠᠯ ᠢ ᠠᠯᠬᠤᠮ ᠠᠯᠬᠤᠮ ᠢᠶᠠᠷ ᠣᠷᠣᠯᠠᠭᠤᠯᠬᠤ ᠬᠡᠷᠡᠭᠲᠡᠢ᠃             ᠬᠤᠷᠢᠨ ᠳᠥᠷᠪᠡᠳᠦᠭᠡᠷ ᠵᠦᠢᠯ   ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠳᠡᠭ ᠬᠥᠮᠥᠨ ᠬᠡᠷᠡᠭᠯᠡᠬᠦ ᠨᠢᠭᠡᠴᠢ ᠢᠯᠡ ᠭᠠᠵᠠᠷ ᠲᠤ ᠠᠯᠪᠠᠨ ᠵᠠᠷ ᠤᠨ ᠰᠠᠮᠪᠠᠷ᠎ᠠ ᠭᠠᠷᠭᠠᠵᠤ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠳᠦᠷᠢᠮ ᠲᠣᠭᠲᠠᠭᠠᠯ᠂ ᠠᠵᠢᠯᠯᠠᠬᠤ ᠳᠦᠷᠢᠮ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠡ᠊ᠨᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠴᠤ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠪᠠ ᠠᠵᠢᠯᠯᠠᠬᠤ ᠲᠠᠯᠠᠪᠤᠷ ᠲᠠᠬᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠢ ᠪᠠᠶᠢᠴᠠᠭᠠᠨ ᠬᠡᠮᠵᠢᠭᠰᠡᠨ ᠦᠷ᠎ᠡ ᠳ᠋ᠦᠩ ᠢ ᠨᠡᠶᠢᠲᠡᠯᠡᠬᠦ ᠬᠡᠷᠡᠭᠲᠡᠢ᠃             ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠬᠦᠨᠳᠦ ᠨᠣᠴᠢᠲᠠᠢ ᠡᠭᠦᠰᠬᠦ ᠠᠵᠢᠯ ᠤᠨ ᠪᠠᠶᠢᠷᠢ ᠳᠤ ᠲᠡᠭᠦᠨ ᠤ ᠢᠯᠡ ᠭᠠᠵᠠᠷ ᠲᠤ ᠰᠡᠷᠡᠮᠵᠢᠯᠡᠭᠦᠯᠬᠦ ᠲᠡᠮᠳᠡᠭ ᠲᠠᠯᠪᠢᠵᠤ᠂ ᠬᠢᠲᠠᠳ ᠦᠰᠦᠭ ᠤᠨ ᠰᠡᠷᠡᠮᠵᠢᠯᠡᠭᠦᠯᠬᠦ ᠲᠣᠳᠣᠷᠬᠠᠶᠢᠯᠠᠯᠲᠠ ᠬᠢᠬᠦ ᠬᠡᠷᠡᠭᠲᠡᠢ᠃ ᠰᠡᠷᠡᠮᠵᠢᠯᠡᠭᠦᠯᠬᠦ ᠲᠣᠳᠣᠷᠬᠠᠶᠢᠯᠠᠯᠲᠠ ᠳᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠬᠦ ᠲᠦᠷᠦᠯ ᠵᠦᠢᠯ  ᠂ ᠦᠷ᠎ᠡ ᠤᠷᠰᠢᠭ᠂ ᠤᠷᠢᠳᠴᠢᠯᠠᠨ ᠰᠡᠷᠭᠡᠶᠢᠯᠡᠬᠦ ᠵᠢᠴᠢ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠴᠤ ᠠᠪᠤᠷᠠᠨ ᠵᠠᠰᠠᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠲᠣᠳᠣᠷᠬᠠᠢ ᠪᠢᠴᠢᠬᠦ ᠬᠡᠷᠡᠭᠲᠡᠢ᠃             ᠬᠤᠷᠢᠨ ᠲᠠᠪᠤᠳᠤᠭᠠᠷ ᠵᠦᠢᠯ   ᠲᠦ᠋ᠷᠭᠡᠨ ᠴᠢᠨᠠᠷᠲᠠᠢ ᠠᠵᠢᠯ ᠮᠡᠷᠭᠡᠵᠢᠯ ᠤᠨ ᠭᠡᠮᠲᠦᠯ ᠭᠠᠷᠴᠤ ᠮᠡᠳᠡᠬᠦ ᠬᠤᠣᠷᠲᠠᠢ᠂ ᠬᠥᠨᠥᠭᠡᠯ ᠲᠠᠢ ᠠᠵᠢᠯ ᠤᠨ ᠲᠠᠯᠠᠪᠤᠷ ᠲᠤ ᠬᠥᠮᠥᠨ ᠬᠡᠷᠡᠭᠯᠡᠬᠦ ᠨᠢᠭᠡᠴᠢ ᠲᠦᠭᠰᠢᠭᠦᠷᠢ ᠮᠡᠳᠡᠭᠦᠯᠬᠦ ᠲᠣᠨᠣᠭᠯᠠᠯ ᠲᠠᠭᠠᠷᠠᠭᠤᠯᠵᠤ᠂ ᠲᠤᠬᠠᠢ ᠶᠢᠨ ᠲᠠᠯᠠᠪᠤᠷ ᠤᠨ ᠲᠦᠷᠭᠡᠨ ᠠᠪᠤᠷᠠᠯᠲᠠ ᠶᠢᠨ ᠬᠡᠷᠡᠭᠰᠡᠯ᠂ ᠤᠬᠢᠶᠠᠵᠤ ᠴᠡᠪᠡᠷᠯᠡᠬᠦ ᠲᠥᠬᠦᠭᠡᠷᠦᠮᠵᠢ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠴᠤ ᠵᠠᠶᠢᠯᠠᠬᠤ ᠵᠠᠮ ᠪᠠ ᠠᠶᠤᠯ ᠭᠠᠳᠠᠭᠰᠢᠯᠠᠭᠤᠯᠬᠤ ᠴᠢᠬᠤᠯᠠ ᠪᠦᠬᠦᠢ ᠣᠷᠣᠨ ᠢ ᠲᠣᠬᠢᠷᠠᠭᠤᠯᠬᠤ ᠬᠡᠷᠡᠭᠲᠡᠢ᠃             ᠰᠠᠴᠤᠷᠠᠭ ᠢᠳᠡᠪᠬᠢ ᠠᠵᠢᠯ ᠤᠨ ᠲᠠᠯᠠᠪᠤᠷ ᠪᠠ ᠰᠠᠴᠤᠷᠠᠭ ᠢᠳᠡᠪᠬᠢ ᠢᠵᠢᠯᠢ ᠪᠠᠶᠢᠷᠢᠲᠤ ᠡᠯᠧᠮᠧᠨ᠋ᠲ ᠢ ᠲᠡᠭᠡᠭᠡᠪᠦᠷᠢᠯᠡᠬᠦ᠂ ᠬᠠᠳᠠᠭᠠᠯᠠᠬᠤ ᠳᠤ ᠬᠥᠮᠥᠨ ᠬᠡᠷᠡᠭᠯᠡᠬᠦ ᠨᠢᠭᠡᠴᠢ ᠡᠷᠬᠡᠪᠰᠢ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠪᠠ ᠲᠦᠭᠰᠢᠭᠦᠷᠢ ᠮᠡᠳᠡᠭᠡᠯᠡᠬᠦ ᠲᠣᠨᠣᠭᠯᠠᠯ ᠲᠣᠬᠢᠷᠠᠭᠤᠯᠵᠤ᠂ ᠰᠠᠴᠤᠷᠠᠭ ᠤᠲᠠᠰᠤ ᠲᠠᠢ ᠣᠶᠢᠷᠠᠳᠬᠤ ᠠᠵᠢᠯᠲᠠᠨ ᠤ ᠬᠤᠪᠢ ᠬᠥᠮᠥᠨ ᠤ ᠡᠮ ᠤᠨ ᠬᠡᠮᠵᠢᠭᠦᠷ ᠵᠡᠭᠦᠬᠦ ᠶᠢ ᠪᠠᠲᠤᠯᠠᠬᠤ ᠬᠡᠷᠡᠭᠲᠡᠢ᠃             ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠲᠤᠨᠤᠭ ᠲᠥᠬᠦᠭᠡᠷᠦᠮᠵᠢ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠴᠤ ᠠᠪᠤᠷᠠᠨ ᠲᠤᠰᠠᠯᠠᠬᠤ ᠲᠥᠬᠦᠭᠡᠷᠦᠮᠵᠢ ᠪᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠬᠤᠪᠢ ᠬᠥᠮᠥᠨ ᠤ ᠬᠡᠷᠡᠭᠰᠡᠯ ᠢ ᠬᠥᠮᠥᠨ ᠬᠡᠷᠡᠭᠯᠡᠬᠦ ᠨᠢᠭᠡᠴᠢ ᠪᠠᠶᠢᠩᠭᠤ ᠶᠢᠨ ᠴᠢᠨᠠᠷᠲᠠᠢ ᠪᠠᠷ ᠬᠠᠮᠠᠭᠠᠯᠠᠵᠤ᠂ ᠪᠠᠶᠢᠴᠠᠭᠠᠨ ᠵᠠᠰᠠᠵᠤ᠂ ᠲᠡᠭᠦᠨ ᠤ ᠴᠢᠳᠠᠮᠵᠢ ᠪᠠ ᠦᠷ᠎ᠡ ᠪᠦᠲᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ᠂ ᠲᠡᠭᠦᠨ ᠤ ᠬᠡᠪ ᠤᠨ ᠪᠠᠶᠢᠳᠠᠯ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠂ ᠳᠤᠷ᠎ᠠ ᠪᠠᠷ ᠢᠶᠠᠨ ᠵᠠᠳᠠᠯᠵᠤ ᠬᠠᠶᠠᠬᠤ ᠪᠤᠶᠤ ᠬᠡᠷᠡᠭᠯᠡᠬᠦ ᠶᠢ ᠨᠢ ᠵᠣᠭᠰᠣᠭᠠᠵᠤ ᠪᠣᠯᠬᠤ ᠦᠭᠡᠢ᠃             ᠬᠤᠷᠢᠨ ᠵᠢᠷᠭᠤᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠲᠤᠰᠬᠠᠢ ᠬᠥᠮᠥᠨ ᠢᠶᠠᠷ ᠬᠠᠷᠢᠭᠤᠴᠠᠭᠤᠯᠤᠭᠰᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠢ ᠡᠳᠦᠷ ᠲᠤᠳᠤᠮ ᠤᠨ ᠬᠢᠨᠠᠨ ᠬᠡᠮᠵᠢᠬᠦ ᠠᠵᠢᠯ ᠢ ᠬᠢᠬᠦ ᠶᠢᠨ ᠬᠠᠮᠲᠤ ᠬᠢᠨᠠᠨ ᠬᠡᠮᠵᠢᠬᠦ ᠰᠢᠰᠲ᠋ᠧᠮ ᠤᠨ ᠬᠡᠪ ᠤᠨ ᠠᠵᠢᠯᠯᠠᠭᠠᠨ ᠤ ᠪᠠᠶᠢᠳᠠᠯ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃             ᠬᠥᠮᠥᠨ ᠬᠡᠷᠡᠭᠯᠡᠬᠦ ᠨᠢᠭᠡᠴᠢ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ᠂ ᠠᠵᠢᠯᠯᠠᠬᠤ ᠲᠠᠯᠠᠪᠤᠷ ᠲᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠢ ᠲᠣᠭᠲᠠᠮᠠᠯ ᠪᠠᠶᠢᠴᠠᠭᠠᠨ ᠰᠢᠯᠭᠠᠭᠰᠠᠨ᠂ ᠦᠨᠡᠯᠡᠭᠰᠡᠨ ᠦᠷ᠎ᠡ ᠳ᠋ᠦᠩ ᠢᠶᠠᠨ ᠬᠥᠮᠥᠨ ᠬᠡᠷᠡᠭᠯᠡᠬᠦ ᠨᠢᠭᠡᠴᠢ ᠶᠢᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠳᠠᠩᠰᠠ ᠡᠪᠬᠡᠮᠡᠯ ᠳᠤ ᠬᠠᠳᠠᠭᠠᠯᠠᠵᠤ᠂ ᠪᠠᠶᠢᠭ᠎ᠠ ᠭᠠᠵᠠᠷ ᠤᠨ ᠢᠶᠠᠨ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠪᠥᠭᠡᠳ ᠬᠥᠳᠡᠯᠮᠦᠷᠢᠴᠢᠨ ᠳᠤ ᠨᠡᠶᠢᠲᠡᠯᠡᠨ᠎ᠡ᠃             ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠢ ᠪᠠᠶᠢᠴᠠᠭᠠᠨ ᠬᠡᠮᠵᠢᠬᠦ᠂ ᠦᠨᠡᠯᠡᠬᠦ ᠠᠵᠢᠯ ᠢ ᠬᠠᠤᠯᠢ ᠶᠣᠰᠣᠭᠠᠷ ᠪᠠᠶᠢᠭᠤᠯᠤᠭᠰᠠᠨ ᠪᠥᠭᠡᠳ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠶᠤ ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠢᠷᠢ ᠬᠡᠮ ᠤᠨ ᠵᠥᠪᠰᠢᠶᠡᠷᠡᠯ ᠣᠯᠭᠤᠭᠰᠠᠨ ᠠᠵᠢᠯ ᠮᠡᠷᠭᠡᠵᠢᠯ ᠤᠨ ᠡᠷᠡᠭᠦᠯ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠭᠰᠡᠨ ᠰᠢᠯᠭᠠᠨ ᠬᠡᠮᠵᠢᠯᠲᠡ᠂ ᠦᠨᠡᠯᠡᠯᠲᠡ ᠨᠢ ᠪᠤᠰᠤᠳᠴᠢ᠂ ᠦᠨᠡᠨ ᠪᠣᠳᠠᠲᠠᠢ ᠪᠠᠶᠢᠬᠤ ᠬᠡᠷᠡᠭᠲᠡᠢ᠃             ᠠᠵᠢᠯᠯᠠᠬᠤ ᠲᠠᠯᠠᠪᠤᠷ ᠲᠠᠬᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ  ᠎ ᠨᠢ ᠤᠯᠤᠰ ᠤᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ᠂ ᠬᠥᠮᠥᠨ ᠬᠡᠷᠡᠭᠯᠡᠬᠦ ᠨᠢᠭᠡᠴᠢ ᠲᠡᠷᠡ ᠳᠠᠷᠤᠢ ᠳᠤᠨᠢ ᠵᠣᠬᠢᠴᠠᠩᠭᠤᠢ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠂ ᠤᠯᠤᠰ ᠤᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠳᠤ ᠮᠥᠨ ᠯᠡ ᠬᠦᠷᠴᠦ ᠳᠡᠶᠢᠯᠬᠦ ᠦᠭᠡᠢ ᠪᠠᠶᠢᠪᠠᠯ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ   ᠣᠷᠣᠰᠢᠵᠤ ᠪᠠᠶᠢᠭ᠎ᠠ ᠠᠵᠢᠯ ᠢᠶᠠᠨ ᠡᠷᠬᠡᠪᠰᠢ ᠵᠣᠭᠰᠤᠭᠠᠬᠤ ᠬᠡᠷᠡᠭᠲᠡᠶ ; ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠢ ᠵᠠᠰᠠᠭᠰᠠᠨ ᠤ ᠳᠠᠷᠠᠭ᠎ᠠ᠂ ᠤᠯᠤᠰ ᠤᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ ᠰᠠᠶ᠋ᠢ ᠳᠠᠬᠢᠵᠤ ᠠᠵᠢᠯᠯᠠᠭᠤᠯᠵᠤ ᠪᠣᠯᠣᠨ᠎ᠠ᠃             ᠬᠤᠷᠢᠨ ᠳᠣᠯᠣᠳᠤᠭᠠᠷ ᠵᠦᠢᠯ   ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠢ ᠪᠠᠶᠢᠴᠠᠭᠠᠨ ᠬᠡᠮᠵᠢᠬᠦ᠂ ᠦᠨᠡᠯᠡᠬᠦ ᠠᠵᠢᠯ ᠢ ᠬᠠᠤᠯᠢ ᠶᠣᠰᠣᠭᠠᠷ ᠬᠢᠬᠦ ᠳᠡᠭᠡᠨ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠬᠦᠯᠢᠶᠡᠨ᠎ᠡ᠃ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃             ᠬᠤᠷᠢᠨ ᠨᠠᠢᠮᠠᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠳᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠴᠦ ᠮᠡᠳᠡᠬᠦ ᠲᠤᠨᠤᠭ ᠲᠥᠬᠦᠭᠡᠷᠦᠮᠵᠢ ᠶᠢ ᠬᠠᠩᠭᠠᠬᠤ ᠳᠤ ᠬᠦᠷᠪᠡᠯ᠂ ᠬᠢᠲᠠᠳ ᠦᠰᠦᠭ ᠤᠨ ᠲᠣᠳᠣᠷᠬᠠᠶᠢᠯᠠᠯᠲᠠ ᠶᠢᠨ ᠪᠢᠴᠢᠭ ᠢ ᠬᠠᠩᠭᠠᠬᠤ ᠶᠢᠨ ᠬᠠᠮᠲᠤ ᠲᠤᠨᠤᠭ ᠲᠥᠬᠦᠭᠡᠷᠦᠮᠵᠢ ᠶᠢᠨ ᠢᠯᠡ ᠬᠠᠷᠠᠭᠳᠠᠬᠤ ᠭᠠᠵᠠᠷ ᠲᠤ ᠰᠡᠷᠡᠮᠵᠢᠯᠡᠭᠦᠯᠬᠦ ᠢᠯᠡᠳᠬᠡᠮᠵᠢ ᠲᠡᠮᠳᠡᠭ ᠲᠠᠯᠪᠢᠵᠤ᠂ ᠬᠢᠲᠠᠳ ᠦᠰᠦᠭ ᠤᠨ ᠰᠡᠷᠡᠮᠵᠢᠯᠡᠭᠦᠯᠬᠦ ᠲᠣᠳᠣᠷᠬᠠᠶᠢᠯᠠᠯᠲᠠ ᠬᠢᠬᠦ ᠬᠡᠷᠡᠭᠲᠡᠢ᠃ ᠰᠡᠷᠡᠮᠵᠢᠯᠡᠭᠦᠯᠬᠦ ᠲᠣᠳᠣᠷᠬᠠᠶᠢᠯᠠᠯᠲᠠ ᠳᠤ ᠲᠤᠨᠤᠭ ᠲᠥᠬᠦᠭᠡᠷᠦᠮᠵᠢ ᠶᠢᠨ ᠴᠢᠳᠠᠮᠵᠢ᠂ ᠡᠭᠦᠰᠴᠦ ᠮᠡᠳᠡᠬᠦ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ᠂ ᠠᠶᠤᠯᠭᠦᠢ ᠪᠠᠷ ᠠᠵᠢᠯᠯᠠᠭᠤᠯᠬᠤ ᠪᠠ ᠬᠠᠮᠠᠭᠠᠯᠠᠬᠤ ᠳᠤ ᠠᠩᠬᠠᠷᠬᠤ ᠵᠦᠢᠯᠡᠰ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠵᠢᠴᠢ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠴᠤ ᠡᠮᠨᠡᠨ ᠵᠠᠰᠠᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠲᠣᠳᠣᠷᠬᠠᠢ ᠪᠢᠴᠢᠭᠰᠡᠨ ᠪᠠᠶᠢᠬᠤ ᠬᠡᠷᠡᠭᠲᠡᠢ᠃             ᠬᠤᠷᠢ ᠶᠢᠰᠦᠳᠦᠭᠡᠷ ᠵᠦᠢᠯ   ᠬᠥᠮᠥᠨ ᠬᠡᠷᠡᠭᠯᠡᠬᠦ ᠨᠢᠭᠡᠴᠢ ᠳᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠢ ᠡᠭᠦᠰᠬᠡᠵᠦ ᠮᠡᠳᠡᠬᠦ ᠬᠢᠮᠢ ᠶᠢᠨ ᠵᠦᠢᠯ  ᠂ ᠰᠠᠴᠤᠷᠠᠭ ᠢᠳᠡᠪᠬᠢ ᠴᠢᠨᠠᠷᠲᠠᠢ ᠢᠵᠢᠯ ᠪᠠᠶᠢᠷᠢᠲᠤ ᠡᠯᠧᠮᠧᠨ᠋ᠲ ᠪᠠ ᠰᠠᠴᠤᠷᠠᠭ ᠢᠳᠡᠪᠬᠢ ᠴᠢᠨᠠᠷᠲᠠᠢ ᠪᠣᠳᠠᠰ ᠠᠭᠤᠯᠤᠭᠰᠠᠨ ᠮᠠᠲ᠋ᠧᠷᠢᠶᠠᠯ ᠢ ᠬᠠᠩᠭᠠᠬᠤ ᠳᠤ ᠬᠦᠷᠪᠡᠯ᠂ ᠬᠢᠲᠠᠳ ᠦᠰᠦᠭ ᠤᠨ ᠲᠣᠳᠣᠷᠬᠠᠶᠢᠯᠠᠯᠲᠠ ᠶᠢᠨ ᠪᠢᠴᠢᠭ ᠢ ᠬᠠᠩᠭᠠᠬᠤ ᠬᠡᠷᠡᠭᠲᠡᠢ᠃ ᠲᠣᠳᠣᠷᠬᠠᠶᠢᠯᠠᠯᠲᠠ ᠶᠢᠨ ᠪᠢᠴᠢᠭ ᠲᠤ ᠦᠢᠯᠡᠳᠬᠦᠨ ᠤ ᠣᠨᠴᠠᠯᠢᠭ ᠰᠢᠨᠵᠢ᠂ ᠭᠤᠣᠯ ᠪᠦᠷᠢᠯᠳᠦᠭᠦᠨ᠂ ᠣᠷᠣᠰᠢᠵᠤ ᠪᠠᠶᠢᠭ᠎ᠠ ᠬᠤᠣᠷ ᠬᠥᠨᠥᠭᠡᠯ ᠲᠠᠢ ᠡᠯᠧᠮᠧᠨ᠋ᠲ᠂ ᠭᠠᠷᠴᠤ ᠮᠡᠳᠡᠬᠦ ᠬᠤᠣᠷ ᠬᠥᠨᠥᠭᠡᠯ ᠤᠨ ᠦᠷ᠎ᠡ ᠤᠷᠰᠢᠭ᠂ ᠠᠶᠤᠯᠭᠦᠢ ᠬᠡᠷᠡᠭᠯᠡᠬᠦ ᠳᠤ ᠠᠩᠬᠠᠷᠬᠤ ᠵᠦᠢᠯ  ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠵᠢᠴᠢ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠴᠤ ᠠᠪᠤᠷᠠᠨ ᠵᠠᠰᠠᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠲᠣᠳᠣᠷᠬᠠᠢ ᠪᠢᠴᠢᠭᠰᠡᠨ ᠪᠠᠶᠢᠬᠤ ᠬᠡᠷᠡᠭᠲᠡᠢ᠃ ᠦᠢᠯᠡᠳᠬᠦᠨ ᠤ ᠪᠣᠭᠤᠳᠠᠯ ᠪᠠᠭᠯᠠᠭ᠎ᠠ ᠳᠤ ᠢᠯᠡ ᠲᠣᠳᠣ ᠰᠡᠷᠡᠮᠵᠢ ᠶᠢᠨ ᠲᠡᠮᠳᠡᠭ ᠪᠠ ᠬᠢᠲᠠᠳ ᠦᠰᠦᠭ ᠤᠨ ᠰᠡᠷᠡᠮᠵᠢ ᠶᠢᠨ ᠲᠣᠳᠣᠷᠬᠠᠶᠢᠯᠠᠯᠲᠠ ᠲᠠᠢ ᠪᠠᠶᠢᠬᠤ ᠬᠡᠷᠡᠭᠲᠡᠢ᠃ ᠳᠡᠭᠡᠷ᠎ᠡ ᠳᠤᠷᠠᠳᠤᠭᠰᠠᠨ ᠮᠠᠲ᠋ᠧᠷᠢᠶᠠᠯ ᠢ ᠬᠠᠳᠠᠭᠠᠯᠠᠬᠤ ᠲᠠᠯᠠᠪᠤᠷ ᠲᠤ ᠲᠣᠭᠲᠠᠭᠰᠠᠨ ᠭᠠᠵᠠᠷ ᠲᠤ ᠠᠶᠤᠯᠲᠠᠢ ᠪᠣᠳᠠᠰ ᠤᠨ ᠢᠯᠡᠳᠬᠡᠮᠵᠢ ᠲᠡᠮᠳᠡᠭ ᠪᠤᠶᠤ ᠰᠠᠴᠤᠷᠠᠭ ᠢᠳᠡᠪᠬᠢ ᠴᠢᠨᠠᠷ ᠤᠨ ᠰᠡᠷᠡᠮᠵᠢ ᠶᠢᠨ ᠢᠯᠡᠳᠬᠡᠮᠵᠢ ᠲᠡᠮᠳᠡᠭ ᠲᠠᠯᠪᠢᠬᠤ ᠬᠡᠷᠡᠭᠲᠡᠢ᠃             ᠤᠯᠤᠰ ᠤᠨ ᠳᠣᠲᠣᠭᠠᠳᠤ ᠳᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠳᠤ ᠬᠤᠯᠪᠣᠭᠳᠠᠬᠤ ᠬᠢᠮᠢ ᠶᠢᠨ ᠮᠠᠲ᠋ᠧᠷᠢᠶᠠᠯ ᠢ ᠠᠩᠬ᠎ᠠ ᠤᠳᠠᠭ᠎ᠠ ᠬᠡᠷᠡᠭᠯᠡᠭᠰᠡᠨ ᠪᠤᠶᠤ ᠠᠩᠬ᠎ᠠ ᠤᠳᠠᠭ᠎ᠠ ᠭᠠᠳᠠᠭᠠᠳᠤ ᠠᠴᠠ ᠣᠷᠣᠭᠤᠯᠬᠤ ᠳᠤ᠂ ᠬᠡᠷᠡᠭᠯᠡᠬᠦ ᠨᠢᠭᠡᠴᠢ ᠪᠤᠶᠤ ᠭᠠᠳᠠᠭᠠᠳᠤ ᠠᠴᠠ ᠣᠷᠣᠭᠤᠯᠬᠤ ᠨᠢᠭᠡᠴᠢ ᠤᠯᠤᠰ ᠤᠨ ᠲᠣᠭᠲᠠᠭᠠᠯ ᠶᠣᠰᠣᠭᠠᠷ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠲᠤᠰ ᠬᠢᠮᠢ ᠶᠢᠨ ᠮᠠᠲ᠋ᠧᠷᠢᠶᠠᠯ ᠤᠨ ᠬᠤᠣᠷᠲᠤ ᠴᠢᠨᠠᠷ ᠤᠨ ᠬᠢᠨᠠᠨ ᠲᠣᠭᠲᠠᠭᠠᠯᠲᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠪᠦᠷᠢᠳᠬᠡᠭᠦᠯᠵᠦ ᠳᠠᠩᠰᠠᠯᠠᠭᠤᠯᠤᠭᠰᠠᠨ ᠪᠤᠶᠤ ᠭᠠᠳᠠᠭᠠᠳᠤ ᠠᠴᠠ ᠣᠷᠣᠭᠤᠯᠬᠤ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠵᠡᠷᠭᠡ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠢ᠃             ᠰᠠᠴᠤᠷᠠᠭ ᠴᠢᠨᠠᠷᠲᠠᠢ ᠢᠵᠢᠯ ᠪᠠᠶᠢᠷᠢᠲᠤ ᠡᠯᠧᠮᠧᠨ᠋ᠲ᠂ ᠰᠠᠴᠤᠷᠠᠭ ᠤᠨ ᠲᠣᠨᠣᠭᠯᠠᠯ ᠪᠠ ᠰᠠᠴᠤᠷᠠᠭ ᠴᠢᠨᠠᠷᠲᠠᠢ ᠪᠣᠳᠠᠰ ᠠᠭᠤᠯᠤᠭᠰᠠᠨ ᠡᠳ᠋ ᠪᠣᠳᠠᠰ ᠢ ᠭᠠᠳᠠᠭᠠᠳᠤ ᠠᠴᠠ ᠣᠷᠣᠭᠤᠯᠬᠤ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃             ᠭᠤᠴᠢᠳᠤᠭᠠᠷ ᠵᠦᠢᠯ   ᠶᠠᠮᠠᠷᠪᠠ ᠨᠢᠭᠡᠴᠢ ᠪᠠ ᠬᠤᠪᠢ ᠬᠥᠮᠥᠨ ᠤᠯᠤᠰ ᠠᠴᠠ ᠲᠣᠳᠣᠷᠬᠠᠢ ᠵᠠᠷᠯᠢᠭ ᠢᠶᠠᠷ ᠬᠡᠷᠡᠭᠯᠡᠬᠦ ᠶᠢ ᠴᠠᠭᠠᠵᠠᠯᠠᠭᠰᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠴᠦ ᠮᠡᠳᠡᠬᠦ ᠲᠤᠨᠤᠭ ᠲᠥᠬᠦᠭᠡᠷᠦᠮᠵᠢ ᠪᠤᠶᠤ ᠮᠠᠲ᠋ᠧᠷᠢᠶᠠᠯ ᠢ ᠦᠢᠯᠡᠳᠪᠦᠷᠢᠯᠡᠵᠦ᠂ ᠡᠵᠡᠩᠨᠡᠵᠦ᠂ ᠭᠠᠳᠠᠭᠠᠳᠤ ᠠᠴᠠ ᠣᠷᠣᠭᠤᠯᠵᠤ᠂ ᠬᠡᠷᠡᠭᠯᠡᠵᠦ ᠪᠣᠯᠬᠤ ᠦᠭᠡᠢ᠃             ᠭᠤᠴᠢᠨ ᠨᠢᠭᠡᠳᠦᠭᠡᠷ ᠵᠦᠢᠯ   ᠶᠠᠮᠠᠷᠪᠠ ᠨᠢᠭᠡᠴᠢ ᠪᠠ ᠬᠤᠪᠢ ᠬᠥᠮᠥᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠬᠦ ᠠᠵᠢᠯ ᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ ᠨᠢᠭᠡᠴᠢ ᠪᠠ ᠬᠤᠪᠢ ᠬᠥᠮᠥᠨ ᠳᠤ ᠰᠢᠯᠵᠢᠭᠦᠯᠦᠨ ᠥᠭᠴᠦ ᠪᠣᠯᠬᠤ ᠦᠭᠡᠢ᠃ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ ᠨᠢᠭᠡᠴᠢ ᠪᠠ ᠬᠤᠪᠢ ᠬᠥᠮᠥᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠬᠦ ᠠᠵᠢᠯ ᠢ ᠭᠥᠯᠢᠶᠡᠨ ᠠᠪᠴᠤ ᠪᠣᠯᠬᠤ ᠦᠭᠡᠢ᠃             ᠭᠤᠴᠢᠨ ᠬᠤᠶᠠᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠬᠡᠷᠡᠭᠯᠡᠭᠰᠡᠨ ᠮᠡᠷᠭᠡᠵᠢᠯ᠂ ᠤᠷᠠᠯᠠᠯ᠂ ᠲᠤᠨᠤᠭ ᠲᠥᠬᠦᠭᠡᠷᠦᠮᠵᠢ᠂ ᠮᠠᠲ᠋ᠧᠷᠢᠶᠠᠯ ᠤᠨ ᠢᠶᠠᠨ ᠡᠭᠦᠰᠬᠡᠭᠰᠡᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠢ ᠮᠡᠳᠡᠵᠦ ᠠᠪᠬᠤ ᠬᠡᠷᠡᠭᠲᠡᠢ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠲᠠᠢ ᠮᠡᠷᠭᠡᠵᠢᠯ᠂ ᠤᠷᠠᠯᠠᠯ᠂ ᠲᠤᠨᠤᠭ ᠲᠥᠬᠦᠭᠡᠷᠦᠮᠵᠢ᠂ ᠮᠠᠲ᠋ᠧᠷᠢᠶᠠᠯ ᠤᠨ ᠢᠶᠠᠨ ᠬᠤᠣᠷ ᠬᠥᠨᠥᠭᠡᠯ ᠢ ᠨᠢᠭᠤᠨ ᠳᠠᠯᠳᠠᠯᠠᠵᠤ ᠪᠠᠶᠢᠭᠠᠳ ᠬᠡᠷᠡᠭᠯᠡᠭᠰᠡᠨ ᠪᠠᠶᠢᠪᠠᠯ᠂ ᠲᠡᠭᠦᠨ ᠠᠴᠠ ᠪᠣᠯᠤᠭᠰᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠦᠷ᠎ᠡ ᠤᠷᠰᠢᠭ ᠲᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃             ᠭᠤᠴᠢᠨ ᠭᠤᠷᠪᠠᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠨᠢ ᠬᠥᠳᠡᠯᠮᠦᠷᠢᠴᠢᠨ ᠲᠠᠢ ᠬᠥᠳᠡᠯᠮᠦᠷᠢ ᠶᠢᠨ ᠭᠡᠷ᠎ᠡ ︵ᠤᠷᠢᠵᠤ ᠬᠡᠷᠡᠭᠯᠡᠬᠦ ᠭᠡᠷ᠎ᠡ ᠪᠠᠭᠲᠠᠨ᠎ᠠ᠂ ᠳᠣᠷᠣᠭᠰᠢ ᠠᠳᠠᠯᠢ︶ ᠲᠣᠭᠲᠠᠭᠠᠬᠤ ᠳᠠᠭᠠᠨ ᠠᠵᠢᠯᠯᠠᠬᠤ ᠶᠠᠪᠤᠴᠠ ᠳᠤ ᠡᠭᠦᠰᠴᠦ ᠮᠡᠳᠡᠬᠦ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠵᠢᠴᠢ ᠲᠡᠭᠦᠨ ᠤ ᠦᠷ᠎ᠡ ᠤᠷᠰᠢᠭ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠠᠷᠭ᠎ᠠ ᠬᠡᠮᠵᠢᠶ᠎ᠡ ᠪᠠ ᠣᠯᠭᠤᠮᠵᠢ ᠬᠠᠷᠠᠭᠠᠯᠵᠠᠯ ᠵᠡᠷᠭᠡ ᠶᠢ ᠬᠥᠳᠡᠯᠮᠦᠷᠢᠴᠢᠨ ᠳᠤ ᠦᠨᠡᠨ ᠮᠥᠨ ᠢᠶᠠᠷ ᠨᠢ ᠬᠡᠯᠡᠵᠦ ᠥᠭᠬᠦ ᠶᠢᠨ ᠬᠠᠮᠲᠤ ᠬᠥᠳᠡᠯᠮᠦᠷᠢ ᠶᠢᠨ ᠭᠡᠷ᠎ᠡ ᠳᠡᠭᠡᠨ ᠲᠣᠳᠣᠷᠬᠠᠢ ᠪᠢᠴᠢᠬᠦ ᠬᠡᠷᠡᠭᠲᠡᠢ᠂ ᠨᠢᠭᠤᠨ ᠳᠠᠯᠳᠠᠯᠠᠬᠤ ᠪᠤᠶᠤ ᠬᠠᠭᠤᠷᠤᠨ ᠮᠡᠬᠡᠯᠡᠵᠦ ᠪᠣᠯᠬᠤ ᠦᠭᠡᠢ᠃             ᠬᠥᠳᠡᠯᠮᠦᠷᠢᠴᠢᠨ ᠨᠢᠭᠡᠨᠲᠡ ᠬᠥᠳᠡᠯᠮᠦᠷᠢ ᠶᠢᠨ ᠭᠡᠷ᠎ᠡ ᠲᠣᠭᠲᠠᠭᠠᠭᠰᠠᠨ ᠬᠤᠭᠤᠴᠠᠭᠠᠨ ᠳᠤ ᠠᠵᠢᠯ ᠤᠨ ᠪᠠᠶᠢᠷᠢ ᠪᠤᠶᠤ ᠠᠵᠢᠯ ᠤᠨ ᠠᠭᠤᠯᠭ᠎ᠠ ᠶᠢᠨ ᠬᠤᠪᠢᠷᠠᠯᠲᠠ ᠠᠴᠠ ᠪᠣᠯᠵᠤ᠂ ᠬᠥᠳᠡᠯᠮᠦᠷᠢ ᠶᠢᠨ ᠭᠡᠷ᠎ᠡ ᠳᠡᠭᠡᠨ ᠮᠡᠳᠡᠭᠳᠡᠭᠰᠡᠨ ᠦᠭᠡᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠲᠠᠢ ᠠᠵᠢᠯ ᠢ ᠬᠢᠬᠦ ᠳᠤ ᠬᠦᠷᠪᠡᠯ᠂ ᠬᠥᠮᠥᠨ ᠬᠡᠷᠡᠭᠯᠡᠬᠦ ᠨᠢᠭᠡᠴᠢ ᠨᠢ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠬᠥᠳᠡᠯᠮᠦᠷᠢᠴᠢᠨ ᠳᠤ ᠦᠨᠡᠨ ᠮᠥᠨ ᠢᠶᠠᠷ ᠨᠢ ᠮᠡᠳᠡᠭᠳᠡᠬᠦ ᠡᠭᠦᠷᠭᠡ ᠶᠢ ᠭᠦᠢᠴᠡᠳᠬᠡᠬᠦ ᠬᠡᠷᠡᠭᠲᠡᠢ ᠪᠥᠭᠡᠳ ᠤᠤᠯ ᠤᠨ ᠬᠥᠳᠡᠯᠮᠦᠷᠢ ᠶᠢᠨ ᠭᠡᠷ᠎ᠡ ᠶᠢᠨ ᠬᠤᠯᠪᠣᠭᠳᠠᠯ ᠪᠦᠬᠦᠢ ᠵᠦᠢᠯ   ᠪᠠᠳᠠᠭ ᠢ ᠵᠥᠪᠳᠡᠯᠴᠡᠵᠦ ᠪᠠᠶᠢᠭᠠᠳ ᠬᠤᠪᠢᠷᠠᠭᠤᠯᠬᠤ ᠬᠡᠷᠡᠭᠲᠡᠢ᠃             ᠬᠥᠮᠥᠨ ᠬᠡᠷᠡᠭᠯᠡᠬᠦ ᠨᠢᠭᠡᠴᠢ ᠡᠮᠦᠨᠡᠬᠢ ᠬᠤᠶᠠᠷ ᠪᠠᠳᠠᠭ ᠤᠨ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠥᠳᠡᠯᠮᠦᠷᠢᠴᠢᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠲᠠᠢ ᠠᠵᠢᠯ ᠢ ᠬᠢᠬᠦ ᠶᠢ ᠲᠡᠪᠴᠢᠬᠦ ᠡᠷᠬᠡ ᠲᠠᠢ᠂ ᠬᠥᠮᠥᠨ ᠬᠡᠷᠡᠭᠯᠡᠬᠦ ᠨᠢᠭᠡᠴᠢ ᠡᠭᠦᠨ ᠠᠴᠠ ᠪᠣᠯᠵᠤ ᠬᠥᠳᠡᠯᠮᠦᠷᠢᠴᠢᠨ ᠲᠠᠢ ᠲᠣᠭᠲᠠᠭᠠᠭᠰᠠᠨ ᠬᠥᠳᠡᠯᠮᠦᠷᠢ ᠶᠢᠨ ᠭᠡᠷ᠎ᠡ ᠶᠢ ᠴᠤᠴᠠᠯᠵᠤ ᠪᠣᠯᠬᠤ ᠦᠭᠡᠢ᠃             ᠭᠤᠴᠢᠨ ᠳᠥᠷᠪᠡᠳᠦᠭᠡᠷ ᠵᠦᠢᠯ   ᠬᠥᠮᠥᠨ ᠬᠡᠷᠡᠭᠯᠡᠬᠦ ᠨᠢᠭᠡᠴᠢ ᠶᠢᠨ ᠭᠤᠣᠯ ᠬᠠᠷᠢᠭᠤᠴᠠᠯᠭᠠᠲᠠᠨ ᠪᠠ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯᠲᠠᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠣᠯᠪᠠᠰᠤᠷᠠᠯ ᠢ ᠬᠦᠷᠲᠡᠵᠦ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠵᠤ᠂ ᠲᠤᠰ ᠨᠢᠭᠡᠴᠢ ᠶᠢᠨ ᠢᠶᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠬᠡᠷᠡᠭᠲᠡᠢ᠃             ᠬᠥᠮᠥᠨ ᠬᠡᠷᠡᠭᠯᠡᠬᠦ ᠨᠢᠭᠡᠴᠢ ᠬᠥᠳᠡᠯᠮᠦᠷᠢᠴᠢᠨ ᠳᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠣᠯᠪᠠᠰᠤᠷᠠᠯ ᠪᠠ ᠠᠵᠢᠯ ᠤᠨ ᠪᠠᠶᠢᠷᠢ ᠳᠤ ᠪᠠᠶᠢᠬᠤ ᠬᠤᠭᠤᠴᠠᠭᠠᠨ ᠳᠠᠬᠢ ᠲᠣᠭᠲᠠᠮᠠᠯ ᠬᠤᠭᠤᠴᠠᠭ᠎ᠠ ᠲᠠᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠣᠯᠪᠠᠰᠤᠷᠠᠯ ᠬᠢᠵᠦ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠮᠡᠳᠡᠯᠭᠡ ᠶᠢ ᠲᠦᠭᠡᠮᠡᠯᠵᠢᠭᠦᠯᠦᠨ᠂ ᠬᠥᠳᠡᠯᠮᠦᠷᠢᠴᠢᠨ ᠢ ᠱᠠᠯᠠᠪᠳᠠᠨ ᠱᠠᠭᠠᠷᠳᠠᠵᠤ ᠪᠠᠶᠢᠭᠠᠳ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠠᠵᠢᠯᠯᠠᠬᠤ ᠳᠦᠷᠢᠮᠵᠢᠯ ᠢ ᠵᠢᠷᠤᠮᠯᠠᠭᠤᠯᠵᠤ᠂ ᠬᠥᠳᠡᠯᠮᠦᠷᠢᠴᠢᠨ ᠢ ᠵᠢᠯᠣᠭᠤᠳᠤᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠲᠥᠬᠦᠭᠡᠷᠦᠮᠵᠢ ᠪᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠬᠤᠪᠢ ᠬᠥᠮᠥᠨ ᠤ ᠬᠡᠷᠡᠭᠰᠡᠯ ᠢ ᠵᠥᠪ ᠢᠶᠠᠷ ᠬᠡᠷᠡᠭᠯᠡᠭᠦᠯᠬᠦ ᠬᠡᠷᠡᠭᠲᠡᠢ᠃             ᠬᠥᠳᠡᠯᠮᠦᠷᠢᠴᠢᠳ ᠬᠤᠯᠪᠣᠭᠳᠠᠯ ᠪᠦᠬᠦᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠮᠡᠳᠡᠯᠭᠡ ᠶᠢ ᠰᠤᠷᠤᠯᠴᠠᠨ ᠡᠵᠡᠮᠰᠢᠵᠦ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠦᠵᠡᠯ ᠤᠬᠠᠮᠰᠠᠷ ᠢᠶᠠᠨ ᠴᠢᠩᠭᠠᠳᠬᠠᠵᠤ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠠᠵᠢᠯᠯᠠᠬᠤ ᠳᠦᠷᠢᠮᠵᠢᠯ ᠢ ᠵᠢᠷᠤᠮᠯᠠᠵᠤ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠲᠥᠬᠦᠭᠡᠷᠦᠮᠵᠢ ᠪᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠬᠤᠪᠢ ᠬᠥᠮᠥᠨ ᠤ ᠬᠡᠷᠡᠭᠰᠡᠯ ᠢ ᠵᠥᠪ ᠢᠶᠠᠷ ᠬᠡᠷᠡᠭᠯᠡᠨ ᠬᠠᠮᠠᠭᠠᠯᠠᠵᠤ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠡ᠊ᠨᠳᠡᠯ ᠭᠠᠷᠬᠤ ᠳᠠᠯᠳᠠ ᠭᠡᠮ ᠢ ᠣᠯᠵᠤ ᠮᠡᠳᠡᠪᠡᠯ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃             ᠬᠥᠳᠡᠯᠮᠦᠷᠢᠴᠢᠨ ᠡᠮᠦᠨᠡᠬᠢ ᠪᠠᠳᠠᠭ ᠲᠤ ᠲᠣᠭᠲᠠᠭᠠᠭᠰᠠᠨ ᠡᠭᠦᠷᠭᠡ ᠶᠢ ᠭᠦᠢᠴᠡᠳᠬᠡᠬᠦ ᠦᠭᠡᠢ ᠪᠠᠶᠢᠪᠠᠯ᠂ ᠬᠥᠮᠥᠨ ᠬᠡᠷᠡᠭᠯᠡᠬᠦ ᠨᠢᠭᠡᠴᠢ ᠠᠴᠠ ᠲᠡᠭᠦᠨ ᠢ ᠰᠤᠷᠭᠠᠨ ᠬᠥᠮᠥᠵᠢᠭᠦᠯᠬᠦ ᠬᠡᠷᠡᠭᠲᠡᠢ᠃             ᠭᠤᠴᠢᠨ ᠲᠠᠪᠤᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠲᠠᠢ ᠣᠶᠢᠷᠠᠲᠤᠬᠤ ᠠᠵᠢᠯ ᠢ ᠬᠢᠵᠦ ᠪᠠᠶᠢᠭ᠎ᠠ ᠬᠥᠳᠡᠯᠮᠦᠷᠢᠴᠢᠨ ᠳᠤ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ᠂ ᠠᠵᠢᠯ ᠤᠨ ᠪᠠᠶᠢᠷᠢ ᠳᠤ ᠪᠠᠶᠢᠬᠤ ᠬᠤᠭᠤᠴᠠᠭᠠᠨ ᠳᠤ ᠪᠠ ᠠᠵᠢᠯ ᠤᠨ ᠪᠠᠶᠢᠷᠢ ᠠᠴᠠ ᠰᠠᠯᠬᠤ ᠦᠶ᠎ᠡ ᠶᠢᠨ ᠠᠵᠢᠯ ᠮᠡᠷᠭᠡᠵᠢᠯ ᠤᠨ ᠡᠷᠡᠭᠦᠯ ᠮᠡᠨᠳᠤ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠬᠡᠷᠡᠭᠲᠡᠢ ᠪᠥᠭᠡᠳ ᠪᠠᠶᠢᠴᠠᠭᠠᠭᠰᠠᠨ ᠦᠷ᠎ᠡ ᠳ᠋ᠦᠩ ᠢᠶᠠᠨ ᠬᠥᠳᠡᠯᠮᠦᠷᠢᠴᠢᠨ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠵᠠᠷᠤᠳᠠᠯ ᠢ ᠬᠥᠮᠥᠨ ᠬᠡᠷᠡᠭᠯᠡᠬᠦ ᠨᠢᠭᠡᠴᠢ ᠳᠠᠭᠠᠭᠠᠨ᠎ᠠ᠃             ᠬᠥᠮᠥᠨ ᠬᠡᠷᠡᠭᠯᠡᠬᠦ ᠨᠢᠭᠡᠴᠢ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ ᠠᠵᠢᠯ ᠮᠡᠷᠭᠡᠵᠢᠯ ᠤᠨ ᠡᠷᠡᠭᠦᠯ ᠮᠡᠨᠳᠤ ᠶᠢᠨ ᠪᠠᠶᠢᠴᠠᠭᠠᠯᠲᠠ ᠬᠢᠯᠭᠡᠭᠰᠡᠨ ᠦᠭᠡᠢ ᠬᠥᠳᠡᠯᠮᠦᠷᠢᠴᠢᠨ ᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠲᠠᠢ ᠣᠶᠢᠷᠠᠲᠤᠬᠤ ᠠᠵᠢᠯ ᠬᠢᠯᠭᠡᠬᠦ ᠪᠠᠷ ᠲᠣᠬᠢᠷᠠᠭᠤᠯᠵᠤ ᠪᠣᠯᠬᠤ ᠦᠭᠡᠢ︔ ᠠᠵᠢᠯ ᠤᠨ ᠴᠡᠭᠡᠷ ᠲᠠᠢ ᠬᠥᠳᠡᠯᠮᠦᠷᠢᠴᠢᠨ ᠢ ᠴᠡᠭᠡᠷ ᠲᠠᠢ ᠠᠵᠢᠯ ᠳᠤ ᠲᠣᠬᠢᠷᠠᠭᠤᠯᠵᠤ ᠪᠣᠯᠬᠤ ᠦᠭᠡᠢ︔ ᠠᠵᠢᠯ ᠮᠡᠷᠭᠡᠵᠢᠯ ᠤᠨ ᠡᠷᠡᠭᠦᠯ ᠮᠡᠨᠳᠤ ᠶᠢᠨ ᠪᠠᠶᠢᠴᠠᠭᠠᠯᠲᠠ ᠶᠢᠨ ᠳᠤᠮᠳᠠ ᠡᠷᠬᠢᠯᠡᠵᠦ ᠪᠠᠶᠢᠭ᠎ᠠ ᠠᠵᠢᠯ ᠮᠡᠷᠭᠡᠵᠢᠯ ᠲᠠᠢ ᠨᠢ ᠬᠤᠯᠪᠣᠭᠳᠠᠯ ᠲᠠᠢ ᠡᠷᠡᠭᠦᠯ ᠮᠡᠨᠳᠤ ᠶᠢᠨ ᠬᠤᠬᠢᠷᠠᠯ ᠲᠠᠢ ᠬᠥᠳᠡᠯᠮᠦᠷᠢᠴᠢᠨ ᠢ ᠣᠯᠵᠤ ᠮᠡᠳᠡᠪᠡᠯ᠂ ᠤᠤᠯ ᠤᠨ ᠠᠵᠢᠯ ᠤᠨ ᠪᠠᠶᠢᠷᠢ ᠠᠴᠠ ᠨᠢ ᠰᠢᠯᠵᠢᠭᠦᠯᠬᠦ ᠶᠢᠨ ᠬᠠᠮᠲᠤ ᠲᠣᠬᠢᠲᠠᠢ ᠲᠥᠪᠬᠢᠨᠡᠭᠦᠯᠬᠦ ᠬᠡᠷᠡᠭᠲᠡᠢ︔ ᠠᠵᠢᠯ ᠤᠨ ᠪᠠᠶᠢᠷᠢ ᠠᠴᠠ ᠰᠠᠯᠬᠤ ᠠᠴᠠ ᠡᠮᠦᠨ᠎ᠡ ᠠᠵᠢᠯ ᠮᠡᠷᠭᠡᠵᠢᠯ ᠤᠨ ᠡᠷᠡᠭᠦᠯ ᠮᠡᠨᠳᠤ ᠶᠢᠨ ᠪᠠᠶᠢᠴᠠᠭᠠᠯᠲᠠ ᠬᠢᠭᠰᠡᠨ ᠦᠭᠡᠢ ᠬᠥᠳᠡᠯᠮᠦᠷᠢᠴᠢᠨ ᠲᠡᠭᠦᠨ ᠲᠠᠢ ᠲᠣᠭᠲᠠᠭᠠᠭᠰᠠᠨ ᠬᠥᠳᠡᠯᠮᠦᠷᠢ ᠶᠢᠨ ᠭᠡᠷ᠎ᠡ ᠶᠢ ᠴᠤᠴᠠᠯᠬᠤ ᠪᠤᠶᠤ ᠳᠠᠭᠤᠰᠬᠠᠵᠤ ᠪᠣᠯᠬᠤ ᠦᠭᠡᠢ᠃             ᠠᠵᠢᠯ ᠮᠡᠷᠭᠡᠵᠢᠯ ᠤᠨ ᠡᠷᠡᠭᠦᠯ ᠮᠡᠨᠳᠤ ᠶᠢᠨ ᠪᠠᠶᠢᠴᠠᠭᠠᠯᠲᠠ ᠶᠢ ︽ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠦᠨᠡᠮᠯᠡᠯ︾᠎ ᠢ ᠣᠯᠣᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠴᠠ ᠡᠭᠦᠷᠭᠡᠯᠡᠬᠦ ᠬᠡᠷᠡᠭᠲᠡᠢ᠃ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠠᠵᠢᠯ ᠢ ᠵᠢᠷᠤᠮᠵᠢᠭᠤᠯᠤᠨ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ᠂᠃             ᠭᠤᠴᠢᠨ ᠵᠢᠷᠭᠤᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠬᠥᠳᠡᠯᠮᠦᠷᠢᠴᠢᠨ ᠳᠤ ᠠᠵᠢᠯ ᠮᠡᠷᠭᠡᠵᠢᠯ ᠤᠨ ᠡᠷᠡᠭᠦᠯ ᠮᠡᠨᠳᠤ ᠶᠢ ᠬᠢᠨᠠᠨ ᠬᠠᠮᠠᠭᠠᠯᠠᠬᠤ ᠲᠠᠩᠰᠠ ᠡᠪᠬᠡᠮᠡᠯ ᠪᠠᠶᠢᠭᠤᠯᠵᠤ ᠥᠭᠬᠦ ᠶᠢᠨ ᠬᠠᠮᠲᠤ ᠲᠣᠭᠲᠠᠭᠠᠭᠰᠠᠨ ᠬᠤᠭᠤᠴᠠᠭ᠎ᠠ ᠶᠣᠰᠣᠭᠠᠷ ᠲᠣᠬᠢᠲᠠᠢ ᠬᠠᠳᠠᠭᠠᠯᠠᠬᠤ ᠬᠡᠷᠡᠭᠲᠡᠢ᠃                         ᠬᠥᠳᠡᠯᠮᠦᠷᠢᠴᠢᠨ ᠬᠥᠮᠥᠨ ᠬᠡᠷᠡᠭᠯᠡᠬᠦ ᠨᠢᠭᠡᠴᠢ ᠠᠴᠠ ᠰᠠᠯᠬᠤ ᠦᠶ᠎ᠡ ᠳᠤ᠂ ᠲᠤᠰ ᠬᠥᠮᠥᠨ ᠤ ᠠᠵᠢᠯ ᠮᠡᠷᠭᠡᠵᠢᠯ ᠤᠨ ᠡᠷᠡᠭᠦᠯ ᠮᠡᠨᠳᠤ ᠶᠢ ᠬᠢᠨᠠᠨ ᠬᠠᠮᠠᠭᠠᠯᠠᠬᠤ ᠲᠠᠩᠰᠠ ᠡᠪᠬᠡᠮᠡᠯ ᠤᠨ ᠪᠠᠭᠤᠯᠭᠠᠪᠤᠷᠢ ᠶᠢ ᠠᠪᠬᠤ ᠡᠷᠬᠡ ᠲᠠᠢ᠂ ᠬᠥᠮᠥᠨ ᠬᠡᠷᠡᠭᠯᠡᠬᠦ ᠨᠢᠭᠡᠴᠢ ᠦᠨᠡᠨ ᠮᠥᠨ ᠢᠶᠠᠷ ᠨᠢ ᠦᠨ᠎ᠡ ᠲᠥᠯᠥᠪᠦᠷᠢ ᠦᠭᠡᠢ ᠪᠠᠷ ᠬᠠᠩᠭᠠᠬᠤ ᠬᠡᠷᠡᠭᠲᠡᠢ ᠪᠥᠭᠡᠳ ᠬᠠᠩᠭᠠᠭᠰᠠᠨ ᠪᠠᠭᠤᠯᠭᠠᠪᠤᠷᠢ ᠳᠡᠭᠡᠷ᠎ᠡ ᠭᠠᠷ ᠤᠨ ᠦᠰᠦᠭ ᠵᠢᠷᠤᠵᠤ ᠲᠠᠮᠠᠭ᠎ᠠ ᠳᠠᠷᠤᠬᠤ ᠬᠡᠷᠡᠭᠲᠡᠢ᠃             ᠭᠤᠴᠢᠨ ᠳᠣᠯᠣᠳᠤᠭᠠᠷ ᠵᠦᠢᠯ   ᠲᠦ᠋ᠷᠭᠡᠨ ᠴᠢᠨᠠᠷᠲᠠᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠡ᠊ᠨᠳᠡᠯ ᠭᠠᠷᠤᠭᠰᠠᠨ ᠪᠤᠶᠤ ᠭᠠᠷᠴᠤ ᠮᠡᠳᠡᠬᠦ ᠦᠶ᠎ᠡ ᠳᠤ᠂ ᠬᠥᠮᠥᠨ ᠬᠡᠷᠡᠭᠯᠡᠬᠦ ᠨᠢᠭᠡᠴᠢ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠴᠤ ᠠᠪᠤᠷᠠᠨ ᠲᠤᠰᠠᠯᠠᠬᠤ ᠪᠠ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠡᠷᠡ ᠳᠠᠷᠤᠢ ᠳᠤᠨᠢ ᠠᠪᠬᠤ ᠬᠡᠷᠡᠭᠲᠡᠢ ᠪᠥᠭᠡᠳ ᠪᠠᠶᠢᠭ᠎ᠠ ᠭᠠᠵᠠᠷ ᠤᠨ ᠢᠶᠠᠨ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ ᠴᠠᠭ ᠲᠤᠬᠠᠢ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠣᠬᠢᠶᠠᠨ ᠪᠠᠶᠢᠭᠤᠯᠵᠤ ᠪᠠᠶᠢᠴᠠᠭᠠᠨ ᠰᠢᠢᠳᠪᠦᠷᠢᠯᠡᠬᠦ ᠬᠡᠷᠡᠭᠲᠡᠢ︔ ᠴᠢᠬᠤᠯᠠᠲᠠᠢ ᠦᠶ᠎ᠡ ᠳᠤ ᠲᠦᠷ ᠴᠠᠭ ᠤᠨ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ ᠪᠣᠯᠣᠨ᠎ᠠ᠃ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠡᠮᠨᠡᠨ ᠵᠠᠰᠠᠵᠤ ᠠᠪᠤᠷᠠᠬᠤ ᠠᠵᠢᠯ ᠢ ᠵᠣᠬᠢᠶᠠᠨ ᠪᠠᠶᠢᠭᠤᠯᠵᠤ ᠰᠠᠶᠢᠲᠤᠷ ᠬᠢᠬᠦ ᠬᠡᠷᠡᠭᠲᠡᠢ᠃             ᠲᠦᠷᠭᠡᠨ ᠴᠢᠨᠠᠷᠲᠠᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠳᠤ ᠤᠴᠠᠷᠠᠭᠰᠠᠨ ᠪᠤᠶᠤ ᠤᠴᠠᠷᠠᠵᠤ ᠮᠡᠳᠡᠬᠦ ᠬᠥᠳᠡᠯᠮᠦᠷᠢᠴᠢᠨ ᠢ ᠬᠥᠮᠥᠨ ᠬᠡᠷᠡᠭᠯᠡᠬᠦ ᠨᠢᠭᠡᠴᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠠᠪᠤᠷᠠᠨ ᠵᠠᠰᠠᠵᠤ᠂ ᠡᠷᠡᠭᠦᠯ ᠮᠡᠨᠳᠤ ᠶᠢᠨ ᠪᠠᠶᠢᠴᠠᠭᠠᠯᠲᠠ ᠪᠠ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠡᠷᠡᠭᠲᠡᠢ᠂ ᠬᠡᠷᠡᠭᠰᠡᠬᠦ ᠵᠠᠷᠤᠳᠠᠯ ᠢ ᠬᠥᠮᠥᠨ ᠬᠡᠷᠡᠭᠯᠡᠬᠦ ᠨᠢᠭᠡᠴᠢ ᠡᠭᠦᠷᠭᠡᠯᠡᠨ᠎ᠡ᠃             ᠭᠤᠴᠢᠨ ᠨᠠᠢᠮᠠᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠨᠠᠰᠤᠨ ᠳᠤ ᠬᠦᠷᠦᠭᠡᠳᠦᠢ ᠠᠵᠢᠯᠴᠢᠨ ᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠲᠠᠢ ᠣᠶᠢᠷᠠᠲᠤᠬᠤ ᠠᠵᠢᠯ ᠬᠢᠯᠭᠡᠬᠦ ᠪᠠᠷ ᠲᠣᠬᠢᠷᠠᠭᠤᠯᠵᠤ ᠪᠣᠯᠬᠤ ᠦᠭᠡᠢ︔ ᠵᠢᠷᠮᠦᠰᠦᠨ ᠬᠤᠭᠤᠴᠠᠭ᠎ᠠ᠂ ᠬᠦᠬᠦᠬᠦᠯᠬᠦ ᠬᠤᠭᠤᠴᠠᠭᠠᠨ ᠳᠤ ᠪᠠᠶᠢᠭ᠎ᠠ ᠡᠮᠡᠭᠲᠡᠢ ᠠᠵᠢᠯᠲᠠᠨ ᠠᠵᠢᠯᠴᠢᠨ ᠢ ᠥᠪᠡᠷ ᠤᠨ ᠪᠡᠶ᠎ᠡ ᠪᠠ ᠬᠡᠪᠡᠯᠢ ᠳᠠᠬᠢ ᠬᠡᠦᠬᠡᠳ᠂ ᠨᠢᠯᠬ᠎ᠠ ᠬᠡᠦᠬᠡᠳ ᠲᠤ ᠬᠤᠣᠷ ᠬᠥᠨᠥᠭᠡᠯ ᠲᠠᠢ ᠠᠵᠢᠯ ᠳᠤ ᠲᠣᠬᠢᠷᠠᠭᠤᠯᠵᠤ ᠪᠣᠯᠬᠤ ᠦᠭᠡᠢ᠃             ᠭᠤᠴᠢ ᠶᠢᠰᠦᠳᠦᠭᠡᠷ ᠵᠦᠢᠯ   ᠬᠥᠳᠡᠯᠮᠦᠷᠢᠴᠢᠨ ᠳᠣᠣᠷ᠎ᠠ ᠵᠢᠭᠰᠠᠭᠠᠭᠰᠠᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠶᠢᠨ ᠡᠷᠬᠡ ᠶᠢ ᠡᠳ᠋ᠯᠡᠨ᠎ᠡ᠄             ︵ᠨᠢᠭᠡ︶ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠥᠮᠦᠵᠢᠯ᠂ ᠪᠣᠯᠪᠠᠰᠤᠷᠠᠯ ᠢ ᠬᠦᠷᠳᠡᠬᠦ︔             ︵ᠬᠤᠶᠠᠷ︶ ᠠᠵᠢᠯ ᠮᠡᠷᠭᠡᠵᠢᠯ ᠤᠨ ᠡᠷᠡᠭᠦᠯ ᠮᠡᠨᠳᠤ ᠶᠢᠨ ᠪᠠᠶᠢᠴᠠᠭᠠᠯᠲᠠ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠨ ᠡᠮᠨᠡᠬᠦ᠂ ᠡᠷᠡᠭᠦᠯᠵᠢᠭᠦᠯᠬᠦ ᠵᠡᠷᠭᠡ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠦᠢᠯᠡᠴᠢᠯᠡᠭᠡ ᠶᠢ ᠬᠦᠷᠳᠡᠬᠦ ;             ︵ᠭᠤᠷᠪᠠ︶ ᠠᠵᠢᠯᠯᠠᠬᠤ ᠲᠠᠯᠠᠪᠤᠷ ᠲᠤ ᠡᠭᠦᠰᠦᠭᠰᠡᠨ ᠪᠤᠶᠤ ᠡᠭᠦᠰᠴᠦ ᠮᠡᠳᠡᠬᠦ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ  ᠂ ᠬᠤᠣᠷ ᠬᠥᠨᠥᠭᠡᠯ ᠤᠨ ᠦᠷ᠎ᠡ ᠤᠷᠰᠢᠭ ᠢ ᠣᠶᠢᠯᠠᠭᠠᠬᠤ ᠪᠠ ᠠᠪᠬᠤ ᠶᠣᠰᠣᠲᠠᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠣᠶᠢᠯᠠᠭᠠᠬᠤ ;             ︵ᠳᠥᠷᠪᠡ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠱᠠᠭᠠᠷᠳᠠᠯᠭ᠎ᠠ ᠳᠤ ᠨᠡᠶᠢᠴᠡᠭᠰᠡᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠲᠥᠬᠦᠭᠡᠷᠦᠮᠵᠢ ᠪᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠬᠤᠪᠢ ᠬᠥᠮᠥᠨ ᠤ ᠬᠡᠷᠡᠭᠰᠡᠯ ᠢ ᠬᠠᠩᠭᠠᠯᠭᠠᠬᠤ ᠪᠠᠷ ᠬᠥᠮᠥᠨ ᠬᠡᠷᠡᠭᠯᠡᠬᠦ ᠨᠢᠭᠡᠴᠢ ᠶᠢ ᠱᠠᠭᠠᠷᠳᠠᠵᠤ᠂ ᠠᠵᠢᠯᠯᠠᠬᠤ ᠨᠥᠬᠦᠴᠡᠯ ᠢ ᠨᠢ ᠰᠠᠶᠢᠵᠢᠷᠠᠭᠤᠯᠬᠤ ;             ︵ᠲᠠᠪᠤ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠭᠰᠡᠨ ᠵᠢᠴᠢ ᠠᠮᠢ ᠨᠠᠰᠤ ᠡᠷᠡᠭᠦᠯ ᠮᠡᠨᠳᠤ ᠳᠤ ᠬᠤᠣᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ ᠶᠢ ᠰᠢᠭᠦᠮᠵᠢᠯᠡᠬᠦ᠂ ᠢᠯᠡᠴᠢᠯᠡᠬᠦ ᠪᠠ ᠵᠠᠭᠠᠯᠳᠤᠬᠤ ;             ︵ᠵᠢᠷᠭᠤᠭ᠎ᠠ︶ ᠳᠦᠷᠢᠮ ᠠᠴᠠ ᠵᠥᠷᠢᠴᠡᠭᠰᠡᠨ ᠵᠢᠯᠣᠭᠤᠳᠤᠯᠭ᠎ᠠ ᠪᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠠᠵᠢᠯ ᠢ ᠠᠯᠪᠠᠳᠠᠨ ᠬᠢᠯᠭᠡᠬᠦ ᠶᠢ ᠲᠡᠪᠴᠢᠬᠦ︔             ︵ᠲᠤᠯᠤᠭ᠎ᠠ︶ ᠬᠥᠮᠥᠨ ᠬᠡᠷᠡᠭᠯᠡᠬᠦ ᠨᠢᠭᠡᠴᠢ ᠶᠢᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠠᠵᠢᠯ ᠤᠨ ᠠᠷᠠᠳᠴᠢᠯᠠᠭᠰᠠᠨ ᠬᠠᠮᠢᠶᠠᠷᠤᠯᠲᠠ ᠳᠤ ᠣᠷᠣᠯᠴᠠᠵᠤ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠰᠠᠨᠠᠯ ᠪᠠ ᠰᠠᠨᠠᠭᠤᠯᠭ᠎ᠠ ᠳᠤᠷᠠᠳᠬᠤ᠃             ᠬᠥᠮᠥᠨ ᠬᠡᠷᠡᠭᠯᠡᠬᠦ ᠨᠢᠭᠡᠴᠢ ᠡᠮᠦᠨᠡᠬᠢ ᠪᠠᠳᠠᠭ ᠲᠤ ᠵᠢᠭᠰᠠᠭᠠᠭᠰᠠᠨ ᠡᠷᠬᠡ ᠨᠦᠭᠦᠳ ᠢ ᠬᠥᠳᠡᠯᠮᠦᠷᠢᠴᠢᠳ ᠤᠨ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃ ᠬᠥᠳᠡᠯᠮᠦᠷᠢᠴᠢᠨ ᠬᠠᠤᠯᠢ ᠶᠣᠰᠣᠭᠠᠷ ᠵᠦᠢ ᠶᠣᠰᠣᠨ ᠤ ᠡᠷᠬᠡ ᠪᠠᠨ ᠬᠡᠷᠡᠭᠵᠢᠭᠦᠯᠦᠭᠰᠡᠨ ᠠᠴᠠ ᠪᠣᠯᠵᠤ ᠲᠡᠭᠦᠨ ᠤ ᠴᠠᠯᠢᠩ᠂ ᠠᠰᠠᠷᠠᠮᠵᠢ ᠵᠡᠷᠭᠡ ᠬᠠᠷᠠᠭᠠᠯᠵᠠᠯ ᠢ ᠪᠠᠭᠤᠷᠠᠭᠤᠯᠤᠭᠰᠠᠨ ᠪᠤᠶᠤ ᠲᠡᠭᠦᠨ ᠲᠠᠢ ᠲᠣᠭᠲᠠᠭᠠᠭᠰᠠᠨ ᠬᠥᠳᠡᠯᠮᠦᠷᠢ ᠶᠢᠨ ᠭᠡᠷ᠎ᠡ ᠶᠢ ᠴᠤᠴᠠᠯᠤᠭᠰᠠᠨ᠂ ᠳᠠᠭᠤᠰᠬᠠᠭᠰᠠᠨ ᠪᠠᠶᠢᠪᠠᠯ᠂ ᠲᠡᠭᠦᠨ ᠤ ᠦᠢᠯᠡ ᠠᠵᠢᠯᠯᠠᠭ᠎ᠠ ᠨᠢ ᠬᠦᠴᠦᠨ ᠦᠭᠡᠢ᠃             ᠳᠥᠴᠢᠳᠦᠭᠡᠷ ᠵᠦᠢᠯ   ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠨᠢ ᠬᠥᠮᠥᠨ ᠬᠡᠷᠡᠭᠯᠡᠬᠦ ᠨᠢᠭᠡᠴᠢ ᠶᠢᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠤᠬᠠᠭᠤᠯᠭ᠎ᠠ ᠬᠥᠮᠦᠵᠢᠯ ᠪᠠ ᠰᠤᠷᠭᠠᠯᠲᠠ ᠥᠷᠨᠢᠭᠦᠯᠬᠦ ᠶᠢ ᠱᠠᠯᠠᠪᠳᠠᠨ ᠬᠠᠪᠰᠤᠷᠬᠤ ᠬᠡᠷᠡᠭᠲᠡᠢ᠂ ᠬᠥᠮᠥᠨ ᠬᠡᠷᠡᠭᠯᠡᠬᠦ ᠨᠢᠭᠡᠴᠢ ᠶᠢᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠰᠠᠨᠠᠯ ᠪᠠ ᠰᠠᠨᠠᠭᠤᠯᠭ᠎ᠠ ᠳᠤᠷᠠᠳᠴᠤ᠂ ᠬᠠᠤᠯᠢ ᠶᠣᠰᠣᠭᠠᠷ ᠬᠥᠳᠡᠯᠮᠦᠷᠢᠴᠢᠨ ᠢ ᠲᠥᠯᠥᠭᠡᠯᠡᠨ ᠬᠥᠮᠥᠨ ᠬᠡᠷᠡᠭᠯᠡᠬᠦ ᠨᠢᠭᠡᠴᠢ ᠲᠠᠢ ᠬᠥᠳᠡᠯᠮᠦᠷᠢ ᠶᠢᠨ ᠠᠶᠤᠯᠭᠦᠢ ᠪᠠᠶᠢᠳᠠᠯ ᠪᠠ ᠡᠷᠡᠭᠦᠯ ᠬᠠᠮᠠᠭᠠᠯᠠᠯ ᠤᠨ ᠲᠤᠰᠬᠠᠢ ᠵᠦᠢᠯ ᠤᠨ ᠬᠠᠮᠲᠤ ᠶᠢᠨ ᠭᠡᠷ᠎ᠡ ᠶᠢ ᠲᠣᠭᠲᠠᠭᠠᠵᠤ᠂ ᠬᠥᠮᠥᠨ ᠬᠡᠷᠡᠭᠯᠡᠬᠦ ᠨᠢᠭᠡᠴᠢ ᠲᠠᠢ ᠬᠥᠳᠡᠯᠮᠦᠷᠢᠴᠢᠨ ᠤ ᠲᠤᠰᠬᠠᠭᠰᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠬᠤ ᠪᠥᠭᠡᠳ ᠱᠠᠯᠠᠪᠳᠠᠨ ᠰᠢᠢᠳᠪᠦᠷᠢᠯᠡᠭᠦᠯᠬᠦ ᠡᠷᠬᠡ ᠲᠠᠢ᠃             ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠨᠢ ᠬᠥᠮᠥᠨ ᠬᠡᠷᠡᠭᠯᠡᠬᠦ ᠨᠢᠭᠡᠴᠢ ᠶᠢᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠵᠦ᠂ ᠬᠥᠳᠡᠯᠮᠦᠷᠢᠴᠢᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠦᠢᠯᠡ ᠠᠵᠢᠯᠯᠠᠭ᠎ᠠ ᠶᠢ ᠵᠠᠯᠠᠷᠠᠭᠤᠯᠤᠭᠤᠯᠬᠤ ᠪᠠᠷ ᠱᠠᠭᠠᠷᠳᠠᠬᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠦᠨᠳᠦ ᠨᠣᠴᠢᠲᠠᠢ ᠬᠤᠣᠷ ᠬᠥᠨᠥᠭᠡᠯ ᠡᠭᠦᠰᠬᠦ ᠦᠶ᠎ᠡ ᠳᠤ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠤᠭᠤᠯᠬᠤ ᠪᠠᠷ ᠱᠠᠭᠠᠷᠳᠠᠬᠤ ᠪᠤᠶᠤ ᠠᠯᠪᠠᠳᠠᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠠᠪᠤᠭᠤᠯᠬᠤ ᠪᠠᠷ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠠᠨᠠᠭᠤᠯᠬᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠡ᠊ᠨᠳᠡᠯ ᠭᠠᠷᠤᠭᠰᠠᠨ ᠦᠶ᠎ᠡ ᠳᠤ᠂ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠳᠤ ᠣᠷᠣᠯᠴᠠᠬᠤ ᠬᠥᠳᠡᠯᠮᠦᠷᠢᠴᠢᠨ ᠤ ᠠᠮᠢ ᠨᠠᠰᠤ ᠡᠷᠡᠭᠦᠯ ᠮᠡᠨᠳᠤ ᠳᠤ ᠬᠤᠣᠷ ᠬᠥᠨᠥᠭᠡᠯ ᠲᠠᠢ ᠪᠠᠶᠢᠳᠠᠯ ᠢ ᠣᠯᠵᠤ ᠮᠡᠳᠡᠪᠡᠯ᠂ ᠬᠥᠳᠡᠯᠮᠦᠷᠢᠴᠢᠨ ᠢ ᠵᠣᠬᠢᠶᠠᠨ ᠪᠠᠶᠢᠭᠤᠯᠵᠤ ᠠᠶᠤᠯᠲᠠᠢ ᠲᠤᠬᠠᠢ ᠶᠢᠨ ᠲᠠᠯᠠᠪᠤᠷ ᠠᠴᠠ ᠵᠠᠶᠢᠯᠠᠭᠤᠯᠬᠤ ᠪᠠᠷ ᠬᠥᠮᠥᠨ ᠬᠡᠷᠡᠭᠯᠡᠬᠦ ᠨᠢᠭᠡᠴᠢ ᠳᠤ ᠰᠠᠨᠠᠭᠤᠯᠬᠤ ᠡᠷᠬᠡ ᠲᠠᠢ᠂ ᠬᠥᠮᠥᠨ ᠬᠡᠷᠡᠭᠯᠡᠬᠦ ᠨᠢᠭᠡᠴᠢ ᠲᠡᠷᠡ ᠳᠠᠷᠤᠢ ᠳᠤᠨᠢ ᠰᠢᠢᠳᠪᠦᠷᠢᠯᠡᠬᠦ ᠬᠡᠷᠡᠭᠲᠡᠢ᠃             ᠳᠥᠴᠢᠨ ᠨᠢᠭᠡᠳᠦᠭᠡᠷ ᠵᠦᠢᠯ   ᠬᠥᠮᠥᠨ ᠬᠡᠷᠡᠭᠯᠡᠬᠦ ᠨᠢᠭᠡᠴᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠱᠠᠭᠠᠷᠳᠠᠯᠭ᠎ᠠ ᠶᠣᠰᠣᠭᠠᠷ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ᠂ ᠠᠵᠢᠯᠯᠠᠬᠤ ᠲᠠᠯᠠᠪᠤᠷ ᠤᠨ ᠡᠷᠡᠭᠦᠯ ᠬᠠᠮᠠᠭᠠᠯᠠᠯ ᠢ ᠪᠠᠶᠢᠴᠠᠭᠠᠨ ᠬᠡᠮᠵᠢᠬᠦ᠂ ᠡᠷᠡᠭᠦᠯ ᠮᠡᠨᠳᠤ ᠶᠢ ᠬᠢᠨᠠᠨ ᠬᠠᠮᠠᠭᠠᠯᠠᠬᠤ ᠪᠠ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠰᠤᠷᠭᠠᠯᠲᠠ ᠵᠡᠷᠭᠡ ᠳᠤ ᠬᠡᠷᠡᠭᠯᠡᠬᠦ ᠵᠠᠷᠤᠳᠠᠯ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠦᠢᠯᠡᠳᠪᠦᠷᠢᠯᠡᠯ ᠤᠨ ᠥᠪᠡᠷ ᠤᠨ ᠦᠷᠳᠡᠭ ᠤᠨ ᠳᠣᠲᠣᠷ᠎ᠠ ᠠᠴᠠ ᠦᠨᠡᠨ ᠮᠥᠨ ᠢᠶᠠᠷ ᠨᠢ ᠵᠢᠭᠰᠠᠭᠠᠵᠤ ᠭᠠᠷᠭᠠᠨ᠎ᠠ᠃             ᠳᠥᠴᠢᠨ ᠬᠤᠶᠠᠳᠤᠭᠠᠷ ᠵᠦᠢᠯ   ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠢᠨᠠᠵᠤ ᠬᠠᠮᠢᠶᠠᠷᠬᠤ ᠰᠠᠯᠠᠭ᠎ᠠ ᠮᠥᠴᠢᠷ ᠤᠳ ᠲᠤᠰᠢᠶᠠᠯ ᠬᠠᠷᠢᠭᠤᠴᠠᠯᠭ᠎ᠠ ᠶᠢᠨ ᠢᠶᠠᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠬᠥᠮᠥᠨ ᠬᠡᠷᠡᠭᠯᠡᠬᠦ ᠨᠢᠭᠡᠴᠢ ᠶᠢᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠬᠠᠮᠢᠶᠠᠷᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃             ᠳᠥᠷᠪᠡᠳᠦᠭᠡᠷ ᠪᠦᠯᠦᠭ   ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠣᠨᠣᠰᠢᠯᠠᠯᠲᠠ             ᠳᠥᠴᠢᠨ ᠭᠤᠷᠪᠠᠳᠤᠭᠠᠷ ᠵᠦᠢᠯ   ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠣᠨᠣᠰᠢᠯᠠᠯᠲᠠ ᠶᠢ ︽ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠦᠨᠡᠮᠯᠡᠯ︾᠎ ᠢ ᠣᠯᠣᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠡᠭᠦᠷᠭᠡᠯᠡᠬᠦ ᠬᠡᠷᠡᠭᠲᠡᠢ᠃ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠵᠢᠯ ᠤᠨ ᠨᠥᠯᠥᠭᠡᠨ ᠤ ᠡᠪᠡᠳᠴᠢᠨ ᠢ ᠣᠨᠣᠰᠢᠯᠠᠬᠤ ᠠᠵᠢᠯ ᠢ ᠵᠢᠷᠤᠮᠵᠢᠭᠤᠯᠤᠨ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ᠃             ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ ᠠᠵᠢᠯ ᠢ ᠡᠭᠦᠷᠭᠡᠯᠡᠵᠦ ᠠᠪᠤᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠪᠠᠰᠠ ᠳᠣᠣᠷ᠎ᠠ ᠵᠢᠭᠰᠠᠭᠠᠭᠰᠠᠨ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄             ︵ᠨᠢᠭᠡ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ ᠠᠵᠢᠯ ᠢ ᠥᠷᠨᠢᠭᠦᠯᠬᠦ ᠳᠤ ᠵᠣᠬᠢᠴᠠᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ ᠲᠠᠢ ᠪᠠᠶᠢᠬᠤ ;             ︵ᠬᠤᠶᠠᠷ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ ᠠᠵᠢᠯ ᠢ ᠥᠷᠨᠢᠭᠦᠯᠬᠦ ᠳᠤ ᠵᠣᠬᠢᠴᠠᠭᠰᠠᠨ ᠬᠡᠮᠵᠢᠭᠦᠷᠯᠢᠭ᠂ ᠲᠤᠨᠤᠭ ᠲᠥᠬᠦᠭᠡᠷᠦᠮᠵᠢ ᠲᠠᠢ ᠪᠠᠶᠢᠬᠤ ;             ︵ᠭᠤᠷᠪᠠ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ ᠴᠢᠨᠠᠷ ᠴᠢᠨᠰᠠᠭ᠎ᠠ ᠶᠢᠨ ᠬᠠᠮᠢᠶᠠᠷᠤᠯᠲᠠ ᠶᠢᠨ ᠪᠦᠷᠢᠨ ᠲᠡᠭᠦᠯᠳᠡᠷ ᠳᠦᠷᠢᠮ ᠲᠠᠢ ᠪᠠᠶᠢᠬᠤ᠃             ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ ᠠᠵᠢᠯ ᠢ ᠡᠭᠦᠷᠭᠡᠯᠡᠵᠦ ᠠᠪᠤᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠥᠳᠡᠯᠮᠦᠷᠢᠴᠢᠨ ᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ ᠱᠠᠭᠠᠷᠳᠠᠯᠭ᠎ᠠ ᠶᠢ ᠲᠡᠪᠴᠢᠵᠦ             ᠳᠥᠴᠢᠨ ᠳᠥᠷᠪᠡᠳᠦᠭᠡᠷ ᠵᠦᠢᠯ   ᠬᠥᠳᠡᠯᠮᠦᠷᠢᠴᠢᠨ ᠬᠥᠮᠥᠨ ᠬᠡᠷᠡᠭᠯᠡᠬᠦ ᠨᠢᠭᠡᠴᠢ ᠶᠢᠨ ᠪᠠᠶᠢᠭ᠎ᠠ ᠭᠠᠵᠠᠷ᠂ ᠲᠤᠰ ᠬᠥᠮᠥᠨ ᠤ ᠡᠷᠤᠭᠡ ᠠᠮᠠ ᠶᠢᠨ ᠲᠠᠩᠰᠠ ᠶᠢᠨ ᠪᠠᠶᠢᠭ᠎ᠠ ᠭᠠᠵᠠᠷ ᠪᠤᠶᠤ ᠪᠠᠶᠢᠩᠭᠤ ᠰᠠᠭᠤᠭ᠎ᠠ ᠭᠠᠵᠠᠷ ᠤᠨ ᠢᠶᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ ᠠᠵᠢᠯ ᠢ ᠬᠠᠤᠯᠢ ᠶᠣᠰᠣᠭᠠᠷ ᠡᠭᠦᠷᠭᠡᠯᠡᠵᠦ ᠪᠠᠶᠢᠭ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠣᠨᠣᠰᠢᠯᠠᠯᠲᠠ ᠬᠢᠯᠭᠡᠵᠦ ᠪᠣᠯᠣᠨ᠎ᠠ᠃             ᠳᠥᠴᠢᠨ ᠲᠠᠪᠤᠳᠤᠭᠠᠷ ᠵᠦᠢᠯ   ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ ᠪᠠᠷᠢᠮᠵᠢᠶ᠎ᠠ ᠪᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ᠂ ᠬᠢᠨᠠᠨ ᠲᠣᠭᠲᠠᠭᠠᠬᠤ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠵᠡᠮᠳᠡᠭ ᠤᠨ ᠳᠡᠰ ᠢ ᠬᠢᠨᠠᠨ ᠲᠣᠭᠲᠠᠭᠠᠬᠤ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ             ᠳᠥᠴᠢᠨ ᠵᠢᠷᠭᠤᠳᠤᠭᠠᠷ ᠵᠦᠢᠯ   ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ ᠳᠤ ᠳᠣᠣᠷ᠎ᠠ ᠵᠢᠭᠰᠠᠭᠠᠭᠰᠠᠨ ᠬᠦᠴᠦᠨ ᠵᠦᠢᠯ ᠢ ᠶᠡᠷᠦᠩᠬᠡᠶᠢᠯᠡᠨ ᠵᠠᠳᠠᠯᠬᠤ ᠬᠡᠷᠡᠭᠲᠡᠢ᠄             ︵ᠨᠢᠭᠡ︶ ᠡᠪᠡᠳᠴᠢᠲᠡᠨ ᠤ ᠲᠤᠬᠠᠶᠢᠯᠠᠭᠰᠠᠨ ᠠᠵᠢᠯ ᠤᠨ ᠲᠡᠦᠬᠡ︔             ︵ᠬᠤᠶᠠᠷ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠳᠤ ᠣᠶᠢᠷᠠᠲᠤᠭᠰᠠᠨ ᠲᠡᠦᠬᠡ ᠪᠠ ᠠᠵᠢᠯᠯᠠᠬᠤ ᠲᠠᠯᠠᠪᠤᠷ ᠲᠠᠬᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ             ︵ᠭᠤᠷᠪᠠ︶ ᠡᠮᠴᠢᠯᠡᠭᠡᠨ ᠤ ᠢᠯᠡᠷᠡᠯ ᠵᠢᠴᠢ ᠲᠤᠰᠠᠯᠠᠬᠤ ᠪᠠᠶᠢᠴᠠᠭᠠᠯᠲᠠ ᠶᠢᠨ ᠦᠷ᠎ᠡ ᠳ᠋ᠦᠩ ᠵᠡᠷᠭᠡ᠃             ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ   ᠪᠣᠯᠣᠨ ᠡᠪᠡᠳᠴᠢᠲᠡᠨ ᠤ ᠡᠮᠴᠢᠯᠡᠭᠡᠨ ᠤ ᠢᠯᠡᠷᠡᠯ ᠤᠨ ᠬᠤᠭᠤᠷᠣᠨᠳᠣᠬᠢ ᠵᠠᠶᠢᠯᠠᠰᠢ ᠦᠭᠡᠢ ᠬᠠᠷᠢᠴᠠᠭ᠎ᠠ ᠶᠢ ᠦᠭᠡᠶᠢᠰᠬᠡᠬᠦ ᠭᠡᠷᠡᠴᠢ ᠪᠠᠷᠢᠮᠲᠠ ᠦᠭᠡᠢ ᠪᠠᠶᠢᠪᠠᠯ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢᠶᠠᠷ ᠣᠨᠣᠰᠢᠯᠠᠬᠤ ᠬᠡᠷᠡᠭᠲᠡᠢ᠃             ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠭᠰᠠᠨ ᠭᠡᠷᠡᠴᠢ ᠪᠢᠴᠢᠭ ᠲᠤ ᠣᠨᠣᠰᠢᠯᠠᠯᠲᠠ ᠳᠤ ᠣᠷᠣᠯᠴᠠᠭᠰᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ ᠬᠢᠷᠢ ᠬᠡᠮ ᠣᠯᠣᠭᠰᠠᠨ ᠠᠵᠢᠯ ᠡᠷᠬᠢᠯᠡᠬᠦ ᠡᠮᠴᠢ ᠭᠠᠷ ᠤᠨ ᠦᠰᠦᠭ ᠵᠢᠷᠤᠬᠤ ᠬᠡᠷᠡᠭᠲᠡᠢ ᠪᠥᠭᠡᠳ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ ᠠᠵᠢᠯ ᠢ ᠡᠭᠦᠷᠭᠡᠯᠡᠵᠦ ᠠᠪᠤᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠬᠢᠨᠠᠨ ᠬᠠᠷᠭᠤᠭᠤᠯᠤᠭᠤᠯᠵᠤ ᠲᠠᠮᠠᠭ᠎ᠠ ᠳᠠᠷᠤᠭᠤᠯᠬᠤ ᠬᠡᠷᠡᠭᠲᠡᠢ᠃             ᠳᠥᠴᠢᠨ ᠳᠣᠯᠣᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ᠂ ᠬᠢᠨᠠᠨ ᠲᠣᠭᠲᠠᠭᠠᠬᠤ ᠳᠤ ᠬᠡᠷᠡᠭᠰᠡᠬᠦ ᠬᠥᠳᠡᠯᠮᠦᠷᠢᠴᠢᠨ ᠤ ᠲᠤᠬᠠᠶᠢᠯᠠᠭᠰᠠᠨ ᠠᠵᠢᠯ ᠤᠨ ᠲᠡᠦᠬᠡ ᠪᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠳᠤ ᠣᠶᠢᠷᠠᠲᠤᠭᠰᠠᠨ ᠲᠡᠦᠬᠡ᠂ ᠠᠵᠢᠯᠯᠠᠬᠤ ᠲᠠᠯᠠᠪᠤᠷ ᠲᠠᠬᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠢ ᠪᠠᠶᠢᠴᠠᠭᠠᠨ ᠬᠡᠮᠵᠢᠭᠰᠡᠨ ᠦᠷ᠎ᠡ ᠳ᠋ᠦᠩ ᠵᠡᠷᠭᠡ ᠮᠠᠲ᠋ᠧᠷᠢᠶᠠᠯ ᠢ ᠦᠨᠡᠨ ᠮᠥᠨ ᠢᠶᠠᠷ ᠨᠢ ᠬᠠᠩᠭᠠᠬᠤ ᠬᠡᠷᠡᠭᠲᠡᠶ ; ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠥᠮᠥᠨ ᠬᠡᠷᠡᠭᠯᠡᠬᠦ ᠨᠢᠭᠡᠴᠢ ᠶᠢ ᠬᠢᠨᠠᠨ ᠪᠠᠶᠢᠴᠠᠭᠠᠵᠤ ᠱᠠᠯᠠᠪᠳᠠᠨ ᠱᠠᠭᠠᠷᠳᠠᠵᠤ ᠪᠠᠶᠢᠭᠠᠳ ᠳᠡᠭᠡᠷ᠎ᠡ ᠳᠤᠷᠠᠳᠤᠭᠰᠠᠨ ᠮᠠᠲ᠋ᠧᠷᠢᠶᠠᠯ ᠤᠳ ᠢ ᠬᠠᠩᠭᠠᠯᠭᠠᠬᠤ ᠬᠡᠷᠡᠭᠲᠡᠢ ︔ ᠬᠥᠳᠡᠯᠮᠦᠷᠢᠴᠢᠨ ᠪᠠ ᠬᠤᠯᠪᠣᠭᠳᠠᠯ ᠪᠦᠬᠦᠢ ᠪᠠᠶᠢᠭᠤᠯᠤᠮᠵᠢ ᠪᠠᠰᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ᠂ ᠬᠢᠨᠠᠨ ᠲᠣᠭᠲᠠᠭᠠᠬᠤ ᠳᠤ ᠬᠤᠯᠪᠣᠭᠳᠠᠬᠤ ᠮᠠᠲ᠋ᠧᠷᠢᠶᠠᠯ ᠢ ᠬᠠᠩᠭᠠᠬᠤ ᠬᠡᠷᠡᠭᠲᠡᠢ᠃             ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ᠂ ᠬᠢᠨᠠᠨ ᠲᠣᠭᠲᠠᠭᠠᠬᠤ ᠪᠠᠶᠢᠭᠤᠯᠤᠮᠵᠢ ᠠᠵᠢᠯᠯᠠᠬᠤ ᠲᠠᠯᠠᠪᠤᠷ ᠲᠠᠬᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠤᠨ ᠪᠠᠶᠢᠳᠠᠯ ᠢ ᠣᠶᠢᠯᠠᠭᠠᠬᠤ ᠴᠢᠬᠤᠯᠠᠲᠠᠢ ᠦᠶ᠎ᠡ ᠳᠤ᠂ ᠠᠵᠢᠯᠯᠠᠬᠤ ᠲᠠᠯᠠᠪᠤᠷ ᠲᠤ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠵᠦ ᠪᠣᠯᠣᠨ᠎ᠠ᠂ ᠪᠠᠰᠠ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠤᠷᠠᠳᠴᠤ ᠪᠣᠯᠣᠨ᠎ᠠ᠂ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠷᠪᠠᠨ ᠡᠳᠦᠷ ᠤᠨ ᠳᠣᠲᠣᠷ᠎ᠠ ᠵᠣᠬᠢᠶᠠᠨ ᠪᠠᠶᠢᠭᠤᠯᠤᠨ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠬᠦ ᠬᠡᠷᠡᠭᠲᠡᠢ᠃ ᠬᠥᠮᠥᠨ ᠬᠡᠷᠡᠭᠯᠡᠬᠦ ᠨᠢᠭᠡᠴᠢ ᠲᠡᠪᠴᠢᠵᠦ᠂ ᠬᠠᠷᠰᠢᠯᠠᠵᠤ ᠪᠣᠯᠬᠤ ᠦᠭᠡᠢ᠃             ᠳᠥᠴᠢᠨ ᠨᠠᠢᠮᠠᠳᠤᠭᠠᠷ ᠵᠦᠢᠯ   ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ᠂ ᠬᠢᠨᠠᠨ ᠲᠣᠭᠲᠠᠭᠠᠬᠤ ᠶᠠᠪᠤᠴᠠ ᠳᠤ ᠬᠥᠮᠥᠨ ᠬᠡᠷᠡᠭᠯᠡᠬᠦ ᠨᠢᠭᠡᠴᠢ ᠠᠵᠢᠯᠯᠠᠬᠤ ᠲᠠᠯᠠᠪᠤᠷ ᠲᠠᠬᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠵᠡᠷᠭᠡ ᠮᠠᠲ᠋ᠧᠷᠢᠶᠠᠯ ᠢ ᠬᠠᠩᠭᠠᠭᠰᠠᠨ ᠦᠭᠡᠢ ᠪᠠᠶᠢᠪᠠᠯ᠂ ᠣᠨᠣᠰᠢᠯᠠᠬᠤ᠂ ᠬᠢᠨᠠᠨ ᠲᠣᠭᠲᠠᠭᠠᠬᠤ ᠪᠠᠶᠢᠭᠤᠯᠤᠮᠵᠢ ᠨᠢ ᠬᠥᠳᠡᠯᠮᠦᠷᠢᠴᠢᠨ ᠤ ᠡᠮᠴᠢᠯᠡᠭᠡᠨ ᠤ ᠢᠯᠡᠷᠡᠯ᠂ ᠲᠤᠰᠠᠯᠠᠬᠤ ᠪᠠᠶᠢᠴᠠᠭᠠᠯᠲᠠ ᠶᠢᠨ ᠦᠷ᠎ᠡ ᠳ᠋ᠦᠩ ᠪᠠ ᠬᠥᠳᠡᠯᠮᠦᠷᠢᠴᠢᠨ ᠤ ᠲᠤᠬᠠᠶᠢᠯᠠᠭᠰᠠᠨ ᠠᠵᠢᠯ ᠤᠨ ᠲᠡᠦᠬᠡ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠳᠤ ᠣᠶᠢᠷᠠᠲᠤᠭᠰᠠᠨ ᠲᠡᠦᠬᠡ ᠲᠠᠢ ᠤᠶᠠᠯᠳᠤᠭᠤᠯᠬᠤ ᠶᠢᠨ ᠬᠠᠮᠲᠤ ᠬᠥᠳᠡᠯᠮᠦᠷᠢᠴᠢᠨ ᠤ ᠥᠪᠡᠷ ᠤᠨ ᠲᠣᠭᠠᠴᠢᠯᠲᠠ᠂ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠩᠭᠠᠭᠰᠠᠨ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠶᠢᠨ ᠮᠡᠳᠡᠭᠡ ᠵᠠᠩᠭᠢ ᠵᠡᠷᠭᠡ ᠪᠠᠷ ᠯᠠᠪᠯᠠᠯᠲᠠ ᠪᠣᠯᠭᠠᠵᠤ ᠪᠠᠶᠢᠭᠠᠳ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠵᠤ᠂ ᠬᠢᠨᠠᠨ ᠲᠣᠭᠲᠠᠭᠠᠭᠰᠠᠨ ᠳ᠋ᠦᠩᠨᠡᠯᠲᠡ ᠭᠠᠷᠭᠠᠬᠤ ᠬᠡᠷᠡᠭᠲᠡᠢ᠃             ᠬᠥᠳᠡᠯᠮᠦᠷᠢᠴᠢᠨ ᠬᠥᠮᠥᠨ ᠬᠡᠷᠡᠭᠯᠡᠬᠦ ᠨᠢᠭᠡᠴᠢ ᠶᠢᠨ ᠬᠠᠩᠭᠠᠭᠰᠠᠨ ᠠᠵᠢᠯᠯᠠᠬᠤ ᠲᠠᠯᠠᠪᠤᠷ ᠤᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠵᠡᠷᠭᠡ ᠮᠠᠲ᠋ᠧᠷᠢᠶᠠᠯ ᠳᠤ ᠣᠨᠳᠣᠣ ᠰᠠᠨᠠᠯ ᠲᠠᠢ ᠪᠠᠶᠢᠪᠠᠯ᠂ ᠡᠰᠡᠬᠦᠯ᠎ᠡ ᠬᠥᠳᠡᠯᠮᠦᠷᠢᠴᠢᠨ ᠤ ᠬᠥᠮᠥᠨ ᠬᠡᠷᠡᠭᠯᠡᠬᠦ ᠨᠢᠭᠡᠴᠢ ᠨᠢ ᠲᠠᠷᠬᠠᠭᠰᠠᠨ᠂ ᠳᠠᠮᠫᠤᠷᠠᠭᠰᠠᠨ ᠠᠴᠠ ᠪᠣᠯᠵᠤ ᠳᠡᠭᠡᠷ᠎ᠡ ᠳᠤᠷᠠᠳᠤᠭᠰᠠᠨ ᠮᠠᠲ᠋ᠧᠷᠢᠶᠠᠯ ᠢ ᠬᠠᠩᠭᠠᠬᠤ ᠬᠡᠷᠡᠭ ᠦᠭᠡᠢ ᠪᠣᠯᠤᠭᠰᠠᠨ ᠪᠠᠶᠢᠪᠠᠯ᠂ ᠣᠨᠣᠰᠢᠯᠠᠬᠤ᠂ ᠬᠢᠨᠠᠨ ᠲᠣᠭᠲᠠᠭᠠᠬᠤ ᠪᠠᠶᠢᠭᠤᠯᠤᠮᠵᠢ ᠨᠢ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠡᠪᠰᠢᠭᠦᠯᠦᠨ ᠪᠠᠶᠢᠴᠠᠭᠠᠯᠭᠠᠬᠤ ᠬᠡᠷᠡᠭᠲᠡᠢ᠂ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠣᠨᠳᠣᠣ ᠰᠠᠨᠠᠯ ᠲᠠᠢ ᠮᠠᠲ᠋ᠧᠷᠢᠶᠠᠯ ᠪᠤᠶᠤ ᠠᠵᠢᠯᠯᠠᠬᠤ ᠲᠠᠯᠠᠪᠤᠷ ᠲᠠᠬᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠤᠨ ᠪᠠᠶᠢᠳᠠᠯ ᠢ ᠮᠠᠭᠠᠳᠯᠠᠨ ᠲᠣᠭᠲᠠᠭᠠᠬᠤ ᠬᠡᠷᠡᠭᠲᠡᠢ︔ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠵᠢᠯᠴᠠᠬᠤ ᠬᠡᠷᠡᠭᠲᠡᠢ᠃             ᠳᠥᠴᠢ ᠶᠢᠰᠦᠳᠦᠭᠡᠷ ᠵᠦᠢᠯ   ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ᠂ ᠬᠢᠨᠠᠨ ᠲᠣᠭᠲᠠᠭᠠᠬᠤ ᠶᠠᠪᠤᠴᠠ ᠳᠤ᠂ ᠬᠥᠳᠡᠯᠮᠦᠷᠢᠴᠢᠨ ᠤ ᠲᠤᠬᠠᠶᠢᠯᠠᠭᠰᠠᠨ ᠠᠵᠢᠯ ᠤᠨ ᠲᠡᠦᠬᠡ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠳᠤ ᠣᠶᠢᠷᠠᠲᠤᠭᠰᠠᠨ ᠲᠡᠦᠬᠡ ᠶᠢ ᠨᠤᠲᠠᠯᠠᠬᠤ ᠦᠶ᠎ᠡ ᠳᠤ᠂ ᠲᠤᠬᠠᠢ ᠶᠢᠨ ᠬᠥᠮᠥᠨ ᠨᠢ ᠬᠥᠳᠡᠯᠮᠦᠷᠢ ᠶᠢᠨ ᠬᠠᠷᠢᠴᠠᠭ᠎ᠠ᠂ ᠠᠵᠢᠯ ᠤᠨ ᠲᠦᠷᠦᠯ᠂ ᠠᠵᠢᠯ ᠤᠨ ᠪᠠᠶᠢᠷᠢ ᠪᠤᠶᠤ ᠠᠵᠢᠯ ᠤᠨ ᠪᠠᠶᠢᠷᠢ ᠳᠤ ᠪᠠᠶᠢᠬᠤ ᠬᠤᠭᠤᠴᠠᠭᠠᠨ ᠳᠤ ᠮᠠᠷᠭᠤᠯᠳᠤᠭᠠᠨ ᠲᠠᠢ ᠪᠠᠶᠢᠪᠠᠯ᠂ ᠲᠤᠬᠠᠢ ᠶᠢᠨ ᠭᠠᠵᠠᠷ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠺᠣᠮᠢᠰ ᠲᠤ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠵᠤ ᠪᠣᠯᠣᠨ᠎ᠠ︔ ᠭᠤᠶᠤᠴᠢᠯᠠᠯ ᠢ ᠣᠯᠣᠭᠰᠠᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠺᠣᠮᠢᠰ ᠭᠥᠯᠢᠶᠡᠨ ᠠᠪᠴᠤ ᠰᠢᠢᠳᠪᠦᠷᠢᠯᠡᠬᠦ ᠬᠡᠷᠡᠭᠲᠡᠢ ᠪᠥᠭᠡᠳ ᠭᠤᠴᠢᠨ ᠡᠳᠦᠷ ᠤᠨ ᠳᠣᠲᠣᠷ᠎ᠠ ᠲᠣᠭᠲᠠᠭᠠᠯᠲᠠ ᠭᠠᠷᠭᠠᠬᠤ ᠬᠡᠷᠡᠭᠲᠡᠢ᠃             ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠬᠤ ᠶᠠᠪᠤᠴᠠ ᠳᠤ ᠥᠪᠡᠷ ᠤᠨ ᠳᠤᠷᠠᠳᠤᠭᠰᠠᠨ ᠵᠣᠷᠢᠯᠲᠠ ᠳᠠᠭᠠᠨ ᠭᠡᠷᠡᠴᠢ ᠪᠠᠷᠢᠮᠲᠠ ᠬᠠᠩᠭᠠᠬᠤ ᠬᠠᠷᠢᠭᠤᠴᠠᠯᠭ᠎ᠠ ᠲᠠᠢ᠃ ᠬᠥᠳᠡᠯᠮᠦᠷᠢᠴᠢᠨ ᠬᠥᠮᠥᠨ ᠬᠡᠷᠡᠭᠯᠡᠬᠦ ᠨᠢᠭᠡᠴᠢ ᠶᠢᠨ ᠡᠵᠡᠮᠰᠢᠨ ᠬᠠᠮᠢᠶᠠᠷᠴᠤ ᠪᠠᠶᠢᠭ᠎ᠠ ᠬᠥᠨᠳᠡᠯᠡᠨ ᠠᠴᠠ ᠲᠠᠰᠤᠯᠤᠭᠤᠯᠬᠤ ᠵᠣᠷᠢᠯᠲᠠ ᠲᠠᠢ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ ᠬᠠᠩᠭᠠᠵᠤ ᠴᠢᠳᠠᠬᠤ ᠦᠭᠡᠢ ᠪᠠᠶᠢᠪᠠᠯ᠂ ᠬᠥᠨᠳᠡᠯᠡᠨ ᠠᠴᠠ ᠲᠠᠰᠤᠯᠬᠤ ᠲᠢᠩᠬᠢᠮ ᠨᠢ ᠵᠢᠭᠠᠨ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠬᠠᠩᠭᠠᠯᠭᠠᠬᠤ ᠪᠠᠷ ᠬᠥᠮᠥᠨ ᠬᠡᠷᠡᠭᠯᠡᠬᠦ ᠨᠢᠭᠡᠴᠢ ᠶᠢ ᠱᠠᠭᠠᠷᠳᠠᠬᠤ ᠬᠡᠷᠡᠭᠲᠡᠢ︔ ᠬᠥᠮᠥᠨ ᠬᠡᠷᠡᠭᠯᠡᠬᠦ ᠨᠢᠭᠡᠴᠢ ᠵᠢᠭᠠᠨ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠬᠠᠩᠭᠠᠭᠰᠠᠨ ᠦᠭᠡᠢ ᠪᠠᠶᠢᠪᠠᠯ᠂ ᠠᠰᠢᠭ ᠦᠭᠡᠢ ᠦᠷ᠎ᠡ ᠳ᠋ᠦᠩ ᠢ ᠡᠭᠦᠷᠭᠡᠯᠡᠬᠦ ᠬᠡᠷᠡᠭᠲᠡᠢ᠃             ᠬᠥᠳᠡᠯᠮᠦᠷᠢᠴᠢᠨ ᠬᠥᠨᠳᠡᠯᠡᠨ ᠠᠴᠠ ᠲᠠᠰᠤᠯᠤᠭᠰᠠᠨ ᠲᠠᠰᠤᠯᠤᠯᠲᠠ ᠶᠢ ᠵᠥᠪᠰᠢᠶᠡᠷᠡᠬᠦ ᠦᠭᠡᠢ ᠪᠠᠶᠢᠪᠠᠯ᠂ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠪᠣᠯᠣᠨ᠎ᠠ᠃             ᠬᠥᠳᠡᠯᠮᠦᠷᠢᠴᠢᠨ ᠬᠥᠨᠳᠡᠯᠡᠨ ᠠᠴᠠ ᠲᠠᠰᠤᠯᠤᠭᠰᠠᠨ ᠲᠠᠰᠤᠯᠤᠯᠲᠠ ᠶᠢ ᠵᠥᠪᠰᠢᠶᠡᠷᠡᠬᠦ ᠦᠭᠡᠢ ᠪᠠᠶᠢᠪᠠᠯ᠂ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠪᠣᠯᠣᠨ᠎ᠠ᠃             ᠬᠥᠮᠥᠨ ᠬᠡᠷᠡᠭᠯᠡᠬᠦ ᠨᠢᠭᠡᠴᠢ ᠬᠥᠨᠳᠡᠯᠡᠨ ᠠᠴᠠ ᠲᠠᠰᠤᠯᠤᠭᠰᠠᠨ ᠲᠠᠰᠤᠯᠤᠯᠲᠠ ᠶᠢ ᠵᠥᠪᠰᠢᠶᠡᠷᠡᠬᠦ ᠦᠭᠡᠢ ᠪᠠᠶᠢᠪᠠᠯ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ᠂ ᠬᠢᠨᠠᠨ ᠲᠣᠭᠲᠠᠭᠠᠬᠤ ᠵᠢᠷᠤᠮ ᠳᠠᠭᠤᠰᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠪᠣᠯᠣᠨ᠎ᠠ︔ ᠵᠠᠷᠭᠤᠯᠳᠤᠭᠠᠨ ᠤ ᠬᠤᠭᠤᠴᠠᠭᠠᠨ ᠳᠤ ᠬᠥᠳᠡᠯᠮᠦᠷᠢᠴᠢᠨ ᠤ ᠡᠮᠴᠢᠯᠡᠭᠡᠨ ᠤ ᠵᠠᠷᠤᠳᠠᠯ ᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠠᠷᠠᠭᠠᠯᠵᠠᠯ ᠳᠤ ᠲᠣᠭᠲᠠᠭᠠᠭᠰᠠᠨ ᠠᠷᠭ᠎ᠠ ᠵᠠᠮ ᠢᠶᠠᠷ ᠥᠭᠭᠦᠨ᠎ᠡ᠃             ᠲᠠᠪᠢᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠡᠪᠡᠳᠴᠢᠲᠡᠨ ᠪᠤᠶᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠡᠪᠡᠳᠴᠢᠲᠡᠨ ᠢᠶᠠᠷ ᠰᠡᠵᠢᠭᠯᠡᠭᠳᠡᠵᠦ ᠪᠠᠶᠢᠬᠤ ᠶᠢ ᠣᠯᠵᠤ ᠮᠡᠳᠡᠪᠡᠯ᠂ ᠪᠠᠶᠢᠭ᠎ᠠ ᠭᠠᠵᠠᠷ ᠤᠨ ᠢᠶᠠᠨ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠭᠡᠵᠦ ᠣᠨᠣᠰᠢᠯᠠᠭᠰᠠᠨ ᠪᠠᠶᠢᠪᠠᠯ᠂ ᠬᠥᠮᠥᠨ ᠬᠡᠷᠡᠭᠯᠡᠬᠦ ᠨᠢᠭᠡᠴᠢ ᠨᠢ ᠪᠠᠰᠠ ᠪᠠᠶᠢᠭ᠎ᠠ ᠭᠠᠵᠠᠷ ᠤᠨ ᠢᠶᠠᠨ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠮᠡᠳᠡᠭᠦᠯᠦᠯᠲᠡ ᠶᠢ ᠣᠯᠣᠭᠰᠠᠨ ᠰᠠᠯᠠᠭ᠎ᠠ ᠮᠥᠴᠢᠷ ᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃             ᠲᠠᠪᠢᠨ ᠨᠢᠭᠡᠳᠦᠭᠡᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠪᠦᠷᠢᠳᠬᠡᠨ ᠮᠡᠳᠡᠭᠦᠯᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠲᠣᠭᠲᠠᠭᠠᠯ ᠶᠣᠰᠣᠭᠠᠷ ᠳᠡᠭᠡᠭᠰᠢ ᠮᠡᠳᠡᠭᠦᠯᠦᠨ᠎ᠡ᠃             ᠲᠠᠪᠢᠨ ᠬᠤᠶᠠᠳᠤᠭᠠᠷ ᠵᠦᠢᠯ   ᠲᠤᠬᠠᠢ ᠶᠢᠨ ᠬᠥᠮᠥᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠣᠨᠣᠰᠢᠯᠠᠯᠲᠠ ᠳᠤ ᠣᠨᠳᠣᠣ ᠰᠠᠨᠠᠯ ᠲᠠᠢ ᠪᠠᠶᠢᠪᠠᠯ᠂ ᠣᠨᠣᠰᠢᠯᠠᠯᠲᠠ ᠬᠢᠭᠰᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠰᠢᠯᠭᠠᠨ ᠲᠣᠭᠲᠠᠭᠠᠯᠭᠠᠬᠤ ᠪᠠᠷ ᠭᠤᠶᠤᠴᠢᠯᠠᠵᠤ ᠪᠣᠯᠣᠨ᠎ᠠ᠃             ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠣᠨᠣᠰᠢᠯᠠᠯᠲᠠ ᠶᠢᠨ ᠮᠠᠷᠭᠤᠯᠳᠤᠭᠠᠨ ᠢ ᠲᠤᠬᠠᠢ ᠶᠢᠨ ᠬᠥᠮᠥᠨ ᠤ ᠭᠤᠶᠤᠴᠢᠯᠠᠯ ᠢ ᠦᠨᠳᠦᠰᠦᠯᠡᠨ᠂ ᠠᠵᠢᠯ ᠤᠨ ᠨᠥᠯᠥᠭᠡᠨ ᠤ             ᠲᠤᠬᠠᠢ ᠶᠢᠨ ᠬᠥᠮᠥᠨ ᠨᠢ ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠵᠤ ᠬᠢᠨᠠᠨ ᠲᠣᠭᠲᠠᠭᠠᠬᠤ ᠺᠣᠮᠢᠰ ᠤᠨ ᠬᠢᠨᠠᠨ ᠲᠣᠭᠲᠠᠭᠠᠭᠰᠠᠨ ᠳ᠋ᠦᠩᠨᠡᠯᠲᠡ ᠶᠢ ᠵᠥᠪᠰᠢᠶᠡᠷᠡᠬᠦ ᠦᠭᠡᠢ ᠪᠠᠶᠢᠪᠠᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠲᠠᠬᠢᠨ ᠬᠢᠨᠠᠨ ᠲᠣᠭᠲᠠᠭᠠᠯᠭᠠᠬᠤ ᠪᠠᠷ ᠭᠤᠶᠤᠴᠢᠯᠠᠵᠤ ᠪᠣᠯᠣᠨ᠎ᠠ᠃             ᠲᠠᠪᠢᠨ ᠭᠤᠷᠪᠠᠳᠤᠭᠠᠷ ᠵᠦᠢᠯ   ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠵᠤ ᠬᠢᠨᠠᠨ ᠲᠣᠭᠲᠠᠭᠠᠬᠤ ᠺᠣᠮᠢᠰ ᠢ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠲᠤᠰᠬᠠᠢ ᠮᠡᠷᠭᠡᠵᠢᠯᠲᠡᠨ ᠢᠶᠠᠷ ᠪᠦᠷᠢᠯᠳᠦᠭᠦᠯᠦᠨ᠎ᠡ᠃             ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠤ ᠬᠥᠮᠥᠷᠭᠡ ᠪᠠᠶᠢᠭᠤᠯᠵᠤ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠮᠠᠷᠭᠤᠯᠳᠤᠭᠠᠨ ᠳᠤ ᠣᠨᠣᠰᠢᠯᠠᠯᠲᠠ ᠪᠠ ᠬᠢᠨᠠᠨ ᠲᠣᠭᠲᠠᠭᠠᠯᠲᠠ ᠬᠢᠬᠦ ᠴᠢᠬᠤᠯᠠᠲᠠᠢ ᠦᠶ᠎ᠡ ᠳᠤ᠂ ᠲᠤᠬᠠᠢ ᠶᠢᠨ ᠬᠥᠮᠥᠨ ᠪᠤᠶᠤ ᠲᠤᠬᠠᠢ ᠶᠢᠨ ᠬᠥᠮᠥᠨ ᠨᠢ ᠬᠤᠯᠪᠣᠭᠳᠠᠯ ᠪᠦᠬᠦᠢ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠨᠠᠶᠢᠳᠠᠵᠤ ᠲᠤᠰᠬᠠᠢ ᠮᠡᠷᠭᠡᠵᠢᠯᠲᠡᠨ ᠤ ᠬᠥᠮᠥᠷᠭᠡ ᠠᠴᠠ ᠲᠣᠬᠢᠶᠠᠯᠳᠤᠯ ᠢᠶᠠᠷ ᠰᠣᠩᠭᠤᠨ ᠠᠪᠬᠤ ᠠᠷᠭ᠎ᠠ ᠮᠠᠶ᠋ᠢᠭ ᠢᠶᠠᠷ ᠣᠨᠣᠰᠢᠯᠠᠯᠲᠠ ᠪᠠ ᠬᠢᠨᠠᠨ ᠲᠣᠭᠲᠠᠭᠠᠯᠲᠠ ᠶᠢᠨ ᠺᠣᠮᠢᠰ ᠲᠤ ᠣᠷᠤᠯᠴᠠᠬᠤ ᠲᠤᠰᠬᠠᠢ ᠮᠡᠷᠭᠡᠵᠢᠯᠲᠡᠨ ᠢ ᠲᠣᠭᠲᠠᠭᠠᠨ᠎ᠠ᠃             ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠵᠤ ᠬᠢᠨᠠᠨ ᠲᠣᠭᠲᠠᠭᠠᠬᠤ ᠺᠣᠮᠢᠰ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠨᠡᠶᠢᠲᠡᠯᠡᠭᠰᠡᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ ᠪᠠᠷᠢᠮᠵᠢᠶ᠎ᠠ ᠪᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ᠂ ᠬᠢᠨᠠᠨ ᠲᠣᠭᠲᠠᠭᠠᠬᠤ ᠠᠷᠭ᠎ᠠ ᠶᠢᠨ ᠶᠣᠰᠣᠭᠠᠷ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠵᠤ ᠬᠢᠨᠠᠨ ᠲᠣᠭᠲᠠᠭᠠᠵᠤ᠂ ᠲᠤᠬᠠᠢ ᠶᠢᠨ ᠬᠥᠮᠥᠨ ᠳᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ᠂ ᠬᠢᠨᠠᠨ ᠲᠣᠭᠲᠠᠭᠠᠬᠤ ᠵᠠᠷᠤᠳᠠᠯ ᠢ ᠬᠥᠮᠥᠨ ᠬᠡᠷᠡᠭᠯᠡᠬᠦ ᠨᠢᠭᠡᠴᠢ ᠳᠠᠭᠠᠭᠠᠨ᠎ᠠ᠃             ᠲᠠᠪᠢᠨ ᠳᠥᠷᠪᠡᠳᠦᠭᠡᠷ ᠵᠦᠢᠯ   ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠵᠤ ᠬᠢᠨᠠᠨ ᠲᠣᠭᠲᠠᠭᠠᠬᠤ ᠺᠣᠮᠢᠰ ᠤᠨ ᠪᠦᠷᠢᠯᠳᠦᠭᠦᠨ ᠨᠠᠷ ᠲᠤᠬᠠᠶᠢᠯᠠᠭᠰᠠᠨ ᠠᠵᠢᠯ ᠤᠨ ᠶᠣᠰᠣ ᠮᠣᠷᠠᠯ ᠢ ᠵᠢᠷᠤᠮᠯᠠᠵᠤ᠂ ᠣᠨᠣᠰᠢᠯᠠᠯᠲᠠ ᠬᠢᠨᠠᠨ ᠲᠣᠭᠲᠠᠭᠠᠯᠲᠠ ᠶᠢ ᠪᠤᠰᠤᠳᠴᠢ᠂ ᠭᠤᠣᠯᠴᠢ ᠪᠠᠷ ᠬᠢᠬᠦ ᠶᠢᠨ ᠬᠠᠮᠲᠤ ᠵᠣᠬᠢᠴᠠᠩᠭᠤᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠵᠤ ᠬᠢᠨᠠᠨ ᠲᠣᠭᠲᠠᠭᠠᠬᠤ ᠺᠣᠮᠢᠰ ᠤᠨ ᠪᠦᠷᠢᠯᠳᠦᠭᠦᠨ ᠲᠤᠬᠠᠢ ᠶᠢᠨ ᠬᠥᠮᠥᠨ ᠲᠠᠢ ᠳᠠᠯᠳᠠᠭᠤᠷ ᠣᠶᠢᠷᠠᠲᠤᠵᠤ ᠪᠣᠯᠬᠤ ᠦᠭᠡᠢ ᠂ ᠲᠤᠬᠠᠢ ᠶᠢᠨ ᠬᠥᠮᠥᠨ ᠤ ᠵᠣᠭᠤᠰ ᠮᠥᠩᠭᠦ ᠡᠳ᠋ ᠪᠣᠳᠠᠰ ᠪᠤᠶᠤ ᠪᠤᠰᠤᠳ ᠠᠰᠢᠭ ᠲᠤᠰᠠ ᠶᠢ ᠭᠥᠯᠢᠶᠡᠨ ᠠᠪᠴᠤ ᠪᠣᠯᠬᠤ ᠦᠭᠡᠢ᠂ ᠲᠤᠬᠠᠢ ᠶᠢᠨ ᠬᠥᠮᠥᠨ ᠲᠠᠢ ᠠᠰᠢᠭ ᠬᠤᠣᠷ ᠤᠨ ᠬᠠᠷᠢᠴᠠᠭ᠎ᠠ ᠲᠠᠢ ᠪᠠᠶᠢᠪᠠᠯ ᠵᠠᠶᠢᠯᠠᠬᠤ ᠬᠡᠷᠡᠭᠲᠡᠢ᠃             ᠠᠷᠠᠳ ᠤᠨ ᠰᠢᠭᠦᠬᠦ ᠬᠤᠷᠢᠶ᠎ᠠ ᠬᠤᠯᠪᠣᠭᠳᠠᠯ ᠪᠦᠬᠦᠢ ᠬᠡᠷᠡᠭ ᠢ ᠭᠥᠯᠢᠶᠡᠨ ᠠᠪᠴᠤ ᠰᠢᠢᠳᠪᠦᠷᠢᠯᠡᠬᠦ ᠳᠡᠭᠡᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠢᠨᠠᠨ ᠲᠣᠭᠲᠠᠭᠠᠯᠲᠠ ᠬᠢᠯᠭᠡᠬᠦ ᠴᠢᠬᠤᠯᠠᠲᠠᠢ ᠦᠶ᠎ᠡ ᠳᠤ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠤᠯᠢ ᠶᠣᠰᠣᠭᠠᠷ ᠪᠠᠶᠢᠭᠤᠯᠤᠭᠰᠠᠨ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠤ ᠬᠥᠮᠥᠷᠭᠡ ᠠᠴᠠ ᠬᠢᠨᠠᠨ ᠲᠣᠭᠲᠠᠭᠠᠯᠲᠠ ᠳᠤ ᠣᠷᠤᠯᠴᠠᠬᠤ ᠲᠤᠰᠬᠠᠢ ᠮᠡᠷᠭᠡᠵᠢᠯᠲᠡᠨ ᠢ ᠰᠣᠩᠭᠤᠵᠤ ᠠᠪᠬᠤ ᠬᠡᠷᠡᠭᠲᠡᠢ᠃             ᠲᠠᠪᠢᠨ ᠲᠠᠪᠤᠳᠤᠭᠠᠷ ᠵᠦᠢᠯ   ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠡᠪᠡᠳᠴᠢᠲᠡᠨ ᠢᠶᠠᠷ ᠰᠡᠵᠢᠭᠯᠡᠭᠳᠡᠭᠰᠡᠨ ᠢ ᠣᠯᠵᠤ ᠮᠡᠳᠡᠪᠡᠯ᠂ ᠬᠥᠳᠡᠯᠮᠦᠷᠢᠴᠢᠨ ᠲᠤᠰ ᠬᠥᠮᠥᠨ ᠳᠤᠨᠢ ᠮᠡᠳᠡᠭᠳᠡᠬᠦ ᠶᠢᠨ ᠬᠠᠮᠲᠤ ᠬᠥᠮᠥᠨ ᠬᠡᠷᠡᠭᠯᠡᠬᠦ ᠨᠢᠭᠡᠴᠢ ᠳᠤ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ᠃             ᠬᠥᠮᠥᠨ ᠬᠡᠷᠡᠭᠯᠡᠬᠦ ᠨᠢᠭᠡᠴᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠡᠪᠡᠳᠴᠢᠲᠡᠨ ᠢᠶᠠᠷ ᠰᠡᠵᠢᠭᠯᠡᠭᠳᠡᠭᠰᠡᠳ ᠢ ᠣᠨᠣᠰᠢᠯᠠᠭᠤᠯᠬᠤ ᠪᠠᠷ ᠴᠠᠭ ᠲᠤᠬᠠᠢ ᠳᠤᠨᠢ ᠲᠣᠬᠢᠷᠠᠭᠤᠯᠬᠤ ᠬᠡᠷᠡᠭᠲᠡᠶ ; ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠡᠪᠡᠳᠴᠢᠲᠡᠨ ᠢᠶᠠᠷ ᠰᠡᠵᠢᠭᠯᠡᠭᠳᠡᠭᠰᠡᠳ ᠢ ᠣᠨᠣᠰᠢᠯᠠᠬᠤ ᠪᠤᠶᠤ ᠠᠨᠠᠭᠠᠬᠤ ᠤᠬᠠᠭᠠᠨ ᠤ ᠠᠵᠢᠭᠯᠠᠯᠲᠠ ᠬᠢᠯᠭᠡᠬᠦ ᠬᠤᠭᠤᠴᠠᠭᠠᠨ ᠳᠤ ᠲᠡᠭᠦᠨ ᠲᠠᠢ ᠲᠣᠭᠲᠠᠭᠠᠭᠰᠠᠨ ᠬᠥᠳᠡᠯᠮᠦᠷᠢ ᠶᠢᠨ ᠭᠡᠷ᠎ᠡ ᠶᠢ ᠴᠤᠴᠠᠯᠬᠤ ᠪᠤᠶᠤ ᠳᠠᠭᠤᠰᠬᠠᠵᠤ ᠪᠣᠯᠬᠤ ᠦᠭᠡᠢ᠃             ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠡᠪᠡᠳᠴᠢᠲᠡᠨ ᠤ ᠣᠨᠣᠰᠢᠯᠠᠬᠤ᠂ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠤᠭᠤᠴᠠᠭᠠᠨ ᠳᠠᠬᠢ ᠵᠠᠷᠤᠳᠠᠯ ᠢ ᠬᠥᠮᠥᠨ ᠬᠡᠷᠡᠭᠯᠡᠬᠦ ᠨᠢᠭᠡᠴᠢ ᠳᠠᠭᠠᠭᠠᠨ᠎ᠠ᠃             ᠲᠠᠪᠢᠨ ᠵᠢᠷᠭᠤᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠡᠪᠡᠳᠴᠢᠲᠡᠨ ᠤ ᠤᠯᠤᠰ ᠠᠴᠠ ᠲᠣᠭᠲᠠᠭᠠᠭᠰᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠠᠷᠠᠭᠠᠯᠵᠠᠯ ᠢ ᠬᠠᠤᠯᠢ ᠶᠣᠰᠣᠭᠠᠷ ᠡᠳ᠋ᠯᠡᠬᠦ ᠶᠢ ᠪᠠᠲᠤᠯᠠᠬᠤ ᠬᠡᠷᠡᠭᠲᠡᠢ᠃             ᠬᠥᠮᠥᠨ ᠬᠡᠷᠡᠭᠯᠡᠬᠦ ᠨᠢᠭᠡᠴᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠡᠪᠡᠳᠴᠢᠲᠡᠨ ᠢ ᠡᠮᠨᠡᠨ ᠵᠠᠰᠠᠬᠤ᠂ ᠡᠷᠡᠭᠦᠯᠵᠢᠭᠦᠯᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠯᠭᠡᠬᠦ ᠪᠠᠷ ᠲᠣᠬᠢᠷᠠᠭᠤᠯᠬᠤ ᠬᠡᠷᠡᠭᠲᠡᠢ᠃             ᠬᠥᠮᠥᠨ ᠬᠡᠷᠡᠭᠯᠡᠬᠦ ᠨᠢᠭᠡᠴᠢ ᠤᠤᠯ ᠤᠨ ᠠᠵᠢᠯ ᠢᠶᠠᠨ ᠦᠷᠭᠦᠯᠵᠢᠯᠡᠨ ᠬᠢᠬᠦ ᠳᠤ ᠲᠣᠬᠢᠷᠠᠮᠵᠢ ᠦᠭᠡᠢ ᠪᠣᠯᠤᠭᠰᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠡᠪᠡᠳᠴᠢᠲᠡᠨ ᠢ ᠤᠤᠯ ᠤᠨ ᠠᠵᠢᠯ ᠤᠨ ᠪᠠᠶᠢᠷᠢ ᠠᠴᠠ ᠨᠢ ᠰᠢᠯᠵᠢᠭᠦᠯᠬᠦ ᠶᠢᠨ ᠬᠠᠮᠲᠤ ᠲᠣᠬᠢᠲᠠᠢ ᠲᠣᠬᠢᠷᠠᠭᠤᠯᠬᠤ ᠬᠡᠷᠡᠭᠲᠡᠢ᠃             ᠬᠥᠮᠥᠨ ᠬᠡᠷᠡᠭᠯᠡᠬᠦ ᠨᠢᠭᠡᠴᠢ ᠠᠴᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠲᠠᠢ ᠣᠶᠢᠷᠠᠲᠤᠬᠤ ᠠᠵᠢᠯ ᠢ ᠬᠢᠵᠦ ᠪᠠᠶᠢᠭ᠎ᠠ ᠬᠥᠳᠡᠯᠮᠦᠷᠢᠴᠢᠨ ᠳᠤ ᠵᠣᠬᠢᠬᠤ ᠬᠡᠮᠵᠢᠶᠡᠨ ᠤ ᠠᠵᠢᠯ ᠤᠨ ᠪᠠᠶᠢᠷᠢ ᠶᠢᠨ ᠨᠥᠬᠦᠪᠦᠷᠢ ᠮᠥᠩᠭᠦ ᠥᠭᠬᠦ ᠬᠡᠷᠡᠭᠲᠡᠢ᠃             ᠲᠠᠪᠢᠨ ᠳᠣᠯᠣᠳᠤᠭᠠᠷ ᠵᠦᠢᠯ   ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠡᠪᠡᠳᠴᠢᠲᠡᠨ ᠢ ᠣᠨᠣᠰᠢᠯᠠᠨ ᠡᠮᠨᠡᠬᠦ᠂ ᠡᠷᠡᠭᠦᠯᠵᠢᠭᠦᠯᠬᠦ ᠵᠠᠷᠤᠳᠠᠯ᠂ ᠰᠢᠷᠬᠠᠲᠤᠵᠤ ᠵᠡᠮᠳᠡᠭ ᠪᠣᠯᠤᠭᠰᠠᠨ ᠵᠢᠴᠢ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠡᠪᠡᠳᠴᠢᠲᠡᠨ ᠤ ᠨᠡᠶᠢᠭᠡᠮ ᠤᠨ ᠪᠠᠲᠤᠯᠠᠭ᠎ᠠ ᠶᠢ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠤᠬᠠᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃             ᠲᠠᠪᠢᠨ ᠨᠠᠢᠮᠠᠳᠤᠭᠠᠷ ᠵᠦᠢᠯ   ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠡᠪᠡᠳᠴᠢᠲᠡᠨ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠬᠠᠤᠯᠢ ᠶᠣᠰᠣᠭᠠᠷ ᠡᠳ᠋ᠯᠡᠬᠦ ᠠᠴᠠ ᠭᠠᠳᠠᠨ᠎ᠠ᠂ ᠬᠤᠯᠪᠣᠭᠳᠠᠯ ᠪᠦᠬᠦᠢ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠶᠣᠰᠣᠭᠠᠷ ᠪᠠᠰᠠ ᠲᠥᠯᠥᠪᠦᠷᠢ ᠣᠯᠬᠤ ᠡᠷᠬᠡ ᠲᠠᠢ ᠪᠠᠶᠢᠪᠠᠯ᠂ ᠬᠥᠮᠥᠨ ᠬᠡᠷᠡᠭᠯᠡᠬᠦ ᠨᠢᠭᠡᠴᠢ ᠠᠴᠠ ᠲᠥᠯᠥᠪᠦᠷᠢ ᠠᠪᠬᠤ ᠪᠠᠷ ᠱᠠᠭᠠᠷᠳᠠᠬᠤ ᠡᠷᠬᠡ ᠲᠠᠢ᠃             ᠲᠠᠪᠢ ᠶᠢᠰᠦᠳᠦᠭᠡᠷ ᠵᠦᠢᠯ   ᠬᠥᠳᠡᠯᠮᠦᠷᠢᠴᠢᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠭᠡᠵᠦ ᠣᠨᠣᠰᠢᠯᠠᠭᠳᠠᠭᠰᠠᠨ ᠪᠣᠯᠪᠠᠴᠤ ᠬᠥᠮᠥᠨ ᠬᠡᠷᠡᠭᠯᠡᠬᠦ ᠨᠢᠭᠡᠴᠢ ᠨᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠭᠰᠠᠨ ᠦᠭᠡᠢ ᠪᠠᠶᠢᠪᠠᠯ᠂ ᠲᠡᠭᠦᠨ ᠤ ᠡᠮᠴᠢᠯᠡᠭᠡ ᠪᠠ ᠠᠮᠢᠳᠤᠷᠠᠯ ᠤᠨ ᠪᠠᠲᠤᠯᠠᠭ᠎ᠠ ᠶᠢ ᠲᠤᠰ ᠬᠥᠮᠥᠨ ᠬᠡᠷᠡᠭᠯᠡᠬᠦ ᠨᠢᠭᠡᠴᠢ ᠡᠭᠦᠷᠭᠡᠯᠡᠨ᠎ᠡ᠃             ᠵᠢᠷᠠᠳᠤᠭᠠᠷ ᠵᠦᠢᠯ   ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠡᠪᠡᠳᠴᠢᠲᠡᠨ ᠤ ᠠᠵᠢᠯᠯᠠᠬᠤ ᠨᠢᠭᠡᠴᠢ ᠨᠢ ᠬᠤᠪᠢᠷᠠᠪᠠᠯ᠂ ᠲᠡᠭᠦᠨ ᠤ ᠬᠠᠤᠯᠢ ᠶᠣᠰᠣᠭᠠᠷ ᠡᠳ᠋ᠯᠡᠬᠦ ᠬᠠᠷᠠᠭᠠᠯᠵᠠᠯ ᠨᠢ ᠬᠤᠪᠢᠷᠠᠬᠤ ᠦᠭᠡᠢ᠃             ᠬᠥᠮᠥᠨ ᠬᠡᠷᠡᠭᠯᠡᠬᠦ ᠨᠢᠭᠡᠴᠢ ᠰᠠᠯᠵᠤ ᠲᠤᠰᠠᠭᠠᠷᠯᠠᠬᠤ᠂ ᠨᠡᠶᠢᠯᠡᠬᠦ᠂ ᠲᠠᠷᠬᠠᠬᠤ᠂ ᠳᠠᠮᠫᠤᠷᠠᠬᠤ ᠵᠡᠷᠭᠡ ᠪᠠᠶᠢᠳᠠᠯ ᠭᠠᠷᠬᠤ ᠦᠶ᠎ᠡ ᠳᠤ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠳᠤ ᠣᠶᠢᠷᠠᠲᠤᠬᠤ ᠠᠵᠢᠯ ᠬᠢᠵᠦ ᠪᠠᠶᠢᠭ᠎ᠠ ᠬᠥᠳᠡᠯᠮᠦᠷᠢᠴᠢᠨ ᠳᠤ ᠡᠷᠡᠭᠦᠯ ᠮᠡᠨᠳᠤ ᠶᠢᠨ ᠪᠠᠶᠢᠴᠠᠭᠠᠯᠲᠠ ᠬᠢᠬᠦ ᠬᠡᠷᠡᠭᠲᠡᠢ ᠪᠥᠭᠡᠳ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠡᠪᠡᠳᠴᠢᠲᠡᠨ ᠢ ᠲᠣᠬᠢᠲᠠᠢ ᠲᠥᠪᠬᠢᠨᠡᠭᠦᠯᠬᠦ ᠬᠡᠷᠡᠭᠲᠡᠢ᠃             ᠵᠢᠷᠠᠨ ᠨᠢᠭᠡᠳᠦᠭᠡᠷ ᠵᠦᠢᠯ   ᠬᠥᠮᠥᠨ ᠬᠡᠷᠡᠭᠯᠡᠬᠦ ᠨᠢᠭᠡᠴᠢ ᠨᠢ ᠨᠢᠭᠡᠨᠲᠡ ᠣᠷᠣᠰᠢᠬᠤ ᠦᠭᠡᠢ ᠪᠣᠯᠤᠭᠰᠠᠨ ᠪᠤᠶᠤ ᠬᠥᠳᠡᠯᠮᠦᠷᠢ ᠶᠢᠨ ᠬᠠᠷᠢᠴᠠᠭ᠎ᠠ ᠶᠢ ᠨᠢ ᠨᠤᠲᠠᠯᠠᠬᠤ ᠶᠢᠨ ᠠᠷᠭ᠎ᠠ ᠦᠭᠡᠢ ᠪᠣᠯᠤᠭᠰᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠡᠪᠡᠳᠴᠢᠲᠡᠨ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠡᠮ ᠡᠮᠨᠡᠯᠭᠡ ᠶᠢᠨ ᠪᠠᠲᠤᠯᠠᠭ᠎ᠠ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠡᠮ ᠡᠮᠨᠡᠯᠭᠡ ᠶᠢᠨ ᠲᠤᠰᠠᠯᠠᠮᠵᠢ ᠪᠠ ᠠᠮᠢᠳᠤᠷᠠᠯ ᠵᠡᠷᠭᠡ ᠲᠠᠯ᠎ᠠ ᠶᠢᠨ ᠲᠤᠰᠠᠯᠠᠮᠵᠢ ᠭᠤᠶᠤᠴᠢᠯᠠᠵᠤ ᠪᠣᠯᠣᠨ᠎ᠠ᠃             ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ᠂ ᠪᠤᠰᠤᠳ ᠠᠷᠭ᠎ᠠ ᠬᠡᠮᠵᠢᠶ᠎ᠡ ᠠᠪᠴᠤ ᠪᠠᠶᠢᠭᠠᠳ ᠡᠮᠦᠨᠡᠬᠢ ᠪᠠᠳᠠᠭ ᠲᠤ ᠲᠣᠭᠲᠠᠭᠠᠭᠰᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠡᠪᠡᠳᠴᠢᠲᠡᠨ ᠢ ᠡᠮᠨᠡᠨ ᠵᠠᠰᠠᠵᠤ ᠠᠪᠤᠷᠠᠬᠤ ᠬᠡᠷᠡᠭᠲᠡᠢ᠃             ᠲᠠᠪᠤᠳᠤᠭᠠᠷ ᠪᠦᠯᠦᠭ   ᠬᠢᠨᠠᠯᠲᠠ ᠲᠠᠯᠪᠢᠵᠤ ᠪᠠᠶᠢᠴᠠᠭᠠᠬᠤ             ᠵᠢᠷᠠᠨ ᠬᠤᠶᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠢᠨᠠᠵᠤ ᠬᠠᠮᠢᠶᠠᠷᠬᠤ ᠰᠠᠯᠠᠭ᠎ᠠ ᠮᠥᠴᠢᠷ ᠤᠳ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠤᠯᠤᠰ ᠤᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠶᠣᠰᠣᠭᠠᠷ᠂ ᠲᠤᠰᠢᠶᠠᠯ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠢ ᠦᠨᠳᠦᠰᠦᠯᠡᠨ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠬᠢᠨᠠᠵᠤ ᠪᠠᠶᠢᠴᠠᠭᠠᠨ᠎ᠠ᠃             ᠵᠢᠷᠠᠨ ᠭᠤᠷᠪᠠᠳᠤᠭᠠᠷ ᠵᠦᠢᠯ   ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠵᠤ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠨᠦᠭᠦᠳ ᠢ ᠠᠪᠬᠤ ᠡᠷᠬᠡ ᠲᠠᠢ᠄             ︵ᠨᠢᠭᠡ︶ ᠪᠠᠶᠢᠴᠠᠭᠠᠭᠳᠠᠬᠤ ᠨᠢᠭᠡᠴᠢ ᠪᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠲᠠᠢ ᠲᠤᠬᠠᠢ ᠶᠢᠨ ᠭᠠᠵᠠᠷ ᠲᠤ ᠣᠴᠢᠵᠤ᠂ ᠪᠠᠶᠢᠳᠠᠯ ᠢ ᠣᠶᠢᠯᠠᠭᠠᠵᠤ᠂ ᠪᠠᠶᠢᠴᠠᠭᠠᠵᠤ ᠭᠡᠷᠡᠴᠢ ᠠᠪᠬᠤ ;             ︵ᠬᠤᠶᠠᠷ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠳᠤ ᠬᠤᠯᠪᠣᠭᠳᠠᠬᠤ ᠮᠠᠲ᠋ᠧᠷᠢᠶᠠᠯ ᠢ ᠪᠠᠶᠢᠴᠠᠭᠠᠨ ᠦᠵᠡᠬᠦ ᠪᠤᠶᠤ ᠪᠠᠭᠤᠯᠭᠠᠨ ᠠᠪᠴᠤ᠂ ᠦᠯᠢᠭᠡᠷ ᠡᠳ᠋ ᠴᠤᠭᠯᠠᠭᠤᠯᠬᠤ ;             ︵ᠭᠤᠷᠪᠠ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠭᠰᠡᠨ ᠨᠢᠭᠡᠴᠢ ᠪᠠ ᠬᠤᠪᠢ ᠬᠥᠮᠥᠨ ᠢ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠯᠭᠠᠬᠤ᠃             ᠵᠢᠷᠠᠨ ᠳᠥᠷᠪᠡᠳᠦᠭᠡᠷ ᠵᠦᠢᠯ   ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠡ᠊ᠨᠳᠡᠯ ᠭᠠᠷᠤᠭᠰᠠᠨ ᠪᠤᠶᠤ ᠬᠤᠣᠷ ᠬᠥᠨᠥᠭᠡᠯ ᠤᠨ ᠪᠠᠶᠢᠳᠠᠯ ᠨᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠡ᠊ᠨᠳᠡᠯ ᠭᠠᠷᠴᠤ ᠮᠡᠳᠡᠬᠦ ᠶᠢ ᠭᠡᠷᠡᠴᠢᠯᠡᠬᠦ ᠭᠡᠷᠡᠴᠢ ᠪᠠᠷᠢᠮᠲᠠ ᠲᠠᠢ ᠪᠣᠯᠤᠭᠰᠠᠨ ᠦᠶ᠎ᠡ ᠳᠤ᠂ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠳᠣᠣᠷ᠎ᠠ ᠵᠢᠭᠰᠠᠭᠠᠭᠰᠠᠨ ᠲᠦᠷ ᠴᠠᠭ ᠤᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠠᠪᠴᠤ ᠬᠡᠷᠡᠭᠵᠢᠭᠦᠯᠦᠨ᠎ᠡ᠃             ︵ᠨᠢᠭᠡ︶ ᠵᠠᠷᠯᠢᠭᠳᠠᠵᠤ ᠪᠠᠶᠢᠭᠠᠳ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠡ᠊ᠨᠳᠡᠯ ᠭᠠᠷᠭᠠᠭᠰᠠᠨ ᠠᠵᠢᠯ ᠢ ᠨᠢ ᠲᠦᠷ ᠵᠣᠭᠰᠣᠭᠠᠬᠤ ;             ︵ᠬᠤᠶᠠᠷ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠡ᠊ᠨᠳᠡᠯ ᠭᠠᠷᠭᠠᠭᠰᠠᠨ ᠪᠤᠶᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠡ᠊ᠨᠳᠡᠯ ᠭᠠᠷᠭᠠᠵᠤ ᠮᠡᠳᠡᠬᠦ ᠮᠠᠲ᠋ᠧᠷᠢᠶᠠᠯ ᠪᠠ ᠲᠤᠨᠤᠭ ᠲᠥᠬᠦᠭᠡᠷᠦᠮᠵᠢ ᠶᠢ ᠪᠢᠲᠡᠭᠦᠮᠵᠢᠯᠡᠨ ᠬᠠᠳᠠᠭᠠᠯᠠᠬᠤ ;             ︵ᠭᠤᠷᠪᠠ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠡ᠊ᠨᠳᠡᠯ ᠭᠠᠷᠤᠭᠰᠠᠨ ᠲᠤᠬᠠᠢ ᠶᠢᠨ ᠲᠠᠯᠠᠪᠤᠷ ᠢ ᠬᠢᠵᠠᠭᠠᠷᠯᠠᠬᠤ ;             ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠡ᠊ᠨᠳᠡᠯ ᠪᠤᠶᠤ ᠬᠤᠣᠷ ᠬᠥᠨᠥᠭᠡᠯ ᠤᠨ ᠪᠠᠶᠢᠳᠠᠯ ᠢ ᠪᠦᠲᠦᠮᠵᠢᠲᠡᠶ ᠬᠢᠵᠠᠭᠠᠷᠯᠠᠭᠰᠠᠨ ᠤ ᠲᠠᠷᠠᠭ᠎ᠠ᠂ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠵᠠᠭᠠᠷᠯᠠᠬᠤ ᠠᠷᠭ᠎ᠠ ᠬᠡᠮᠵᠢᠶ᠎ᠡ ᠪᠠᠨ ᠴᠠᠭ ᠲᠤᠬᠠᠢ ᠳᠤᠨᠢ ᠵᠣᠭᠰᠤᠭᠠᠬᠤ ;             ᠵᠢᠷᠠᠨ ᠲᠠᠪᠤᠳᠤᠭᠠᠷ ᠵᠦᠢᠯ   ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠡᠭᠡᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠢ᠃             ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠲᠠᠨ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠵᠤ᠂ ᠬᠠᠤᠯᠢ ᠶᠢ ᠭᠤᠣᠯᠴᠢ ᠪᠠᠷ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠵᠢᠷᠤᠮᠵᠢᠯ ᠢ ᠴᠢᠩᠭ᠎ᠠ ᠵᠢᠷᠤᠮᠯᠠᠬᠤ ᠬᠡᠷᠡᠭᠲᠡᠢ︔ ᠬᠥᠮᠥᠨ ᠬᠡᠷᠡᠭᠯᠡᠬᠦ ᠨᠢᠭᠡᠴᠢ ᠶᠢᠨ ᠨᠢᠭᠤᠴᠠ ᠳᠤ ᠬᠤᠯᠪᠣᠭᠳᠠᠭᠰᠠᠨ ᠪᠠᠶᠢᠪᠠᠯ᠂ ᠨᠢᠭᠤᠴᠠ ᠶᠢ ᠨᠢ ᠬᠠᠮᠠᠭᠠᠯᠠᠬᠤ ᠬᠡᠷᠡᠭᠲᠡᠢ᠃             ᠵᠢᠷᠠᠨ ᠵᠢᠷᠭᠤᠳᠤᠭᠠᠷ ᠵᠦᠢᠯ   ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠦᠶ᠎ᠡ ᠳᠤ᠂ ᠪᠠᠶᠢᠴᠠᠭᠠᠭᠳᠠᠬᠤ ᠨᠢᠭᠡᠴᠢ ᠨᠢ ᠪᠠᠶᠢᠴᠠᠭᠠᠯᠲᠠ ᠶᠢ ᠬᠦᠯᠢᠶᠡᠬᠦ ᠬᠡᠷᠡᠭᠲᠡᠢ ᠪᠥᠭᠡᠳ ᠳᠡᠮᠵᠢᠨ ᠬᠠᠮᠵᠢᠯᠴᠠᠬᠤ ᠬᠡᠷᠡᠭᠲᠡᠢ᠂ ᠲᠡᠪᠴᠢᠬᠦ ᠪᠠ ᠬᠠᠷᠰᠢᠯᠠᠵᠤ ᠪᠣᠯᠬᠤ ᠦᠭᠡᠢ᠃             ᠵᠢᠷᠠᠨ ᠳᠣᠯᠣᠳᠤᠭᠠᠷ ᠵᠦᠢᠯ   ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠴᠢ ᠲᠡᠭᠦᠨ ᠤ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠲᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠄             ︵ᠨᠢᠭᠡ︶ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠬᠤᠯᠪᠣᠭᠳᠠᠯ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ᠂ ᠬᠢᠷᠢ ᠴᠢᠳᠠᠯ ᠢ ᠭᠡᠷᠡᠴᠢᠯᠡᠬᠦ ᠪᠢᠴᠢᠭ ᠮᠠᠲ᠋ᠧᠷᠢᠶᠠᠯ ᠣᠯᠭᠤᠬᠤ ᠪᠤᠶᠤ ᠵᠥᠪᠰᠢᠶᠡᠷᠡᠭᠦᠯᠦᠨ᠎ᠡ︔             ︵ᠬᠤᠶᠠᠷ︶ ᠬᠤᠯᠪᠣᠭᠳᠠᠯ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ ᠢ ᠨᠢᠭᠡᠨᠲᠡ ᠣᠯᠣᠭᠰᠠᠨ ᠪᠠᠶᠢᠪᠠᠯ᠂ ᠬᠢᠨᠠᠯᠲᠠ ᠲᠠᠯᠪᠢᠵᠤ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠦᠯᠦ ᠭᠦᠢᠴᠡᠳᠬᠡᠭᠰᠡᠨ︔             ︵ᠭᠤᠷᠪᠠ︶ ᠬᠥᠮᠥᠨ ᠬᠡᠷᠡᠭᠯᠡᠬᠦ ᠨᠢᠭᠡᠴᠢ ᠳᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠣᠷᠣᠰᠢᠵᠤ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠡ᠊ᠨᠳᠡᠯ ᠭᠠᠷᠭᠠᠵᠤ ᠮᠡᠳᠡᠬᠦ ᠶᠢ ᠣᠯᠵᠤ ᠮᠡᠳᠡᠭᠰᠡᠨ ᠪᠠᠶᠢᠲᠠᠯ᠎ᠠ ᠴᠠᠭ ᠲᠤᠬᠠᠢ ᠳᠤᠨᠢ ᠬᠠᠤᠯᠢ ᠶᠣᠰᠣᠭᠠᠷ ᠬᠢᠵᠠᠭᠠᠷᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ︔             ︵ᠳᠥᠷᠪᠡ︶ ᠲᠤᠰ ᠬᠠᠤᠯᠢ ᠶᠢ ᠵᠥᠷᠢᠴᠡᠭᠰᠡᠨ ᠪᠤᠰᠤᠳ ᠠᠵᠢᠯᠯᠠᠭ᠎ᠠ ᠨᠤᠭᠤᠳ᠃             ᠵᠢᠷᠠᠨ ᠨᠠᠢᠮᠠᠳᠤᠭᠠᠷ ᠵᠦᠢᠯ   ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠶᠣᠰᠣᠭᠠᠷ ᠬᠢᠷᠢ ᠬᠡᠮ ᠤᠨ ᠮᠠᠭᠠᠳᠯᠠᠨ ᠲᠣᠭᠲᠠᠭᠠᠯᠲᠠ ᠬᠢᠯᠭᠡᠭᠰᠡᠨ ᠪᠠᠶᠢᠬᠤ ᠬᠡᠷᠡᠭᠲᠡᠢ᠃             ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠢᠨᠠᠵᠤ ᠬᠠᠮᠢᠶᠠᠷᠬᠤ ᠰᠠᠯᠠᠭ᠎ᠠ ᠮᠥᠴᠢᠷ ᠤᠳ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠲᠠᠨ ᠤ ᠤᠯᠤᠰ ᠲᠥᠷᠥ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠦᠨ᠂ ᠲᠤᠰ ᠬᠠᠤᠯᠢ ᠪᠠ ᠪᠤᠰᠤᠳ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯᠲᠠᠨ ᠤ ᠪᠠᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠪᠠ ᠰᠠᠬᠢᠯᠭ᠎ᠠ ᠪᠠᠲᠤ ᠶᠢ ᠵᠢᠷᠤᠮᠯᠠᠵᠤ ᠪᠠᠶᠢᠭ᠎ᠠ ᠪᠠᠶᠢᠳᠠᠯ ᠢ ᠬᠢᠨᠠᠵᠤ ᠪᠠᠶᠢᠴᠠᠭᠠᠬᠤ ᠬᠡᠷᠡᠭᠲᠡᠢ᠃             ᠵᠢᠷᠭᠤᠳᠤᠭᠠᠷ ᠪᠦᠯᠦᠭ   ᠬᠠᠤᠯᠢ ᠶᠢᠨ ᠬᠠᠷᠢᠭᠤᠴᠠᠯᠭ᠎ᠠ             ᠵᠢᠷᠠ ᠶᠢᠰᠦᠳᠦᠭᠡᠷ ᠵᠦᠢᠯ   ᠪᠦᠲᠦᠭᠡᠨ ᠪᠠᠶᠢᠭᠤᠯᠬᠤ ᠨᠢᠭᠡᠴᠢ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ᠂ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠣᠩᠭᠤᠳᠴᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠲᠠᠪᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠬᠡᠬᠦ ᠠᠵᠢᠯ ᠢ ᠨᠢ ᠵᠣᠭᠰᠣᠭᠠᠯᠭᠠᠬᠤ ᠪᠤᠶᠤ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠵᠠᠷᠯᠢᠭᠳᠠᠵᠤ ᠪᠠᠶᠢᠭᠠᠳ ᠪᠠᠶᠢᠭᠤᠯᠬᠤ ᠶᠢ ᠨᠢ ᠵᠣᠭᠰᠣᠭᠠᠵᠤ᠂ ᠡᠭᠦᠳᠡ ᠶᠢ ᠨᠢ ᠬᠠᠭᠠᠯᠭᠠᠨ᠎ᠠ᠄             ︵ᠨᠢᠭᠡ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠤᠷᠢᠳᠴᠢᠯᠠᠭᠰᠠᠨ ᠦᠨᠡᠯᠡᠯᠲᠡ ᠶᠢ ᠲᠣᠭᠲᠠᠭᠠᠯ ᠶᠣᠰᠣᠭᠠᠷ ᠦᠯᠦ ᠬᠢᠭᠰᠡᠨ ;             ︵ᠬᠤᠶᠠᠷ︶ ᠡᠮᠴᠢᠯᠡᠭᠡᠨ ᠤ ᠪᠠᠶᠢᠭᠤᠯᠤᠮᠵᠢ ᠶᠢᠨ ᠰᠠᠴᠤᠷᠠᠭ ᠴᠢᠨᠠᠷᠲᠠᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠬᠡᠵᠦ ᠮᠡᠳᠡᠬᠦ ᠪᠦᠲᠦᠭᠡᠨ ᠪᠠᠶᠢᠭᠤᠯᠤᠯᠲᠠ ᠶᠢᠨ ᠵᠦᠢᠯᠡᠰ ᠨᠢ ᠲᠣᠭᠲᠠᠭᠠᠯ ᠶᠣᠰᠣᠭᠠᠷ ᠰᠠᠴᠤᠷᠠᠭ ᠴᠢᠨᠠᠷᠲᠠᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠢ ᠤᠷᠢᠳᠴᠢᠯᠠᠨ ᠦᠨᠡᠯᠡᠭᠰᠡᠨ ᠮᠡᠳᠡᠭᠦᠯᠦᠯᠲᠡ ᠪᠠᠨ ᠡᠰᠡ ᠲᠤᠰᠢᠶᠠᠭᠰᠠᠨ᠂ ᠡᠰᠡᠬᠦᠯ᠎ᠡ ᠰᠠᠴᠤᠷᠠᠭ ᠴᠢᠨᠠᠷᠲᠠᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠢ ᠤᠷᠢᠳᠴᠢᠯᠠᠨ ᠦᠨᠡᠯᠡᠭᠰᠡᠨ ᠮᠡᠳᠡᠭᠦᠯᠦᠯᠲᠡ ᠪᠠᠨ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠤᠯᠵᠤ ᠵᠥᠪᠰᠢᠶᠡᠷᠡᠭᠦᠯᠦᠭᠰᠡᠨ ᠦᠭᠡᠢ ᠪᠠᠷ ᠠᠵᠢᠯ ᠡᠬᠢᠯᠡᠭᠦᠯᠵᠦ ᠪᠦᠲᠦᠭᠡᠨ ᠪᠠᠶᠢᠭᠤᠯᠤᠭᠰᠠᠨ︔             ︵ᠭᠤᠷᠪᠠ︶ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠲᠥᠬᠦᠭᠡᠷᠦᠮᠵᠢ ᠶᠢ ᠲᠣᠭᠲᠠᠭᠠᠯ ᠶᠣᠰᠣᠭᠠᠷ ᠭᠤᠣᠯ ᠪᠠᠷᠢᠯᠭ᠎ᠠ ᠲᠠᠢ ᠪᠠᠨ ᠬᠠᠮᠲᠤ ᠳᠤᠨᠢ ᠵᠢᠷᠤᠵᠤ ᠲᠥᠯᠥᠪᠯᠡᠵᠦ᠂ ᠬᠠᠮᠲᠤ ᠳᠤᠨᠢ ᠪᠠᠷᠢᠵᠤ᠂ ᠬᠠᠮᠲᠤ ᠳᠤᠨᠢ ᠦᠢᠯᠡᠳᠪᠦᠷᠢᠯᠡᠯ ᠪᠠ ᠬᠡᠷᠡᠭᠯᠡᠯᠲᠡ ᠳᠤ ᠣᠷᠣᠭᠤᠯᠤᠭᠰᠠᠨ ᠦᠭᠡᠢ︔             ︵ᠳᠥᠷᠪᠡ︶ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠨᠢ ᠤᠯᠤᠰ ᠤᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠳᠤ ᠨᠡᠶᠢᠴᠡᠭᠰᠡᠨ ᠦᠭᠡᠢ᠂ ᠡᠰᠡᠬᠦᠯ᠎ᠡ ᠡᠮᠴᠢᠯᠡᠭᠡᠨ ᠤ ᠪᠠᠶᠢᠭᠤᠯᠤᠮᠵᠢ ᠶᠢᠨ ᠰᠠᠴᠤᠷᠠᠭ ᠴᠢᠨᠠᠷᠲᠠᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠨᠢ ᠬᠦᠨᠳᠦ ᠨᠣᠴᠢᠲᠠᠢ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠰᠡᠷᠭᠡᠶᠢᠯᠡᠯᠲᠡ ᠶᠢᠨ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠶᠢ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ ;             ︵ᠲᠠᠪᠤ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠲᠥᠬᠦᠭᠡᠷᠦᠮᠵᠢ ᠳᠤ ᠲᠣᠭᠲᠠᠭᠠᠯ ᠶᠣᠰᠣᠭᠠᠷ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠢ ᠬᠢᠵᠠᠭᠠᠷᠯᠠᠬᠤ ᠦᠷ᠎ᠡ ᠪᠦᠲᠦᠮᠵᠢ ᠶᠢᠨ ᠦᠨᠡᠯᠡᠯᠲᠡ ᠬᠢᠭᠰᠡᠨ ᠦᠭᠡᠢ︔             ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠠᠷᠢᠯᠭ᠎ᠠ ᠶᠢᠨ ᠠᠵᠢᠯ ᠳᠠᠭᠤᠰᠤᠭᠠᠳ ᠦᠢᠯᠡᠳᠪᠦᠷᠢᠯᠡᠯ ᠪᠠ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠲᠥᠬᠦᠭᠡᠷᠦᠮᠵᠢ ᠶᠢ ᠲᠣᠭᠲᠠᠭᠠᠯ ᠶᠣᠰᠣᠭᠠᠷ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ᠃             ᠳᠠᠯᠠᠳᠤᠭᠠᠷ ᠵᠦᠢᠯ   ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠣᠩᠭᠤᠳᠴᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠄             ︵ᠨᠢᠭᠡ︶ ᠠᠵᠢᠯᠯᠠᠬᠤ ᠲᠠᠯᠠᠪᠤᠷ ᠲᠠᠬᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠢ ᠪᠠᠶᠢᠴᠠᠭᠠᠨ ᠬᠡᠮᠵᠢᠭᠰᠡᠨ᠂ ᠦᠨᠡᠯᠡᠭᠰᠡᠨ ᠦᠷ᠎ᠡ ᠳ᠋ᠦᠩ ᠢᠶᠠᠨ ᠳᠠᠩᠰᠠ ᠡᠪᠬᠡᠮᠡᠯ ᠳᠤ ᠣᠷᠣᠭᠤᠯᠤᠭᠰᠠᠨ ᠦᠭᠡᠢ᠂ ᠳᠡᠭᠡᠭᠰᠢ ᠮᠡᠳᠡᠭᠦᠯᠦᠭᠰᠡᠨ ᠦᠭᠡᠢ᠂ ᠨᠡᠶᠢᠲᠡᠯᠡᠭᠰᠡᠨ ᠦᠭᠡᠢ︔             ︵ᠬᠤᠶᠠᠷ︶ ᠲᠤᠰ ᠬᠠᠤᠯᠢ ᠶᠢᠨ ᠬᠤᠷᠢᠳᠤᠭᠠᠷ ᠵᠦᠢᠯ ᠳᠤ ᠲᠣᠭᠲᠠᠭᠠᠭᠰᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠡᠰᠡ ᠠᠪᠤᠭᠰᠠᠨ︔             ︵ᠭᠤᠷᠪᠠ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠲᠤᠬᠠᠢ ᠳᠦᠷᠢᠮ ᠲᠣᠭᠲᠠᠭᠠᠯ᠂ ᠠᠵᠢᠯᠯᠠᠬᠤ ᠳᠦᠷᠢᠮ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠡ᠊ᠨᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠴᠤ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠦᠯᠦ ᠨᠡᠶᠢᠲᠡᠯᠡᠭᠰᠡᠨ ;             ︵ᠳᠥᠷᠪᠡ︶ ᠲᠣᠭᠲᠠᠭᠠᠯ ᠶᠣᠰᠣᠭᠠᠷ ᠬᠥᠳᠡᠯᠮᠦᠷᠢᠴᠢᠳ ᠢ ᠵᠣᠬᠢᠶᠠᠨ ᠪᠠᠶᠢᠭᠤᠯᠵᠤ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠣᠯᠪᠠᠰᠤᠷᠠᠯ ᠬᠢᠯᠭᠡᠭᠰᠡᠨ ᠦᠭᠡᠢ᠂ ᠡᠰᠡᠬᠦᠯ᠎ᠡ ᠬᠥᠳᠡᠯᠮᠦᠷᠢᠴᠢᠨ ᠤ ᠬᠤᠪᠢ ᠬᠥᠮᠥᠨ ᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠠᠵᠢᠯ ᠳᠤ ᠵᠢᠭᠠᠨ ᠵᠢᠯᠤᠭᠤᠳᠬᠤ᠂ ᠰᠢᠪᠠᠳᠠᠬᠤ ᠠᠷᠭ᠎ᠠ ᠬᠡᠮᠵᠢᠶ᠎ᠡ ᠠᠪᠤᠭᠰᠠᠨ ᠦᠭᠡᠢ︔             ︵ᠲᠠᠪᠤ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠳᠤ ᠬᠤᠯᠪᠣᠭᠳᠠᠬᠤ ᠬᠢᠮᠢ ᠶᠢᠨ ᠮᠠᠲ᠋ᠧᠷᠢᠶᠠᠯ ᠢ ᠤᠯᠤᠰ ᠤᠨ ᠳᠣᠲᠣᠭᠠᠳᠤ ᠳᠤ ᠠᠩᠬ᠎ᠠ ᠤᠳᠠᠭ᠎ᠠ ᠬᠡᠷᠡᠭᠯᠡᠭᠰᠡᠨ ᠪᠤᠶᠤ ᠠᠩᠬ᠎ᠠ ᠤᠳᠠᠭ᠎ᠠ ᠭᠠᠳᠠᠭᠠᠳᠤ ᠠᠴᠠ ᠣᠷᠣᠭᠤᠯᠬᠤ ᠳᠠᠭᠠᠨ ᠬᠤᠣᠷᠲᠤ ᠴᠢᠨᠠᠷ ᠢ ᠬᠢᠨᠠᠨ ᠲᠣᠭᠲᠠᠭᠠᠭᠰᠠᠨ ᠮᠠᠲ᠋ᠧᠷᠢᠶᠠᠯ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠦᠷᠢᠳᠬᠡᠭᠦᠯᠵᠦ ᠳᠠᠩᠰᠠᠯᠠᠭᠤᠯᠤᠭᠰᠠᠨ ᠪᠤᠶᠤ ᠭᠠᠳᠠᠭᠠᠳᠤ ᠠᠴᠠ ᠣᠷᠣᠭᠤᠯᠬᠤ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠲᠣᠭᠲᠠᠭᠠᠯ ᠶᠣᠰᠣᠭᠠᠷ ᠦᠯᠦ ᠮᠡᠳᠡᠭᠦᠯᠦᠨ ᠬᠦᠷᠭᠡᠭᠰᠡᠨ᠃             ᠳᠠᠯᠠᠨ ᠨᠢᠭᠡᠳᠦᠭᠡᠷ ᠵᠦᠢᠯ   ᠬᠥᠮᠥᠨ ᠬᠡᠷᠡᠭᠯᠡᠬᠦ ᠨᠢᠭᠡᠴᠢ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠳᠣᠩᠭᠤᠳᠴᠤ᠂ ᠲᠠᠪᠤᠨ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠵᠦ ᠪᠣᠯᠣᠨ᠎ᠠ᠄             ︵ᠨᠢᠭᠡ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠬᠦ ᠵᠦᠢᠯᠡᠰ ᠢ ᠲᠣᠭᠲᠠᠭᠠᠯ ᠶᠣᠰᠣᠭᠠᠷ ᠴᠠᠭ ᠲᠤᠬᠠᠢ ᠳᠤᠨᠢ᠂ ᠦᠨᠡᠨ ᠮᠥᠨ ᠢᠶᠠᠷ ᠨᠢ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠭᠰᠡᠨ ᠦᠭᠡᠢ︔             ︵ᠬᠤᠶᠠᠷ︶ ᠲᠤᠰᠬᠠᠢ ᠬᠥᠮᠥᠨ ᠢᠶᠠᠷ ᠬᠠᠷᠢᠭᠤᠴᠠᠭᠤᠯᠤᠭᠰᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠤᠨ ᠡᠳᠦᠷ ᠲᠤᠳᠤᠮ ᠤᠨ ᠬᠢᠨᠠᠨ ᠬᠡᠮᠵᠢᠯᠲᠡ ᠶᠢ ᠦᠯᠦ ᠬᠢᠭᠰᠡᠨ᠂ ᠡᠰᠡᠬᠦᠯ᠎ᠡ ᠬᠢᠨᠠᠨ ᠬᠡᠮᠵᠢᠬᠦ ᠰᠢᠰᠲ᠋ᠧᠮ ᠨᠢ ᠬᠡᠪ ᠤᠨ ᠬᠢᠨᠠᠨ ᠬᠡᠮᠵᠢᠯᠲᠡ ᠶᠢ ᠦᠯᠦ ᠬᠢᠭᠰᠡᠨ ;             ︵ᠭᠤᠷᠪᠠ︶ ᠬᠥᠳᠡᠯᠮᠦᠷᠢ ᠶᠢᠨ ᠭᠡᠷ᠎ᠡ ᠶᠢ ᠲᠣᠭᠲᠠᠭᠠᠬᠤ ᠪᠤᠶᠤ ᠬᠤᠪᠢᠷᠠᠭᠤᠯᠬᠤ ᠳᠠᠭᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠦᠨᠡᠨ ᠪᠣᠳᠠᠲᠤ ᠪᠠᠶᠢᠳᠠᠯ ᠢ ᠬᠥᠳᠡᠯᠮᠦᠷᠢᠴᠢᠨ ᠳᠤ ᠦᠯᠦ ᠮᠡᠳᠡᠭᠳᠡᠭᠰᠡᠨ ;             ︵ᠳᠥᠷᠪᠡ︶ ᠠᠵᠢᠯ ᠮᠡᠷᠭᠡᠵᠢᠯ ᠤᠨ ᠡᠷᠡᠭᠦᠯ ᠮᠡᠡᠳᠦ ᠶᠢᠨ ᠪᠠᠶᠢᠴᠠᠭᠠᠯᠲᠠ ᠶᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠭᠰᠠᠨ ᠦᠭᠡᠢ᠂ ᠠᠵᠢᠯ ᠮᠡᠷᠭᠡᠵᠢᠯ ᠤᠨ ᠡᠷᠡᠭᠦᠯ ᠮᠡᠡᠳᠦ ᠶᠢᠨ ᠬᠢᠨᠠᠨ ᠬᠠᠮᠠᠭᠠᠯᠠᠯᠲᠠ ᠶᠢᠨ ᠲᠡᠩᠰᠠ ᠡᠪᠬᠡᠮᠡᠯ ᠪᠠᠶᠢᠭᠤᠯᠤᠭᠰᠠᠨ ᠦᠭᠡᠢ ᠪᠤᠶᠤ ᠪᠠᠶᠢᠴᠠᠭᠠᠭᠰᠠᠨ ᠦᠷ᠎ᠡ ᠳ᠋ᠦᠩ ᠢᠶᠠᠨ ᠬᠥᠳᠡᠯᠮᠦᠷᠢᠴᠢᠨ ᠳᠤ ᠪᠢᠴᠢᠭ ᠢᠶᠠᠷ ᠡᠰᠡ ᠮᠡᠳᠡᠭᠳᠡᠭᠰᠡᠨ︔             ︵ᠲᠠᠪᠤ︶ ᠬᠥᠳᠡᠯᠮᠦᠷᠢᠴᠢᠨ ᠬᠥᠮᠥᠨ ᠬᠡᠷᠡᠭᠯᠡᠬᠦ ᠨᠢᠭᠡᠴᠢ ᠠᠴᠠ ᠰᠠᠯᠬᠤ ᠦᠶ᠎ᠡ ᠳᠤ ᠠᠵᠢᠯ ᠮᠡᠷᠭᠡᠵᠢᠯ ᠤᠨ ᠡᠷᠡᠭᠦᠯ ᠮᠡᠨᠳᠤ ᠶᠢ ᠬᠢᠨᠠᠨ ᠬᠠᠮᠠᠭᠠᠯᠠᠬᠤ ᠲᠠᠩᠰᠠ ᠡᠪᠬᠡᠮᠡᠯ ᠤᠨ ᠪᠠᠭᠤᠯᠭᠠᠪᠤᠷᠢ ᠶᠢ ᠲᠤᠰ ᠬᠠᠤᠯᠢ ᠶᠢᠨ ᠲᠣᠭᠲᠠᠭᠠᠯ ᠶᠣᠰᠣᠭᠠᠷ ᠦᠯᠦ ᠬᠠᠩᠭᠠᠭᠰᠠᠨ᠃             ᠲᠠᠯᠠᠨ ᠬᠤᠶᠠᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠣᠩᠭᠤᠳᠴᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠲᠠᠪᠤᠨ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠬᠡᠬᠦ ᠠᠵᠢᠯ ᠢ ᠨᠢ ᠵᠣᠭᠰᠣᠭᠠᠯᠭᠠᠬᠤ ᠪᠤᠶᠤ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠵᠠᠷᠯᠢᠭᠳᠠᠵᠤ ᠪᠠᠶᠢᠭᠠᠳ ᠡᠭᠦᠳᠡ ᠶᠢ ᠨᠢ ᠬᠠᠭᠠᠯᠭᠠᠨ᠎ᠠ᠄             ︵ᠨᠢᠭᠡ︶ ᠠᠵᠢᠯᠯᠠᠬᠤ ᠲᠠᠯᠠᠪᠤᠷ ᠲᠠᠬᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠤᠨ ᠬᠦᠴᠦᠯᠡᠴᠡ ᠪᠤᠶᠤ ᠥᠳᠬᠡᠴᠡ ᠨᠢ ᠤᠯᠤᠰ ᠤᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠠᠴᠠ ᠬᠡᠲᠦᠷᠡᠭᠰᠡᠨ ;             ︵ᠬᠤᠶᠠᠷ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠲᠥᠬᠦᠭᠡᠷᠦᠮᠵᠢ ᠪᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠬᠤᠪᠢ ᠬᠥᠮᠥᠨ ᠤ ᠬᠡᠷᠡᠭᠰᠡᠯ ᠢ ᠦᠯᠦ ᠬᠠᠩᠭᠠᠭᠰᠠᠨ᠂ ᠡᠰᠡᠬᠦᠯ᠎ᠡ ᠬᠠᠩᠭᠠᠭᠰᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠲᠥᠬᠦᠭᠡᠷᠦᠮᠵᠢ ᠪᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠬᠤᠪᠢ ᠬᠥᠮᠥᠨ ᠤ ᠬᠡᠷᠡᠭᠰᠡᠯ ᠨᠢ ᠤᠯᠤᠰ ᠤᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠳᠤ ᠦᠯᠦ ᠨᠡᠶᠢᠴᠡᠭᠰᠡᠨ ;             ︵ᠭᠤᠷᠪᠠ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠲᠤᠨᠤᠭ ᠲᠥᠬᠦᠭᠡᠷᠦᠮᠵᠢ ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠴᠤ ᠠᠪᠤᠷᠠᠨ ᠲᠤᠰᠠᠯᠠᠬᠤ ᠲᠥᠬᠦᠭᠡᠷᠦᠮᠵᠢ ᠪᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠬᠤᠪᠢ ᠬᠥᠮᠥᠨ ᠤ ᠬᠡᠷᠡᠭᠰᠡᠯ ᠢ ᠲᠣᠭᠲᠠᠭᠠᠯ ᠶᠣᠰᠣᠭᠠᠷ ᠬᠠᠮᠠᠭᠠᠯᠠᠬᠤ᠂ ᠪᠠᠶᠢᠴᠠᠭᠠᠨ ᠵᠠᠰᠠᠬᠤ᠂ ᠪᠠᠶᠢᠴᠠᠭᠠᠨ ᠬᠡᠮᠵᠢᠬᠦ ᠠᠵᠢᠯ ᠢ ᠦᠯᠦ ᠬᠢᠭᠰᠡᠨ᠂ ᠡᠰᠡᠬᠦᠯ᠎ᠡ ᠬᠡᠪ ᠤᠨ ᠶᠣᠰᠣᠭᠠᠷ ᠠᠵᠢᠯᠯᠠᠬᠤ᠂ ᠬᠡᠷᠡᠭᠯᠡᠬᠦ ᠪᠠᠶᠢᠳᠠᠯ ᠢᠶᠠᠨ ᠪᠠᠲᠤᠯᠠᠵᠤ ᠴᠢᠳᠠᠬᠤ ᠦᠭᠡᠢ ᠪᠠᠶᠢᠬᠤ ;             ︵ᠳᠥᠷᠪᠡ︶ ᠠᠵᠢᠯᠯᠠᠬᠤ ᠲᠠᠯᠠᠪᠤᠷ ᠲᠠᠬᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠢ ᠲᠣᠭᠲᠠᠭᠠᠯ ᠶᠣᠰᠣᠭᠠᠷ ᠪᠠᠶᠢᠴᠠᠭᠠᠨ ᠬᠡᠮᠵᠢᠵᠦ᠂ ᠡᠰᠡ ᠦᠨᠡᠯᠡᠭᠰᠡᠨ ;             ︵ᠲᠠᠪᠤ︶ ᠠᠵᠢᠯᠯᠠᠬᠤ ᠲᠠᠯᠠᠪᠤᠷ ᠲᠠᠬᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠢ ᠵᠠᠰᠠᠭᠰᠠᠨ ᠤ ᠲᠠᠷᠠᠭ᠎ᠠ ᠤᠯᠤᠰ ᠤᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠳᠤ ᠮᠥᠨ ᠯᠡ ᠬᠦᠷᠴᠦ ᠳᠡᠶᠢᠯᠬᠦ ᠦᠭᠡᠢ ᠪᠠᠶᠢᠬᠤ ᠳᠠᠭᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ   ᠣᠷᠣᠰᠢᠵᠤ ᠪᠠᠶᠢᠭ᠎ᠠ ᠠᠵᠢᠯ ᠢᠶᠠᠨ             ︵ᠵᠢᠷᠭᠤᠭ᠎ᠠ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠡᠪᠡᠳᠴᠢᠲᠡᠨ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠡᠪᠡᠳᠴᠢᠲᠡᠨ ᠢᠶᠠᠷ ᠰᠡᠵᠢᠭᠯᠡᠭᠳᠡᠭᠰᠡᠨ ᠡᠪᠡᠳᠴᠢᠲᠡᠨ ᠢ ᠡᠮᠨᠡᠨ ᠵᠠᠰᠠᠭᠤᠯᠬᠤ ᠪᠠᠷ ᠲᠣᠭᠲᠠᠭᠠᠯ ᠶᠣᠰᠣᠭᠠᠷ ᠲᠣᠬᠢᠷᠠᠭᠤᠯᠤᠭᠰᠠᠨ ᠦᠭᠡᠢ︔             ︵ᠲᠤᠯᠤᠭ᠎ᠠ︶ ᠲᠦᠷᠭᠡᠨ ᠴᠢᠨᠠᠷᠲᠠᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠡ᠊ᠨᠳᠡᠯ ᠭᠠᠷᠤᠭᠰᠠᠨ ᠪᠤᠶᠤ ᠭᠠᠷᠴᠤ ᠮᠡᠳᠡᠬᠦ ᠦᠶ᠎ᠡ ᠳᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠴᠤ ᠠᠪᠤᠷᠠᠨ ᠲᠤᠰᠠᠯᠠᠬᠤ ᠪᠠ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠡᠷᠡ ᠳᠠᠷᠤᠢ ᠎ ᠳᠤᠨᠢ ᠠᠪᠤᠭᠰᠠᠨ ᠦᠭᠡᠢ ᠪᠤᠶᠤ ᠲᠣᠭᠲᠠᠭᠠᠯ ᠶᠣᠰᠣᠭᠠᠷ ᠴᠠᠭ ᠲᠤᠬᠠᠢ ᠳᠤᠨᠢ ᠮᠡᠳᠡᠭᠦᠯᠦᠭᠰᠡᠨ ᠦᠭᠡᠢ︔             ︵ᠨᠠᠢᠮᠠ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠦᠨᠳᠦ ᠨᠣᠴᠢᠲᠠᠢ ᠬᠤᠣᠷ ᠬᠥᠨᠥᠭᠡᠯ ᠡᠭᠦᠰᠬᠦ ᠠᠵᠢᠯ ᠤᠨ ᠪᠠᠶᠢᠷᠢ ᠶᠢᠨ ᠢᠯᠡ ᠭᠠᠵᠠᠷ ᠲᠤ ᠲᠣᠭᠲᠠᠭᠠᠯ ᠶᠣᠰᠣᠭᠠᠷ ᠰᠡᠷᠡᠮᠵᠢᠯᠡᠭᠦᠯᠬᠦ ᠢᠯᠡᠳᠬᠡᠮᠵᠢ ᠲᠡᠮᠳᠡᠭ ᠪᠠ ᠬᠢᠲᠠᠳ ᠦᠰᠦᠭ ᠤᠨ ᠰᠡᠷᠡᠮᠵᠢᠯᠡᠭᠦᠯᠬᠦ ᠲᠣᠳᠣᠷᠬᠠᠶᠢᠯᠠᠯᠲᠠ ᠶᠢ ᠡᠰᠡ ᠲᠠᠯᠪᠢᠭᠰᠠᠨ︔             ︵ᠶᠢᠰᠦ︶ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠢᠨᠠᠵᠤ ᠬᠠᠮᠢᠶᠠᠷᠬᠤ ᠰᠠᠯᠠᠭ᠎ᠠ ᠮᠥᠴᠢᠷ ᠤᠨ ᠬᠢᠨᠠᠵᠤ ᠪᠠᠶᠢᠴᠠᠭᠠᠬᠤ ᠶᠢ ᠲᠡᠪᠴᠢᠭᠰᠡᠨ︔             ︵ᠠᠷᠪᠠ︶ ᠠᠵᠢᠯ ᠮᠡᠷᠭᠡᠵᠢᠯ ᠤᠨ ᠡᠷᠡᠭᠦᠯ ᠮᠡᠨᠳᠤ ᠶᠢ ᠬᠢᠨᠠᠨ ᠬᠠᠮᠠᠭᠠᠯᠠᠬᠤ ᠲᠠᠩᠰᠠ ᠡᠪᠬᠡᠮᠡᠯ᠂ ᠠᠵᠢᠯᠯᠠᠬᠤ ᠲᠠᠯᠠᠪᠤᠷ ᠲᠠᠬᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠢ ᠪᠠᠶᠢᠴᠠᠭᠠᠨ ᠬᠡᠮᠵᠢᠵᠦ ᠦᠨᠡᠯᠡᠭᠰᠡᠨ ᠦᠷ᠎ᠡ ᠳ᠋ᠦᠩ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠢ ᠨᠢᠭᠤᠨ ᠳᠠᠯᠳᠠᠯᠠᠭᠰᠠᠨ ᠂ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠭᠰᠡᠨ᠂ ᠰᠦᠢᠳᠬᠡᠭᠰᠡᠨ᠂ ᠡᠰᠡᠬᠦᠯ᠎ᠡ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ᠂ ᠬᠢᠨᠠᠨ ᠲᠣᠭᠲᠠᠭᠠᠬᠤ ᠳᠤ ᠬᠡᠷᠡᠭᠰᠡᠬᠦ ᠮᠠᠲ᠋ᠧᠷᠢᠶᠠᠯ ᠢ ᠬᠠᠩᠭᠠᠬᠤ ᠶᠢ ᠲᠡᠪᠴᠢᠭᠰᠡᠨ ;             ︵ᠠᠷᠪᠠᠨ ᠨᠢᠭᠡ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ᠂ ᠬᠢᠨᠠᠨ ᠲᠣᠭᠲᠠᠭᠠᠬᠤ ᠵᠠᠷᠤᠳᠠᠯ ᠪᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠲᠠᠢ ᠡᠪᠡᠳᠴᠢᠲᠡᠨ ᠤ ᠡᠮ ᠡᠮᠨᠡᠯᠭᠡ ᠂ ᠠᠮᠢᠳᠤᠷᠠᠯ ᠤᠨ ᠪᠠᠲᠤᠯᠠᠭ᠎ᠠ ᠶᠢᠨ ᠵᠠᠷᠤᠳᠠᠯ ᠢ ᠲᠣᠭᠲᠠᠭᠠᠯ ᠶᠣᠰᠣᠭᠠᠷ ᠡᠰᠡ ᠳᠠᠭᠠᠭᠠᠭᠰᠠᠨ᠃             ᠲᠠᠯᠠᠨ ᠭᠤᠷᠪᠠᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠳᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠴᠦ ᠮᠡᠳᠡᠬᠦ ᠲᠤᠨᠤᠭ ᠲᠥᠬᠦᠭᠡᠷᠦᠮᠵᠢ᠂ ᠮᠠᠲ᠋ᠧᠷᠢᠶᠠᠯ ᠢ ᠬᠠᠩᠭᠠᠬᠤ ᠳᠠᠭᠠᠨ ᠲᠣᠭᠲᠠᠭᠠᠯ ᠶᠣᠰᠣᠭᠠᠷ ᠬᠢᠲᠠᠳ ᠦᠰᠦᠭ ᠤᠨ ᠲᠣᠳᠣᠷᠬᠠᠶᠢᠯᠠᠯᠲᠠ ᠶᠢᠨ ᠪᠢᠴᠢᠭ ᠬᠠᠩᠭᠠᠭᠰᠠᠨ ᠦᠭᠡᠢ ᠪᠤᠶᠤ ᠰᠡᠷᠡᠮᠵᠢᠯᠡᠭᠦᠯᠬᠦ ᠢᠯᠡᠳᠬᠡᠮᠵᠢ ᠲᠡᠮᠳᠡᠭ ᠲᠠᠯᠪᠢᠵᠤ᠂ ᠬᠢᠲᠠᠳ ᠦᠰᠦᠭ ᠤᠨ ᠰᠡᠷᠡᠮᠵᠢᠯᠡᠭᠦᠯᠬᠦ ᠲᠣᠳᠣᠷᠬᠠᠶᠢᠯᠠᠯᠲᠠ ᠬᠢᠭᠰᠡᠨ ᠦᠭᠡᠢ ᠪᠠᠶᠢᠪᠠᠯ᠂ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠰᠡᠷᠡᠮᠵᠢ ᠥᠭᠴᠦ᠂ ᠲᠠᠪᠤᠨ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃             ᠲᠠᠯᠠᠨ ᠳᠥᠷᠪᠡᠳᠦᠭᠡᠷ ᠵᠦᠢᠯ   ᠬᠥᠮᠥᠨ ᠬᠡᠷᠡᠭᠯᠡᠬᠦ ᠨᠢᠭᠡᠴᠢ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠰᠡᠵᠢᠭᠯᠡᠯᠲᠡᠢ ᠡᠪᠡᠳᠴᠢᠨ ᠢ ᠲᠣᠭᠲᠠᠭᠠᠯ ᠶᠣᠰᠣᠭᠠᠷ ᠮᠡᠳᠡᠭᠦᠯᠦᠭᠰᠡᠨ ᠦᠭᠡᠢ ᠪᠠᠶᠢᠪᠠᠯ᠂ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠰᠡᠷᠡᠮᠵᠢ ᠥᠭᠭᠦᠨ᠎ᠡ᠂ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠵᠦ ᠪᠣᠯᠣᠨ᠎ᠠ︔ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠪᠠᠶᠢᠪᠠᠯ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠵᠡᠷᠭᠡ ᠳᠡᠰ ᠢ ᠨᠢ ᠪᠠᠭᠤᠷᠠᠭᠤᠯᠬᠤ ᠪᠤᠶᠤ ᠲᠤᠰᠢᠶᠠᠯ ᠠᠴᠠ ᠨᠢ ᠤᠭᠴᠠᠷᠠᠭᠤᠯᠬᠤ ᠰᠢᠢᠳᠬᠡᠯ ᠥᠭᠴᠦ ᠪᠣᠯᠣᠨ᠎ᠠ᠃             ᠲᠠᠯᠠᠨ ᠲᠠᠪᠤᠳᠤᠭᠠᠷ ᠵᠦᠢᠯ   ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ᠂ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠰᠠᠭᠤᠯᠵᠤ᠂ ᠲᠠᠪᠤᠨ ᠲᠦᠮᠡᠨ ᠲᠥᠭᠦᠷᠢᠭ ᠠᠴᠠ ᠳᠡᠭᠡᠭᠰᠢ ᠭᠤᠴᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠬᠡᠬᠦ ᠠᠵᠢᠯ ᠢ ᠨᠢ ᠵᠣᠭᠰᠣᠭᠠᠯᠭᠠᠬᠤ ᠪᠤᠶᠤ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠵᠠᠷᠯᠢᠭᠳᠠᠵᠤ ᠪᠠᠶᠢᠭᠠᠳ ᠡᠭᠦᠳᠡ ᠶᠢ ᠨᠢ ᠬᠠᠭᠠᠯᠭᠠᠨ᠎ᠠ᠄             ︵ᠨᠢᠭᠡ︶ ᠮᠡᠷᠭᠡᠵᠢᠯ᠂ ᠤᠷᠠᠯᠠᠯ᠂ ᠲᠤᠨᠤᠭ ᠲᠥᠬᠦᠭᠡᠷᠦᠮᠵᠢ᠂ ᠮᠠᠲ᠋ᠧᠷᠢᠶᠠᠯ ᠠᠴᠠ ᠪᠣᠯᠤᠭᠰᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠢ ᠨᠢᠭᠤᠨ ᠳᠠᠯᠳᠠᠯᠠᠵᠤ ᠪᠠᠶᠢᠭᠠᠳ ᠬᠡᠷᠡᠭᠯᠡᠭᠰᠡᠨ ;             ︵ᠬᠤᠶᠠᠷ︶ ᠲᠤᠰ ᠨᠢᠭᠡᠴᠢ ᠶᠢᠨ ᠢᠶᠠᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠦᠨᠡᠨ ᠪᠣᠳᠠᠲᠤ ᠪᠠᠶᠢᠳᠠᠯ ᠢ ᠨᠢᠭᠤᠨ ᠳᠠᠯᠳᠠᠯᠠᠭᠰᠠᠨ︔             ︵ᠭᠤᠷᠪᠠ︶ ᠲᠦᠷᠭᠡᠨ ᠴᠢᠨᠠᠷᠲᠠᠢ ᠲᠤᠬᠠᠶᠢᠯᠠᠭᠰᠠᠨ ᠠᠵᠢᠯ ᠤᠨ ᠭᠡᠮᠲᠦᠯ ᠡᠭᠦᠰᠬᠡᠵᠦ ᠮᠡᠳᠡᠬᠦ ᠬᠤᠣᠷᠲᠠᠢ᠂ ᠬᠥᠨᠥᠭᠡᠯ ᠲᠠᠢ ᠠᠵᠢᠯᠯᠠᠬᠤ ᠲᠠᠯᠠᠪᠤᠷ᠂ ᠰᠠᠴᠤᠷᠠᠭ ᠢᠳᠡᠪᠬᠢ ᠴᠢᠨᠠᠷᠲᠠᠢ ᠠᠵᠢᠯᠯᠠᠬᠤ ᠲᠠᠯᠠᠪᠤᠷ ᠪᠤᠶᠤ ᠰᠠᠴᠤᠷᠠᠭ ᠢᠳᠡᠪᠬᠢ ᠴᠢᠨᠠᠷᠲᠠᠢ ᠢᠵᠢᠯ ᠪᠠᠶᠢᠷᠢᠲᠤ ᠡᠯᠧᠮᠧᠨ᠋ᠲ ᠢ ᠵᠥᠭᠡᠭᠡᠪᠦᠷᠢᠯᠡᠬᠦ᠂ ᠬᠠᠳᠠᠭᠠᠯᠠᠬᠤ ᠨᠢ ᠲᠤᠰ ᠬᠠᠤᠯᠢ ᠶᠢᠨ ᠬᠤᠷᠢᠨ ᠲᠠᠪᠤᠳᠤᠭᠠᠷ ᠵᠦᠢᠯ ᠤᠨ ᠲᠣᠭᠲᠠᠭᠠᠯ ᠳᠤ ᠦᠯᠦ ᠨᠡᠶᠢᠴᠡᠬᠦ︔             ︵ᠳᠥᠷᠪᠡ︶ ᠤᠯᠤᠰ ᠠᠴᠠ ᠲᠣᠳᠣᠷᠬᠠᠢ ᠵᠠᠷᠯᠢᠭ ᠢᠶᠠᠷ ᠬᠡᠷᠡᠭᠯᠡᠬᠦ ᠶᠢ ᠴᠠᠭᠠᠵᠠᠯᠠᠭᠰᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠬᠡᠵᠦ ᠮᠡᠳᠡᠬᠦ ᠲᠤᠨᠤᠭ ᠲᠥᠬᠦᠭᠡᠷᠦᠮᠵᠢ ᠪᠤᠶᠤ ᠮᠠᠲ᠋ᠧᠷᠢᠶᠠᠯ ᠢ ᠬᠡᠷᠡᠭᠯᠡᠭᠰᠡᠨ ;             ︵ᠲᠠᠪᠤ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠬᠦ ᠠᠵᠢᠯ ᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠨᠥᠬᠦᠴᠡᠯ ᠦᠭᠡᠢ ᠨᠢᠭᠡᠴᠢ ᠪᠠ ᠬᠤᠪᠢ ᠬᠥᠮᠥᠨ ᠳᠤ ᠰᠢᠯᠵᠢᠭᠦᠯᠦᠨ ᠥᠭᠭᠦᠭᠰᠡᠨ᠂ ᠡᠰᠡᠬᠦᠯ᠎ᠡ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠨᠥᠬᠦᠴᠡᠯ ᠦᠭᠡᠢ ᠨᠢᠭᠡᠴᠢ ᠪᠠ ᠬᠤᠪᠢ ᠬᠥᠮᠥᠨ ᠳᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠬᠦ ᠠᠵᠢᠯ ᠢ ᠬᠦᠯᠢᠶᠡᠯᠭᠡᠭᠰᠡᠨ ;             ︵ᠵᠢᠷᠭᠤᠭ᠎ᠠ︶ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠲᠤᠨᠤᠭ ᠲᠥᠬᠦᠭᠡᠷᠦᠮᠵᠢ ᠪᠤᠶᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠴᠤ ᠠᠪᠤᠷᠠᠨ ᠲᠤᠰᠠᠯᠠᠬᠤ ᠲᠥᠬᠦᠭᠡᠷᠦᠮᠵᠢ ᠶᠢ ᠳᠤᠷ᠎ᠠ ᠪᠠᠷ ᠢᠶᠠᠨ ᠵᠠᠳᠠᠯᠵᠤ ᠬᠠᠶᠠᠭᠰᠠᠨ᠂ ᠬᠡᠷᠡᠭᠯᠡᠬᠦ ᠶᠢ ᠵᠣᠭᠰᠣᠭᠠᠭᠰᠠᠨ ;             ︵ᠲᠤᠯᠤᠭ᠎ᠠ︶ ᠠᠵᠢᠯ ᠮᠡᠷᠭᠡᠵᠢᠯ ᠤᠨ ᠡᠷᠡᠭᠦᠯ ᠮᠡᠨᠳᠤ ᠶᠢᠨ ᠪᠠᠶᠢᠴᠠᠭᠠᠯᠲᠠ ᠬᠢᠯᠭᠡᠭᠰᠡᠨ ᠦᠭᠡᠢ ᠬᠥᠳᠡᠯᠮᠦᠷᠢᠴᠢᠨ᠂ ᠠᠵᠢᠯ ᠮᠡᠷᠭᠡᠵᠢᠯ ᠤᠨ ᠴᠡᠭᠡᠷ ᠲᠠᠢ ᠬᠥᠳᠡᠯᠮᠦᠷᠢᠴᠢᠨ᠂ ᠨᠠᠰᠤᠨ ᠳᠤ ᠬᠦᠷᠦᠭᠡᠳᠦᠢ ᠠᠵᠢᠯᠴᠢᠨ ᠪᠤᠶᠤ ᠵᠢᠷᠮᠦᠰᠦᠨ ᠬᠤᠭᠤᠴᠠᠭ᠎ᠠ᠂ ᠬᠦᠬᠦᠬᠦᠯᠬᠦ ᠬᠤᠭᠤᠴᠠᠭᠠᠨ ᠳᠠᠬᠢ ᠡᠮᠡᠭᠲᠡᠢ ᠠᠵᠢᠯᠲᠠᠨ ᠠᠵᠢᠯᠴᠢᠨ ᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠲᠠᠢ ᠣᠶᠢᠷᠠᠲᠤᠬᠤ ᠠᠵᠢᠯ ᠪᠤᠶᠤ ᠴᠡᠭᠡᠷ ᠲᠠᠢ ᠠᠵᠢᠯ ᠬᠢᠯᠭᠡᠬᠦ ᠪᠠᠷ ᠲᠣᠬᠢᠷᠠᠭᠤᠯᠤᠭᠰᠠᠨ︔             ︵ᠨᠠᠢᠮᠠ︶ ᠬᠥᠳᠡᠯᠮᠦᠷᠢᠴᠢᠨ ᠢ ᠳᠦᠷᠢᠮ ᠲᠣᠭᠲᠠᠭᠠᠯ ᠢ ᠵᠥᠷᠢᠴᠡᠨ ᠵᠢᠯᠣᠭᠤᠳᠤᠭᠰᠠᠨ ᠪᠠ ᠠᠯᠪᠠᠳᠠᠵᠤ ᠪᠠᠶᠢᠭᠠᠳ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠠᠵᠢᠯ ᠢ ᠬᠢᠯᠭᠡᠭᠰᠡᠨ᠃             ᠳᠠᠯᠠᠨ ᠵᠢᠷᠭᠤᠳᠤᠭᠠᠷ ᠵᠦᠢᠯ   ᠤᠯᠤᠰ ᠠᠴᠠ ᠲᠣᠳᠣᠷᠬᠠᠢ ᠵᠠᠷᠯᠢᠭ ᠢᠶᠠᠷ ᠬᠡᠷᠡᠭᠯᠡᠬᠦ ᠶᠢ ᠴᠠᠭᠠᠵᠠᠯᠠᠭᠰᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠴᠦ ᠮᠡᠳᠡᠬᠦ ᠲᠤᠨᠤᠭ ᠲᠥᠬᠦᠭᠡᠷᠦᠮᠵᠢ ᠪᠤᠶᠤ ᠮᠠᠲ᠋ᠧᠷᠢᠶᠠᠯ ᠢ ᠦᠢᠯᠡᠳᠪᠦᠷᠢᠯᠡᠭᠰᠡᠨ᠂ ᠡᠵᠡᠩᠨᠡᠭᠰᠡᠨ ᠪᠤᠶᠤ ᠭᠠᠳᠠᠭᠠᠳᠤ ᠠᠴᠠ ᠣᠷᠣᠭᠤᠯᠤᠭᠰᠠᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠢᠳᠬᠡᠨ᠎ᠡ᠃             ᠲᠠᠯᠠᠨ ᠳᠣᠯᠣᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠥᠳᠡᠯᠮᠦᠷᠢᠴᠢᠨ ᠤ ᠠᠮᠢ ᠨᠠᠰᠤ ᠡᠷᠡᠭᠦᠯ ᠮᠡᠨᠳᠤ ᠳᠤ ᠨᠢᠭᠡᠨᠲᠡ ᠬᠦᠨᠳᠦ ᠨᠣᠴᠢᠲᠠᠢ ᠬᠤᠬᠢᠷᠠᠯ ᠤᠴᠠᠷᠠᠭᠤᠯᠤᠭᠰᠠᠨ ᠪᠠᠶᠢᠪᠠᠯ᠂ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠬᠡᠬᠦ ᠠᠵᠢᠯ ᠢ ᠨᠢ ᠵᠣᠭᠰᠣᠭᠠᠯᠭᠠᠬᠤ ᠪᠤᠶᠤ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠵᠠᠷᠯᠢᠭᠳᠠᠵᠤ ᠪᠠᠶᠢᠭᠠᠳ ᠡᠭᠦᠳᠡ ᠶᠢ ᠨᠢ ᠬᠠᠭᠠᠯᠭᠠᠵᠤ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠲᠠᠪᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃             ᠳᠠᠯᠠᠨ ᠨᠠᠢᠮᠠᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠬᠦᠨᠳᠦ ᠶᠡᠭᠡ ᠡ᠊ᠨᠳᠡᠯ ᠪᠤᠶᠤ ᠪᠤᠰᠤᠳ ᠬᠦᠨᠳᠦ ᠨᠣᠴᠢᠲᠠᠢ ᠤᠷᠰᠢᠭ ᠲᠠᠲᠠᠵᠤ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃             ᠳᠠᠯᠠ ᠶᠢᠰᠦᠳᠦᠭᠡᠷ ᠵᠦᠢᠯ   ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠮᠡᠷᠭᠡᠵᠢᠯ ᠤᠨ ᠦᠢᠯᠡᠴᠢᠯᠡᠭᠡᠨ ᠤ ᠬᠢᠷᠢ ᠴᠢᠳᠠᠯ ᠤᠨ ᠵᠥᠪᠰᠢᠶᠡᠷᠡᠯ ᠣᠯᠣᠭᠰᠠᠨ ᠦᠭᠡᠢ ᠪᠠᠷ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠮᠡᠷᠭᠡᠵᠢᠯ ᠤᠨ ᠦᠢᠯᠡᠴᠢᠯᠡᠭᠡ ᠶᠢ ᠳᠤᠷ᠎ᠠ ᠪᠠᠷ ᠢᠶᠠᠨ ᠬᠢᠭᠰᠡᠨ ᠪᠠᠶᠢᠪᠠᠯ᠂ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠲᠡᠷᠡ ᠳᠠᠷᠤᠢ ᠳᠤᠨᠢ ᠵᠣᠭᠰᠣᠭᠠᠵᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠪᠠᠶᠢᠪᠠᠯ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠬᠤᠶᠠᠷ ᠲᠠᠬᠢᠨ ᠠᠴᠠ ᠳᠡᠭᠡᠭᠰᠢ ᠠᠷᠪᠠᠨ ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠪᠠᠶᠢᠬᠤ ᠦᠭᠡᠢ ᠪᠤᠶᠤ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠲᠠᠪᠤᠨ ᠮᠢᠩᠭᠠᠨ ᠲᠥᠭᠦᠷᠢᠭ ᠲᠤ ᠬᠦᠷᠬᠦ ᠦᠭᠡᠢ ᠪᠠᠶᠢᠪᠠᠯ᠂ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠵᠡᠷᠭᠡ ᠳᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ ᠪᠤᠶᠤ ᠠᠵᠢᠯ ᠠᠴᠠ ᠬᠥᠭᠡᠭᠡᠬᠦ ᠰᠢᠢᠳᠬᠡᠯ ᠥᠭᠭᠦᠨ᠎ᠡ᠃             ᠨᠠᠶᠠᠳᠤᠭᠠᠷ ᠵᠦᠢᠯ   ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠮᠡᠷᠭᠡᠵᠢᠯ ᠤᠨ ᠦᠢᠯᠡᠴᠢᠯᠡᠭᠡ ᠬᠢᠵᠦ ᠪᠠᠶᠢᠭ᠎ᠠ ᠪᠠᠶᠢᠭᠤᠯᠤᠮᠵᠢ ᠪᠣᠯᠣᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ ᠠᠵᠢᠯ ᠢ ᠡᠭᠦᠷᠭᠡᠯᠡᠵᠦ ᠠᠪᠤᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠲᠡᠷᠡ ᠳᠠᠷᠤᠢ ᠳᠤᠨᠢ ᠵᠣᠭᠰᠣᠭᠠᠵᠤ᠂ ᠰᠡᠷᠡᠮᠵᠢ ᠥᠭᠴᠦ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ︔ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠪᠠᠶᠢᠪᠠᠯ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠬᠤᠶᠠᠷ ᠲᠠᠬᠢᠨ ᠠᠴᠠ ᠳᠡᠭᠡᠭᠰᠢ ᠲᠠᠪᠤᠨ ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠪᠠᠶᠢᠬᠤ ᠦᠭᠡᠢ ᠪᠤᠶᠤ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠲᠠᠪᠤᠨ ᠮᠢᠩᠭᠠᠨ ᠲᠥᠭᠦᠷᠢᠭ ᠲᠤ ᠬᠦᠷᠬᠦ ᠦᠭᠡᠢ ᠪᠠᠶᠢᠪᠠᠯ᠂ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠬᠤᠶᠠᠷ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠤᠤᠯ ᠤᠨ ᠮᠡᠳᠡᠷᠡᠨ ᠵᠥᠪᠰᠢᠶᠡᠷᠡᠭᠰᠡᠨ ᠪᠤᠶᠤ ᠳᠠᠩᠰᠠᠯᠠᠭᠰᠠᠨ ᠪᠠᠶᠢᠭᠤᠯᠭ᠎ᠠ ᠠᠴᠠ ᠲᠡᠭᠦᠨ ᠤ ᠵᠣᠬᠢᠴᠠᠩᠭᠤᠢ ᠬᠢᠷᠢ ᠬᠡᠮ ᠢ ᠨᠢ ᠬᠠᠰᠤᠨ᠎ᠠ︔ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠵᠡᠷᠭᠡ ᠳᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ ᠪᠤᠶᠤ ᠠᠵᠢᠯ ᠠᠴᠠ ᠬᠥᠭᠡᠭᠡᠬᠦ ᠰᠢᠢᠳᠬᠡᠯ ᠥᠭᠭᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄             ︵ᠨᠢᠭᠡ︶ ᠬᠢᠷᠢ ᠬᠡᠮ ᠢ ᠨᠢ ᠮᠡᠳᠡᠷᠡᠨ ᠵᠥᠪᠰᠢᠶᠡᠷᠡᠭᠰᠡᠨ ᠪᠤᠶᠤ ᠣᠨᠣᠰᠢᠯᠠᠨ ᠡᠮᠨᠡᠬᠦ ᠵᠦᠢᠯᠡᠰ ᠤᠨ ᠳᠠᠩᠰᠠᠯᠠᠭᠤᠯᠬᠤ ᠬᠡᠪᠴᠢᠶ᠎ᠡ ᠠᠴᠠ ᠬᠡᠲᠦᠷᠡᠭᠦᠯᠦᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠮᠡᠷᠭᠡᠵᠢᠯ ᠤᠨ ᠦᠢᠯᠡᠴᠢᠯᠡᠭᠡ ᠪᠤᠶᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠣᠨᠣᠰᠢᠯᠠᠯᠲᠠ ᠬᠢᠭᠰᠡᠨ︔             ︵ᠬᠤᠶᠠᠷ︶ ᠲᠤᠰ ᠬᠠᠤᠯᠢ ᠶᠢᠨ ᠲᠣᠭᠲᠠᠭᠠᠯ ᠶᠣᠰᠣᠭᠠᠷ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠦᠯᠦ ᠭᠦᠢᠴᠡᠳᠬᠡᠭᠰᠡᠨ︔             ︵ᠭᠤᠷᠪᠠ︶ ᠬᠤᠳᠠᠯ ᠬᠠᠭᠤᠷᠮᠠᠭ ᠭᠡᠷᠡᠴᠢᠯᠡᠬᠦ ᠪᠢᠴᠢᠭ ᠮᠠᠲ᠋ᠧᠷᠢᠶᠠᠯ ᠭᠠᠷᠭᠠᠵᠤ ᠥᠭᠭᠦᠭᠰᠡᠨ᠃             ᠨᠠᠶᠠᠨ ᠨᠢᠭᠡᠳᠦᠭᠡᠷ ᠵᠦᠢᠯ   ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠵᠤ ᠬᠢᠨᠠᠨ ᠲᠣᠭᠲᠠᠭᠠᠬᠤ ᠺᠣᠮᠢᠰ ᠤᠨ ᠪᠦᠷᠢᠯᠳᠦᠭᠦᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠬᠤ ᠮᠠᠷᠭᠤᠯᠳᠤᠭᠠᠨ ᠤ ᠲᠤᠬᠠᠢ ᠶᠢᠨ ᠬᠥᠮᠥᠨ ᠤ ᠵᠣᠭᠤᠰ ᠮᠥᠩᠭᠦ ᠡᠳ᠋ ᠪᠣᠳᠠᠰ ᠪᠤᠶᠤ ᠪᠤᠰᠤᠳ ᠠᠰᠢᠭ ᠲᠤᠰᠠ ᠶᠢ ᠭᠥᠯᠢᠶᠡᠨ ᠠᠪᠤᠭᠰᠠᠨ ᠪᠠᠶᠢᠪᠠᠯ᠂ ᠰᠡᠷᠡᠮᠵᠢ ᠥᠭᠬᠦ᠂ ᠭᠥᠯᠢᠶᠡᠨ ᠠᠪᠤᠭᠰᠠᠨ ᠵᠣᠭᠤᠰ ᠮᠥᠩᠭᠦ ᠡᠳ᠋ ᠪᠣᠳᠠᠰ ᠢ ᠨᠢ ᠬᠤᠷᠢᠶᠠᠨ ᠠᠪᠬᠤ ᠶᠢᠨ ᠬᠠᠮᠲᠤ ᠭᠤᠷᠪᠠᠨ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠵᠦ᠂ ᠲᠡᠭᠦᠨ ᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠣᠨᠣᠰᠢᠯᠠᠵᠤ ᠬᠢᠨᠠᠨ ᠲᠣᠭᠲᠠᠭᠠᠬᠤ ᠺᠣᠮᠢᠰ ᠤᠨ ᠪᠦᠷᠢᠯᠳᠦᠭᠦᠨ ᠪᠣᠯᠬᠤ ᠬᠢᠷᠢ ᠬᠡᠮ ᠢ ᠬᠠᠰᠤᠬᠤ ᠶᠢᠨ ᠬᠠᠮᠲᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠪᠠᠶᠢᠭᠤᠯᠤᠭᠰᠠᠨ ᠲᠤᠰᠬᠠᠢ ᠮᠡᠷᠭᠡᠵᠢᠯᠲᠡᠨ ᠤ ᠬᠥᠮᠥᠷᠭᠡ ᠠᠴᠠ ᠨᠡᠷ᠎ᠡ ᠶᠢ ᠨᠢ ᠬᠠᠰᠤᠵᠤ ᠪᠣᠯᠣᠨ᠎ᠠ᠃             ᠨᠠᠶᠠᠨ ᠬᠤᠶᠠᠳᠤᠭᠠᠷ ᠵᠦᠢᠯ   ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠪᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠡ᠊ᠨᠳᠡᠯ ᠢ ᠲᠣᠭᠲᠠᠭᠠᠯ ᠶᠣᠰᠣᠭᠠᠷ ᠮᠡᠳᠡᠭᠦᠯᠦᠭᠰᠡᠨ ᠦᠭᠡᠢ ᠪᠠᠶᠢᠪᠠᠯ᠂ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠭᠦᠮᠵᠢᠯᠡᠵᠦ᠂ ᠰᠡᠷᠡᠮᠵᠢ ᠥᠭᠭᠦᠨ᠎ᠡ ︔ ᠬᠤᠳᠠᠯ ᠢᠶᠠᠷ ᠮᠡᠳᠡᠭᠦᠯᠦᠭᠰᠡᠨ᠂ ᠳᠠᠷᠤᠭᠠᠳ ᠮᠡᠳᠡᠭᠦᠯᠦᠭᠰᠡᠨ ᠦᠭᠡᠢ ᠪᠠᠶᠢᠪᠠᠯ᠂ ᠨᠢᠭᠡᠴᠢ ᠶᠢᠨ ᠬᠠᠷᠢᠭᠤᠴᠠᠯᠭᠠᠲᠠᠨ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠵᠡᠷᠭᠡ ᠳᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ ᠪᠤᠶᠤ ᠠᠵᠢᠯ ᠠᠴᠠ ᠬᠥᠭᠡᠭᠡᠬᠦ ᠰᠢᠢᠳᠬᠡᠯ ᠥᠭᠭᠦᠨ᠎ᠡ᠃             ᠨᠠᠶᠠᠨ ᠭᠤᠷᠪᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠳᠤᠮᠳᠠ ᠲᠤᠰ ᠬᠠᠤᠯᠢ ᠶᠢᠨ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠠᠴᠠ ᠪᠣᠯᠵᠤ᠂ ᠲᠤᠰ ᠵᠠᠰᠠᠭ ᠵᠠᠬᠢᠷᠭᠠᠨ ᠤ ᠣᠷᠣᠨ ᠳᠠᠭᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠬᠦᠨᠳᠦ ᠶᠡᠭᠡ ᠡ᠊ᠨᠳᠡᠯ ᠭᠠᠷᠴᠤ᠂ ᠨᠡᠶᠢᠭᠡᠮ ᠳᠤ ᠬᠦᠨᠳᠦ ᠨᠣᠴᠢᠲᠠᠢ ᠨᠥᠯᠥᠭᠡ ᠭᠠᠷᠭᠠᠭᠰᠠᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠶᠡᠭᠡ ᠣᠰᠣᠯ ᠲᠡᠮᠳᠡᠭᠯᠡᠬᠦ ᠠᠴᠠ ᠠᠵᠢᠯ ᠠᠴᠠ ᠬᠥᠭᠡᠭᠡᠬᠦ ᠬᠦᠷᠲᠡᠯᠡᠬᠢ ᠰᠢᠢᠳᠬᠡᠯ ᠤᠨ ᠰᠢᠢᠳᠬᠡᠯ ᠥᠭᠭᠦᠨ᠎ᠡ᠃             ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠢᠨᠠᠵᠤ ᠬᠠᠮᠢᠶᠠᠷᠬᠤ ᠰᠠᠯᠠᠭ᠎ᠠ ᠮᠥᠴᠢᠷ ᠲᠤᠰ ᠬᠠᠤᠯᠢ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠶᠡᠭᠡ ᠣᠰᠣᠯ ᠲᠡᠮᠳᠡᠭᠯᠡᠬᠦ ᠪᠤᠶᠤ ᠵᠡᠷᠭᠡ ᠳᠡᠰ ᠢ ᠨᠢ ᠪᠠᠭᠤᠷᠠᠭᠤᠯᠬᠤ ᠰᠢᠢᠳᠬᠡᠯ ᠥᠭᠭᠦᠨ᠎ᠡ︔ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠤᠨ ᠡ᠊ᠨᠳᠡᠯ ᠭᠠᠷᠭᠠᠭᠰᠠᠨ ᠪᠤᠶᠤ ᠪᠤᠰᠤᠳ ᠬᠦᠨᠳᠦ ᠨᠣᠴᠢᠲᠠᠢ ᠤᠷᠰᠢᠭ ᠲᠠᠲᠠᠭᠰᠠᠨ ᠪᠠᠶᠢᠪᠠᠯ᠂ ᠬᠠᠤᠯᠢ ᠶᠣᠰᠣᠭᠠᠷ ᠲᠤᠰᠢᠶᠠᠯ ᠠᠴᠠ ᠨᠢ ᠤᠭᠴᠠᠷᠠᠭᠤᠯᠬᠤ ᠪᠤᠶᠤ ᠠᠵᠢᠯ ᠠᠴᠠ ᠬᠥᠭᠡᠭᠡᠬᠦ ᠰᠢᠢᠳᠬᠡᠯ ᠥᠭᠭᠦᠨ᠎ᠡ᠃             ᠨᠠᠶᠠᠨ ᠳᠥᠷᠪᠡᠳᠦᠭᠡᠷ ᠵᠦᠢᠯ   ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃             ᠳᠣᠯᠣᠳᠤᠭᠠᠷ ᠪᠦᠯᠦᠭ   ᠬᠠᠪᠰᠤᠷᠤᠯᠲᠠ ᠳᠦᠷᠢᠮ             ᠨᠠᠶᠠᠨ ᠲᠠᠪᠤᠳᠤᠭᠠᠷ ᠵᠦᠢᠯ   ᠲᠤᠰ ᠬᠠᠤᠯᠢ ᠳᠤ ᠬᠡᠷᠡᠭᠯᠡᠭᠰᠡᠨ ᠳᠣᠣᠷ᠎ᠠ ᠵᠢᠭᠰᠠᠭᠠᠭᠰᠠᠨ ᠦᠭᠡᠰ ᠤᠨ ᠤᠳᠬ᠎ᠠ᠄             ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠭᠡᠳᠡᠭ ᠨᠢ ᠲᠤᠬᠠᠶᠢᠯᠠᠭᠰᠠᠨ ᠠᠵᠢᠯ ᠤᠨ ᠠᠵᠢᠯᠯᠠᠭ᠎ᠠ ᠬᠢᠵᠦ ᠪᠠᠶᠢᠭ᠎ᠠ ᠬᠥᠳᠡᠯᠮᠦᠷᠢᠴᠢᠨ ᠳᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠡᠭᠦᠰᠬᠡᠵᠦ ᠮᠡᠳᠡᠬᠦ ᠡᠯ᠎ᠡ ᠵᠦᠢᠯ ᠤᠨ ᠬᠤᠣᠷ ᠬᠥᠨᠥᠭᠡᠯ ᠢ ᠵᠢᠭᠠᠵᠤ ᠪᠠᠶᠢᠨ᠎ᠠ᠃ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯᠳᠦ ᠬᠦᠴᠦᠨ ᠵᠦᠢᠯ ᠳᠤ᠄ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠡᠯ᠎ᠡ ᠵᠦᠢᠯ ᠤᠨ ᠬᠤᠣᠷᠲᠠᠢ ᠬᠢᠮᠢ᠂ ᠹᠢᠽᠢᠺ᠂ ᠠᠮᠢᠳᠤ ᠪᠣᠳᠠᠰ ᠤᠨ ᠬᠦᠴᠦᠨ ᠵᠦᠢᠯ   ᠵᠢᠴᠢ ᠠᠵᠢᠯᠯᠠᠬᠤ ᠶᠠᠪᠤᠴᠠ ᠳᠤ ᠡᠭᠦᠰᠦᠭᠰᠡᠨ ᠪᠤᠰᠤᠳ ᠲᠤᠬᠠᠶᠢᠯᠠᠭᠰᠠᠨ ᠠᠵᠢᠯ ᠤᠨ ᠬᠤᠣᠷ ᠬᠥᠨᠥᠭᠡᠯᠳᠦ ᠬᠦᠴᠦᠨ ᠵᠦᠢᠯ   ᠪᠠᠭᠲᠠᠨ᠎ᠠ᠃             ᠠᠵᠢᠯ ᠤᠨ ᠴᠡᠭᠡᠷ᠂ ᠬᠥᠳᠡᠯᠮᠦᠷᠢᠴᠢᠨ ᠣᠨᠴᠠ ᠲᠣᠭᠲᠠᠭᠰᠠᠨ ᠠᠵᠢᠯ ᠡᠷᠬᠢᠯᠡᠬᠦ ᠪᠤᠶᠤ ᠣᠨᠴᠠ ᠲᠣᠭᠲᠠᠭᠰᠠᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠲᠠᠢ ᠬᠦᠴᠦᠨ ᠵᠦᠢᠯ ᠲᠠᠢ ᠣᠶᠢᠷᠠᠳᠬᠤ ᠦᠶ᠎ᠡ ᠳᠤ᠂ ᠡᠩ ᠤᠨ ᠠᠵᠢᠯ ᠮᠡᠷᠭᠡᠵᠢᠯ ᠤᠨ ᠬᠥᠮᠥᠰ ᠠᠴᠠ ᠨᠡᠩ ᠠᠮᠠᠷᠬᠠᠨ ᠢᠶᠠᠷ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠪᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠳᠤ ᠨᠡᠷᠪᠡᠭᠳᠡᠬᠦ ᠪᠤᠶᠤ ᠤᠤᠯ ᠤᠨ ᠥᠪᠡᠷ ᠤᠨ ᠪᠡᠶ᠎ᠡ ᠶᠢᠨ ᠡᠪᠡᠳᠴᠢᠨ ᠡᠮᠭᠡᠭ ᠤᠨ ᠪᠠᠶᠢᠳᠠᠯ ᠢ ᠬᠦᠨᠳᠦᠷᠡᠭᠦᠯᠵᠦ ᠮᠡᠳᠡᠬᠦ᠂ ᠡᠰᠡᠬᠦᠯ᠎ᠡ ᠠᠵᠢᠯ ᠬᠢᠬᠦ ᠶᠠᠪᠤᠴᠠ ᠳᠠᠭᠠᠨ ᠪᠤᠰᠤᠳ ᠤᠨ ᠠᠮᠢ ᠨᠠᠰᠤ ᠡᠷᠡᠭᠦᠯ ᠮᠡᠨᠳᠦ ᠳᠤ ᠠᠶᠤᠯ ᠤᠴᠠᠷᠠᠭᠤᠯᠵᠤ ᠮᠡᠳᠡᠬᠦ ᠡᠪᠡᠳᠴᠢᠨ ᠢ ᠡᠭᠦᠰᠬᠡᠵᠦ ᠮᠡᠳᠡᠬᠦ ᠬᠤᠪᠢ ᠬᠥᠮᠥᠨ ᠤ ᠣᠨᠴᠠᠭᠠᠶ ᠪᠡᠶ᠎ᠡ ᠮᠠᠬᠠᠪᠤᠳ ᠪᠤᠶᠤ ᠡᠪᠡᠳᠴᠢᠨ ᠤ ᠵᠦᠢ ᠶᠢᠨ ᠪᠠᠶᠢᠳᠠᠯ ᠢ ᠡᠭᠦᠰᠬᠡᠨ᠎ᠡ᠃             ᠨᠠᠶᠠᠨ ᠵᠢᠷᠭᠤᠳᠤᠭᠠᠷ ᠵᠦᠢᠯ   ᠲᠤᠰ ᠬᠠᠤᠯᠢ ᠶᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠬᠥᠮᠥᠨ ᠬᠡᠷᠡᠭᠯᠡᠬᠦ ᠨᠢᠭᠡᠴᠢ ᠠᠴᠠ ᠭᠠᠳᠠᠨᠠᠬᠢ ᠨᠢᠭᠡᠴᠢ ᠳᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠡᠭᠦᠰᠦᠭᠰᠡᠨ ᠪᠠᠶᠢᠪᠠᠯ᠂ ᠲᠡᠭᠦᠨ ᠤ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠲᠤᠰ ᠬᠠᠤᠯᠢ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠣᠨ᠎ᠠ᠃             ᠬᠥᠳᠡᠯᠮᠦᠷᠢ ᠦᠢᠯᠡᠴᠢᠯᠡᠭᠡ ᠲᠣᠮᠢᠯᠠᠬᠤ ᠠᠵᠢᠯᠴᠢᠨ ᠬᠡᠷᠡᠭᠯᠡᠬᠦ ᠨᠢᠭᠡᠴᠢ ᠨᠢ ᠲᠤᠰ ᠬᠠᠤᠯᠢ ᠳᠤ ᠲᠣᠭᠲᠠᠭᠠᠭᠰᠠᠨ ᠬᠥᠮᠥᠨ ᠬᠡᠷᠡᠭᠯᠡᠬᠦ ᠨᠢᠭᠡᠴᠢ ᠶᠢᠨ ᠡᠭᠦᠷᠭᠡ ᠶᠢ ᠭᠦᠢᠴᠡᠳᠬᠡᠬᠦ ᠬᠡᠷᠡᠭᠲᠡᠢ᠃             ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠲᠤᠰ ᠬᠠᠤᠯᠢ ᠶᠢ ᠯᠠᠪᠯᠠᠯᠲᠠ ᠪᠣᠯᠭᠠᠨ ᠬᠡᠷᠡᠭᠵᠢᠭᠦᠯᠬᠦ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃             ᠨᠠᠶᠠᠨ ᠳᠣᠯᠣᠳᠤᠭᠠᠷ ᠵᠦᠢᠯ   ᠡᠮ ᠡᠮᠨᠡᠯᠭᠡ ᠶᠢᠨ ᠪᠠᠶᠢᠭᠤᠯᠤᠮᠵᠢ ᠶᠢᠨ ᠰᠠᠴᠤᠷᠠᠭ ᠴᠢᠨᠠᠷᠲᠠᠢ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠤ ᠬᠤᠣᠷ ᠬᠥᠨᠥᠭᠡᠯ ᠢ ᠬᠢᠵᠠᠭᠠᠷᠯᠠᠬᠤ ᠬᠢᠨᠠᠯᠲᠠ ᠬᠠᠮᠢᠶᠠᠷᠤᠯᠲᠠ ᠶᠢ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠤᠰ ᠬᠠᠤᠯᠢ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃             ᠨᠠᠶᠠᠨ ᠨᠠᠢᠮᠠᠳᠤᠭᠠᠷ ᠵᠦᠢᠯ   ᠲᠤᠰ ᠬᠠᠤᠯᠢ ᠶᠢ 2002 ᠣᠨ ᠤ 5 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃     ᠪᠡᠯᠡᠳᠬᠡᠭᠰᠡᠨ ᠨᠢ᠄ ᠡᠷᠳᠡᠨᠢᠬᠦᠦ ᠨᠠᠶᠢᠷᠠᠭᠤᠯᠤᠭᠰᠠᠨ ᠨᠢ᠄ ᠨᠠᠮᠤᠷ ᠬᠢᠨᠠᠭᠰᠠᠨ ᠨᠢ᠄ ᠤᠷᠢᠬᠠᠨ  
 
ᠢᠷᠡᠯᠲᠡ᠄ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号