| | | | | 2021 ᠣᠨ ᠤ 6 ᠰᠠᠷ᠎ᠠ ᠶᠢᠨ 10 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ ᠶᠢᠰᠦᠳᠦᠭᠡᠷ | ᠬᠤᠷᠠᠯ ᠠᠴᠠ ᠠᠶᠤᠯᠭᠦᠢ ᠦᠢᠯᠡᠳᠪᠦᠷᠢᠯᠡᠯ ᠤᠨ ᠬᠠᠤᠯᠢ ᠳᠤ ᠨᠡᠮᠡᠯᠲᠡ᠂ ᠥᠭᠡᠷᠡᠴᠢᠯᠡᠯᠲᠡ ᠣᠷᠣᠭᠤᠯᠬᠤ ᠲᠤᠬᠠᠢ | ᠲᠣᠭᠲᠠᠭᠠᠯ ᠢ ᠪᠠᠲᠤᠯᠠᠪᠠ᠃ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠤ ᠳᠠᠷᠠᠭᠠᠬᠢ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ︵ᠳᠣᠷᠣᠭᠰᠢ ᠠᠶᠤᠯᠭᠦᠢ | ᠦᠢᠯᠡᠳᠪᠦᠷᠢᠯᠡᠯ ᠤᠨ ᠰᠢᠨ᠎ᠡ ᠬᠠᠤᠯᠢ ᠭᠡᠵᠦ ᠲᠣᠪᠴᠢᠯᠠᠨ᠎ᠠ︶ ᠶᠢ ᠡᠨᠡ ᠵᠢᠯ ᠤᠨ 9 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | | | ᠠᠭᠤᠷᠬᠠᠢ ᠶᠢᠨ ᠠᠳᠡᠯ᠂ ᠭᠠᠯ ᠲᠦᠢᠮᠡᠷ ᠤᠨ ᠠᠶᠤᠯ᠂ ᠲᠡᠷᠭᠡᠨ ᠠᠳᠡᠯ᠂ ᠠᠳᠡᠯ ᠬᠡᠷᠡᠭ ᠁ ᠵᠠᠷᠢᠮ | ᠬᠥᠮᠥᠨ ᠤ ᠬᠡᠯᠡᠬᠦ ᠪᠠᠷ᠂ ᠣᠳᠣ ᠦᠶ᠎ᠡ ᠶᠢᠨ ᠪᠣᠯᠪᠠᠰᠤᠨ ᠤ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ | ᠠᠶᠤᠯᠭᠦᠢ ᠦᠢᠯᠡᠳᠪᠦᠷᠢᠯᠡᠯ ᠤᠨ ᠡᠯ᠎ᠡ ᠲᠥᠷᠥᠯ ᠤᠨ ᠠᠳᠡᠯ ᠬᠡᠷᠡᠭ ᠴᠦ ᠰᠡᠭᠦᠳᠡᠷ ᠮᠡᠲᠦ ᠳᠠᠭᠠᠵᠤ ᠪᠠᠶᠢᠨ᠎ᠠ᠃ | ᠮᠧᠹᠧᠢ ᠶᠢᠨ ᠬᠠᠤᠯᠢ ᠳᠦᠷᠢᠮ᠂ ᠬᠠᠶᠢᠨᠷᠢᠱ ᠤᠨ ᠬᠠᠤᠯᠢ ᠳᠦᠷᠢᠮ ᠵᠡᠷᠭᠡ ᠨᠢ ᠠᠳᠠᠯᠢ ᠪᠤᠰᠤ ᠳᠠᠪᠬᠤᠷᠭ᠎ᠠ ᠠᠴᠠ | ᠬᠥᠮᠥᠨ ᠲᠥᠷᠥᠯᠬᠢᠲᠡᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠵᠢᠮ᠎ᠡ ᠶᠣᠰᠣᠴᠢ ᠴᠢᠨᠠᠷ ᠤᠨ | ᠲᠤᠬᠠᠢ ᠲᠠᠨᠢᠯᠲᠠ ᠶᠢ ᠢᠯᠡᠷᠡᠭᠦᠯᠦᠭᠰᠡᠨ ᠪᠠᠶᠢᠨ᠎ᠠ᠃ ᠠᠶᠤᠯᠭᠦᠢ ᠦᠢᠯᠡᠳᠪᠦᠷᠢᠯᠡᠯ ᠤᠨ ᠠᠵᠢᠯᠯᠠᠭ᠎ᠠ ᠶᠢ ᠬᠠᠤᠯᠢ | ᠶᠣᠰᠣᠭᠠᠷ ᠵᠠᠰᠠᠬᠤ ᠨᠢ ᠳᠡᠯᠡᠬᠡᠢ ᠶᠢᠨ ᠬᠠᠮᠲᠤ ᠶᠢᠨ ᠲᠠᠨᠢᠯᠲᠠ ᠪᠠ ᠵᠤᠷᠰᠢᠯ ᠪᠣᠯᠵᠠᠢ᠃ ᠮᠠᠨ ᠤ ᠤᠯᠤᠰ ᠤᠨ ᠠᠶᠤᠯᠭᠦᠢ | ᠦᠢᠯᠡᠳᠪᠦᠷᠢᠯᠡᠯ ᠤᠨ ᠬᠠᠤᠯᠢ ᠶᠢ 2002 ᠣᠨ ᠳᠤ ᠨᠡᠶᠢᠲᠡᠯᠡᠨ ᠬᠡᠷᠡᠭᠵᠢᠭᠦᠯᠵᠦ᠂ 2009 ᠣᠨ ᠪᠠ 2014 | ᠣᠨ ᠳᠤ ᠬᠤᠶᠠᠷ ᠤᠳᠠᠭ᠎ᠠ ᠨᠡᠮᠡᠯᠲᠡ᠂ ᠥᠭᠡᠷᠡᠴᠢᠯᠡᠯᠲᠡ ᠣᠷᠣᠭᠤᠯᠵᠠᠢ᠃ ᠭᠠᠯ ᠲᠦᠢᠮᠡᠷ ᠢ ᠤᠨᠲᠠᠷᠠᠭᠠᠬᠤ᠂ ᠵᠠᠮ | ᠬᠠᠷᠢᠯᠴᠠᠭ᠎ᠠ ᠵᠡᠷᠭᠡ ᠠᠶᠤᠯᠭᠦᠢ ᠦᠢᠯᠡᠳᠪᠦᠷᠢᠯᠡᠯ ᠤᠨ ᠲᠤᠰᠬᠠᠢ ᠬᠠᠤᠯᠢ ᠴᠠᠭᠠᠵᠠ ᠲᠠᠢ ᠬᠠᠷᠢᠴᠠᠭᠤᠯᠪᠠᠯ᠂ ᠠᠶᠤᠯᠭᠦᠢ | ᠦᠢᠯᠡᠳᠪᠦᠷᠢᠯᠡᠯ ᠤᠨ ᠬᠠᠤᠯᠢ ᠪᠣᠯ ᠮᠠᠨ ᠤ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠳᠠᠬᠢ ᠰᠠᠭᠤᠷᠢ | ᠴᠢᠨᠠᠷᠲᠠᠢ᠂ ᠶᠡᠷᠦᠩᠬᠡᠶᠢᠯᠡᠭᠰᠡᠨ ᠴᠢᠨᠠᠷᠲᠠᠢ ᠬᠠᠤᠯᠢ ᠴᠠᠭᠠᠵᠠ ᠮᠥᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ | ᠬᠠᠤᠯᠢ ᠶᠣᠰᠣᠭᠠᠷ ᠴᠢᠩᠭᠠᠳᠬᠠᠬᠤ᠂ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠤᠷᠢᠳᠴᠢᠯᠠᠨ ᠰᠡᠷᠭᠡᠶᠢᠯᠡᠬᠦ ᠪᠠ | ᠪᠠᠭᠠᠰᠬᠠᠬᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠳᠤ ᠬᠠᠤᠯᠢ ᠪᠠᠷ | ᠵᠠᠰᠠᠬᠤ ᠴᠢᠬᠤᠯᠠ ᠪᠠᠲᠤᠯᠠᠭ᠎ᠠ ᠶᠢᠨ ᠦᠢᠯᠡᠳᠦᠯ ᠲᠠᠢ ᠶᠤᠮ᠃ | | | ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠠᠳᠬᠤᠬᠤ︾ ᠰᠢᠨ᠎ᠡ ᠪᠠᠶᠢᠷᠢᠰᠢᠯ | | | ᠨᠠᠮ ᠪᠣᠯᠣᠨ ᠵᠠᠰᠠᠭ ᠤᠨ ᠣᠷᠳᠣᠨ ᠠᠴᠠ ᠠᠶᠤᠯᠭᠦᠢ ᠦᠢᠯᠡᠳᠪᠦᠷᠢᠯᠡᠯ ᠤᠨ ᠠᠵᠢᠯ ᠢ ᠳᠥᠯ ᠢᠶᠠᠷ | ᠴᠢᠬᠤᠯᠠᠴᠢᠯᠠᠭᠰᠠᠭᠠᠷ ᠢᠷᠡᠵᠠᠢ᠂ ᠨᠠᠮ ᠤᠨ ᠤᠳᠤᠷᠢᠳᠤᠯᠭ᠎ᠠ ᠪᠣᠯᠣᠨ ︽ᠨᠢᠭᠡ ᠠᠵᠢᠯ ᠤᠨ ᠪᠠᠶᠢᠷᠢ ᠳᠤ ᠬᠤᠶᠠᠷ | ᠬᠠᠷᠢᠭᠤᠴᠠᠯᠭ᠎ᠠ ᠲᠠᠢ ᠪᠠᠶᠢᠬᠤ︾ ᠵᠡᠷᠭᠡ ᠱᠠᠭᠠᠷᠳᠠᠯᠭ᠎ᠠ ᠶᠢ ᠠᠯᠢ ᠡᠷᠲᠡ ᠠᠴᠠ ︽ᠠᠯᠪᠠᠨ ᠮᠠᠲ᠋ᠧᠷᠢᠶᠠᠯ︾ ᠳᠤ | ᠪᠢᠴᠢᠵᠦ ᠣᠷᠣᠭᠤᠯᠪᠠ᠂ ᠰᠢᠨ᠎ᠡ ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠡᠨᠡ ᠤᠳᠠᠭ᠎ᠠ ᠬᠠᠤᠯᠢ ᠴᠠᠭᠠᠵᠠ ᠶᠢᠨ | ᠵᠦᠢᠯ ᠵᠤᠷᠪᠤᠰ ᠲᠤ ᠵᠢᠩᠬᠢᠨᠢ ᠪᠠᠷ ᠪᠢᠴᠢᠵᠦ ᠣᠷᠣᠭᠤᠯᠪᠠ᠃ | | | ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠬᠥᠮᠥᠨ ᠢᠶᠠᠷ ᠦᠨᠳᠦᠰᠦ ᠪᠣᠯᠭᠠᠬᠤ ᠵᠠᠷᠴᠢᠮ ᠢ ᠠᠯᠢ | ᠡᠷᠲᠡ ᠠᠴᠠ ᠠᠶᠤᠯᠭᠦᠢ ᠦᠢᠯᠡᠳᠪᠦᠷᠢᠯᠡᠯ ᠤᠨ ᠬᠠᠤᠯᠢ ᠳᠤ ᠪᠢᠴᠢᠵᠦ ᠣᠷᠣᠭᠤᠯᠤᠭᠰᠠᠨ ᠶᠤᠮ᠃ ᠠᠶᠤᠯᠭᠦᠢ | ᠦᠢᠯᠡᠳᠪᠦᠷᠢᠯᠡᠯ ᠤᠨ ᠰᠢᠨ᠎ᠡ ᠬᠠᠤᠯᠢ ᠨᠢ ᠲᠡᠭᠦᠨ ᠢ ︽ᠠᠷᠠᠳ ᠲᠦᠮᠡᠨ ᠢ ᠳᠡᠭᠡᠳᠦᠯᠡᠵᠦ᠂ ᠠᠮᠢ ᠨᠠᠰᠤ ᠶᠢ | ᠳᠡᠭᠡᠳᠦᠯᠡᠬᠦ︾ ᠰᠢᠨ᠎ᠡ ᠥᠨᠳᠥᠷᠴᠡ ᠳᠤ ᠤᠯᠠᠮ ᠴᠢᠨᠠᠭᠰᠢᠳᠠ ᠳᠡᠭᠡᠭᠰᠢᠯᠡᠭᠦᠯᠵᠡᠢ᠃ | | | | | ᠰᠢᠨ᠎ᠡ ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠭᠤᠷᠪᠠᠳᠤᠭᠠᠷ ᠵᠦᠢᠯ ᠳᠤ᠄ ︽ᠠᠶᠤᠯᠭᠦᠢ | ᠦᠢᠯᠡᠳᠪᠦᠷᠢᠯᠡᠯ ᠤᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ︾ | ᠭᠡᠵᠦ ᠲᠣᠭᠲᠠᠭᠠᠵᠠᠢ᠃ ︽ᠠᠶᠤᠯᠭᠦᠢ ᠦᠢᠯᠡᠳᠪᠦᠷᠢᠯᠡᠯ ᠤᠨ ᠠᠵᠢᠯ ᠳᠤ ᠬᠥᠮᠥᠨ ᠢᠶᠠᠷ ᠦᠨᠳᠦᠰᠦ ᠪᠣᠯᠭᠠᠵᠤ᠂ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠮᠢ ᠨᠠᠰᠤᠨ ᠤ | ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠶᠤᠯᠭᠦᠢ ᠬᠥᠭᠵᠢᠯᠲᠡ ᠶᠢᠨ | ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠶᠤᠯᠭᠦᠢ ᠪᠠᠶᠢᠬᠤ ᠶᠢ ᠲᠡᠷᠢᠭᠦᠨ ᠳᠤ ᠲᠠᠯᠪᠢᠬᠤ᠂ ᠤᠷᠢᠳᠴᠢᠯᠠᠨ | ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ ᠴᠢᠭᠯᠡᠯᠲᠡ ᠶᠢ ᠪᠠᠷᠢᠮᠲᠠᠯᠠᠵᠤ᠂ ᠠᠮᠤᠷ ᠲᠦᠪᠰᠢᠨ ᠤ | ᠬᠦᠨᠳᠦ ᠨᠣᠴᠢᠲᠠᠢ ᠠᠶᠤᠯ ᠡᠷᠡᠰᠳᠡᠯ ᠢ ᠡᠬᠢ ᠰᠤᠷᠪᠤᠯᠵᠢ ᠠᠴᠠ ᠨᠢ ᠰᠡᠷᠭᠡᠶᠢᠯᠡᠨ ᠠᠷᠢᠯᠭᠠᠬᠤ ᠬᠡᠷᠡᠭᠲᠡᠢ᠃︾ ︽ | ᠠᠶᠤᠯᠭᠦᠢ ᠦᠢᠯᠡᠳᠪᠦᠷᠢᠯᠡᠯ ᠤᠨ ᠠᠵᠢᠯ ᠳᠤ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠶᠤᠯᠭᠦᠢ ᠪᠠᠶᠢᠬᠤ ᠶᠢ | ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ᠂ | ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ ᠶᠢ ᠬᠡᠷᠡᠭᠵᠢᠭᠦᠯᠵᠦ᠂ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠣᠯᠣᠨ ᠵᠠᠰᠠᠭ ᠤᠨ | ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭᠠᠳᠬᠠᠨ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠬᠠᠷᠢᠭᠤᠴᠠᠬᠤ᠂ ᠠᠵᠢᠯᠲᠠᠨ ᠠᠵᠢᠯᠴᠢᠨ ᠣᠷᠤᠯᠴᠠᠬᠤ᠂ ᠵᠠᠰᠠᠭ ᠤᠨ ᠣᠷᠳᠣᠨ ᠬᠢᠨᠠᠨ | ᠬᠠᠮᠢᠶᠠᠷᠬᠤ᠂ ᠠᠵᠢᠯ ᠲᠦᠷᠦᠯ ᠤᠨ ᠬᠢᠨ ᠥᠪᠡᠷ ᠢ ᠪᠠᠨ ᠱᠠᠭᠠᠷᠳᠠᠬᠤ ᠪᠠ ᠨᠡᠶᠢᠭᠡᠮ ᠠᠴᠠ ᠬᠢᠨᠠᠯᠲᠠ ᠲᠠᠯᠪᠢᠬᠤ | ᠲᠣᠭᠲᠠᠴᠠ ᠶᠢ ᠪᠠᠶᠢᠭᠤᠯᠤᠨ᠎ᠠ᠃︾ | | | ᠵᠠᠰᠠᠭ ᠤᠨ ᠣᠷᠳᠣᠨ ᠠᠴᠠ ︽ᠶᠡᠷᠦᠩᠬᠡᠢ︾ ᠶᠢ ᠬᠠᠮᠢᠶᠠᠷᠬᠤ ᠪᠠ ᠰᠠᠯᠠᠭ᠎ᠠ ᠮᠥᠴᠢᠷ ᠤᠳ ︽ᠬᠠᠮᠢᠶᠠᠷᠬᠤ︾ | ᠶᠢ ᠠᠳᠬᠤᠬᠤ | | | ᠵᠠᠰᠠᠭ ᠤᠨ ᠣᠷᠳᠣᠨ ᠠᠴᠠ ︽ᠶᠡᠷᠦᠩᠬᠡᠢ︾ ᠶᠢ ᠬᠠᠮᠢᠶᠠᠷᠤᠨ᠎ᠠ᠃ ᠰᠢᠨ᠎ᠡ ᠠᠶᠤᠯᠭᠦᠢ ᠦᠢᠯᠡᠳᠪᠦᠷᠢᠯᠡᠯ ᠤᠨ | ᠬᠠᠤᠯᠢ ᠶᠢᠨ ᠨᠠᠢᠮᠠᠳᠤᠭᠠᠷ ᠵᠦᠢᠯ ᠪᠠ ᠶᠢᠰᠦᠳᠦᠭᠡᠷ ᠵᠦᠢᠯ ᠳᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ | ᠨᠠᠢᠮᠠᠳᠤᠭᠠᠷ ᠵᠦᠢᠯ ᠤᠨ ᠨᠢᠭᠡ ᠬᠤᠪᠢ ᠶᠢᠨ ᠬᠤᠶᠠᠷ ᠬᠤᠪᠢ ᠠᠴᠠ ᠳᠡᠭᠡᠭᠰᠢ ᠳᠦᠷᠦ ᠶᠢᠨ ᠶᠠᠪᠤᠳᠠᠯ ᠤᠨ | ᠬᠤᠷᠢᠶ᠎ᠠ ᠠᠴᠠ ᠳᠣᠷᠣᠭᠰᠢ ᠵᠡᠭᠡᠯᠢ ᠭᠤᠳᠤᠮᠵᠢ ᠶᠢᠨ ᠠᠯᠪᠠᠨ ᠭᠡᠷ ᠬᠦᠷᠲᠡᠯ᠎ᠡ᠂ ᠵᠠᠰᠠᠭ ᠤᠨ ᠣᠷᠳᠣᠨ ᠤ ᠬᠤᠷᠸ᠎ᠠ | ᠲᠠᠯ᠎ᠠ ᠶᠢᠨ ᠡᠭᠦᠷᠭᠡ ᠴᠢᠳᠠᠪᠤᠷᠢ ᠪᠠ ᠬᠢᠨᠠᠨ ᠬᠠᠮᠢᠶᠠᠷᠬᠤ ᠠᠵᠢᠯ ᠤᠨ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢ | ᠨᠡᠩ ᠲᠤᠪᠤᠶᠢᠯᠭᠠᠪᠠ᠃ | | | ᠰᠠᠯᠠᠭ᠎ᠠ ᠮᠥᠴᠢᠷ ᠤᠨ ᠬᠢᠨ ︽ᠬᠠᠮᠢᠶᠠᠷᠬᠤ︾ ᠶᠢ ᠠᠳᠬᠤᠪᠠ᠃ ᠰᠢᠨ᠎ᠡ ᠠᠶᠤᠯᠭᠦᠢ ᠦᠢᠯᠡᠳᠪᠦᠷᠢᠯᠡᠯ ᠤᠨ | ᠬᠠᠤᠯᠢ ᠶᠢᠨ ᠠᠷᠪᠠᠳᠤᠭᠠᠷ ᠵᠦᠢᠯ ᠳᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ | ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ︽ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ︾ ᠶᠢ | ᠲᠣᠭᠲᠠᠭᠠᠵᠤ᠂ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ︽ᠠᠶᠤᠯᠭᠦᠢ ᠶᠢᠨ ᠬᠢᠨᠠᠯᠲᠠ︾ ᠯᠤᠭ᠎ᠠ | ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠡᠩ ᠲᠣᠳᠣᠷᠬᠠᠢ ᠪᠣᠯᠭᠠᠵᠠᠢ᠃ ᠠᠶᠤᠯᠭᠦᠢ | ᠦᠢᠯᠡᠳᠪᠦᠷᠢᠯᠡᠯ ᠤᠨ ᠰᠢᠨ᠎ᠡ ᠬᠠᠤᠯᠢ ᠳᠤ᠄ ︽ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ | ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠠᠵᠢᠯ ᠲᠦᠷᠦᠯ᠂ | ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠰᠠᠯᠠᠭ᠎ᠠ | ᠮᠥᠴᠢᠷ ᠢ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ | ᠮᠥᠴᠢᠷ ᠭᠡᠵᠦ ᠶᠡᠷᠦᠩᠬᠡᠶᠢᠯᠡᠨ ᠨᠡᠷᠡᠶᠢᠳᠦᠨ᠎ᠡ᠃ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠵᠤ᠂ ᠴᠤᠭᠭᠠᠷ ᠠᠳᠬᠤᠨ | ᠬᠠᠮᠲᠤ ᠪᠠᠷ ᠬᠠᠮᠢᠶᠠᠷᠴᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠡᠬᠢ ᠪᠠᠶᠠᠯᠢᠭ ᠢ ᠬᠠᠮᠲᠤ ᠪᠠᠷ ᠬᠡᠷᠡᠭᠯᠡᠵᠦ᠂ | ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠢ | ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ | | | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ | | | | ᠠᠶᠤᠯᠭᠦᠢ ᠦᠢᠯᠡᠳᠪᠦᠷᠢᠯᠡᠯ ᠤᠨ ᠡᠷᠬᠡ ᠪᠠ ᠬᠠᠷᠢᠭᠤᠴᠠᠯᠭ᠎ᠠ ᠶᠢ ᠢᠯᠠ ᠪᠣᠯᠭᠠᠬᠤ᠃ ᠰᠢᠨ᠎ᠡ ᠠᠶᠤᠯᠭᠦᠢ | ᠦᠢᠯᠡᠳᠪᠦᠷᠢᠯᠡᠯ ᠤᠨ ᠬᠠᠤᠯᠢ ᠶᠢᠨ ᠠᠷᠪᠠᠨ ᠳᠣᠯᠣᠳᠤᠭᠠᠷ ᠵᠦᠢᠯ ᠳᠤ᠄ ︽ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠶᠤᠯᠭᠦᠢ ᠦᠢᠯᠡᠳᠪᠦᠷᠢᠯᠡᠯ ᠢ ᠬᠢᠨᠠᠵᠤ | ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠠᠶᠤᠯᠭᠦᠢ | ᠦᠢᠯᠡᠳᠪᠦᠷᠢᠯᠡᠯ ᠤᠨ ᠡᠷᠬᠡ ᠪᠠ ᠬᠠᠷᠢᠭᠤᠴᠠᠯᠭ᠎ᠠ ᠶᠢᠨ ᠲᠣᠳᠣᠷᠬᠠᠢ ᠵᠢᠭᠰᠠᠭᠠᠯᠲᠠ ᠶᠢ ᠬᠠᠤᠯᠢ ᠶᠣᠰᠣᠭᠠᠷ | ᠨᠠᠶᠢᠷᠠᠭᠤᠯᠤᠨ ᠵᠣᠬᠢᠶᠠᠵᠤ᠂ ᠨᠡᠶᠢᠭᠡᠮ ᠤᠨ ᠬᠢᠨᠠᠯᠲᠠ ᠶᠢ ᠢᠯᠡ ᠪᠣᠯᠭᠠᠬᠤ ᠶᠢᠨ ᠬᠠᠮᠲᠤ ᠬᠦᠯᠢᠶᠡᠬᠦ ᠬᠡᠷᠡᠭᠲᠡᠢ︾ ᠭᠡᠵᠦ | ᠲᠣᠭᠲᠠᠭᠠᠵᠠᠢ᠃ | | | ᠪᠥᠬᠦ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ | | | ᠣᠶᠢᠷ᠎ᠠ ᠶᠢᠨ ᠵᠢᠯ ᠤᠳ ᠲᠤ ᠭᠠᠷᠤᠭᠰᠠᠨ ᠠᠯᠢ ᠤᠯᠠᠨ ᠡ᠊ᠨᠳᠡᠯ ᠤᠨ ᠰᠡᠷᠡᠮᠵᠢᠯᠡᠭᠦᠯᠦᠯ ᠳᠤ᠂ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠤᠯᠠᠮ ᠡᠷᠴᠢᠮᠲᠡᠢ ︽ᠬᠠᠷᠢᠭᠤᠴᠠᠯᠭ᠎ᠠ ᠶᠢ | ᠬᠥᠮᠥᠨ ᠳᠤᠨᠢ ᠨᠠᠶᠢᠳᠠᠪᠤᠷᠢᠵᠢᠭᠤᠯᠬᠤ︾ ᠴᠢᠬᠤᠯᠠᠲᠠᠢ ᠪᠠᠶᠢᠨ᠎ᠠ᠃ ᠬᠠᠷᠢᠭᠤᠴᠠᠯᠭᠠᠲᠠᠨ ᠢ ᠰᠠᠶᠢᠲᠤᠷ ᠠᠩᠬᠠᠷᠬᠤ | ᠬᠡᠷᠡᠭᠲᠡᠢ ᠮᠥᠷᠲᠡᠭᠡᠨ ᠪᠠᠰᠠ ︽ᠲᠤᠰ ᠨᠢᠭᠡᠴᠢ ᠶᠢᠨ ᠢᠶᠠᠨ ᠪᠦᠬᠦ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠪᠠ ᠨᠠᠶᠢᠳᠠᠪᠤᠷᠢᠵᠢᠭᠤᠯᠬᠤ︾ ᠬᠡᠷᠡᠭᠲᠡᠢ᠃ ᠰᠢᠨ᠎ᠡ | ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠲᠠᠪᠤᠳᠤᠭᠠᠷ ᠵᠦᠢᠯ ᠳᠤ᠄ ︽ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠶᠢᠨ ᠭᠤᠣᠯ ᠬᠠᠷᠢᠭᠤᠴᠠᠯᠭᠠᠲᠠᠨ ᠪᠣᠯ ᠲᠤᠰ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠨᠢᠭᠡᠳᠦᠭᠡᠷ | ᠬᠠᠷᠢᠭᠤᠴᠠᠯᠭᠠᠲᠠᠨ ᠮᠥᠨ᠂ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ | ᠬᠠᠷᠢᠭᠤᠴᠠᠨ᠎ᠠ᠂ ᠪᠤᠰᠤᠳ ᠬᠠᠷᠢᠭᠤᠴᠠᠯᠭᠠᠲᠠᠨ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠠᠬᠢ ᠠᠶᠤᠯᠭᠦᠢ | ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ︾ ᠭᠡᠵᠦ ᠲᠣᠭᠲᠠᠭᠠᠵᠠᠢ᠃ | | | ︽ᠨᠢᠭᠡᠳᠦᠭᠡᠷ ᠭᠠᠷ︾ ᠤᠨ ᠲᠤᠰᠢᠶᠠᠯ ᠬᠠᠷᠢᠭᠤᠴᠠᠯᠭ᠎ᠠ ᠳᠤ ︽ᠪᠦᠬᠦ ᠠᠵᠢᠯᠲᠠᠨ ᠤ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ︾ ᠢ ᠠᠩᠬ᠎ᠠ ᠤᠳᠠᠭ᠎ᠠ ᠲᠣᠳᠣᠷᠬᠠᠢ ᠲᠣᠭᠲᠠᠭᠠᠵᠠᠢ᠃ ᠰᠢᠨ᠎ᠡ | ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠬᠤᠷᠢᠨ ᠨᠢᠭᠡᠳᠦᠭᠡᠷ ᠵᠦᠢᠯ ᠳᠤ᠄ ︽ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠲᠤᠰ ᠨᠢᠭᠡᠴᠢ ᠶᠢᠨ ᠢᠶᠠᠨ ᠠᠶᠤᠯᠭᠦᠢ | ᠦᠢᠯᠡᠳᠪᠦᠷᠢᠯᠡᠯ ᠤᠨ ᠠᠵᠢᠯ ᠳᠤ ᠳᠣᠣᠷ᠎ᠠ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ᠄ ︵ᠨᠢᠭᠡ︶ | ᠲᠤᠰ ᠨᠢᠭᠡᠴᠢ ᠶᠢᠨ ᠢᠶᠠᠨ ᠪᠦᠬᠦ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ | ᠪᠠᠶᠢᠭᠤᠯᠤᠨ ᠪᠦᠷᠢᠨᠰᠢᠭᠦᠯᠬᠦ ᠪᠥᠭᠡᠳ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ | ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ︔ ︵ᠬᠤᠶᠠᠷ︶ ᠲᠤᠰ ᠨᠢᠭᠡᠴᠢ ᠶᠢᠨ ᠢᠶᠠᠨ | ᠠᠶᠤᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠪᠠ ᠠᠵᠢᠯᠯᠠᠬᠤ ᠳᠦᠷᠢᠮᠵᠢᠯ ᠢ ᠵᠣᠬᠢᠶᠠᠨ ᠪᠠᠶᠢᠭᠤᠯᠵᠤ | ᠲᠣᠭᠲᠠᠭᠠᠬᠤ ᠪᠥᠭᠡᠳ ᠬᠡᠷᠡᠭᠵᠢᠭᠦᠯᠦᠨ᠎ᠡ︔ ︵ᠭᠤᠷᠪᠠ︶ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ | ᠬᠥᠮᠦᠵᠢᠯ ᠪᠣᠯᠪᠠᠰᠤᠷᠠᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠵᠤ ᠲᠣᠭᠲᠠᠭᠠᠬᠤ ᠪᠥᠭᠡᠳ ᠬᠡᠷᠡᠭᠵᠢᠭᠦᠯᠦᠨ᠎ᠡ︔ ︵ | ᠳᠥᠷᠪᠡ︶ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠣᠷᠣᠭᠤᠯᠤᠯᠲᠠ ᠶᠢᠨ ᠪᠦᠲᠦᠮᠵᠢᠲᠡᠶ | ᠬᠡᠷᠡᠭᠵᠢᠭᠦᠯᠦᠭᠳᠡᠬᠦ ᠶᠢ ᠪᠠᠲᠤᠯᠠᠨ᠎ᠠ︔ ︵ᠲᠠᠪᠤ︶ ᠠᠮᠤᠷ ᠲᠦᠪᠰᠢᠨ ᠤ ᠡᠷᠡᠰᠳᠡᠯ ᠢ ᠱᠠᠲᠤ ᠬᠤᠪᠢᠶᠠᠨ ᠬᠠᠮᠢᠶᠠᠷᠤᠨ | ᠡᠵᠡᠮᠳᠡᠬᠦ ᠪᠠ ᠳᠠᠯᠳᠠ ᠬᠡᠮ ᠢ ᠨᠠᠷᠢᠪᠴᠢᠯᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠠᠵᠢᠯ ᠤᠨ | ᠲᠣᠭᠲᠠᠴᠠ ᠶᠢ ᠵᠣᠬᠢᠶᠠᠨ ᠪᠠᠶᠢᠭᠤᠯᠤᠨ ᠪᠠᠶᠢᠭᠤᠯᠬᠤ ᠶᠢᠨ ᠬᠠᠮᠲᠤ ᠨᠠᠶᠢᠳᠠᠪᠤᠷᠢᠵᠢᠭᠤᠯᠵᠤ᠂ ᠲᠣᠰ ᠨᠢᠭᠡᠴᠡ ᠶᠢᠨ ᠢᠶᠠᠨ | ᠠᠶᠤᠯᠭᠦᠢ ᠦᠢᠯᠡᠳᠪᠦᠷᠢᠯᠡᠯ ᠤᠨ ᠠᠵᠢᠯ ᠢ ᠰᠢᠮᠳᠠᠭᠤᠯᠤᠨ ᠪᠠᠶᠢᠴᠠᠭᠠᠵᠤ᠂ ᠦᠢᠯᠡᠳᠪᠦᠷᠢᠯᠡᠯ ᠤᠨ ᠠᠶᠤᠯᠭᠦᠢ ᠶᠢᠨ | ᠠᠳᠡᠯ ᠤᠨ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ︔ ︵ᠵᠢᠷᠭᠤᠭ᠎ᠠ︶ ᠲᠤᠰ ᠨᠢᠭᠡᠴᠢ ᠶᠢᠨ ᠢᠶᠠᠨ | ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ | ᠬᠡᠮᠵᠢᠶ᠎ᠡ ᠠᠪᠬᠤ ᠠᠪᠤᠷᠠᠨ ᠲᠤᠰᠠᠯᠠᠬᠤ ᠤᠷᠢᠳᠴᠢᠯᠠᠭᠰᠠᠨ ᠲᠥᠰᠥᠯ ᠢ ᠵᠣᠬᠢᠶᠠᠨ ᠪᠠᠶᠢᠭᠤᠯᠵᠤ ᠲᠣᠭᠲᠠᠭᠠᠬᠤ ᠪᠥᠭᠡᠳ | ᠬᠡᠷᠡᠭᠵᠢᠭᠦᠯᠦᠨ᠎ᠡ︔ | ︵ᠲᠤᠯᠤᠭ᠎ᠠ︶ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠴᠠᠭ ᠲᠤᠬᠠᠢ ᠳᠤᠨᠢ ᠦᠨᠡᠨ ᠮᠥᠨ ᠢᠶᠠᠷ | ᠨᠢ ᠮᠡᠳᠡᠭᠦᠯᠦᠨ᠎ᠡ᠃︾ | | | ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠢ ᠬᠠᠷᠢᠭᠤᠴᠠᠬᠤ ᠪᠠᠶᠢᠭᠤᠯᠤᠮᠵᠢ | ᠪᠠ ᠲᠤᠰᠬᠠᠢ ᠬᠠᠷᠢᠭᠤᠴᠠᠬᠤ ᠠᠵᠢᠯᠲᠠᠨ ᠤ ᠲᠤᠰᠢᠶᠠᠯ ᠬᠠᠷᠢᠭᠤᠴᠠᠯᠭ᠎ᠠ᠃ ᠰᠢᠨ᠎ᠡ ᠠᠶᠤᠯᠭᠦᠢ ᠦᠢᠯᠡᠳᠪᠦᠷᠢᠯᠡᠯ ᠤᠨ | ᠬᠠᠤᠯᠢ ᠶᠢᠨ ᠬᠤᠷᠢᠨ ᠲᠠᠪᠤᠳᠤᠭᠠᠷ ᠵᠦᠢᠯ ᠳᠤ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠠᠵᠢᠯᠲᠠᠨ ᠳᠣᠣᠷ᠎ᠠ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠄ ︵ᠨᠢᠭᠡ︶ ᠲᠤᠰ | ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ᠂ ᠠᠵᠢᠯᠯᠠᠬᠤ ᠳᠦᠷᠢᠮ ᠪᠣᠯᠣᠨ | ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ | ᠬᠡᠮᠵᠢᠶ᠎ᠡ ᠠᠪᠴᠤ ᠠᠪᠤᠷᠠᠨ ᠲᠤᠰᠠᠯᠠᠬᠤ ᠤᠷᠢᠳᠴᠢᠯᠠᠭᠰᠠᠨ ᠲᠥᠰᠥᠯ ᠢ ᠲᠤᠭᠤᠷᠪᠢᠨ ᠲᠣᠭᠲᠠᠭᠠᠬᠤ ᠶᠢ ᠵᠣᠬᠢᠶᠠᠨ | ᠪᠠᠶᠢᠭᠤᠯᠬᠤ ᠪᠤᠶᠤ ᠲᠡᠭᠦᠨ ᠳᠤ ᠣᠷᠣᠯᠴᠠᠨ᠎ᠠ︔ ︵ᠬᠤᠶᠠᠷ︶ ᠲᠤᠰ ᠨᠢᠭᠡᠴᠢ ᠶᠢᠨ ᠢᠶᠠᠨ ᠠᠶᠤᠯᠭᠦᠢ | ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠵᠤ᠂ ᠠᠶᠤᠯᠭᠦᠢ | ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠤᠨ ᠪᠠᠶᠢᠳᠠᠯ ᠢ ᠦᠨᠡᠨ ᠮᠥᠨ ᠢᠶᠠᠷ ᠨᠢ ᠲᠡᠮᠳᠡᠭᠯᠡᠨ᠎ᠡ︔ ︵ᠭᠤᠷᠪᠠ︶ | ᠠᠶᠤᠯ ᠤᠨ ᠡᠬᠢ ᠰᠤᠷᠪᠤᠯᠵᠢ ᠶᠢ ᠢᠯᠭᠠᠨ ᠲᠠᠨᠢᠬᠤ ᠪᠠ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠲᠤᠰ ᠨᠢᠭᠡᠴᠢ ᠶᠢᠨ ᠢᠶᠠᠨ ᠬᠦᠨᠳᠦ ᠨᠣᠴᠢᠲᠠᠢ ᠠᠶᠤᠯ ᠤᠨ ᠡᠬᠢ ᠰᠤᠷᠪᠤᠯᠵᠢ ᠶᠢᠨ ᠠᠶᠤᠯᠭᠦᠢ ᠶᠢᠨ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠱᠠᠯᠠᠪᠳᠠᠨ ᠨᠠᠶᠢᠳᠠᠪᠤᠷᠢᠵᠢᠭᠤᠯᠤᠨ᠎ᠠ︔ ︵ᠳᠥᠷᠪᠡ︶ ᠲᠤᠰ | ᠨᠢᠭᠡᠴᠢ ᠶᠢᠨ ᠢᠶᠠᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠴᠤ ᠠᠪᠤᠷᠠᠨ | ᠲᠤᠰᠠᠯᠠᠬᠤ ᠰᠣᠷᠢᠯᠲᠠ ᠶᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠨ᠎ᠠ︔ ︵ᠲᠠᠪᠤ︶ ᠲᠤᠰ | ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠵᠤ᠂ ᠦᠢᠯᠡᠳᠪᠦᠷᠢᠯᠡᠯ ᠤᠨ ᠠᠶᠤᠯᠭᠦᠢ ᠶᠢᠨ | ᠡ᠊ᠨᠳᠡᠯ ᠤᠨ ᠲᠡᠯᠳᠠ ᠭᠡᠮ ᠢ ᠴᠠᠭ ᠲᠤᠬᠠᠢ ᠳᠤᠨᠢ ᠨᠠᠷᠢᠪᠴᠢᠯᠠᠨ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠨ᠎ᠠ︔ ︵ᠵᠢᠷᠭᠤᠭ᠎ᠠ︶ ᠳᠦᠷᠢᠮ ᠠᠴᠠ ᠵᠥᠷᠢᠴᠡᠨ | ᠵᠢᠯᠤᠭᠤᠳᠬᠤ᠂ ᠠᠯᠪᠡᠳᠡᠠ ᠵᠠᠷᠯᠢᠭᠳᠠᠵᠤ ᠭᠡᠨᠡᠨ ᠢᠶᠠᠷ ᠠᠵᠢᠯᠯᠠᠭᠤᠯᠬᠤ᠂ ᠠᠵᠢᠯᠯᠠᠬᠤ ᠳᠦᠷᠢᠮ ᠢ ᠵᠥᠷᠢᠴᠡᠬᠦ ᠤᠢᠢᠯᠠ | ᠠᠵᠢᠯᠯᠠᠭ᠎ᠠ ᠶᠢ ᠬᠤᠷᠢᠭᠯᠠᠨ ᠵᠣᠭᠰᠤᠭᠠᠬᠤ ᠪᠠ ᠵᠠᠯᠠᠷᠠᠭᠤᠯᠤᠨ᠎ᠠ︔ ︵ᠲᠤᠯᠤᠭ᠎ᠠ︶ ᠲᠤᠰ ᠨᠢᠭᠡᠴᠢ ᠶᠢᠨ ᠢᠶᠠᠨ | ᠠᠶᠤᠯᠭᠦᠢ ᠦᠢᠯᠡᠳᠪᠦᠷᠢᠯᠡᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠱᠠᠯᠠᠪᠳᠠᠨ | ᠨᠠᠶᠢᠳᠠᠪᠤᠷᠢᠵᠢᠭᠤᠯᠤᠨ᠎ᠠ︾᠂ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠠᠶᠤᠯᠭᠦᠢ ᠦᠢᠯᠡᠳᠪᠦᠷᠢᠯᠡᠯ ᠢ | ᠬᠤᠪᠢᠳᠠᠨ ᠬᠠᠮᠢᠶᠠᠷᠬᠤ ᠲᠤᠰᠬᠠᠢ ᠲᠤᠰᠢᠶᠠᠯᠲᠤ ᠬᠠᠷᠢᠭᠤᠴᠠᠯᠭᠠᠲᠠᠨ ᠲᠣᠬᠢᠷᠠᠭᠤᠯᠵᠤ᠂ ᠲᠤᠰ ᠨᠢᠭᠡᠴᠢ ᠶᠢᠨ ᠢᠶᠠᠨ | ᠭᠤᠣᠯ ᠬᠠᠷᠢᠭᠤᠴᠠᠯᠭᠠᠲᠠᠨ ᠢ ᠬᠠᠪᠰᠤᠷᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠢᠶᠠᠯ | ᠬᠠᠷᠢᠭᠤᠴᠠᠯᠭ᠎ᠠ ᠶᠢ ᠨᠢ ᠭᠦᠢᠴᠡᠳᠬᠡᠭᠦᠯᠵᠦ ᠪᠣᠯᠣᠨ᠎ᠠ᠃︾ | | | ᠵᠠᠰᠠᠭ ᠵᠠᠬᠢᠷᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ | | | ᠡᠷᠡᠭᠦᠦ ᠶᠢᠨ ᠬᠠᠤᠯᠢ ᠳᠤ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠲᠥᠰᠥᠯ ︵ᠠᠷᠪᠠᠨ ᠨᠢᠭᠡ︶ ᠳᠤ | ᠦᠢᠯᠡᠳᠪᠦᠷᠢᠯᠡᠯ ᠤᠨ ᠠᠶᠤᠯᠭᠦᠢ ᠶᠢᠨ ᠰᠢᠨ᠎ᠡ ᠶᠠᠯ᠎ᠠ ᠶᠢᠨ ᠨᠡᠷ᠎ᠡ ᠶᠢ ᠨᠡᠮᠡᠪᠡ᠃ ᠵᠢᠱᠢᠶᠡᠯᠡᠪᠡᠯ ᠠᠶᠤᠯᠲᠠᠢ ᠠᠵᠢᠯ | ᠬᠢᠭᠰᠡᠨ ᠶᠠᠯ᠎ᠠ ᠳᠤ᠂ ᠠᠶᠤᠯᠭᠦᠢ ᠶᠢᠨ ᠲᠣᠨᠣᠭᠯᠠᠯ ᠤᠨ ᠲᠦᠷᠦᠯ ᠢ ᠬᠠᠷᠰᠢᠯᠠᠭᠰᠠᠨ᠂ ᠵᠠᠯᠠᠷᠠᠭᠤᠯᠬᠤ ᠶᠢ ᠲᠡᠪᠴᠢᠭᠰᠡᠨ | ᠲᠦᠷᠦᠯ᠂ ᠳᠤᠷ᠎ᠠ ᠪᠠᠷ ᠢᠶᠠᠨ ᠬᠢᠭᠰᠡᠨ ᠲᠦᠷᠦᠯ ᠤᠨ ᠬᠠᠤᠯᠢ ᠶᠢ ᠵᠥᠷᠢᠴᠡᠭᠰᠡᠨ ᠭᠤᠷᠪᠠᠨ ᠲᠦᠷᠦᠯ ᠤᠨ ᠦᠢᠯᠡ | ᠠᠵᠢᠯᠯᠠᠭ᠎ᠠ ᠳᠤ᠂ ᠠᠶᠤᠯᠭᠦᠢ ᠶᠢᠨ ᠡ᠊ᠨᠳᠡᠯ ᠭᠠᠷᠤᠭᠰᠠᠨ ᠦᠭᠡᠢ ᠠᠴᠠ ᠪᠣᠯᠵᠤ ᠬᠥᠮᠥᠨ ᠬᠠᠷ᠎ᠠ ᠡᠳ᠋ ᠬᠥᠷᠥᠩᠭᠡ ᠳᠤ | ᠬᠤᠬᠢᠷᠠᠯ ᠤᠴᠠᠷᠠᠭᠤᠯᠤᠭᠰᠠᠨ ᠪᠣᠯᠪᠠᠴᠤ ︽ᠦᠬᠦᠵᠦ ᠰᠢᠷᠬᠠᠲᠤᠭᠰᠠᠨ ᠬᠦᠨᠳᠦ ᠨᠣᠴᠢᠲᠠᠢ ᠡ᠊ᠨᠳᠡᠯ ᠪᠤᠶᠤ ᠪᠤᠰᠤᠳ | ᠬᠦᠨᠳᠦ ᠨᠣᠴᠢᠲᠠᠢ ᠤᠷᠰᠢᠭ ᠲᠠᠲᠠᠭᠰᠠᠨ ᠪᠣᠳᠠᠲᠤ ᠠᠶᠤᠯ ᠲᠠᠢ︾ ᠯᠠ ᠶᠤᠮ ᠪᠣᠯ ᠠᠶᠤᠯᠲᠠᠢ ᠠᠵᠢᠯ ᠬᠢᠭᠰᠡᠨ | ᠶᠠᠯ᠎ᠠ ᠶᠢᠨ ᠡᠷᠡᠭᠦᠦ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ ᠡᠭᠦᠨ ᠲᠠᠢ ᠢᠵᠢ ᠪᠦᠷᠢᠳᠦᠭᠦᠯᠦᠨ᠂ | ᠠᠶᠤᠯᠭᠦᠢ ᠦᠢᠯᠡᠳᠪᠦᠷᠢᠯᠡᠯ ᠤᠨ ᠰᠢᠨ᠎ᠡ ᠬᠠᠤᠯᠢ ᠶᠢᠨ ᠲᠤᠬᠠᠢ ᠪᠠᠰᠠ ᠤᠯᠠᠨ ᠭᠠᠵᠠᠷ ᠲᠤ ᠲᠣᠭᠲᠠᠭᠠᠯ ᠭᠠᠷᠭᠠᠵᠠᠢ᠃ | | | ᠠᠶᠤᠯᠭᠦᠢ ᠶᠢᠨ ᠲᠣᠨᠣᠭᠯᠠᠯ ᠤᠨ ᠲᠦᠷᠦᠯ ᠢ ᠬᠠᠷᠰᠢᠯᠠᠭᠰᠠᠨ ᠦᠢᠯᠡ ᠠᠵᠢᠯᠯᠠᠭ᠎ᠠ᠃ ᠰᠢᠨ᠎ᠡ ᠠᠶᠤᠯᠭᠦᠢ | ᠦᠢᠯᠡᠳᠪᠦᠷᠢᠯᠡᠯ ᠤᠨ ᠬᠠᠤᠯᠢ ᠶᠢᠨ ᠭᠤᠴᠢᠨ ᠵᠢᠷᠭᠤᠳᠤᠭᠠᠷ ᠵᠦᠢᠯ ᠳᠤ ᠬᠤᠶᠠᠷ ᠪᠠᠳᠠᠭ ᠨᠡᠮᠡᠪᠡ᠂ ᠲᠤᠬᠠᠶᠢᠯᠠᠪᠠᠯ | ᠭᠤᠷᠪᠠᠳᠤᠭᠠᠷ᠂ ᠳᠥᠷᠪᠡᠳᠦᠭᠡᠷ ᠪᠠᠳᠠᠭ ᠲᠤ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠦᠢᠯᠡᠳᠪᠦᠷᠢᠯᠡᠯ ᠤᠨ | ᠠᠶᠤᠯᠭᠦᠢ ᠪᠠᠶᠢᠳᠠᠯ ᠳᠤ ᠰᠢᠭᠤᠳ ᠬᠤᠯᠪᠣᠭᠳᠠᠬᠤ ᠬᠢᠨᠠᠨ ᠡᠵᠡᠮᠳᠡᠬᠦ᠂ ᠲᠦᠭᠰᠢᠭᠦᠷᠢ ᠮᠡᠳᠡᠭᠦᠯᠬᠦ᠂ ᠰᠡᠷᠭᠡᠶᠢᠯᠡᠨ | ᠬᠠᠮᠠᠭᠠᠯᠠᠬᠤ᠂ ᠠᠪᠤᠷᠠᠬᠤ ᠲᠤᠨᠤᠬ ᠲᠥᠬᠦᠭᠡᠷᠦᠮᠵᠢ᠂ ᠪᠡᠯᠡᠳᠬᠡᠮᠵᠢ ᠶᠢ ᠬᠠᠭᠠᠵᠤ᠂ ᠡᠪᠳᠡᠵᠦ ᠪᠣᠯᠬᠤ ᠦᠭᠡᠢ᠂ | ᠡᠰᠡᠬᠦᠯ᠎ᠡ ᠬᠤᠯᠪᠣᠭᠳᠠᠯ ᠪᠦᠬᠦᠢ ᠲᠤᠭ᠎ᠠ ᠪᠠᠷᠢᠮᠲᠠ᠂ ᠮᠡᠳᠡᠭᠡ ᠵᠠᠩᠭᠢ ᠶᠢ ᠨᠢ ᠥᠭᠡᠷᠡᠲᠦᠭᠦᠯᠵᠦ᠂ ᠨᠢᠭᠤᠨ ᠳᠠᠯᠳᠠᠯᠠᠵᠤ | ᠂ ᠤᠰᠠᠳᠬᠠᠵᠤ ᠪᠣᠯᠬᠤ ᠦᠭᠡᠢ᠃︾ ︽ᠢᠳᠡᠭᠡᠨ ᠤᠮᠳᠠᠭᠠᠨ ᠵᠡᠷᠭᠡ ᠠᠵᠢᠯ ᠲᠦᠷᠦᠯ ᠤᠨ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠰᠢᠲᠠᠮᠠᠬᠠᠢ ᠬᠡᠢ ᠬᠡᠷᠡᠭᠯᠡᠬᠦ ᠳᠤ ᠬᠦᠷᠪᠡᠯ᠂ ᠰᠢᠲᠠᠮᠠᠬᠠᠢ ᠬᠡᠢ ᠪᠡᠶᠡᠲᠦ ᠶᠢᠨ ᠲᠦᠭᠰᠢᠭᠦᠷᠢ | ᠮᠡᠳᠡᠭᠡᠯᠡᠬᠦ ᠲᠣᠨᠣᠭᠯᠠᠯ ᠤᠭᠰᠠᠷᠠᠬᠤ ᠶᠢᠨ ᠬᠠᠮᠲᠤ ᠲᠡᠭᠦᠨ ᠤ ᠬᠡᠪ ᠤᠨ ᠬᠡᠷᠡᠭᠯᠡᠯᠲᠡ ᠶᠢ ᠪᠠᠲᠤᠯᠠᠬᠤ ᠬᠡᠷᠡᠭᠲᠡᠢ︾ ᠭᠡᠵᠦ | ᠨᠡᠮᠡᠯᠲᠡ ᠥᠭᠡᠷᠡᠴᠢᠯᠡᠯᠲᠡ ᠣᠷᠣᠭᠤᠯᠪᠠ᠃ | | | ᠵᠠᠯᠠᠷᠠᠭᠤᠯᠬᠤ ᠶᠢ ᠲᠡᠪᠴᠢᠭᠰᠡᠨ ᠲᠦᠷᠦᠯ ᠵᠦᠢᠯ ᠨᠢ ᠤᠯᠠᠨ ᠵᠦᠢᠯ ᠵᠤᠷᠪᠤᠰ ᠲᠤ ᠬᠤᠯᠪᠣᠭᠳᠠᠨ᠎ᠠ᠃ | ᠰᠢᠨ᠎ᠡ ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠵᠠᠭᠤ ᠨᠢᠭᠡᠳᠦᠭᠡᠷ ᠵᠦᠢᠯ ᠳᠤ᠄ ︽ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ | ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠠᠷᠪᠠᠨ ᠲᠦᠮᠡᠨ ᠲᠥᠭᠦᠷᠢᠭ ᠠᠴᠠ | ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ | ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠵᠦ᠂ ᠠᠷᠪᠠᠨ ᠲᠦᠮᠡᠨ | ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠨᠡᠶᠢᠯᠡᠭᠦᠯᠦᠨ ᠰᠢᠢᠳᠬᠡᠨ᠎ᠡ᠂ ᠲᠡᠭᠦᠨ ᠤ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠥᠨ ᠪᠣᠯᠣᠨ | ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ ᠬᠤᠶᠠᠷ ᠲᠦᠮᠡᠨ ᠲᠥᠭᠦᠷᠢᠭ ᠠᠴᠠ ᠳᠡᠭᠡᠭᠰᠢ ᠲᠠᠪᠤᠨ ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ | ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ | ᠄ ︵ᠨᠢᠭᠡ︶ ᠠᠶᠤᠯᠲᠠᠢ ᠪᠣᠳᠠᠰ ᠢ ᠦᠢᠯᠡᠳᠪᠦᠷᠢᠯᠡᠬᠦ᠂ ᠡᠵᠡᠩᠨᠡᠬᠦ᠂ ᠲᠡᠭᠡᠭᠡᠪᠦᠷᠢᠯᠡᠬᠦ᠂ ᠬᠠᠳᠠᠭᠠᠯᠠᠬᠤ᠂ ᠬᠡᠷᠡᠭᠯᠡᠬᠦ ᠪᠤᠶᠤ | ᠬᠠᠶᠠᠭᠳᠠᠮᠠᠯ ᠠᠶᠤᠯᠲᠠᠢ ᠪᠣᠳᠠᠰ ᠢ ᠰᠢᠢᠳᠪᠦᠷᠢᠯᠡᠬᠦ ᠳᠡᠭᠡᠨ ᠠᠶᠤᠯᠭᠦᠢ ᠶᠢᠨ ᠬᠠᠮᠢᠶᠠᠷᠤᠯᠲᠠ ᠶᠢᠨ ᠲᠤᠰᠬᠠᠢ ᠳᠦᠷᠢᠮ | ᠲᠣᠭᠲᠠᠭᠠᠭᠰᠠᠨ ᠦᠭᠡᠢ᠂ ᠠᠶᠤᠯᠭᠦᠢ ᠶᠢᠨ ᠨᠠᠶᠢᠳᠠᠪᠤᠷᠢᠲᠠᠢ ᠠᠷᠭ᠎ᠠ ᠬᠡᠮᠵᠢᠶ᠎ᠡ ᠠᠪᠤᠭᠰᠠᠨ ᠦᠭᠡᠢ︔ ︵ᠬᠤᠶᠠᠷ︶ | ᠬᠦᠨᠳᠦ ᠨᠣᠴᠢᠲᠠᠢ ᠠᠶᠤᠯ ᠤᠨ ᠡᠬᠢ ᠰᠤᠷᠪᠤᠯᠵᠢ ᠶᠢ ᠪᠦᠷᠢᠳᠬᠡᠨ ᠲᠡᠩᠰᠡᠯᠡᠵᠦ ᠳᠠᠩᠰᠠᠯᠠᠭᠰᠠᠨ ᠦᠭᠡᠢ᠂ ᠲᠣᠭᠲᠠᠮᠠᠯ | ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ᠂ ᠦᠨᠡᠯᠡᠨ ᠵᠢᠱᠢᠵᠦ᠂ ᠬᠢᠨᠠᠨ ᠡᠵᠡᠮᠳᠡᠭᠰᠡᠨ ᠦᠭᠡᠢ᠂ ᠪᠠᠴᠢᠮ | ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠪᠡᠯᠡᠳᠬᠡᠯ ᠲᠥᠰᠥᠯ ᠲᠣᠭᠲᠠᠭᠠᠭᠰᠠᠨ | ᠦᠭᠡᠢ ᠪᠤᠶᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠠᠷᠭ᠎ᠠ ᠬᠡᠮᠵᠢᠶ᠎ᠡ ᠶᠢ | ᠬᠡᠯᠡᠵᠦ ᠥᠭᠭᠦᠭᠰᠡᠨ ᠦᠭᠡᠢ︔ ︵ᠭᠤᠷᠪᠠ︶ ᠳᠡᠯᠪᠡᠴᠢᠬᠦ᠂ ᠳᠡᠭᠦᠵᠢᠯᠡᠨ ᠲᠣᠨᠣᠭᠯᠠᠬᠤ᠂ ᠭᠠᠯ ᠨᠣᠴᠣᠭᠠᠬᠤ᠂ ᠲᠦᠷ | ᠴᠠᠭ ᠴᠠᠬᠢᠯᠭᠠᠨ ᠬᠡᠷᠡᠭᠯᠡᠬᠦ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ | ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ | ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠭᠰᠠᠨ ᠪᠤᠰᠤᠳ ᠠᠶᠤᠯᠲᠠᠢ ᠠᠵᠢᠯ ᠢ | ᠬᠢᠬᠦ ᠳᠡᠭᠡᠨ ᠲᠤᠰᠬᠠᠢ ᠠᠵᠢᠯᠲᠠᠨ ᠲᠣᠬᠢᠷᠠᠭᠤᠯᠵᠤ ᠲᠤᠬᠠᠢ ᠶᠢᠨ ᠲᠠᠯᠠᠪᠤᠷ ᠲᠤ ᠠᠶᠤᠯᠭᠦᠢ ᠶᠢᠨ ᠬᠠᠮᠢᠶᠠᠷᠤᠯᠲᠠ | ᠬᠢᠯᠭᠡᠭᠰᠡᠨ ᠦᠭᠡᠢ︔ ︵ᠳᠥᠷᠪᠡ︶ ᠠᠮᠤᠷ ᠲᠦᠪᠰᠢᠨ ᠤ ᠡᠷᠡᠰᠳᠡᠯ ᠢ ᠲᠠᠰ ᠬᠤᠪᠢᠶᠠᠨ ᠬᠠᠮᠢᠶᠠᠷᠤᠨ ᠡᠵᠡᠮᠳᠡᠬᠦ | ᠬᠡᠮᠵᠢᠶ᠎ᠡ ᠶᠢ ᠲᠣᠭᠲᠠᠭᠠᠭᠰᠠᠨ ᠦᠭᠡᠢ ᠪᠤᠶᠤ ᠠᠮᠤᠷ ᠲᠦᠪᠰᠢᠨ ᠤ ᠡᠷᠡᠰᠳᠡᠯ ᠢ ᠲᠠᠰ ᠬᠤᠪᠢᠶᠠᠨ ᠵᠣᠬᠢᠴᠠᠩᠭᠤᠢ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠭᠰᠠᠨ ᠦᠭᠡᠢ︔ ︵ᠲᠠᠪᠤ︶ ᠡ᠊ᠨᠳᠡᠯ ᠤᠨ ᠲᠠᠯᠳᠠ ᠭᠡᠮ ᠢ ᠳᠠᠷᠠᠭᠠᠯᠠᠨ | ᠪᠠᠶᠢᠴᠠᠭᠠᠵᠤ ᠵᠠᠰᠠᠬᠤ ᠳᠦᠷᠢᠮ ᠢ ᠲᠣᠭᠲᠠᠭᠠᠭᠰᠠᠨ ᠦᠭᠡᠢ ᠪᠤᠶᠤ ᠬᠦᠨᠳᠦ ᠨᠣᠴᠢᠲᠠᠢ ᠡ᠊ᠨᠳᠡᠯ ᠤᠨ ᠲᠠᠯᠳᠠ ᠭᠡᠮ ᠢ | ᠳᠠᠷᠠᠭᠠᠯᠠᠨ ᠪᠠᠶᠢᠴᠠᠭᠠᠵᠤ ᠵᠠᠰᠠᠭᠰᠠᠨ ᠪᠠᠶᠢᠳᠠᠯ ᠢᠶᠠᠨ ᠲᠣᠭᠲᠠᠭᠠᠯ ᠶᠣᠰᠣᠭᠠᠷ ᠦᠯᠦ ᠮᠡᠳᠡᠭᠦᠯᠦᠭᠰᠡᠨ︾ ᠭᠡᠵᠦ ᠨᠡᠮᠡᠯᠲᠡ | ᠥᠭᠡᠷᠡᠴᠢᠯᠡᠯᠲᠡ ᠣᠷᠣᠭᠤᠯᠪᠠ᠃ | | | ᠰᠢᠨ᠎ᠡ ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠵᠠᠭᠤ ᠬᠤᠶᠠᠳᠤᠭᠠᠷ ᠵᠦᠢᠯ ᠳᠤ᠄ ︽ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠠᠷᠭ᠎ᠠ ᠬᠡᠮᠵᠢᠶ᠎ᠡ ᠠᠪᠴᠤ ᠡ᠊ᠨᠳᠡᠯ ᠤᠨ ᠲᠡᠯᠳᠠ ᠭᠡᠮ ᠢ ᠠᠷᠢᠯᠭᠠᠭᠰᠠᠨ ᠦᠭᠡᠢ ᠪᠠᠶᠢᠪᠠᠯ᠂ | ᠵᠠᠷᠯᠢᠭᠳᠠᠵᠤ ᠪᠠᠶᠢᠭᠠᠳ ᠲᠡᠷᠡ ᠳᠠᠷᠤᠢ ᠳᠤᠨᠢ ᠠᠷᠢᠯᠭᠠᠭᠤᠯᠬᠤ ᠪᠤᠶᠤ ᠬᠤᠭᠤᠴᠠᠭ᠎ᠠ ᠲᠣᠭᠲᠠᠭᠠᠨ ᠠᠷᠢᠯᠭᠠᠭᠤᠯᠵᠤ᠂ | ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠭᠦᠢᠴᠡᠳᠬᠡᠬᠦ ᠶᠢ ᠲᠡᠪᠴᠢᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ | ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠵᠦ᠂ ᠲᠡᠭᠦᠨ ᠤ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ | ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ ᠲᠠᠪᠤᠨ ᠲᠦᠮᠡᠨ ᠲᠥᠭᠦᠷᠢᠭ ᠠᠴᠠ | ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ᠶᠠᠯ᠎ᠠ | ᠪᠣᠯᠵᠤ ᠪᠦᠷᠢᠯᠳᠦᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ | | | ᠰᠢᠨ᠎ᠡ ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠵᠠᠭᠤ ᠭᠤᠷᠪᠠᠳᠤᠭᠠᠷ ᠵᠦᠢᠯ ᠤᠨ ᠭᠤᠷᠪᠠᠳᠤᠭᠠᠷ | ᠪᠠᠳᠠᠭ ᠲᠤ᠄ ︽ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠪᠠ | ᠠᠶᠤᠯᠲᠠᠢ ᠪᠣᠳᠠᠰ ᠢ ᠦᠢᠯᠡᠳᠪᠦᠷᠢᠯᠡᠬᠦ᠂ ᠬᠠᠳᠠᠭᠠᠯᠠᠬᠤ᠂ ᠠᠴᠢᠶᠠᠯᠠᠵᠤ ᠪᠠᠭᠤᠯᠭᠠᠬᠤ ᠳᠤ ᠬᠡᠷᠡᠭᠯᠡᠬᠦ ᠪᠦᠲᠦᠭᠡᠨ | ᠪᠠᠶᠢᠭᠤᠯᠤᠯᠲᠠ ᠶᠢᠨ ᠵᠦᠢᠯᠡᠰ ᠤᠨ ᠪᠠᠷᠢᠯᠭ᠎ᠠ ᠶᠢᠨ ᠨᠢᠭᠡᠴᠢ ᠪᠠᠷᠢᠯᠭ᠎ᠠ ᠶᠢᠨ ᠵᠦᠢᠯᠡᠰ ᠲᠤ ᠲᠣᠭᠲᠠᠭᠠᠯ ᠶᠣᠰᠣᠭᠠᠷ | ᠠᠶᠤᠯᠭᠦᠢ ᠶᠢᠨ ᠬᠠᠮᠢᠶᠠᠷᠤᠯᠲᠠ ᠬᠢᠭᠰᠡᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ | ᠵᠠᠯᠠᠷᠠᠭᠤᠯᠤᠭᠤᠯᠵᠤ᠂ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ᠂ | ᠲᠡᠭᠦᠨ ᠤ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ | ᠪᠤᠰᠤᠳ ᠬᠥᠮᠥᠨ ᠢ ᠬᠤᠶᠠᠷ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ | ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠦᠢᠯᠡᠳᠪᠦᠷᠢᠯᠡᠯ ᠢ | ᠨᠢ ᠵᠣᠭᠰᠣᠭᠠᠨ ᠴᠡᠭᠴᠡᠯᠡᠭᠦᠯᠦᠨ᠎ᠡ᠃ ᠳᠡᠭᠡᠷ᠎ᠡ ᠳᠤᠷᠠᠳᠤᠭᠰᠠᠨ ᠪᠠᠷᠢᠯᠭ᠎ᠠ ᠶᠢᠨ ᠨᠢᠭᠡᠴᠢ ᠪᠠᠷᠢᠯᠭ᠎ᠠ ᠶᠢᠨ ᠬᠢᠷᠢ ᠴᠢᠳᠠᠯ ᠢ | ᠰᠠᠷᠢᠭᠠᠯᠠᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠂ ᠲᠦᠰᠢᠭᠦᠯᠦᠭᠰᠡᠨ ᠪᠤᠶᠤ ᠪᠤᠰᠤᠳ ᠬᠡᠯᠪᠡᠷᠢ ᠪᠠᠷ | ᠬᠠᠤᠯᠢ ᠪᠤᠰᠤ ᠪᠠᠷ ᠰᠢᠯᠵᠢᠭᠦᠯᠦᠨ ᠥᠭᠭᠦᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠦᠢᠯᠡᠳᠪᠦᠷᠢᠯᠡᠯ ᠢ ᠨᠢ | ᠵᠣᠭᠰᠣᠭᠠᠨ ᠴᠡᠭᠴᠡᠯᠡᠭᠦᠯᠵᠦ᠂ ᠬᠢᠷᠢ ᠴᠢᠳᠠᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ᠂ | ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ︔ ᠬᠠᠤᠯᠢ ᠶᠢ ᠵᠥᠷᠢᠴᠡᠵᠦ | ᠣᠯᠣᠭᠰᠠᠨ ᠣᠯᠵᠠ ᠠᠰᠢᠭ ᠨᠢ ᠠᠷᠪᠠᠨ ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠬᠠᠤᠯᠢ ᠶᠢ ᠵᠥᠷᠢᠴᠡᠵᠦ | ᠣᠯᠣᠭᠰᠠᠨ ᠣᠯᠵᠠ ᠠᠰᠢᠭ ᠤᠨ ᠬᠢᠨᠢ ᠬᠤᠶᠠᠷ ᠲᠡᠬᠢᠠ ᠠᠴᠠ ᠳᠡᠭᠡᠭᠰᠢ ᠲᠠᠪᠤᠨ ᠲᠡᠬᠢᠠ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ | ᠪᠠᠶᠢᠬᠤ ᠦᠭᠡᠢ ᠪᠤᠶᠤ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠠᠷᠪᠠᠨ ᠲᠦᠮᠡᠨ ᠲᠥᠭᠦᠷᠢᠭ ᠲᠤ | ᠬᠦᠷᠬᠦ ᠦᠭᠡᠢ ᠪᠠᠶᠢᠪᠠᠯ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ | ᠳᠣᠭᠤᠭᠰᠢ ᠵᠣᠭᠤᠰ ᠢᠶᠠᠷ ᠲᠣᠷᠭᠠᠬᠤ ᠪᠠᠷ ᠲᠡᠩ ᠢᠶᠠᠷ ᠰᠢᠢᠳᠬᠡᠬᠦ ᠪᠤᠶᠤ ᠨᠡᠶᠢᠯᠡᠭᠦᠯᠦᠨ ᠰᠢᠢᠳᠬᠡᠨ᠎ᠡ︔ ᠲᠡᠭᠦᠨ ᠤ | ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ | ᠬᠥᠮᠥᠨ ᠢ ᠲᠠᠪᠤᠨ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︾ ᠭᠡᠵᠦ ᠨᠡᠮᠡᠯᠲᠡ | ᠥᠭᠡᠷᠡᠴᠢᠯᠡᠯᠲᠡ ᠣᠷᠣᠭᠤᠯᠪᠠ᠃ | | | ᠰᠢᠨ᠎ᠡ ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠵᠠᠭᠤ ᠳᠣᠯᠣᠳᠤᠭᠠᠷ ᠵᠦᠢᠯ ᠳᠤ᠄ ︽ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠳᠤ ᠠᠵᠢᠯᠯᠠᠵᠤ ᠪᠠᠶᠢᠭ᠎ᠠ ᠬᠥᠮᠥᠰ ᠠᠵᠢᠯ ᠤᠨ ᠪᠠᠶᠢᠷᠢ ᠶᠢᠨ ᠠᠶᠤᠯᠭᠦᠢ ᠶᠢᠨ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠦᠭᠡᠢ᠂ ᠬᠠᠮᠢᠶᠠᠷᠤᠯᠲᠠ ᠶᠢ ᠲᠡᠭᠠᠬᠤ ᠦᠭᠡᠢ᠂ ᠠᠶᠤᠯᠭᠦᠢ | ᠦᠢᠯᠡᠳᠪᠦᠷᠢᠯᠡᠯ ᠤᠨ ᠳᠦᠷᠢᠮ ᠲᠣᠭᠲᠠᠭᠠᠯ ᠪᠤᠶᠤ ᠠᠵᠢᠯᠯᠠᠬᠤ ᠳᠦᠷᠢᠮᠵᠢᠯ ᠢ ᠵᠥᠷᠢᠴᠡᠭᠰᠡᠨ ᠪᠠᠶᠢᠪᠠᠯ᠂ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠠᠴᠠ ᠰᠢᠭᠦᠮᠵᠢᠯᠡᠨ ᠰᠤᠷᠭᠠᠵᠤ᠂ ᠬᠤᠯᠪᠣᠭᠳᠠᠯ ᠪᠦᠬᠦᠢ ᠳᠦᠷᠢᠮ | ᠲᠣᠭᠲᠠᠭᠠᠯ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︾ ᠭᠡᠵᠦ ᠨᠡᠮᠡᠯᠲᠡ | ᠥᠭᠡᠷᠡᠴᠢᠯᠡᠯᠲᠡ ᠣᠷᠣᠭᠤᠯᠪᠠ᠃ | | | ᠪᠠᠶᠢᠭᠤᠯᠤᠯᠭ᠎ᠠ ᠨᠢᠭᠡᠴᠡ ᠶᠢᠨ ᠬᠢᠨ ᠵᠥᠪᠬᠡᠨ ︽ᠬᠥᠮᠥᠨ ᠢ ᠬᠠᠮᠢᠶᠠᠷᠴᠤ︾ ᠪᠠᠶᠢᠭᠰᠠᠨ ᠠᠴᠠ ᠪᠠᠨ ︽ | ᠰᠡᠳᠬᠢᠯ ᠢ ᠬᠠᠮᠢᠶᠠᠷᠬᠤ︾ | | | ᠠᠶᠤᠯᠭᠦᠢ ᠦᠢᠯᠡᠳᠪᠦᠷᠢᠯᠡᠯ ᠤᠨ ᠬᠠᠤᠯᠢ ᠳᠤ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ | ᠠᠵᠢᠯᠯᠠᠵᠤ ᠪᠠᠶᠢᠭ᠎ᠠ ᠬᠥᠮᠥᠰ ᠢᠶᠠᠨ ᠬᠥᠮᠥᠵᠢᠭᠦᠯᠦᠨ ᠰᠢᠪᠠᠳᠠᠵᠤ ᠪᠠᠶᠢᠭᠠᠳ ᠲᠤᠰ ᠨᠢᠭᠡᠴᠢ ᠶᠢᠨ ᠢᠶᠠᠨ ᠠᠶᠤᠯᠭᠦᠢ | ᠦᠢᠯᠡᠳᠪᠦᠷᠢᠯᠡᠯ ᠤᠨ ᠳᠦᠷᠢᠮ ᠲᠣᠭᠲᠠᠭᠠᠯ ᠪᠠ ᠠᠶᠤᠯᠭᠦᠢ ᠠᠵᠢᠯᠯᠠᠬᠤ ᠳᠦᠷᠢᠮᠵᠢᠯ ᠢ ᠴᠢᠩᠭ᠎ᠠ ᠬᠡᠷᠡᠭᠵᠢᠭᠦᠯᠦᠭᠦᠯᠬᠦ | ᠬᠡᠷᠡᠭᠲᠡᠢ ᠪᠥᠭᠡᠳ ᠠᠵᠢᠯᠯᠠᠵᠤ ᠪᠠᠶᠢᠭ᠎ᠠ ᠬᠥᠮᠥᠰ ᠲᠡᠭᠡᠨ ᠠᠵᠢᠯ ᠤᠨ ᠲᠠᠯᠠᠪᠤᠷ ᠭᠠᠵᠠᠷ ᠪᠠ ᠠᠵᠢᠯ ᠤᠨ ᠪᠠᠶᠢᠷᠢ ᠳᠤ | ᠣᠷᠣᠰᠢᠵᠤ ᠪᠠᠶᠢᠭ᠎ᠠ ᠠᠶᠤᠯᠲᠠᠢ ᠬᠦᠴᠦᠨ ᠵᠦᠢᠯ ᠂ ᠰᠡᠷᠭᠡᠶᠢᠯᠡᠬᠦ ᠠᠷᠭ᠎ᠠ ᠬᠡᠮᠵᠢᠶ᠎ᠡ ᠵᠢᠴᠢ ᠡ᠊ᠨᠳᠡᠯ ᠤᠨ ᠪᠠᠴᠢᠮ | ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠠᠷᠭ᠎ᠠ ᠬᠡᠮᠵᠢᠶ᠎ᠡ ᠶᠢ ᠦᠨᠡᠨ ᠮᠥᠨ ᠢᠶᠠᠷ ᠨᠢ | ᠮᠡᠳᠡᠭᠳᠡᠬᠦ ᠬᠡᠷᠡᠭᠲᠡᠢ︾ ᠭᠡᠵᠦ ᠲᠣᠭᠲᠠᠭᠠᠵᠠᠢ᠃ | | | ᠰᠢᠨ᠎ᠡ ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠳᠥᠴᠢᠨ ᠳᠥᠷᠪᠡᠳᠦᠭᠡᠷ ᠵᠦᠢᠯ ᠳᠤ ᠨᠢᠭᠡ ᠪᠠᠳᠠᠭ | ᠨᠡᠮᠡᠭᠡᠳ ᠬᠤᠶᠠᠳᠤᠭᠠᠷ ᠪᠠᠳᠠᠭ ᠪᠣᠯᠭᠠᠪᠠ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠠᠵᠢᠯᠯᠠᠵᠤ ᠪᠠᠶᠢᠭ᠎ᠠ | ᠬᠥᠮᠥᠰ ᠤᠨ ᠪᠡᠶ᠎ᠡ ᠮᠠᠬᠠᠪᠤᠳ᠂ ᠰᠡᠳᠬᠢᠴᠡ ᠶᠢᠨ ᠪᠠᠶᠢᠳᠠᠯ ᠪᠠ ᠤᠢᠢᠯᠠ ᠠᠵᠢᠯᠯᠠᠭᠠᠨ ᠤ ᠳᠠᠳᠬᠠᠯ ᠢ ᠠᠩᠬᠠᠷᠴᠤ᠂ | ᠠᠵᠢᠯᠯᠠᠵᠤ ᠪᠠᠶᠢᠭ᠎ᠠ ᠬᠥᠮᠥᠰ ᠤᠨ ᠰᠡᠳᠬᠢᠴᠡ ᠶᠢᠨ ᠵᠢᠯᠣᠭᠤᠳᠤᠯᠭ᠎ᠠ᠂ ᠤᠶᠤᠨ ᠰᠠᠨᠠᠭᠠᠨ ᠤ ᠲᠠᠶᠢᠳᠬᠤᠷᠠᠭᠤᠯᠤᠯ ᠢ | ᠴᠢᠩᠭᠠᠳᠬᠠᠵᠤ᠂ ᠠᠵᠢᠯ ᠤᠨ ᠪᠠᠶᠢᠷᠢ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠵᠢᠯᠯᠠᠵᠤ ᠪᠠᠶᠢᠭ᠎ᠠ ᠬᠥᠮᠥᠰ ᠤᠨ ᠬᠡᠪ ᠤᠨ ᠪᠤᠰᠤ ᠤᠢᠢᠯᠠ ᠠᠵᠢᠯᠯᠠᠭ᠎ᠠ ᠠᠴᠠ ᠪᠣᠯᠵᠤ | ᠡ᠊ᠨᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃︾ | | | ᠠᠵᠢᠯᠯᠠᠵᠤ ᠪᠠᠶᠢᠭ᠎ᠠ ᠬᠥᠮᠥᠰ ᠤᠨ ᠡᠭᠦᠷᠭᠡ᠃ ᠰᠢᠨ᠎ᠡ ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠲᠡᠪᠢᠠ | ᠳᠣᠯᠣᠳᠤᠭᠠᠷ ᠵᠦᠢᠯ ᠳᠤ᠄ ︽ᠠᠵᠢᠯᠯᠠᠵᠤ ᠪᠠᠶᠢᠭ᠎ᠠ ᠬᠥᠮᠥᠰ ᠠᠵᠢᠯ ᠤᠨ ᠶᠠᠪᠤᠴᠠ ᠳᠠᠭᠠᠨ ᠠᠵᠢᠯ ᠤᠨ ᠪᠠᠶᠢᠷᠢ ᠶᠢᠨ | ᠠᠶᠤᠯᠭᠦᠢ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠰ ᠨᠢᠭᠡᠴᠢ ᠶᠢᠨ ᠢᠶᠠᠨ ᠠᠶᠤᠯᠭᠦᠢ | ᠦᠢᠯᠡᠳᠪᠦᠷᠢᠯᠡᠯ ᠤᠨ ᠳᠦᠷᠢᠮ ᠲᠣᠭᠲᠠᠭᠠᠯ ᠪᠠ ᠠᠵᠢᠯᠯᠠᠬᠤ ᠳᠦᠷᠢᠮ ᠢ ᠵᠢᠷᠤᠮᠯᠠᠵᠤ᠂ ᠬᠠᠮᠢᠶᠠᠷᠤᠯᠲᠠ ᠶᠢ ᠲᠡᠭᠠᠵᠦ᠂ | ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠢ ᠵᠥᠪ ᠢᠶᠠᠷ ᠵᠡᠭᠦᠵᠦ ᠬᠡᠷᠡᠭᠯᠡᠬᠦ ᠬᠡᠷᠡᠭᠲᠡᠢ︾ ᠭᠡᠵᠦ ᠲᠣᠭᠲᠠᠭᠠᠵᠠᠢ᠃ | | | ︽ᠵᠣᠷᠢᠭᠵᠢᠭᠤᠯᠬᠤ︾ ᠪᠤᠶᠤ ︽ᠶᠣᠰᠣᠲᠠᠢ︾ ᠳᠠᠭᠠᠳᠬᠠᠭᠤᠯᠬᠤ ︽ᠠᠶᠤᠯᠭᠦᠢ ᠶᠢᠨ ᠬᠠᠷᠢᠭᠤᠴᠠᠯᠭ᠎ᠠ ᠶᠢᠨ | ᠳᠠᠭᠠᠳᠬᠠᠯ︾ | | | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠪᠠᠭᠲᠠᠭᠠᠭᠰᠠᠨ ᠨᠡᠶᠢᠭᠡᠮ ᠤᠨ ᠳᠠᠭᠠᠳᠬᠠᠯ ᠳᠤ | ᠣᠷᠤᠯᠴᠠᠬᠤ ᠪᠣᠯ ᠬᠥᠮᠥᠨ ᠬᠡᠷᠡᠭᠯᠡᠬᠦ ᠨᠢᠭᠡᠴᠢ ᠶᠢᠨ ᠠᠯᠪᠠᠳᠠᠯᠭ᠎ᠠ ᠶᠢᠨ ᠴᠢᠨᠠᠷᠲᠠᠢ ᠬᠠᠤᠯᠢ ᠪᠠᠷ ᠲᠣᠭᠲᠠᠭᠠᠭᠰᠠᠨ | ᠡᠭᠦᠷᠭᠡ ᠮᠥᠨ᠃ ᠠᠶᠤᠯᠭᠦᠢ ᠦᠢᠯᠡᠳᠪᠦᠷᠢᠯᠡᠯ ᠤᠨ ᠰᠢᠨ᠎ᠡ ᠬᠠᠤᠯᠢ ᠳᠤ ᠤᠤᠯ ᠤᠨ ᠲᠣᠭᠲᠠᠭᠠᠯ ᠢ ᠦᠯᠡᠳᠡᠭᠡᠵᠡᠢ᠂ | ᠲᠤᠬᠠᠶᠢᠯᠠᠪᠠᠯ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠡᠷᠬᠡᠪᠰᠢ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠳᠤ ᠬᠠᠤᠯᠢ ᠶᠣᠰᠣᠭᠠᠷ ᠣᠷᠣᠯᠴᠠᠵᠤ᠂ ᠠᠵᠢᠯᠯᠠᠵᠤ ᠪᠠᠶᠢᠭ᠎ᠠ ᠬᠥᠮᠥᠰ ᠤᠨ ᠳᠠᠭᠠᠳᠬᠠᠯ ᠤᠨ ᠰᠦᠢᠳᠬᠡᠯ ᠢ | ᠲᠤᠰᠢᠶᠠᠬᠤ ᠬᠡᠷᠡᠭᠲᠡᠢ᠃︾ | | | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠪᠠᠰᠠ ᠳᠥᠭᠦᠮᠴᠢᠯᠡᠭᠡᠳ ︽ | ᠠᠶᠤᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ︾ ᠭᠡᠳᠡᠭ᠃ ᠳᠠᠭᠠᠳᠬᠠᠯ ᠤᠨ ᠪᠠᠶᠢᠭᠤᠯᠤᠮᠵᠢ ᠠᠴᠠ | ᠳᠠᠭᠠᠳᠬᠠᠭᠤᠯᠤᠭᠰᠠᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠭᠠᠷᠤᠭᠰᠠᠨ ᠦᠢᠯᠡᠳᠪᠦᠷᠢᠯᠡᠯ ᠤᠨ | ᠠᠶᠤᠯᠭᠦᠢ ᠶᠢᠨ ᠡ᠊ᠨᠳᠡᠯ ᠠᠴᠠ ᠪᠣᠯᠤᠭᠰᠠᠨ ᠬᠥᠮᠥᠨ ᠤ ᠦᠬᠦᠯ ᠰᠢᠷᠬᠠᠲᠤᠯ ᠪᠠ ᠬᠤᠯᠪᠣᠭᠳᠠᠯ ᠪᠦᠬᠦᠢ ᠠᠵᠤ | ᠠᠬᠤᠢ ᠶᠢᠨ ᠬᠤᠬᠢᠷᠠᠯ ᠵᠡᠷᠭᠡ ᠳᠤ ᠲᠥᠯᠥᠪᠦᠷᠢ ᠥᠭᠬᠦ ᠶᠢᠨ ᠬᠠᠮᠲᠤ ᠳᠠᠭᠠᠳᠬᠠᠭᠤᠯᠤᠭᠰᠠᠨ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠳᠤ ᠡ᠊ᠨᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡ ᠬᠠᠩᠭᠠᠬᠤ ᠬᠤᠳᠠᠯᠳᠤᠭᠠᠨ ᠤ | ᠳᠠᠭᠠᠳᠬᠠᠯ ᠢ ᠵᠢᠭᠠᠵᠤ ᠪᠠᠶᠢᠨ᠎ᠠ᠃ | | | ᠳᠠᠭᠠᠳᠬᠠᠯ ᠳᠤ ᠣᠷᠣᠬᠤ ᠶᠢ ︽ᠵᠣᠷᠢᠭᠵᠢᠭᠤᠯᠬᠤ︾ ᠪᠤᠶᠤ ︽ᠶᠣᠰᠣᠲᠠᠢ︾ ᠪᠠᠶᠢᠯᠭᠠᠨ᠎ᠠ᠃ ᠰᠢᠨ᠎ᠡ | ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠲᠠᠪᠢᠨ ᠨᠢᠭᠡᠳᠦᠭᠡᠷ ᠵᠦᠢᠯ ᠤᠨ ᠬᠤᠶᠠᠳᠤᠭᠠᠷ ᠪᠠᠳᠠᠭ ᠲᠤ᠄ ︽ | ᠤᠯᠤᠰ ᠠᠴᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠬᠤ ᠶᠢ ᠵᠣᠷᠢᠭᠵᠢᠭᠤᠯᠤᠨ᠎ᠠ︔ ᠤᠯᠤᠰ ᠠᠴᠠ ᠲᠣᠭᠲᠠᠭᠠᠭᠰᠠᠨ ᠠᠶᠤᠯ | ᠶᠡᠬᠡᠲᠡᠢ ᠠᠵᠢᠯ ᠲᠦᠷᠦᠯ᠂ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠬᠤ ᠬᠡᠷᠡᠭᠲᠡᠢ᠃ ᠪᠣᠳᠠᠲᠠᠢ ᠬᠡᠪᠴᠢᠶ᠎ᠡ | ᠪᠠ ᠬᠡᠷᠡᠭᠵᠢᠭᠦᠯᠬᠦ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ | ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ | ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠲᠦᠷᠦ ᠶᠢᠨ ᠶᠠᠪᠤᠳᠠᠯ ᠤᠨ ᠬᠤᠷᠢᠶᠠᠨ ᠤ ᠳᠠᠭᠠᠳᠬᠠᠯ ᠤᠨ | ᠬᠢᠨᠠᠨ ᠬᠠᠮᠢᠶᠠᠷᠬᠤ ᠪᠠᠶᠢᠭᠤᠯᠤᠮᠵᠢ ᠪᠠ ᠬᠤᠯᠪᠣᠭᠳᠠᠯ ᠪᠦᠬᠦᠢ ᠠᠵᠢᠯ ᠲᠦᠷᠦᠯ ᠤᠨ ᠡᠷᠬᠢᠯᠡᠨ ᠬᠠᠮᠢᠶᠠᠷᠬᠤ | | | ︽ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ︾ ᠳᠤ ᠳᠠᠭᠠᠳᠬᠠᠭᠤᠯᠤᠭᠰᠠᠨ ᠬᠠᠤᠯᠢ | ᠴᠠᠭᠠᠵᠠ ᠶᠢᠨ ᠬᠠᠷᠢᠭᠤᠴᠠᠯᠭ᠎ᠠ ᠶᠢ ᠭᠦᠢᠴᠡᠳᠬᠡᠬᠦ ᠦᠭᠡᠢ᠃ ᠰᠢᠨ᠎ᠡ ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ | ᠵᠠᠭᠤ ᠶᠢᠰᠦᠳᠦᠭᠡᠷ ᠵᠦᠢᠯ ᠳᠤ᠄ ︽ᠠᠶᠤᠯ ᠶᠡᠬᠡᠲᠡᠢ ᠠᠵᠢᠯ ᠲᠦᠷᠦᠯ᠂ ᠬᠦᠷᠢᠶ᠎ᠡ ᠬᠡᠪᠴᠢᠶᠡᠨ ᠳᠠᠬᠢ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠤᠯᠤᠰ ᠤᠨ ᠲᠣᠭᠲᠠᠭᠠᠯ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠠᠭᠠᠳᠬᠠᠯ ᠳᠠᠭᠠᠳᠬᠠᠭᠤᠯᠤᠭᠰᠠᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ | ᠵᠠᠯᠠᠷᠠᠭᠤᠯᠤᠭᠤᠯᠵᠤ᠂ ᠲᠠᠪᠤᠨ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ | ᠠᠷᠪᠠᠨ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ | ᠲᠣᠷᠭᠠᠬᠤ ᠪᠠᠷ ᠰᠢᠢᠳᠬᠡᠨ᠎ᠡ︾ ᠭᠡᠵᠦ ᠲᠣᠭᠲᠠᠭᠠᠵᠠᠢ᠃ | | | ᠬᠠᠤᠯᠢ ᠠᠴᠠ ᠵᠥᠷᠢᠴᠡᠭᠰᠡᠨ ᠮᠡᠳᠡᠭᠡ ᠵᠠᠩᠭᠢ ᠶᠢᠨ ᠰᠠᠯᠠᠭ᠎ᠠ ᠮᠥᠴᠢᠷ ᠢ ᠬᠤᠯᠪᠣᠯᠳᠤᠭᠤᠯᠤᠨ ᠨᠡᠪᠲᠡᠷᠡᠭᠦᠯᠬᠦ | ᠪᠠ ᠨᠡᠶᠢᠭᠡᠮ ᠳᠤ ᠢᠯᠡ ᠪᠣᠯᠭᠠᠬᠤ | | | ᠢᠯᠡᠴᠢᠯᠡᠨ ᠮᠡᠳᠡᠭᠦᠯᠬᠦ ᠳᠦᠷᠢᠮ ᠤᠨ ᠲᠣᠭᠲᠠᠭᠠᠯ ᠢ ᠨᠡᠩ ᠲᠣᠳᠣᠷᠬᠠᠢ ᠪᠣᠯᠭᠠᠪᠠ᠃ ᠰᠢᠨ᠎ᠡ ᠠᠶᠤᠯᠭᠦᠢ | ᠦᠢᠯᠡᠳᠪᠦᠷᠢᠯᠡᠯ ᠤᠨ ᠬᠠᠤᠯᠢ ᠶᠢᠨ ᠲᠡᠯᠡᠠ ᠭᠤᠷᠪᠠᠳᠤᠭᠠᠷ ᠵᠦᠢᠯ ᠳᠤ᠄ ︽ᠠᠶᠤᠯᠭᠦᠢ ᠦᠢᠯᠡᠳᠪᠦᠷᠢᠯᠡᠯ ᠢ ᠬᠢᠨᠠᠵᠤ | ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠢᠯᠡᠴᠢᠯᠡᠨ ᠮᠡᠳᠡᠭᠦᠯᠬᠦ ᠳᠦᠷᠢᠮ ᠢ ᠪᠠᠶᠢᠭᠤᠯᠵᠤ᠂ | ᠢᠯᠡᠴᠢᠯᠡᠨ ᠮᠡᠳᠡᠭᠦᠯᠬᠦ ᠳ᠋ᠢᠶᠠᠩᠬᠤᠸᠠ᠂ ᠵᠠᠬᠢᠳᠠᠯ ᠤᠨ ᠬᠠᠶᠢᠷᠴᠠᠭ ᠪᠤᠶᠤ ᠡᠯᠧᠺᠲᠷᠣᠨ ᠰᠢᠤᠳᠠᠨ ᠤ ᠬᠠᠶ᠋ᠢᠭ ᠵᠡᠷᠭᠡ | ᠰᠦᠯᠵᠢᠶᠡᠨ ᠤ ᠢᠯᠡᠴᠢᠯᠡᠨ ᠮᠡᠳᠡᠭᠦᠯᠬᠦ ᠲᠠᠪᠴᠠᠩ ᠢ ᠢᠯᠠ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠤᠯᠪᠣᠭᠳᠠᠯ | ᠪᠦᠬᠦᠢ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠬᠡᠷᠡᠭᠲᠡᠢ︔ ᠢᠯᠡᠴᠢᠯᠡᠨ ᠮᠡᠳᠡᠭᠦᠯᠦᠭᠰᠡᠨ | ᠵᠦᠢᠯᠡᠰ ᠢ ᠰᠢᠢᠳᠪᠦᠷᠢᠯᠡᠬᠦ ᠪᠠᠷ ᠭᠥᠯᠢᠶᠡᠨ ᠠᠪᠤᠭᠠᠳ ᠪᠠᠶᠢᠴᠠᠭᠠᠵᠤ ᠬᠢᠨᠠᠨ ᠬᠠᠷᠭᠤᠭᠤᠯᠤᠭᠰᠠᠨ ᠤ ᠲᠡᠷᠠᠭ᠎ᠠ | ᠪᠢᠴᠢᠭ ᠤᠨ ᠮᠠᠲ᠋ᠧᠷᠢᠶᠠᠯ ᠪᠣᠯᠭᠠᠬᠤ ᠬᠡᠷᠡᠭᠲᠡᠢ︔ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠴᠢᠬᠤᠯᠠᠲᠠᠢ ᠪᠠᠶᠢᠪᠠᠯ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠤ ᠮᠡᠳᠡᠭᠦᠯᠦᠨ ᠭᠠᠷ ᠤᠨ | ᠥᠰᠥᠭ ᠵᠢᠷᠤᠭᠤᠯᠬᠤ ᠶᠢᠨ ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠤᠰ ᠰᠠᠯᠠᠭ᠎ᠠ ᠮᠥᠴᠢᠷ ᠤᠨ | ᠲᠤᠰᠢᠶᠠᠯ ᠬᠠᠷᠢᠭᠤᠴᠠᠯᠭ᠎ᠠ ᠳᠤ ᠬᠠᠷᠢᠶᠠᠯᠠᠭᠳᠠᠬᠤ ᠦᠭᠡᠢ᠂ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠪᠠᠶᠢᠴᠠᠭᠠᠨ ᠰᠢᠢᠳᠪᠦᠷᠢᠯᠡᠬᠦ ᠴᠢᠬᠤᠯᠠᠲᠠᠢ ᠪᠠᠶᠢᠪᠠᠯ᠂ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ | ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃︾ ︽ᠬᠥᠮᠥᠨ ᠦᠬᠦᠭᠰᠡᠨ ᠳᠤ ᠬᠤᠯᠪᠣᠭᠳᠠᠭᠰᠠᠨ ᠢᠯᠡᠴᠢᠯᠡᠨ | ᠮᠡᠳᠡᠭᠦᠯᠦᠭᠰᠡᠨ ᠵᠦᠢᠯᠡᠰ ᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ | ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠵᠤ ᠰᠢᠢᠳᠪᠦᠷᠢᠯᠡᠬᠦ ᠬᠡᠷᠡᠭᠲᠡᠢ᠃︾ | | | ᠰᠢᠨ᠎ᠡ ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠲᠠᠯᠠᠨ ᠨᠠᠢᠮᠠᠳᠤᠭᠠᠷ ᠵᠦᠢᠯ ᠳᠤ᠄ ︽ᠠᠶᠤᠯᠭᠦᠢ | ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠠᠶᠤᠯᠭᠦᠢ | ᠦᠢᠯᠡᠳᠪᠦᠷᠢᠯᠡᠯ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠵᠤ᠂ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ ᠠᠵᠢᠯ ᠡᠷᠬᠢᠯᠡᠭᠰᠡᠳ ᠤᠨ | ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠮᠡᠳᠡᠭᠡ ᠵᠠᠩᠭᠢ ᠶᠢ ᠦᠨᠡᠨ ᠮᠥᠨ ᠢᠶᠠᠷ | ᠨᠢ ᠲᠡᠮᠳᠡᠭᠯᠡᠬᠦ ᠬᠡᠷᠡᠭᠲᠡᠢ︔ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠦᠢᠯᠡ ᠪᠠᠶᠢᠳᠠᠯ ᠨᠢ ᠬᠦᠨᠳᠦ | ᠨᠣᠴᠢᠲᠠᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ ᠠᠵᠢᠯ ᠡᠷᠬᠢᠯᠡᠭᠰᠡᠳ ᠢ | ᠴᠠᠭ ᠲᠤᠬᠠᠢ ᠳᠤᠨᠢ ᠨᠡᠶᠢᠭᠡᠮ ᠳᠤ ᠵᠠᠷᠯᠠᠨ ᠨᠡᠶᠢᠲᠡᠯᠡᠬᠦ ᠶᠢᠨ ᠬᠠᠮᠲᠤ ᠠᠵᠢᠯ ᠲᠦᠷᠦᠯ ᠤᠨ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ᠂ ᠪᠡᠯᠡ ᠣᠷᠣᠭᠤᠯᠤᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠪᠠᠶᠢᠭᠠᠯᠢ ᠶᠢᠨ ᠡᠬᠢ | ᠪᠠᠶᠠᠯᠢᠭ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠠᠮᠢ ᠠᠬᠤᠢ ᠶᠢᠨ ᠣᠷᠴᠢᠨ ᠨᠥᠬᠦᠴᠡᠯ ᠤᠨ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ᠂ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ | ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠮᠡᠳᠡᠭᠳᠡᠬᠦ ᠬᠡᠷᠡᠭᠲᠡᠢ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠪᠣᠯᠣᠨ ᠪᠠᠶᠢᠭᠤᠯᠤᠮᠵᠢ ᠨᠤᠭᠤᠳ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠲᠠᠢ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠵᠢᠴᠢ ᠬᠤᠯᠪᠣᠭᠳᠠᠯ ᠪᠦᠬᠦᠢ ᠠᠵᠢᠯ ᠡᠷᠬᠢᠯᠡᠭᠰᠡᠳ ᠲᠤ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠤᠳᠠᠭ᠎ᠠ ᠪᠠᠨ ᠨᠡᠮᠡᠭᠳᠡᠭᠦᠯᠬᠦ᠂ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠶᠢ ᠲᠦᠷ ᠵᠣᠭᠰᠤᠭᠠᠬᠤ᠂ ᠬᠤᠯᠪᠣᠭᠳᠠᠯ ᠪᠦᠬᠦᠢ ᠳᠠᠭᠠᠳᠬᠠᠯ ᠤᠨ ᠵᠠᠷᠤᠳᠠᠯ ᠤᠨ ᠨᠤᠷᠮ᠎ᠠ ᠶᠢ | ᠳᠡᠭᠡᠭᠰᠢᠯᠡᠭᠦᠯᠬᠦ᠂ ᠠᠵᠢᠯ ᠲᠥᠷᠥᠯ ᠪᠤᠶᠤ ᠠᠵᠢᠯ ᠮᠡᠷᠭᠡᠵᠢᠯ ᠳᠤ ᠣᠷᠣᠬᠤ ᠶᠢ ᠴᠠᠭᠠᠵᠠᠯᠠᠬᠤ ᠵᠡᠷᠭᠡ ᠬᠠᠮᠲᠤᠷᠠᠨ | ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠶᠢᠨ ᠬᠠᠮᠲᠤ ᠨᠡᠶᠢᠭᠡᠮ ᠳᠤ ᠵᠠᠷᠯᠠᠨ ᠨᠡᠶᠢᠲᠡᠯᠡᠬᠦ ᠬᠡᠷᠡᠭᠲᠡᠢ᠃︾ ︽ | ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠨᠢ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠡ ᠵᠠᠩᠭᠢ ᠶᠢ ᠴᠠᠭ | ᠲᠤᠬᠠᠢ ᠳᠤᠨᠢ ᠴᠤᠭᠯᠠᠭᠤᠯᠬᠤ᠂ ᠬᠠᠮᠲᠤ ᠪᠠᠷ ᠡᠳ᠋ᠯᠡᠬᠦ᠂ ᠬᠡᠷᠡᠭᠯᠡᠬᠦ ᠪᠠ ᠢᠯᠠ ᠪᠣᠯᠭᠠᠬᠤ ᠶᠢ ᠴᠢᠩᠭᠠᠳᠬᠠᠬᠤ ᠬᠡᠷᠡᠭᠲᠡᠢ᠃ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠰᠢᠢᠳᠬᠡᠬᠦ ᠲᠣᠭᠲᠠᠭᠠᠯ ᠭᠠᠷᠭᠠᠭᠰᠠᠨ ᠤ ᠲᠠᠷᠠᠭ᠎ᠠ ᠲᠤᠯᠤᠭᠠᠨ | ᠠᠵᠢᠯ ᠤᠨ ᠡᠳᠦᠷ ᠤᠨ ᠳᠣᠲᠣᠷ᠎ᠠ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠢᠯᠡ ᠨᠡᠶᠢᠲᠡᠯᠡᠬᠦ | ᠰᠢᠰᠲ᠋ᠧᠮ ᠳᠤ ᠢᠯᠡ ᠦᠵᠡᠭᠦᠯᠵᠦ᠂ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ ᠠᠵᠢᠯ ᠡᠷᠬᠢᠯᠡᠭᠰᠡᠳ ᠲᠤ ᠲᠠᠯᠪᠢᠬᠤ ᠨᠡᠶᠢᠭᠡᠮ ᠤᠨ | ᠬᠢᠨᠠᠯᠲᠠ ᠶᠢ ᠴᠢᠩᠭᠠᠳᠬᠠᠵᠤ᠂ ᠪᠦᠬᠦ ᠨᠡᠶᠢᠭᠡᠮ ᠤᠨ ᠠᠶᠤᠯᠭᠦᠢ ᠦᠢᠯᠡᠳᠪᠦᠷᠢᠯᠡᠯ ᠤᠨ ᠦᠨᠡᠨᠴᠢ ᠢᠲᠡᠭᠡᠮᠵᠢ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ | | | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠯᠭᠤᠮᠵᠢ | | | ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠲᠡᠪᠢᠠ ᠭᠤᠷᠪᠠᠳᠤᠭᠠᠷ ᠵᠦᠢᠯ ᠳᠤ᠄ ︽ᠦᠢᠯᠡᠳᠪᠦᠷᠢᠯᠡᠯ ᠤᠨ | ᠠᠶᠤᠯᠭᠦᠢ ᠶᠢᠨ ᠡ᠊ᠨᠳᠡᠯ ᠠᠴᠠ ᠪᠣᠯᠵᠤ ᠬᠤᠬᠢᠷᠠᠯ ᠠᠮᠰᠠᠭᠰᠠᠨ ᠠᠵᠢᠯᠯᠠᠵᠤ ᠪᠠᠶᠢᠭ᠎ᠠ ᠬᠥᠮᠥᠰ ᠠᠵᠢᠯ ᠤᠨ | ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠬᠠᠤᠯᠢ ᠶᠣᠰᠣᠭᠠᠷ ᠡᠳ᠋ᠯᠡᠬᠦ ᠠᠴᠠ ᠭᠠᠳᠠᠨ᠎ᠠ᠂ ᠬᠤᠯᠪᠣᠭᠳᠠᠯ | ᠪᠦᠬᠦᠢ ᠢᠷᠭᠡᠨ ᠤ ᠬᠡᠷᠡᠭ ᠤᠨ ᠬᠠᠤᠯᠢ ᠶᠣᠰᠣᠭᠠᠷ ᠪᠠᠰᠠ ᠲᠥᠯᠥᠪᠦᠷᠢ ᠣᠯᠬᠤ ᠡᠷᠬᠡ ᠲᠠᠢ ᠪᠠᠶᠢᠪᠠᠯ᠂ ᠲᠤᠰ | ᠨᠢᠭᠡᠴᠢ ᠠᠴᠠ ᠪᠠᠨ ᠲᠥᠯᠥᠪᠦᠷᠢ ᠠᠪᠬᠤ ᠱᠠᠭᠠᠷᠳᠠᠯᠭ᠎ᠠ ᠳᠤᠷᠠᠳᠬᠤ ᠡᠷᠬᠡ ᠲᠠᠢ︾ ᠭᠡᠵᠦ ᠲᠣᠭᠲᠠᠭᠠᠵᠠᠢ᠃ | | | ᠠᠶᠤᠯᠭᠦᠢ ᠦᠢᠯᠡᠳᠪᠦᠷᠢᠯᠡᠯ ᠤᠨ ᠰᠢᠨ᠎ᠡ ᠬᠠᠤᠯᠢ ᠳᠤ ᠲᠡᠪᠢᠠ ᠭᠤᠷᠪᠠᠳᠤᠭᠠᠷ ᠵᠦᠢᠯ ᠢ ᠲᠡᠪᠢᠠ ᠵᠢᠷᠭᠤᠳᠤᠭᠠᠷ | ᠵᠦᠢᠯ ᠪᠣᠯᠭᠠᠭᠠᠳ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠦᠢᠯᠡᠳᠪᠦᠷᠢᠯᠡᠯ ᠤᠨ ᠠᠶᠤᠯᠭᠦᠢ ᠶᠢᠨ | ᠡ᠊ᠨᠳᠡᠯ ᠭᠠᠷᠤᠭᠰᠠᠨ ᠤ ᠲᠡᠷᠠᠭ᠎ᠠ᠂ ᠴᠠᠭ ᠲᠤᠬᠠᠢ ᠳᠤᠨᠢ ᠠᠷᠭ᠎ᠠ ᠬᠡᠮᠵᠢᠶ᠎ᠡ ᠠᠪᠴᠤ ᠪᠠᠶᠢᠭᠠᠳ ᠬᠤᠯᠪᠣᠭᠳᠠᠯ ᠪᠦᠬᠦᠢ | ᠬᠥᠮᠥᠰ ᠢ ᠠᠪᠤᠷᠠᠨ ᠵᠠᠰᠠᠬᠤ ᠬᠡᠷᠡᠭᠲᠡᠢ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ ︽ᠦᠢᠯᠡᠳᠪᠦᠷᠢᠯᠡᠯ ᠤᠨ | ᠠᠶᠤᠯᠭᠦᠢ ᠶᠢᠨ ᠡ᠊ᠨᠳᠡᠯ ᠠᠴᠠ ᠪᠣᠯᠵᠤ ᠬᠤᠬᠢᠷᠠᠯ ᠠᠮᠰᠠᠭᠰᠠᠨ ᠠᠵᠢᠯᠯᠠᠵᠤ ᠪᠠᠶᠢᠭ᠎ᠠ ᠬᠥᠮᠥᠰ ᠠᠵᠢᠯ ᠤᠨ | ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠬᠠᠤᠯᠢ ᠶᠣᠰᠣᠭᠠᠷ ᠡᠳ᠋ᠯᠡᠬᠦ ᠠᠴᠠ ᠭᠠᠳᠠᠨ᠎ᠠ᠂ ᠬᠤᠯᠪᠣᠭᠳᠠᠯ | ᠪᠦᠬᠦᠢ ᠢᠷᠭᠡᠨ ᠤ ᠬᠡᠷᠡᠭ ᠤᠨ ᠬᠠᠤᠯᠢ ᠶᠣᠰᠣᠭᠠᠷ ᠪᠠᠰᠠ ᠲᠥᠯᠥᠪᠦᠷᠢ ᠣᠯᠬᠤ ᠡᠷᠬᠡ ᠲᠠᠢ ᠪᠠᠶᠢᠪᠠᠯ᠂ ᠲᠦᠯᠦᠬᠦᠯᠬᠦ | ᠱᠠᠭᠠᠷᠳᠠᠯᠭ᠎ᠠ ᠳᠤᠷᠠᠳᠬᠤ ᠡᠷᠬᠡ ᠲᠠᠢ᠃︾ | | | ᠠᠶᠤᠯᠭᠦᠢ ᠦᠢᠯᠡᠳᠪᠦᠷᠢᠯᠡᠯ ᠤᠨ ᠰᠢᠨ᠎ᠡ ᠬᠠᠤᠯᠢ ᠳᠤ ᠲᠥᠯᠥᠪᠦᠷᠢ ᠨᠡᠬᠡᠬᠦ ᠡᠲᠡᠭᠡᠳ ᠢ ︽ᠲᠤᠰ ᠨᠢᠭᠡᠴᠢ︾ | ᠳᠡᠭᠡᠨ ᠬᠠᠰᠤᠵᠤ ᠬᠠᠶᠠᠭᠰᠠᠨ ᠢ ᠳᠡᠭᠡᠷᠡᠬᠢ ᠰᠢᠨ᠎ᠡ ᠬᠠᠭᠤᠴᠢᠨ ᠬᠠᠷᠢᠴᠠᠭᠤᠯᠤᠯ ᠠᠴᠠ ᠮᠡᠳᠡᠵᠤ ᠪᠣᠯᠣᠨ᠎ᠠ᠃ | ᠵᠢᠱᠢᠶᠡᠯᠡᠪᠡᠯ᠂ ᠬᠤᠬᠢᠷᠠᠯ ᠠᠮᠰᠠᠭᠰᠠᠨ ᠠᠵᠢᠯᠲᠠᠨ ︽ᠠᠶᠤᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ︾ ᠢ | ᠳᠠᠭᠠᠭᠠᠴᠢᠯᠠᠭᠰᠠᠨ ᠳᠠᠭᠠᠳᠬᠠᠯ ᠤᠨ ᠺᠣᠮᠫᠠᠨᠢ ᠠᠴᠠ ᠰᠢᠭᠤᠳ ᠲᠥᠯᠥᠪᠦᠷᠢ ᠨᠡᠬᠡᠵᠦ ᠪᠣᠯᠣᠨ᠎ᠠ᠃ | | | ᠠᠶᠤᠯᠭᠦᠢ ᠦᠢᠯᠡᠳᠪᠦᠷᠢᠯᠡᠯ ᠤᠨ ᠲᠦᠷᠦᠯ ᠤᠨ ︽ᠨᠡᠶᠢᠲᠡ ᠶᠢᠨ ᠠᠰᠠᠷᠠᠮᠵᠢ ᠶᠢᠨ ᠵᠠᠷᠭᠤ︾ | | | ᠨᠡᠶᠢᠲᠡ ᠶᠢᠨ ᠠᠰᠠᠷᠠᠮᠵᠢ ᠶᠢᠨ ᠵᠠᠷᠭᠤ ᠪᠣᠯ ᠳᠠᠷᠤᠢ ᠤᠯᠤᠰ ᠣᠷᠣᠨ ᠤ ᠠᠰᠢᠭ ᠲᠤᠰᠠ ᠪᠠ ᠨᠡᠶᠢᠭᠡᠮ | ᠨᠡᠶᠢᠲᠡ ᠶᠢᠨ ᠠᠰᠢᠭ ᠲᠤᠰᠠ ᠶᠢ ᠬᠠᠮᠠᠭᠠᠯᠠᠬᠤ ᠶᠢᠨ ᠲᠥᠯᠥᠭᠡ ᠬᠢᠭᠰᠡᠨ ᠵᠠᠷᠭᠤ ᠪᠣᠯᠣᠨ᠎ᠠ᠂ ᠲᠡᠭᠦᠨ ᠢ ᠢᠷᠭᠡᠨ ᠤ | ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠪᠠ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ | ᠭᠡᠵᠦ ᠬᠤᠶᠠᠷ ᠲᠦᠷᠦᠯ ᠳᠤ ᠬᠤᠪᠢᠶᠠᠨ᠎ᠠ᠃ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠪᠣᠯ | ᠳᠠᠷᠤᠢ ᠠᠷᠠᠳ ᠤᠨ ᠪᠠᠶᠢᠴᠠᠭᠠᠬᠤ ᠬᠤᠷᠢᠶ᠎ᠠ ᠶᠢᠨ ᠳᠤᠷᠠᠳᠤᠭᠰᠠᠨ ᠨᠡᠶᠢᠲᠡ ᠶᠢᠨ ᠣᠶᠢᠷ᠎ᠠ ᠶᠢᠨ ᠵᠢᠯ ᠤᠳ ᠲᠤ᠂ | ᠬᠡᠷᠡᠭᠯᠡᠭᠡ᠂ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠨᠡᠶᠢᠲᠡ ᠶᠢᠨ ᠠᠰᠠᠷᠠᠮᠵᠢ ᠶᠢᠨ ᠵᠠᠷᠭᠤ | ᠨᠡᠯᠢᠶᠡᠳ ᠤᠯᠠᠨ ᠪᠠᠶᠢᠨ᠎ᠠ᠃ | | | ᠪᠣᠳᠠᠲᠤ ᠠᠵᠤ ᠠᠬᠤᠢ ᠶᠢᠨ ᠠᠮᠢᠳᠤᠷᠠᠯ ᠤᠨ ᠳᠤᠮᠳᠠ᠂ ᠵᠠᠷᠢᠮ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠨᠢ ᠤᠯᠤᠰ ᠣᠷᠣᠨ ᠤ ᠠᠰᠢᠭ ᠲᠤᠰᠠ ᠪᠤᠶᠤ ᠨᠡᠶᠢᠭᠡᠮ | ᠨᠡᠶᠢᠲᠡ ᠶᠢᠨ ᠠᠰᠢᠭ ᠲᠤᠰᠠ ᠶᠢ ᠬᠦᠨᠳᠦ ᠨᠣᠴᠢᠲᠠᠢ ᠬᠤᠬᠢᠷᠠᠭᠤᠯᠳᠠᠭ︔ ᠵᠠᠷᠢᠮ ᠵᠠᠰᠠᠭ ᠵᠠᠬᠢᠷᠭᠠᠨ ᠤ | ᠪᠠᠶᠢᠭᠤᠯᠭ᠎ᠠ ᠳᠤ ᠵᠠᠰᠠᠭ ᠵᠠᠬᠢᠷᠭᠠᠨ ᠤ ᠠᠵᠢᠯ ᠦᠯᠦ ᠬᠢᠬᠦ ᠦᠵᠡᠭᠳᠡᠯ ᠣᠷᠣᠰᠢᠵᠤ᠂ ᠠᠵᠤ ᠠᠬᠤᠢ ᠶᠢᠨ | ᠰᠢᠢᠳᠬᠡᠯ ᠢᠶᠠᠷ ᠬᠠᠷᠢᠭᠤᠴᠠᠯᠭ᠎ᠠ ᠨᠡᠬᠡᠮᠵᠢᠯᠡᠬᠦ ᠶᠢ ᠣᠷᠣᠯᠠᠭᠤᠯᠬᠤ᠂ ᠵᠠᠰᠠᠭ ᠵᠠᠬᠢᠷᠭᠠᠨ ᠤ ᠰᠢᠢᠳᠬᠡᠯ ᠢᠶᠠᠷ ᠡᠷᠡᠭᠦᠦ ᠶᠢᠨ | ᠰᠢᠢᠳᠬᠡᠯ ᠢ ᠣᠷᠣᠯᠠᠭᠤᠯᠬᠤ ᠵᠡᠷᠭᠡ ᠦᠵᠡᠭᠳᠡᠯ ᠣᠷᠣᠰᠢᠵᠤ᠂ ᠠᠶᠤᠯᠭᠦᠢ ᠦᠢᠯᠡᠳᠪᠦᠷᠢᠯᠡᠯ ᠤᠨ ᠰᠢᠨ᠎ᠡ ᠬᠠᠤᠯᠢ ᠳᠤ | ᠠᠶᠤᠯᠭᠦᠢ ᠦᠢᠯᠡᠳᠪᠦᠷᠢᠯᠡᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠳᠦᠷᠢᠮ ᠢ ᠰᠢᠨ᠎ᠡ ᠪᠠᠷ ᠨᠡᠮᠡᠵᠡᠢ᠃ | | | ᠰᠢᠨ᠎ᠡ ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠲᠠᠯᠠᠨ ᠳᠥᠷᠪᠡᠳᠦᠭᠡᠷ ᠵᠦᠢᠯ ᠳᠤ ᠨᠢᠭᠡ ᠪᠠᠳᠠᠭ | ᠨᠡᠮᠡᠭᠡᠳ ᠬᠤᠶᠠᠳᠤᠭᠠᠷ ᠪᠠᠳᠠᠭ ᠪᠣᠯᠭᠠᠪᠠ᠄ ︽ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠵᠥᠷᠢᠴᠡᠭᠰᠡᠨ ᠦᠢᠯᠡ | ᠠᠵᠢᠯᠯᠠᠭ᠎ᠠ ᠠᠴᠠ ᠪᠣᠯᠵᠤ ᠬᠦᠨᠳᠦ ᠨᠣᠴᠢᠲᠠᠢ ᠡ᠊ᠨᠳᠡᠯ ᠤᠨ ᠲᠠᠯᠳᠠ ᠭᠡᠮ ᠭᠠᠷᠭᠠᠭᠰᠠᠨ ᠪᠤᠶᠤ ᠬᠦᠨᠳᠦ ᠨᠣᠴᠢᠲᠠᠢ | ᠡ᠊ᠨᠳᠡᠯ ᠭᠠᠷᠭᠠᠵᠤ᠂ ᠤᠯᠤᠰ ᠣᠷᠣᠨ ᠤ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠠᠰᠢᠭ ᠲᠤᠰᠠ ᠳᠤ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠠᠷᠠᠳ ᠤᠨ ᠪᠠᠶᠢᠴᠠᠭᠠᠬᠤ ᠬᠤᠷᠢᠶ᠎ᠠ ᠢᠷᠭᠡᠨ ᠤ ᠵᠠᠷᠭᠤ ᠶᠢᠨ ᠬᠠᠤᠯᠢ᠂ ᠵᠠᠰᠠᠭ | ᠵᠠᠬᠢᠷᠭᠠᠨ ᠤ ᠵᠠᠷᠭᠤ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠨᠡᠶᠢᠲᠡ ᠶᠢᠨ | ᠠᠰᠠᠷᠠᠮᠵᠢ ᠶᠢᠨ ᠵᠠᠭᠠᠯᠳᠤᠯᠭ᠎ᠠ ᠭᠠᠷᠭᠠᠵᠤ ᠪᠣᠯᠣᠨ᠎ᠠ᠃︾ | | | ᠲᠠᠪᠴᠠᠩ ᠤᠨ ᠠᠵᠤ ᠠᠬᠤᠢ ᠶᠢᠨ ᠠᠵᠢᠯ ᠡᠷᠬᠢᠯᠡᠭᠰᠡᠳ ᠤᠨ ᠠᠮᠤᠷ ᠲᠦᠪᠰᠢᠨ | | | ᠲᠠᠪᠴᠠᠩ ᠤᠨ ᠠᠵᠤ ᠠᠬᠤᠢ ᠶᠢᠨ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠪᠠᠲᠤᠯᠠᠭ᠎ᠠ ᠶᠢ ᠰᠢᠨ᠎ᠡ | ᠠᠶᠤᠯᠭᠦᠢ ᠦᠢᠯᠡᠳᠪᠦᠷᠢᠯᠡᠯ ᠤᠨ ᠬᠠᠤᠯᠢ ᠳᠤ᠂ ᠲᠠᠪᠴᠠᠩ ᠤᠨ ᠠᠵᠤ ᠠᠬᠤᠢ ᠵᠡᠷᠭᠡ ᠰᠢᠨ᠎ᠡ ᠪᠠᠷ ᠮᠠᠨᠳᠤᠭᠰᠠᠨ ᠠᠵᠢᠯ | ᠲᠦᠷᠦᠯ᠂ ᠬᠦᠷᠢᠶᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠦᠭᠦᠳ ᠲᠤᠰ ᠠᠵᠢᠯ ᠲᠦᠷᠦᠯ᠂ | ᠬᠦᠷᠢᠶᠡᠨ ᠤ ᠪᠠᠨ ᠣᠨᠴᠠᠯᠢᠭ ᠢ ᠦᠨᠳᠦᠰᠦᠯᠡᠨ᠂ ᠪᠦᠬᠦ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠪᠥᠭᠡᠳ ᠨᠠᠶᠢᠳᠠᠪᠤᠷᠢᠵᠢᠭᠤᠯᠵᠤ᠂ ᠠᠵᠢᠯᠯᠠᠵᠤ ᠪᠠᠶᠢᠭ᠎ᠠ | ᠬᠥᠮᠥᠰ ᠤᠨ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠤᠨ ᠬᠤᠯᠪᠣᠭᠳᠠᠯ ᠪᠦᠬᠦᠢ ᠡᠭᠦᠷᠭᠡ ᠶᠢ ᠭᠦᠢᠴᠡᠳᠬᠡᠬᠦ ᠬᠡᠷᠡᠭᠲᠡᠢ ᠭᠡᠵᠦ ᠲᠣᠭᠲᠠᠭᠠᠵᠠᠢ᠃ | | | ᠰᠢᠨ᠎ᠡ ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠠᠷᠪᠠᠳᠤᠭᠠᠷ ᠵᠦᠢᠯ ᠤᠨ ᠬᠤᠶᠠᠳᠤᠭᠠᠷ ᠪᠠᠳᠠᠭ ᠲᠤ᠄ | ︽ᠰᠢᠨ᠎ᠡ ᠪᠠᠷ ᠬᠥᠭᠵᠢᠭᠰᠡᠨ ᠠᠵᠢᠯ ᠲᠦᠷᠦᠯ᠂ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠨᠢ ᠲᠣᠳᠣᠷᠬᠠᠢ ᠦᠭᠡᠢ ᠪᠠᠶᠢᠪᠠᠯ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ | ᠲᠤᠬᠠᠶᠢᠯᠠᠭᠰᠠᠨ ᠠᠵᠢᠯ ᠨᠢ ᠠᠳᠠᠯᠢᠪᠲᠤᠷ ᠪᠠᠶᠢᠬᠤ ᠵᠠᠷᠴᠢᠮ ᠶᠣᠰᠣᠭᠠᠷ ᠬᠢᠨᠠᠵᠤ ᠬᠠᠮᠢᠶᠠᠷᠬᠤ ᠰᠠᠯᠠᠭ᠎ᠠ ᠮᠥᠴᠢᠷ ᠢ | ᠲᠣᠭᠲᠠᠭᠠᠨ᠎ᠠ︾ ᠭᠡᠵᠦ ᠲᠣᠭᠲᠠᠭᠠᠵᠠᠢ᠃ | | | ᠣᠳᠣᠬᠠᠨ ᠳᠤ᠂ ᠮᠠᠨ ᠤ ᠤᠯᠤᠰ ᠤᠨ ᠡᠯ᠎ᠡ ᠲᠥᠷᠥᠯ ᠤᠨ ᠴᠢᠳᠠᠮᠵᠢᠲᠤ ᠣᠷᠣᠨ ᠤ ᠬᠡᠪᠴᠢᠶ᠎ᠡ ᠪᠠ ᠴᠢᠨᠠᠷ | ᠴᠢᠨᠰᠠᠭ᠎ᠠ ᠶᠢᠨ ᠬᠥᠭᠵᠢᠯᠲᠡ ᠮᠠᠰᠢ ᠲᠦᠷᠭᠡᠨ ᠪᠠᠶᠢᠵᠤ᠂ ᠶᠡᠭᠡ ᠬᠡᠮᠵᠢᠶᠡᠨ ᠤ ᠠᠵᠤ ᠠᠬᠤᠶᠢᠯᠠᠯ ᠢ ᠴᠤᠭᠯᠠᠭᠤᠯᠵᠤ᠂ | ᠠᠵᠤ ᠠᠬᠤᠢ ᠶᠢᠨ ᠲᠦᠷᠭᠡᠨ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠪᠣᠯᠵᠤ᠂ ᠭᠡᠪᠡᠴᠦ ᠡᠯ᠎ᠡ | ᠲᠦᠷᠦᠯ ᠤᠨ ᠴᠢᠳᠠᠮᠵᠢᠲᠤ ᠣᠷᠣᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ | ᠪᠣᠯ ᠣᠶᠢᠷ᠎ᠠ ᠶᠢᠨ ᠵᠢᠯ ᠤᠳ ᠲᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠤᠯᠭᠠᠷᠠᠵᠤ ᠪᠠᠶᠢᠭ᠎ᠠ ᠪᠡᠷᠬᠡ ᠰᠡᠳᠦᠪ | ᠮᠥᠨ᠂ ᠵᠠᠷᠢᠮ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠨᠢ ᠡᠯ᠎ᠡ ᠲᠦᠷᠦᠯ ᠤᠨ ᠴᠢᠳᠠᠮᠵᠢᠲᠤ ᠣᠷᠣᠨ ᠤ | ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠡᠭᠦᠯᠳᠡᠷ ᠪᠤᠰᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠭᠦᠢᠴᠡᠳ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠵᠠᠰᠠᠭ ᠵᠠᠬᠢᠷᠭ᠎ᠠ ᠠᠵᠤ ᠠᠬᠤᠶᠢᠯᠠᠯ ᠢ ᠰᠠᠯᠭᠠᠬᠤ | ᠦᠭᠡᠢ᠂ ᠰᠢᠰᠲ᠋ᠧᠮ ᠬᠡᠰᠡᠭ ᠰᠣᠯᠪᠢᠴᠠᠭᠰᠠᠨ᠂ ᠲᠤᠰᠢᠶᠠᠯ ᠬᠠᠷᠢᠭᠤᠴᠠᠯᠭ᠎ᠠ ᠲᠣᠳᠣᠷᠬᠠᠢ ᠦᠭᠡᠢ᠂ ᠬᠢᠨᠠᠯᠲᠠ | ᠬᠠᠮᠢᠶᠠᠷᠤᠯᠲᠠ ᠪᠠᠭᠤᠷᠠᠢ ᠪᠠᠶᠢᠬᠤ ᠵᠡᠷᠭᠡ ᠲᠣᠪᠣᠶᠢᠮ᠎ᠠ ᠠᠰᠠᠭᠤᠳᠠᠯ ᠣᠷᠣᠰᠢᠵᠤ ᠪᠠᠶᠢᠬᠤ ᠶᠢ ᠢᠯᠡᠷᠡᠭᠦᠯᠵᠡᠢ᠃ | | | | ᠰᠢᠨ᠎ᠡ ᠠᠶᠤᠯᠭᠦᠢ ᠦᠢᠯᠡᠳᠪᠦᠷᠢᠯᠡᠯ ᠤᠨ ᠬᠠᠤᠯᠢ ᠳᠤ ᠲᠣᠭᠲᠠᠭᠠᠭᠰᠠᠨ ᠢᠶᠠᠷ᠂ ᠰᠤᠮᠤ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠵᠢᠴᠢ ᠨᠡᠭᠡᠭᠡᠨ ᠬᠥᠭᠵᠢᠭᠦᠯᠬᠦ ᠣᠷᠣᠨ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠭᠠᠷᠠᠮ ᠤᠨ ᠲᠣᠭᠤᠷᠢᠭ᠂ ᠦᠵᠡᠮᠵᠢ ᠶᠢᠨ ᠣᠷᠣᠨ ᠵᠡᠷᠭᠡ ᠳᠤ | ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠬᠤᠯᠪᠣᠭᠳᠠᠯ ᠪᠦᠬᠦᠢ ᠠᠵᠢᠯ ᠤᠨ | ᠪᠠᠶᠢᠭᠤᠯᠤᠮᠵᠢ ᠵᠢᠴᠢ ᠲᠡᠭᠦᠨ ᠤ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠶᠤᠯᠭᠦᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠂ ᠦᠢᠯᠡᠳᠪᠦᠷᠢᠯᠡᠯ ᠤᠨ ᠠᠶᠤᠯᠭᠦᠢ ᠶᠢᠨ | ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠣᠬᠢᠴᠠᠩᠭᠤᠢ ᠪᠡᠯᠡᠳᠬᠡᠯ ᠲᠥᠰᠥᠯ ᠢ | ᠲᠣᠭᠲᠠᠭᠠᠵᠤ᠂ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠡᠷᠬᠡ | ᠣᠯᠭᠤᠭᠰᠠᠨ ᠶᠣᠰᠣᠭᠠᠷ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃ | | | ᠰᠢᠢᠳᠬᠡᠬᠦ ᠡᠷᠴᠢᠮ ᠢ ᠴᠢᠩᠭᠠᠷᠠᠭᠤᠯᠬᠤ | | | ᠲᠤᠰᠢᠶᠠᠯ ᠬᠠᠷᠢᠭᠤᠴᠠᠯᠭ᠎ᠠ ᠪᠠᠨ ᠦᠯᠦ ᠭᠦᠢᠴᠡᠳᠬᠡᠭᠰᠡᠨ ᠬᠠᠷᠢᠭᠤᠴᠠᠯᠭᠠᠲᠠᠨ᠂ ᠠᠵᠢᠯᠯᠠᠵᠤ ᠪᠠᠶᠢᠭ᠎ᠠ | ᠬᠥᠮᠥᠰ ᠪᠠ ᠡ᠊ᠨᠳᠡᠯ ᠭᠠᠷᠤᠭᠰᠠᠨ ᠨᠢᠭᠡᠴᠢ ᠶᠢ ᠪᠦᠬᠦ ᠲᠠᠯ᠎ᠠ ᠪᠠᠷ ᠬᠦᠨᠳᠦ ᠪᠠᠷ ᠰᠢᠢᠳᠭᠡᠵᠦ᠂ ᠠᠮᠤᠷ ᠲᠦᠪᠰᠢᠨ ᠪᠤᠰᠤ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠡᠳᠦᠷ ᠢᠶᠠᠷ ᠦᠷᠭᠦᠯᠵᠢᠯᠡᠨ ᠰᠢᠢᠳᠭᠡᠵᠦ᠂ ᠴᠢᠨᠠᠭᠰᠢᠯᠠᠪᠠᠯ ᠡᠭᠦᠳᠡ ᠶᠢ | ᠨᠢ ᠬᠠᠭᠠᠯᠭᠠᠨ᠎ᠠ᠂ ᠰᠢᠢᠳᠬᠡᠬᠦ ᠡᠷᠴᠢᠮ ᠢ ᠴᠢᠩᠭᠠᠷᠠᠭᠤᠯᠬᠤ ᠪᠣᠯ ᠠᠶᠤᠯᠭᠦᠢ ᠦᠢᠯᠡᠳᠪᠦᠷᠢᠯᠡᠯ ᠤᠨ ᠰᠢᠨ᠎ᠡ ᠬᠠᠤᠯᠢ ᠶᠢᠨ | ᠨᠢᠭᠡᠨ ᠶᠡᠭᠡ ᠣᠨᠴᠠᠯᠢᠭ ᠪᠣᠯᠣᠨ᠎ᠠ᠃ | | | ᠭᠤᠣᠯ ᠬᠠᠷᠢᠭᠤᠴᠠᠯᠭᠠᠲᠠᠨ ᠢ ᠵᠣᠭᠤᠰ ᠢᠶᠠᠷ ᠲᠣᠷᠭᠠᠨ᠎ᠠ᠃ ᠰᠢᠨ᠎ᠡ ᠠᠶᠤᠯᠭᠦᠢ ᠦᠢᠯᠡᠳᠪᠦᠷᠢᠯᠡᠯ ᠤᠨ | ᠬᠠᠤᠯᠢ ᠶᠢᠨ ᠶᠡᠷᠡᠨ ᠲᠠᠪᠤᠳᠤᠭᠠᠷ ᠵᠦᠢᠯ ᠳᠤ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ | ᠬᠠᠷᠢᠭᠤᠴᠠᠯᠭᠠᠲᠠᠨ ᠲᠤᠰ ᠬᠠᠤᠯᠢ ᠳᠤ ᠲᠣᠭᠲᠠᠭᠠᠭᠰᠠᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠠᠴᠠ ᠪᠣᠯᠵᠤ ᠦᠢᠯᠡᠳᠪᠦᠷᠢᠯᠡᠯ ᠤᠨ ᠠᠶᠤᠯᠭᠦᠢ ᠶᠢᠨ | ᠡ᠊ᠨᠳᠡᠯ ᠭᠠᠷᠭᠠᠭᠰᠠᠨ ᠪᠠᠶᠢᠪᠠᠯ᠂ ᠪᠠᠴᠢᠮ ᠶᠠᠭᠠᠷᠠᠯᠲᠠᠢ ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠵᠣᠭᠤᠰ ᠢᠶᠠᠷ | ᠲᠣᠷᠭᠠᠬᠤ ᠪᠠᠷ ᠰᠢᠢᠳᠬᠡᠨ᠎ᠡ᠄ ︵ᠨᠢᠭᠡ︶ ᠡᠩ ᠤᠨ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ | ᠣᠷᠣᠯᠭ᠎ᠠ ᠶᠢᠨ ᠬᠢᠨᠢ ᠵᠠᠭᠤᠨ ᠤ ᠳᠥᠴᠢ ᠶᠢᠨ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ︵ᠬᠤᠶᠠᠷ︶ ᠨᠡᠯᠢᠶᠡᠳ | ᠶᠡᠭᠡ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ ᠵᠠᠭᠤᠨ ᠤ ᠵᠢᠷᠠ ᠶᠢᠨ | ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ︵ᠭᠤᠷᠪᠠ︶ ᠬᠦᠨᠳᠦ ᠨᠣᠴᠢᠲᠠᠢ ᠡ᠊ᠨᠳᠡᠯ ᠭᠠᠷᠤᠭᠰᠠᠨ ᠪᠠᠶᠢᠪᠠᠯ᠂ | ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ ᠵᠠᠭᠤᠨ ᠤ ᠨᠠᠶᠠ ᠶᠢᠨ ᠵᠣᠭᠤᠰ ᠢᠶᠠᠷ ᠲᠣᠷᠭᠠᠬᠤ ᠪᠠᠷ | ᠰᠢᠢᠳᠬᠡᠨ᠎ᠡ︔ ︵ᠳᠥᠷᠪᠡ︶ ᠣᠨᠴᠠᠭᠠᠶ ᠬᠦᠨᠳᠦ ᠨᠣᠴᠢᠲᠠᠢ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ | ᠵᠢᠯ ᠤᠨ ᠣᠷᠣᠯᠭ᠎ᠠ ᠶᠢᠨ ᠬᠢᠨᠢ ᠵᠠᠭᠤᠨ ᠤ ᠵᠠᠭᠤ ᠶᠢᠨ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︾ ᠭᠡᠵᠦ ᠨᠡᠮᠡᠯᠲᠡ | ᠥᠭᠡᠷᠡᠴᠢᠯᠡᠯᠲᠡ ᠣᠷᠣᠭᠤᠯᠪᠠ᠃ | | | ᠪᠤᠰᠤᠳ ᠬᠠᠷᠢᠭᠤᠴᠠᠯᠭᠠᠲᠠᠨ ᠪᠠ ᠠᠶᠤᠯᠭᠦᠢ ᠦᠢᠯᠡᠳᠪᠦᠷᠢᠯᠡᠯ ᠢ ᠬᠠᠮᠢᠶᠠᠷᠬᠤ ᠠᠵᠢᠯᠲᠠᠨ ᠢ ᠵᠣᠭᠤᠰ ᠢᠶᠠᠷ | ᠲᠣᠷᠭᠠᠨ᠎ᠠ᠃ ᠰᠢᠨ᠎ᠡ ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠶᠡᠷᠡᠨ ᠵᠢᠷᠭᠤᠳᠤᠭᠠᠷ ᠵᠦᠢᠯ ᠳᠤ᠄ ︽ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠪᠤᠰᠤᠳ ᠬᠠᠷᠢᠭᠤᠴᠠᠯᠭᠠᠲᠠᠨ ᠪᠠ ᠠᠶᠤᠯᠭᠦᠢ ᠦᠢᠯᠡᠳᠪᠦᠷᠢᠯᠡᠯ ᠢ | ᠬᠠᠮᠢᠶᠠᠷᠬᠤ ᠠᠵᠢᠯᠲᠠᠨ ᠲᠤᠰ ᠬᠠᠤᠯᠢ ᠳᠤ ᠲᠣᠭᠲᠠᠭᠠᠭᠰᠠᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ | ᠲᠣᠭᠲᠠᠭᠠᠨ ᠵᠠᠯᠠᠷᠠᠭᠤᠯᠤᠭᠤᠯᠵᠤ᠂ ᠲᠦᠮᠡᠨ ᠲᠥᠭᠦᠷᠢᠭ ᠠᠴᠠ ᠳᠡᠭᠡᠭᠰᠢ ᠭᠤᠷᠪᠠᠨ ᠲᠦᠮᠡᠨ ᠲᠥᠭᠦᠷᠢᠭ ᠠᠴᠠ | ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ | ᠭᠠᠷᠭᠠᠭᠰᠠᠨ ᠪᠠᠶᠢᠪᠠᠯ᠂ ᠠᠶᠤᠯᠭᠦᠢ ᠦᠢᠯᠡᠳᠪᠦᠷᠢᠯᠡᠯ ᠳᠤ ᠬᠤᠯᠪᠣᠭᠳᠠᠬᠤ ᠬᠢᠷᠢ ᠬᠡᠮ ᠢ ᠨᠢ ᠲᠦᠷ ᠵᠣᠭᠰᠤᠭᠠᠬᠤ ᠪᠤᠶᠤ | ᠬᠤᠷᠢᠶᠠᠨ ᠠᠪᠴᠤ ᠬᠦᠴᠦᠨ ᠦᠭᠡᠢ ᠪᠣᠯᠭᠠᠵᠤ᠂ ᠲᠦᠷᠦᠭᠦᠦ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ | ᠵᠠᠭᠤᠨ ᠤ ᠬᠤᠷᠢ ᠠᠴᠠ ᠳᠡᠭᠡᠭᠰᠢ ᠵᠠᠭᠤᠨ ᠤ ᠲᠠᠪᠢ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ | ᠰᠢᠢᠳᠬᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ | ᠃ | | | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠡᠳᠦᠷ ᠢᠶᠠᠷ ᠪᠤᠳᠦᠵᠦ ᠦᠷᠭᠦᠯᠵᠢᠯᠡᠨ ᠰᠢᠢᠳᠬᠡᠨ᠎ᠡ᠃ | ᠰᠢᠨ᠎ᠡ ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠵᠠᠭᠤ ᠠᠷᠪᠠᠨ ᠬᠤᠶᠠᠳᠤᠭᠠᠷ ᠵᠦᠢᠯ ᠳᠤ᠄ ︽ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠵᠠᠯᠠᠷᠠᠭᠤᠯᠤᠭᠤᠯᠬᠤ ᠪᠠᠷ ᠵᠠᠷᠯᠢᠭᠳᠠᠭᠰᠠᠨ | ᠮᠥᠷᠲᠡᠭᠡᠨ ᠵᠣᠭᠤᠰ ᠢᠶᠠᠷ ᠲᠣᠷᠭᠠᠬᠤ ᠪᠠᠷ ᠰᠢᠢᠳᠬᠡᠭᠳᠡᠭᠰᠡᠨ ᠪᠠᠶᠢᠲᠠᠯ᠎ᠠ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ | ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠨᠢ | ᠵᠠᠯᠠᠷᠠᠭᠤᠯᠤᠭᠤᠯᠬᠤ ᠪᠠᠷ ᠵᠠᠷᠯᠢᠭᠳᠠᠭᠰᠠᠨ ᠡᠳᠦᠷ ᠤᠨ ᠲᠠᠷᠠᠭ᠎ᠠ ᠡᠳᠦᠷ ᠠᠴᠠ ᠡᠬᠢᠯᠡᠨ ᠤᠤᠯ ᠤᠨ ᠰᠢᠢᠳᠬᠡᠭᠰᠡᠨ ᠲᠤᠭ᠎ᠠ | ᠬᠡᠮᠵᠢᠶ᠎ᠡ ᠪᠠᠷ ᠡᠳᠦᠷ ᠢᠶᠠᠷ ᠪᠤᠳᠤᠵᠤ ᠦᠷᠭᠦᠯᠵᠢᠯᠡᠨ ᠰᠢᠢᠳᠭᠡᠵᠦ ᠪᠣᠯᠣᠨ᠎ᠠ᠃︾ | | | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠬᠠᠭᠠᠬᠤ᠃ ᠰᠢᠨ᠎ᠡ ᠠᠶᠤᠯᠭᠦᠢ ᠦᠢᠯᠡᠳᠪᠦᠷᠢᠯᠡᠯ ᠤᠨ | ᠬᠠᠤᠯᠢ ᠶᠢᠨ ᠵᠠᠭᠤ ᠠᠷᠪᠠᠨ ᠭᠤᠷᠪᠠᠳᠤᠭᠠᠷ ᠵᠦᠢᠯ ᠳᠤ᠄ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠳᠣᠣᠷ᠎ᠠ | ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠠᠴᠠ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠳᠤ | ᠡᠭᠦᠳᠡ ᠶᠢ ᠨᠢ ᠬᠠᠭᠠᠯᠭᠠᠬᠤ ᠪᠠᠷ ᠳᠡᠪᠰᠢᠭᠦᠯᠬᠦ ᠬᠡᠷᠡᠭᠲᠡᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠬᠤᠯᠪᠣᠭᠳᠠᠯ ᠪᠦᠬᠦᠢ ᠭᠡᠷᠡᠴᠢ ᠦᠨᠡᠮᠯᠡᠯ ᠢ ᠨᠢ ᠬᠠᠤᠯᠢ ᠶᠣᠰᠣᠭᠠᠷ ᠬᠤᠷᠢᠶᠠᠨ ᠠᠪᠴᠤ ᠬᠦᠴᠦᠨ ᠦᠭᠡᠢ ᠪᠣᠯᠭᠠᠬᠤ | ᠬᠡᠷᠡᠭᠲᠡᠢ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠲᠠᠪᠤᠨ ᠵᠢᠯ ᠤᠨ ᠳᠣᠲᠣᠷ᠎ᠠ | ᠶᠠᠮᠠᠷᠪᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠪᠣᠯᠵᠤ ᠪᠣᠯᠬᠤ ᠦᠭᠡᠢ︔ | ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠨᠠᠰᠤᠨ ᠲᠤᠷᠰᠢᠲᠠ ᠲᠤᠰ ᠠᠵᠢᠯ ᠲᠥᠷᠥᠯ ᠤᠨ ᠢᠶᠠᠨ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠤ ᠲᠤᠰᠢᠶᠠᠯ ᠢ ᠡᠭᠦᠷᠭᠡᠯᠡᠵᠦ ᠪᠣᠯᠬᠤ | ᠦᠭᠡᠢ᠄ ︵ᠨᠢᠭᠡ︶ ᠬᠦᠨᠳᠦ ᠨᠣᠴᠢᠲᠠᠢ ᠡ᠊ᠨᠳᠡᠯ ᠤᠨ ᠲᠡᠯᠳᠠ ᠭᠡᠮ ᠣᠷᠣᠰᠢᠵᠤ᠂ ᠵᠠᠭᠤ ᠨᠠᠶᠠᠨ ᠡᠳᠦᠷ ᠤᠨ ᠳᠣᠲᠣᠷ᠎ᠠ | ᠭᠤᠷᠪᠠ ᠤᠳᠠᠭ᠎ᠠ ᠪᠤᠶᠤ ᠨᠢᠭᠡ ᠵᠢᠯ ᠤᠨ ᠳᠣᠲᠣᠷ᠎ᠠ ᠲᠤᠰ ᠬᠠᠤᠯᠢ ᠳᠤ ᠲᠣᠭᠲᠠᠭᠠᠭᠰᠠᠨ ᠵᠠᠰᠠᠭ ᠵᠠᠬᠢᠷᠭᠠᠨ ᠤ | ᠰᠢᠢᠳᠬᠡᠯ ᠢ ᠳᠥᠷᠪᠡ ᠤᠳᠠᠭ᠎ᠠ ᠣᠯᠣᠭᠰᠠᠨ︔ ︵ᠬᠤᠶᠠᠷ︶ ᠠᠵᠢᠯ ᠦᠢᠯᠡᠳᠪᠦᠷᠢᠯᠡᠯ ᠢ ᠨᠢ ᠵᠣᠭᠰᠣᠭᠠᠵᠤ | ᠴᠡᠭᠴᠡᠯᠡᠭᠦᠯᠬᠦ ᠪᠠᠷ ᠳᠠᠮᠵᠢᠭᠠᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠤᠯᠤᠰ ᠤᠨ | ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠳᠤ ᠲᠣᠭᠲᠠᠭᠠᠭᠰᠠᠨ ᠠᠶᠤᠯᠭᠦᠢ ᠦᠢᠯᠡᠳᠪᠦᠷᠢᠯᠡᠯ ᠤᠨ | ᠨᠥᠬᠦᠴᠡᠯ ᠢ ᠮᠥᠨ ᠯᠡ ᠪᠦᠷᠢᠳᠦᠭᠦᠯᠦᠭᠰᠡᠨ ᠦᠭᠡᠢ︔ ︵ᠭᠤᠷᠪᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ | ᠬᠠᠤᠯᠢ ᠲᠣᠭᠲᠠᠭᠠᠯ ᠪᠠ ᠤᠯᠤᠰ ᠤᠨ ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠳᠤ ᠲᠣᠭᠲᠠᠭᠠᠭᠰᠠᠨ | ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠦᠭᠰᠡᠨ ᠦᠭᠡᠢ ᠠᠴᠠ ᠪᠣᠯᠵᠤ ᠦᠢᠯᠡᠳᠪᠦᠷᠢᠯᠡᠯ ᠤᠨ | ᠠᠶᠤᠯᠭᠦᠢ ᠶᠢᠨ ᠬᠦᠨᠳᠦ ᠨᠣᠴᠢᠲᠠᠢ᠂ ᠣᠨᠴᠠᠭᠠᠶ ᠬᠦᠨᠳᠦ ᠨᠣᠴᠢᠲᠠᠢ ᠡ᠊ᠨᠳᠡᠯ ᠭᠠᠷᠭᠠᠬᠤ ᠳᠤ ᠬᠦᠷᠦᠭᠦᠯᠦᠭᠰᠡᠨ︔ ︵ | ᠳᠥᠷᠪᠡ︶ ᠠᠶᠤᠯᠭᠦᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ | ᠮᠥᠴᠢᠷ ᠤᠨ ᠭᠠᠷᠭᠠᠭᠰᠠᠨ ᠠᠵᠢᠯ ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠬᠦ ᠲᠣᠭᠲᠠᠭᠠᠯ ᠢ ᠬᠡᠷᠡᠭᠵᠢᠭᠦᠯᠬᠦ ᠶᠢ | ᠲᠡᠪᠴᠢᠭᠰᠡᠨ︾ ᠭᠡᠵᠦ ᠨᠡᠮᠡᠯᠲᠡ ᠥᠭᠡᠷᠡᠴᠢᠯᠡᠯᠲᠡ ᠣᠷᠣᠭᠤᠯᠪᠠ᠃ | | | ᠡ᠊ᠨᠳᠡᠯ ᠭᠠᠷᠤᠭᠰᠠᠨ ᠨᠢᠭᠡᠴᠢ ᠶᠢ ᠵᠣᠭᠤᠰ ᠢᠶᠠᠷ ᠲᠣᠷᠭᠠᠬᠤ᠃ ᠰᠢᠨ᠎ᠡ ᠠᠶᠤᠯᠭᠦᠢ ᠦᠢᠯᠡᠳᠪᠦᠷᠢᠯᠡᠯ ᠤᠨ | ᠬᠠᠤᠯᠢ ᠶᠢᠨ ᠵᠠᠭᠤ ᠠᠷᠪᠠᠨ ᠳᠥᠷᠪᠡᠳᠦᠭᠡᠷ ᠵᠦᠢᠯ ᠳᠤ᠄ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠭᠠᠷᠪᠠᠯ᠂ | ᠬᠠᠷᠢᠭᠤᠴᠠᠯᠭ᠎ᠠ ᠲᠠᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠵᠣᠬᠢᠴᠠᠩᠭᠤᠢ ᠲᠥᠯᠥᠪᠦᠷᠢ ᠶᠢᠨ ᠵᠡᠷᠭᠡ | ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠭᠦᠯᠬᠦ ᠪᠠᠷ ᠱᠠᠭᠠᠷᠳᠠᠬᠤ ᠠᠴᠠ ᠭᠠᠳᠠᠨ᠎ᠠ᠂ ᠪᠠᠴᠢᠮ ᠶᠠᠭᠠᠷᠠᠯᠲᠠᠢ | ᠲᠣᠬᠢᠶᠠᠯᠳᠤᠯ ᠳᠤ ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠳᠣᠣᠷ᠎ᠠ | ᠵᠢᠭᠰᠠᠭᠠᠭᠰᠠᠨ ᠲᠣᠭᠲᠠᠭᠠᠯ ᠶᠣᠰᠣᠭᠠᠷ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠄ ︵ᠨᠢᠭᠡ︶ ᠡ᠊ᠩ ᠤᠨ ᠡ᠊ᠨᠳᠡᠯ | ᠭᠠᠷᠤᠭᠰᠠᠨ ᠪᠠᠶᠢᠪᠠᠯ᠂ ᠭᠤᠴᠢᠨ ᠲᠦᠮᠡᠨ ᠲᠥᠭᠦᠷᠢᠭ ᠠᠴᠠ ᠳᠡᠭᠡᠭᠰᠢ ᠵᠠᠭᠤᠨ ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ︵ᠬᠤᠶᠠᠷ︶ ᠨᠡᠯᠢᠶᠡᠳ ᠶᠡᠭᠡ ᠡ᠊ᠨᠳᠡᠯ ᠭᠠᠷᠤᠭᠰᠠᠨ ᠪᠠᠶᠢᠪᠠᠯ᠂ ᠵᠠᠭᠤᠨ | ᠲᠦᠮᠡᠨ ᠲᠥᠭᠦᠷᠢᠭ ᠠᠴᠠ ᠳᠡᠭᠡᠭᠰᠢ ᠬᠤᠶᠠᠷ ᠵᠠᠭᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ | ᠲᠣᠷᠭᠠᠬᠤ ᠪᠠᠷ ᠰᠢᠢᠳᠬᠡᠨ᠎ᠡ︔ ︵ᠭᠤᠷᠪᠠ︶ ᠬᠦᠨᠳᠦ ᠨᠣᠴᠢᠲᠠᠢ ᠡ᠊ᠨᠳᠡᠯ ᠭᠠᠷᠤᠭᠰᠠᠨ ᠪᠠᠶᠢᠪᠠᠯ᠂ ᠬᠤᠶᠠᠷ ᠵᠠᠭᠤᠨ | ᠲᠦᠮᠡᠨ ᠲᠥᠭᠦᠷᠢᠭ ᠠᠴᠠ ᠳᠡᠭᠡᠭᠰᠢ ᠮᠢᠩᠭᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠢᠳᠬᠡᠨ᠎ᠡ︔ ︵ᠳᠥᠷᠪᠡ︶ ᠣᠨᠴᠠᠭᠠᠶ ᠬᠦᠨᠳᠦ ᠨᠣᠴᠢᠲᠠᠢ ᠡ᠊ᠨᠳᠡᠯ ᠭᠠᠷᠤᠭᠰᠠᠨ ᠪᠠᠶᠢᠪᠠᠯ᠂ ᠮᠢᠩᠭᠠᠨ ᠲᠦᠮᠡᠨ | ᠲᠥᠭᠦᠷᠢᠭ ᠠᠴᠠ ᠳᠡᠭᠡᠭᠰᠢ ᠬᠤᠶᠠᠷ ᠮᠢᠩᠭᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠢᠳᠬᠡᠨ᠎ᠡ᠃︾ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠭᠠᠷᠤᠭᠠᠳ ᠤᠢᠢᠯᠠ ᠪᠠᠶᠢᠳᠠᠯ ᠨᠢ ᠣᠨᠴᠠᠭᠠᠶ | ᠬᠦᠨᠳᠦ ᠨᠣᠴᠢᠲᠠᠢ᠂ ᠨᠥᠯᠥᠭᠡ ᠨᠢ ᠣᠨᠴᠠᠭᠠᠶ ᠬᠠᠷ᠎ᠠ ᠬᠤᠣᠷᠲᠠᠢ ᠪᠠᠶᠢᠪᠠᠯ᠂ ᠪᠠᠴᠢᠮ ᠶᠠᠭᠠᠷᠠᠯᠲᠠᠢ ᠲᠣᠬᠢᠶᠠᠯᠳᠤᠯ ᠳᠤ | ᠪᠡᠯᠡᠨ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠮᠦᠨᠡᠬᠢ ᠪᠠᠳᠠᠭ ᠤᠨ | ᠵᠣᠭᠤᠰ ᠢᠶᠠᠷ ᠲᠣᠷᠭᠠᠬᠤ ᠲᠣᠭᠠᠨ ᠤ ᠬᠤᠶᠠᠷ ᠲᠡᠬᠢᠠ ᠠᠴᠠ ᠳᠡᠭᠡᠭᠰᠢ ᠲᠠᠪᠤᠨ ᠲᠡᠬᠢᠠ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠣᠨ᠎ᠠ᠃︾ | | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶᠠᠨ ᠤ ᠳᠠᠮᠵᠢᠭᠤᠯᠤᠨ ᠨᠡᠶᠢᠲᠡᠯᠡᠵᠦ ᠪᠠᠶᠢᠭ᠎ᠠ᠄ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ | | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |