ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ  ᠶᠢᠨ ᠳᠠᠮᠵᠢᠭᠤᠯᠤᠨ ᠨᠡᠶᠢᠲᠡᠯᠡᠬᠦ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠎ ᠳᠤ ᠨᠡᠮᠡᠯᠲᠡ᠂ ᠥᠭᠡᠷᠡᠴᠢᠯᠡᠯᠲᠡ ᠣᠷᠣᠭᠤᠯᠬᠤ ᠲᠤᠬᠠᠢ ᠰᠢᠢᠳᠪᠦᠷᠢ
ᠨᠡᠶᠢᠲᠡᠯᠡᠭᠰᠡᠨ ᠴᠠᠭ᠄
2022/6/29
                                    ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ ᠶᠢᠰᠦᠳᠦᠭᠡᠷ ᠬᠤᠷᠠᠯ ᠠᠴᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠎ ᠳᠤ ᠳᠠᠷᠠᠭᠠᠬᠢ ᠪᠠᠶᠢᠳᠠᠯ ᠢᠶᠠᠷ ᠨᠡᠮᠡᠯᠲᠡ ᠥᠭᠡᠷᠡᠴᠢᠯᠡᠯᠲᠡ ᠣᠷᠣᠭᠤᠯᠪᠠ᠃             ᠨᠢᠭᠡ᠂ ᠭᠤᠷᠪᠠᠳᠤᠭᠠᠷ ᠵᠦᠢᠯ ᠢ᠄ ︽ᠠᠶᠤᠯᠭᠦᠢ ᠦᠢᠯᠡᠳᠪᠦᠷᠢᠯᠡᠯ ᠤᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽ᠠᠶᠤᠯᠭᠦᠢ ᠦᠢᠯᠡᠳᠪᠦᠷᠢᠯᠡᠯ ᠤᠨ ᠠᠵᠢᠯ ᠨᠢ ᠬᠥᠮᠥᠨ ᠢᠶᠠᠷ ᠦᠨᠳᠦᠰᠦ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ ᠴᠢᠭᠯᠡᠯᠲᠡ ᠶᠢ ᠪᠠᠷᠢᠮᠲᠠᠯᠠᠵᠤ᠂ ᠠᠮᠤᠷ ᠲᠦᠪᠰᠢᠨ ᠤ ᠬᠦᠨᠳᠦ ᠶᠡᠭᠡ ᠠᠶᠤᠯ ᠡᠷᠡᠰᠳᠡᠯ ᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠬᠤ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽ᠠᠶᠤᠯᠭᠦᠢ ᠦᠢᠯᠡᠳᠪᠦᠷᠢᠯᠡᠯ ᠤᠨ ᠠᠵᠢᠯ ᠳᠤ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ ᠶᠢ ᠬᠡᠷᠡᠭᠵᠢᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠣᠯᠣᠨ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭᠠᠳᠬᠠᠨ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠬᠠᠷᠢᠭᠤᠴᠠᠬᠤ᠂ ᠠᠵᠢᠯᠲᠠᠨ ᠠᠵᠢᠯᠴᠢᠨ ᠣᠷᠤᠯᠴᠠᠬᠤ᠂ ᠵᠠᠰᠠᠭ ᠤᠨ ᠣᠷᠳᠣᠨ ᠬᠢᠨᠠᠨ ᠬᠠᠮᠢᠶᠠᠷᠬᠤ᠂ ᠠᠵᠢᠯ ᠲᠦᠷᠦᠯ ᠤᠨ ᠬᠢᠨ ᠥᠪᠡᠷ ᠢ ᠪᠠᠨ ᠱᠠᠭᠠᠷᠳᠠᠬᠤ ᠪᠠ ᠨᠡᠶᠢᠭᠡᠮ ᠠᠴᠠ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ᠬᠤᠶᠠᠷ᠂ ᠳᠥᠷᠪᠡᠳᠦᠭᠡᠷ ᠵᠦᠢᠯ ᠢ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠡᠷᠬᠡᠪᠰᠢ ᠲᠤᠰ ᠬᠠᠤᠯᠢ ᠪᠣᠯᠣᠨ ᠠᠶᠤᠯᠭᠦᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠪᠤᠰᠤᠳ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠪᠣᠯᠣᠨ ᠠᠶᠤᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠡᠯᠡ ᠮᠥᠩᠭᠦ᠂ ᠡᠳ᠋ ᠪᠠᠷᠠᠭ᠎ᠠ᠂ ᠮᠡᠷᠭᠡᠵᠢᠯ᠂ ᠠᠵᠢᠯᠲᠠᠨ ᠤ ᠣᠷᠣᠭᠤᠯᠤᠯᠲᠠ ᠶᠢ ᠪᠠᠲᠤᠯᠠᠬᠤ ᠡᠷᠴᠢᠮ ᠢ ᠨᠡᠮᠡᠭᠳᠡᠭᠦᠯᠦᠨ᠂ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠂ ᠠᠶᠤᠯᠭᠦᠢ ᠶᠢᠨ ᠡᠷᠡᠰᠳᠡᠯ ᠢ ᠲᠡᠰ ᠬᠤᠪᠢᠶᠠᠨ ᠬᠠᠮᠢᠶᠠᠷᠤᠨ ᠡᠵᠡᠮᠳᠡᠬᠦ ᠪᠠ ᠲᠠᠯᠳᠠ ᠭᠡᠮ ᠢ ᠨᠠᠷᠢᠪᠴᠢᠯᠠᠨ ᠪᠠᠶᠢᠴᠠᠭᠠᠵᠤ ᠵᠠᠰᠠᠬᠤ ᠳᠠᠪᠬᠤᠷ ᠰᠡᠷᠭᠡᠶᠢᠯᠡᠬᠦ ᠲᠣᠭᠲᠠᠴᠠ ᠶᠢ ᠪᠠᠶᠢᠭᠤᠯᠵᠤ᠂ ᠡᠷᠡᠰᠳᠡᠯ ᠢ ᠰᠡᠷᠭᠡᠶᠢᠯᠡᠨ ᠠᠷᠢᠯᠭᠠᠬᠤ ᠲᠣᠭᠲᠠᠴᠠ ᠶᠢ ᠪᠦᠷᠢᠨᠰᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠶᠤᠯᠭᠦᠢ ᠦᠢᠯᠡᠳᠪᠦᠷᠢᠯᠡᠯ ᠢ ᠦᠨᠡᠨᠬᠦ ᠪᠠᠲᠤᠯᠠᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                  ︽ᠲᠠᠪᠴᠠᠩ ᠤᠨ ᠠᠵᠤ ᠠᠬᠤᠢ ᠵᠡᠷᠭᠡ ᠰᠢᠨ᠎ᠡ ᠪᠠᠷ ᠬᠥᠭᠵᠢᠭᠰᠡᠨ ᠠᠵᠢᠯ ᠲᠦᠷᠦᠯ᠂ ᠬᠦᠷᠢᠶᠡᠨ ᠳᠠᠬᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠦᠭᠦᠳ ᠲᠤᠰ ᠠᠵᠢᠯ ᠲᠦᠷᠦᠯ᠂ ᠬᠦᠷᠢᠶᠡᠨ ᠤ ᠪᠠᠨ ᠣᠨᠴᠠᠯᠢᠭ ᠢ ᠦᠨᠳᠦᠰᠦᠯᠡᠨ᠂ ᠪᠦᠬᠦ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠪᠥᠭᠡᠳ ᠨᠠᠶᠢᠳᠠᠪᠤᠷᠢᠵᠢᠭᠤᠯᠵᠤ᠂ ᠠᠵᠢᠯᠯᠠᠵᠤ ᠪᠠᠶᠢᠭ᠎ᠠ ᠬᠥᠮᠥᠰ ᠤᠨ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠲᠤᠰ ᠬᠠᠤᠯᠢ ᠪᠠ ᠪᠤᠰᠤᠳ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠠᠶᠤᠯᠭᠦᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠡᠭᠦᠷᠭᠡ ᠶᠢ ᠭᠦᠢᠴᠡᠳᠬᠡᠬᠦ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ᠭᠤᠷᠪᠠ᠂ ᠲᠠᠪᠤᠳᠤᠭᠠᠷ ᠵᠦᠢᠯ ᠢ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠪᠣᠯ ᠲᠤᠰ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠮᠥᠨ᠂ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠬᠠᠷᠢᠭᠤᠴᠠᠨ᠎ᠠ᠂ ᠪᠤᠰᠤᠳ ᠬᠠᠷᠢᠭᠤᠴᠠᠯᠭᠠᠲᠠᠨ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ᠳᠥᠷᠪᠡ᠂ ᠨᠠᠢᠮᠠᠳᠤᠭᠠᠷ ᠵᠦᠢᠯ ᠢ ᠬᠤᠶᠠᠷ ᠵᠦᠢᠯ ᠪᠣᠯᠭᠠᠵᠤ᠂ ᠨᠠᠢᠮᠠᠳᠤᠭᠠᠷ ᠵᠦᠢᠯ᠂ ᠶᠢᠰᠦᠳᠦᠭᠡᠷ ᠵᠦᠢᠯ ᠪᠣᠯᠭᠠᠭᠠᠳ᠄ ︽ᠨᠠᠢᠮᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠶᠢ ᠦᠨᠳᠦᠰᠦᠯᠡᠨ ᠠᠶᠤᠯᠭᠦᠢ ᠦᠢᠯᠡᠳᠪᠦᠷᠢᠯᠡᠯ ᠤᠨ ᠲᠥᠯᠦᠪᠵᠢᠭᠦᠯᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠲᠥᠯᠦᠪᠵᠢᠭᠦᠯᠭᠡ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠵᠡᠷᠭᠡ ᠬᠤᠯᠪᠣᠭᠳᠠᠯ ᠪᠦᠬᠦᠢ ᠲᠥᠯᠦᠪᠵᠢᠭᠦᠯᠭᠡ ᠲᠠᠢ ᠠᠪᠴᠠᠯᠳᠤᠭᠤᠯᠬᠤ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠶᠤᠯᠭᠦᠢ ᠦᠢᠯᠡᠳᠪᠦᠷᠢᠯᠡᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠬᠡᠷᠡᠭᠰᠡᠬᠦ ᠵᠠᠷᠤᠳᠠᠯ ᠢ ᠲᠤᠰ ᠱᠠᠲᠤᠨ ᠤ ᠲᠥᠰᠥᠪ ᠲᠤ ᠣᠷᠣᠭᠤᠯᠬᠤ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠠᠶᠤᠯᠭᠦᠢ ᠶᠢᠨ ᠠᠶᠤᠯ ᠡᠷᠡᠰᠳᠡᠯ ᠢ ᠦᠨᠡᠯᠡᠨ ᠵᠢᠱᠢᠬᠦ ᠪᠠ ᠨᠤᠲᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠶᠤᠯᠭᠦᠢ ᠶᠢᠨ ᠠᠶᠤᠯ ᠡᠷᠡᠰᠳᠡᠯ ᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠠᠵᠤ ᠦᠢᠯᠡᠰ ᠤᠨ ᠲᠥᠯᠦᠪᠵᠢᠭᠦᠯᠭᠡ ᠪᠠ ᠣᠷᠣᠨ ᠵᠠᠢ ᠶᠢᠨ ᠪᠠᠶᠢᠷᠢᠰᠢᠯ ᠢ ᠬᠢᠬᠦ ᠶᠢᠨ ᠬᠠᠮᠲᠤ ᠣᠷᠣᠨ ᠪᠠᠶᠢᠷᠢ ᠨᠢ ᠬᠥᠷᠰᠢ ᠵᠡᠷᠭᠡᠯᠡᠳᠡᠭᠡ᠂ ᠠᠵᠢᠯ ᠲᠦᠷᠦᠯ ᠨᠢ ᠣᠶᠢᠷᠠᠯᠴᠠᠭ᠎ᠠ᠂ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠠᠳᠠᠯᠢᠪᠲᠤᠷ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠠᠶᠤᠯᠭᠦᠢ ᠶᠢᠨ ᠬᠦᠨᠳᠦ ᠶᠡᠭᠡ ᠠᠶᠤᠯ ᠡᠷᠡᠰᠳᠡᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ᠶᠢᠰᠦᠳᠦᠭᠡᠷ ᠵᠦᠢᠯ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠤᠳᠤᠷᠢᠳᠤᠯᠭ᠎ᠠ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠠᠶᠤᠯᠭᠦᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢ ᠲᠡᠮᠵᠢᠨ ᠰᠢᠪᠠᠳᠠᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠨᠡᠭᠡᠭᠡᠨ ᠬᠥᠭᠵᠢᠭᠦᠯᠬᠦ ᠣᠷᠣᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠭᠠᠷᠠᠮ ᠤᠨ ᠲᠣᠭᠤᠷᠢᠭ᠂ ᠦᠵᠡᠮᠵᠢ ᠶᠢᠨ ᠣᠷᠣᠨ ᠵᠡᠷᠭᠡ ᠳᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ᠵᠢᠴᠢ ᠲᠡᠭᠦᠨ ᠤ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠲᠤᠰ ᠵᠠᠰᠠᠭ ᠵᠠᠬᠢᠷᠭᠠᠨ ᠤ ᠣᠷᠣᠨ ᠪᠤᠶᠤ ᠬᠠᠮᠢᠶᠠᠷᠤᠯᠲᠠ ᠶᠢᠨ ᠣᠷᠣᠨ ᠤ ᠳᠣᠲᠣᠷᠠᠬᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠳᠤ ᠬᠢᠨᠠᠯᠲᠠ ᠪᠠᠶᠢᠴᠠᠭᠠᠯᠲᠠ ᠬᠢᠵᠦ᠂ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠡᠷᠬᠡ ᠣᠯᠭᠤᠭᠰᠠᠨ ᠶᠣᠰᠣᠭᠠᠷ ᠠᠶᠤᠯᠭᠦᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠳᠤᠨᠢ ᠬᠠᠮᠵᠢᠯᠴᠠᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ᠲᠠᠪᠤ᠂ ᠶᠢᠰᠦᠳᠦᠭᠡᠷ ᠵᠦᠢᠯ ᠢ ᠠᠷᠪᠠᠳᠤᠭᠠᠷ ᠵᠦᠢᠯ ᠪᠣᠯᠭᠠᠭᠠᠳ᠄ ︽ᠲᠦᠷᠦ ᠶᠢᠨ ᠶᠠᠪᠤᠳᠠᠯ ᠤᠨ ᠬᠤᠷᠢᠶᠠᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠰ ᠬᠠᠤᠯᠢ ᠶᠢ ᠦᠨᠳᠦᠰᠦᠯᠡᠨ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠶᠡᠷᠦᠩᠬᠡᠶᠢᠯᠡᠨ ᠬᠢᠨᠠᠵᠤ ᠬᠠᠮᠢᠶᠠᠷᠤᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠰ ᠬᠠᠤᠯᠢ ᠶᠢᠨ ᠶᠣᠰᠣᠭᠠᠷ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠶᠡᠷᠦᠩᠬᠡᠶᠢᠯᠡᠨ ᠭᠦᠢᠴᠡᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽ᠲᠥᠷᠥ ᠶᠢᠨ ᠶᠠᠪᠤᠳᠠᠯ ᠤᠨ ᠬᠤᠷᠢᠶᠠᠨ ᠤ ᠵᠡᠮ ᠲᠡᠭᠡᠭᠡᠪᠦᠷᠢ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠤᠰᠦᠠ ᠠᠰᠢᠭᠯᠠᠯᠲᠠ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠬᠠᠤᠯᠢ ᠪᠠ ᠪᠤᠰᠤᠳ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠬᠤᠯᠪᠣᠭᠳᠠᠯ ᠪᠦᠬᠦᠢ ᠠᠵᠢᠯ ᠲᠥᠷᠥᠯ᠂ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠵᠤ ᠬᠠᠮᠢᠶᠠᠷᠤᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠬᠠᠤᠯᠢ ᠪᠠ ᠪᠤᠰᠤᠳ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠬᠤᠯᠪᠣᠭᠳᠠᠯ ᠪᠦᠬᠦᠢ ᠠᠵᠢᠯ ᠲᠥᠷᠥᠯ᠂ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠵᠤ ᠬᠠᠮᠢᠶᠠᠷᠤᠨ᠎ᠠ᠃ ᠰᠢᠨ᠎ᠡ ᠪᠠᠷ ᠬᠥᠭᠵᠢᠭᠰᠡᠨ ᠠᠵᠢᠯ ᠲᠦᠷᠦᠯ᠂ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠨᠢ ᠲᠣᠳᠣᠷᠬᠠᠢ ᠦᠭᠡᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠤᠬᠠᠶᠢᠯᠠᠭᠰᠠᠨ ᠠᠵᠢᠯ ᠨᠢ ᠠᠳᠠᠯᠢᠪᠲᠤᠷ ᠪᠠᠶᠢᠬᠤ ᠵᠠᠷᠴᠢᠮ ᠶᠣᠰᠣᠭᠠᠷ ᠬᠢᠨᠠᠵᠤ ᠬᠠᠮᠢᠶᠠᠷᠬᠤ ᠰᠠᠯᠠᠭ᠎ᠠ ᠮᠥᠴᠢᠷ ᠢ ᠲᠣᠭᠲᠠᠭᠠᠨ᠎ᠠ᠃             ︽ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠠᠵᠢᠯ ᠲᠦᠷᠦᠯ᠂ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠵᠤ ᠬᠠᠮᠢᠶᠠᠷᠬᠤ ᠰᠠᠯᠠᠭ᠎ᠠ ᠮᠥᠴᠢᠷ ᠢ ᠠᠶᠤᠯᠭᠦᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠭᠡᠵᠦ ᠶᠡᠷᠦᠩᠬᠡᠶᠢᠯᠡᠨ ᠨᠡᠷᠡᠯᠡᠨ᠎ᠡ᠂ ᠠᠶᠤᠯᠭᠦᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠵᠤ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠡᠬᠢ ᠪᠠᠶᠠᠯᠢᠭ ᠢ ᠬᠠᠮᠲᠤ ᠪᠠᠷ ᠬᠡᠷᠡᠭᠯᠡᠵᠦ᠂ ᠠᠶᠤᠯᠭᠦᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠠᠵᠢᠯ ᠢ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ᠵᠢᠷᠭᠤᠭ᠎ᠠ᠂ ᠨᠢᠭᠡ ᠵᠦᠢᠯ ᠨᠡᠮᠡᠭᠡᠳ ᠠᠷᠪᠠᠨ ᠬᠤᠶᠠᠳᠤᠭᠠᠷ ᠵᠦᠢᠯ ᠪᠣᠯᠭᠠᠪᠠ᠄ ︽ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ ᠢᠶᠠᠨ ᠠᠵᠢᠯ ᠤᠨ ᠬᠤᠪᠢᠶᠠᠷᠢᠯᠠᠯ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢᠨ ᠵᠦᠢᠯᠡᠰ ᠢ ᠳᠤᠷᠠᠳᠤᠨ ᠭᠠᠷᠭᠠᠵᠤ᠂ ᠵᠣᠬᠢᠶᠠᠨ ᠪᠠᠶᠢᠭᠤᠯᠤᠨ ᠲᠤᠭᠤᠷᠪᠢᠵᠤ᠂ ᠰᠠᠨᠠᠯ ᠬᠤᠷᠢᠶᠠᠵᠤ᠂ ᠮᠡᠷᠭᠡᠵᠢᠯ ᠤᠨ ᠬᠢᠨᠠᠨ ᠪᠠᠶᠢᠴᠠᠭᠠᠯᠲᠠ ᠬᠢᠨ᠎ᠡ᠃ ᠲᠦᠷᠦ ᠶᠢᠨ ᠶᠠᠪᠤᠳᠠᠯ ᠤᠨ ᠬᠤᠷᠢᠶᠠᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠶᠤᠯᠭᠦᠢ ᠦᠢᠯᠡᠳᠪᠦᠷᠢᠯᠡᠯ ᠤᠨ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠪᠠᠷᠢᠮᠵᠢᠶᠠᠵᠢᠭᠤᠯᠤᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠶᠤᠯᠭᠦᠢ ᠦᠢᠯᠡᠳᠪᠦᠷᠢᠯᠡᠯ ᠤᠨ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢᠨ ᠵᠦᠢᠯᠡᠰ ᠲᠣᠭᠲᠠᠭᠠᠬᠤ᠂ ᠳ᠋ᠤᠭᠠᠷᠯᠠᠬᠤ᠂ ᠭᠠᠳᠠᠭᠰᠢ ᠮᠡᠳᠡᠭᠳᠡᠬᠦ ᠪᠠ ᠡᠷᠬᠡ ᠣᠯᠭᠤᠵᠤ ᠵᠥᠪᠰᠢᠶᠡᠷᠡᠭᠦᠯᠦᠨ ᠨᠡᠶᠢᠲᠡᠯᠡᠬᠦ ᠠᠵᠢᠯ ᠢ ᠬᠠᠷᠢᠭᠤᠴᠠᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠪᠠᠷᠢᠮᠵᠢᠶᠠᠵᠢᠭᠤᠯᠤᠯᠲᠠ ᠶᠢᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠠᠶᠤᠯᠭᠦᠢ ᠦᠢᠯᠡᠳᠪᠦᠷᠢᠯᠡᠯ ᠤᠨ ᠠᠯᠪᠠᠳᠠᠯᠭ᠎ᠠ ᠶᠢᠨ ᠴᠢᠨᠠᠷᠲᠠᠢ ᠭᠦᠢᠴᠡᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ᠲᠤᠯᠤᠭ᠎ᠠ᠂ ᠨᠢᠭᠡ ᠵᠦᠢᠯ ᠨᠡᠮᠡᠭᠡᠳ ᠠᠷᠪᠠᠨ ᠳᠣᠯᠣᠳᠤᠭᠠᠷ ᠵᠦᠢᠯ ᠪᠣᠯᠭᠠᠪᠠ᠄ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠶᠤᠯᠭᠦᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠠᠶᠤᠯᠭᠦᠢ ᠦᠢᠯᠡᠳᠪᠦᠷᠢᠯᠡᠯ ᠤᠨ ᠡᠷᠬᠡ ᠪᠠ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠵᠤ᠂ ᠨᠡᠶᠢᠭᠡᠮ ᠤᠨ ᠬᠢᠨᠠᠯᠲᠠ ᠶᠢ ᠢᠯᠠ ᠪᠣᠯᠭᠠᠬᠤ ᠶᠢᠨ ᠬᠠᠮᠲᠤ ᠬᠦᠯᠢᠶᠡᠬᠦ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ᠨᠠᠢᠮᠠ᠂ ᠠᠷᠪᠠᠨ ᠨᠠᠢᠮᠠᠳᠤᠭᠠᠷ ᠵᠦᠢᠯ ᠢ ᠬᠤᠷᠢᠨ ᠨᠢᠭᠡᠳᠦᠭᠡᠷ ᠵᠦᠢᠯ ᠪᠣᠯᠭᠠᠭᠠᠳ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠳᠣᠣᠷ᠎ᠠ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽︵ᠨᠢᠭᠡ︶ ᠲᠤᠰ ᠨᠢᠭᠡᠴᠢ ᠶᠢᠨ ᠢᠶᠠᠨ ᠪᠦᠬᠦ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠪᠥᠭᠡᠳ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽︵ᠬᠤᠶᠠᠷ︶ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠪᠠ ᠠᠵᠢᠯᠯᠠᠬᠤ ᠳᠦᠷᠢᠮᠵᠢᠯ ᠢ ᠵᠣᠬᠢᠶᠠᠨ ᠪᠠᠶᠢᠭᠤᠯᠵᠤ ᠲᠣᠭᠲᠠᠭᠠᠬᠤ ᠪᠥᠭᠡᠳ ᠬᠡᠷᠡᠭᠵᠢᠭᠦᠯᠦᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽︵ᠭᠤᠷᠪᠠ︶ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠵᠤ ᠲᠣᠭᠲᠠᠭᠠᠬᠤ ᠪᠥᠭᠡᠳ ᠬᠡᠷᠡᠭᠵᠢᠭᠦᠯᠦᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽︵ᠳᠥᠷᠪᠡ︶ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠣᠷᠣᠭᠤᠯᠤᠯᠲᠠ ᠶᠢᠨ ᠪᠦᠲᠦᠮᠵᠢᠲᠡᠢ ᠬᠡᠷᠡᠭᠵᠢᠭᠦᠯᠦᠭᠳᠡᠬᠦ ᠶᠢ ᠪᠠᠲᠤᠯᠠᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃       ︽︵ᠲᠠᠪᠤ︶ ᠠᠶᠤᠯᠭᠦᠢ ᠶᠢᠨ ᠡᠷᠡᠰᠳᠡᠯ ᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠪᠠ ᠲᠠᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠠᠵᠢᠯ ᠤᠨ ᠲᠣᠭᠲᠠᠴᠠ ᠶᠢ ᠵᠣᠬᠢᠶᠠᠨ ᠪᠠᠶᠢᠭᠤᠯᠤᠨ ᠪᠠᠶᠢᠭᠤᠯᠬᠤ ᠶᠢᠨ ᠬᠠᠮᠲᠤ ᠨᠠᠶᠢᠳᠠᠪᠤᠷᠢᠵᠢᠭᠤᠯᠵᠤ᠂ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠨ ᠪᠠᠶᠢᠴᠠᠭᠠᠵᠤ᠂ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠲᠠᠯᠳᠠ ᠭᠡᠮ ᠢ ᠴᠠᠭ ᠲᠤᠬᠠᠢ ᠳᠤᠨᠢ ᠠᠷᠢᠯᠭᠠᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽︵ᠵᠢᠷᠭᠤᠭ᠎ᠠ︶ ᠲᠤᠰ ᠨᠢᠭᠡᠴᠢ ᠶᠢᠨ ᠢᠶᠠᠨ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠠᠪᠤᠷᠠᠨ ᠲᠤᠰᠠᠯᠠᠬᠤ ᠤᠷᠢᠳᠴᠢᠯᠠᠭᠰᠠᠨ ᠲᠥᠰᠥᠯ ᠢ ᠵᠣᠬᠢᠶᠠᠨ ᠪᠠᠶᠢᠭᠤᠯᠵᠤ ᠲᠣᠭᠲᠠᠭᠠᠬᠤ ᠪᠥᠭᠡᠳ ᠬᠡᠷᠡᠭᠵᠢᠭᠦᠯᠦᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽︵ᠲᠤᠯᠤᠭ᠎ᠠ︶ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠴᠠᠭ ᠲᠤᠬᠠᠢ ᠳᠤᠨᠢ ᠦᠨᠡᠨ ᠮᠥᠨ ᠢᠶᠠᠷ ᠮᠡᠳᠡᠭᠦᠯᠦᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ᠶᠢᠰᠦ᠂ ᠬᠤᠷᠢᠨ ᠬᠤᠶᠠᠳᠤᠭᠠᠷ ᠵᠦᠢᠯ ᠢ ᠬᠤᠷᠢᠨ ᠲᠠᠪᠤᠳᠤᠭᠠᠷ ᠵᠦᠢᠯ ᠪᠣᠯᠭᠠᠭᠠᠳ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠳᠣᠣᠷ᠎ᠠ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽︵ᠨᠢᠭᠡ︶ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ᠂ ᠠᠵᠢᠯᠯᠠᠬᠤ ᠳᠦᠷᠢᠮ ᠪᠣᠯᠣᠨ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠴᠤ ᠠᠪᠤᠷᠠᠨ ᠲᠤᠰᠠᠯᠠᠬᠤ ᠤᠷᠢᠳᠴᠢᠯᠠᠭᠰᠠᠨ ᠲᠥᠰᠥᠯ ᠢ ᠲᠤᠭᠤᠷᠪᠢᠨ ᠲᠣᠭᠲᠠᠭᠠᠬᠤ ᠶᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽︵ᠬᠤᠶᠠᠷ︶ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠵᠤ᠂ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠤᠨ ᠪᠠᠶᠢᠳᠠᠯ ᠢ ᠦᠨᠡᠨ ᠮᠥᠨ ᠢᠶᠠᠷ ᠨᠢ ᠲᠡᠮᠳᠡᠭᠯᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽︵ᠭᠤᠷᠪᠠ︶ ᠠᠶᠤᠯ ᠤᠨ ᠡᠬᠢ ᠰᠤᠷᠪᠤᠯᠵᠢ ᠶᠢ ᠢᠯᠭᠠᠨ ᠲᠠᠨᠢᠬᠤ ᠪᠠ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰ ᠨᠢᠭᠡᠴᠢ ᠶᠢᠨ ᠢᠶᠠᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢᠨ ᠠᠶᠤᠯᠭᠦᠢ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠱᠠᠯᠠᠪᠳᠠᠨ ᠨᠠᠶᠢᠳᠠᠪᠤᠷᠢᠵᠢᠭᠤᠯᠤᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽︵ᠳᠥᠷᠪᠡ︶ ᠲᠤᠰ ᠨᠢᠭᠡᠴᠢ ᠶᠢᠨ ᠢᠶᠠᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠴᠤ ᠠᠪᠤᠷᠠᠨ ᠲᠤᠰᠠᠯᠠᠬᠤ ᠰᠣᠷᠢᠯᠲᠠ ᠶᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽︵ᠲᠠᠪᠤ︶ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠵᠤ᠂ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠲᠡᠯᠳᠠ ᠭᠡᠮ ᠢ ᠴᠠᠭ ᠲᠤᠬᠠᠢ ᠳᠤᠨᠢ ᠳᠠᠷᠠᠭᠠᠯᠠᠨ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽︵ᠵᠢᠷᠭᠤᠭ᠎ᠠ︶ ᠳᠦᠷᠢᠮ ᠲᠣᠭᠲᠠᠭᠠᠯ ᠢ ᠵᠥᠷᠢᠴᠡᠨ ᠵᠢᠯᠤᠭᠤᠳᠬᠤ᠂ ᠠᠯᠪᠡᠳᠡᠠ ᠵᠠᠷᠯᠢᠭᠳᠠᠵᠤ ᠭᠡᠨᠡᠨ ᠢᠶᠠᠷ ᠠᠵᠢᠯᠯᠠᠭᠤᠯᠬᠤ᠂ ᠠᠵᠢᠯᠯᠠᠬᠤ ᠳᠦᠷᠢᠮ ᠢ ᠵᠥᠷᠢᠴᠡᠬᠦ ᠤᠢᠢᠯᠠ ᠠᠵᠢᠯᠯᠠᠭ᠎ᠠ ᠶᠢ ᠬᠤᠷᠢᠭᠯᠠᠨ ᠵᠣᠭᠰᠣᠭᠠᠵᠤ ᠵᠠᠯᠠᠷᠠᠭᠤᠯᠤᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽︵ᠲᠤᠯᠤᠭ᠎ᠠ︶ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠱᠠᠯᠠᠪᠳᠠᠨ ᠨᠠᠶᠢᠳᠠᠪᠤᠷᠢᠵᠢᠭᠤᠯᠤᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠠᠶᠤᠯᠭᠦᠢ ᠦᠢᠯᠡᠳᠪᠦᠷᠢᠯᠡᠯ ᠢ ᠬᠤᠪᠢᠳᠠᠨ ᠬᠠᠮᠢᠶᠠᠷᠬᠤ ᠲᠤᠰᠬᠠᠢ ᠬᠠᠷᠢᠭᠤᠴᠠᠯᠭᠠᠲᠠᠨ ᠢ ᠲᠣᠬᠢᠷᠠᠭᠤᠯᠵᠤ᠂ ᠲᠤᠰ ᠨᠢᠭᠡᠴᠢ ᠶᠢᠨ ᠢᠶᠠᠨ ᠭᠤᠣᠯ ᠬᠠᠷᠢᠭᠤᠴᠠᠯᠭᠠᠲᠠᠨ ᠢ ᠬᠠᠪᠰᠤᠷᠤᠨ ᠠᠶᠤᠯᠭᠦᠢ ᠦᠢᠯᠡᠳᠪᠦᠷᠢᠯᠡᠯ ᠢ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢ ᠨᠢ ᠭᠦᠢᠴᠡᠳᠬᠡᠭᠦᠯᠵᠦ ᠪᠣᠯᠣᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ᠠᠷᠪᠠ᠂ ᠭᠤᠴᠢᠨ ᠭᠤᠷᠪᠠᠳᠤᠭᠠᠷ ᠵᠦᠢᠯ ᠢ ᠭᠤᠴᠢᠨ ᠵᠢᠷᠭᠤᠳᠤᠭᠠᠷ ᠵᠦᠢᠯ ᠪᠣᠯᠭᠠᠭᠠᠳ᠂ ᠬᠤᠶᠠᠷ ᠪᠠᠳᠠᠭ ᠨᠡᠮᠡᠵᠦ ᠭᠤᠷᠪᠠᠳᠤᠭᠠᠷ ᠪᠠᠳᠠᠭ᠂ ᠳᠥᠷᠪᠡᠳᠦᠭᠡᠷ ᠪᠠᠳᠠᠭ ᠪᠣᠯᠭᠠᠪᠠ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠎ ᠨᠢ ᠦᠢᠯᠡᠳᠪᠦᠷᠢᠯᠡᠯ ᠤᠨ ᠠᠶᠤᠯᠭᠦᠢ ᠳᠤ ᠰᠢᠭᠤᠳ ᠬᠤᠯᠪᠣᠭᠳᠠᠬᠤ ᠬᠢᠨᠠᠨ ᠡᠵᠡᠮᠳᠡᠬᠦ᠂ ᠲᠦᠭᠰᠢᠭᠦᠷᠢ ᠮᠡᠳᠡᠭᠦᠯᠬᠦ᠂ ᠰᠡᠷᠭᠡᠶᠢᠯᠡᠨ ᠬᠠᠮᠠᠭᠠᠯᠠᠬᠤ᠂ ᠠᠪᠤᠷᠠᠬᠤ ᠲᠤᠨᠤᠬ ᠲᠥᠬᠦᠭᠡᠷᠦᠮᠵᠢ᠂ ᠪᠡᠯᠡᠳᠬᠡᠮᠵᠢ ᠶᠢ ᠬᠠᠭᠠᠵᠤ᠂ ᠡᠪᠳᠡᠵᠦ ᠪᠣᠯᠬᠤ ᠦᠭᠡᠢ᠂ ᠡᠰᠡᠬᠦᠯ᠎ᠡ ᠬᠤᠯᠪᠣᠭᠳᠠᠯ ᠪᠦᠬᠦᠢ ᠲᠤᠭ᠎ᠠ ᠪᠠᠷᠢᠮᠲᠠ᠂ ᠮᠡᠳᠡᠭᠡ ᠵᠠᠩᠭᠢ ᠶᠢ ᠨᠢ ᠥᠭᠡᠷᠡᠲᠦᠭᠦᠯᠵᠦ᠂ ᠨᠢᠭᠤᠨ ᠳᠠᠯᠳᠠᠯᠠᠵᠤ᠂ ᠤᠰᠠᠳᠬᠠᠵᠤ ᠪᠣᠯᠬᠤ ᠦᠭᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽ᠢᠳᠡᠭᠡᠨ ᠤᠮᠳᠠᠭᠠᠨ ᠵᠡᠷᠭᠡ ᠠᠵᠢᠯ ᠲᠦᠷᠦᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠰᠢᠲᠠᠮᠠᠬᠠᠢ ᠬᠡᠢ ᠬᠡᠷᠡᠭᠯᠡᠬᠦ ᠳᠤ ᠬᠦᠷᠪᠡᠯ᠂ ᠰᠢᠲᠠᠮᠠᠬᠠᠢ ᠬᠡᠢ ᠪᠡᠶᠡᠲᠦ ᠶᠢᠨ ᠲᠦᠭᠰᠢᠭᠦᠷᠢ ᠮᠡᠳᠡᠭᠡᠯᠡᠬᠦ ᠲᠣᠨᠣᠭᠯᠠᠯ ᠤᠭᠰᠠᠷᠠᠬᠤ ᠶᠢᠨ ᠬᠠᠮᠲᠤ ᠲᠡᠭᠦᠨ ᠤ ᠬᠡᠪ ᠤᠨ ᠬᠡᠷᠡᠭᠯᠡᠯᠲᠡ ᠶᠢ ᠪᠠᠲᠤᠯᠠᠬᠤ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ᠠᠷᠪᠠᠨ ᠨᠢᠭᠡ᠂ ᠭᠤᠴᠢᠨ ᠳᠣᠯᠣᠳᠤᠭᠠᠷ ᠵᠦᠢᠯ ᠢ ᠳᠥᠴᠢᠳᠦᠭᠡᠷ ᠵᠦᠢᠯ ᠪᠣᠯᠭᠠᠭᠠᠳ᠂ ᠬᠤᠶᠠᠳᠤᠭᠠᠷ ᠪᠠᠳᠠᠭ ᠢ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠰ ᠨᠢᠭᠡᠴᠢ ᠶᠢᠨ ᠢᠶᠠᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠵᠢᠴᠢ ᠬᠤᠯᠪᠣᠭᠳᠠᠯ ᠪᠦᠬᠦᠢ ᠠᠶᠤᠯᠭᠦᠢ ᠶᠢᠨ ᠠᠷᠭ᠎ᠠ ᠬᠡᠮᠵᠢᠶ᠎ᠡ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠠᠷᠭ᠎ᠠ ᠬᠡᠮᠵᠢᠶ᠎ᠡ ᠶᠢ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠮᠵᠢᠭᠤᠯᠤᠨ ᠮᠡᠳᠡᠭᠡ ᠵᠠᠩᠭᠢ ᠶᠢ ᠭᠦᠢᠴᠡᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ᠠᠷᠪᠠᠨ ᠬᠤᠶᠠᠷ᠂ ᠭᠤᠴᠢᠨ ᠨᠠᠢᠮᠠᠳᠤᠭᠠᠷ ᠵᠦᠢᠯ ᠢ ᠳᠥᠴᠢᠨ ᠨᠢᠭᠡᠳᠦᠭᠡᠷ ᠵᠦᠢᠯ ᠪᠣᠯᠭᠠᠭᠠᠳ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠠᠶᠤᠯᠭᠦᠢ ᠶᠢᠨ ᠡᠷᠡᠰᠳᠡᠯ ᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠬᠡᠮᠵᠢᠶ᠎ᠡ ᠶᠢ ᠪᠠᠶᠢᠭᠤᠯᠵᠤ᠂ ᠠᠶᠤᠯᠭᠦᠢ ᠶᠢᠨ ᠡᠷᠡᠰᠳᠡᠯ ᠢ ᠱᠠᠲᠤ ᠬᠤᠪᠢᠶᠠᠨ ᠵᠣᠬᠢᠴᠠᠩᠭᠤᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠲᠡᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠨᠠᠶᠢᠳᠠᠪᠤᠷᠢᠵᠢᠭᠤᠯᠵᠤ᠂ ᠮᠡᠷᠭᠡᠵᠢᠯ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ᠂ ᠡ᠊ᠨᠳᠡᠯ ᠤᠨ ᠲᠡᠯᠳᠠ ᠭᠡᠮ ᠢ ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠲᠤ ᠠᠷᠢᠯᠭᠠᠬᠤ ᠬᠡᠷᠡᠭᠲᠡᠢ᠃ ᠡ᠊ᠨᠳᠡᠯ ᠤᠨ ᠲᠠᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠭᠰᠠᠨ ᠪᠠᠶᠢᠳᠠᠯ ᠢ ᠦᠨᠡᠨ ᠮᠥᠨ ᠢᠶᠠᠷ ᠨᠢ ᠲᠡᠮᠳᠡᠭᠯᠡᠬᠦ ᠶᠢᠨ ᠬᠠᠮᠲᠤ ᠠᠵᠢᠯᠲᠠᠨ ᠠᠵᠢᠯᠴᠢᠨ ᠤ ᠶᠡᠭᠡ ᠬᠤᠷᠠᠯ ᠪᠤᠶᠤ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ᠂ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠪᠤᠯᠤᠩ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯᠯᠠᠵᠤ ᠪᠠᠶᠢᠭ᠎ᠠ ᠬᠥᠮᠥᠰ ᠲᠤ ᠮᠡᠳᠡᠭᠳᠡᠬᠦ ᠬᠡᠷᠡᠭᠲᠡᠢ᠃ ᠡᠭᠦᠨ ᠳᠤ ᠬᠦᠨᠳᠦ ᠶᠡᠭᠡ ᠡ᠊ᠨᠳᠡᠯ ᠤᠨ ᠲᠡᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠭᠰᠠᠨ ᠪᠠᠶᠢᠳᠠᠯ ᠢᠶᠠᠨ ᠠᠶᠤᠯᠭᠦᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠪᠣᠯᠣᠨ ᠠᠵᠢᠯᠲᠠᠨ ᠠᠵᠢᠯᠴᠢᠨ ᠤ ᠶᠡᠭᠡ ᠬᠤᠷᠠᠯ ᠪᠤᠶᠤ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠬᠦᠨᠳᠦ ᠶᠡᠭᠡ ᠡ᠊ᠨᠳᠡᠯ ᠤᠨ ᠲᠡᠯᠳᠠ ᠭᠡᠮ ᠢ ᠬᠤᠯᠪᠣᠭᠳᠠᠯ ᠪᠦᠬᠦᠢ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠵᠤ᠂ ᠬᠦᠨᠳᠦ ᠶᠡᠭᠡ ᠡ᠊ᠨᠳᠡᠯ ᠤᠨ ᠲᠡᠯᠳᠠ ᠭᠡᠮ ᠢ ᠵᠠᠰᠠᠬᠤ ᠠᠵᠢᠯ ᠢ ᠱᠠᠯᠠᠪᠳᠠᠨ ᠰᠢᠢᠳᠪᠦᠷᠢᠯᠡᠭᠦᠯᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠰᠢᠪᠠᠳᠠᠵᠤ ᠪᠠᠶᠢᠭᠠᠳ ᠬᠦᠨᠳᠦ ᠶᠡᠭᠡ ᠡ᠊ᠨᠳᠡᠯ ᠤᠨ ᠲᠡᠯᠳᠠ ᠭᠡᠮ ᠢ ᠠᠷᠢᠯᠭᠠᠭᠤᠯᠬᠤ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ᠠᠷᠪᠠᠨ ᠭᠤᠷᠪᠠ᠂ ᠳᠥᠴᠢᠨ ᠨᠢᠭᠡᠳᠦᠭᠡᠷ ᠵᠦᠢᠯ ᠢ ᠳᠥᠴᠢᠨ ᠳᠥᠷᠪᠡᠳᠦᠭᠡᠷ ᠵᠦᠢᠯ ᠪᠣᠯᠭᠠᠭᠠᠳ᠂ ᠨᠢᠭᠡ ᠪᠠᠳᠠᠭ ᠨᠡᠮᠡᠵᠦ ᠬᠤᠶᠠᠳᠤᠭᠠᠷ ᠪᠠᠳᠠᠭ ᠪᠣᠯᠭᠠᠪᠠ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠠᠵᠢᠯᠯᠠᠵᠤ ᠪᠠᠶᠢᠭ᠎ᠠ ᠬᠥᠮᠥᠰ ᠤᠨ ᠪᠡᠶ᠎ᠡ ᠮᠠᠬᠠᠪᠤᠳ᠂ ᠰᠡᠳᠬᠢᠴᠡ ᠶᠢᠨ ᠪᠠᠶᠢᠳᠠᠯ ᠪᠠ ᠤᠢᠢᠯᠠ ᠠᠵᠢᠯᠯᠠᠭᠠᠨ ᠤ ᠳᠠᠳᠬᠠᠯ ᠢ ᠠᠩᠬᠠᠷᠴᠤ᠂ ᠠᠵᠢᠯᠯᠠᠵᠤ ᠪᠠᠶᠢᠭ᠎ᠠ ᠬᠥᠮᠥᠰ ᠤᠨ ᠰᠡᠳᠬᠢᠴᠡ ᠶᠢᠨ ᠵᠢᠯᠣᠭᠤᠳᠤᠯᠭ᠎ᠠ᠂ ᠤᠶᠤᠨ ᠰᠠᠨᠠᠭᠠᠨ ᠤ ᠲᠠᠶᠢᠳᠬᠤᠷᠠᠭᠤᠯᠤᠯ ᠢ ᠴᠢᠩᠭᠠᠳᠬᠠᠵᠤ᠂ ᠠᠵᠢᠯ ᠤᠨ ᠪᠠᠶᠢᠷᠢ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠯᠠᠵᠤ ᠪᠠᠶᠢᠭ᠎ᠠ ᠬᠥᠮᠥᠰ ᠤᠨ ᠤᠢᠢᠯᠠ ᠠᠵᠢᠯᠯᠠᠭ᠎ᠠ ᠬᠡᠪ ᠤᠨ ᠪᠤᠰᠤ ᠠᠴᠠ ᠪᠣᠯᠵᠤ ᠡ᠊ᠨᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ᠠᠷᠪᠠᠨ ᠳᠥᠷᠪᠡ᠂ ᠳᠥᠴᠢᠨ ᠵᠢᠷᠭᠤᠳᠤᠭᠠᠷ ᠵᠦᠢᠯ ᠢ ᠳᠥᠴᠢ ᠶᠢᠰᠦᠳᠦᠭᠡᠷ ᠵᠦᠢᠯ ᠪᠣᠯᠭᠠᠭᠠᠳ᠂ ᠨᠢᠭᠡ ᠪᠠᠳᠠᠭ ᠨᠡᠮᠡᠭᠡᠳ ᠭᠤᠷᠪᠠᠳᠤᠭᠠᠷ ᠪᠠᠳᠠᠭ ᠪᠣᠯᠭᠠᠪᠠ᠄ ︽ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠪᠠ ᠠᠶᠤᠯᠲᠠᠢ ᠪᠣᠳᠠᠰ ᠢ ᠦᠢᠯᠡᠳᠪᠦᠷᠢᠯᠡᠬᠦ᠂ ᠬᠠᠳᠠᠭᠠᠯᠠᠬᠤ᠂ ᠠᠴᠢᠶᠠᠯᠠᠵᠤ ᠪᠠᠭᠤᠯᠭᠠᠬᠤ ᠳᠤ ᠬᠡᠷᠡᠭᠯᠡᠬᠦ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠠᠷᠢᠯᠭ᠎ᠠ ᠶᠢᠨ ᠨᠢᠭᠡᠴᠢ ᠨᠢ ᠪᠠᠷᠢᠯᠭ᠎ᠠ ᠶᠢᠨ ᠵᠦᠢᠯᠡᠰ ᠤᠨ ᠠᠶᠤᠯᠭᠦᠢ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠪᠠᠷᠢᠯᠭ᠎ᠠ ᠶᠢᠨ ᠠᠵᠢᠯ ᠤᠨ ᠬᠢᠷᠢ ᠴᠢᠳᠠᠯ ᠢ ᠰᠠᠷᠢᠭᠠᠯᠠᠬᠤ᠂ ᠲᠦᠷᠢᠶᠡᠰᠦᠯᠡᠭᠦᠯᠬᠦ᠂ ᠵᠢᠭᠡᠯᠡᠭᠦᠯᠬᠦ᠂ ᠲᠦᠰᠢᠬᠦ ᠪᠤᠶᠤ ᠪᠤᠰᠤᠳ ᠬᠡᠯᠪᠡᠷᠢ ᠪᠠᠷ ᠬᠠᠤᠯᠢ ᠪᠤᠰᠤ ᠪᠠᠷ ᠰᠢᠯᠵᠢᠭᠦᠯᠦᠨ ᠥᠭᠴᠦ ᠪᠣᠯᠬᠤ ᠦᠭᠡᠢ᠂ ᠳᠠᠭᠠᠭᠠᠴᠢᠯᠠᠭᠰᠠᠨ ᠪᠦᠬᠦ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠢᠶᠠᠨ ᠭᠤᠷᠪᠠᠳᠠᠭᠢ ᠬᠥᠮᠥᠨ ᠳᠤ ᠰᠢᠯᠵᠢᠭᠦᠯᠦᠨ ᠳᠠᠭᠠᠭᠠᠴᠢᠯᠠᠭᠤᠯᠬᠤ ᠪᠤᠶᠤ ᠳᠠᠭᠠᠭᠠᠴᠢᠯᠠᠭᠰᠠᠨ ᠪᠦᠬᠦ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠢᠶᠠᠨ ᠭᠠᠷᠭᠠᠵᠤ ᠥᠭᠭᠦᠭᠰᠡᠨ ᠤ ᠲᠡᠷᠠᠭ᠎ᠠ ᠬᠤᠪᠢᠶᠠᠨ ᠳᠠᠭᠠᠭᠠᠴᠢᠯᠠᠬᠤ ᠨᠡᠷ᠎ᠡ ᠪᠠᠷ ᠭᠤᠷᠪᠠᠳᠠᠭᠢ ᠬᠥᠮᠥᠨ ᠳᠤ ᠲᠤᠰ ᠲᠤᠰ ᠰᠢᠯᠵᠢᠭᠦᠯᠦᠨ ᠳᠠᠭᠠᠭᠠᠴᠢᠯᠠᠭᠤᠯᠵᠤ ᠪᠣᠯᠬᠤ ᠦᠭᠡᠢ᠂ ᠪᠠᠷᠢᠯᠭ᠎ᠠ ᠶᠢᠨ ᠠᠵᠢᠯ ᠢᠶᠠᠨ ᠵᠣᠬᠢᠴᠠᠩᠭᠤᠢ ᠬᠢᠷᠢ ᠴᠢᠳᠠᠯ ᠤᠨ ᠨᠥᠬᠦᠴᠡᠯ ᠢ ᠪᠦᠷᠢᠯᠳᠦᠭᠦᠯᠦᠭᠰᠡᠨ ᠦᠭᠡᠢ ᠨᠢᠭᠡᠴᠢ ᠳᠤ ᠬᠤᠪᠢᠶᠠᠨ ᠳᠠᠭᠠᠭᠠᠴᠢᠯᠠᠭᠤᠯᠵᠤ ᠪᠣᠯᠬᠤ ᠦᠭᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ᠠᠷᠪᠠᠨ ᠲᠠᠪᠤ᠂ ᠳᠥᠴᠢᠨ ᠨᠠᠢᠮᠠᠳᠤᠭᠠᠷ ᠵᠦᠢᠯ ᠢ ᠲᠠᠪᠢᠨ ᠨᠢᠭᠡᠳᠦᠭᠡᠷ ᠵᠦᠢᠯ ᠪᠣᠯᠭᠠᠭᠠᠳ᠂ ᠬᠤᠶᠠᠳᠤᠭᠠᠷ ᠪᠠᠳᠠᠭ ᠢ᠄ ︽ᠤᠯᠤᠰ ᠠᠴᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠬᠤ ᠶᠢ ᠵᠣᠷᠢᠭᠵᠢᠭᠤᠯᠤᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠤᠯᠤᠰ ᠠᠴᠠ ᠲᠣᠭᠲᠠᠭᠠᠭᠰᠠᠨ ᠠᠶᠤᠯ ᠶᠡᠬᠡᠲᠡᠢ ᠠᠵᠢᠯ ᠲᠦᠷᠦᠯ᠂ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠬᠤ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ᠠᠷᠪᠠᠨ ᠵᠢᠷᠭᠤᠭ᠎ᠠ᠂ ᠲᠡᠪᠢᠠ ᠭᠤᠷᠪᠠᠳᠤᠭᠠᠷ ᠵᠦᠢᠯ ᠢ ᠲᠡᠪᠢᠠ ᠵᠢᠷᠭᠤᠳᠤᠭᠠᠷ ᠵᠦᠢᠯ ᠪᠣᠯᠭᠠᠭᠠᠳ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠭᠠᠷᠤᠭᠰᠠᠨ ᠤ ᠲᠡᠷᠠᠭ᠎ᠠ᠂ ᠴᠠᠭ ᠲᠤᠬᠠᠢ ᠳᠤᠨᠢ ᠠᠷᠭ᠎ᠠ ᠬᠡᠮᠵᠢᠶ᠎ᠡ ᠠᠪᠴᠤ ᠪᠠᠶᠢᠭᠠᠳ ᠬᠤᠯᠪᠣᠭᠳᠠᠯ ᠪᠦᠬᠦᠢ ᠬᠥᠮᠥᠰ ᠢ ᠠᠪᠤᠷᠠᠨ ᠵᠠᠰᠠᠬᠤ ᠬᠡᠷᠡᠭᠲᠡᠢ᠃             ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠠᠴᠠ ᠪᠣᠯᠵᠤ ᠬᠤᠬᠢᠷᠠᠯ ᠠᠮᠰᠠᠭᠰᠠᠨ ᠠᠵᠢᠯᠯᠠᠵᠤ ᠪᠠᠶᠢᠭ᠎ᠠ ᠬᠥᠮᠥᠰ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠬᠠᠤᠯᠢ ᠶᠣᠰᠣᠭᠠᠷ ᠡᠳ᠋ᠯᠡᠬᠦ ᠠᠴᠠ ᠭᠠᠳᠠᠨ᠎ᠠ᠂ ᠬᠤᠯᠪᠣᠭᠳᠠᠯ ᠪᠦᠬᠦᠢ ᠢᠷᠭᠡᠨ ᠤ ᠬᠡᠷᠡᠭ ᠤᠨ ᠬᠠᠤᠯᠢ ᠶᠣᠰᠣᠭᠠᠷ ᠪᠠᠰᠠ ᠲᠥᠯᠥᠪᠦᠷᠢ ᠣᠯᠬᠤ ᠡᠷᠬᠡ ᠲᠠᠢ ᠪᠠᠶᠢᠪᠠᠯ᠂ ᠲᠦᠯᠦᠬᠦᠯᠬᠦ ᠱᠠᠭᠠᠷᠳᠠᠯᠭ᠎ᠠ ᠳᠤᠷᠠᠳᠬᠤ ᠡᠷᠬᠡ ᠲᠠᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ᠠᠷᠪᠠᠨ ᠳᠤᠯᠤᠭ᠎ᠠ᠂ ᠲᠠᠪᠢᠨ ᠳᠥᠷᠪᠡᠳᠦᠭᠡᠷ ᠵᠦᠢᠯ ᠢ ᠲᠠᠪᠢᠨ ᠳᠣᠯᠣᠳᠤᠭᠠᠷ ᠵᠦᠢᠯ ᠪᠣᠯᠭᠠᠭᠠᠳ᠄ ︽ᠠᠵᠢᠯᠯᠠᠵᠤ ᠪᠠᠶᠢᠭ᠎ᠠ ᠬᠥᠮᠥᠰ ᠠᠵᠢᠯ ᠤᠨ ᠶᠠᠪᠤᠴᠠ ᠳᠠᠭᠠᠨ ᠠᠵᠢᠯ ᠤᠨ ᠪᠠᠶᠢᠷᠢ ᠶᠢᠨ ᠠᠶᠤᠯᠭᠦᠢ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠪᠠ ᠠᠵᠢᠯᠯᠠᠬᠤ ᠳᠦᠷᠢᠮᠵᠢᠯ ᠢ ᠵᠢᠷᠤᠮᠯᠠᠵᠤ᠂ ᠬᠠᠮᠢᠶᠠᠷᠤᠯᠲᠠ ᠶᠢ ᠳᠠᠭᠠᠵᠤ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠢ ᠵᠥᠪ ᠢᠶᠠᠷ ᠵᠡᠭᠦᠵᠦ ᠬᠡᠷᠡᠭᠯᠡᠬᠦ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ᠠᠷᠪᠠᠨ ᠨᠠᠢᠮᠠ᠂ ᠵᠢᠷᠠ ᠶᠢᠰᠦᠳᠦᠭᠡᠷ ᠵᠦᠢᠯ ᠢ ᠲᠠᠯᠠᠨ ᠬᠤᠶᠠᠳᠤᠭᠠᠷ ᠵᠦᠢᠯ ᠪᠣᠯᠭᠠᠭᠠᠳ᠄ ︽ᠠᠶᠤᠯᠭᠦᠢ ᠶᠢ ᠦᠨᠡᠯᠡᠬᠦ᠂ ᠮᠠᠭᠠᠳᠯᠠᠨ ᠨᠤᠲᠠᠯᠠᠬᠤ᠂ ᠰᠢᠯᠭᠠᠨ ᠪᠠᠶᠢᠴᠠᠭᠠᠬᠤ᠂ ᠪᠠᠶᠢᠴᠠᠭᠠᠨ ᠦᠵᠡᠬᠦ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠬᠦ ᠪᠠᠶᠢᠭᠤᠯᠤᠮᠵᠢ ᠨᠢ ᠤᠯᠤᠰ ᠠᠴᠠ ᠲᠣᠭᠲᠠᠭᠠᠭᠰᠠᠨ ᠬᠢᠷᠢ ᠴᠢᠳᠠᠯ ᠤᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠪᠥᠭᠡᠳ ᠠᠶᠤᠯᠭᠦᠢ ᠶᠢ ᠦᠨᠡᠯᠡᠭᠰᠡᠨ᠂ ᠮᠠᠭᠠᠳᠯᠠᠨ ᠨᠤᠲᠠᠯᠠᠭᠰᠠᠨ᠂ ᠰᠢᠯᠭᠠᠨ ᠪᠠᠶᠢᠴᠠᠭᠠᠭᠰᠠᠨ᠂ ᠪᠠᠶᠢᠴᠠᠭᠠᠨ ᠦᠵᠡᠭᠰᠡᠨ ᠦᠷ᠎ᠡ ᠳ᠋ᠦᠩ ᠤᠨ ᠢᠶᠠᠨ ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠃ ᠬᠢᠷᠢ ᠴᠢᠳᠠᠯ ᠤᠨ ᠨᠥᠬᠦᠴᠡᠯ ᠢ ᠲᠥᠷᠥ ᠶᠢᠨ ᠶᠠᠪᠤᠳᠠᠯ ᠤᠨ ᠬᠤᠷᠢᠶᠠᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠭᠦᠢᠴᠡᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽ᠠᠶᠤᠯᠭᠦᠢ ᠶᠢ ᠦᠨᠡᠯᠡᠬᠦ᠂ ᠮᠠᠭᠠᠳᠯᠠᠨ ᠨᠤᠲᠠᠯᠠᠬᠤ᠂ ᠰᠢᠯᠭᠠᠨ ᠪᠠᠶᠢᠴᠠᠭᠠᠬᠤ᠂ ᠪᠠᠶᠢᠴᠠᠭᠠᠨ ᠦᠵᠡᠬᠦ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠬᠦ ᠪᠠᠶᠢᠭᠤᠯᠤᠮᠵᠢ ᠨᠤᠭᠤᠳ ᠦᠢᠯᠡᠴᠢᠯᠡᠭᠡ ᠶᠢ ᠢᠯᠡ ᠪᠣᠯᠭᠠᠬᠤ ᠪᠠ ᠮᠡᠳᠡᠭᠦᠯᠦᠯᠲᠡ ᠶᠢ ᠢᠯᠡ ᠪᠣᠯᠭᠠᠬᠤ ᠳᠦᠷᠢᠮ ᠢ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠂ ᠬᠢᠷᠢ ᠴᠢᠳᠠᠯ ᠢ ᠨᠢ ᠲᠦᠷᠢᠶᠡᠰᠦᠯᠡᠨ ᠵᠢᠭᠡᠯᠡᠵᠦ᠂ ᠲᠦᠰᠢᠭᠯᠡᠵᠦ᠂ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠵᠤ ᠪᠣᠯᠬᠤ ᠦᠭᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠠᠷᠪᠠ ᠶᠢᠰᠦ᠂ ᠳᠠᠯᠠᠳᠤᠭᠠᠷ ᠵᠦᠢᠯ ᠢ ᠲᠡᠯᠡᠠ ᠭᠤᠷᠪᠠᠳᠤᠭᠠᠷ ᠵᠦᠢᠯ ᠪᠣᠯᠭᠠᠭᠠᠳ᠄ ︽ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠢᠯᠡᠴᠢᠯᠡᠨ ᠮᠡᠳᠡᠭᠦᠯᠬᠦ ᠳᠦᠷᠢᠮ ᠢ ᠪᠠᠶᠢᠭᠤᠯᠵᠤ᠂ ᠢᠯᠡᠴᠢᠯᠡᠨ ᠮᠡᠳᠡᠭᠦᠯᠬᠦ ᠳ᠋ᠢᠶᠠᠩᠬᠤᠸᠠ᠂ ᠵᠠᠬᠢᠳᠠᠯ ᠤᠨ ᠬᠠᠶᠢᠷᠴᠠᠭ ᠪᠤᠶᠤ ᠡᠯᠧᠺᠲᠷᠣᠨ ᠰᠢᠤᠳᠠᠨ ᠤ ᠬᠠᠶ᠋ᠢᠭ ᠵᠡᠷᠭᠡ ᠰᠦᠯᠵᠢᠶᠡᠨ ᠤ ᠢᠯᠡᠴᠢᠯᠡᠨ ᠮᠡᠳᠡᠭᠦᠯᠬᠦ ᠲᠠᠪᠴᠠᠩ ᠢ ᠢᠯᠠ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠢᠯᠡᠴᠢᠯᠡᠨ ᠮᠡᠳᠡᠭᠦᠯᠦᠭᠰᠡᠨ ᠵᠦᠢᠯᠡᠰ ᠢ ᠰᠢᠢᠳᠪᠦᠷᠢᠯᠡᠬᠦ ᠪᠠᠷ ᠭᠥᠯᠢᠶᠡᠨ ᠠᠪᠤᠭᠠᠳ ᠪᠠᠶᠢᠴᠠᠭᠠᠵᠤ ᠬᠢᠨᠠᠨ ᠬᠠᠷᠭᠤᠭᠤᠯᠤᠭᠰᠠᠨ ᠤ ᠲᠡᠷᠠᠭ᠎ᠠ ᠪᠢᠴᠢᠭ ᠤᠨ ᠮᠠᠲ᠋ᠧᠷᠢᠶᠠᠯ ᠪᠣᠯᠭᠠᠬᠤ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠴᠢᠬᠤᠯᠠᠲᠠᠢ ᠪᠠᠶᠢᠪᠠᠯ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠤ ᠮᠡᠳᠡᠭᠦᠯᠦᠨ ᠭᠠᠷ ᠤᠨ ᠥᠰᠥᠭ ᠵᠢᠷᠤᠭᠤᠯᠬᠤ ᠶᠢᠨ ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠤᠰ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠳᠤ ᠬᠠᠷᠢᠶᠠᠯᠠᠭᠳᠠᠬᠤ ᠦᠭᠡᠢ᠂ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠪᠠᠶᠢᠴᠠᠭᠠᠨ ᠰᠢᠢᠳᠪᠦᠷᠢᠯᠡᠭᠦᠯᠬᠦ ᠴᠢᠬᠤᠯᠠᠲᠠᠢ ᠪᠠᠶᠢᠪᠠᠯ᠂ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽ᠬᠥᠮᠥᠨ ᠦᠬᠦᠭᠰᠡᠨ ᠳᠤ ᠬᠤᠯᠪᠣᠭᠳᠠᠭᠰᠠᠨ ᠢᠯᠡᠴᠢᠯᠡᠨ ᠮᠡᠳᠡᠭᠦᠯᠦᠭᠰᠡᠨ ᠵᠦᠢᠯᠡᠰ ᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠵᠤ ᠰᠢᠢᠳᠪᠦᠷᠢᠯᠡᠬᠦ ᠬᠡᠷᠡᠭᠲᠡᠢ︾︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠬᠤᠷᠢ᠂ ᠲᠠᠯᠠᠨ ᠨᠢᠭᠡᠳᠦᠭᠡᠷ ᠵᠦᠢᠯ ᠢ ᠲᠠᠯᠠᠨ ᠳᠥᠷᠪᠡᠳᠦᠭᠡᠷ ᠵᠦᠢᠯ ᠪᠣᠯᠭᠠᠭᠠᠳ᠂ ᠨᠢᠭᠡ ᠪᠠᠳᠠᠭ ᠨᠡᠮᠡᠭᠡᠳ ᠬᠤᠶᠠᠳᠤᠭᠠᠷ ᠪᠠᠳᠠᠭ ᠪᠣᠯᠭᠠᠪᠠ᠄ ︽ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠠᠴᠠ ᠪᠣᠯᠵᠤ ᠬᠦᠨᠳᠦ ᠶᠡᠭᠡ ᠡ᠊ᠨᠳᠡᠯ ᠤᠨ ᠲᠠᠯᠳᠠ ᠭᠡᠮ ᠭᠠᠷᠭᠠᠭᠰᠠᠨ ᠪᠤᠶᠤ ᠬᠦᠨᠳᠦ ᠶᠡᠭᠡ ᠡ᠊ᠨᠳᠡᠯ ᠭᠠᠷᠭᠠᠵᠤ᠂ ᠤᠯᠤᠰ ᠣᠷᠣᠨ ᠤ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠠᠰᠢᠭ ᠲᠤᠰᠠ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠠᠷᠠᠳ ᠤᠨ ᠪᠠᠶᠢᠴᠠᠭᠠᠬᠤ ᠬᠤᠷᠢᠶ᠎ᠠ ᠢᠷᠭᠡᠨ ᠤ ᠵᠠᠷᠭᠤ ᠶᠢᠨ ᠬᠠᠤᠯᠢ᠂ ᠵᠠᠰᠠᠭ ᠵᠠᠬᠢᠷᠭᠠᠨ ᠤ ᠵᠠᠷᠭᠤ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠨᠡᠶᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠭᠠᠷᠭᠠᠵᠤ ᠪᠣᠯᠣᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠬᠤᠷᠢᠨ ᠨᠢᠭᠡ᠂ ᠲᠠᠯᠠᠨ ᠲᠠᠪᠤᠳᠤᠭᠠᠷ ᠵᠦᠢᠯ ᠢ ᠲᠠᠯᠠᠨ ᠨᠠᠢᠮᠠᠳᠤᠭᠠᠷ ᠵᠦᠢᠯ ᠪᠣᠯᠭᠠᠭᠠᠳ᠄ ︽ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢᠨ ᠬᠥᠮᠥᠷᠭᠡ ᠪᠠᠶᠢᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ ᠠᠵᠢᠯ ᠡᠷᠬᠢᠯᠡᠭᠰᠡᠳ ᠤᠨ ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠲᠡᠮᠳᠡᠭᠯᠡᠬᠦ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠦᠢᠯᠡ ᠪᠠᠶᠢᠳᠠᠯ ᠨᠢ ᠬᠦᠨᠳᠦ ᠨᠣᠴᠢᠲᠠᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ ᠠᠵᠢᠯ ᠡᠷᠬᠢᠯᠡᠭᠰᠡᠳ ᠢ ᠴᠠᠭ ᠲᠤᠬᠠᠢ ᠳᠤᠨᠢ ᠨᠡᠶᠢᠭᠡᠮ ᠳᠤ ᠵᠠᠷᠯᠠᠨ ᠨᠡᠶᠢᠲᠡᠯᠡᠬᠦ ᠶᠢᠨ ᠬᠠᠮᠲᠤ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠪᠡᠯᠡ ᠣᠷᠣᠭᠤᠯᠤᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠠᠮᠢ ᠠᠬᠤᠢ ᠶᠢᠨ ᠣᠷᠴᠢᠨ ᠨᠥᠬᠦᠴᠡᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠂ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠮᠡᠳᠡᠭᠳᠡᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠠᠶᠢᠭᠤᠯᠤᠮᠵᠢ ᠨᠤᠭᠤᠳ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠲᠠᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠵᠢᠴᠢ ᠬᠤᠯᠪᠣᠭᠳᠠᠯ ᠪᠦᠬᠦᠢ ᠠᠵᠢᠯ ᠡᠷᠬᠢᠯᠡᠵᠤ ᠪᠠᠶᠢᠭ᠎ᠠ ᠬᠥᠮᠥᠰ ᠲᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠤᠳᠠᠭ᠎ᠠ ᠶᠢ ᠨᠡᠮᠡᠭᠳᠡᠭᠦᠯᠬᠦ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠶᠢ ᠲᠥᠷ ᠵᠣᠭᠰᠤᠭᠠᠬᠤ᠂ ᠬᠤᠯᠪᠣᠭᠳᠠᠯ ᠪᠦᠬᠦᠢ ᠳᠠᠭᠠᠳᠬᠠᠯ ᠤᠨ ᠵᠠᠷᠤᠳᠠᠯ ᠤᠨ ᠨᠤᠷᠮ᠎ᠠ ᠶᠢ ᠳᠡᠭᠡᠭᠰᠢᠯᠡᠭᠦᠯᠬᠦ᠂ ᠠᠵᠢᠯ ᠲᠥᠷᠥᠯ ᠪᠤᠶᠤ ᠠᠵᠢᠯ ᠮᠡᠷᠭᠡᠵᠢᠯ ᠳᠤ ᠣᠷᠣᠬᠤ ᠶᠢ ᠴᠠᠭᠠᠵᠠᠯᠠᠬᠤ ᠵᠡᠷᠭᠡ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠠᠪᠬᠤ ᠶᠢᠨ ᠬᠠᠮᠲᠤ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠨᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠴᠤᠭᠯᠠᠭᠤᠯᠬᠤ᠂ ᠬᠠᠮᠲᠤ ᠪᠠᠷ ᠡᠳ᠋ᠯᠡᠬᠦ᠂ ᠬᠡᠷᠡᠭᠯᠡᠬᠦ ᠪᠠ ᠢᠯᠠ ᠪᠣᠯᠭᠠᠬᠤ ᠶᠢ ᠴᠢᠩᠭᠠᠳᠬᠠᠬᠤ ᠬᠡᠷᠡᠭᠲᠡᠢ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠰᠢᠢᠳᠬᠡᠬᠦ ᠲᠣᠭᠲᠠᠭᠠᠯ ᠭᠠᠷᠭᠠᠭᠰᠠᠨ ᠤ ᠲᠠᠷᠠᠭ᠎ᠠ ᠲᠤᠯᠤᠭᠠᠨ ᠠᠵᠢᠯ ᠤᠨ ᠡᠳᠦᠷ ᠤᠨ ᠳᠣᠲᠣᠷ᠎ᠠ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠢᠯᠡ ᠨᠡᠶᠢᠲᠡᠯᠡᠬᠦ ᠰᠢᠰᠲ᠋ᠧᠮ ᠳᠤ ᠢᠯᠡ ᠦᠵᠡᠭᠦᠯᠵᠦ᠂ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ ᠠᠵᠢᠯ ᠡᠷᠬᠢᠯᠡᠭᠰᠡᠳ ᠲᠤ ᠲᠠᠯᠪᠢᠬᠤ ᠨᠡᠶᠢᠭᠡᠮ ᠤᠨ ᠬᠢᠨᠠᠯᠲᠠ ᠶᠢ ᠴᠢᠩᠭᠠᠳᠬᠠᠵᠤ᠂ ᠪᠦᠬᠦ ᠨᠡᠶᠢᠭᠡᠮ ᠤᠨ ᠠᠶᠤᠯᠭᠦᠢ ᠦᠢᠯᠡᠳᠪᠦᠷᠢᠯᠡᠯ ᠤᠨ ᠦᠨᠡᠨᠴᠢ ᠢᠲᠡᠭᠡᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠬᠤᠷᠢᠨ ᠬᠤᠶᠠᠷ᠂ ᠲᠠᠯᠠᠨ ᠵᠢᠷᠭᠤᠳᠤᠭᠠᠷ ᠵᠦᠢᠯ ᠢ ᠲᠠᠯᠠ ᠶᠢᠰᠦᠳᠦᠭᠡᠷ ᠵᠦᠢᠯ ᠪᠣᠯᠭᠠᠭᠠᠳ᠄ ︽ᠤᠯᠤᠰ ᠠᠴᠠ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠦᠷᠦᠯ᠂ ᠬᠦᠷᠢᠶᠡᠨ ᠳᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠶᠢᠨ ᠠᠪᠤᠷᠠᠨ ᠲᠤᠰᠠᠯᠠᠬᠤ ᠰᠠᠭᠤᠷᠢᠨ ᠭᠠᠵᠠᠷ ᠪᠠ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠶᠢᠨ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠬᠤ ᠪᠥᠭᠡᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠶᠢᠨ ᠠᠪᠤᠷᠠᠨ ᠲᠤᠰᠠᠯᠠᠬᠤ ᠪᠠᠶᠢᠭᠤᠯᠤᠮᠵᠢ ᠠᠴᠠ ᠨᠢᠭᠡᠳᠦᠯᠲᠡᠢ ᠵᠣᠬᠢᠴᠠᠭᠤᠯᠤᠨ ᠵᠢᠯᠣᠭᠤᠳᠤᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠪᠠ ᠨᠡᠶᠢᠭᠡᠮ ᠤᠨ ᠪᠤᠰᠤᠳ ᠬᠦᠴᠦᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠠᠪᠤᠷᠠᠨ ᠲᠤᠰᠠᠯᠠᠬᠤ ᠡᠩᠨᠡᠭᠡ ᠪᠠᠶᠢᠭᠤᠯᠬᠤ ᠶᠢ ᠵᠣᠷᠢᠭᠵᠢᠭᠤᠯᠵᠤ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠠᠪᠤᠷᠠᠨ ᠲᠤᠰᠠᠯᠠᠬᠤ ᠵᠣᠬᠢᠴᠠᠩᠭᠤᠢ ᠲᠤᠨᠤᠭ ᠲᠥᠬᠦᠭᠡᠷᠦᠮᠵᠢ ᠪᠠ ᠡᠳ᠋ ᠪᠣᠳᠠᠰ ᠲᠣᠬᠢᠷᠠᠭᠤᠯᠵᠤ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠠᠪᠤᠷᠠᠨ ᠲᠤᠰᠠᠯᠠᠬᠤ ᠶᠢᠨ ᠲᠤᠰᠬᠠᠶᠢᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽ᠲᠥᠷᠥ ᠶᠢᠨ ᠶᠠᠪᠤᠳᠠᠯ ᠤᠨ ᠬᠤᠷᠢᠶᠠᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠦᠷᠦᠭᠦᠯᠡᠨ ᠪᠦᠬᠦ ᠤᠯᠤᠰ ᠤᠨ ᠨᠢᠭᠡᠳᠦᠯᠲᠡᠢ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠲᠥᠷᠥ ᠶᠢᠨ ᠶᠠᠪᠤᠳᠠᠯ ᠤᠨ ᠬᠤᠷᠢᠶᠠᠨ ᠤ ᠵᠡᠮ ᠲᠡᠭᠡᠭᠡᠪᠦᠷᠢ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠤᠰᠦᠠ ᠠᠰᠢᠭᠯᠠᠯᠲᠠ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠬᠤᠯᠪᠣᠭᠳᠠᠯ ᠪᠦᠬᠦᠢ ᠠᠵᠢᠯ ᠲᠥᠷᠥᠯ᠂ ᠬᠦᠷᠢᠶ᠎ᠡ᠂ ᠭᠠᠵᠠᠷ ᠣᠷᠣᠨ ᠤ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠴᠤ ᠠᠪᠤᠷᠠᠨ ᠲᠤᠰᠠᠯᠠᠬᠤ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ ᠃ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ ᠂ ᠰᠦᠯᠵᠢᠶᠡᠨ ᠳᠡᠭᠡᠷᠡᠬᠢ ᠠᠮᠤᠷ ᠲᠦᠪᠰᠢᠨ ᠤ ᠮᠡᠳᠡᠭᠡ ᠵᠠᠩᠭᠢ ᠶᠢ ᠴᠤᠭᠯᠠᠭᠤᠯᠬᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠬᠢᠨᠠᠯᠲᠠ ᠬᠠᠮᠢᠶᠠᠷᠤᠯᠲᠠ ᠶᠢᠨ ᠨᠠᠷᠢᠯᠢᠭ ᠣᠨᠣᠪᠴᠢᠵᠢᠭᠤᠯᠬᠤ᠂ ᠣᠶᠤᠨᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ︾ ᠭᠡᠵᠦ ᠵᠢᠭᠠᠵᠤ ᠭᠠᠷᠭᠠᠪᠠ᠃                   ᠬᠤᠷᠢᠨ ᠭᠤᠷᠪᠠ᠂ ᠲᠠᠯᠠᠨ ᠳᠣᠯᠣᠳᠤᠭᠠᠷ ᠵᠦᠢᠯ ᠢ ᠨᠠᠶᠠᠳᠤᠭᠠᠷ ᠵᠦᠢᠯ ᠪᠣᠯᠭᠠᠵᠤ᠂ ᠨᠢᠭᠡ ᠪᠠᠳᠠᠭ ᠨᠡᠮᠡᠭᠡᠳ ᠬᠤᠶᠠᠳᠤᠭᠠᠷ ᠪᠠᠳᠠᠭ ᠪᠣᠯᠭᠠᠪᠠ᠄ ︽ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠢᠴᠢ ᠨᠡᠭᠡᠭᠡᠨ ᠬᠥᠭᠵᠢᠭᠦᠯᠬᠦ ᠣᠷᠣᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠭᠠᠷᠠᠮ ᠤᠨ ᠲᠣᠭᠤᠷᠢᠭ᠂ ᠦᠵᠡᠮᠵᠢ ᠶᠢᠨ ᠣᠷᠣᠨ ᠵᠡᠷᠭᠡ ᠨᠢ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠴᠤ ᠠᠪᠤᠷᠠᠨ ᠲᠤᠰᠠᠯᠠᠬᠤ ᠵᠣᠬᠢᠴᠠᠩᠭᠤᠢ ᠪᠡᠯᠡᠳᠬᠡᠯ ᠲᠥᠰᠥᠯ ᠢ ᠲᠣᠭᠲᠠᠭᠠᠵᠤ᠂ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠬᠤ ᠪᠤᠶᠤ ᠡᠷᠬᠡ ᠣᠯᠭᠤᠭᠰᠠᠨ ᠶᠣᠰᠣᠭᠠᠷ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠴᠤ ᠠᠪᠤᠷᠠᠨ ᠲᠤᠰᠠᠯᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠬᠤᠷᠢᠨ ᠳᠥᠷᠪᠡ᠂ ᠨᠠᠶᠠᠨ ᠭᠤᠷᠪᠠᠳᠤᠭᠠᠷ ᠵᠦᠢᠯ ᠢ ᠨᠠᠶᠠᠨ ᠵᠢᠷᠭᠤᠳᠤᠭᠠᠷ ᠵᠦᠢᠯ ᠪᠣᠯᠭᠠᠭᠠᠳ᠂ ᠨᠢᠭᠡᠳᠦᠭᠡᠷ ᠪᠠᠳᠠᠭ ᠢ᠄ ︽ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠳᠡᠭᠡᠨ ᠰᠢᠨᠵᠢᠯᠡᠬᠦ ᠤᠬᠠᠭᠠᠨᠴᠢ ᠪᠥᠭᠡᠳ ᠨᠠᠷᠢᠨ ᠬᠢᠨᠠᠮᠠᠭᠠᠢ᠂ ᠬᠠᠤᠯᠢ ᠲᠣᠭᠲᠠᠭᠠᠯ ᠶᠣᠰᠣᠭᠠᠷ᠂ ᠦᠨᠡᠨ ᠠᠴᠠ ᠵᠥᠪ ᠢ ᠡᠷᠢᠬᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠵᠠᠷᠴᠢᠮ ᠶᠣᠰᠣᠭᠠᠷ᠂ ᠡ᠊ᠨᠳᠡᠯ ᠤᠨ ᠰᠢᠯᠲᠠᠭᠠᠨ ᠢ ᠴᠠᠭ ᠲᠤᠬᠠᠢ ᠳᠤᠨᠢ᠂ ᠣᠨᠣᠪᠴᠢᠲᠠᠢ ᠪᠠᠶᠢᠴᠠᠭᠠᠨ ᠲᠣᠳᠣᠷᠬᠠᠶᠢᠯᠠᠵᠤ ᠂ ᠡ᠊ᠨᠳᠡᠯ ᠤᠨ ᠰᠢᠨᠵᠢ ᠴᠢᠨᠠᠷ ᠪᠠ ᠬᠠᠷᠢᠭᠤᠴᠠᠯᠭ᠎ᠠ ᠶᠢ ᠪᠠᠶᠢᠴᠠᠭᠠᠨ ᠲᠣᠳᠣᠷᠬᠠᠶᠢᠯᠠᠵᠤ᠂ ᠪᠠᠴᠢᠮ ᠶᠠᠭᠠᠷᠠᠯᠲᠠᠢ ᠬᠡᠷᠡᠭ ᠎ ᠲᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠠᠵᠢᠯ ᠢ ᠦᠨᠡᠯᠡᠨ ᠵᠢᠱᠢᠵᠦ᠂ ᠡ᠊ᠨᠳᠡᠯ ᠤᠨ ᠰᠤᠷᠭᠠᠮᠵᠢ ᠶᠢ ᠳ᠋ᠦᠩᠨᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠬᠤ ᠶᠢᠨ ᠬᠠᠮᠲᠤ ᠡ᠊ᠨᠳᠡᠯ ᠤᠨ ᠬᠠᠷᠢᠭᠤᠴᠠᠯᠭ᠎ᠠ ᠲᠠᠢ ᠨᠢᠭᠡᠴᠢ ᠪᠠ ᠬᠥᠮᠥᠰ ᠲᠤ ᠰᠢᠢᠳᠪᠦᠷᠢᠯᠡᠬᠦ ᠰᠠᠨᠠᠭᠤᠯᠭ᠎ᠠ ᠳᠤᠷᠠᠳᠬᠤ ᠬᠡᠷᠡᠭᠲᠡᠢ᠃ ᠡ᠊ᠨᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠠᠤᠯᠢ ᠶᠣᠰᠣᠭᠠᠷ ᠴᠠᠭ ᠲᠤᠬᠠᠢ ᠳᠤᠨᠢ ᠨᠡᠶᠢᠭᠡᠮ ᠳᠤ ᠨᠡᠶᠢᠲᠡᠯᠡᠬᠦ ᠬᠡᠷᠡᠭᠲᠡᠢ᠃ ᠡ᠊ᠨᠳᠡᠯ ᠢ ᠪᠠᠶᠢᠴᠠᠭᠠᠬᠤ ᠪᠠ ᠰᠢᠢᠳᠪᠦᠷᠢᠯᠡᠬᠦ ᠪᠣᠳᠠᠲᠠᠢ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠨᠢᠭᠡ ᠪᠠᠳᠠᠭ ᠨᠡᠮᠡᠭᠡᠳ ᠭᠤᠷᠪᠠᠳᠤᠭᠠᠷ ᠪᠠᠳᠠᠭ ᠪᠣᠯᠭᠠᠪᠠ᠄ ︽ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠬᠤ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠡ᠊ᠨᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠴᠣᠬᠤᠯᠠᠪᠤᠷᠢᠯᠠᠨ ᠬᠠᠷᠢᠭᠤᠯᠤᠭᠰᠠᠨ ᠤ ᠳᠠᠷᠠᠭᠠᠬᠢ ᠨᠢᠭᠡ ᠵᠢᠯ ᠤᠨ ᠳᠣᠲᠣᠷ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠡ᠊ᠨᠳᠡᠯ ᠢ ᠴᠡᠭᠴᠡᠯᠡᠨ ᠰᠠᠶᠢᠵᠢᠷᠠᠭᠤᠯᠤᠭᠰᠠᠨ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠨᠡᠯᠡᠨ ᠵᠢᠱᠢᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢ ᠴᠠᠭ ᠲᠤᠬᠠᠢ ᠳᠤᠨᠢ ᠨᠡᠶᠢᠭᠡᠮ ᠳᠤ ᠢᠯᠡ ᠪᠣᠯᠭᠠᠬᠤ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠠᠴᠠ ᠪᠣᠯᠵᠤ ᠡ᠊ᠨᠳᠡᠯ ᠢ ᠴᠡᠭᠴᠡᠯᠡᠨ ᠰᠠᠶᠢᠵᠢᠷᠠᠭᠤᠯᠬᠤ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠬᠤᠯᠪᠣᠭᠳᠠᠯ ᠪᠦᠬᠦᠢ ᠨᠢᠭᠡᠴᠢ ᠪᠠ ᠬᠥᠮᠥᠰ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠬᠤᠷᠢᠨ ᠲᠠᠪᠤ᠂ ᠨᠠᠶᠠ ᠶᠢᠰᠦᠳᠦᠭᠡᠷ ᠵᠦᠢᠯ ᠢ ᠶᠡᠷᠡᠨ ᠬᠤᠶᠠᠳᠤᠭᠠᠷ ᠵᠦᠢᠯ ᠪᠣᠯᠭᠠᠭᠠᠳ᠄ ︽ᠠᠶᠤᠯᠭᠦᠢ ᠶᠢ ᠦᠨᠡᠯᠡᠬᠦ᠂ ᠮᠠᠭᠠᠳᠯᠠᠨ ᠨᠤᠲᠠᠯᠠᠬᠤ᠂ ᠰᠢᠯᠭᠠᠨ ᠪᠠᠶᠢᠴᠠᠭᠠᠬᠤ᠂ ᠪᠠᠶᠢᠴᠠᠭᠠᠨ ᠦᠵᠡᠬᠦ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠬᠦ ᠪᠠᠶᠢᠭᠤᠯᠤᠮᠵᠢ ᠨᠢ ᠪᠣᠳᠠᠲᠤ ᠪᠠᠶᠢᠳᠠᠯ ᠲᠠᠢ ᠨᠡᠶᠢᠴᠡᠬᠦ ᠦᠭᠡᠢ ᠮᠡᠳᠡᠭᠦᠯᠦᠯᠲᠡ ᠭᠠᠷᠭᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ ᠭᠤᠷᠪᠠᠨ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃                   ︽ᠠᠶᠤᠯᠭᠦᠢ ᠶᠢ ᠦᠨᠡᠯᠡᠬᠦ᠂ ᠮᠠᠭᠠᠳᠯᠠᠨ ᠨᠤᠲᠠᠯᠠᠬᠤ᠂ ᠰᠢᠯᠭᠠᠨ ᠪᠠᠶᠢᠴᠠᠭᠠᠬᠤ᠂ ᠪᠠᠶᠢᠴᠠᠭᠠᠨ ᠦᠵᠡᠬᠦ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠪᠠᠶᠢᠭᠤᠯᠤᠮᠵᠢ ᠨᠢ ᠬᠢᠷᠢ ᠬᠡᠮ ᠢᠶᠠᠨ ᠲᠦᠷᠢᠶᠡᠰᠦᠯᠡᠭᠦᠯᠦᠭᠰᠡᠨ᠂ ᠲᠦᠰᠢᠭᠯᠡᠭᠰᠡᠨ᠂ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠭᠰᠠᠨ ᠪᠠᠶᠢᠪᠠᠯ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠠᠷᠪᠠᠨ ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠬᠤᠶᠠᠷ ᠲᠡᠬᠢᠠ ᠠᠴᠠ ᠳᠡᠭᠡᠭᠰᠢ ᠲᠠᠪᠤᠨ ᠲᠡᠬᠢᠠ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠪᠠᠶᠢᠬᠤ ᠦᠭᠡᠢ ᠪᠤᠶᠤ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠠᠷᠪᠠᠨ ᠲᠦᠮᠡᠨ ᠲᠥᠭᠦᠷᠢᠭ ᠲᠤ ᠬᠦᠷᠬᠦ ᠦᠭᠡᠢ ᠪᠠᠶᠢᠪᠠᠯ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠲᠡᠩ ᠢᠶᠠᠷ ᠰᠢᠢᠳᠬᠡᠬᠦ ᠪᠤᠶᠤ ᠨᠡᠶᠢᠯᠡᠭᠦᠯᠦᠨ ᠰᠢᠢᠳᠬᠡᠨ᠎ᠡ ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠲᠡᠭᠦᠨ ᠤ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ ᠲᠠᠪᠤᠨ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠲᠠᠢ ᠬᠤᠯᠪᠣᠯᠳᠤᠭᠰᠠᠨ ᠲᠥᠯᠥᠬᠦ ᠬᠠᠷᠢᠭᠤᠴᠠᠯᠭ᠎ᠠ ᠡᠭᠦᠷᠭᠡᠯᠡᠭᠦᠯᠦᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃                   ︽ᠡᠮᠦᠨᠡᠬᠢ ᠪᠠᠳᠠᠭ ᠲᠤ ᠲᠣᠭᠲᠠᠭᠠᠭᠰᠠᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠭᠤᠯᠤᠮᠵᠢ ᠵᠢᠴᠢ ᠲᠡᠭᠦᠨ ᠤ ᠰᠢᠭᠤᠳ ᠬᠠᠷᠢᠭᠤᠴᠠᠯᠭ᠎ᠠ ᠲᠠᠢ ᠬᠥᠮᠥᠨ ᠤ ᠵᠣᠬᠢᠴᠠᠩᠭᠤᠢ ᠬᠢᠷᠢ ᠬᠡᠮ ᠪᠠ ᠬᠢᠷᠢ ᠬᠡᠮ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠂ ᠲᠠᠪᠤᠨ ᠵᠢᠯ ᠤᠨ ᠳᠣᠲᠣᠷ᠎ᠠ ᠠᠶᠤᠯᠭᠦᠢ ᠶᠢ ᠦᠨᠡᠯᠡᠬᠦ᠂ ᠮᠠᠭᠠᠳᠯᠠᠨ ᠨᠤᠲᠠᠯᠠᠬᠤ᠂ ᠰᠢᠯᠭᠠᠨ ᠬᠡᠮᠵᠢᠬᠦ᠂ ᠰᠢᠯᠭᠠᠨ ᠪᠠᠶᠢᠴᠠᠭᠠᠬᠤ ᠵᠡᠷᠭᠡ ᠠᠵᠢᠯ ᠢ ᠬᠢᠵᠦ ᠪᠣᠯᠬᠤ ᠦᠭᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠨᠠᠰᠤᠨ ᠲᠤᠷᠰᠢᠲᠠ ᠶᠢᠨ ᠠᠵᠢᠯ ᠲᠦᠷᠦᠯ ᠪᠠ ᠲᠤᠬᠠᠶᠢᠯᠠᠭᠰᠠᠨ ᠠᠵᠢᠯ ᠳᠤ ᠣᠷᠣᠬᠤ ᠶᠢ ᠴᠠᠭᠠᠵᠠᠯᠠᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠬᠤᠷᠢᠨ ᠵᠢᠷᠭᠤᠭ᠎ᠠ᠂ ᠶᠡᠷᠡᠨ ᠨᠢᠭᠡᠳᠦᠭᠡᠷ ᠵᠦᠢᠯ ᠢ ᠶᠡᠷᠡᠨ ᠳᠥᠷᠪᠡᠳᠦᠭᠡᠷ ᠵᠦᠢᠯ ᠪᠣᠯᠭᠠᠭᠠᠳ᠂ ᠨᠢᠭᠡᠳᠦᠭᠡᠷ ᠪᠠᠳᠠᠭ ᠢ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠲᠤᠰ ᠬᠠᠤᠯᠢ ᠳᠤ ᠲᠣᠭᠲᠠᠭᠠᠭᠰᠠᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠲᠠᠪᠤᠨ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠵᠠᠷᠯᠢᠭᠳᠠᠵᠤ ᠪᠠᠶᠢᠭᠠᠳ ᠠᠵᠢᠯ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠦᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠬᠤᠷᠢᠨ ᠲᠤᠯᠤᠭ᠎ᠠ᠂ ᠶᠡᠷᠡᠨ ᠬᠤᠶᠠᠳᠤᠭᠠᠷ ᠵᠦᠢᠯ ᠢ ᠶᠡᠷᠡᠨ ᠲᠠᠪᠤᠳᠤᠭᠠᠷ ᠵᠦᠢᠯ ᠪᠣᠯᠭᠠᠭᠠᠳ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠲᠤᠰ ᠬᠠᠤᠯᠢ ᠳᠤ ᠲᠣᠭᠲᠠᠭᠠᠭᠰᠠᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠠᠴᠠ ᠪᠣᠯᠵᠤ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠭᠠᠷᠭᠠᠭᠰᠠᠨ ᠪᠠᠶᠢᠪᠠᠯ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠄︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽︵ᠨᠢᠭᠡ︶ ᠡ᠊ᠩ ᠤᠨ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ ᠵᠠᠭᠤᠨ ᠤ ᠳᠥᠴᠢ ᠶᠢᠨ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠬᠤᠶᠠᠷ︶ ᠨᠡᠯᠢᠶᠡᠳ ᠶᠡᠭᠡ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ ᠵᠠᠭᠤᠨ ᠤ ᠵᠢᠷᠠ ᠶᠢᠨ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠭᠤᠷᠪᠠ︶ ᠬᠦᠨᠳᠦ ᠶᠡᠭᠡ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ ᠵᠠᠭᠤᠨ ᠤ ᠨᠠᠶᠠ ᠶᠢᠨ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠳᠥᠷᠪᠡ︶ ᠣᠨᠴᠠᠭᠠᠶ ᠬᠦᠨᠳᠦ ᠶᠡᠭᠡ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ ᠵᠠᠭᠤᠨ ᠤ ᠵᠠᠭᠤ ᠪᠠᠷ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠬᠤᠷᠢᠨ ᠨᠠᠢᠮᠠ᠂ ᠶᠡᠷᠡᠨ ᠭᠤᠷᠪᠠᠳᠤᠭᠠᠷ ᠵᠦᠢᠯ ᠢ ᠶᠡᠷᠡᠨ ᠵᠢᠷᠭᠤᠳᠤᠭᠠᠷ ᠵᠦᠢᠯ ᠪᠣᠯᠭᠠᠭᠠᠳ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠪᠤᠰᠤᠳ ᠬᠠᠷᠢᠭᠤᠴᠠᠯᠭᠠᠲᠠᠨ ᠪᠠ ᠠᠶᠤᠯᠭᠦᠢ ᠦᠢᠯᠡᠳᠪᠦᠷᠢᠯᠡᠯ ᠢ ᠬᠠᠮᠢᠶᠠᠷᠬᠤ ᠠᠵᠢᠯᠲᠠᠨ ᠲᠤᠰ ᠬᠠᠤᠯᠢ ᠳᠤ ᠲᠣᠭᠲᠠᠭᠠᠭᠰᠠᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠲᠦᠮᠡᠨ ᠲᠥᠭᠦᠷᠢᠭ ᠠᠴᠠ ᠳᠡᠭᠡᠭᠰᠢ ᠭᠤᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠭᠠᠷᠭᠠᠭᠰᠠᠨ ᠪᠠᠶᠢᠪᠠᠯ᠂ ᠠᠶᠤᠯᠭᠦᠢ ᠦᠢᠯᠡᠳᠪᠦᠷᠢᠯᠡᠯ ᠳᠤ ᠬᠤᠯᠪᠣᠭᠳᠠᠬᠤ ᠬᠢᠷᠢ ᠬᠡᠮ ᠢ ᠨᠢ ᠲᠦᠷ ᠵᠣᠭᠰᠤᠭᠠᠬᠤ ᠪᠤᠶᠤ ᠬᠤᠷᠢᠶᠠᠨ ᠠᠪᠴᠤ ᠬᠦᠴᠦᠨ ᠦᠭᠡᠢ ᠪᠣᠯᠭᠠᠵᠤ᠂ ᠲᠦᠷᠦᠭᠦᠦ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ ᠵᠠᠭᠤᠨ ᠤ ᠬᠤᠷᠢ ᠠᠴᠠ ᠳᠡᠭᠡᠭᠰᠢ ᠵᠠᠭᠤᠨ ᠤ ᠲᠠᠪᠢ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ                   ᠬᠤᠷᠢ ᠶᠢᠰᠦ᠂ ᠶᠡᠷᠡᠨ ᠳᠥᠷᠪᠡᠳᠦᠭᠡᠷ ᠵᠦᠢᠯ ᠢ ᠶᠡᠷᠡᠨ ᠳᠣᠯᠣᠳᠤᠭᠠᠷ ᠵᠦᠢᠯ ᠪᠣᠯᠭᠠᠭᠠᠳ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠣᠣᠷ᠎ᠠ ᠵᠢᠭᠰᠠᠭᠠᠭᠰᠠᠨ ᠤᠢᠢᠯᠠ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠵᠦ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠵᠦ᠂ ᠲᠡᠭᠦᠨ ᠤ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ ᠬᠤᠶᠠᠷ ᠲᠦᠮᠡᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠨᠢᠭᠡ︶ ᠲᠣᠭᠲᠠᠭᠠᠯ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠭᠤᠯᠤᠭᠰᠠᠨ ᠦᠭᠡᠢ ᠪᠤᠶᠤ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠲᠣᠬᠢᠷᠠᠭᠤᠯᠤᠭᠰᠠᠨ ᠦᠭᠡᠢ᠂ ᠠᠶᠤᠯᠭᠦᠢ ᠶᠢᠨ ᠢᠨᠵᠧᠨᠧᠷ ᠢᠶᠠᠷ ᠳᠠᠩᠰᠠᠯᠠᠭᠤᠯᠤᠭᠰᠠᠨ ᠦᠭᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠬᠤᠶᠠᠷ︶ ᠠᠶᠤᠯᠲᠠᠢ ᠪᠣᠳᠠᠰ ᠢ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ᠂ ᠠᠴᠢᠶᠠᠯᠠᠵᠤ ᠪᠠᠭᠤᠯᠭᠠᠬᠤ ᠨᠢᠭᠡᠴᠢ ᠵᠢᠴᠢ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ᠂ ᠪᠠᠷᠢᠯᠭ᠎ᠠ ᠶᠢᠨ ᠠᠵᠢᠯ ᠬᠢᠬᠦ᠂ ᠲᠡᠭᠡᠭᠡᠪᠦᠷᠢᠯᠡᠬᠦ ᠨᠢᠭᠡᠴᠢ ᠶᠢᠨ ᠭᠤᠣᠯ ᠬᠠᠷᠢᠭᠤᠴᠠᠯᠭᠠᠲᠠᠨ ᠪᠣᠯᠣᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠨᠢ ᠲᠣᠭᠲᠠᠭᠠᠯ ᠶᠣᠰᠣᠭᠠᠷ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠬᠤ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠭᠤᠷᠪᠠ︶ ᠠᠵᠢᠯᠯᠠᠵᠤ ᠪᠠᠶᠢᠭ᠎ᠠ ᠬᠥᠮᠥᠰ᠂ ᠲᠣᠮᠢᠯᠠᠭᠳᠠᠭᠰᠠᠨ ᠬᠥᠳᠡᠯᠮᠦᠷᠢᠴᠢᠨ᠂ ᠳᠠᠳᠤᠯᠭ᠎ᠠ ᠶᠢᠨ ᠰᠤᠷᠤᠭᠴᠢᠳ ᠲᠤ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠢ ᠲᠣᠭᠲᠠᠭᠠᠯ ᠶᠣᠰᠣᠭᠠᠷ ᠬᠢᠭᠰᠡᠨ ᠦᠭᠡᠢ᠂ ᠡᠰᠡᠬᠦᠯ᠎ᠡ ᠬᠤᠯᠪᠣᠭᠳᠠᠯ ᠪᠦᠬᠦᠢ ᠠᠶᠤᠯᠭᠦᠢ ᠦᠢᠯᠡᠳᠪᠦᠷᠢᠯᠡᠯ ᠤᠨ ᠶᠠᠪᠤᠳᠠᠯ ᠤᠳ ᠢ ᠲᠣᠭᠲᠠᠭᠠᠯ ᠶᠣᠰᠣᠭᠠᠷ ᠦᠨᠡᠨ ᠮᠥᠨ ᠢᠶᠠᠷ ᠨᠢ ᠮᠡᠳᠡᠭᠳᠡᠭᠰᠡᠨ ᠦᠭᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠳᠥᠷᠪᠡ︶ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠤᠨ ᠪᠠᠶᠢᠳᠠᠯ ᠢ ᠦᠨᠡᠨ ᠮᠥᠨ ᠢᠶᠠᠷ ᠨᠢ ᠲᠡᠮᠳᠡᠭᠯᠡᠭᠰᠡᠨ ᠦᠭᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠲᠠᠪᠤ︶ ᠡ᠊ᠨᠳᠡᠯ ᠤᠨ ᠲᠠᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠭᠰᠠᠨ ᠪᠠᠶᠢᠳᠠᠯ ᠢ ᠦᠨᠡᠨ ᠮᠥᠨ ᠢᠶᠠᠷ ᠨᠢ ᠲᠡᠮᠳᠡᠭᠯᠡᠭᠰᠡᠨ ᠦᠭᠡᠢ ᠪᠤᠶᠤ ᠠᠵᠢᠯᠯᠠᠵᠤ ᠪᠠᠶᠢᠭ᠎ᠠ ᠬᠥᠮᠥᠰ ᠲᠡᠭᠡᠨ ᠮᠡᠳᠡᠭᠳᠡᠭᠰᠡᠨ ᠦᠭᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠵᠢᠷᠭᠤᠭ᠎ᠠ︶ ᠲᠣᠭᠲᠠᠭᠠᠯ ᠶᠣᠰᠣᠭᠠᠷ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠠᠪᠤᠷᠠᠨ ᠲᠤᠰᠠᠯᠠᠬᠤ ᠤᠷᠢᠳᠴᠢᠯᠠᠭᠰᠠᠨ ᠲᠥᠰᠥᠯ ᠢ ᠲᠣᠭᠲᠠᠭᠠᠭᠰᠠᠨ ᠦᠭᠡᠢ ᠪᠤᠶᠤ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠰᠣᠷᠢᠯᠲᠠ ᠬᠢᠭᠰᠡᠨ ᠦᠭᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠲᠤᠯᠤᠭ᠎ᠠ︶ ᠣᠨᠴᠠ ᠲᠦᠷᠦᠯ ᠤᠨ ᠠᠵᠢᠯ ᠬᠢᠭᠰᠡᠳ ᠲᠣᠭᠲᠠᠭᠠᠯ ᠶᠣᠰᠣᠭᠠᠷ ᠠᠶᠤᠯᠭᠦᠢ ᠠᠵᠢᠯᠯᠠᠬᠤ ᠲᠤᠰᠬᠠᠢ ᠪᠣᠯᠪᠠᠰᠤᠷᠠᠯ ᠢ ᠥᠩᠭᠡᠷᠡᠭᠡᠭᠰᠡᠨ ᠦᠭᠡᠢ ᠪᠥᠭᠡᠳ ᠵᠣᠬᠢᠴᠠᠩᠭᠤᠢ ᠬᠢᠷᠢ ᠬᠡᠮ ᠣᠯᠣᠭᠰᠠᠨ ᠦᠭᠡᠢ ᠪᠠᠷ ᠠᠵᠢᠯ ᠤᠨ ᠪᠠᠶᠢᠷᠢ ᠳᠤ ᠭᠠᠷᠴᠤ ᠠᠵᠢᠯᠯᠠᠭᠰᠠᠨ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠭᠤᠴᠢ᠂ ᠶᠡᠷᠡᠨ ᠲᠠᠪᠤᠳᠤᠭᠠᠷ ᠵᠦᠢᠯ ᠢ ᠶᠡᠷᠡᠨ ᠨᠠᠢᠮᠠᠳᠤᠭᠠᠷ ᠵᠦᠢᠯ ᠪᠣᠯᠭᠠᠭᠠᠳ᠂ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠣᠣᠷ᠎ᠠ ᠵᠢᠭᠰᠠᠭᠠᠭᠰᠠᠨ ᠤᠢᠢᠯᠠ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠪᠦᠲᠦᠭᠡᠨ ᠪᠠᠶᠢᠭᠤᠯᠤᠯᠲᠠ ᠶᠢ ᠨᠢ ᠵᠣᠭᠰᠤᠭᠠᠬᠤ ᠪᠤᠶᠤ ᠠᠵᠢᠯ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠵᠦ᠂ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠲᠡᠪᠢᠠ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠵᠦ᠂ ᠲᠡᠭᠦᠨ ᠤ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ ᠬᠤᠶᠠᠷ ᠲᠦᠮᠡᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠲᠠᠪᠢᠨ ᠲᠦᠮᠡᠨ ᠲᠥᠭᠦᠷᠢᠭ ᠠᠴᠠ ᠳᠡᠭᠡᠭᠰᠢ ᠵᠠᠭᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ᠂ ᠲᠡᠭᠦᠨ ᠤ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ ᠲᠠᠪᠤᠨ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄                   ︽︵ᠨᠢᠭᠡ︶ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠪᠤᠶᠤ ᠠᠶᠤᠯᠲᠠᠢ ᠪᠣᠳᠠᠰ ᠢ ᠦᠢᠯᠡᠳᠪᠦᠷᠢᠯᠡᠬᠦ᠂ ᠬᠠᠳᠠᠭᠠᠯᠠᠬᠤ᠂ ᠠᠴᠢᠶᠠᠯᠠᠵᠤ ᠪᠠᠭᠤᠯᠭᠠᠬᠤ ᠳᠤ ᠬᠡᠷᠡᠭᠯᠡᠬᠦ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠲᠣᠭᠲᠠᠭᠠᠯ ᠶᠣᠰᠣᠭᠠᠷ ᠠᠶᠤᠯᠭᠦᠢ ᠶᠢᠨ ᠦᠨᠡᠯᠡᠯᠲᠡ ᠬᠢᠭᠰᠡᠨ ᠦᠭᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠬᠤᠶᠠᠷ︶ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠪᠤᠶᠤ ᠠᠶᠤᠯᠲᠠᠢ ᠪᠣᠳᠠᠰ ᠢ ᠦᠢᠯᠡᠳᠪᠦᠷᠢᠯᠡᠬᠦ᠂ ᠬᠠᠳᠠᠭᠠᠯᠠᠬᠤ᠂ ᠠᠴᠢᠶᠠᠯᠠᠵᠤ ᠪᠠᠭᠤᠯᠭᠠᠬᠤ ᠳᠤ ᠬᠡᠷᠡᠭᠯᠡᠬᠦ ᠪᠦᠲᠦᠭᠡᠨ ᠪᠠᠶᠢᠭᠤᠯᠤᠯᠲᠠ ᠶᠢᠨ ᠵᠦᠢᠯᠡᠰ ᠨᠢ ᠠᠶᠤᠯᠭᠦᠢ ᠶᠢᠨ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠦᠭᠡᠢ ᠪᠤᠶᠤ ᠠᠶᠤᠯᠭᠦᠢ ᠶᠢᠨ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠪᠠᠨ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠭᠤᠷᠪᠠ︶ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠪᠤᠶᠤ ᠠᠶᠤᠯᠲᠠᠢ ᠪᠣᠳᠠᠰ ᠢ ᠦᠢᠯᠡᠳᠪᠦᠷᠢᠯᠡᠬᠦ᠂ ᠬᠠᠳᠠᠭᠠᠯᠠᠬᠤ᠂ ᠠᠴᠢᠶᠠᠯᠠᠵᠤ ᠪᠠᠭᠤᠯᠭᠠᠬᠤ ᠳᠤ ᠬᠡᠷᠡᠭᠯᠡᠬᠦ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠠᠷᠢᠯᠭ᠎ᠠ ᠶᠢᠨ ᠨᠢᠭᠡᠴᠢ ᠨᠢ ᠵᠥᠪᠰᠢᠶᠡᠷᠡᠭᠦᠯᠦᠭᠰᠡᠨ ᠠᠶᠤᠯᠭᠦᠢ ᠶᠢᠨ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠶᠢᠨ ᠶᠣᠰᠣᠭᠠᠷ ᠪᠠᠷᠢᠯᠭ᠎ᠠ ᠶᠢᠨ ᠠᠵᠢᠯ ᠢᠶᠠᠨ ᠦᠯᠦ ᠬᠢᠭᠰᠡᠨ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠳᠥᠷᠪᠡ︶ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠪᠤᠶᠤ ᠠᠶᠤᠯᠲᠠᠢ ᠪᠣᠳᠠᠰ ᠢ ᠦᠢᠯᠡᠳᠪᠦᠷᠢᠯᠡᠬᠦ᠂ ᠬᠠᠳᠠᠭᠠᠯᠠᠬᠤ᠂ ᠠᠴᠢᠶᠠᠯᠠᠵᠤ ᠪᠠᠭᠤᠯᠭᠠᠬᠤ ᠳᠤ ᠬᠡᠷᠡᠭᠯᠡᠬᠦ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠠᠷᠢᠯᠭ᠎ᠠ ᠶᠢᠨ ᠠᠵᠢᠯ ᠳᠠᠭᠤᠰᠴᠤ ᠠᠰᠢᠭᠯᠠᠯᠲᠠ ᠳᠤ ᠣᠷᠣᠭᠤᠯᠬᠤ ᠪᠤᠶᠤ ᠬᠡᠷᠡᠭᠯᠡᠬᠦ ᠠᠴᠠ ᠡᠮᠦᠨ᠎ᠡ᠂ ᠠᠶᠤᠯᠭᠦᠢ ᠶᠢᠨ ᠲᠥᠬᠦᠭᠡᠷᠦᠮᠵᠢ ᠨᠢ ᠬᠢᠷᠢ ᠲᠡᠩᠴᠡᠭᠰᠡᠨ ᠰᠢᠯᠭᠠᠨ ᠠᠪᠬᠤ ᠶᠢ ᠥᠩᠭᠡᠷᠡᠭᠡᠭᠰᠡᠨ ᠦᠭᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠭᠤᠴᠢᠨ ᠨᠢᠭᠡ᠂ ᠶᠡᠷᠡᠨ ᠵᠢᠷᠭᠤᠳᠤᠭᠠᠷ ᠵᠦᠢᠯ ᠢ ᠶᠡᠷᠡ ᠶᠢᠰᠦᠳᠦᠭᠡᠷ ᠵᠦᠢᠯ ᠪᠣᠯᠭᠠᠭᠠᠳ᠂ ᠬᠤᠶᠠᠷ ᠵᠤᠷᠪᠤᠰ ᠨᠡᠮᠡᠵᠦ ᠳᠥᠷᠪᠡᠳᠦᠭᠡᠷ ᠵᠤᠷᠪᠤᠰ᠂ ᠨᠠᠢᠮᠠᠳᠤᠭᠠᠷ ᠵᠤᠷᠪᠤᠰ ᠪᠣᠯᠭᠠᠪᠠ᠄ ︽︵ᠳᠥᠷᠪᠡ︶ ᠦᠢᠯᠡᠳᠪᠦᠷᠢᠯᠡᠯ ᠤᠨ ᠠᠶᠤᠯᠭᠦᠢ ᠳᠤ ᠰᠢᠭᠤᠳ ᠬᠤᠯᠪᠣᠭᠳᠠᠬᠤ ᠬᠢᠨᠠᠨ ᠡᠵᠡᠮᠳᠡᠬᠦ᠂ ᠲᠦᠭᠰᠢᠭᠦᠷᠢ ᠮᠡᠳᠡᠭᠦᠯᠬᠦ᠂ ᠰᠡᠷᠭᠡᠶᠢᠯᠡᠨ ᠬᠠᠮᠠᠭᠠᠯᠠᠬᠤ᠂ ᠠᠪᠤᠷᠠᠬᠤ ᠲᠤᠨᠤᠬ ᠲᠥᠬᠦᠭᠡᠷᠦᠮᠵᠢ᠂ ᠪᠡᠯᠡᠳᠬᠡᠮᠵᠢ ᠶᠢ ᠬᠠᠭᠠᠭᠰᠠᠨ᠂ ᠡᠪᠳᠡᠭᠰᠡᠨ᠂ ᠡᠰᠡᠬᠦᠯ᠎ᠡ ᠬᠤᠯᠪᠣᠭᠳᠠᠯ ᠪᠦᠬᠦᠢ ᠲᠤᠭ᠎ᠠ ᠪᠠᠷᠢᠮᠲᠠ᠂ ᠮᠡᠳᠡᠭᠡ ᠵᠠᠩᠭᠢ ᠶᠢ ᠨᠢ ᠥᠭᠡᠷᠡᠲᠦᠭᠦᠯᠦᠭᠰᠡᠨ᠂ ᠨᠢᠭᠤᠨ ᠳᠠᠯᠳᠠᠯᠠᠭᠰᠠᠨ᠂ ᠤᠰᠠᠳᠬᠠᠭᠰᠠᠨ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ︵ᠳᠥᠷᠪᠡ︶ ᠦᠢᠯᠡᠳᠪᠦᠷᠢᠯᠡᠯ ᠤᠨ ᠠᠶᠤᠯᠭᠦᠢ ᠳᠤ ᠰᠢᠭᠤᠳ ᠬᠤᠯᠪᠣᠭᠳᠠᠬᠤ ᠬᠢᠨᠠᠨ ᠡᠵᠡᠮᠳᠡᠬᠦ᠂ ᠲᠦᠭᠰᠢᠭᠦᠷᠢ ᠮᠡᠳᠡᠭᠦᠯᠬᠦ᠂ ᠰᠡᠷᠭᠡᠶᠢᠯᠡᠨ ᠬᠠᠮᠠᠭᠠᠯᠠᠬᠤ᠂ ᠠᠪᠤᠷᠠᠬᠤ ᠲᠤᠨᠤᠬ ᠲᠥᠬᠦᠭᠡᠷᠦᠮᠵᠢ᠂ ᠪᠡᠯᠡᠳᠬᠡᠮᠵᠢ ᠶᠢ ᠬᠠᠭᠠᠭᠰᠠᠨ᠂ ᠡᠪᠳᠡᠭᠰᠡᠨ᠂ ᠡᠰᠡᠬᠦᠯ᠎ᠡ ᠬᠤᠯᠪᠣᠭᠳᠠᠯ ᠪᠦᠬᠦᠢ ᠲᠤᠭ᠎ᠠ ᠪᠠᠷᠢᠮᠲᠠ᠂ ᠮᠡᠳᠡᠭᠡ ᠵᠠᠩᠭᠢ ᠶᠢ ᠨᠢ ᠥᠭᠡᠷᠡᠲᠦᠭᠦᠯᠦᠭᠰᠡᠨ᠂ ᠨᠢᠭᠤᠨ ᠳᠠᠯᠳᠠᠯᠠᠭᠰᠠᠨ᠂ ᠤᠰᠠᠳᠬᠠᠭᠰᠠᠨ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃             ︽︵ᠨᠠᠢᠮᠠ︶ ᠢᠳᠡᠭᠡᠨ ᠤᠮᠳᠠᠭᠠᠨ ᠵᠡᠷᠭᠡ ᠠᠵᠢᠯ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠰᠢᠲᠠᠮᠠᠬᠠᠢ ᠬᠡᠢ ᠶᠢ ᠬᠡᠷᠡᠭᠯᠡᠭᠡᠳ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠲᠣᠨᠣᠭᠯᠠᠯ ᠤᠭᠰᠠᠷᠠᠭᠰᠠᠨ ᠦᠭᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠭᠤᠴᠢᠨ ᠬᠤᠶᠠᠷ᠂ ᠶᠡᠷᠡᠨ ᠨᠠᠢᠮᠠᠳᠤᠭᠠᠷ ᠵᠦᠢᠯ ᠢ ᠵᠠᠭᠤ ᠨᠢᠭᠡᠳᠦᠭᠡᠷ ᠵᠦᠢᠯ ᠪᠣᠯᠭᠠᠭᠠᠳ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠣᠣᠷ᠎ᠠ ᠵᠢᠭᠰᠠᠭᠠᠭᠰᠠᠨ ᠤᠢᠢᠯᠠ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠵᠦ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠂ ᠲᠡᠭᠦᠨ ᠤ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ ᠬᠤᠶᠠᠷ ᠲᠦᠮᠡᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠨᠢᠭᠡ︶ ᠠᠶᠤᠯᠲᠠᠢ ᠪᠣᠳᠠᠰ ᠢ ᠦᠢᠯᠡᠳᠪᠦᠷᠢᠯᠡᠬᠦ᠂ ᠡᠵᠡᠩᠨᠡᠬᠦ᠂ ᠲᠡᠭᠡᠭᠡᠪᠦᠷᠢᠯᠡᠬᠦ᠂ ᠬᠠᠳᠠᠭᠠᠯᠠᠬᠤ᠂ ᠬᠡᠷᠡᠭᠯᠡᠬᠦ ᠪᠤᠶᠤ ᠬᠠᠶᠠᠭᠳᠠᠮᠠᠯ ᠠᠶᠤᠯᠲᠠᠢ ᠪᠣᠳᠠᠰ ᠢ ᠰᠢᠢᠳᠪᠦᠷᠢᠯᠡᠬᠦ ᠳᠡᠭᠡᠨ ᠠᠶᠤᠯᠭᠦᠢ ᠶᠢᠨ ᠬᠠᠮᠢᠶᠠᠷᠤᠯᠲᠠ ᠶᠢᠨ ᠲᠤᠰᠬᠠᠢ ᠳᠦᠷᠢᠮ ᠲᠣᠭᠲᠠᠭᠠᠭᠰᠠᠨ ᠦᠭᠡᠢ᠂ ᠠᠶᠤᠯᠭᠦᠢ ᠶᠢᠨ ᠨᠠᠶᠢᠳᠠᠪᠤᠷᠢᠲᠠᠢ ᠠᠷᠭ᠎ᠠ ᠬᠡᠮᠵᠢᠶ᠎ᠡ ᠠᠪᠤᠭᠰᠠᠨ ᠦᠭᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠬᠤᠶᠠᠷ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠦᠷᠢᠳᠬᠡᠨ ᠳᠠᠩᠰᠠᠯᠠᠭᠰᠠᠨ ᠦᠭᠡᠢ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ᠂ ᠦᠨᠡᠯᠡᠨ ᠵᠢᠱᠢᠵᠦ᠂ ᠬᠢᠨᠠᠨ ᠡᠵᠡᠮᠳᠡᠭᠰᠡᠨ ᠦᠭᠡᠢ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠪᠡᠯᠡᠳᠬᠡᠯ ᠲᠥᠰᠥᠯ ᠲᠣᠭᠲᠠᠭᠠᠭᠰᠠᠨ ᠦᠭᠡᠢ᠂ ᠡᠰᠡᠬᠦᠯ᠎ᠡ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠠᠷᠭ᠎ᠠ ᠬᠡᠮᠵᠢᠶ᠎ᠡ ᠶᠢ ᠮᠡᠳᠡᠭᠳᠡᠭᠰᠡᠨ ᠦᠭᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠭᠤᠷᠪᠠ︶ ᠳᠡᠯᠪᠡᠴᠢᠬᠦ᠂ ᠳᠡᠭᠦᠵᠢᠯᠡᠨ ᠲᠣᠨᠣᠭᠯᠠᠬᠤ᠂ ᠭᠠᠯ ᠨᠣᠴᠣᠭᠠᠬᠤ᠂ ᠲᠦᠷ ᠴᠠᠭ ᠴᠠᠬᠢᠯᠭᠠᠨ ᠬᠡᠷᠡᠭᠯᠡᠬᠦ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠭᠰᠠᠨ ᠪᠤᠰᠤᠳ ᠠᠶᠤᠯᠲᠠᠢ ᠠᠵᠢᠯ ᠢ ᠬᠢᠬᠦ ᠳᠡᠭᠡᠨ ᠲᠤᠰᠬᠠᠢ ᠠᠵᠢᠯᠲᠠᠨ ᠲᠣᠬᠢᠷᠠᠭᠤᠯᠵᠤ ᠲᠤᠬᠠᠢ ᠶᠢᠨ ᠲᠠᠯᠠᠪᠤᠷ ᠲᠤ ᠠᠶᠤᠯᠭᠦᠢ ᠶᠢᠨ ᠬᠠᠮᠢᠶᠠᠷᠤᠯᠲᠠ ᠬᠢᠯᠭᠡᠭᠰᠡᠨ ᠦᠭᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠳᠥᠷᠪᠡ︶ ᠠᠮᠤᠷ ᠲᠦᠪᠰᠢᠨ ᠤ ᠡᠷᠡᠰᠳᠡᠯ ᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠬᠡᠮᠵᠢᠶ᠎ᠡ ᠶᠢ ᠲᠣᠭᠲᠠᠭᠠᠭᠰᠠᠨ ᠦᠭᠡᠢ ᠪᠤᠶᠤ ᠠᠮᠤᠷ ᠲᠦᠪᠰᠢᠨ ᠤ ᠡᠷᠡᠰᠳᠡᠯ ᠢ ᠱᠠᠲᠤ ᠬᠤᠪᠢᠶᠠᠨ ᠵᠣᠬᠢᠴᠠᠩᠭᠤᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠭᠰᠠᠨ ᠦᠭᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠲᠠᠪᠤ︶ ᠡ᠊ᠨᠳᠡᠯ ᠤᠨ ᠲᠠᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠬᠤ ᠳᠦᠷᠢᠮ ᠢ ᠲᠣᠭᠲᠠᠭᠠᠭᠰᠠᠨ ᠦᠭᠡᠢ᠂ ᠡᠰᠡᠬᠦᠯ᠎ᠡ ᠬᠦᠨᠳᠦ ᠶᠡᠭᠡ ᠡ᠊ᠨᠳᠡᠯ ᠤᠨ ᠲᠠᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠭᠰᠠᠨ ᠪᠠᠶᠢᠳᠠᠯ ᠢᠶᠠᠨ ᠲᠣᠭᠲᠠᠭᠠᠯ ᠶᠣᠰᠣᠭᠠᠷ ᠦᠯᠦ ᠮᠡᠳᠡᠭᠦᠯᠦᠭᠰᠡᠨ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠭᠤᠴᠢᠨ ᠭᠤᠷᠪᠠ᠂ ᠶᠡᠷᠡ ᠶᠢᠰᠦᠳᠦᠭᠡᠷ ᠵᠦᠢᠯ ᠢ ᠵᠠᠭᠤ ᠬᠤᠶᠠᠳᠤᠭᠠᠷ ᠵᠦᠢᠯ ᠪᠣᠯᠭᠠᠭᠠᠳ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠠᠷᠭ᠎ᠠ ᠬᠡᠮᠵᠢᠶ᠎ᠡ ᠠᠪᠴᠤ ᠡ᠊ᠨᠳᠡᠯ ᠤᠨ ᠲᠡᠯᠳᠠ ᠭᠡᠮ ᠢ ᠠᠷᠢᠯᠭᠠᠭᠰᠠᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠲᠡᠷᠡ ᠳᠠᠷᠤᠢ ᠳᠤᠨᠢ ᠠᠷᠢᠯᠭᠠᠭᠤᠯᠬᠤ ᠪᠤᠶᠤ ᠬᠤᠭᠤᠴᠠᠭ᠎ᠠ ᠲᠣᠭᠲᠠᠭᠠᠨ ᠠᠷᠢᠯᠭᠠᠭᠤᠯᠵᠤ᠂ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠭᠦᠢᠴᠡᠳᠬᠡᠬᠦ ᠶᠢ ᠲᠡᠪᠴᠢᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠵᠦ᠂ ᠲᠡᠭᠦᠨ ᠤ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ ᠲᠠᠪᠤᠨ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠭᠤᠴᠢᠨ ᠳᠥᠷᠪᠡ᠂ ᠵᠠᠭᠤᠳᠤᠭᠠᠷ ᠵᠦᠢᠯ ᠢ ᠵᠠᠭᠤ ᠭᠤᠷᠪᠠᠳᠤᠭᠠᠷ ᠵᠦᠢᠯ ᠪᠣᠯᠭᠠᠭᠠᠳ᠂ ᠨᠢᠭᠡ ᠪᠠᠳᠠᠭ ᠨᠡᠮᠡᠭᠡᠳ ᠭᠤᠷᠪᠠᠳᠤᠭᠠᠷ ᠪᠠᠳᠠᠭ ᠪᠣᠯᠭᠠᠪᠠ᠄ ︽ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠪᠠ ᠠᠶᠤᠯᠲᠠᠢ ᠪᠣᠳᠠᠰ ᠢ ᠦᠢᠯᠡᠳᠪᠦᠷᠢᠯᠡᠬᠦ᠂ ᠬᠠᠳᠠᠭᠠᠯᠠᠬᠤ᠂ ᠠᠴᠢᠶᠠᠯᠠᠵᠤ ᠪᠠᠭᠤᠯᠭᠠᠬᠤ ᠳᠤ ᠬᠡᠷᠡᠭᠯᠡᠬᠦ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠠᠷᠢᠯᠭ᠎ᠠ ᠶᠢᠨ ᠨᠢᠭᠡᠴᠢ ᠨᠢ ᠪᠠᠷᠢᠯᠭ᠎ᠠ ᠶᠢᠨ ᠵᠦᠢᠯᠡᠰ ᠲᠤ ᠲᠣᠭᠲᠠᠭᠠᠯ ᠶᠣᠰᠣᠭᠠᠷ ᠠᠶᠤᠯᠭᠦᠢ ᠶᠢᠨ ᠬᠠᠮᠢᠶᠠᠷᠤᠯᠲᠠ ᠬᠢᠭᠰᠡᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ᠂ ᠲᠡᠭᠦᠨ ᠤ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ ᠬᠤᠶᠠᠷ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠦᠨ᠎ᠡ᠃ ᠳᠡᠭᠡᠷ᠎ᠡ ᠳᠤᠷᠠᠳᠤᠭᠰᠠᠨ ᠪᠠᠷᠢᠯᠭ᠎ᠠ ᠶᠢᠨ ᠨᠢᠭᠡᠴᠢ ᠪᠠᠷᠢᠯᠭ᠎ᠠ ᠶᠢᠨ ᠬᠢᠷᠢ ᠴᠢᠳᠠᠯ ᠢ ᠰᠠᠷᠢᠭᠠᠯᠠᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠂ ᠲᠦᠰᠢᠭᠦᠯᠦᠭᠰᠡᠨ ᠪᠤᠶᠤ ᠪᠤᠰᠤᠳ ᠬᠡᠯᠪᠡᠷᠢ ᠪᠠᠷ ᠬᠠᠤᠯᠢ ᠪᠤᠰᠤ ᠪᠠᠷ ᠰᠢᠯᠵᠢᠭᠦᠯᠦᠨ ᠥᠭᠭᠦᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠵᠦ᠂ ᠬᠢᠷᠢ ᠴᠢᠳᠠᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠠᠷᠪᠠᠨ ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠬᠤᠶᠠᠷ ᠲᠡᠬᠢᠠ ᠠᠴᠠ ᠳᠡᠭᠡᠭᠰᠢ ᠲᠠᠪᠤᠨ ᠲᠡᠬᠢᠠ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠪᠠᠶᠢᠬᠤ ᠦᠭᠡᠢ ᠪᠤᠶᠤ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠎ ᠨᠢ ᠠᠷᠪᠠᠨ ᠲᠦᠮᠡᠨ ᠲᠥᠭᠦᠷᠢᠭ ᠲᠤ ᠬᠦᠷᠬᠦ ᠦᠭᠡᠢ ᠪᠠᠶᠢᠪᠠᠯ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠲᠡᠩ ᠢᠶᠠᠷ ᠰᠢᠢᠳᠬᠡᠬᠦ ᠪᠤᠶᠤ ᠨᠡᠶᠢᠯᠡᠭᠦᠯᠦᠨ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠲᠡᠭᠦᠨ ᠤ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ ᠲᠠᠪᠤᠨ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠭᠤᠴᠢᠨ ᠲᠠᠪᠤ᠂ ᠵᠠᠭᠤ ᠳᠥᠷᠪᠡᠳᠦᠭᠡᠷ ᠵᠦᠢᠯ ᠢ ᠵᠠᠭᠤ ᠳᠣᠯᠣᠳᠤᠭᠠᠷ ᠵᠦᠢᠯ ᠪᠣᠯᠭᠠᠭᠠᠳ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠠᠵᠢᠯᠯᠠᠵᠤ ᠪᠠᠶᠢᠭ᠎ᠠ ᠬᠥᠮᠥᠰ ᠠᠵᠢᠯ ᠤᠨ ᠪᠠᠶᠢᠷᠢ ᠶᠢᠨ ᠠᠶᠤᠯᠭᠦᠢ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠦᠭᠡᠢ᠂ ᠬᠠᠮᠢᠶᠠᠷᠤᠯᠲᠠ ᠶᠢ ᠲᠡᠭᠠᠬᠤ ᠦᠭᠡᠢ᠂ ᠠᠶᠤᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠪᠤᠶᠤ ᠠᠵᠢᠯᠯᠠᠬᠤ ᠳᠦᠷᠢᠮᠵᠢᠯ ᠢ ᠵᠥᠷᠢᠴᠡᠭᠰᠡᠨ ᠪᠠᠶᠢᠪᠠᠯ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠠᠴᠠ ᠰᠢᠭᠦᠮᠵᠢᠯᠡᠨ ᠰᠤᠷᠭᠠᠵᠤ᠂ ᠬᠤᠯᠪᠣᠭᠳᠠᠯ ᠪᠦᠬᠦᠢ ᠳᠦᠷᠢᠮ ᠲᠣᠭᠲᠠᠭᠠᠯ ᠶᠣᠰᠣᠭᠠᠷ ᠰᠢᠢᠳᠬᠡᠯ ᠥᠭᠭᠦᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠭᠤᠴᠢᠨ ᠵᠢᠷᠭᠤᠭ᠎ᠠ᠂ ᠨᠢᠭᠡ ᠵᠦᠢᠯ ᠨᠡᠮᠡᠭᠡᠳ ᠵᠠᠭᠤ ᠶᠢᠰᠦᠳᠦᠭᠡᠷ ᠵᠦᠢᠯ ᠪᠣᠯᠭᠠᠪᠠ᠄ ︽ᠠᠶᠤᠯ ᠶᠡᠬᠡᠲᠡᠢ ᠠᠵᠢᠯ ᠲᠦᠷᠦᠯ᠂ ᠬᠦᠷᠢᠶ᠎ᠡ ᠬᠡᠪᠴᠢᠶᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠤᠯᠤᠰ ᠤᠨ ᠲᠣᠭᠲᠠᠭᠠᠯ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠳᠠᠭᠠᠳᠬᠠᠭᠤᠯᠤᠭᠰᠠᠨ ᠦᠭᠡᠢ ᠪᠠᠶᠢᠪᠠᠯ ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠲᠠᠪᠤᠨ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠭᠤᠴᠢᠨ ᠲᠤᠯᠤᠭ᠎ᠠ᠂ ᠨᠢᠭᠡ ᠵᠦᠢᠯ ᠨᠡᠮᠡᠭᠡᠳ ᠵᠠᠭᠤ ᠠᠷᠪᠠᠨ ᠬᠤᠶᠠᠳᠤᠭᠠᠷ ᠵᠦᠢᠯ ᠪᠣᠯᠭᠠᠪᠠ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠵᠠᠯᠠᠷᠠᠭᠤᠯᠤᠭᠤᠯᠬᠤ ᠪᠠᠷ ᠵᠠᠷᠯᠢᠭᠳᠠᠭᠰᠠᠨ ᠮᠥᠷᠲᠡᠭᠡᠨ ᠵᠣᠭᠤᠰ ᠢᠶᠠᠷ ᠲᠣᠷᠭᠠᠬᠤ ᠪᠠᠷ ᠰᠢᠢᠳᠬᠡᠭᠳᠡᠭᠰᠡᠨ ᠪᠠᠶᠢᠲᠠᠯ᠎ᠠ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠠᠴᠠ ᠵᠠᠯᠠᠷᠠᠭᠤᠯᠤᠭᠤᠯᠬᠤ ᠪᠠᠷ ᠵᠠᠷᠯᠢᠭᠳᠠᠭᠰᠠᠨ ᠡᠳᠦᠷ ᠤᠨ ᠲᠡᠷᠠᠭ᠎ᠠ ᠡᠳᠦᠷ ᠠᠴᠠ ᠨᠢ ᠡᠬᠢᠯᠡᠵᠦ᠂ ᠤᠤᠯ ᠤᠨ ᠰᠢᠢᠳᠬᠡᠭᠰᠡᠨ ᠲᠤᠭ᠎ᠠ ᠬᠡᠮᠵᠢᠶ᠎ᠡ ᠪᠠᠷ ᠡᠳᠦᠷ ᠢᠶᠠᠷ ᠪᠤᠳᠦᠵᠦ ᠦᠷᠭᠦᠯᠵᠢᠯᠡᠨ ᠰᠢᠢᠳᠭᠡᠵᠦ ᠪᠣᠯᠣᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠭᠤᠴᠢᠨ ᠨᠠᠢᠮᠠ᠂ ᠵᠠᠭᠤ ᠨᠠᠢᠮᠠᠳᠤᠭᠠᠷ ᠵᠦᠢᠯ ᠢ ᠵᠠᠭᠤ ᠠᠷᠪᠠᠨ ᠭᠤᠷᠪᠠᠳᠤᠭᠠᠷ ᠵᠦᠢᠯ ᠪᠣᠯᠭᠠᠭᠠᠳ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠦᠬᠦᠢ ᠰᠠᠯᠠᠭ᠎ᠠ ᠮᠥᠴᠢᠷ ᠠᠴᠠ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠡᠭᠦᠳᠡ ᠶᠢ ᠨᠢ ᠬᠠᠭᠠᠯᠭᠠᠬᠤ ᠬᠡᠷᠡᠭᠲᠡᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠦᠨᠡᠮᠯᠡᠯ ᠦᠨᠡᠮᠯᠡᠯ ᠢ ᠨᠢ ᠬᠠᠤᠯᠢ ᠶᠣᠰᠣᠭᠠᠷ ᠬᠤᠷᠢᠶᠠᠨ ᠠᠪᠴᠤ ᠬᠦᠴᠦᠨ ᠦᠭᠡᠢ ᠪᠣᠯᠭᠠᠬᠤ ᠬᠡᠷᠡᠭᠲᠡᠢ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠲᠠᠪᠤᠨ ᠵᠢᠯ ᠤᠨ ᠳᠣᠲᠣᠷ᠎ᠠ ᠶᠠᠮᠠᠷᠪᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠪᠣᠯᠵᠤ ᠪᠣᠯᠬᠤ ᠦᠭᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠨᠠᠰᠤᠨ ᠲᠤᠷᠰᠢᠲᠠ ᠲᠤᠰ ᠠᠵᠢᠯ ᠲᠥᠷᠥᠯ ᠤᠨ ᠢᠶᠠᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠤ ᠲᠤᠰᠢᠶᠠᠯ ᠢ ᠡᠭᠦᠷᠭᠡᠯᠡᠵᠦ ᠪᠣᠯᠬᠤ ᠦᠭᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠨᠢᠭᠡ︶ ᠬᠦᠨᠳᠦ ᠶᠡᠭᠡ ᠡ᠊ᠨᠳᠡᠯ ᠤᠨ ᠲᠠᠯᠳᠠ ᠭᠡᠮ ᠣᠷᠣᠰᠢᠵᠤ᠂ ᠵᠠᠭᠤ ᠨᠠᠶᠠᠨ ᠡᠳᠦᠷ ᠤᠨ ᠳᠣᠲᠣᠷ᠎ᠠ ᠲᠤᠰ ᠬᠠᠤᠯᠢ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠢ ᠭᠤᠷᠪᠠ ᠤᠳᠠᠭ᠎ᠠ ᠪᠤᠶᠤ ᠨᠢᠭᠡ ᠵᠢᠯ ᠤᠨ ᠳᠣᠲᠣᠷ᠎ᠠ ᠳᠥᠷᠪᠡ ᠤᠳᠠᠭ᠎ᠠ ᠣᠯᠣᠭᠰᠠᠨ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠬᠤᠶᠠᠷ︶ ᠠᠵᠢᠯ ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠭᠦᠯᠬᠦ ᠪᠠᠷ ᠳᠠᠮᠵᠢᠭᠠᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠤᠯᠤᠰ ᠤᠨ ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠳᠤ ᠲᠣᠭᠲᠠᠭᠠᠭᠰᠠᠨ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠮᠥᠨ ᠯᠡ ᠪᠦᠷᠢᠳᠦᠭᠦᠯᠦᠭᠰᠡᠨ ᠦᠭᠡᠢ ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠭᠤᠷᠪᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠤᠯᠤᠰ ᠤᠨ ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠳᠤ ᠲᠣᠭᠲᠠᠭᠠᠭᠰᠠᠨ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠦᠭᠰᠡᠨ ᠦᠭᠡᠢ ᠠᠴᠠ ᠪᠣᠯᠵᠤ ᠦᠢᠯᠡᠳᠪᠦᠷᠢᠯᠡᠯ ᠤᠨ ᠠᠶᠤᠯᠭᠦᠢ ᠶᠢᠨ ᠬᠦᠨᠳᠦ ᠶᠡᠭᠡ᠂ ᠣᠨᠴᠠᠭᠠᠶ ᠬᠦᠨᠳᠦ ᠶᠡᠭᠡ ᠡ᠊ᠨᠳᠡᠯ ᠭᠠᠷᠭᠠᠬᠤ ᠳᠤ ᠬᠦᠷᠦᠭᠦᠯᠦᠭᠰᠡᠨ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠳᠥᠷᠪᠡ︶ ᠠᠶᠤᠯᠭᠦᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠨ ᠭᠠᠷᠭᠠᠭᠰᠠᠨ ᠠᠵᠢᠯ ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠬᠦ ᠲᠣᠭᠲᠠᠭᠠᠯ ᠢ ᠬᠡᠷᠡᠭᠵᠢᠭᠦᠯᠬᠦ ᠶᠢ ᠲᠡᠪᠴᠢᠭᠰᠡᠨ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠭᠤᠴᠢ ᠶᠢᠰᠦ᠂ ᠵᠠᠭᠤ ᠶᠢᠰᠦᠳᠦᠭᠡᠷ ᠵᠦᠢᠯ ᠢ ᠵᠠᠭᠤ ᠠᠷᠪᠠᠨ ᠳᠥᠷᠪᠡᠳᠦᠭᠡᠷ ᠵᠦᠢᠯ ᠪᠣᠯᠭᠠᠭᠠᠳ᠄ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠭᠠᠷᠪᠠᠯ᠂ ᠬᠠᠷᠢᠭᠤᠴᠠᠯᠭ᠎ᠠ ᠲᠠᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠵᠣᠬᠢᠴᠠᠩᠭᠤᠢ ᠲᠥᠯᠥᠪᠦᠷᠢ ᠶᠢᠨ ᠵᠡᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠭᠦᠯᠬᠦ ᠪᠠᠷ ᠱᠠᠭᠠᠷᠳᠠᠬᠤ ᠠᠴᠠ ᠭᠠᠳᠠᠨ᠎ᠠ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠨᠢᠭᠡ︶ ᠡ᠊ᠩ ᠤᠨ ᠡ᠊ᠨᠳᠡᠯ ᠭᠠᠷᠤᠭᠰᠠᠨ ᠪᠠᠶᠢᠪᠠᠯ᠂ ᠭᠤᠴᠢᠨ ᠲᠦᠮᠡᠨ ᠲᠥᠭᠦᠷᠢᠭ ᠠᠴᠠ ᠳᠡᠭᠡᠭᠰᠢ ᠵᠠᠭᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠬᠤᠶᠠᠷ︶ ᠨᠡᠯᠢᠶᠡᠳ ᠶᠡᠭᠡ ᠡ᠊ᠨᠳᠡᠯ ᠭᠠᠷᠤᠭᠰᠠᠨ ᠪᠠᠶᠢᠪᠠᠯ᠂ ᠵᠠᠭᠤᠨ ᠲᠦᠮᠡᠨ ᠲᠥᠭᠦᠷᠢᠭ ᠠᠴᠠ ᠳᠡᠭᠡᠭᠰᠢ ᠬᠤᠶᠠᠷ ᠵᠠᠭᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠭᠤᠷᠪᠠ︶ ᠬᠦᠨᠳᠦ ᠶᠡᠭᠡ ᠡ᠊ᠨᠳᠡᠯ ᠭᠠᠷᠤᠭᠰᠠᠨ ᠪᠠᠶᠢᠪᠠᠯ᠂ ᠬᠤᠶᠠᠷ ᠵᠠᠭᠤᠨ ᠲᠦᠮᠡᠨ ᠲᠥᠭᠦᠷᠢᠭ ᠠᠴᠠ ᠳᠡᠭᠡᠭᠰᠢ ᠮᠢᠩᠭᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽︵ᠳᠥᠷᠪᠡ︶ ᠣᠨᠴᠠᠭᠠᠶ ᠬᠦᠨᠳᠦ ᠶᠡᠭᠡ ᠡ᠊ᠨᠳᠡᠯ ᠭᠠᠷᠤᠭᠰᠠᠨ ᠪᠠᠶᠢᠪᠠᠯ᠂ ᠮᠢᠩᠭᠠᠨ ᠲᠦᠮᠡᠨ ᠲᠥᠭᠦᠷᠢᠭ ᠠᠴᠠ ᠳᠡᠭᠡᠭᠰᠢ ᠬᠤᠶᠠᠷ ᠮᠢᠩᠭᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠭᠠᠷᠴᠤ᠂ ᠤᠢᠢᠯᠠ ᠪᠠᠶᠢᠳᠠᠯ ᠨᠢ ᠣᠨᠴᠠᠭᠠᠶ ᠬᠦᠨᠳᠦ ᠨᠣᠴᠢᠲᠠᠢ᠂ ᠨᠥᠯᠥᠭᠡ ᠨᠢ ᠣᠨᠴᠠᠭᠠᠶ ᠬᠠᠷ᠎ᠠ ᠬᠤᠣᠷᠲᠠᠢ ᠪᠠᠶᠢᠪᠠᠯ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠮᠦᠨᠡᠬᠢ ᠪᠠᠳᠠᠭ ᠤᠨ ᠵᠣᠭᠤᠰ ᠢᠶᠠᠷ ᠲᠣᠷᠭᠠᠬᠤ ᠲᠣᠭᠠᠨ ᠤ ᠬᠤᠶᠠᠷ ᠲᠡᠬᠢᠠ ᠠᠴᠠ ᠳᠡᠭᠡᠭᠰᠢ ᠲᠠᠪᠤᠨ ᠲᠡᠬᠢᠠ ᠠᠴᠠ ᠳᠣᠭᠤᠭᠰᠢ ᠲᠤᠭ᠎ᠠ ᠪᠠᠷ ᠬᠠᠷᠢᠭᠤᠴᠠᠯᠭ᠎ᠠ ᠪᠦᠬᠦᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠣᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠳᠥᠴᠢ᠂ ᠵᠠᠭᠤ ᠠᠷᠪᠠᠳᠤᠭᠠᠷ ᠵᠦᠢᠯ ᠢ ᠵᠠᠭᠤ ᠠᠷᠪᠠᠨ ᠲᠠᠪᠤᠳᠤᠭᠠᠷ ᠵᠦᠢᠯ ᠪᠣᠯᠭᠠᠭᠠᠳ᠄ ︽ᠲᠤᠰ ᠬᠠᠤᠯᠢ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠢ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠦᠬᠦᠢ ᠪᠤᠰᠤᠳ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠭᠲᠠᠭᠠᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠡᠭᠦᠨ ᠤ ᠳᠣᠲᠣᠷ᠎ᠠ᠂ ᠲᠤᠰ ᠬᠠᠤᠯᠢ ᠶᠢᠨ ᠶᠡᠷᠡᠨ ᠲᠠᠪᠤᠳᠤᠭᠠᠷ ᠵᠦᠢᠯ᠂ ᠵᠠᠭᠤ ᠠᠷᠪᠠᠳᠤᠭᠠᠷ ᠵᠦᠢᠯ᠂ ᠵᠠᠭᠤ ᠠᠷᠪᠠᠨ ᠳᠥᠷᠪᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ ᠠᠷᠠᠳ ᠤᠨ ᠠᠭᠠᠷ ᠤᠨ ᠲᠡᠭᠡᠭᠡᠪᠦᠷᠢ᠂ ᠲᠡᠮᠦᠷ ᠵᠡᠮ᠂ ᠴᠠᠬᠢᠯᠭᠠᠨ ᠬᠦᠴᠦᠨ ᠤ ᠠᠵᠢᠯ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠵᠢᠴᠢ ᠲᠡᠭᠦᠨ ᠤ ᠭᠤᠣᠯ ᠬᠠᠷᠢᠭᠤᠴᠠᠯᠭᠠᠲᠠᠨ ᠳᠤ ᠵᠠᠰᠠᠭ ᠵᠠᠬᠢᠷᠭᠠᠨ ᠤ ᠰᠢᠢᠳᠬᠡᠯ ᠥᠭᠬᠦ ᠬᠡᠷᠡᠭᠲᠡᠢ ᠪᠠᠶᠢᠪᠠᠯ᠂ ᠡᠷᠬᠢᠯᠡᠠ ᠬᠠᠮᠢᠶᠠᠷᠴᠤ ᠪᠠᠶᠢᠭ᠎ᠠ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠦᠬᠦᠢ ᠰᠠᠯᠠᠭ᠎ᠠ ᠮᠥᠴᠢᠷ ᠠᠴᠠ ᠰᠢᠢᠳᠬᠡᠯ ᠥᠭᠭᠦᠭᠰᠡᠨ ᠴᠦ ᠪᠣᠯᠣᠨ᠎ᠠ᠃ ᠡᠭᠦᠳᠡ ᠶᠢ ᠨᠢ ᠬᠠᠭᠠᠯᠭᠠᠬᠤ ᠵᠠᠰᠠᠭ ᠵᠠᠬᠢᠷᠭᠠᠨ ᠤ ᠰᠢᠢᠳᠬᠡᠯ ᠢ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠠᠴᠠ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠡᠷᠬᠡ ᠶᠢᠨ ᠲᠦᠷ ᠬᠤᠷᠢᠬᠤ ᠵᠠᠰᠠᠭ ᠵᠠᠬᠢᠷᠭᠠᠨ ᠤ ᠰᠢᠢᠳᠬᠡᠯ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠲᠣᠭᠲᠠᠭᠠᠯ ᠶᠣᠰᠣᠭᠠᠷ ᠲᠣᠭᠲᠠᠭᠠᠨ᠎ᠠ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠳᠥᠴᠢᠨ ᠨᠢᠭᠡ᠂ ᠵᠠᠭᠤ ᠠᠷᠪᠠᠨ ᠭᠤᠷᠪᠠᠳᠤᠭᠠᠷ ᠵᠦᠢᠯ ᠢ ᠵᠠᠭᠤ ᠠᠷᠪᠠᠨ ᠨᠠᠢᠮᠠᠳᠤᠭᠠᠷ ᠵᠦᠢᠯ ᠪᠣᠯᠭᠠᠭᠠᠳ᠂ ᠬᠤᠶᠠᠳᠤᠭᠠᠷ ᠪᠠᠳᠠᠭ ᠢ᠄ ︽ᠲᠦᠷᠦ ᠶᠢᠨ ᠶᠠᠪᠤᠳᠠᠯ ᠤᠨ ᠬᠤᠷᠢᠶᠠᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠦᠬᠦᠢ ᠪᠤᠰᠤᠳ ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠬᠤᠯᠪᠣᠭᠳᠠᠯ ᠪᠦᠬᠦᠢ ᠠᠵᠢᠯ ᠲᠦᠷᠦᠯ᠂ ᠬᠦᠷᠢᠶᠡᠨ ᠳᠠᠬᠢ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠢᠯᠭᠠᠨ ᠲᠠᠨᠢᠬᠤ ᠪᠠᠷᠢᠮᠵᠢᠶ᠎ᠠ ᠪᠣᠯᠣᠨ ᠬᠦᠨᠳᠦ ᠶᠡᠭᠡ ᠡ᠊ᠨᠳᠡᠯ ᠤᠨ ᠲᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠲᠣᠭᠲᠠᠭᠠᠬᠤ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ᠳᠥᠴᠢᠨ ᠬᠤᠶᠠᠷ᠂ ᠬᠡᠰᠡᠭ ᠵᠦᠢᠯ ᠵᠤᠷᠪᠤᠰ ᠲᠤ ᠳᠠᠷᠠᠭᠠᠬᠢ ᠪᠠᠶᠢᠳᠠᠯ ᠢᠶᠠᠷ ᠨᠡᠮᠡᠯᠲᠡ᠂ ᠥᠭᠡᠷᠡᠴᠢᠯᠡᠯᠲᠡ ᠣᠷᠣᠭᠤᠯᠤᠨ᠎ᠠ᠄                   ︵ᠨᠢᠭᠡ︶ ᠬᠤᠷᠢᠳᠤᠭᠠᠷ ᠵᠦᠢᠯ᠂ ᠬᠤᠷᠢᠨ ᠳᠥᠷᠪᠡᠳᠦᠭᠡᠷ ᠵᠦᠢᠯ᠂ ᠬᠤᠷᠢᠨ ᠳᠣᠯᠣᠳᠤᠭᠠᠷ ᠵᠦᠢᠯ᠂ ᠭᠤᠴᠢᠨ ᠲᠠᠪᠤᠳᠤᠭᠠᠷ ᠵᠦᠢᠯ᠂ ᠳᠥᠴᠢᠳᠦᠭᠡᠷ ᠵᠦᠢᠯ᠂ ᠲᠠᠪᠢ ᠶᠢᠰᠦᠳᠦᠭᠡᠷ ᠵᠦᠢᠯ᠂ ᠵᠢᠷᠠᠨ ᠬᠤᠶᠠᠳᠤᠭᠠᠷ ᠵᠦᠢᠯ᠂ ᠳᠠᠯᠠᠨ ᠭᠤᠷᠪᠠᠳᠤᠭᠠᠷ ᠵᠦᠢᠯ᠂ ᠨᠠᠶᠠᠨ ᠵᠢᠷᠭᠤᠳᠤᠭᠠᠷ ᠵᠦᠢᠯ᠂ ᠵᠠᠭᠤ ᠵᠢᠷᠭᠤᠳᠤᠭᠠᠷ ᠵᠦᠢᠯ ᠳᠠᠬᠢ ︽ᠠᠶᠤᠯᠭᠦᠢ ᠦᠢᠯᠡᠳᠪᠦᠷᠢᠯᠡᠯ ᠤᠨ ᠬᠢᠨᠠᠵᠤ ᠬᠠᠮᠢᠶᠠᠷᠬᠤ ᠰᠠᠯᠠᠭ᠎ᠠ ᠮᠥᠴᠢᠷ︾ ᠭᠡᠳᠡᠭ ᠢ ︽ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠭᠤᠴᠢᠨ ᠨᠢᠭᠡᠳᠦᠭᠡᠷ ᠵᠦᠢᠯ ᠳᠠᠬᠢ ︽ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ︾ ᠭᠡᠳᠡᠭ ᠢ ︽ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠦᠬᠦᠢ ᠰᠠᠯᠠᠭ᠎ᠠ ᠮᠥᠴᠢᠷ︾ ᠭᠡᠵᠦ ᠵᠠᠰᠠᠵᠤ᠂ ᠳᠥᠴᠢᠳᠦᠭᠡᠷ ᠵᠦᠢᠯ ᠳᠠᠬᠢ ︽ᠳᠡᠭᠦᠵᠢᠯᠡᠨ ᠲᠣᠨᠣᠭᠯᠠᠬᠤ︾ ᠭᠡᠳᠡᠭ ᠢ ︽ᠳᠡᠭᠦᠵᠢᠯᠡᠨ ᠲᠣᠨᠣᠭᠯᠠᠬᠤ᠂ ᠭᠠᠯ ᠨᠣᠴᠣᠭᠠᠬᠤ᠂ ᠲᠦᠷ ᠴᠠᠭ ᠴᠠᠬᠢᠯᠭᠠᠨ ᠬᠡᠷᠡᠭᠯᠡᠬᠦ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︵ᠬᠤᠶᠠᠷ︶ ᠠᠷᠪᠠᠨ ᠳᠥᠷᠪᠡᠳᠦᠭᠡᠷ ᠵᠦᠢᠯ ᠳᠠᠬᠢ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠬᠠᠷᠢᠭᠤᠴᠠᠯᠭ᠎ᠠ ᠲᠠᠢ ᠬᠥᠮᠥᠨ︾ ᠭᠡᠳᠡᠭ ᠢ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠬᠠᠷᠢᠭᠤᠴᠠᠯᠭ᠎ᠠ ᠲᠠᠢ ᠨᠢᠭᠡᠴᠢ ᠪᠠ ᠬᠠᠷᠢᠭᠤᠴᠠᠯᠭ᠎ᠠ ᠲᠠᠢ ᠬᠥᠮᠥᠨ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︵ᠭᠤᠷᠪᠠ︶ ᠠᠷᠪᠠ ᠶᠢᠰᠦᠳᠦᠭᠡᠷ ᠵᠦᠢᠯ ᠳᠠᠬᠢ ︽ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ︾ ᠭᠡᠳᠡᠭ ᠢ ︽ᠪᠦᠬᠦ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︵ᠳᠥᠷᠪᠡ︶ ᠬᠤᠷᠢᠨ ᠨᠢᠭᠡᠳᠦᠭᠡᠷ ᠵᠦᠢᠯ᠂ ᠬᠤᠷᠢᠨ ᠳᠥᠷᠪᠡᠳᠦᠭᠡᠷ ᠵᠦᠢᠯ ᠳᠠᠬᠢ ︽ᠵᠠᠮ ᠲᠡᠭᠡᠭᠡᠪᠦᠷᠢ ᠶᠢᠨ ᠨᠢᠭᠡᠴᠢ︾ ᠭᠡᠳᠡᠭ ᠢ ︽ᠲᠡᠭᠡᠭᠡᠪᠦᠷᠢ ᠶᠢᠨ ᠨᠢᠭᠡᠴᠢ︾ ᠭᠡᠵᠦ ᠵᠠᠰᠠᠵᠤ᠂ ︽ᠬᠠᠳᠠᠭᠠᠯᠠᠬᠤ︾ ᠭᠡᠳᠡᠭ ᠢ ︽ᠬᠠᠳᠠᠭᠠᠯᠠᠬᠤ᠂ ᠠᠴᠢᠶᠠᠯᠠᠵᠤ ᠪᠠᠭᠤᠯᠭᠠᠬᠤ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ᠭᠤᠴᠢᠨ ᠨᠢᠭᠡᠳᠦᠭᠡᠷ ᠵᠦᠢᠯ ᠤᠨ ᠬᠤᠶᠠᠳᠤᠭᠠᠷ ᠪᠠᠳᠠᠭ ᠲᠠᠬᠢ ︽ᠬᠠᠳᠠᠭᠠᠯᠠᠬᠤ︾ ᠭᠡᠳᠡᠭ ᠢ ︽ᠬᠠᠳᠠᠭᠠᠯᠠᠬᠤ᠂ ᠠᠴᠢᠶᠠᠯᠠᠵᠤ ᠪᠠᠭᠤᠯᠭᠠᠬᠤ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︵ᠲᠠᠪᠤ︶ ᠭᠤᠴᠢ ᠶᠢᠰᠦᠳᠦᠭᠡᠷ ᠵᠦᠢᠯ ᠤᠨ ᠬᠤᠶᠠᠳᠤᠭᠠᠷ ᠪᠠᠳᠠᠭ᠂ ᠵᠠᠭᠤ ᠬᠤᠶᠠᠳᠤᠭᠠᠷ ᠵᠦᠢᠯ ᠤᠨ ᠬᠤᠶᠠᠳᠤᠭᠠᠷ ᠵᠤᠷᠪᠤᠰ ᠲᠠᠬᠢ ︽ᠣᠨᠢᠰᠤᠯᠠᠵᠤ ᠬᠠᠭᠠᠬᠤ᠂ ᠪᠢᠲᠡᠭᠦᠮᠵᠢᠯᠡᠵᠦ ᠪᠥᠭᠯᠡᠬᠦ︾ ᠭᠡᠳᠡᠭ ᠢ ︽ᠡᠵᠡᠯᠡᠨ ᠬᠡᠷᠡᠭᠯᠡᠬᠦ᠂ ᠣᠨᠢᠰᠤᠯᠠᠵᠤ ᠬᠠᠭᠠᠬᠤ᠂ ᠪᠢᠲᠡᠭᠦᠮᠵᠢᠯᠡᠵᠦ ᠪᠥᠭᠯᠡᠬᠦ︾ ᠭᠡᠵᠦ ᠵᠠᠰᠠᠵᠤ᠂ ︽ᠭᠠᠳᠠᠭᠠᠳᠤ ᠳᠤ ᠭᠠᠷᠭᠠᠬᠤ︾ ᠭᠡᠳᠡᠭ ᠢ ︽ᠭᠠᠳᠠᠭᠠᠳᠤ ᠳᠤ ᠭᠠᠷᠭᠠᠬᠤ᠂ ᠲᠠᠷᠬᠠᠭᠠᠬᠤ ᠵᠠᠮ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︵ᠵᠢᠷᠭᠤᠭ᠎ᠠ︶ ᠵᠢᠷᠠᠨ ᠳᠥᠷᠪᠡᠳᠦᠭᠡᠷ ᠵᠦᠢᠯ ᠳᠠᠬᠢ ︽ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ︾ ᠭᠡᠳᠡᠭ ᠢ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︵ᠲᠤᠯᠤᠭ᠎ᠠ︶ ᠵᠢᠷᠠᠨ ᠨᠠᠢᠮᠠᠳᠤᠭᠠᠷ ᠵᠦᠢᠯ ᠳᠠᠬᠢ ︽ᠵᠠᠰᠠᠭ ᠵᠠᠬᠢᠷᠭᠠᠨ︾᠎ ᠢ ᠬᠠᠰᠤᠪᠠ᠃                   ︵ᠨᠠᠢᠮᠠ︶ ᠨᠠᠶᠠᠨ ᠳᠥᠷᠪᠡᠳᠦᠭᠡᠷ ᠵᠦᠢᠯ ᠳᠠᠬᠢ ︽ᠨᠠᠶᠠᠨ ᠳᠣᠯᠣᠳᠤᠭᠠᠷ ᠵᠦᠢᠯ︾ ᠭᠡᠳᠡᠭ ᠢ ︽ᠶᠡᠷᠡᠳᠦᠭᠡᠷ ᠵᠦᠢᠯ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃                   ︵ᠶᠢᠰᠦ︶ ᠶᠡᠷᠡᠨ ᠵᠢᠷᠭᠤᠳᠤᠭᠠᠷ ᠵᠦᠢᠯ᠂ ᠵᠠᠭᠤᠳᠤᠭᠠᠷ ᠵᠦᠢᠯ᠂ ᠵᠠᠭᠤ ᠨᠢᠭᠡᠳᠦᠭᠡᠷ ᠵᠦᠢᠯ᠂ ᠵᠠᠭᠤ ᠬᠤᠶᠠᠳᠤᠭᠠᠷ ᠵᠦᠢᠯ ᠳᠠᠬᠢ ︽ᠪᠣᠯᠣᠨ᠎ᠠ︾ ᠭᠡᠳᠡᠭ ᠢ ᠬᠠᠰᠤᠪᠠ᠃                   ᠲᠤᠰ ᠲᠣᠭᠲᠠᠭᠠᠯ ᠢ 2021 ᠣᠨ ᠤ 9 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                   ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠎ ᠳᠤ ᠲᠤᠰ ᠲᠣᠭᠲᠠᠭᠠᠯ ᠢ ᠦᠨᠳᠦᠰᠦᠯᠡᠨ ᠵᠣᠬᠢᠴᠠᠩᠭᠤᠢ ᠨᠡᠮᠡᠯᠲᠡ᠂ ᠥᠭᠡᠷᠡᠴᠢᠯᠡᠯᠲᠡ ᠣᠷᠣᠭᠤᠯᠬᠤ ᠶᠢᠨ ᠬᠠᠮᠲᠤ ᠵᠦᠢᠯ ᠵᠤᠷᠪᠤᠰ ᠤᠨ ᠲᠡᠰ ᠳᠠᠷᠠᠭᠠᠯᠠᠯ ᠳᠤ ᠵᠣᠬᠢᠴᠠᠩᠭᠤᠢ ᠲᠣᠬᠢᠷᠠᠭᠤᠯᠤᠯᠲᠠ ᠬᠢᠭᠡᠳ ᠲᠡᠬᠢᠵᠦ ᠨᠡᠶᠢᠲᠡᠯᠡᠨ᠎ᠡ᠃                       ᠪᠡᠯᠡᠳᠬᠡᠭᠰᠡᠨ ᠨᠢ᠄ ᠡᠷᠳᠡᠨᠢᠬᠦᠦ ᠨᠠᠶᠢᠷᠠᠭᠤᠯᠤᠭᠰᠠᠨ ᠨᠢ᠄ ᠨᠠᠮᠤᠷ ᠬᠢᠨᠠᠭᠰᠠᠨ ᠨᠢ᠄ ᠤᠷᠢᠬᠠᠨ  
 
ᠢᠷᠡᠯᠲᠡ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号