ᠭᠤᠤᠯ ᠢᠳᠡᠭᠡᠨ ᠢᠳᠡᠬᠦ ᠦᠭᠡᠢ ᠪᠠᠷ ᠮᠠᠷᠢᠶ᠎ᠠ ᠰᠢᠭᠤᠷᠠᠭᠤᠯᠬᠤ ᠨᠢ ᠵᠤᠬᠢᠰ ᠦᠭᠡᠢ
ᠨᠡᠶᠢᠲᠡᠯᠡᠭᠰᠡᠨ ᠴᠠᠭ᠄
2022/6/30
                         ᠰᠤᠷᠪᠤᠯᠵᠢᠯᠠᠭᠴᠢ ᠰᠢᠮ᠎ᠡ ᠲᠡᠵᠢᠭᠡᠯ ᠤᠨ ᠲᠤᠰᠬᠠᠢ ᠮᠡᠷᠭᠡᠵᠢᠯᠲᠡᠨ ᠠᠴᠠ ᠤᠶᠢᠯᠠᠭᠠᠭᠰᠠᠨ ᠢᠶᠠᠷ ᠤᠷᠲᠤ ᠬᠤᠭᠤᠴᠠᠭ᠎ᠠ ᠎ ᠪᠠᠷ ᠨᠡᠭᠦᠷᠡᠰᠦᠲᠦ᠋ᠷᠦᠭᠴᠢ ᠣᠰᠣᠨ ᠤ ᠨᠢᠭᠡᠳᠪᠦᠷᠢ ᠠᠭᠤᠯᠤᠭᠰᠠᠨ ᠢᠳᠡᠭᠡᠨ ᠢᠳᠡᠬᠦ ᠦᠭᠡᠢ ᠪᠠᠷ ᠮᠠᠷᠢᠶ᠎ᠠ ᠰᠢᠭᠤᠷᠠᠭᠤᠯᠬᠤ ᠨᠢ ᠤᠯᠠᠮ ᠢᠯᠡᠭᠦᠦ ᠮᠠᠷᠢᠶᠠᠯᠠᠬᠤ ᠠᠶᠤᠯ ᠲᠠᠢ ᠪᠦᠭᠡᠳ ᠶᠡᠭᠡ ᠲᠠᠷᠢᠬᠢᠨ ᠤ ᠲᠤᠰᠬᠠᠯ ᠤᠳᠠᠭᠠᠰᠢᠷᠠᠬᠤ᠂ ᠪᠡᠶ᠎ᠡ ᠴᠣᠭᠴᠠ ᠶᠢᠨ ᠰᠢᠮ᠎ᠡ ᠲᠡᠵᠢᠭᠡᠯ ᠤᠨ ᠪᠦᠲᠦᠴᠡ ᠵᠤᠬᠢᠴᠠᠯ ᠠᠯᠳᠠᠬᠤ᠂ ᠰᠣᠯᠢᠯᠴᠠᠭᠠᠨ ᠤ ᠨᠡᠶᠢᠯᠡᠭ ᠭᠡᠮ ᠳᠤ ᠨᠡᠷᠪᠡᠭᠳᠡᠬᠦ ᠵᠡᠷᠭᠡ ᠪᠠᠶᠢᠳᠠᠯ ᠢ ᠪᠣᠢ ᠪᠣᠯᠭᠠᠳᠠᠭ᠃                  ᠠᠨᠾᠦ᠋ᠢ ᠮᠣᠵᠢ ᠶᠢᠨ ᠠᠨᠠᠭᠠᠬᠤ ᠤᠬᠠᠭᠠᠨ ᠤ ᠶᠡᠭᠡ ᠰᠣᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶᠠᠨ ᠤ ᠠᠨᠠᠭᠠᠬᠤ ᠤᠬᠠᠭᠠᠨ ᠤ ᠰᠢᠮ᠎ᠡ ᠲᠡᠵᠢᠭᠡᠯ ᠤᠨ ᠰᠠᠯᠠᠭᠠᠨ ᠤ ᠡᠷᠬᠢᠯᠡᠭᠴᠢ ᠵᠢᠶᠠᠩ ᠵᠢᠶᠠᠨ ᠬᠤᠸᠠ ᠶᠢᠨ ᠲᠠᠨᠢᠯᠴᠠᠭᠤᠯᠤᠭᠰᠠᠨ ᠢᠶᠠᠷ᠂ ᠤᠶᠢᠷ᠎ᠠ ᠶᠢᠨ ᠵᠢᠯ ᠳᠤ ᠭᠤᠤᠯ ᠢᠳᠡᠭᠡᠨ ᠢᠳᠡᠬᠦ ᠦᠭᠡᠢ ᠪᠠᠷ ᠮᠠᠷᠢᠶ᠎ᠠ ᠰᠢᠭᠤᠷᠠᠭᠤᠯᠬᠤ ᠠᠷᠭ᠎ᠠ ᠬᠡᠯᠪᠡᠷᠢ ᠶᠡᠬᠡᠳᠡ ᠳᠡᠯᠭᠡᠷᠡᠵᠦ ᠪᠣᠢ᠃ ᠢᠯᠡᠩᠭᠤᠶ᠎ᠠ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠤᠯᠠᠩᠬᠢ ᠬᠦᠮᠦᠰ ᠮᠢᠬ᠎ᠠ ᠲᠤᠰᠤ ᠲᠠᠢ ᠢᠳᠡᠭᠡᠨ ᠶᠡᠭᠡ ᠢᠳᠡᠳᠡᠭ ᠪᠣᠯᠬᠤᠷ ᠨᠡᠭᠦᠷᠡᠰᠦᠲᠦ᠋ᠷᠦᠭᠴᠢ ᠤᠰᠤᠨ ᠤ ᠨᠢᠭᠡᠳᠪᠡᠷᠢ ᠤᠭᠲᠤ ᠰᠢᠩᠭᠡᠭᠡᠳᠡᠭ ᠦᠭᠡᠢ᠃ ᠬᠡᠷᠡᠭ ᠳᠡᠭᠡᠷ᠎ᠡ ᠪᠠᠨ ᠡᠶᠢᠮᠦᠷᠬᠦ ᠮᠠᠷᠢᠶ᠎ᠠ ᠰᠢᠭᠤᠷᠠᠭᠤᠯᠬᠤ ᠠᠷᠭ᠎ᠠ ᠨᠢ ᠡᠮᠦᠨ᠎ᠡ3 ᠰᠠᠷ᠎ᠠ ᠳᠤ ᠦᠢᠯᠡᠳᠦᠯ ᠭᠠᠷᠴᠤ ᠮᠡᠳᠡᠬᠦ ᠪᠣᠯᠪᠠᠴᠤ ᠳᠠᠬᠢᠨ ᠭᠤᠤᠯ ᠢᠳᠡᠭᠡᠨ ᠡᠬᠢᠯᠡᠨ ᠢᠳᠡᠪᠡᠯ ᠪᠡᠶ᠎ᠡ ᠶᠢᠨ ᠬᠦᠨᠳᠦ ᠨᠢ ᠳᠠᠬᠢᠨ ᠨᠡᠮᠡᠭᠳᠡᠵᠦ ᠴᠢᠨᠠᠭᠰᠢᠯᠠᠭᠠᠳ ᠤᠷᠢᠳᠤᠬᠢ ᠠᠴᠠ ᠪᠠᠨ ᠳᠠᠪᠠᠵᠤ ᠮᠡᠳᠡᠨ᠎ᠡ᠃             ᠲᠤᠰᠬᠠᠢ ᠮᠡᠷᠭᠡᠵᠢᠯᠲᠡᠨ ᠰᠠᠨᠠᠭᠤᠯᠤᠭᠰᠠᠨ ᠨᠢ᠂ ᠤᠨᠴᠠᠭᠠᠶᠢᠯᠠᠨ ᠡᠮᠡᠭᠲᠡᠢ ᠬᠦᠮᠦᠨ ᠤ ᠡᠳᠦᠷ ᠪᠦᠷᠢ ᠶᠢᠨ ᠢᠳᠡᠬᠦ ᠬᠡᠮᠵᠢᠶ᠎ᠡ ᠨᠢ ᠶᠡᠭᠡ ᠪᠢᠰᠢ᠂ ᠡᠳᠦᠷ ᠲᠤᠲᠤᠮ ᠤᠨ ᠤᠭᠤᠷᠠᠭ ᠶᠡᠬᠡᠲᠡᠢ᠂ ᠦᠭᠡᠬᠦ ᠶᠡᠬᠡᠲᠡᠢ ᠢᠳᠡᠭᠡᠨ ᠰᠢᠩᠭᠡᠭᠡᠭᠬᠦ ᠴᠢᠳᠠᠪᠤᠷᠢ ᠎ ᠨᠢ ᠴᠦ ᠲᠤᠩ ᠬᠢᠵᠠᠭᠠᠷ ᠲᠠᠢ ᠪᠠᠶᠢᠳᠠᠭ ᠪᠣᠯᠬᠤᠷ ᠭᠤᠤᠯ ᠢᠳᠡᠭᠡᠨ ᠢᠳᠡᠬᠦ ᠦᠭᠡᠢ ᠪᠣᠯᠣᠭᠰᠠᠭᠠᠷ ᠬᠢᠯᠪᠠᠷᠬᠠᠨ ᠢᠶᠠᠷ ᠤᠭᠤᠷᠠᠭ ᠤᠨ ᠰᠢᠮ᠎ᠡ ᠲᠡᠵᠢᠭᠡᠯ ᠲᠤᠳᠠᠭᠳᠠᠳᠠᠭ᠃ ᠡᠶᠢᠮᠦᠷᠬᠦ ᠠᠷᠭ᠎ᠠ ᠪᠠᠷ ᠮᠠᠷᠢᠶ᠎ᠠ ᠰᠢᠭᠤᠷᠠᠭᠤᠯᠤᠭᠴᠢᠳ ᠪᠣᠯᠴᠢᠩ ᠨᠢ ᠠᠪᠴᠢᠵᠤ᠂ ᠠᠷᠠᠰᠤ ᠨᠢ ᠮᠠᠭᠤᠲᠠᠨ᠂ ᠦᠰᠦ ᠨᠢ ᠤᠨᠠᠵᠤ᠂ ᠲᠠᠮᠢᠷ ᠬᠦᠴᠦ ᠰᠤᠯᠠᠷᠠᠨ ᠡᠪᠡᠳᠴᠢᠨ ᠡᠰᠡᠷᠭᠦᠴᠡᠬᠦ ᠴᠢᠳᠠᠪᠤᠷᠢ ᠎ ᠨᠢ ᠪᠠᠭᠤᠷᠠᠳᠠᠭ᠃ ᠶᠡᠷᠦᠨᠢ ︽ᠬᠦᠳᠡᠷ ᠴᠢᠬᠢᠷᠠᠭ︾ ᠪᠢᠰᠢ ᠪᠠᠶᠢᠳᠠᠭ ᠡᠮᠡᠭᠲᠡᠶᠢᠴᠦᠳ ᠠᠮᠠᠷᠬᠠᠨ ᠢᠶᠠᠷ ᠰᠠᠷ᠎ᠠ ᠶᠢᠨ ᠭᠭᠢᠷ ᠲᠡᠭᠰᠢ ᠦᠭᠡᠢ ᠪᠣᠯᠬᠤ ᠪᠠᠶᠢᠳᠠᠯ ᠢᠯᠡᠷᠡᠵᠦ ᠵᠠᠷᠢᠮ ᠨᠢ ᠴᠢᠰᠤ ᠲᠤᠲᠠᠬᠤ᠂ ᠰᠠᠷ᠎ᠠ ᠶᠢᠨ ᠭᠭᠢᠷ ᠬᠤᠷᠢᠭᠳᠠᠬᠤ᠂ ᠦᠨᠳᠡᠭᠡᠪᠴᠢ ᠰᠢᠮᠡᠯ ᠠᠪᠬᠤ᠂ ᠴᠢᠨᠠᠭᠰᠢᠯᠠᠭᠠᠳ ᠬᠠᠪᠤᠩ ᠡᠪᠡᠳᠴᠢᠨ ᠳᠤ ᠨᠡᠷᠪᠡᠭᠳᠡᠬᠦ ᠪᠣᠯᠣᠨ᠎ᠠ᠃ ᠤᠷᠲᠤ ᠬᠤᠭᠤᠴᠠᠭ᠎ᠠ ᠪᠠᠷ ᠭᠤᠤᠯ ᠢᠳᠡᠭᠡᠨ ᠢᠳᠡᠬᠦ ᠦᠭᠡᠢ ᠵᠦᠪᠬᠡᠨ ᠮᠢᠬ᠎ᠠ ᠨᠤᠭᠤᠭ᠎ᠠ ᠢᠳᠡᠬᠦ ᠨᠢ ᠪᠠᠰᠠ ᠢᠨᠰᠦᠯᠢᠨ ᠤ ᠬᠤᠷᠮᠤᠨ ᠢ ᠰᠠᠭᠠᠲᠠᠭᠠᠵᠤ ᠢᠨᠰᠦᠯᠢᠨ ᠎ ᠤ ᠰᠢᠷᠭᠡᠭ ᠴᠢᠨᠠᠷ ᠢ ᠮᠠᠭᠤᠲᠠᠭᠤᠯᠤᠨ ᠴᠢᠰᠤᠨ ᠤ ᠰᠢᠬᠢᠷ ᠠᠷᠪᠢᠵᠢᠬᠤ ᠳᠤ ᠬᠦᠷᠭᠡᠳᠡᠭ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号