| | | | | | ᠣᠶᠢᠷ᠎ᠠ ᠳᠤ᠂ ᠪᠠᠴᠢᠮ ᠪᠠᠶᠢᠳᠠᠯ ᠢ ᠠᠷᠭᠠᠴᠠᠨ ᠬᠠᠮᠢᠶᠠᠷᠬᠤ ᠶᠠᠮᠤᠨ ᠤ ᠭᠠᠷᠭᠠᠭᠰᠠᠨ᠂ ᠬᠠᠤᠯᠢ ᠪᠠᠷᠢᠬᠤ | ᠶᠠᠮᠤᠨ ᠬᠠᠮᠲᠤᠷᠠᠨ ︽ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠷᠭᠡᠵᠢᠯ ᠤᠨ ᠪᠠᠶᠢᠴᠠᠭᠠᠭᠴᠢ ᠪᠠ | ᠨᠡᠶᠢᠭᠡᠮ ᠤᠨ ᠬᠢᠨᠠᠯᠲᠠ ᠲᠠᠯᠪᠢᠭᠴᠢ ᠶᠢᠨ ᠠᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ | ᠲᠣᠭᠲᠠᠭᠠᠯ︾ ᠭᠡᠵᠦ ᠲᠣᠪᠴᠢᠯᠠᠨ᠎ᠠ︶ ᠢ ᠬᠡᠪᠯᠡᠨ ᠲᠠᠷᠬᠠᠭᠠᠪᠠ᠃ ︽ᠲᠣᠭᠲᠠᠭᠠᠯ︾ ᠢ ᠨᠡᠶᠢᠲᠡᠯᠡᠭᠰᠡᠨ | ᠲᠣᠭᠲᠠᠭᠠᠭᠰᠠᠨ ᠠᠬᠤᠢ ᠪᠠᠶᠢᠳᠠᠯ᠂ ᠶᠡᠷᠦᠩᠬᠡᠢ ᠰᠡᠳᠬᠢᠴᠡ᠂ ᠭᠤᠣᠯ ᠠᠭᠤᠯᠭ᠎ᠠ ᠵᠡᠷᠭᠡ ᠲᠠᠯ᠎ᠠ ᠶᠢᠨ ᠲᠣᠭᠤᠷᠢᠨ ᠳᠤ᠂ | ᠪᠠᠴᠢᠮ ᠪᠠᠶᠢᠳᠠᠯ ᠢ ᠠᠷᠭᠠᠴᠠᠨ ᠬᠠᠮᠢᠶᠠᠷᠬᠤ ᠶᠠᠮᠤᠨ ᠤ ᠭᠠᠷᠭᠠᠭᠰᠠᠨ᠂ ᠬᠠᠤᠯᠢ ᠴᠠᠭᠠᠵᠠ ᠶᠢᠨ ᠶᠠᠮᠤᠨ ᠤ ᠬᠤᠯᠪᠣᠭᠳᠠᠯ | ᠪᠦᠬᠦᠢ ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | | ᠠᠰᠠᠭᠤᠯᠲᠠ᠄ ︽ᠲᠣᠭᠲᠠᠭᠠᠯ︾ ᠢ ᠨᠡᠶᠢᠲᠡᠯᠡᠭᠰᠡᠨ ᠲᠣᠭᠲᠠᠭᠠᠭᠰᠠᠨ ᠠᠬᠤᠢ ᠪᠠᠶᠢᠳᠠᠯ ᠨᠢ ᠶᠠᠭᠤ ᠪᠣᠶ︖ | | | ᠬᠠᠷᠢᠭᠤᠯᠲᠠ᠄ ᠠᠶᠤᠯᠭᠦᠢ ᠦᠢᠯᠡᠳᠪᠦᠷᠢᠯᠡᠯ ᠪᠣᠯ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠳᠤ ᠬᠤᠯᠪᠣᠭᠳᠠᠬᠤ ᠶᠡᠭᠡ ᠶᠠᠪᠤᠳᠠᠯ ᠮᠥᠨ᠂ ᠠᠵᠤ ᠠᠬᠤᠢ ᠨᠡᠶᠢᠭᠡᠮ ᠤᠨ ᠵᠣᠬᠢᠴᠠᠩᠭᠤᠢ ᠪᠥᠭᠡᠳ | ᠡᠷᠡᠭᠦᠯ ᠢᠶᠠᠷ ᠬᠥᠭᠵᠢᠬᠦ ᠶᠢᠨ ᠪᠡᠯᠭᠡ ᠲᠡᠮᠳᠡᠭ ᠮᠥᠨ᠂ ᠨᠠᠮ ᠪᠠ ᠵᠠᠰᠠᠭ ᠤᠨ ᠣᠷᠳᠣᠨ ᠠᠴᠠ ᠠᠷᠠᠳ ᠲᠦᠮᠡᠨ ᠤ | ᠠᠰᠢᠭ ᠲᠤᠰᠠ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠱᠠᠭᠠᠷᠳᠠᠯᠭ᠎ᠠ ᠮᠥᠨ᠃ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ᠶᠡᠷᠦ ᠠᠴᠠ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠭᠰᠠᠭᠠᠷ ᠢᠷᠡᠵᠠᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠠᠯᠢ ᠤᠯᠠᠨ ᠴᠢᠬᠤᠯᠠ | ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ | ᠠᠵᠢᠯ ᠤᠨ ᠢᠳᠡᠪᠬᠢᠲᠡᠢ ᠠᠬᠢᠴᠠ ᠲᠠᠢ ᠪᠣᠯᠬᠤ ᠶᠢ ᠠᠬᠢᠭᠤᠯᠵᠠᠢ᠃ 2019 ᠣᠨ ᠤ 11 ᠰᠠᠷ᠎ᠠ ᠳᠤ᠂ ᠶᠡᠷᠦᠩᠬᠡᠢ | ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠ ᠶᠢᠰᠦᠳᠦᠭᠡᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ | ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠵᠤ᠂ | ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠤᠨᠢᠨ ᠳᠡᠭᠡᠷ᠎ᠡ ᠨᠢ ᠣᠨᠣᠪᠴᠢᠲᠠᠢ ᠪᠠᠶᠢᠯᠭᠠᠬᠤ ᠬᠡᠷᠡᠭᠲᠡᠢ | ᠭᠡᠵᠦ ᠴᠢᠬᠤᠯᠠᠴᠢᠯᠠᠪᠠ᠃ 2020 ᠣᠨ ᠤ 9 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠡᠪᠯᠡᠨ | ᠲᠠᠷᠬᠠᠭᠠᠭᠰᠠᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠨᠠᠯ ᠳᠤ᠂ | ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠪᠠᠶᠢᠷᠢ ᠰᠠᠭᠤᠷᠢ ᠶᠢ ᠲᠣᠳᠣᠷᠬᠠᠶᠢᠯᠠᠬᠤ᠂ ᠲᠤᠰᠬᠠᠶᠢᠵᠢᠭᠰᠠᠨ ᠬᠢᠨᠠᠯᠲᠠ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ | ᠵᠢᠷᠤᠮᠵᠢᠭᠤᠯᠬᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠪᠣᠳᠠᠲᠠᠢ | ᠲᠣᠭᠲᠠᠭᠠᠯ ᠭᠠᠷᠭᠠᠵᠠᠢ᠃ | | | ᠣᠳᠣᠬᠠᠨ ᠳᠤ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯ ᠳᠤ ᠬᠤᠶᠠᠷ ᠲᠠᠯ᠎ᠠ ᠶᠢᠨ ᠲᠣᠪᠣᠶᠢᠮ᠎ᠠ | ᠠᠰᠠᠭᠤᠳᠠᠯ ᠣᠷᠣᠰᠢᠵᠤ ᠪᠠᠶᠢᠨ᠎ᠠ᠂ ᠨᠢᠭᠡ ᠳᠤ ᠬᠠᠤᠯᠢ ᠬᠡᠷᠡᠭᠵᠢᠭᠦᠯᠬᠦ ᠲᠤᠰᠬᠠᠢ ᠮᠡᠷᠭᠡᠵᠢᠯ ᠤᠨ ᠬᠦᠴᠦᠨ ᠬᠦᠷᠦᠯᠴᠡᠬᠦ | ᠦᠭᠡᠢ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠨᠢ ᠬᠡᠯᠪᠡᠷᠢ ᠶᠢᠨ ᠲᠡᠳᠦᠢ ᠯᠡ ᠪᠠᠶᠢᠳᠠᠭ᠃ ᠠᠭᠤᠷᠬᠠᠢ᠂ | ᠬᠢᠮᠢ ᠶᠢᠨ ᠠᠵᠤ ᠦᠢᠯᠡᠳᠪᠦᠷᠢ ︵ᠠᠶᠤᠯᠲᠠᠢ ᠬᠢᠮᠢ ᠶᠢᠨ ᠪᠣᠳᠠᠰ︶᠂ ᠦᠢᠯᠡᠳᠪᠦᠷᠢ ᠠᠭᠤᠷᠬᠠᠢ ᠠᠷᠠᠯᠵᠢᠶ᠎ᠠ | ᠬᠤᠳᠠᠯᠳᠤᠭ᠎ᠠ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠠᠶᠤᠯᠭᠦᠢ ᠶᠢᠨ ᠳᠠᠯᠳᠠ ᠠᠶᠤᠯ | ᠲᠦᠭᠰᠢᠭᠦᠷᠢ ᠶᠡᠭᠡ᠂ ᠡ᠊ᠨᠳᠡᠯ ᠠᠮᠠᠷᠬᠠᠨ ᠭᠠᠷᠴᠤ ᠤᠯᠠᠨ ᠭᠠᠷᠳᠠᠭ᠂ ᠰᠢᠨ᠎ᠡ ᠤᠷᠠᠯᠠᠯ᠂ ᠰᠢᠨ᠎ᠡ ᠮᠡᠷᠭᠡᠵᠢᠯ᠂ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠲᠠᠰᠤᠷᠠᠯᠳᠠ ᠦᠭᠡᠢ ᠢᠯᠡᠷᠡᠬᠦ ᠶᠢ ᠳᠠᠭᠠᠯᠳᠤᠨ᠂ ᠠᠶᠤᠯᠭᠦᠢ ᠶᠢᠨ ᠬᠢᠨᠠᠯᠲᠠ | ᠬᠠᠮᠢᠶᠠᠷᠤᠯᠲᠠ ᠶᠢᠨ ᠲᠤᠰᠬᠠᠶᠢᠵᠢᠯᠲᠠ ᠶᠢᠨ ᠱᠠᠭᠠᠷᠳᠠᠯᠭ᠎ᠠ ᠤᠯᠠᠮ ᠠᠴᠠ ᠤᠯᠠᠮ ᠥᠨᠳᠥᠷ ᠪᠣᠯᠵᠤ ᠪᠠᠶᠢᠨ᠎ᠠ᠃ | ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠰᠬᠠᠢ ᠮᠡᠷᠭᠡᠵᠢᠯ ᠤᠨ ᠴᠢᠳᠠᠪᠤᠷᠢ ᠬᠦᠷᠦᠯᠴᠡᠬᠦ | ᠦᠭᠡᠢ᠂ ︽ᠠᠶᠤᠯᠭᠦᠢ ᠶᠢᠨ ᠪᠠᠶᠢᠴᠠᠭᠠᠯᠲᠠ ᠳᠤ ᠠᠰᠠᠭᠤᠳᠠᠯ ᠢ ᠪᠠᠶᠢᠴᠠᠭᠠᠵᠤ ᠭᠠᠷᠬᠤ ᠦᠭᠡᠢ︾ ᠪᠠᠶᠢᠬᠤ ᠪᠠᠶᠢᠳᠠᠯ | ᠲᠣᠪᠣᠶᠢᠮ᠎ᠠ ᠪᠠᠶᠢᠨ᠎ᠠ᠃ ᠬᠤᠶᠠᠷ ᠲᠤ ᠨᠡᠶᠢᠭᠡᠮ ᠤᠨ ᠬᠢᠨᠠᠯᠲᠠ ᠲᠠᠯᠪᠢᠬᠤ ᠬᠦᠴᠦᠨ ᠬᠦᠷᠦᠯᠴᠡᠬᠦ ᠦᠭᠡᠢ ᠪᠠᠶᠢᠵᠤ᠂ | ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠳᠤ ᠳᠤᠲᠠᠭᠤᠳᠠᠯ ᠣᠷᠣᠰᠢᠵᠤ ᠪᠠᠶᠢᠨ᠎ᠠ᠃ | ᠣᠳᠣᠬᠠᠨ ᠳᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯ ᠳᠤ ᠴᠢᠩᠭ᠎ᠠ ᠬᠡᠷᠡᠭᠵᠢᠭᠦᠯᠬᠦ ᠶᠣᠰᠣᠲᠠᠢ ᠪᠠᠶᠢᠲᠠᠯ᠎ᠠ ᠴᠢᠩᠭ᠎ᠠ | ᠬᠡᠷᠡᠭᠵᠢᠭᠦᠯᠬᠦ ᠦᠭᠡᠢ᠂ ᠬᠦᠨᠳᠦ ᠪᠠᠷ ᠰᠢᠢᠳᠪᠦᠷᠢᠯᠡᠬᠦ ᠶᠣᠰᠣᠲᠠᠢ ᠪᠠᠶᠢᠲᠠᠯ᠎ᠠ ᠬᠦᠨᠳᠦ ᠦᠭᠡᠢ᠂ ᠪᠠᠶᠢᠴᠠᠭᠠᠨ | ᠰᠢᠢᠳᠪᠦᠷᠢᠯᠡᠭᠰᠡᠨ ᠨᠢ ᠬᠦᠴᠦᠨ ᠦᠭᠡᠢ᠂ ᠣᠯᠠᠨᠲᠠ ᠴᠠᠭᠠᠵᠠᠯᠠᠭᠰᠠᠨ ᠴᠤ ᠵᠣᠭᠰᠣᠬᠤ ᠦᠭᠡᠢ ᠠᠰᠠᠭᠤᠳᠠᠯ | ᠣᠷᠣᠰᠢᠵᠤ ᠪᠠᠶᠢᠨ᠎ᠠ᠃ ᠪᠠᠰᠠ ᠬᠠᠤᠯᠢ ᠬᠡᠷᠡᠭᠵᠢᠭᠦᠯᠬᠦ ᠳᠡᠭᠡᠨ ᠵᠢᠷᠤᠮᠵᠢᠭᠤᠨ ᠪᠤᠰᠤ᠂ ᠳᠥᠭᠦᠮ ᠪᠦᠳᠦᠭᠦᠯᠢᠭ᠂ | ᠰᠣᠩᠭᠤᠯᠲᠠ ᠶᠢᠨ ᠴᠢᠨᠠᠷᠲᠠᠢ ᠪᠠᠷ ᠬᠠᠤᠯᠢ ᠬᠡᠷᠡᠭᠵᠢᠭᠦᠯᠬᠦ᠂ ᠤᠯᠠᠨ ᠳᠠᠪᠬᠤᠷᠭ᠎ᠠ ᠪᠠᠷ ᠳᠠᠪᠬᠤᠷᠳᠠᠭᠤᠯᠤᠨ ᠬᠠᠤᠯᠢ | ᠬᠡᠷᠡᠭᠵᠢᠭᠦᠯᠬᠦ ᠵᠡᠷᠭᠡ ᠠᠰᠠᠭᠤᠳᠠᠯ ᠣᠷᠣᠰᠢᠵᠤ᠂ ᠬᠠᠤᠯᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠬᠤ ᠳᠠᠭᠠᠨ | ᠭᠤᠣᠯᠳᠠᠭᠤ ᠰᠢᠰᠲ᠋ᠧᠮ ᠤᠨ ᠳᠣᠲᠣᠭᠠᠳᠤ ᠶᠢᠨ ᠱᠠᠲᠤ ᠳᠠᠪᠬᠤᠷᠭ᠎ᠠ ᠶᠢᠨ ᠬᠢᠨᠠᠯᠲᠠ ᠳᠤ ᠲᠦᠰᠢᠭᠯᠡᠵᠦ᠂ ᠨᠡᠶᠢᠭᠡᠮ ᠤᠨ | ᠬᠦᠴᠦᠨ ᠤ ᠬᠢᠨᠠᠯᠲᠠ ᠳᠤ ᠣᠷᠤᠯᠴᠠᠬᠤ ᠠᠷᠭ᠎ᠠ ᠵᠠᠮ ᠨᠢ ᠰᠠᠭᠠᠳ ᠦᠭᠡᠢ ᠪᠠᠶᠢᠵᠤ᠂ ᠰᠢᠭᠦᠮᠵᠢᠯᠡᠯ᠂ ᠰᠠᠨᠠᠯ᠂ | ᠰᠠᠨᠠᠭᠤᠯᠭ᠎ᠠ ᠶᠢ ᠴᠠᠭ ᠲᠤᠬᠠᠢ ᠳᠤᠨᠢ ᠳᠤᠷᠠᠳᠬᠤ ᠳᠤ ᠪᠡᠷᠬᠡᠲᠡᠢ ᠪᠠᠶᠢᠨ᠎ᠠ᠃ | | | ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ | ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ | ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯ ᠢ ᠬᠢᠵᠠᠭᠠᠷᠯᠠᠵᠤ ᠪᠠᠶᠢᠭ᠎ᠠ | ᠪᠣᠭᠤᠮᠢ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠪᠠᠴᠢᠮ ᠪᠠᠶᠢᠳᠠᠯ ᠢ ᠠᠷᠭᠠᠴᠠᠨ ᠬᠠᠮᠢᠶᠠᠷᠬᠤ ᠶᠠᠮᠤᠨ ᠤ | ᠭᠠᠷᠭᠠᠭᠰᠠᠨ᠂ ᠬᠠᠤᠯᠢ ᠴᠠᠭᠠᠵᠠ ᠶᠢᠨ ᠶᠠᠮᠤᠨ ᠬᠠᠮᠲᠤᠷᠠᠨ ︽ᠲᠣᠭᠲᠠᠭᠠᠯ︾ ᠢ ᠲᠤᠭᠤᠷᠪᠢᠵᠤ᠂ ᠣᠯᠠᠨ ᠤᠳᠠᠭ᠎ᠠ | ᠶᠠᠷᠢᠯᠴᠠᠨ ᠰᠤᠳᠤᠯᠵᠤ᠂ ᠥᠷᠭᠡᠨ ᠢᠶᠠᠷ ᠰᠠᠨᠠᠯ ᠬᠤᠷᠢᠶᠠᠭᠰᠠᠨ ᠤ ᠳᠠᠷᠠᠭ᠎ᠠ ᠵᠢᠩᠬᠢᠨᠢ ᠪᠠᠷ ᠨᠡᠶᠢᠲᠡᠯᠡᠵᠦ ᠬᠡᠷᠡᠭᠵᠢᠭᠦᠯᠪᠡ᠃ | | | | ᠠᠰᠠᠭᠤᠯᠲᠠ᠄ ︽ᠲᠣᠭᠲᠠᠭᠠᠯ︾ ᠤᠨ ᠶᠡᠷᠦᠩᠬᠡᠢ ᠰᠡᠳᠬᠢᠮᠵᠢ ᠨᠢ ᠶᠠᠭᠤ ᠪᠣᠶ︖ | | | ᠬᠠᠷᠢᠭᠤᠯᠲᠠ᠄ ︽ᠲᠣᠭᠲᠠᠭᠠᠯ︾ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠢᠯᠠᠩᠭᠤᠶ᠎ᠠ | ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ | ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠶᠢᠨ ᠲᠣᠭᠤᠷᠢᠨ ᠳᠤ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ | ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯ ᠤᠨ ᠪᠣᠳᠠᠲᠠᠢ ᠲᠠᠢ ᠤᠶᠠᠯᠳᠤᠭᠤᠯᠤᠨ᠂ ᠨᠢᠭᠡ ᠲᠠᠯ᠎ᠠ ᠪᠠᠷ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ | ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠮᠡᠷᠭᠡᠵᠢᠯ ᠤᠨ ᠪᠠᠶᠢᠴᠠᠭᠠᠭᠴᠢ ︵ᠳᠣᠷᠣᠭᠰᠢ ᠮᠡᠷᠭᠡᠵᠢᠯ ᠤᠨ ᠪᠠᠶᠢᠴᠠᠭᠠᠭᠴᠢ ᠭᠡᠵᠦ ᠲᠣᠪᠴᠢᠯᠠᠨ᠎ᠠ︶ ᠶᠢ ᠤᠷᠢᠨ | ᠬᠡᠷᠡᠭᠯᠡᠬᠦ ᠪᠠᠷ ᠳᠠᠮᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠤᠰᠬᠠᠢ ᠮᠡᠷᠭᠡᠵᠢᠯ ᠤᠨ ᠲᠤᠯᠭᠠᠭᠤᠷᠢᠯᠠᠯ | ᠬᠠᠩᠭᠠᠵᠤ᠂ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ | ᠬᠦᠴᠦᠲᠡᠢ ᠳᠡᠭᠡᠭᠰᠢᠯᠡᠭᠦᠯᠦᠨ᠂ ᠠᠶᠤᠯᠭᠦᠢ ᠶᠢᠨ ᠡᠷᠡᠰᠳᠡᠯ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠳᠡᠯ ᠤᠨ | ᠳᠠᠯᠳᠠ ᠬᠡᠮ ᠢ ᠠᠷᠢᠯᠭᠠᠨ᠎ᠠ᠃ ᠨᠥᠭᠦᠭᠡ ᠲᠠᠯ᠎ᠠ ᠪᠠᠷ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ | ᠬᠡᠮᠵᠢᠶ᠎ᠡ ᠠᠪᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ | ᠨᠡᠶᠢᠭᠡᠮ ᠤᠨ ᠬᠢᠨᠠᠯᠲᠠ ᠲᠠᠯᠪᠢᠭᠴᠢ ︵ᠳᠣᠷᠣᠭᠰᠢ ᠨᠡᠶᠢᠭᠡᠮ ᠤᠨ ᠬᠢᠨᠠᠯᠲᠠ ᠲᠠᠯᠪᠢᠭᠴᠢ ᠭᠡᠵᠦ ᠲᠣᠪᠴᠢᠯᠠᠨ᠎ᠠ︶ ᠶᠢ | ᠤᠷᠢᠨ ᠲᠣᠮᠢᠯᠠᠬᠤ ᠪᠠᠷ ᠳᠠᠮᠵᠢᠭᠤᠯᠤᠨ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ | ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠠᠨᠠᠯ ᠪᠠ ᠰᠠᠨᠠᠭᠤᠯᠭ᠎ᠠ ᠪᠠᠨ ᠲᠤᠰᠬᠠᠵᠤ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯ ᠳᠤ ᠠᠰᠠᠭᠤᠳᠠᠯ ᠤᠨ ᠰᠦᠪᠡᠭᠴᠢ ᠬᠠᠩᠭᠠᠵᠤ᠂ ᠬᠠᠤᠯᠢ ᠬᠡᠷᠡᠭᠵᠢᠭᠦᠯᠬᠦ ᠦᠶᠯᠡ | ᠠᠵᠢᠯᠯᠠᠭ᠎ᠠ ᠶᠢ ᠬᠠᠪᠰᠤᠷᠤᠨ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | | | ᠠᠰᠠᠭᠤᠯᠲᠠ᠄ ︽ᠲᠣᠭᠲᠠᠭᠠᠯ︾ ᠳᠤ ᠮᠡᠷᠭᠡᠵᠢᠯ ᠤᠨ ᠪᠠᠶᠢᠴᠠᠭᠠᠭᠴᠢ ᠶᠢᠨ ᠣᠷᠣᠬᠤ ᠪᠣᠭᠤᠮᠲᠠ ᠶᠢ ᠬᠡᠷᠬᠢᠨ | ᠱᠠᠭᠠᠷᠳᠠᠭᠰᠠᠨ ᠪᠤᠢ | | | ᠬᠠᠷᠢᠭᠤᠯᠲᠠ᠄ ᠮᠡᠷᠭᠡᠵᠢᠯ ᠤᠨ ᠪᠠᠶᠢᠴᠠᠭᠠᠭᠴᠢ ᠶᠢ ᠤᠷᠢᠵᠤ ᠬᠡᠷᠡᠭᠯᠡᠬᠦ ᠠᠵᠢᠯ ᠤᠨ ᠰᠢᠨᠵᠢᠯᠡᠬᠦ ᠤᠬᠠᠭᠠᠨᠴᠢ᠂ | ᠵᠦᠢ ᠵᠣᠬᠢᠰᠲᠠᠢ᠂ ᠬᠡᠷᠡᠭᠵᠢᠭᠦᠯᠵᠦ ᠪᠣᠯᠬᠤ ᠶᠢ ᠡᠬᠢ ᠡᠭᠦᠰᠦᠯ ᠠᠴᠠ ᠨᠢ ᠪᠠᠲᠤᠯᠠᠬᠤ ᠶᠢᠨ ᠲᠥᠯᠥᠭᠡ᠂ ︽ᠲᠣᠭᠲᠠᠭᠠᠯ | ︾ ᠳᠤ ᠭᠤᠷᠪᠠᠨ ᠲᠠᠯ᠎ᠠ ᠶᠢᠨ ᠱᠠᠭᠠᠷᠳᠠᠯᠭ᠎ᠠ ᠳᠤᠷᠠᠳᠴᠠᠢ᠂ ᠨᠢᠭᠡ ᠳᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ | ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠣᠳᠠᠲᠠᠢ ᠬᠡᠷᠡᠭᠴᠡᠭᠡ ᠶᠢ ᠦᠨᠳᠦᠰᠦᠯᠡᠨ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ | ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠪᠠᠶᠢᠴᠠᠭᠠᠭᠴᠢ ᠶᠢ ᠤᠷᠢᠨ ᠬᠡᠷᠡᠭᠯᠡᠬᠦ ᠲᠥᠯᠥᠪᠯᠡᠭᠡ ᠶᠢ ᠵᠣᠬᠢᠶᠠᠨ | ᠪᠠᠶᠢᠭᠤᠯᠤᠨ ᠲᠣᠭᠲᠠᠭᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠬᠤᠶᠠᠷ ᠲᠤ ᠮᠡᠷᠭᠡᠵᠢᠯ ᠤᠨ | ᠪᠠᠶᠢᠴᠠᠭᠠᠭᠴᠢ ᠶᠢ ᠤᠷᠢᠨ ᠬᠡᠷᠡᠭᠯᠡᠬᠦ ᠲᠥᠯᠥᠪᠯᠡᠭᠡ ᠳᠤ ᠲᠤᠰᠬᠠᠢ ᠲᠤᠰᠢᠶᠠᠯᠲᠤ᠂ ᠲᠤᠰᠢᠶᠠᠯ ᠬᠠᠪᠰᠤᠷᠭᠠᠭᠰᠠᠨ | ᠮᠡᠷᠭᠡᠵᠢᠯ ᠤᠨ ᠪᠠᠶᠢᠴᠠᠭᠠᠭᠴᠢ ᠶᠢᠨ ᠲᠤᠭ᠎ᠠ ᠬᠡᠮᠵᠢᠶ᠎ᠡ ᠵᠢᠴᠢ ᠲᠤᠰᠬᠠᠢ ᠮᠡᠷᠭᠡᠵᠢᠯ ᠤᠨ ᠬᠡᠷᠡᠭᠴᠡᠭᠡ᠂ ᠤᠷᠢᠨ ᠬᠡᠷᠡᠭᠯᠡᠬᠦ | ᠠᠷᠭ᠎ᠠ ᠮᠠᠶ᠋ᠢᠭ᠂ ᠪᠣᠯᠪᠠᠰᠤᠷᠠᠭᠤᠯᠵᠤ ᠬᠢᠨᠠᠨ ᠰᠢᠯᠭᠠᠬᠤ᠂ ᠵᠠᠷᠤᠳᠠᠯ ᠤᠨ ᠪᠠᠲᠤᠯᠠᠭ᠎ᠠ ᠵᠡᠷᠭᠡ ᠠᠭᠤᠯᠭ᠎ᠠ ᠶᠢ ᠪᠠᠭᠲᠠᠭᠠᠬᠤ | ᠬᠡᠷᠡᠭᠲᠡᠢ᠃ ᠭᠤᠷᠪᠠ ᠳᠤ᠂ ᠬᠠᠷᠢᠶ᠎ᠠ ᠣᠷᠣᠨ ᠤ ᠳᠣᠲᠣᠷᠠᠬᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ | ᠠᠶᠤᠯ ᠡᠷᠡᠰᠳᠡᠯ ᠤᠨ ᠪᠠᠶᠢᠳᠠᠯ᠂ ᠬᠠᠤᠯᠢ ᠬᠡᠷᠡᠭᠵᠢᠭᠦᠯᠬᠦ ᠶᠢ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠲᠤᠭ᠎ᠠ | ᠬᠡᠮᠵᠢᠶ᠎ᠡ ᠶᠢ ᠦᠨᠳᠦᠰᠦᠯᠡᠵᠦ᠂ ᠠᠵᠤ ᠠᠬᠤᠶᠢᠯᠠᠯ ᠤᠨ ᠲᠦᠷᠦᠯ ᠬᠡᠯᠪᠡᠷᠢ᠂ ᠬᠠᠤᠯᠢ ᠬᠡᠷᠡᠭᠵᠢᠭᠦᠯᠬᠦ ᠴᠢᠳᠠᠪᠤᠷᠢ ᠶᠢᠨ | ᠲᠦᠪᠰᠢᠨ ᠵᠡᠷᠭᠡ ᠬᠦᠴᠦᠨ ᠵᠦᠢᠯ ᠢ ᠭᠤᠣᠯᠳᠠᠯᠭ᠎ᠠ ᠲᠠᠢ ᠪᠠᠶᠢᠴᠠᠭᠠᠵᠤ᠂ ᠲᠤᠰ ᠭᠠᠵᠠᠷ ᠣᠷᠣᠨ ᠤ ᠨᠡᠶᠢᠭᠡᠮ ᠠᠵᠤ | ᠠᠬᠤᠢ ᠶᠢᠨ ᠬᠥᠭᠵᠢᠯᠲᠡ ᠶᠢᠨ ᠲᠦᠪᠰᠢᠨ ᠪᠣᠯᠣᠨ ᠡᠳ᠋ ᠤᠨ ᠵᠠᠰᠠᠭ ᠤᠨ ᠪᠠᠶᠢᠳᠠᠯ ᠲᠠᠢ ᠤᠶᠠᠯᠳᠤᠭᠤᠯᠵᠤ᠂ | ᠮᠡᠷᠭᠡᠵᠢᠯ ᠤᠨ ᠪᠠᠶᠢᠴᠠᠭᠠᠭᠴᠢ ᠶᠢᠨ ᠲᠤᠭ᠎ᠠ ᠬᠡᠮᠵᠢᠶ᠎ᠡ ᠶᠢ ᠵᠣᠬᠢᠰᠲᠠᠢ ᠲᠣᠭᠲᠠᠭᠠᠵᠤ᠂ ᠠᠵᠢᠯ ᠤᠨ ᠪᠠᠶᠢᠷᠢ | ᠪᠠᠶᠢᠷᠢᠯᠠᠭᠤᠯᠬᠤ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ | | | ᠠᠰᠠᠭᠤᠯᠲᠠ᠄ ᠮᠡᠷᠭᠡᠵᠢᠯ ᠤᠨ ᠪᠠᠶᠢᠴᠠᠭᠠᠭᠴᠢ ᠲᠤᠰᠬᠠᠢ ᠮᠡᠷᠭᠡᠵᠢᠯ ᠤᠨ ᠲᠠᠯ᠎ᠠ ᠪᠠᠷ ᠶᠠᠮᠠᠷ ᠶᠠᠮᠠᠷ ᠨᠥᠬᠦᠴᠡᠯ ᠢ | ᠪᠦᠷᠢᠯᠳᠦᠭᠦᠯᠬᠦ ᠴᠢᠬᠤᠯᠠᠲᠠᠢ ᠪᠣᠶ︖ | | | ᠬᠠᠷᠢᠭᠤᠯᠲᠠ᠄ ᠮᠡᠷᠭᠡᠵᠢᠯ ᠤᠨ ᠪᠠᠶᠢᠴᠠᠭᠠᠭᠴᠢ ᠶᠢ ᠤᠷᠢᠨ ᠬᠡᠷᠡᠭᠯᠡᠬᠦ ᠨᠢ ᠪᠠᠴᠢᠮ ᠶᠠᠭᠠᠷᠠᠯᠲᠠᠢ | ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠤᠰᠬᠠᠢ | ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠮᠵᠢᠨ | ᠥᠷᠨᠢᠭᠦᠯᠵᠦ ᠪᠠᠶᠢᠬᠤ ᠶᠢ ᠪᠣᠳᠣᠯᠬᠢᠯᠠᠭᠠᠳ᠂ ᠮᠡᠷᠭᠡᠵᠢᠯ ᠤᠨ ᠪᠠᠶᠢᠴᠠᠭᠠᠭᠴᠢ ᠶᠢᠨ ᠲᠤᠰᠬᠠᠢ ᠮᠡᠷᠭᠡᠵᠢᠯ ᠤᠨ ᠴᠢᠨᠠᠷ᠂ | ᠮᠡᠷᠭᠡᠵᠢᠯ ᠤᠨ ᠴᠢᠨᠠᠷ ᠨᠢ ᠳᠥᠯ ᠤᠨ ᠴᠢᠬᠤᠯᠠ ᠪᠠᠶᠢᠳᠠᠭ᠃ ︽ᠲᠣᠭᠲᠠᠭᠠᠯ︾ ᠳᠤ᠂ ᠵᠠᠷᠴᠢᠮ ᠳᠡᠭᠡᠷ᠎ᠡ ᠪᠠᠨ | ᠲᠤᠰᠬᠠᠢ ᠮᠡᠷᠭᠡᠵᠢᠯ ᠤᠨ ᠪᠠᠶᠢᠴᠠᠭᠠᠭᠴᠢ ᠨᠢ ᠠᠶᠤᠯᠭᠦᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠵᠡᠷᠭᠡ ᠬᠤᠯᠪᠣᠭᠳᠠᠯ ᠪᠦᠬᠦᠢ ᠠᠮᠤᠷ ᠲᠦᠪᠰᠢᠨ ᠤ ᠲᠥᠷᠥᠯ ᠤᠨ ᠲᠤᠰᠬᠠᠢ | ᠮᠡᠷᠭᠡᠵᠢᠯ ᠤᠨ ᠵᠢᠩᠬᠢᠨᠢ ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠠᠶᠢᠬᠤ ᠬᠡᠷᠡᠭᠲᠡᠢ᠂ ᠡᠰᠡᠬᠦᠯ᠎ᠡ | ᠬᠤᠯᠪᠣᠭᠳᠠᠯ ᠪᠦᠬᠦᠢ ᠠᠵᠢᠯ ᠲᠥᠷᠥᠯ ᠤᠨ ᠬᠦᠷᠢᠶᠡᠨ ᠳᠠᠬᠢ ᠳᠤᠮᠳᠠ ᠵᠡᠷᠭᠡ ᠠᠴᠠ ᠳᠡᠭᠡᠭᠰᠢᠬᠢ ᠲᠤᠰᠬᠠᠢ | ᠮᠡᠷᠭᠡᠵᠢᠯ ᠤᠨ ᠴᠣᠯᠠ᠂ ᠬᠤᠶᠠᠳᠤᠭᠠᠷ ᠳᠡᠰ ︵ᠮᠠᠰᠲ᠋ᠧᠷ︶ ᠠᠴᠠ ᠳᠡᠭᠡᠭᠰᠢᠬᠢ ᠠᠵᠢᠯ ᠮᠡᠷᠭᠡᠵᠢᠯ ᠤᠨ ᠬᠢᠷᠢ ᠬᠡᠮ ᠲᠠᠢ | ᠪᠠᠶᠢᠬᠤ ᠬᠡᠷᠡᠭᠲᠡᠢ᠂ ᠡᠰᠡᠬᠦᠯ᠎ᠡ ᠳᠠᠩᠰᠠᠯᠠᠭᠤᠯᠤᠭᠰᠠᠨ ᠠᠮᠤᠷ ᠲᠦᠪᠰᠢᠨ ᠤ ᠢᠨᠵᠧᠨᠧᠷ ᠵᠡᠷᠭᠡ ᠠᠵᠢᠯ ᠮᠡᠷᠭᠡᠵᠢᠯ ᠤᠨ | ᠬᠢᠷᠢ ᠬᠡᠮ ᠲᠠᠢ ᠪᠠᠶᠢᠬᠤ ᠬᠡᠷᠡᠭᠲᠡᠢ︔ ᠡᠭᠦᠨ ᠤ ᠬᠠᠮᠲᠤ᠂ ᠲᠤᠰᠬᠠᠢ ᠮᠡᠷᠭᠡᠵᠢᠯ ᠤᠨ ᠴᠢᠳᠠᠪᠤᠷᠢ ᠪᠠᠷ ᠲᠣᠪᠣᠶᠢᠮ᠎ᠠ᠂ | ᠰᠤᠷᠤᠯᠭ᠎ᠠ ᠶᠢᠨ ᠨᠠᠮᠲᠠᠷ᠂ ᠮᠡᠷᠭᠡᠵᠢᠯ ᠤᠨ ᠴᠣᠯᠠ ᠵᠡᠷᠭᠡ ᠲᠠᠯ᠎ᠠ ᠪᠠᠷ ᠨᠥᠬᠦᠴᠡᠯ ᠳᠤ ᠬᠦᠷᠬᠦ ᠦᠭᠡᠢ ᠮᠡᠷᠭᠡᠵᠢᠯ ᠤᠨ | ᠭᠤᠣᠯᠯᠠᠭᠴᠢ ᠬᠦᠴᠦᠨ ᠪᠠ ᠨᠢᠭᠡ ᠪᠦᠯᠦᠭ ᠠᠬᠠᠮᠠᠳ ᠪᠠᠭᠰᠢ᠂ ᠠᠬᠠᠮᠠᠳ ᠠᠵᠢᠯᠴᠢᠨ ᠢ ᠡᠯᠰᠡᠨ | ᠣᠷᠣᠭᠤᠯᠬᠤ ᠶᠢᠨ ᠲᠥᠯᠥᠭᠡ᠂ ᠠᠶᠤᠯᠭᠦᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠬᠤᠯᠪᠣᠭᠳᠠᠯ ᠪᠦᠬᠦᠢ ᠠᠵᠢᠯ ᠲᠥᠷᠥᠯ ᠤᠨ ᠬᠦᠷᠢᠶᠡᠨ ᠳᠤ ᠪᠦᠬᠦᠯᠢ 10 ᠵᠢᠯ | ᠠᠵᠢᠯᠯᠠᠭᠰᠠᠨ᠂ ᠦᠢᠯᠡᠳᠦᠯᠭᠡ ᠶᠢᠨ ᠲᠤᠷᠰᠢᠯᠭ᠎ᠠ ᠪᠠᠷ ᠪᠠᠶᠠᠯᠢᠭ ᠲᠤᠰᠬᠠᠢ ᠮᠡᠷᠭᠡᠵᠢᠯ ᠤᠨ ᠠᠵᠢᠯᠲᠠᠨ ︵ᠠᠵᠢᠯ | ᠠᠴᠠ ᠪᠠᠨ ᠠᠮᠠᠷᠠᠭᠰᠠᠳ ᠪᠠᠭᠲᠠᠨ᠎ᠠ︶ ᠳᠤ ᠳᠡᠭᠡᠷ᠎ᠡ ᠳᠤᠷᠠᠳᠤᠭᠰᠠᠨ ᠬᠢᠵᠠᠭᠠᠷᠯᠠᠯ ᠢ ᠬᠦᠯᠢᠶᠡᠬᠦ ᠦᠭᠡᠢ ᠪᠠᠶᠢᠵᠤ | ᠪᠣᠯᠣᠨ᠎ᠠ ᠭᠡᠵᠦ ᠲᠣᠳᠣᠷᠬᠠᠢ ᠲᠣᠭᠲᠠᠭᠠᠵᠠᠢ᠃ | | | ᠠᠰᠠᠭᠤᠯᠲᠠ᠄ ᠮᠡᠷᠭᠡᠵᠢᠯ ᠤᠨ ᠪᠠᠶᠢᠴᠠᠭᠠᠭᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠳᠤ ᠶᠠᠭᠤ ᠶᠠᠭᠤ | ᠪᠠᠶᠢᠬᠤ ᠪᠣᠶ︖ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠬᠡᠷᠬᠢᠨ ᠬᠠᠮᠵᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ | ᠥᠷᠨᠢᠭᠦᠯᠬᠦ ᠪᠣᠶ︖ | | | ᠬᠠᠷᠢᠭᠤᠯᠲᠠ᠄ ᠡᠮᠦᠨ᠎ᠡ ᠲᠠᠨᠢᠯᠴᠠᠭᠤᠯᠤᠭᠰᠠᠨ ᠲᠠᠢ ᠠᠳᠠᠯᠢ ᠪᠠᠷ᠂ ᠦᠨᠳᠦᠰᠦᠨ ᠱᠠᠲᠤᠨ ᠤ ᠪᠠᠴᠢᠮ | ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠲᠤᠰᠬᠠᠢ ᠮᠡᠷᠭᠡᠵᠢᠯ ᠤᠨ ᠴᠢᠳᠠᠪᠤᠷᠢᠲᠠᠨ ᠬᠦᠷᠦᠯᠴᠡᠬᠦ ᠦᠭᠡᠢ᠂ ︽ᠠᠮᠤᠷ ᠲᠦᠪᠰᠢᠨ ᠤ ᠪᠠᠶᠢᠴᠠᠭᠠᠯᠲᠠ ᠳᠤ | ᠠᠰᠠᠭᠤᠳᠠᠯ ᠭᠠᠷᠬᠤ ᠦᠭᠡᠢ︾ ᠪᠠᠶᠢᠳᠠᠯ ᠲᠣᠪᠣᠶᠢᠮ᠎ᠠ ᠪᠠᠶᠢᠨ᠎ᠠ᠂ ᠮᠡᠷᠭᠡᠵᠢᠯ ᠤᠨ ᠪᠠᠶᠢᠴᠠᠭᠠᠭᠴᠢ ᠶᠢ ᠤᠷᠢᠵᠤ | ᠬᠡᠷᠡᠭᠯᠡᠬᠦ ᠳᠤ ᠲᠤᠰᠬᠠᠢ ᠮᠡᠷᠭᠡᠵᠢᠯ ᠤᠨ ᠳᠠᠪᠠᠭᠤᠯᠢᠭ ᠢ ᠨᠢ ᠭᠦᠢᠴᠡᠳ ᠪᠠᠳᠠᠷᠠᠭᠤᠯᠬᠤ ᠬᠡᠷᠡᠭᠲᠡᠢ᠃ ᠡᠭᠦᠨ ᠤ ᠲᠤᠯᠠᠳᠠ | ᠂ ︽ᠲᠣᠭᠲᠠᠭᠠᠯ︾ ᠳᠤ᠂ ᠮᠡᠷᠭᠡᠵᠢᠯ ᠤᠨ ᠪᠠᠶᠢᠴᠠᠭᠠᠭᠴᠢ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ | ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠬᠢᠷᠠᠭᠤᠯᠤᠯᠲᠠ ᠶᠣᠰᠣᠭᠠᠷ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠬᠠᠪᠰᠤᠷᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ | ᠬᠠᠷᠢᠭᠤᠴᠠᠯᠭ᠎ᠠ ᠶᠢ ᠨᠢ ᠭᠦᠢᠴᠡᠳᠬᠡᠨ᠎ᠡ᠂ ᠬᠠᠮᠵᠢᠯᠴᠠᠬᠤ ᠵᠦᠢᠯᠡᠰ ᠲᠤ ᠭᠤᠣᠯᠳᠠᠭᠤ ᠲᠤᠬᠠᠢ ᠶᠢᠨ ᠲᠠᠯᠠᠪᠤᠷ ᠤᠨ | ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ᠂ ᠳᠠᠪᠲᠠᠨ ᠪᠠᠶᠢᠴᠠᠭᠠᠬᠤ ᠪᠠ ᠪᠠᠶᠢᠴᠠᠭᠠᠵᠤ ᠭᠡᠷᠡᠴᠢ ᠠᠪᠬᠤ ᠠᠵᠢᠯ ᠢ | ᠥᠷᠨᠢᠭᠦᠯᠬᠦ᠂ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠶᠢ ᠵᠠᠷᠯᠢᠭᠳᠠᠨ ᠵᠠᠯᠠᠷᠠᠭᠤᠯᠤᠭᠤᠯᠬᠤ᠂ ᠠᠶᠤᠯ | ᠡᠷᠡᠰᠳᠡᠯ ᠤᠨ ᠳᠠᠯᠳᠠ ᠬᠡᠮ ᠢ ᠠᠷᠢᠯᠭᠠᠬᠤ᠂ ᠵᠠᠰᠠᠭ ᠵᠠᠬᠢᠷᠭᠠᠨ ᠤ ᠬᠡᠷᠡᠭ ᠢ ᠰᠤᠳᠤᠯᠤᠨ ᠶᠠᠷᠢᠯᠴᠠᠬᠤ ᠳᠤ ᠣᠷᠤᠯᠴᠠᠬᠤ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠢ ᠭᠦᠢᠴᠡᠳᠬᠡᠬᠦ ᠵᠡᠷᠭᠡ ᠪᠠᠭᠲᠠᠨ᠎ᠠ ᠭᠡᠵᠦ ᠲᠣᠳᠣᠷᠬᠠᠢ | ᠲᠣᠭᠲᠠᠭᠠᠵᠠᠢ᠃ | | | ᠮᠡᠷᠭᠡᠵᠢᠯ ᠤᠨ ᠪᠠᠶᠢᠴᠠᠭᠠᠭᠴᠢ ᠡᠮᠦᠨᠡᠬᠢ ᠪᠠᠳᠠᠭ ᠲᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ | ᠭᠦᠢᠴᠡᠳᠬᠡᠬᠦ ᠳᠡᠭᠡᠨ ᠬᠤᠯᠪᠣᠭᠳᠠᠯ ᠪᠦᠬᠦᠢ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠢ | ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠭᠤᠣᠯᠳᠠᠯᠭ᠎ᠠ ᠲᠠᠢ ᠪᠠᠷ ᠪᠠᠶᠢᠴᠠᠭᠠᠵᠤ᠂ ᠲᠡᠬᠢᠠ | ᠪᠠᠶᠢᠴᠠᠭᠠᠬᠤ ᠶᠢᠨ ᠬᠠᠮᠲᠤ ᠬᠤᠯᠪᠣᠭᠳᠠᠯ ᠪᠦᠬᠦᠢ ᠪᠠᠶᠢᠴᠠᠭᠠᠯᠲᠠ ᠬᠢᠵᠦ ᠭᠡᠷᠡᠴᠢ ᠠᠪᠬᠤ ᠶᠠᠪᠤᠴᠠ ᠳᠤ ᠲᠤᠰᠬᠠᠢ | ᠮᠡᠷᠭᠡᠵᠢᠯ ᠤᠨ ᠴᠢᠨᠠᠷᠲᠠᠢ ᠰᠠᠨᠠᠯ ᠬᠠᠩᠭᠠᠬᠤ ᠬᠡᠷᠡᠭᠲᠡᠢ᠃ | | | ᠠᠰᠠᠭᠤᠯᠲᠠ᠄ ᠨᠡᠶᠢᠭᠡᠮ ᠤᠨ ᠬᠢᠨᠠᠯᠲᠠ ᠲᠠᠯᠪᠢᠭᠴᠢ ᠶᠠᠮᠠᠷ ᠶᠠᠮᠠᠷ ᠨᠥᠬᠦᠴᠡᠯ ᠢ ᠪᠦᠷᠢᠯᠳᠦᠭᠦᠯᠬᠦ ᠴᠢᠬᠤᠯᠠᠲᠠᠢ | ᠪᠣᠶ︖ ᠭᠤᠣᠯ ᠠᠵᠢᠯ ᠤᠨ ᠡᠭᠦᠷᠭᠡ ᠬᠠᠷᠢᠭᠤᠴᠠᠯᠭ᠎ᠠ ᠨᠢ ᠶᠠᠭᠤ ᠪᠣᠶ︖ | | | ᠬᠠᠷᠢᠭᠤᠯᠲᠠ᠄ ᠨᠡᠶᠢᠭᠡᠮ ᠤᠨ ᠬᠢᠨᠠᠯᠲᠠ ᠲᠠᠯᠪᠢᠭᠴᠢ ᠭᠤᠣᠯᠳᠠᠭᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯ ᠳᠤ ᠨᠡᠶᠢᠭᠡᠮ ᠤᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ | ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠢᠩᠭ᠎ᠠ ᠵᠢᠷᠤᠮᠵᠢᠭᠤᠨ ᠲᠥᠪ | ᠭᠤᠥᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠦᠢᠯᠡᠳᠦᠯ ᠢᠶᠠᠨ ᠪᠠᠳᠠᠷᠠᠭᠤᠯᠵᠤ᠂ ︽ᠲᠣᠭᠲᠠᠭᠠᠯ | ︾ ᠳᠤ ᠨᠡᠶᠢᠭᠡᠮ ᠤᠨ ᠬᠢᠨᠠᠯᠲᠠ ᠲᠠᠯᠪᠢᠭᠴᠢ ᠨᠡᠯᠢᠶᠡᠳ ᠥᠨᠳᠥᠷ ᠲᠥᠷᠥ ᠶᠢᠨ ᠪᠣᠳᠣᠯᠭ᠎ᠠ ᠶᠢᠨ ᠬᠢᠷᠢ ᠲᠦᠪᠰᠢᠨ ᠪᠠ | ᠨᠡᠯᠢᠶᠡᠳ ᠴᠢᠩᠭ᠎ᠠ ᠬᠠᠤᠯᠢ ᠪᠠᠷ ᠵᠠᠰᠠᠬᠤ ᠤᠬᠠᠮᠰᠠᠷ ᠲᠠᠢ ᠪᠠᠶᠢᠬᠤ ᠬᠡᠷᠡᠭᠲᠡᠢ᠂ ᠪᠠᠴᠢᠮ ᠶᠠᠭᠠᠷᠠᠯᠲᠠᠢ ᠲᠣᠬᠢᠶᠠᠯᠳᠤᠯ ᠳᠤ | ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠳᠤ ᠬᠠᠯᠠᠭᠤᠨ ᠰᠡᠳᠬᠢᠯ ᠲᠠᠢ ᠪᠠᠶᠢᠬᠤ ᠬᠡᠷᠡᠭᠲᠡᠢ ᠪᠥᠭᠡᠳ ᠵᠣᠬᠢᠬᠤ ᠨᠡᠶᠢᠭᠡᠮ ᠤᠨ ᠨᠥᠯᠥᠭᠡ ᠲᠠᠢ | ᠪᠠᠶᠢᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ | | | ᠨᠡᠶᠢᠭᠡᠮ ᠤᠨ ᠬᠢᠨᠠᠯᠲᠠ ᠲᠠᠯᠪᠢᠭᠴᠢ ᠶᠢᠨ ᠭᠤᠣᠯ ᠠᠵᠢᠯ ᠤᠨ ᠡᠭᠦᠷᠭᠡ ᠬᠠᠷᠢᠭᠤᠴᠠᠯᠭ᠎ᠠ ᠪᠣᠯ ᠪᠠᠴᠢᠮ | ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠤᠬᠠᠢ ᠨᠡᠶᠢᠭᠡᠮ ᠤᠨ ᠣᠯᠠᠨ ᠨᠡᠶᠢᠲᠡ ᠶᠢᠨ ᠰᠢᠭᠦᠮᠵᠢᠯᠡᠯ᠂ | ᠰᠠᠨᠠᠯ᠂ ᠰᠠᠨᠠᠭᠤᠯᠭ᠎ᠠ ᠶᠢ ᠲᠤᠰᠬᠠᠵᠤ᠂ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠪᠠ ᠠᠶᠤᠯ ᠡᠷᠡᠰᠳᠡᠯ ᠤᠨ | ᠳᠠᠯᠳᠠ ᠬᠡᠮ ᠤᠨ ᠠᠰᠠᠭᠤᠳᠠᠯ ᠤᠨ ᠰᠦᠪᠡᠭᠴᠢ ᠶᠢ ᠬᠠᠩᠭᠠᠵᠤ᠂ ᠡᠭᠦᠨ ᠢᠶᠠᠷ ᠪᠠᠴᠢᠮ ᠶᠠᠭᠠᠷᠠᠯᠲᠠᠢ ᠲᠣᠬᠢᠶᠠᠯᠳᠤᠯ ᠳᠤ | ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠢᠩᠭ᠎ᠠ ᠵᠢᠷᠤᠮᠵᠢᠭᠤᠨ ᠲᠥᠪ | ᠭᠤᠥᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠶᠠᠪᠤᠳᠠᠯ ᠪᠣᠯᠣᠨ᠎ᠠ᠃ | | | ᠠᠰᠠᠭᠤᠭᠰᠠᠨ ᠨᠢ᠄ ︽ᠲᠣᠭᠲᠠᠭᠠᠯ︾ ᠳᠤ ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ | ᠲᠠᠯᠪᠢᠭᠴᠢ ᠶᠢᠨ ᠬᠢᠨᠠᠯᠲᠠ ᠪᠠᠲᠤᠯᠠᠭ᠎ᠠ ᠶᠢᠨ ᠲᠤᠬᠠᠢ ᠲᠣᠳᠣᠷᠬᠠᠢ ᠲᠣᠭᠲᠠᠭᠠᠯ ᠭᠠᠷᠭᠠᠭᠰᠠᠨ ᠢ ᠪᠢᠳᠡ | ᠠᠩᠬᠠᠷᠤᠯ ᠳᠠᠭᠠᠨ ᠠᠪᠤᠪᠠ᠂ ᠡᠨᠡ ᠬᠡᠰᠡᠭ ᠪᠠᠶᠢᠳᠠᠯ ᠢ ᠲᠠᠨᠢᠯᠴᠠᠭᠤᠯᠵᠤ ᠪᠣᠯᠣᠨ᠎ᠠ ᠦᠦ︖ | | | ᠬᠠᠷᠢᠭᠤᠯᠲᠠ᠄ ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ ᠲᠠᠯᠪᠢᠭᠴᠢ ᠳᠤ᠂ ᠪᠢᠳᠡ ᠴᠢᠩᠭ᠎ᠠ | ᠬᠠᠮᠢᠶᠠᠷᠴᠤ ᠵᠤᠵᠠᠭᠠᠨ ᠬᠠᠶᠢᠷᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ︽ᠲᠣᠭᠲᠠᠭᠠᠯ︾ ᠳᠤ ᠬᠢᠨᠠᠯᠲᠠ | ᠬᠠᠮᠢᠶᠠᠷᠤᠯᠲᠠ ᠶᠢ ᠴᠢᠩᠳᠠᠯᠠᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠲᠤᠯᠠᠭ᠎ᠠ ᠶᠢ ᠴᠢᠩᠭᠠᠳᠬᠠᠬᠤ | ᠬᠤᠶᠠᠷ ᠲᠠᠯ᠎ᠠ ᠪᠠᠷ ᠵᠢᠷᠤᠮᠵᠢᠭᠤᠯᠪᠠ᠃ | | | ᠨᠢᠭᠡ ᠳᠤ ᠬᠢᠨᠠᠯᠲᠠ ᠬᠠᠮᠢᠶᠠᠷᠤᠯᠲᠠ ᠶᠢ ᠴᠢᠩᠳᠠᠯᠠᠪᠠ᠃ ᠬᠤᠯᠪᠣᠭᠳᠠᠯ ᠪᠦᠬᠦᠢ ᠮᠡᠷᠭᠡᠵᠢᠯ ᠤᠨ ᠪᠠᠶᠢᠴᠠᠭᠠᠭᠴᠢ | ᠪᠠ ᠨᠡᠶᠢᠭᠡᠮ ᠤᠨ ᠬᠢᠨᠠᠯᠲᠠ ᠲᠠᠯᠪᠢᠭᠴᠢ ᠳᠤ ᠡᠷᠬᠡ ᠲᠤᠰᠢᠶᠠᠯ ᠠᠴᠠ ᠪᠠᠨ ᠳᠠᠪᠠᠭᠰᠠᠨ᠂ ᠲᠣᠭᠲᠠᠭᠠᠯ ᠢ ᠵᠥᠷᠢᠴᠡᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠵᠡᠷᠭᠡ ᠦᠢᠯᠡ ᠠᠵᠢᠯᠯᠠᠭ᠎ᠠ ᠲᠠᠢ ᠪᠠᠶᠢᠪᠠᠯ᠂ ᠦᠢᠯᠡ ᠪᠠᠶᠢᠳᠠᠯ ᠤᠨ | ᠬᠢᠨᠢ ᠬᠦᠨᠳᠦ ᠬᠥᠩᠭᠡᠨ ᠢ ᠦᠵᠡᠵᠦ ᠪᠠᠶᠢᠭᠠᠳ ᠰᠢᠭᠦᠮᠵᠢᠯᠡᠨ ᠰᠤᠷᠭᠠᠬᠤ ᠪᠤᠶᠤ ᠨᠠᠮ ᠤᠨ ᠰᠠᠬᠢᠯᠭ᠎ᠠ ᠪᠠᠲᠤ ᠵᠠᠰᠠᠭ ᠤᠨ | ᠶᠠᠪᠤᠳᠠᠯ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ︔ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ | ᠬᠠᠤᠯᠢ ᠶᠣᠰᠣᠭᠠᠷ ᠬᠠᠤᠯᠢ ᠪᠠᠷᠢᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠡᠷᠭᠡ ᠡᠷᠬᠡᠲᠦ ᠪᠠᠶᠢᠭᠤᠯᠭ᠎ᠠ ᠪᠠᠶᠢᠴᠠᠭᠠᠯᠲᠠ ᠳᠤ ᠣᠷᠣᠯᠴᠠᠭᠰᠠᠨ ᠪᠠᠶᠢᠪᠠᠯ᠂ | ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠱᠠᠭᠠᠷᠳᠠᠯᠭ᠎ᠠ ᠶᠣᠰᠣᠭᠠᠷ ᠬᠤᠯᠪᠣᠭᠳᠠᠯ ᠪᠦᠬᠦᠢ ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ | ᠲᠠᠯᠪᠢᠭᠴᠢ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠡᠰᠡᠬᠦ᠂ ᠪᠤᠷᠤᠭᠤ ᠦᠢᠯᠡ | ᠠᠵᠢᠯᠯᠠᠭ᠎ᠠ ᠣᠷᠣᠰᠢᠵᠤ ᠪᠠᠶᠢᠬᠤ ᠡᠰᠡᠬᠦ ᠵᠡᠷᠭᠡ ᠠᠰᠠᠭᠤᠳᠠᠯ ᠢ ᠰᠤᠳᠤᠯᠤᠨ ᠨᠤᠲᠠᠯᠠᠬᠤ ᠠᠵᠢᠯ ᠢ ᠵᠣᠬᠢᠶᠠᠨ | ᠪᠠᠶᠢᠭᠤᠯᠬᠤ ᠶᠢᠨ ᠬᠠᠮᠲᠤ ᠪᠢᠴᠢᠭ ᠤᠨ ᠰᠠᠨᠠᠯ ᠭᠠᠷᠭᠠᠵᠤ᠂ ᠡᠷᠬᠡᠲᠦ ᠪᠠᠶᠢᠭᠤᠯᠭ᠎ᠠ ᠶᠢᠨ ᠬᠠᠷᠢᠭᠤᠴᠠᠯᠭ᠎ᠠ ᠶᠢ ᠮᠠᠭᠠᠳᠯᠠᠨ | ᠲᠣᠭᠲᠠᠭᠠᠬᠤ ᠯᠠᠪᠯᠠᠯᠲᠠ ᠪᠣᠯᠭᠠᠵᠤ ᠪᠣᠯᠣᠨ᠎ᠠ᠃ | | | ᠬᠤᠶᠠᠷ ᠲᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠲᠤᠯᠠᠭ᠎ᠠ ᠶᠢ ᠴᠢᠩᠭᠠᠳᠬᠠᠨ᠎ᠠ᠃ | ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ ᠲᠠᠯᠪᠢᠭᠴᠢ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ ᠠᠴᠠ ᠪᠣᠯᠵᠤ ᠰᠦᠷᠳᠡᠭᠦᠯᠦᠯ ᠰᠦᠷᠳᠡᠭᠦᠯᠦᠯ ᠳᠤ ᠤᠴᠠᠷᠠᠭᠰᠠᠨ᠂ ᠬᠡᠷᠡᠭ ᠥᠳᠥᠭᠡᠵᠦ | ᠲᠦᠢᠪᠡᠭᠡᠭᠰᠡᠨ᠂ ᠲᠠᠭᠠᠷᠢᠨ ᠬᠠᠷᠢᠶᠠᠵᠤ ᠭᠤᠲᠤᠭᠠᠨ ᠬᠠᠷᠢᠶᠠᠭᠰᠠᠨ ᠪᠤᠶᠤ ᠬᠥᠮᠥᠨ ᠤ ᠪᠡᠶ᠎ᠡ᠂ ᠡᠳ᠋ ᠬᠥᠷᠥᠩᠭᠡ ᠳᠤ | ᠬᠠᠯᠳᠠᠯᠭ᠎ᠠ ᠳᠤ ᠤᠴᠠᠷᠠᠭᠰᠠᠨ ᠪᠠᠶᠢᠪᠠᠯ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ | ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠬᠠᠢ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠤ ᠴᠠᠭ ᠲᠤᠬᠠᠢ ᠳᠤᠨᠢ ᠮᠡᠳᠡᠭᠳᠡᠬᠦ ᠶᠢᠨ ᠬᠠᠮᠲᠤ ᠬᠠᠤᠯᠢ ᠶᠣᠰᠣᠭᠠᠷ ᠬᠠᠮᠵᠢᠨ ᠰᠢᠢᠳᠪᠦᠷᠢᠯᠡᠬᠦ ᠬᠡᠷᠡᠭᠲᠡᠢ᠃ | ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ ᠲᠠᠯᠪᠢᠭᠴᠢ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ ᠠᠴᠠ ᠪᠣᠯᠵᠤ ᠦᠨᠡᠨ ᠪᠣᠳᠠᠲᠠᠢ ᠪᠤᠰᠤ ᠵᠠᠭᠠᠯᠳᠤᠯᠭ᠎ᠠ᠂ ᠭᠦᠳᠬᠡᠯ ᠳᠤ ᠤᠴᠠᠷᠠᠭᠰᠠᠨ ᠵᠢᠴᠢ | ᠭᠦᠳᠬᠡᠯ᠂ ᠳᠣᠷᠣᠮᠵᠢᠯᠠᠯ ᠳᠤ ᠤᠴᠠᠷᠠᠵᠤ᠂ ᠪᠠᠶᠢᠴᠠᠭᠠᠯᠲᠠ ᠪᠠᠷ ᠲᠠᠮᠵᠢᠨ ᠬᠠᠷᠢᠭᠤᠴᠠᠯᠭ᠎ᠠ ᠨᠡᠬᠡᠮᠵᠢᠯᠡᠬᠦ ᠦᠭᠡᠢ ᠭᠡᠵᠦ | ᠮᠠᠭᠠᠳᠯᠠᠨ ᠲᠣᠭᠲᠠᠭᠠᠭᠰᠠᠨ ᠪᠠᠶᠢᠪᠠᠯ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ | ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠣᠬᠢᠬᠤ ᠬᠡᠯᠪᠡᠷᠢ ᠪᠠᠷ ᠪᠣᠳᠠᠲᠤ ᠶᠠᠪᠤᠳᠠᠯ ᠢ ᠴᠠᠭ ᠲᠤᠬᠠᠢ ᠳᠤᠨᠢ | ᠲᠣᠳᠣᠷᠬᠠᠶᠢᠯᠠᠵᠤ᠂ ᠮᠠᠭᠤ ᠨᠥᠯᠥᠭᠡ ᠶᠢ ᠠᠷᠢᠯᠭᠠᠨ᠂ ᠬᠠᠤᠯᠢ ᠶᠣᠰᠣᠨ ᠤ ᠡᠷᠬᠡ ᠠᠰᠢᠭ ᠢ ᠨᠢ ᠬᠠᠮᠠᠭᠠᠯᠠᠬᠤ ᠬᠡᠷᠡᠭᠲᠡᠢ | ᠃ | | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠵᠦ ᠪᠠᠶᠢᠭ᠎ᠠ ᠪᠠᠴᠢᠮ ᠶᠠᠭᠠᠷᠠᠯᠲᠠᠢ | ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ ᠲᠠᠯᠪᠢᠭᠴᠢ ᠶᠢᠨ | ᠠᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶ |