ᠵᠤᠨ ᠤ ᠤᠯᠠᠷᠢᠯ ᠤᠨ ᠮᠠᠯ ᠤᠨ ᠡᠮᠴᠢᠯᠡᠭᠡ
ᠨᠡᠶᠢᠲᠡᠯᠡᠭᠰᠡᠨ ᠴᠠᠭ᠄
2022/6/30
ᠪᠠᠭᠠᠨ᠎ᠠ                       ᠵᠤᠨ ᠤ ᠤᠯᠠᠷᠢᠯ ᠳᠤ ᠮᠠᠯ ᠤᠨ ᠡᠪᠡᠳᠴᠢᠨ ᠡᠮᠭᠡᠭ ᠢ ᠬᠡᠷᠬᠢᠨ ᠰᠡᠷᠭᠡᠶᠢᠯᠡᠬᠦ ᠲᠤᠬᠠᠢ ᠠᠯᠠᠱᠠ ᠠᠶᠢᠮᠠᠭ ᠤᠨ ᠮᠠᠯ ᠠᠵᠤ ᠠᠬᠤᠢ ᠮᠠᠯ ᠡᠮᠨᠡᠯᠭᠡ ᠶᠢᠨ ᠥᠷᠲᠡᠭᠡᠨ ᠪᠠ᠊ · ᠳᠠᠯᠠᠢ ᠤᠳᠠᠭᠠᠨ ᠵᠢᠯ ᠤᠨ ᠲᠤᠷᠰᠢᠯᠭ᠎ᠠ ᠪᠠᠨ ᠬᠤᠪᠢᠶᠠᠯᠴᠠᠬᠤ ᠪᠠᠷ ᠪᠣᠯᠣᠭᠰᠠᠨ ᠪᠠᠶᠢᠨ᠎ᠠ᠃       1. ᠬᠠᠪᠤᠷ ᠵᠤᠨ ᠤ ᠡᠭᠡᠯᠵᠢᠨ ᠳᠤ ᠬᠠᠴᠢᠭ ᠪᠥᠭᠡᠰᠦ ᠠᠷᠪᠢᠨ ᠦᠷᠡᠵᠢᠳᠡᠭ ᠠᠴᠠ ᠮᠠᠯ ᠢᠶᠠᠨ ᠨᠣᠣᠰᠣᠯᠠᠵᠤ ᠪᠠᠷᠠᠭᠰᠠᠨ ᠤ ᠳᠠᠷᠠᠭ᠎ᠠ ᠠᠷᠪᠠᠭᠠᠳ ᠬᠤᠨᠤᠭ ᠥᠩᠭᠡᠷᠡᠭᠦᠯᠦᠭᠡᠳ ᠮᠠᠨ ᠵᠢᠩ ︵螨净︶ ᠵᠡᠷᠭᠡ ᠡᠮ ᠢᠶᠠᠷ ᠨᠥᠬᠦᠴᠡᠯ ᠲᠠᠢ ᠪᠣᠯ ᠤᠬᠢᠶᠠᠵᠤ ᠡᠰᠡᠬᠦᠯ᠎ᠡ ᠡᠮᠲᠦ ᠤᠰᠤ ᠪᠠᠷ ᠰᠦᠷᠴᠢᠭᠰᠡᠨ ᠴᠤ ᠪᠣᠯᠣᠨ᠎ᠠ᠃ ᠢᠩᠭᠢᠪᠡᠯ ᠮᠠᠯ ᠤᠨ ᠬᠠᠴᠢᠭ ᠬᠤᠪᠠᠯᠵᠠ᠂ ᠪᠥᠭᠡᠰᠦ ᠬᠢᠭᠤᠷᠰᠤ ᠶᠢ ᠲᠤᠤᠱᠲᠠᠢ ᠠᠷᠢᠯᠭᠠᠨ ᠮᠠᠯ ᠤᠨ ᠲᠠᠷᠭᠤ ᠠᠪᠬᠤ ᠶᠢ ᠪᠠᠲᠤᠯᠠᠵᠤ ᠴᠢᠳᠠᠨ᠎ᠠ᠃       2. ᠵᠤᠨ ᠤ ᠤᠯᠠᠷᠢᠯ ᠤᠨ ᠬᠦᠮᠡᠯᠢ ᠲᠠᠭᠠᠨ᠎ᠠ ᠵᠡᠷᠭᠡ ᠬᠠᠯᠠᠭᠤᠨ ᠴᠢᠨᠠᠷᠲᠠᠢ ᠡᠪᠡᠰᠦ ᠤᠷᠭᠤᠮᠠᠯ ᠢ ᠢᠳᠡᠭᠰᠡᠨ ᠠᠴᠠ ᠪᠣᠯᠵᠤ ᠮᠠᠯ ᠳᠤ ᠡᠯᠢᠭᠡᠨ ᠬᠠᠯᠠᠭᠤ ᠠᠭᠤᠰᠬᠢᠨ ᠬᠠᠯᠠᠭᠤ ᠡᠭᠦᠰᠬᠦ ᠨᠢ ᠠᠷᠪᠢᠨ ᠪᠠᠶᠢᠳᠠᠭ ᠪᠣᠯᠬᠤᠷ ᠰᠢᠷ᠎ᠠ ᠮᠣᠳᠣ ︵大黄︶᠂ ᠠᠭᠤᠰᠬᠢᠨ ᠬᠠᠯᠠᠭᠤ ᠲᠠᠭᠤᠬᠤ ᠴᠢᠩ ᠹᠧᠢ ᠰᠠᠨ ︵清肺散︶᠂ ᠮᠠᠷᠠᠭᠠᠵᠢᠪ ︵高锰酸钾︶ ᠵᠡᠷᠭᠡ ᠪᠠᠷ ᠦᠷᠭᠦᠯᠵᠢ ᠮᠠᠯ ᠢᠶᠠᠨ ᠤᠰᠤᠯᠠᠵᠤ ᠪᠠᠶᠢᠪᠠᠯ ᠰᠠᠶᠢᠨ ᠪᠠᠶᠢᠳᠠᠭ᠃       3. ᠰᠢᠨ᠎ᠡ ᠰᠣᠷᠭᠤᠭ ᠡᠪᠡᠰᠦ ᠢᠳᠡᠭᠰᠡᠨ ᠠᠴᠠ ᠪᠣᠯᠵᠤ ᠣᠨᠴᠠᠭᠠᠶᠢᠯᠠᠨ ᠲᠥᠯ ᠮᠠᠯ ᠪᠠᠭᠠᠰᠤ ᠠᠯᠳᠠᠬᠤ ᠦᠵᠡᠭᠳᠡᠯ ᠭᠠᠷᠳᠠᠭ᠃ ᠡᠶᠢᠮᠦ ᠪᠠᠶᠢᠳᠠᠯ ᠳᠤ ᠬᠤᠸᠠᠩ ᠠᠨ ᠦᠷᠢᠯ ︵磺胺嘧片︶ ᠪᠠᠭᠠᠰᠤ ᠵᠣᠭᠰᠣᠭᠠᠬᠤ ᠡᠮ ︵泻痢停︶ ᠵᠡᠷᠭᠡ ᠡᠮ ᠢ ᠤᠷᠢᠳᠴᠢᠯᠠᠨ ᠥᠭᠴᠦ ᠰᠡᠷᠭᠡᠶᠢᠯᠡᠪᠡᠯ ᠰᠠᠶᠢᠨ ᠪᠠᠶᠢᠳᠠᠭ᠃       4. ᠬᠠᠯᠠᠭᠤᠨ ᠠᠴᠠ ᠪᠣᠯᠵᠤ ᠲᠥᠯ ᠠᠮᠠᠷᠠᠤᠳᠠᠬᠤ ᠨᠢ ᠣᠯᠠᠨ ᠪᠠᠶᠢᠳᠠᠭ᠃ ᠡᠭᠦᠨ ᠳᠤ ᠠᠷᠠᠤ ᠶᠢᠨ ᠲᠠᠯᠬ᠎ᠠ ︵口溶粉︶᠂ ᠮᠠᠷᠠᠭᠠᠵᠢᠪ ︵高锰酸钾︶ ᠵᠡᠷᠭᠡ ᠶᠢ ᠬᠡᠷᠡᠭᠯᠡᠪᠡᠯ ᠡᠳᠡᠭᠡᠷᠡᠬᠦ ᠨᠢ ᠬᠤᠷᠳᠤᠨ ᠪᠠᠶᠢᠳᠠᠭ᠃       5. ᠵᠤᠨ ᠤ ᠤᠯᠠᠷᠢᠯ ᠳᠤ ᠶᠠᠳᠠᠷ ᠳᠣᠷᠣᠢ ᠢᠩᠭᠡ ᠥᠲᠥᠬᠦ ᠦᠵᠡᠭᠳᠡᠯ ᠠᠷᠪᠢᠨ ᠭᠠᠷᠳᠠᠭ᠃ ᠡᠭᠦᠨ ᠳᠤ ᠥᠲᠥᠬᠦ ᠪᠣᠯᠤᠯᠴᠠᠭ᠎ᠠ ᠲᠠᠢ ᠲᠡᠮᠡᠭᠡᠨ ᠳᠡᠭᠡᠨ ᠬᠠᠭᠠᠰ ᠰᠠᠷ᠎ᠠ ᠶᠢᠨ ᠡᠮᠦᠨ᠎ᠡ ᠠᠴᠠ ᠢ ᠸᠧᠢ ᠵᠢᠶᠦ᠋ᠨ ᠰᠤ᠋ ︵伊维菌素︶᠎ ᠶᠢᠨ ᠨᠠᠶᠢᠷᠠᠯᠭ᠎ᠠ ᠲᠠᠢ ᠪᠥᠭᠡᠰᠦᠨ ᠤ ᠵᠡᠭᠦᠦ ᠶᠢ ᠠᠮᠢᠳᠤ ᠶᠢᠨ ᠵᠢᠩ ᠪᠦᠷᠢ ᠳᠤ ᠨᠢᠭᠡ ᠭᠷᠡᠮ ᠤᠨ ᠬᠡᠮᠵᠢᠶ᠎ᠡ ᠪᠠᠷ ᠠᠷᠠᠰᠤ ᠮᠢᠬᠠᠨ ᠤ ᠵᠠᠪᠰᠠᠷ ᠢᠶᠠᠷ ᠨᠢ ᠴᠣᠬᠢᠪᠠᠯ ᠤᠷᠢᠳᠴᠢᠯᠠᠨ ᠰᠡᠷᠭᠡᠶᠢᠯᠡᠵᠦ ᠴᠢᠳᠠᠨ᠎ᠠ᠃ ᠥᠲᠥᠭᠰᠡᠨ ᠪᠠᠶᠢᠳᠠᠯ ᠳᠤ ᠪᠥᠭᠡᠰᠦ ᠠᠷᠢᠯᠭᠠᠬᠤ ᠵᠡᠭᠦᠦ ᠶᠢ ᠲᠣᠭᠲᠠᠭᠰᠠᠨ ᠬᠡᠮᠵᠢᠶ᠎ᠡ ᠪᠠᠷ ᠬᠡᠷᠡᠭᠯᠡᠪᠡᠯ ᠥᠲᠥ ᠬᠤᠷᠣᠬᠠᠢ ᠶᠢ ᠠᠷᠢᠯᠭᠠᠬᠤ ᠮᠥᠷᠲᠡᠭᠡᠨ ᠬᠠᠴᠢᠭ ᠬᠤᠪᠠᠯᠵᠠ ᠶᠢ ᠴᠤ ᠤᠰᠠᠳᠬᠠᠵᠤ ᠴᠢᠳᠠᠳᠠᠭ᠃ ᠠᠩᠬᠠᠷᠬᠤ ᠨᠢ᠂ ᠥᠲᠥᠭᠰᠡᠨ ᠲᠡᠮᠡᠭᠡᠨ ᠤ ᠪᠠᠨ ᠥᠲᠥ ᠶᠢ ᠨᠢ ᠵᠠᠪᠠᠯ ᠰᠠᠶᠢᠨ ᠴᠡᠪᠡᠷᠯᠡᠭᠰᠡᠨ ᠪᠠᠶᠢᠬᠤ ᠬᠡᠷᠡᠭᠲᠡᠢ᠃ ᠴᠦ ᠯᠠᠢ ᠯᠢᠨ ︵除癞灵︶ ᠭᠡᠳᠡᠭ ᠲᠠᠯᠬᠠᠨ ᠡᠮ ᠢ ᠤᠭᠤᠲᠠᠨ ᠳᠤ ᠬᠢᠭᠡᠳ ᠡᠯᠭᠦᠬᠦ ᠠᠷᠭ᠎ᠠ ᠶᠢ ᠠᠪᠤᠭᠰᠠᠨ ᠴᠤ ᠪᠣᠯᠣᠨ᠎ᠠ᠃       6. ᠮᠠᠯ ᠤᠨ ᠬᠠᠷᠠᠭ᠎ᠠ ᠴᠠᠶᠢᠬᠤ ᠡᠪᠡᠳᠴᠢᠨ ᠢ ᠵᠠᠰᠠᠬᠤ ᠳᠤ ᠴᠢᠨ ᠮᠧᠢ ᠰᠤ᠋ ᠶᠢᠨ ᠲᠠᠯᠬ᠎ᠠ ︵青霉素粉︶᠎ ᠶᠢ ᠬᠡᠷᠡᠭᠯᠡᠵᠦ ᠪᠣᠯᠣᠨ᠎ᠠ᠃ ᠲᠡᠷᠡ ᠮᠥᠷᠲᠡᠯ᠎ᠡ ᠪᠠᠨ ᠬᠤᠭᠤᠴᠠᠭ᠎ᠠ ᠨᠢ ᠥᠩᠭᠡᠷᠡᠭᠰᠡᠨ ᠨᠢ ᠰᠠᠶᠢᠨ ᠪᠠᠶᠢᠳᠠᠭ᠃       7. ᠵᠤᠨ ᠤ ᠤᠯᠠᠷᠢᠯ ᠳᠤ ᠰᠠᠶ᠋ᠢᠬᠠᠨ ᠨᠣᠣᠰᠣᠯᠠᠭᠰᠠᠨ ᠶᠠᠳᠠᠷ ᠳᠣᠷᠣᠢ ᠮᠠᠯ ᠬᠦᠴᠦᠲᠡᠢ ᠰᠢᠷᠦᠭᠦᠨ ᠪᠣᠷᠣᠭᠠᠨ ᠳᠤ ᠦᠶᠦᠭᠡᠲᠡᠵᠦ ᠦᠬᠦᠬᠦ ᠠᠶᠤᠯ ᠲᠠᠢ ᠪᠠᠶᠢᠳᠠᠭ᠃ ᠡᠶᠢᠮᠦ ᠠᠴᠠ ᠰᠢᠷᠦᠭᠦᠨ ᠪᠣᠷᠣᠭᠠᠨ ᠠᠴᠠ ᠴᠤ ᠰᠡᠷᠭᠡᠶᠢᠯᠡᠬᠦ ᠴᠢᠬᠤᠯᠠ ᠲᠠᠢ ᠰᠠᠨ᠃       ᠶᠡᠷᠦᠩᠬᠡᠶᠢᠯᠡᠨ ᠶᠠᠷᠢᠪᠠᠯ᠂ ᠮᠠᠯᠴᠢᠳ ᠮᠠᠯ ᠢᠶᠠᠨ ᠨᠣᠣᠰᠣᠯᠠᠵᠤ ᠪᠠᠷᠠᠭᠠᠳ ᠮᠠᠯ ᠤᠨ ᠪᠥᠭᠡᠰᠦ ᠬᠢᠭᠤᠷᠰᠤ ᠬᠠᠴᠢᠭ ᠬᠤᠪᠢᠯᠵᠠ ᠵᠡᠷᠭᠡ ᠶᠢ ᠠᠷᠢᠯᠭᠠᠵᠤ ᠠᠵᠢᠯ ᠢ ᠰᠠᠶᠢᠲᠤᠷ ᠬᠢᠵᠦ᠂ ᠵᠤᠨ ᠤ ᠲᠤᠶᠢᠯ᠂ ᠶᠡᠭᠡ ᠬᠠᠯᠠᠭᠤᠨ᠂ ᠪᠠᠭ᠎ᠠ ᠬᠠᠯᠠᠭᠤᠨ ᠤ ᠦᠶᠡᠰ ᠢᠶᠠᠷ ᠮᠠᠯ ᠤᠨ ᠢᠶᠠᠨ ᠬᠠᠯᠠᠭᠤ ᠶᠢ ᠳᠠᠷᠤᠬᠤ ᠠᠵᠢᠯ ᠢ ᠪᠦᠲᠦᠮᠵᠢᠲᠡᠢ ᠬᠢᠬᠦ ᠶᠤᠮ ᠪᠣᠯ ᠠᠯᠢᠪᠠ ᠪᠦᠬᠦᠨ ᠴᠥᠮ ᠳᠠᠭᠠᠯᠳᠤᠨ ᠰᠢᠢᠳᠪᠤᠷᠢᠯᠡᠭᠳᠡᠵᠦ ᠴᠢᠳᠠᠨ᠎ᠠ᠃      
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号