ᠡᠮᠡᠭᠲᠡᠢ ᠬᠦᠮᠦᠨ ᠠᠮᠠᠷᠬᠠᠨ ᠠᠭᠤᠷᠯᠠᠳᠠᠭ ᠨᠢ ᠡᠪᠡᠳᠴᠢᠨ ᠠᠴᠠ ᠰᠢᠯᠲᠠᠭᠠᠯᠠᠭᠳᠠᠭᠰᠠᠨ ᠪᠠᠶᠢᠵᠦ ᠮᠡᠳᠡᠨ᠎ᠡ
ᠨᠡᠶᠢᠲᠡᠯᠡᠭᠰᠡᠨ ᠴᠠᠭ᠄
2022/6/30
                  ᠡᠮᠡᠭᠲᠡᠢ ᠬᠦᠮᠦᠨ ᠶᠠᠭᠠᠬᠢᠭᠠᠳ ᠠᠭᠤᠷᠯᠠᠬᠤ ᠲᠤᠷᠠᠳᠠᠢ ᠪᠠᠶᠢᠳᠠᠭ ᠪᠤᠢ︖ ᠡᠨᠡ ᠨᠢ ᠮᠠᠰᠢ ᠤᠯᠠᠨ ᠡᠷᠡᠭᠲᠡᠶᠢᠴᠤᠳ ᠤᠨ ᠰᠤᠳᠤᠯᠭᠠᠨ ᠤ ᠰᠡᠳᠦᠪ ᠪᠤᠯᠤᠭᠰᠠᠭᠠᠷ ᠢᠷᠡᠭᠰᠡᠨ ᠮᠦᠷᠳᠡᠭᠡᠨ ᠬᠠᠶᠠ ᠵᠠᠷᠢᠮ ᠨᠢ ︽ᠠᠩᠬ᠎ᠠ ᠲᠠᠨᠢᠯᠴᠠᠬᠤ ᠳᠤ ᠪᠦᠰᠡᠭᠦᠢ ᠮᠢᠨᠢ ᠵᠦᠭᠡᠯᠡᠨ ᠡᠶᠡᠯᠳᠡᠭ ᠠᠭᠠᠰᠢ ᠵᠠᠩ ᠲᠠᠢ ᠪᠠᠶᠢᠭᠰᠠᠨ᠂ ᠬᠤᠷᠢᠮᠯᠠᠭᠰᠠᠨ ᠤ ᠲᠠᠷᠠᠭ᠎ᠠ ᠠᠶᠤᠩᠭ᠎ᠠ ᠨᠢᠷᠬᠢᠬᠦ ᠮᠡᠲᠦ ᠲᠤᠭᠰᠢᠷᠠᠳᠠᠭ ᠪᠤᠯᠤᠭᠰᠠᠨ ᠡ᠂ ᠡᠮᠡᠭᠲᠡᠢ ᠬᠦᠮᠦᠨ ᠤ ᠲᠦᠷᠦᠯᠬᠢ ᠴᠢᠨᠠᠷ ᠨᠢ ᠲᠡᠷᠡ ᠪᠠᠶᠢᠬ᠎ᠠ︾ ᠭᠡᠰᠡᠨ ᠠᠷᠭ᠎ᠠ ᠪᠠᠨ ᠶᠠᠳᠠᠭᠰᠠᠨ ᠳ᠋ᠦᠡᠭᠨᠡᠯᠲᠡ ᠦᠭᠳᠡᠭ ᠤᠳᠠᠭ᠎ᠠ ᠲᠠᠢ᠃ ᠦᠨᠡᠨᠳᠡᠭᠡᠨ ᠡᠮᠡᠭᠲᠡᠢ ᠬᠦᠮᠦᠨ ᠵᠠᠷᠢᠮ ᠦᠶᠡᠰ ᠠᠭᠤᠷᠯᠠᠬᠤ ᠨᠢ ᠡᠪᠡᠳᠴᠢᠯᠡᠭᠰᠡᠨ ᠠᠴᠠ ᠪᠤᠯᠤᠭᠰᠠᠨ ᠪᠠᠶᠢᠵᠦ ᠮᠡᠳᠡᠨ᠎ᠡ ᠰᠢᠦ︕       1. ᠴᠢᠰᠦ ᠲᠤᠳᠠᠬᠤ      ᠲᠡᠮᠦᠷ ᠲᠤᠳᠠᠬᠤ ᠨᠢ ᠴᠢᠰᠦ ᠲᠤᠳᠠᠬᠤ ᠬᠡᠮ ᠡᠭᠦᠰᠭᠡᠵᠦ᠂ ᠴᠢᠰᠦᠨ ᠰᠢᠩᠭᠡᠨ ᠤ ᠲᠠᠷᠢᠬᠢᠨ ᠳᠤ ᠬᠦᠷᠭᠡᠭᠰᠡᠨ ᠬᠦᠴᠢᠯᠲᠦ᠋ᠷᠦᠭᠴᠢ ᠭᠡᠢ ᠨᠢ ᠬᠠᠷᠢᠴᠠᠩᠭᠤᠢ ᠪᠠᠷ ᠪᠠᠭᠠᠰᠤᠭᠰᠠᠨ ᠠᠴᠠ ᠬᠦᠮᠦᠨ ᠤ ᠴᠤᠭ ᠵᠢᠪᠬᠤᠭ᠎ᠠ ᠪᠠᠭᠤᠷᠠᠵᠦ᠂ ᠲᠠᠷᠢᠬᠢ ᠬᠦᠳᠡᠯᠬᠦ ᠨᠢ ᠤᠳᠠᠭᠠᠰᠢᠷᠠᠵᠦ᠂ ᠪᠡᠶ᠎ᠡ ᠶᠢᠨ ᠡᠨᠡᠬᠦ ᠲᠤᠬᠢᠶ᠎ᠠ ᠶᠢ ᠤᠷᠮ᠎ᠠ ᠰᠡᠳᠬᠢᠯᠭᠡ ᠳᠤ ᠲᠠᠮᠵᠢᠭᠤᠯᠤᠨ ᠦᠭᠬᠦᠭᠰᠡᠨ ᠠᠴᠠ ᠤᠷᠮ᠎ᠠ ᠦᠭᠡᠶᠢᠲᠡᠵᠦ᠂ ᠤᠴᠢᠷ ᠲᠤᠬᠢᠶᠠᠯᠳᠤᠪᠠᠯ ᠤᠴᠠᠭᠠᠷᠯᠠᠵᠦ᠂ ᠨᠠᠵᠠᠭᠠᠢ ᠤᠪᠤᠷ ᠲᠠᠢ ᠪᠤᠯᠭᠠᠳᠠᠭ᠃       ᠰᠠᠨᠠᠭᠤᠯᠤᠮᠵᠢ᠄ ᠬᠡᠷᠪᠡ ᠲᠡᠮᠦᠷ ᠲᠤᠲᠠᠵᠦ ᠪᠠᠶᠢᠪᠠᠯ ᠲᠡᠮᠦᠷ ᠨᠦᠬᠦᠪᠦᠷᠢᠯᠡᠬᠦ ᠬᠡᠷᠡᠭᠲᠡᠢ᠃ ᠠᠮᠢᠲᠠᠨ ᠤ ᠡᠯᠢᠭᠡ᠂ ᠦᠷᠭᠡᠰᠦᠲᠦ ᠨᠤᠭᠤᠭ᠎ᠠ᠂ ᠴᠢᠪᠠᠭ᠎ᠠ ᠵᠡᠷᠭᠡ ᠲᠡᠮᠦᠷ ᠡᠯᠪᠡᠭ ᠠᠭᠤᠯᠤᠭᠳᠠᠬᠤ ᠢᠳᠡᠭᠡᠨ ᠢᠯᠡᠭᠦᠭᠡᠨ ᠢᠳᠡᠵᠦ᠂ ᠴᠢᠰᠦ ᠲᠤᠳᠠᠵᠦ ᠪᠠᠶᠢᠭ᠎ᠠ ᠪᠠᠨ ᠠᠭᠠᠵᠢᠮ ᠢᠶᠠᠷ ᠵᠠᠰᠠᠪᠠᠯ᠂ ᠠᠭᠤᠷ ᠤᠴᠠᠭᠠᠷ ᠬᠦᠷᠬᠦ ᠨᠢ ᠨᠠᠮᠳᠠᠬᠤ ᠪᠤᠯᠤᠨ᠎ᠠ᠃       2. ᠪᠦᠭᠡᠷ᠎ᠡ ᠶᠢᠨ ᠭᠡᠢ      ︽ᠶᠠᠭᠤ ᠬᠡᠨ᠎ᠡ᠂ ᠠᠭᠤᠷᠯᠠᠬᠤ ᠲᠤᠷᠠᠲᠠᠢ ᠪᠠᠶᠢᠳᠠᠭ ᠨᠢ ᠡᠭᠦᠨ ᠠᠴᠠ ᠪᠤᠯᠪᠠ ᠤᠤ︖︾ ᠭᠡᠵᠦ ᠲᠠ ᠭᠠᠶᠢᠬᠠᠬᠤ ᠮᠠᠭᠠᠳ︕ ᠲᠡᠶᠢᠮᠦ ᠰᠢᠦ᠂ ᠠᠮᠠᠷᠬᠠᠨ ᠠᠭᠤᠷᠯᠠᠳᠠᠭ ᠬᠦᠮᠦᠨ ᠡᠯᠢᠭᠡᠨ ᠬᠠᠯᠠᠭᠤᠨ ᠲᠠᠢ ᠪᠠᠶᠢᠳᠠᠭ᠂ ᠡᠨᠡ ᠨᠢ ᠶᠠᠭ ᠪᠦᠭᠡᠷ᠎ᠡ ᠶᠢᠨ ᠭᠡᠢ ᠠᠴᠠ ᠪᠤᠯᠤᠭᠰᠠᠨ ᠶᠤᠮ᠃ ᠪᠦᠭᠡᠷ᠎ᠡ ᠶᠢᠨ ᠤᠰᠤᠨ ᠤ ᠰᠢᠨ᠎ᠡ ᠬᠠᠭᠤᠴᠢᠨ ᠤ ᠰᠤᠯᠢᠯᠴᠠᠭ᠎ᠠ ᠶᠢᠨ ᠴᠢᠳᠠᠪᠤᠷᠢ ᠲᠤᠷᠤᠭᠰᠢᠯᠠᠵᠦ᠂ ᠴᠢᠰᠦᠨ ᠰᠢᠩᠭᠡᠨ ᠲᠤᠲᠤᠷᠠᠬᠢ ᠤᠰᠤ ᠤᠷᠤᠰᠴᠦ ᠭᠠᠷᠴᠦ ᠲᠡᠶᠢᠯᠬᠦ ᠦᠭᠡᠢ ᠪᠤᠯᠵᠦ᠂ ᠴᠢᠰᠦ ᠦᠳᠭᠡᠷᠡᠨ᠂ ᠡᠯᠢᠭᠡ ᠪᠠᠷ ᠤᠷᠤᠰᠤᠨ ᠦᠡᠭᠭᠡᠷᠡᠬᠦ ᠦᠶᠡᠰ ᠡᠯᠢᠭᠡᠨ ᠤ ᠲᠠᠷᠤᠭᠠᠰᠦ ᠶᠢ ᠬᠦᠨᠳᠦᠷᠡᠭᠦᠯᠦᠭᠰᠡᠨ ᠠᠴᠠ ᠡᠯᠢᠭᠡᠨ ᠬᠠᠯᠠᠭᠤᠨ ᠰᠠᠭᠤᠭᠰᠠᠨ ᠪᠠᠶᠢᠨ᠎ᠠ᠃       ᠰᠠᠨᠠᠭᠤᠯᠤᠮᠵᠢ᠄ ᠪᠦᠭᠡᠷ᠎ᠡ ᠶᠢᠨ ᠬᠡᠢ ᠶᠢ ᠪᠦᠭᠡᠷ᠎ᠡ ᠶᠢᠨ ᠠᠷᠭ᠎ᠠ ᠭᠡᠢ ᠪᠠ ᠪᠦᠭᠡᠷ᠎ᠡ ᠶᠢᠨ ᠪᠢᠯᠢᠭ ᠬᠡᠢ ᠭᠡᠵᠦ ᠬᠤᠪᠢᠶᠠᠵᠦ᠂ ᠪᠦᠭᠡᠷ᠎ᠡ ᠶᠢᠨ ᠠᠷᠭ᠎ᠠ ᠬᠡᠢ ᠨᠢ ᠬᠦᠢᠲᠡᠨ ᠠᠴᠠ ᠠᠶᠤᠵᠦ᠂ ᠪᠦᠭᠡᠷ᠎ᠡ ᠶᠢᠨ ᠪᠢᠯᠢᠭ ᠬᠡᠢ ᠨᠢ ᠬᠠᠯᠠᠭᠤᠨ ᠠᠴᠠ ᠠᠶᠤᠳᠠᠭ᠃ ᠡᠨᠡᠬᠦ ᠬᠤᠶᠠᠷ ᠲᠦᠷᠦᠯ ᠤᠨ ᠡᠪᠡᠳᠴᠢᠨ ᠤ ᠢᠯᠡᠷᠡᠯ ᠢ ᠵᠠᠰᠠᠬᠤ ᠠᠷᠭ᠎ᠠ ᠨᠢ ᠴᠤ ᠠᠳᠠᠯᠢ ᠪᠤᠰᠤ ᠪᠠᠶᠢᠳᠠᠭ᠃ ᠲᠡᠭᠡᠷᠡᠬᠢ ᠢᠯᠡᠷᠡᠯ ᠬᠦᠨᠳᠦ ᠨᠤᠴᠢᠲᠠᠢ ᠪᠠᠶᠢᠪᠠᠯ ᠡᠮᠴᠢ ᠪᠠᠷ ᠦᠵᠡᠭᠦᠯᠪᠡᠯ ᠵᠤᠬᠢᠨ᠎ᠠ᠃       3. ᠬᠤᠷᠮᠤᠨ ᠲᠡᠭᠰᠢ ᠪᠤᠰᠤ      ᠶᠡᠷᠦᠳᠡᠭᠡᠨ ᠠᠪᠴᠦ ᠬᠡᠯᠡᠪᠡᠯ᠂ ᠡᠮᠡᠭᠲᠡᠶᠢᠴᠤᠳ ᠵᠢᠷᠮᠦᠰᠦᠨ ᠬᠤᠭᠤᠴᠠᠭ᠎ᠠ᠂ ᠬᠦᠭᠰᠢᠷᠡᠬᠦ ᠦᠶ᠎ᠡ ᠪᠠ ᠰᠠᠷ᠎ᠠ ᠶᠢᠨ ᠭᠭᠢᠷ ᠤᠨ ᠬᠤᠭᠤᠴᠠᠭᠠᠨ ᠳᠤ ᠬᠤᠷᠮᠤᠨ ᠤ ᠬᠤᠪᠢᠷᠠᠯᠲᠠ ᠠᠴᠠ ᠪᠤᠯᠵᠦ ᠰᠡᠵᠢᠭᠯᠡᠮᠡᠳᠡᠭᠡᠢ᠂ ᠵᠤᠪᠠᠮᠠᠲᠠᠭᠠᠢ ᠪᠤᠯᠵᠦ ᠠᠮᠠᠷᠬᠠᠨ ᠠᠭᠤᠷᠯᠠᠳᠠᠭ᠃ ᠬᠡᠪᠡᠴᠦ ᠡᠮᠡᠭᠲᠡᠶᠢᠴᠤᠳ ᠡᠨᠡᠬᠦ ᠬᠤᠭᠤᠴᠠᠭᠠᠨ ᠳᠤ ᠦᠭᠡᠢ ᠴᠤ ᠬᠡᠰᠡᠨ ᠬᠤᠷᠮᠤᠨ ᠲᠡᠭᠰᠢ ᠪᠤᠰᠤ᠂ ᠲᠠᠷᠤᠢ ᠲᠤᠳᠤᠭᠠᠳᠦ ᠱᠦᠭᠦᠷᠡᠯ ᠵᠢᠮ᠎ᠡ ᠪᠠᠨ ᠠᠯᠳᠠᠭᠰᠠᠨ ᠠᠴᠠ ᠪᠤᠯᠵᠦ ᠠᠭᠤᠷ ᠬᠦᠷᠴᠦ ᠪᠠᠶᠢᠭ᠎ᠠ ᠪᠠᠶᠢᠵᠦ ᠮᠡᠳᠡᠨ᠎ᠡ᠃       ᠰᠠᠨᠠᠭᠤᠯᠤᠮᠵᠢ᠄ ᠡᠷᠡᠭᠦᠯ ᠪᠤᠰᠤ ᠢᠳᠡᠭᠡᠨ ᠤ ᠵᠠᠩᠰᠢᠯ ᠪᠠ ᠠᠮᠠᠷᠠᠬᠤ ᠲᠠᠳᠬᠠᠯ ᠨᠢ ᠲᠤᠳᠤᠭᠠᠳᠦ ᠱᠦᠭᠦᠷᠡᠯ ᠤᠨ ᠰᠠᠮᠠᠭᠤᠷᠠᠯ ᠢ ᠡᠭᠦᠰᠭᠡᠳᠡᠭ᠂ ᠲᠡᠭᠡᠬᠦ ᠪᠠᠷ ᠢᠶᠠᠨ ᠡᠮᠡᠭᠳᠡᠶᠢᠴᠤᠳ ᠰᠦᠨᠢ ᠳᠤᠷᠰᠢ ᠠᠵᠢᠯᠯᠠᠬᠤ ᠪᠠᠨ ᠠᠯᠢ ᠪᠤᠯᠬᠤᠢᠢᠴᠠ ᠴᠦᠬᠡᠳᠬᠡᠬᠦ᠂ ᠰᠠᠶᠢᠨ ᠤᠨᠳᠠᠵᠦ ᠠᠮᠠᠷᠠᠬᠤ ᠨᠢ ᠬᠤᠷᠮᠤᠨ ᠤ ᠱᠦᠭᠦᠷᠡᠯ ᠳᠤ ᠮᠠᠰᠢ ᠴᠢᠬᠤᠯᠠ ᠪᠠᠶᠢᠳᠠᠭ᠃ ᠮᠠᠷᠢᠶ᠎ᠠ ᠰᠢᠭᠤᠷᠠᠭᠤᠯᠬᠤ ᠶᠢᠨ ᠲᠦᠯᠦᠭᠡ ᠵᠦᠪᠬᠡᠨ ᠢᠳᠡᠰᠢᠨ ᠨᠤᠭᠤᠭ᠎ᠠ᠂ ᠵᠢᠮᠢᠰ ᠢᠳᠡᠭᠡᠳ ᠯᠡ ᠪᠠᠶᠢᠵᠦ ᠪᠤᠯᠬᠤ ᠦᠭᠡᠢ᠂ ᠮᠢᠬᠠᠨ ᠤ ᠲᠦᠷᠦᠯ ᠵᠡᠷᠭᠡ ᠬᠦᠮᠦᠨ ᠤ ᠪᠡᠶ᠎ᠡ ᠳᠤ ᠡᠷᠭᠡᠪᠰᠢ ᠱᠠᠭᠠᠷᠳᠠᠭᠳᠠᠬᠤ ᠰᠢᠮ᠎ᠡ ᠲᠡᠵᠢᠭᠡᠯᠲᠦ ᠢᠳᠡᠭᠡᠨ ᠢ ᠴᠤ ᠢᠳᠡᠬᠦ ᠬᠡᠷᠡᠭᠲᠡᠢ᠃       4. ᠸᠢᠲ᠋ᠠᠮᠢᠨ B ᠲᠤᠳᠠᠬᠤ      ᠸᠢᠲ᠋ᠠᠮᠢᠨ B᠎ ᠨᠢ ᠬᠦᠮᠦᠨ ᠤ ᠮᠡᠳᠡᠷᠡᠯ ᠤᠨ ᠰᠢᠰᠲ᠋ᠧᠮ ᠢ ᠵᠠᠬᠢᠷᠴᠦ ᠪᠠᠢᠳᠠᠭ ᠠᠴᠠ ᠸᠢᠲ᠋ᠠᠮᠢᠨ B ᠲᠤᠳᠠᠭᠳᠠᠮᠠᠭᠴᠠ ᠮᠡᠳᠡᠷᠡᠯ ᠤᠨ ᠰᠢᠰᠲ᠋ᠧᠮ ᠤᠨ ᠲᠤᠭᠳᠠᠭᠤᠨ ᠢ ᠡᠪᠳᠡᠵᠦ᠂ ᠤᠷᠮ᠎ᠠ ᠶᠢ ᠨᠦᠯᠦᠭᠡᠯᠡᠳᠡᠭ᠃ ᠬᠡᠷᠪᠡ ᠡᠮᠡᠭᠳᠡᠶᠢᠴᠤᠳ ᠤᠢᠢᠷ᠎ᠠ ᠶᠢᠨ ᠬᠤᠭᠤᠴᠠᠭᠠᠨ ᠳᠤ ᠢᠳᠡᠭᠡᠨ ᠤᠮᠳᠠᠭᠠᠨ ᠢᠶᠠᠨ ᠰᠠᠶᠢᠬᠠᠨ ᠵᠤᠬᠢᠴᠠᠭᠤᠯᠤᠭᠰᠠᠨ ᠦᠭᠡᠢ ᠪᠠᠶᠢᠪᠠᠯ᠂ ᠡᠨᠡ ᠨᠢ ᠶᠠᠭ ᠰᠠᠶᠢᠬᠠᠨ ᠴᠢᠨᠦ ᠠᠭᠤᠷ ᠬᠦᠷᠴᠦ ᠪᠠᠶᠢᠭ᠎ᠠ ᠶᠢᠨ ᠰᠢᠯᠲᠠᠭᠠᠨ ᠪᠤᠯᠤᠭᠰᠠᠨ ᠪᠠᠶᠢᠵᠦ ᠮᠡᠳᠡᠨ᠎ᠡ ᠰᠢᠦ︕       ᠰᠠᠨᠠᠭᠤᠯᠤᠮᠵᠢ᠄ ᠸᠢᠲ᠋ᠠᠮᠢᠨ B ᠡᠯᠪᠡᠭ ᠠᠭᠤᠯᠤᠭᠳᠠᠬᠤ ᠢᠳᠡᠭᠡᠨ ᠮᠠᠰᠢ ᠤᠯᠠᠨ ᠪᠠᠶᠢᠳᠠᠭ᠂ ᠵᠢᠱᠢᠶᠡᠯᠡᠪᠡᠯ ᠠᠮᠦ ᠪᠤᠳᠠᠭᠠᠨ ᠤ ᠲᠦᠷᠦᠯ᠂ ᠪᠤᠷᠴᠠᠭ ᠤᠨ ᠲᠦᠷᠦᠯ᠂ ᠠᠮᠢᠲᠠᠨ ᠤ ᠡᠯᠢᠭᠡ᠂ ᠢᠳᠡᠰᠢᠨ ᠨᠤᠭᠤᠭ᠎ᠠ ᠵᠡᠷᠭᠡ᠃ ᠡᠳᠡᠭᠡᠷ ᠢᠳᠡᠭᠡᠨ ᠢ ᠢᠯᠡᠭᠦᠭᠡᠨ ᠢᠳᠡᠵᠦ ᠸᠢᠲ᠋ᠠᠮᠢᠨ B ᠨᠦᠬᠦᠪᠦᠷᠢᠯᠡᠬᠦ ᠶᠢ ᠰᠠᠨᠠᠭᠤᠯᠤᠶ᠎ᠡ᠃       5. ᠴᠢᠰᠤᠨ ᠲᠠᠷᠤᠯᠲᠠ ᠦᠨᠳᠦᠷ      ᠴᠢᠰᠤᠨ ᠲᠠᠷᠤᠯᠲᠠ ᠦᠨᠳᠦᠷ ᠡᠪᠡᠳᠴᠢᠨ ᠮᠠᠰᠢ ᠲᠦᠭᠡᠮᠡᠯ ᠪᠤᠯᠵᠠᠢ᠂ ᠵᠠᠷᠢᠮ ᠨᠢ ᠤᠳᠤᠮᠯᠠᠯ ᠠᠴᠠ ᠪᠤᠯᠤᠭᠰᠠᠨ ᠴᠤ ᠵᠠᠷᠢᠮ ᠨᠢ ᠢᠳᠡᠭᠡᠨ ᠤ ᠲᠠᠯ᠎ᠡ ᠪᠠᠷ ᠠᠩᠬᠠᠷᠤᠭᠰᠠᠨ ᠦᠭᠡᠢ ᠠᠴᠠ ᠪᠤᠯᠤᠭᠰᠠᠨ ᠶᠤᠮ᠃ ᠴᠢᠰᠦᠨ ᠲᠠᠷᠤᠯᠲᠠ ᠦᠨᠳᠦᠷ ᠡᠪᠡᠳᠴᠢᠲᠡᠨ ᠤ ᠴᠢᠰᠦᠨ ᠲᠠᠷᠤᠯᠲᠠ ᠨᠢ ᠬᠡᠵᠢᠶᠡᠳᠡ ᠦᠨᠳᠦᠷ ᠬᠡᠰᠡᠨ ᠶᠠᠪᠤᠳᠠᠯ ᠪᠢᠰᠢ᠂ ᠲᠡᠷᠡ ᠨᠢ ᠵᠠᠷᠢᠮ ᠳᠠᠭᠠᠨ ᠬᠡᠯᠪᠡᠯᠵᠡᠵᠦ ᠪᠠᠶᠢᠳᠠᠭ᠃ ᠬᠡᠯᠪᠡᠯᠵᠡᠵᠦ ᠪᠠᠶᠢᠭ᠎ᠠ ᠴᠢᠰᠦᠨ ᠲᠠᠷᠤᠯᠲᠠ ᠨᠢ ᠤᠷᠮ᠎ᠠ ᠰᠡᠳᠬᠢᠯᠭᠡ ᠶᠢᠨ ᠲᠤᠯᠬᠢᠰᠦᠯ ᠢ ᠡᠭᠦᠰᠭᠡᠳᠡᠭ ᠂ ᠡᠶᠢᠮᠦ ᠠᠴᠠ ᠠᠮᠠᠷᠬᠠᠨ ᠠᠭᠤᠷᠯᠠᠳᠠᠭ ᠨᠢ ᠴᠢᠰᠤᠨ ᠲᠠᠷᠤᠯᠲᠠ ᠦᠨᠳᠦᠷ ᠲᠠᠢ ᠬᠤᠯᠪᠤᠭ᠎ᠠ ᠲᠠᠢ ᠪᠠᠶᠢᠳᠠᠭ᠃       ᠰᠠᠨᠠᠭᠤᠯᠤᠮᠵᠢ᠄ ᠶᠡᠷᠦ ᠶᠢᠨ ᠴᠠᠭ ᠤᠨ ᠢᠳᠡᠭᠡᠨ ᠤᠮᠳᠠᠭᠠᠨ ᠢᠶᠠᠨ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠦ᠂ ᠲᠤᠰᠤᠯᠢᠭ ᠬᠠᠯᠠᠭᠤᠨ ᠭᠤᠰᠤᠭᠤᠨ ᠲᠠᠪᠤᠰᠤᠯᠠᠭᠰᠠᠨ ᠢᠳᠡᠭᠡᠨ ᠢ ᠲᠤᠳᠠᠭᠤ ᠰᠢᠭ᠋ ᠢᠳᠡᠵᠦ᠂ ᠲᠠᠳᠬᠠᠯ ᠪᠤᠯᠤᠭᠰᠠᠨ ᠴᠤ ᠠᠭᠠᠵᠢᠮ ᠢᠶᠠᠷ ᠬᠠᠯᠠᠪᠠᠯ ᠵᠤᠬᠢᠨ᠎ᠠ᠃ ᠲᠠᠪᠤᠰᠤ ᠶᠢ ᠬᠡᠲᠦᠷᠡᠲᠡᠯ᠎ᠡ ᠢᠳᠡᠪᠡᠯ ᠬᠡᠳᠡᠷᠬᠦ ᠪᠠᠨ ᠮᠠᠭᠤ ᠦᠢᠯᠡᠳᠦᠯ ᠲᠠᠢ ᠪᠠᠶᠢᠵᠦ᠂ ᠠᠮᠠ ᠬᠠᠲᠠᠬᠤ ᠪᠠᠷ ᠪᠠᠷᠠᠬᠤ ᠦᠭᠡᠢ ᠪᠠᠰᠠ ᠴᠢᠰᠤᠨ ᠲᠠᠷᠤᠯᠲᠠ ᠶᠢ ᠪᠠᠭᠤᠷᠠᠭᠤᠯᠬᠤ ᠳᠤ ᠬᠦᠴᠢᠷ ᠪᠤᠯᠵᠦ᠂ ᠡᠮ ᠠᠴᠠ ᠰᠠᠯᠬᠤ ᠳᠤ ᠬᠦᠴᠢᠷ ᠪᠤᠯᠳᠠᠭ᠃       6. ᠭᠠᠨᠭ᠍ᠰᠠᠷᠠᠬᠤ ᠭᠡᠮ      ᠭᠠᠨᠭ᠍ᠰᠠᠷᠠᠬᠤ ᠭᠡᠮ ᠨᠢ ᠲᠤᠤᠷᠠᠬᠢ ᠮᠡᠲᠦ ᠢᠯᠡᠷᠡᠯ ᠲᠠᠢ ᠪᠠᠶᠢᠳᠠᠭ᠄ ᠡᠳᠦᠷᠵᠢᠨ ᠭᠤᠨᠭ᠍ᠰᠦ᠋ᠢᠵᠦ᠂ ᠲᠡᠷᠢᠬᠢ ᠡᠷᠭᠢᠯᠳᠦᠬᠦ ᠨᠢ ᠤᠳᠠᠭᠠᠨ᠂ ᠤᠷᠮ᠎ᠠ ᠮᠠᠰᠢ ᠮᠠᠭᠤ ᠪᠠᠶᠢᠳᠠᠭ᠃ ᠬᠡᠷᠪᠡ ᠴᠢᠨᠦ ᠪᠡᠶ᠎ᠡ ᠲᠡᠭᠡᠷ᠎ᠡ ᠡᠳᠡᠭᠡᠷ ᠢᠯᠡᠷᠡᠯ ᠲᠠᠢ ᠪᠠᠶᠢᠪᠠᠯ᠂ ᠴᠠᠭ ᠤᠨ ᠤᠷᠲᠦ ᠤᠬᠤᠷ ᠢ ᠠᠩᠬᠠᠷᠬᠤ ᠬᠡᠷᠡᠭᠲᠡᠢ᠂ ᠬᠡᠷᠪᠡ ᠡᠶᠢᠮᠦᠷᠬᠦ ᠢᠯᠡᠷᠡᠯ ᠤᠷᠲᠦ ᠬᠤᠭᠤᠴᠠᠭ᠎ᠠ ᠦᠷᠭᠦᠯᠵᠢᠯᠡᠭᠰᠡᠨ ᠪᠠᠶᠢᠪᠠᠯ᠂ ᠭᠠᠨᠭ᠍ᠰᠠᠷᠠᠬᠤ ᠭᠡᠮ ᠤᠯᠤᠭᠰᠠᠨ ᠪᠠᠶᠢᠵᠦ ᠮᠡᠳᠡᠨ᠎ᠡ᠃ ᠬᠠᠷᠢᠨ ᠵᠠᠷᠢᠮ ᠭᠠᠨᠭ᠍ᠰᠠᠷᠠᠬᠤ ᠭᠡᠮ ᠲᠠᠢ ᠡᠪᠡᠳᠴᠢᠲᠡᠨ ᠨᠢ ᠭᠤᠨᠭ᠍ᠰᠦ᠋ᠢᠵᠦ ᠯᠠᠪᠲᠠᠶᠢᠬᠤ ᠪᠢᠰᠢ ᠬᠠᠷᠢᠨ ᠡᠰᠡᠷᠬᠦ ᠪᠠᠷ ᠠᠭᠤᠷᠯᠠᠵᠦ ᠲᠤᠭᠰᠢᠷᠠᠳᠠᠭ᠂ ᠡᠨᠡ ᠨᠢ ᠵᠦᠪᠬᠡᠨ ᠲᠡᠳᠡᠨᠤᠰ ᠤᠨ ᠦᠭᠡᠷ᠎ᠡ ᠨᠢᠭᠡᠨ ᠢᠯᠡᠷᠡᠯ ᠮᠦᠨ᠃       ᠰᠠᠨᠠᠭᠤᠯᠤᠮᠵᠢ᠄ ᠭᠠᠨᠭ᠍ᠰᠠᠷᠠᠬᠤ ᠬᠡᠮ ᠨᠢ ᠬᠦᠨᠳᠦ ᠪᠠᠶᠢᠪᠠᠯ ᠰᠡᠳᠬᠢᠴᠡ ᠶᠢᠨ ᠡᠮᠴᠢ ᠪᠠᠷ ᠦᠵᠡᠭᠦᠯᠪᠡᠯ ᠵᠤᠬᠢᠨ᠎ᠠ᠂ ᠬᠡᠷᠪᠡ ᠦᠷᠭᠦᠯᠵᠢᠯᠡᠭᠰᠡᠨ ᠬᠤᠭᠤᠴᠠᠭ᠎ᠠ ᠨᠢ ᠤᠷᠲᠦ ᠪᠢᠰᠢ ᠪᠤᠯ᠂ ᠡᠪᠡᠳᠴᠢᠨ ᠤᠯᠠᠮ ᠬᠦᠨᠳᠦᠷᠡᠬᠦ ᠠᠴᠠ ᠰᠡᠷᠭᠡᠶᠢᠯᠡᠵᠦ᠂ ᠭᠡᠷ ᠤᠨ ᠬᠦᠮᠦᠰ ᠨᠢ ᠢᠯᠡᠭᠦᠭᠡᠨ ᠬᠠᠯᠠᠮᠵᠢᠯᠠᠵᠦ᠂ ᠢᠯᠡᠭᠦᠭᠡᠨ ᠰᠠᠨᠠᠯ ᠪᠤᠳᠤᠯ ᠢᠶᠠᠨ ᠰᠤᠯᠢᠯᠴᠠᠵᠦ᠂ ᠭᠠᠳᠠᠭᠤᠷ ᠬᠠᠮᠲᠦ ᠰᠡᠯᠡᠭᠦᠴᠡᠨ ᠲᠤᠭᠤᠷᠢᠵᠦ᠂ ᠠᠩᠬᠠᠷᠤᠯ ᠢ ᠨᠢ ᠰᠢᠯᠵᠢᠭᠦᠯᠵᠦ᠂ ᠰᠡᠳᠬᠢᠯ ᠤᠨ ᠵᠠᠩᠭᠢᠷᠠᠭ᠎ᠠ ᠶᠢ ᠨᠢ ᠠᠯᠳᠠᠷᠠᠭᠠᠬᠤ ᠬᠡᠷᠡᠭᠲᠡᠢ᠃       ᠬᠦᠮᠦᠨ ᠪᠦᠬᠦᠨ ᠠᠭᠤᠷ ᠤᠴᠠᠭᠠᠷ ᠬᠦᠷᠬᠦ ᠤᠴᠢᠷ ᠲᠤᠬᠢᠶᠠᠯᠳᠤᠯ ᠪᠤᠢ᠂ ᠬᠡᠪᠡᠴᠦ ᠡᠮᠡᠭᠲᠡᠢ ᠬᠦᠮᠦᠨ ᠤ ᠰᠡᠳᠬᠢᠯ ᠨᠡᠩ ᠴᠤ ᠠᠮᠠᠷᠬᠠᠨ ᠰᠡᠪᠲᠦᠳᠡᠭ ᠠᠴᠠ ᠠᠮᠠᠷᠬᠠᠨ ᠠᠭᠤᠷᠯᠠᠳᠠᠭ᠃ ᠬᠡᠳᠡᠯ᠎ᠡ ᠠᠭᠤᠷᠯᠠᠬᠤ ᠳᠠᠭᠠᠨ ︽ᠬᠡᠮᠵᠢᠶ᠎ᠡ︾᠎ ᠲᠠᠢ ᠪᠠᠶᠢᠪᠠᠯ ᠵᠤᠬᠢᠨ᠎ᠠ᠃ ᠬᠡᠷᠪᠡ ᠦᠷᠭᠦᠯᠵᠢ ᠠᠭᠤᠷᠯᠠᠭᠠᠳ ᠪᠠᠶᠢᠪᠠᠯ᠂ ᠪᠠᠬᠢᠷᠴᠦ ᠲᠤᠩᠭᠤᠳᠤᠭᠰᠠᠨ ᠴᠤ ᠪᠤᠯᠤᠭ᠂ ᠲᠠᠭᠤ ᠴᠢᠮᠡᠭᠡ ᠦᠭᠡᠢ ᠨᠠᠮ ᠰᠠᠭᠤᠭᠰᠠᠨ ᠴᠤ ᠪᠤᠯᠤᠭ᠂ ᠠᠭᠤᠷ ᠤᠴᠠᠭᠠᠷ ᠨᠢ ᠲᠠᠨ ᠳᠤ ᠡᠯ᠎ᠡ ᠵᠦᠢᠯ ᠤᠨ ᠡᠪᠡᠳᠴᠢᠨ ᠡᠮᠭᠡᠭ ᠠᠪᠴᠢᠷᠠᠵᠦ ᠦᠭᠬᠦ ᠪᠠᠷ ᠦᠯᠦ ᠪᠠᠷᠠᠨ ᠠᠵᠢᠯ ᠠᠮᠢᠳᠤᠷᠠᠯ ᠢ ᠴᠢᠨᠢ ᠨᠦᠯᠦᠭᠡᠯᠡᠵᠦ ᠮᠡᠳᠡᠨ᠎ᠡ᠃ ᠲᠡᠭᠡᠬᠦ ᠪᠠᠷ ᠠᠮᠢᠳᠤᠷᠠᠯ ᠤᠨ ᠪᠠᠶᠠᠷ ᠵᠢᠷᠭᠠᠯ ᠢᠶᠠᠨ ᠡᠳ᠋ᠯᠡᠶ᠎ᠡ ᠭᠡᠪᠡᠯ ᠰᠡᠳᠬᠢᠯ ᠰᠠᠨᠠᠭ᠎ᠠ ᠪᠠᠨ ᠠᠭᠤᠵᠢᠭᠤ ᠲᠡᠨᠢᠭᠦᠨ ᠪᠠᠶᠢᠯᠭᠠᠷᠠᠢ︕                   ᠲᠤᠷᠤᠨ᠎ᠠ      
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号