ᠶᠠᠮᠠᠷ ᠬᠦᠮᠦᠨ ᠮᠡᠳᠡᠷᠡᠯ ᠤᠨ ᠡᠪᠡᠳᠴᠢᠨ ᠳᠤ ᠨᠡᠷᠪᠡᠭᠳᠡᠬᠦ ᠨᠤᠷᠮ᠎ᠠ ᠦᠨᠳᠦᠷ ᠪᠣᠢ
ᠨᠡᠶᠢᠲᠡᠯᠡᠭᠰᠡᠨ ᠴᠠᠭ᠄
2022/6/30
     ᠰᠣᠳᠣᠯᠭᠠᠨ ᠳᠤ ᠢᠯᠡᠷᠡᠭᠦᠯᠦᠭᠰᠡᠨ ᠢᠶᠠᠷ ᠡᠷᠡᠭᠲᠡᠢ ᠶᠢ ᠬᠦᠨᠳᠦᠳᠭᠡᠵᠦ ᠡᠮᠡᠭᠲᠡᠢ ᠶᠢ ᠳᠣᠷᠣᠮᠵᠢᠯᠠᠬᠤ ᠦᠵᠡᠯ ᠲᠠᠢ ᠡᠷᠡᠭᠲᠡᠢ ᠶᠢᠨ ᠮᠡᠳᠡᠷᠡᠯ ᠤᠨ ᠡᠪᠡᠳᠴᠢᠨ ᠤᠯᠬᠤ ᠪᠣᠯᠣᠮᠵᠢ ᠬᠠᠷᠢᠴᠠᠩᠭᠤᠢ ᠪᠠᠷ ᠦᠨᠳᠦᠷ᠃  3 ᠰᠣᠳᠣᠯᠭᠠᠲᠠᠨ ᠠᠴᠠ ᠤᠯᠠᠮᠵᠢᠯᠠᠯᠲᠤ ᠡᠷᠡᠭᠲᠡᠢ ᠶᠢᠨ ᠡᠷᠬᠡᠲᠦ ᠨᠡᠶᠢᠭᠡᠮ ᠳᠤ ᠦᠷᠭᠡᠨ ᠢᠶᠠᠷ ᠴᠢᠬᠤᠯᠠᠴᠢᠯᠠᠨ ᠤᠬᠠᠭᠤᠯᠳᠠᠭ11 ᠡᠷᠡᠭᠲᠡᠢ ᠶᠢᠨ ᠤᠨᠴᠠᠯᠢᠭ ᠢ ᠵᠢᠭᠰᠠᠭᠠᠨ ᠭᠠᠷᠭᠠᠪᠠ᠃ ᠲᠤᠬᠠᠶᠢᠯᠠᠪᠠᠯ ᠳᠡᠶᠢᠯᠦᠮᠡᠲᠡᠬᠡᠢ ᠴᠢᠨᠠᠷ ᠲᠠᠢ᠂ ᠨᠡᠷ᠎ᠡ ᠲᠦᠷᠦ ᠪᠠᠶᠢᠷᠢ ᠰᠠᠭᠤᠷᠢ ᠶᠢ ᠬᠦᠭᠡᠭᠡᠴᠡᠯᠳᠦᠬᠦ᠂ ᠢᠵᠢᠯᠢ ᠪᠡᠯᠭᠡᠲᠡᠨ ᠤ ᠢᠨᠠᠭᠯᠠᠯ ᠢ ᠵᠢᠭᠰᠢᠨ ᠬᠤᠷᠤᠰᠬᠤ ᠮᠡᠲᠦ᠃ ᠡᠭᠦᠨ ᠤ ᠬᠠᠮᠲᠤ1.9 ᠲᠦᠮᠡ ᠭᠠᠷᠤᠢ ᠬᠦᠮᠦᠨ ᠢ ᠬᠠᠮᠤᠷᠠᠭᠰᠠᠨ78 ᠲᠦᠷᠦᠯ ᠤᠨ ᠬᠠᠮᠢᠶ᠎ᠠ ᠪᠦᠬᠦᠢ ᠰᠣᠳᠣᠯᠭᠠᠨ ᠤ ᠦᠷ᠎ᠡ ᠳ᠋ᠦᠩ ᠳᠤ ᠵᠠᠳᠠᠯᠤᠯᠲᠠ ᠬᠢᠵᠡᠢ᠃ ᠡᠭᠦᠨ ᠤ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ ᠡᠶᠢᠮᠦᠷᠬᠦ ᠣᠨᠴᠠᠯᠢᠭ ᠢ ᠬᠡᠲᠦ ᠢᠯᠡᠭᠦᠦ ᠬᠤᠷᠠᠮᠳᠤᠭᠤᠯᠤᠭᠰᠠᠨ ᠡᠷᠡᠭᠲᠡᠢ ᠶᠢᠨ ᠭᠠᠩᠰᠠᠷᠠᠬᠤ ᠡᠪᠡᠳᠴᠢᠨ ᠣᠯᠬᠤ ᠪᠠ ᠬᠤᠤᠰ ᠴᠢᠭᠯᠡᠯ ᠤᠨ ᠮᠡᠳᠡᠷᠡᠯ ᠤᠨ ᠡᠪᠡᠳᠴᠢᠨ ᠤᠯᠬᠤ ᠪᠣᠯᠣᠮᠵᠢ ᠬᠡᠲᠦ ᠦᠨᠳᠦᠷ ᠪᠠᠶᠢᠵᠠᠢ᠃ ᠡᠶᠢᠮᠦᠷᠬᠦ ᠵᠠᠩ ᠠᠭᠠᠯᠢ ᠶᠢᠨ ᠣᠨᠴᠠᠯᠢᠭ ᠢ ᠪᠦᠷᠢᠯᠳᠦᠭᠦᠯᠦᠭᠰᠡᠨ ᠡᠮᠡᠭᠲᠡᠢ ᠶᠢᠨ ᠮᠡᠳᠡᠷᠡᠯ ᠤᠨ ᠡᠪᠡᠳᠴᠢᠨ ᠤᠯᠬᠤ ᠪᠣᠯᠣᠮᠵᠢ ᠪᠠᠰᠠ ᠬᠠᠷᠢᠴᠠᠩᠭᠤᠢ ᠦᠨᠳᠦᠷ᠂ ᠡᠷᠡᠭᠲᠡᠢ ᠶᠢᠨ ᠳᠡᠭᠡᠷᠡᠩᠬᠦᠢ ᠦᠵᠡᠯ ᠨᠢ ᠶᠠᠭᠠᠬᠢᠭᠠᠳ ᠮᠡᠳᠡᠷᠡᠯ ᠤᠨ ᠡᠪᠡᠳᠴᠢᠨ ᠲᠠᠢ ᠬᠠᠷᠢᠴᠠᠭ᠎ᠠ ᠲᠠᠢ ᠪᠣᠯᠪᠠ ᠭᠡᠳᠡᠭ ᠨᠢ ᠤᠳᠤᠬᠠᠨ ᠪᠣᠯᠲᠠᠯ᠎ᠠ ᠪᠠᠨ ᠲᠤᠲᠤᠷᠬᠠᠢ ᠬᠠᠷᠢᠭᠤᠯᠲᠠ ᠦᠭᠡᠢ ᠪᠠᠶᠢᠭᠰᠠᠭᠠᠷ᠃ ᠭᠡᠪᠡᠴᠦ ᠲᠤᠰ ᠰᠣᠳᠣᠯᠭᠠᠨ ᠤ ᠬᠠᠷᠢᠭᠤᠴᠠᠯᠭᠠᠲᠠᠨ ᠴᠢᠶᠦᠯ᠂ ᠸᠠᠩ ᠳ᠋ᠤᠺᠲᠤᠷ ᠤᠨ ᠬᠡᠯᠡᠬᠦ ᠪᠠᠷ ᠴᠢᠨᠠᠷ ᠤᠨ ᠢᠯᠭᠠᠯ ᠤᠨ ᠳᠤᠷᠤᠮᠵᠢᠯᠠᠯ ᠨᠢ ᠨᠡᠶᠢᠭᠡᠮ ᠤᠨ ᠡᠷᠬᠡ ᠲᠡᠭᠰᠢ ᠶᠢᠨ ᠠᠰᠠᠭᠤᠳᠠᠯ ᠪᠣᠯᠬᠤ ᠪᠠᠷ ᠪᠠᠷᠠᠬᠤ ᠦᠭᠡᠢ ᠲᠤᠰ ᠦᠵᠡᠯ ᠡᠪᠦᠷᠯᠡᠭᠰᠡᠳ ᠤᠨ ᠤᠶᠤᠨ ᠰᠠᠨᠠᠭᠠᠨ ᠤ ᠡᠷᠡᠭᠦᠯ ᠮᠡᠨᠳᠦ ᠶᠢ ᠬᠦᠨᠳᠦ ᠨᠣᠴᠢᠲᠠᠢ ᠨᠦᠯᠦᠭᠡᠯᠡᠨ᠎ᠡ ᠭᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号