ᠳᠣᠯᠣᠭᠠᠨ ᠬᠤᠪᠢ ᠴᠠᠳᠪᠠᠯ ᠡᠷᠡᠭᠦᠯ ᠡᠩᠬᠡ ᠳᠤ ᠠᠰᠢᠭᠲᠠᠢ
ᠨᠡᠶᠢᠲᠡᠯᠡᠭᠰᠡᠨ ᠴᠠᠭ᠄
2022/6/30
                                  ᠵᠢᠭᠠᠰᠤ ᠲᠡᠵᠢᠭᠡᠳᠡᠭ ᠬᠦᠮᠦᠰ ᠤᠨ ᠬᠡᠯᠡᠬᠦ ᠪᠠᠷ ᠵᠢᠭᠠᠰᠤ ᠶᠢ ᠨᠢᠭᠡ ᠭᠠᠷᠠᠭ ᠲᠤ ᠨᠢᠭᠡ ᠯᠠ ᠤᠳᠠᠭ᠎ᠠ ᠲᠡᠵᠢᠭᠡᠳᠡᠭ ᠭᠡᠨ᠎ᠡ᠃ ᠬᠠᠷᠢᠨ ᠡᠳᠦᠷ ᠪᠦᠷᠢ ᠲᠡᠵᠢᠭᠡᠬᠦ ᠨᠢ ᠵᠢᠭᠠᠰᠤᠨ ᠤ ᠠᠮᠢ ᠨᠠᠰᠤ ᠶᠢ ᠬᠤᠷᠤᠭᠳᠠᠭᠤᠯᠵᠤ ᠤᠯᠠᠮ ᠢᠶᠠᠷ ᠢᠳᠡᠭᠰᠡᠨ ᠨᠢ ᠬᠡᠲᠦᠷᠡᠵᠦ ᠠᠮᠠᠷᠬᠠᠨ ᠦᠬᠦᠴᠢᠭᠡᠳᠡᠭ ᠭᠡᠵᠦ ᠪᠣᠢ᠃ ᠮᠦᠨ ᠴᠦ ᠣᠯᠠᠩᠬᠢ ᠬᠤᠸᠠᠷ ᠴᠡᠴᠡᠭ ᠢ ᠡᠳᠦᠷᠵᠢᠨ ᠤᠰᠤᠯᠠᠭᠠᠳ ᠪᠠᠶᠢᠵᠤ ᠪᠣᠯᠬᠤ ᠦᠭᠡᠢ᠂ ᠨᠡᠯᠢᠶᠡᠳ ᠬᠠᠲᠠᠬᠤ ᠮᠠᠶ᠋ᠢᠭ ᠲᠠᠢ ᠪᠣᠯᠬᠤ ᠦᠶ᠎ᠡ ᠳᠤ ᠨᠢ ᠰᠠᠶ᠋ᠢ ᠤᠰᠤᠯᠠᠳᠠᠭ᠃ ᠡᠭᠦᠨ ᠠᠴᠠ ᠦᠵᠡᠬᠦ ᠳᠤ ᠠᠮᠢᠲᠠᠨ ᠤᠷᠭᠤᠮᠠᠯ ᠴᠦᠮ ᠬᠡᠲᠦᠷᠬᠡᠢ ᠴᠠᠳᠬᠤ ᠨᠢ ᠲᠡᠳᠡᠨ ᠤ ᠮᠠᠢ ᠨᠠᠰᠤᠨ ᠳᠤ ᠰᠦᠷᠳᠡᠭᠦᠯᠦᠯ ᠪᠣᠯᠳᠠᠭ᠃ ᠠᠳᠠᠯᠢ ᠪᠠᠷ ᠬᠦᠮᠦᠨ ᠴᠦ ᠭᠡᠰᠡᠨ ᠬᠡᠲᠦᠷᠡᠲᠡᠯ᠎ᠡ ᠢᠳᠡᠬᠦ ᠨᠢ ᠰᠢᠩᠭᠡᠭᠡᠯᠲᠡ ᠶᠢᠨ ᠰᠢᠰᠲ᠋ᠧᠮ ᠤᠨ ᠳᠠᠷᠤᠭᠠᠰᠤ ᠶᠢ ᠨᠡᠮᠡᠭᠳᠡᠬᠦᠯᠵᠦ᠂ ᠶᠡᠭᠡ ᠲᠠᠷᠢᠬᠢᠨ ᠳᠤ ᠴᠢᠰᠤ ᠲᠤᠳᠠᠭᠳᠠᠬᠤ᠂ ᠠᠮᠠᠷᠬᠠᠨ ᠲᠠᠷᠭᠤᠯᠠᠬᠤ ᠵᠡᠷᠭᠡ ᠡᠯ᠎ᠡ ᠵᠦᠢᠯ ᠤᠨ ᠡᠪᠡᠳᠴᠢᠨ ᠢ ᠡᠭᠦᠰᠭᠡᠳᠡᠭ ᠶᠤᠮ᠃                  ᠠᠷᠠᠳ ᠤᠨ ᠦᠭᠡᠨ ᠳᠤ ︽ᠨᠢᠯᠬ᠎ᠠ ᠬᠡᠦᠬᠡᠳ ᠢ ᠡᠷᠡᠭᠦᠯ ᠴᠢᠬᠢᠷᠠᠭ ᠪᠣᠶᠢᠵᠢᠭᠤᠯᠤᠶ᠎ᠠ ᠭᠡᠪᠡᠯ ᠬᠡᠳᠡᠰᠦ ᠶᠢ ᠨᠢ ᠭᠤᠷᠪᠠᠨ ᠬᠤᠪᠢ ᠦᠯᠦᠰᠭᠦᠯᠡᠩ᠂ ᠪᠡᠶ᠎ᠡ ᠶᠢ ᠨᠢ ᠭᠤᠷᠪᠠᠨ ᠬᠤᠪᠢ ᠬᠦᠢᠲᠡᠨ ᠪᠠᠶᠢᠯᠭᠠᠭᠠᠷᠠᠢ︾ ᠭᠡᠳᠡᠭ᠃ ᠬᠡᠦᠬᠡᠳ ᠢ ᠬᠡᠲᠦᠷᠬᠡᠢ ᠴᠠᠳᠲᠠᠯ᠎ᠠ ᠢᠳᠡᠭᠦᠯᠬᠦ ᠪᠤᠶᠤ ᠬᠡᠲᠦᠷᠬᠡᠢ ᠪᠠᠬᠢᠯᠡᠬᠦ ᠨᠢ ᠪᠦᠷ ᠡᠷᠡᠭᠦᠯ ᠮᠡᠨᠳᠦ ᠳᠤ ᠨᠢ ᠠᠰᠢᠭ ᠦᠭᠡᠢ ᠶᠤᠮ᠃ ᠲᠤᠮᠤᠴᠤᠳ ᠴᠦ ᠭᠡᠰᠡᠨ ᠠᠳᠠᠯᠢᠬᠠᠨ ᠪᠠᠶᠢᠳᠠᠭ᠃ ᠰᠣᠳᠣᠯᠭᠠᠨ ᠳᠤ ᠭᠡᠷᠡᠴᠢᠯᠡᠭᠰᠡᠨ ᠢᠶᠠᠷ ᠦᠯᠦᠰᠭᠦᠯᠡᠩ ᠪᠠᠶᠢᠬᠤ ᠦᠶ᠎ᠡ ᠳᠤ ᠦᠨᠦᠴᠢᠨ ᠲᠠᠷᠢᠬᠢ ᠦᠬᠦᠭᠰᠡᠨ ᠬᠤᠷᠮᠤᠨ ᠤ ᠰᠢᠭᠦᠷᠡᠯᠲᠡ ᠶᠢ ᠪᠠᠭ᠎ᠠ ᠭᠠᠳᠠᠭᠰᠢᠯᠠᠭᠤᠯᠵᠤ᠂ ᠤᠷᠭᠠᠨᠢᠭ ᠦᠭᠡᠬᠦ ᠶᠢᠨ ᠵᠠᠳᠠᠷᠠᠯᠲᠠ ᠶᠢ ᠠᠬᠢᠭᠤᠯᠤᠨ ᠰᠢᠬᠢᠷ ᠪᠣᠯᠣᠨ ᠡᠨᠧᠷᠬᠢ ᠪᠣᠯᠭᠠᠵᠤ᠂ ᠶᠡᠭᠡ ᠲᠠᠷᠢᠬᠢ ᠵᠢᠴᠢ ᠪᠣᠰᠣᠳ ᠡᠷᠭᠡᠳᠡᠨ ᠤ ᠮᠠᠬᠠᠪᠤᠳ ᠎ ᠤᠨ ᠬᠦᠳᠡᠯᠭᠡᠭᠡᠨ ᠢ ᠬᠡᠪ ᠢᠶᠠᠷ ᠨᠢ ᠪᠠᠶᠢᠯᠭᠠᠬᠤ ᠶᠢ ᠪᠠᠲᠤᠯᠠᠬᠤ ᠦᠢᠯᠡᠳᠦᠯ ᠲᠠᠢ ᠭᠡᠵᠡᠢ᠃ ᠣᠳᠣᠬᠠᠨ ᠳᠤ ᠬᠡᠦᠬᠡᠳ ᠪᠠᠭᠠᠴᠤᠳ ᠭᠡᠰᠡᠨ ᠦᠭᠡᠢ ᠲᠤᠮᠤᠴᠤᠳ ᠤᠨ ᠪᠡᠶ᠎ᠡ ᠶᠢᠨ ᠬᠦᠨᠳᠦ ᠶᠢᠨ ᠪᠠᠷᠢᠮᠵᠢᠶ᠎ᠠ ᠨᠢ ᠬᠡᠲᠦᠷᠡᠭᠡᠳ ᠡᠯ᠎ᠡ ᠵᠦᠢᠯ ᠤᠨ ᠡᠪᠡᠳᠴᠢᠨ ᠡᠮᠭᠡᠭ ᠲᠤ ᠨᠡᠷᠪᠡᠭᠳᠡᠵᠦ ᠪᠣᠢ᠃ ᠡᠨᠡ ᠨᠢ ᠭᠠᠷᠴᠠᠭ᠎ᠠ ᠦᠭᠡᠢ ᠬᠡᠲᠦᠷᠬᠡᠢ ᠢᠳᠡᠵᠦ ᠤᠤᠭᠤᠭᠰᠠᠨ ᠲᠠᠢ ᠨᠢᠭᠲᠠ ᠬᠤᠯᠪᠤᠭ᠎ᠠ ᠲᠠᠢ ᠶᠤᠮ᠃ ᠡᠶᠢᠮᠦ ᠠᠴᠠ ᠬᠦᠮᠦᠰ ᠡᠷᠡᠭᠦᠯ ᠮᠡᠨᠳᠦ ᠶᠢᠨ ᠢᠶᠠᠨ ᠲᠦᠯᠦᠭᠡ ᠠᠮᠲᠠᠲᠤ ᠢᠳᠡᠭᠡᠨ ᠢ ᠨᠢᠭᠡ ᠯᠠ ᠳᠡᠭᠡᠷ᠎ᠡ ᠶᠡᠬᠡᠪᠡᠷ ᠢᠳᠡᠵᠦ ᠤᠤᠭᠤᠬᠤ ᠦᠭᠡᠢ ᠪᠠᠶᠢᠵᠤ᠂ ᠳᠤᠯᠤᠭᠠᠨ ᠬᠤᠪᠢ ᠴᠠᠳᠬᠤ ᠶᠢ ᠪᠠᠲᠤᠯᠠᠪᠠᠯ ᠵᠤᠬᠢᠨ᠎ᠠ᠃ ᠡᠷᠢᠨ ᠪᠦᠷᠢ ᠶᠢᠨ ᠬᠤᠭᠤᠯᠠ ᠶᠢ ᠳᠤᠯᠤᠭᠠᠨ ᠬᠤᠪᠢ ᠴᠠᠳᠬᠤ ᠶᠢ ᠪᠠᠲᠤᠯᠠᠬᠤ ᠨᠢ ᠭᠡᠳᠡᠰᠦ ᠶᠢ ᠠᠮᠠᠷᠠᠭᠤᠯᠵᠤ᠂ ᠭᠡᠳᠡᠰᠦᠨ ᠲᠤᠲᠤᠷᠠᠬᠢ ᠢᠳᠡᠰᠢᠨ ᠤ ᠦᠯᠡᠳᠡᠭᠳᠡᠯ ᠢ ᠠᠷᠢᠯᠭᠠᠵᠤ ᠴᠢᠳᠠᠬᠤ ᠮᠦᠷᠲᠡᠭᠡᠨ ᠪᠡᠶ᠎ᠡ ᠶᠢᠨ ᠡᠷᠡᠭᠦᠯ ᠮᠡᠨᠳᠦ ᠪᠠᠨ ᠪᠠᠲᠤᠯᠠᠬᠤ ᠳᠤ ᠲᠤᠶᠢᠯ ᠤᠨ ᠶᠡᠭᠡ ᠠᠴᠢ ᠲᠤᠰᠠᠲᠠᠢ ᠪᠠᠶᠢᠳᠠᠭ᠃                  ᠡᠷᠡᠭᠦᠯ ᠮᠡᠨᠳᠦ ᠪᠣᠯ ᠶᠠᠭ ᠯᠠ ᠡᠷᠳᠡᠨᠢ ᠶᠢᠨ ᠠᠭᠤᠷᠠᠬᠠᠢ ᠲᠠᠢ ᠠᠳᠠᠯᠢ᠂ ᠬᠠᠶᠢᠷᠠᠯᠠᠯ ᠦᠭᠡᠢ ᠠᠭᠤᠳᠠᠯᠵᠤ ᠠᠰᠢᠭᠯᠠᠭᠠᠳ ᠯᠠ ᠪᠠᠶᠢᠪᠠᠯ ᠨᠠᠰᠤᠨ ᠬᠤᠳᠳᠤᠭ ᠢ ᠤᠬᠤᠷ ᠪᠣᠯᠭᠠᠨ᠎ᠠ᠃ ᠡᠶᠢᠮᠦ ᠠᠴᠠ ᠪᠢᠳᠡ ᠡᠳᠦᠷ ᠪᠦᠷᠢ ᠶᠢᠨ ᠢᠳᠡᠵᠦ ᠤᠤᠭᠤᠬᠤ ᠬᠡᠮᠵᠢᠶ᠎ᠡ ᠪᠠᠨ ᠲᠤᠬᠢᠷᠠᠭᠤᠯᠬᠤ ᠠᠴᠠ ᠡᠬᠢᠯᠡᠵᠦ᠂ ᠡᠷᠡᠭᠦᠯ ᠮᠡᠨᠳᠦ ᠪᠠᠨ ᠰᠠᠶᠢᠲᠤᠷ ᠬᠢᠮᠠᠭᠠᠳᠠᠨ ᠬᠠᠮᠠᠭᠠᠯᠠᠵᠤ ᠳᠡᠶᠢᠯᠪᠡᠯ ᠤᠷᠲᠤ ᠨᠠᠰᠤᠯᠠᠵᠤ ᠤᠳᠠᠭᠠᠨ ᠵᠢᠷᠭᠠᠵᠤ ᠴᠢᠳᠠᠬᠤ ᠨᠢ ᠯᠠᠪᠲᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号