ᠬᠠᠯᠠᠭᠤᠨ ᠤᠰᠤ ᠤᠤᠭᠤᠬᠤ ᠶᠢᠨ ᠰᠠᠶᠢᠨᠲᠠᠢ ᠲᠠᠯ᠎ᠠ
ᠨᠡᠶᠢᠲᠡᠯᠡᠭᠰᠡᠨ ᠴᠠᠭ᠄
2022/6/30
         ᠲᠤᠮᠳᠠᠳᠤ ᠤᠯᠤᠰ ᠢ ᠪᠠᠭᠳᠠᠭᠠᠭᠰᠠᠨ ᠲᠡᠯᠡᠭᠡᠢ ᠶᠢᠨ ᠮᠠᠰᠢ ᠤᠯᠠᠨ ᠭᠠᠵᠠᠷ ᠤᠨ ᠬᠢᠨ ᠴᠦᠮ ᠬᠠᠯᠠᠭᠤᠨ ᠤᠰᠤ ᠤᠤᠭᠤᠬᠤ ᠶᠢ ᠡᠷᠡᠬᠦᠯ ᠮᠡᠨᠳᠤ ᠳᠤ ᠠᠰᠢᠬᠳᠠᠢ ᠰᠠᠶᠢᠨ ᠲᠠᠳᠬᠠᠯ ᠭᠡᠵᠤ  ᠦᠵᠡᠳᠡᠭ᠃ ᠦᠢᠷ᠎ᠠ ᠳᠤ᠂  ᠬᠠᠯᠠᠭᠤᠨ ᠤᠰᠤ ᠤᠤᠭᠤᠬᠤ ᠶᠢᠨ ᠡᠳᠤᠢ ᠲᠡᠳᠤᠢ ᠰᠠᠶᠢᠨᠳᠠᠢ ᠲᠠᠯ᠎ᠠ ᠶᠢ ᠳ᠋ᠦᠩᠨᠡᠨ ᠭᠠᠷᠭᠠᠵᠠᠢ᠃      1. ᠪᠡᠶ᠎ᠡ ᠶᠢᠨ ᠬᠥᠨᠳᠤ ᠶᠢ ᠪᠠᠭᠤᠷᠠᠭᠤᠯᠬᠤ ᠳᠤ ᠠᠰᠢᠬᠳᠠᠢ᠃ ᠦᠷᠯᠤᠭᠡ ᠡᠷᠳᠡ ᠨᠢᠭᠡ  ᠴᠤᠮᠤ ᠬᠠᠯᠠᠭᠤᠨ ᠤᠰᠤ ᠤᠤᠭᠤᠪᠠᠯ ᠰᠢᠨ᠎ᠠ ᠬᠠᠭᠤᠴᠢᠨ ᠤ ᠰᠤᠯᠢᠯᠴᠠᠭ᠎ᠠ ᠶᠢ ᠠᠬᠢᠭᠤᠯᠵᠤ ᠴᠢᠳᠠᠬᠤ ᠶᠢᠨ ᠤᠯᠠᠮ ᠠᠴᠠ ᠪᠡᠶ᠎ᠡ ᠮᠠᠬᠠᠪᠤᠳ ᠨᠢ ᠡᠳᠤᠷ ᠲᠤᠮᠳᠠ ᠨᠡᠩ ᠤᠯᠠᠨ ᠢᠯᠴᠢ ᠶᠢᠨ ᠬᠡᠮᠵᠢᠶ᠎ᠠ ᠶᠢ ᠬᠤᠷᠤᠬᠳᠠᠭᠤᠯᠵᠤ ᠴᠢᠳᠠᠨ᠎ᠠ᠃ ᠬᠠᠯᠠᠭᠤᠨ ᠤᠰᠤ ᠤᠤᠭᠤᠬᠤ ᠨᠢ ᠪᠠᠰᠠ ᠪᠡᠶ᠎ᠡ ᠳᠠᠬᠢ ᠢᠯᠡᠬᠦᠴᠠ ᠤᠰᠤ ᠶᠢ ᠢᠯᠭᠠᠷᠠᠭᠤᠯᠵᠤ᠂ ᠤᠰᠤᠨ ᠬᠠᠪᠤᠩ ᠠᠴᠠ ᠰᠡᠷᠭᠡᠶᠢᠯᠡᠵᠤ ᠴᠢᠳᠠᠨ᠎ᠠ᠃      2. ᠬᠠᠮᠠᠷ ᠪᠦᠭᠯᠡᠷᠡᠬᠦ ᠠᠴᠠ ᠰᠡᠷᠭᠡᠶᠢᠯᠡᠵᠤ ᠴᠢᠳᠠᠨ᠎ᠠ᠃ ᠬᠠᠯᠠᠭᠤᠨ ᠤᠰᠤ ᠤᠤᠭᠤᠪᠠᠯ ᠵᠠᠷᠢᠮ ᠠᠮᠢᠰᠬᠤᠯ ᠤᠨ ᠵᠠᠮ ᠎ ᠤᠨ ᠬᠠᠯᠳᠠᠪᠤᠷᠢᠯᠠᠯ ᠤᠨ ᠡᠪᠡᠳᠴᠢᠨ ᠤ ᠢᠯᠡᠷᠡᠯ ᠢ ᠨᠠᠮᠳᠠᠭᠠᠵᠤ ᠴᠢᠳᠠᠨ᠎ᠠ᠃ ᠬᠠᠯᠠᠭᠤᠨ ᠤᠰᠤ ᠤᠤᠭᠤᠪᠠᠯ ᠬᠠᠮᠠᠷ ᠪᠦᠭᠯᠡᠷᠡᠬᠦ ᠎ ᠠᠴᠠ ᠰᠡᠷᠭᠡᠶᠢᠯᠡᠵᠤ ᠴᠢᠳᠠᠨ᠎ᠠ ᠭᠡᠳᠡᠭ ᠢ ᠡᠮᠴᠢᠯᠡᠭᠡᠨ ᠤ ᠲᠤᠷᠰᠢᠯᠳᠠ ᠳᠤ ᠬᠠᠷᠠᠭᠤᠯᠵᠠᠢ᠂ ᠤᠴᠢᠷ ᠨᠢ ᠬᠠᠯᠠᠭᠤᠨ ᠤᠰᠤᠨ ᠤ ᠬᠠᠯᠠᠭᠤᠨ ᠨᠢ ᠵᠠᠯᠬᠠᠭ ᠢ ᠲᠦᠷᠭᠡᠨ ᠢᠶᠠᠷ ᠵᠠᠳᠠᠷᠠᠭᠤᠯᠵᠤ ᠴᠢᠳᠠᠨ᠎ᠠ᠃      3. ᠰᠢᠳᠤ ᠶᠢ ᠡᠷᠡᠬᠦᠯᠵᠢᠬᠦᠯᠵᠤ ᠴᠢᠳᠠᠨ᠎ᠠ᠃ ᠬᠠᠯᠠᠭᠤᠨ ᠤᠰᠤᠨ ᠤ ᠰᠢᠳᠤ ᠶᠢ  ᠡᠷᠡᠬᠦᠯᠵᠢᠬᠦᠯᠬᠦ ᠪᠠ ᠵᠠᠰᠠᠨ ᠰᠡᠷᠬᠦᠭᠡᠬᠦ ᠦᠢᠯᠡᠳᠤᠯ ᠨᠢ ᠨᠡᠩ ᠰᠠᠶᠢᠨ ᠪᠠᠶᠢᠳᠠᠭ᠃ ᠰᠢᠳᠤ ᠰᠢᠭᠠᠬᠤ ᠳᠤ ᠬᠡᠷᠡᠭᠯᠡᠬᠦ ᠵᠠᠷᠢᠮ ᠲᠦᠬᠦᠷᠭᠡᠭᠴᠢ ᠪᠤᠳᠡᠰ ᠨᠢ ᠬᠥᠢᠳᠡᠨ ᠤᠰᠤᠨ ᠤ ᠰᠡᠳᠡᠯᠳᠡ ᠲᠤᠤᠷ᠎ᠠ ᠠᠪᠴᠢᠬᠤ ᠶᠢᠨ ᠤᠯᠠᠮ ᠠᠴᠠ ᠰᠢᠳᠤᠨ ᠤ ᠵᠠᠪᠰᠡᠷ ᠠᠴᠠ ᠮᠤᠯᠳᠤᠷᠠᠨ ᠤᠨᠠᠳᠠᠭ᠃        4. ᠰᠢᠩᠭᠡᠭᠡᠯᠳᠡ ᠶᠢ ᠰᠠᠶᠢᠵᠢᠷᠠᠭᠤᠯᠵᠤ ᠴᠢᠳᠠᠨ᠎ᠠ᠃ ᠪᠦᠯᠢᠶᠡᠨ ᠤᠰᠤ ᠨᠢ ᠴᠢᠰᠤᠨ ᠰᠤᠳᠠᠯ ᠢ ᠲᠡᠯᠡᠬᠦ ᠦᠢᠯᠠᠳᠤᠯ ᠎ ᠲᠠᠢ ᠪᠤᠯᠬᠤᠷ ᠴᠢᠰᠤᠨ ᠤ ᠭᠡᠳᠡᠰᠤ ᠤᠷᠤᠭᠤ ᠬᠥᠶᠤᠬᠦ ᠳᠤ  ᠰᠡᠳᠡᠯᠳᠡ ᠦᠭᠴᠤ᠂ ᠰᠢᠩᠭᠡᠭᠡᠯᠳᠡ ᠶᠢ ᠰᠠᠶᠢᠵᠢᠷᠠᠭᠤᠯᠳᠠᠭ᠃ ᠬᠠᠯᠠᠭᠤᠨ ᠤᠰᠤ ᠨᠢ ᠪᠠᠰᠠ ᠦᠭᠡᠬᠦ ᠶᠢᠨ ᠴᠠᠶᠢᠳᠠᠮᠵᠢᠬᠦ ᠶᠢ ᠲᠦᠷᠭᠡᠳᠭᠡᠬᠦ ᠦᠢᠯᠡᠳᠤᠯ ᠲᠠᠢ ᠪᠤᠯᠬᠤᠷ ᠲᠡᠳᠡᠭᠡᠷ ᠢ ᠨᠡᠩ ᠠᠮᠠᠷᠬᠠᠨ ᠢᠶᠠᠷ ᠰᠢᠩᠭᠡᠭᠡᠵᠤ ᠴᠢᠳᠠᠬᠤ ᠪᠤᠯᠭᠠᠨ᠎ᠠ᠃      5. ᠬᠥᠯᠤᠰᠤ ᠲᠤᠭᠤᠯᠬᠤ ᠳᠤ ᠰᠡᠳᠡᠯᠳᠡ ᠦᠭᠴᠤ ᠴᠢᠳᠠᠨ᠎ᠠ᠃ ᠬᠠᠯᠠᠭᠤᠨ ᠤᠰᠤ ᠤᠤᠭᠤᠪᠠᠯ ᠪᠡᠶ᠎ᠡ ᠶᠢᠨ ᠲᠤᠯᠠᠭᠠᠨ ᠎ ᠢ ᠲᠡᠭᠡᠭᠰᠢᠯᠡᠬᠦᠯᠵᠤ᠂ ᠬᠥᠯᠤᠰᠤ ᠲᠤᠭᠤᠯᠬᠤ ᠳᠤ ᠰᠡᠳᠡᠯᠳᠡ ᠦᠭᠴᠤ ᠴᠢᠳᠠᠨ᠎ᠠ᠃ ᠨᠤᠭᠤᠭᠠᠨ ᠴᠠᠢ ᠤᠤᠭᠤᠪᠠᠯ ᠪᠡᠶ᠎ᠡ ᠶᠢᠨ ᠲᠤᠳᠤᠷᠡᠬᠢ ᠴᠢᠯᠤᠭᠡᠳᠤ ᠪᠦᠯᠦᠭ ᠤᠨ ᠢᠳᠡᠪᠬᠢ ᠴᠢᠨᠠᠷ ᠢ ᠪᠠᠭᠠᠰᠬᠠᠵᠤ᠂ ᠡᠰ ᠢ ᠭᠡᠮᠳᠤᠭᠡᠬᠦ ᠠᠴᠠ ᠰᠡᠷᠭᠡᠶᠢᠯᠡᠵᠤ ᠪᠤᠯᠤᠨ᠎ᠠ᠃      6. ᠴᠢᠰᠤᠨ ᠤ ᠡᠷᠬᠢᠯᠳᠡ ᠶᠢ ᠰᠠᠶᠢᠵᠢᠷᠠᠭᠤᠯᠵᠤ ᠴᠢᠳᠠᠨ᠎ᠠ᠃ ᠬᠠᠯᠠᠭᠤᠨ ᠤᠰᠤᠨ ᠳᠤ  ᠤᠷᠤᠪᠠᠯ ᠡᠷᠬᠢᠯᠳᠡ ᠶᠢᠨ ᠰᠢᠰᠲ᠋ᠧᠮ ᠤᠨ ᠴᠢᠰᠤ ᠶᠢ ᠪᠦᠬᠦ ᠪᠡᠶ᠎ᠡ ᠳᠤ ᠨᠡᠩ ᠪᠦᠳᠤᠮᠵᠢᠳᠠᠢ ᠲᠡᠮᠵᠢᠭᠤᠯᠬᠤ ᠳᠤ ᠬᠠᠪᠰᠤᠷᠤᠯᠭ᠎ᠠ ᠪᠤᠯᠬᠤ ᠲᠠᠢ ᠠᠳᠠᠯᠢ ᠎ ᠪᠠᠷ᠂ ᠬᠠᠯᠠᠭᠤᠨ ᠤᠰᠤ ᠤᠤᠭᠤᠬᠤ ᠨᠢ ᠠᠳᠠᠯᠢᠬᠠᠨ ᠢᠶᠠᠷ ᠴᠢᠰᠤᠨ ᠤ ᠡᠷᠬᠢᠯᠳᠡ ᠶᠢ ᠰᠠᠶᠢᠵᠢᠷᠠᠭᠤᠯᠵᠤ ᠴᠢᠳᠠᠨ᠎ᠠ᠃ ᠡᠨᠡ ᠨᠢ ᠴᠢᠰᠤᠨ ᠲᠠᠷᠤᠯᠳᠠ ᠶᠢ ᠨᠡᠩ ᠲᠤᠬᠳᠠᠪᠤᠷᠢᠳᠠᠢ ᠪᠠᠶᠢᠯᠭᠠᠵᠤ᠂ ᠵᠢᠷᠤᠭᠡ ᠴᠢᠰᠤᠨ ᠰᠤᠳᠠᠯ ᠤᠨ ᠡᠪᠡᠳᠴᠢᠨ ᠲᠠᠬᠤᠯ ᠤᠨ ᠲᠦᠭᠰᠢᠬᠦᠷᠢ ᠶᠢ ᠪᠠᠭᠤᠷᠠᠭᠤᠯᠵᠤ ᠪᠤᠯᠤᠨ᠎ᠠ ᠬᠡᠳᠡᠭ ᠢ ᠬᠠᠷᠠᠭᠤᠯᠵᠤ ᠪᠠᠶᠢᠨ᠎ᠠ᠃      7. ᠬᠤᠷᠭᠤᠰᠤᠯᠠᠬᠤ ᠶᠢ ᠨᠠᠮᠳᠠᠭᠠᠵᠤ ᠴᠢᠳᠠᠨ᠎ᠠ᠃ ᠬᠤᠷᠭᠤᠰᠤᠯᠠᠬᠤ ᠨᠢ ᠶᠡᠷᠤ ᠳᠡᠭᠡᠨ  ᠬᠡᠳᠡᠰᠤ ᠬᠤᠳᠤᠭᠤᠳᠤ ᠶᠢᠨ ᠠᠳᠤᠪᠠᠯᠵᠠᠬᠤ ᠬᠤᠷᠳᠤᠴᠠ ᠤᠳᠠᠭᠠᠰᠢᠷᠠᠬᠤ ᠪᠠ ᠪᠡᠶ᠎ᠡ ᠮᠠᠬᠠᠪᠤᠳ ᠤᠰᠤ ᠲᠤᠳᠠᠭᠳᠠᠬᠤ ᠠᠴᠠ ᠪᠤᠯᠳᠠᠭ᠃ ᠦᠷᠯᠤᠭᠡ ᠡᠷᠳᠡ ᠪᠤᠰᠤᠭᠰᠠᠨ ᠤ ᠲᠠᠷᠠᠭ᠎ᠠ᠂ ᠦᠯᠤᠨ ᠢᠶᠠᠷ  ᠨᠢᠭᠡ ᠴᠤᠮᠤ ᠬᠠᠯᠠᠭᠤᠨ ᠤᠰᠤ ᠤᠤᠭᠤᠪᠠᠯ ᠬᠡᠳᠡᠰᠤ ᠠᠳᠤᠪᠠᠯᠵᠠᠬᠤ ᠶᠢ ᠲᠦᠷᠭᠡᠳᠭᠡᠵᠤ᠂ ᠬᠤᠷᠭᠤᠰᠤᠯᠠᠬᠤ ᠶᠢ ᠬᠤᠷᠢᠬᠯᠠᠵᠤ ᠴᠢᠳᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号