ᠲᠤᠬᠢᠷᠠᠮᠵᠢᠲᠠᠢ ᠴᠠᠭ ᠲᠤ ᠬᠦᠳᠡᠯᠭᠡᠭᠡᠨ ᠬᠢᠪᠡᠯ ᠪᠡᠶ᠎ᠡ ᠳᠤ ᠨᠡᠩ ᠰᠠᠶᠢᠨ
ᠨᠡᠶᠢᠲᠡᠯᠡᠭᠰᠡᠨ ᠴᠠᠭ᠄
2022/6/30
                       ᠦᠷᠯᠦᠭᠡ ᠶᠢᠨ6 ᠴᠠᠭ ᠠᠴᠠ ᠦᠳᠡ ᠪᠣᠯᠲᠠᠯᠠᠬᠢ ᠬᠤᠭᠤᠴᠠᠭ᠎ᠠ ᠪᠣᠯ ᠵᠢᠷᠦᠬᠡᠨ ᠡᠪᠡᠳᠴᠢᠨ ᠬᠦᠳᠡᠯᠬᠦ ᠠᠶᠤᠯ ᠲᠠᠢ ᠬᠤᠭᠤᠴᠠᠭ᠎ᠠ ᠪᠣᠯᠬᠤ ᠶᠤᠮ᠃ ᠲᠤᠬᠠᠢ ᠶᠢᠨ ᠦᠶ᠎ᠡ ᠳᠤ ᠴᠢᠰᠤᠨ ᠤ ᠦᠳᠭᠡᠴᠡ ᠶᠢᠨ ᠬᠡᠮᠵᠢᠶ᠎ᠡ ᠬᠠᠮᠤᠭ ᠤᠨ ᠶᠡᠭᠡ ᠪᠠᠶᠢᠵᠤ᠂ ᠠᠮᠠᠷᠬᠠᠨ ᠴᠢᠰᠤᠨ ᠤ ᠪᠦᠯᠦᠭ ᠡᠭᠦᠰᠳᠡᠭ᠃ ᠡᠶᠢᠮᠦ ᠠᠴᠠ᠂ ᠬᠡᠷᠪᠡ ᠲᠠ ᠵᠢᠷᠦᠬᠡᠨ ᠡᠪᠡᠳᠴᠢᠨ ᠲᠠᠢ ᠪᠣᠯ᠂ ᠡᠮᠦᠨ᠎ᠡ ᠣᠷᠣᠢ ᠳᠤ ᠨᠢ ᠡᠮ ᠢᠶᠠᠨ ᠪᠡᠯᠡᠳᠭᠡᠵᠦ ᠲᠠᠯᠪᠢᠭᠠᠳ ᠦᠷᠯᠦᠭᠡ ᠰᠡᠷᠢᠮᠡᠭᠴᠡ ᠪᠠᠨ ᠡᠮ ᠢᠶᠠᠨ ᠤᠤᠭᠤᠵᠤ᠂ ᠳᠠᠬᠢᠨ ᠣᠷᠣᠨ ᠎ ᠳᠤ ᠪᠠᠨ ᠬᠡᠪᠲᠡᠵᠦ ᠠᠮᠠᠷᠠᠪᠠᠯ ᠵᠤᠬᠢᠨ᠎ᠠ᠃ ᠬᠡᠷᠪᠡ ᠲᠠ ᠤᠳᠤᠮᠯᠠᠯ ᠤᠨ ᠴᠢᠨᠠᠷ ᠲᠠᠢ ᠵᠢᠷᠦᠬᠡᠨ ᠡᠪᠡᠳᠴᠢᠨ ᠲᠠᠢ ᠪᠣᠯ ᠦᠷᠯᠦᠭᠡ ᠪᠣᠰᠣᠮᠠᠭᠴᠠ ᠪᠠᠨ ᠬᠦᠴᠦᠲᠡᠢ ᠬᠦᠳᠡᠯᠭᠡᠭᠡᠨ ᠬᠢᠵᠦ ᠪᠣᠯᠬᠤ ᠦᠭᠡᠢ᠃ ᠦᠳᠡ ᠶᠢᠨ ᠡᠮᠦᠨᠡᠬᠢ10 ᠴᠠᠭ ᠪᠣᠯ ᠴᠡᠭᠡᠵᠢᠯᠡᠬᠦ ᠴᠢᠳᠠᠪᠤᠷᠢ ᠬᠠᠮᠤᠭ ᠤᠨ ᠰᠠᠶᠢᠨ ᠦᠶ᠎ᠡ ᠪᠣᠯᠣᠨ᠎ᠠ᠂ ᠡᠨᠡ ᠦᠶᠡᠰ ᠬᠢᠴᠢᠶᠡᠯ ᠢᠶᠠᠨ ᠲᠠᠪᠳᠠᠬᠤ ᠪᠣᠶᠣ ᠶᠠᠭᠤᠮ᠎ᠠ ᠴᠡᠭᠡᠵᠢᠯᠡᠪᠡᠯ ᠦᠷ᠎ᠡ ᠠᠰᠢᠭ ᠬᠠᠮᠤᠭ ᠤᠨ ᠰᠠᠶᠢᠨ᠃ ᠦᠳᠡ ᠶᠢᠨ ᠡᠮᠦᠨᠡᠬᠢ11 ᠴᠠᠭ ᠲᠤ ᠠᠩᠬᠠᠷᠤᠯ ᠬᠠᠮᠤᠭ ᠠᠴᠠ ᠢᠯᠡᠭᠦᠦ ᠲᠦᠪᠯᠡᠷᠡᠬᠦ ᠪᠦᠭᠡᠳ ᠤᠬᠤᠷ ᠬᠤᠭᠤᠴᠠᠭᠠᠨ ᠤ ᠴᠡᠭᠡᠵᠢᠯᠡᠬᠦ ᠴᠢᠳᠠᠪᠤᠷᠢ ᠬᠠᠮᠤᠭ ᠤᠨ ᠬᠦᠭᠵᠢᠩᠬᠦᠢ ᠪᠠᠶᠢᠵᠤ᠂ ᠡᠨᠡ ᠦᠶᠡᠰ ᠶᠠᠷᠰᠢᠭ ᠪᠣᠳᠣᠯᠢᠶᠠᠨᠲᠠᠢ ᠠᠵᠢᠯ ᠢᠶᠠᠨ ᠠᠮᠵᠢᠭᠤᠯᠵᠤ ᠪᠣᠯᠣᠨ᠎ᠠ᠃ ᠦᠳᠡ ᠶᠢᠨ ᠬᠤᠶᠢᠨᠠᠬᠢ1 ᠴᠠᠭ ᠪᠣᠯ ᠦᠳᠡ ᠶᠢᠨ ᠬᠤᠭᠤᠯᠠ ᠢᠳᠡᠬᠦ ᠬᠠᠮᠤᠭ ᠤᠨ ᠲᠤᠬᠢᠷᠠᠮᠵᠢᠲᠠᠢ ᠴᠠᠭ ᠪᠣᠯᠣᠨ᠎ᠠ᠃ ᠦᠳᠡ ᠶᠢᠨ ᠬᠤᠶᠢᠨᠠᠬᠢ2 ᠴᠠᠭ ᠲᠤ ᠬᠦᠮᠦᠨ ᠤ ᠪᠡᠶ᠎ᠡ ᠬᠠᠮᠤᠭ ᠤᠨ ᠬᠤᠶᠢᠷᠭᠤ ᠴᠠᠭ ᠲᠤ ᠤᠷᠤᠳᠠᠭ ᠤᠴᠢᠷ ᠠᠴᠠ ᠢᠯᠡᠭᠦᠬᠡᠨ ᠠᠯᠬᠤᠵᠤ ᠬᠢᠰᠬᠢᠵᠦ᠂ ᠭᠠᠷ ᠬᠦᠯ ᠢᠶᠠᠨ ᠰᠤᠩᠭᠠᠨ᠂ ᠤᠰᠤ ᠤᠤᠭᠤᠨ ᠰᠣᠯᠠ ᠢᠳᠡᠭᠡᠨ ᠢᠳᠡᠵᠦ ᠪᠣᠯᠣᠨ᠎ᠠ᠃ ᠦᠳᠡ ᠶᠢᠨ ᠬᠤᠶᠢᠨᠠᠬᠢ 4 ᠴᠠᠭ ᠲᠤ ᠬᠦᠮᠦᠨ ᠤ ᠪᠡᠶ᠎ᠡ ᠶᠢᠨ ᠵᠢᠷᠦᠬᠡ ᠠᠭᠤᠰᠬᠢᠨ ᠤ ᠴᠢᠳᠠᠪᠬᠢ ᠬᠠᠮᠤᠭ ᠤᠨ ᠴᠢᠩᠭ᠎ᠠ ᠪᠠᠶᠢᠳᠠᠭ ᠠᠴᠠ ᠬᠦᠳᠡᠯᠭᠡᠭᠡᠨ ᠬᠢᠬᠦ ᠬᠠᠮᠤᠭ ᠲᠤᠬᠢᠷᠠᠮᠵᠢᠲᠠᠢ ᠴᠠᠭ ᠪᠣᠯᠣᠨ᠎ᠠ᠃ ᠦᠳᠡ ᠶᠢᠨ ᠬᠤᠶᠢᠨᠠᠬᠢ 6 ᠴᠠᠭ ᠲᠤ ᠬᠦᠮᠦᠨ ᠤ ᠪᠡᠶ᠎ᠡ ᠶᠢᠨ ᠬᠦᠴᠦᠨ ᠬᠠᠮᠤᠭ ᠤᠨ ᠲᠡᠭᠦᠯᠳᠡᠷ ᠪᠠᠶᠢᠳᠠᠭ ᠠᠴᠠ ᠬᠦᠨᠳᠦ ᠬᠦᠴᠦᠨ ᠤ ᠠᠵᠢᠯ ᠢ ᠡᠨᠡ ᠦᠶᠡᠰ ᠬᠢᠵᠦ ᠪᠣᠯᠣᠨ᠎ᠠ᠃ ᠬᠡᠷᠪᠡ ᠲᠠ ᠮᠠᠷᠢᠶ᠎ᠠ ᠪᠠᠨ ᠰᠢᠭᠤᠷᠠᠭᠤᠯᠬᠤ ᠬᠦᠰᠡᠯ ᠲᠠᠢ ᠪᠤᠯ ᠣᠷᠣᠢ ᠶᠢᠨ7 ᠴᠠᠭ ᠠᠴᠠ ᠬᠤᠶᠢᠰᠢ ᠬᠤᠭᠤᠯ᠎ᠠ ᠪᠢᠲᠡᠬᠡᠢ ᠢᠳᠡᠭᠡᠷᠡᠢ᠃      
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号