ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠳᠠᠮᠵᠢᠭᠤᠯᠤᠨ ᠨᠡᠶᠢᠲᠡᠯᠡᠬᠦ ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠎ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/6/29
            2001 ᠣᠨ ᠤ 10 ᠰᠠᠷ᠎ᠠ ᠶᠢᠨ 27᠎ ᠤ ᠡᠳᠦᠷ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 2011 ᠣᠨ ᠤ 12 ᠰᠠᠷ᠎ᠠ ᠶᠢᠨ 31᠎ ᠤ ᠡᠳᠦᠷ ᠤᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠥᠷᠪᠡᠳᠦᠭᠡᠷ ᠬᠤᠷᠠᠯᠳᠤᠭᠠᠨ ᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ﹀᠎ ᠳᠤ ᠵᠠᠰᠠᠪᠤᠷᠢ 2016 ᠣᠨ ᠤ 7 ᠰᠠᠷ᠎ᠠ ᠶᠢᠨ 2᠎ ᠤᠨ ᠡᠳᠦᠷ ᠤᠨ ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯᠳᠤᠭᠠᠨ ᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ﹀ ᠵᠡᠷᠭᠡ ᠵᠢᠷᠭᠤᠭᠠᠨ ᠬᠠᠤᠯᠢ ᠳᠤ ᠨᠡᠮᠡᠯᠲᠡ᠂ ᠥᠭᠡᠷᠡᠴᠢᠯᠡᠯᠲᠡ ᠣᠷᠣᠭᠤᠯᠬᠤ ᠲᠤᠬᠠᠢ ᠲᠣᠭᠲᠠᠭᠠᠯ︾᠎ ᠢ ᠦᠨᠳᠦᠰᠦᠯᠡᠨ ᠬᠤᠶᠠᠳᠠᠭᠢ ᠤᠳᠠᠭ᠎ᠠ ᠨᠡᠮᠡᠯᠲᠡ᠂ ᠥᠭᠡᠷᠡᠴᠢᠯᠡᠯᠲᠡ ᠣᠷᠣᠭᠤᠯᠪᠠ᠂ 2017 ᠣᠨ ᠤ 11 ᠰᠠᠷ᠎ᠠ ᠶᠢᠨ 4᠎ ᠤ ᠡᠳᠦᠷ ᠤᠨ ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠬᠤᠷᠠᠯᠳᠤᠭᠠᠨ ᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠲᠠᠯᠠᠨ ᠪᠤᠳᠤᠭᠴᠢ ᠶᠢᠨ ᠬᠠᠤᠯᠢ﹀ ᠵᠡᠷᠭᠡ ᠠᠷᠪᠠᠨ ᠨᠢᠭᠡᠨ ᠬᠠᠤᠯᠢ ᠳᠤ ᠨᠡᠮᠡᠯᠲᠡ᠂ ᠥᠭᠡᠷᠡᠴᠢᠯᠡᠯᠲᠡ ᠣᠷᠣᠭᠤᠯᠬᠤ ᠲᠤᠬᠠᠢ ᠲᠣᠭᠲᠠᠭᠠᠯ︾᠎ ᠢ ᠦᠨᠳᠦᠰᠦᠯᠡᠨ ᠭᠤᠷᠪᠠᠳᠠᠭᠢ ᠤᠳᠠᠭ᠎ᠠ ᠨᠡᠮᠡᠯᠲᠡ᠂ ᠥᠭᠡᠷᠡᠴᠢᠯᠡᠯᠲᠡ ᠣᠷᠣᠭᠤᠯᠪᠠ᠃ 2018 ᠣᠨ ᠤ 12 ᠰᠠᠷ᠎ᠠ ᠶᠢᠨ 29᠎ ᠤ ᠡᠳᠦᠷ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯᠳᠤᠭᠠᠨ ᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ﹀ ᠵᠡᠷᠭᠡ ᠲᠤᠯᠤᠭᠠᠨ ᠬᠠᠤᠯᠢ ᠳᠤ ᠨᠡᠮᠡᠯᠲᠡ᠂ ᠥᠭᠡᠷᠡᠴᠢᠯᠡᠯᠲᠡ ᠣᠷᠣᠭᠤᠯᠬᠤ ᠲᠤᠬᠠᠢ ᠲᠣᠭᠲᠠᠭᠠᠯ︾᠎ ᠢ ᠦᠨᠳᠦᠰᠦᠯᠡᠨ ᠳᠥᠷᠪᠡᠳᠡᠬᠢ ᠤᠳᠠᠭ᠎ᠠ ᠨᠡᠮᠡᠯᠲᠡ᠂ ᠥᠭᠡᠷᠡᠴᠢᠯᠡᠯᠲᠡ ᠣᠷᠣᠭᠤᠯᠪᠠ᠃                   ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ                   ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠎ ᠳᠤ ᠬᠡᠯᠡᠵᠦ ᠪᠠᠶᠢᠭ᠎ᠠ ᠠᠵᠢᠯ ᠮᠡᠷᠭᠡᠵᠢᠯ ᠠᠴᠠ ᠰᠢᠯᠲᠠᠭᠠᠯᠠᠭᠰᠠᠨ ᠡᠪᠡᠳᠴᠢᠨ ᠭᠡᠳᠡᠭ ᠪᠣᠯ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠪᠠ ᠬᠤᠪᠢ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ︵ᠳᠣᠷᠣᠭᠰᠢ ᠬᠥᠮᠥᠨ ᠬᠡᠷᠡᠭᠯᠡᠬᠦ ᠨᠢᠭᠡᠴᠢ ᠭᠡᠵᠦ ᠶᠡᠷᠦᠩᠬᠡᠶᠢᠯᠡᠨ ᠨᠡᠷᠡᠶᠢᠳᠦᠨ᠎ᠡ︶᠎ ᠶᠢᠨ ᠬᠥᠳᠡᠯᠮᠦᠷᠢᠴᠢᠨ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠳᠤᠮᠳᠠ ᠪᠠᠨ ᠨᠠᠷᠢᠨ ᠲᠣᠭᠤᠰᠣ᠂ ᠰᠠᠴᠤᠷᠠᠭ ᠢᠳᠡᠪᠬᠢ ᠪᠣᠳᠠᠰ ᠪᠠ ᠪᠤᠰᠤᠳ ᠬᠤᠣᠷᠲᠠᠢ᠂ ᠬᠥᠨᠥᠭᠡᠯ ᠲᠠᠢ ᠪᠣᠳᠠᠰ ᠵᠡᠷᠭᠡ ᠡᠯᠧᠮᠧᠨ᠋ᠲ ᠲᠠᠢ ᠣᠶᠢᠷᠠᠲᠤᠭᠰᠠᠨ ᠠᠴᠠ ᠪᠣᠯᠤᠭᠰᠠᠨ ᠡᠪᠡᠳᠴᠢᠨ ᠡᠮᠭᠡᠭ ᠢ ᠵᠢᠭᠠᠵᠤ ᠪᠠᠶᠢᠨ᠎ᠠ᠃                               ᠲᠠᠶᠢᠯᠤᠮᠵᠢ ᠬᠢᠭᠴᠢ᠄ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠤᠯᠢ ᠲᠣᠭᠲᠠᠭᠠᠯ ᠬᠢᠭᠡᠳ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠲᠠᠰᠤᠭ ᠤᠨ ᠡᠷᠬᠢᠯᠡᠭᠴᠢ ᠵᠠᠩ ᠭᠦᠸᠧ ᠸᠧᠨ                  ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠳᠠᠮᠵᠢᠭᠤᠯᠤᠨ  ᠨᠡᠶᠢᠲᠡᠯᠡᠬᠦ  ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠠᠴᠠ  ᠰᠢᠯᠲᠠᠭᠠᠯᠠᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠪᠡᠯᠡᠳᠬᠡᠭᠰᠡᠨ ᠨᠢ᠄ ᠡᠷᠳᠡᠨᠢᠬᠦᠦ ᠨᠠᠶᠢᠷᠠᠭᠤᠯᠤᠭᠰᠠᠨ ᠨᠢ᠄ ᠨᠠᠮᠤᠷ ᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号