ᠮᠠᠯᠴᠢᠨ ᠵᠠᠯᠠᠭᠤ ᠰᠤᠷᠭᠠᠯᠲᠤ ᠶᠠᠭᠤ ᠬᠢᠭᠡᠳ ᠶᠠᠭᠠᠷᠠᠵᠦ ᠪᠠᠶᠢᠨ᠎ᠠ︖
ᠨᠡᠶᠢᠲᠡᠯᠡᠭᠰᠡᠨ ᠴᠠᠭ᠄
2022/6/7
ᠬᠤᠶᠢᠳ ᠰᠡᠴᠡᠨ         ︽ᠮᠠᠨ ᠤ ᠭᠠᠴᠠᠭᠠᠨ ᠠᠴᠠ ᠪᠠᠯᠭᠠᠰᠤ ᠬᠦᠷᠬᠦ ᠴᠠᠷᠳᠠᠮᠠᠯ ᠵᠠᠮ ᠲᠠᠢ᠂ ᠣᠶᠢᠷ᠎ᠠ ᠳᠤ ᠬᠢᠵᠢᠭ ᠤᠨ ᠪᠠᠶᠢᠲᠠᠯ  ᠬᠡᠴᠡᠭᠦᠦ ᠪᠣᠯᠣᠭᠰᠠᠨ ᠠᠴᠠ ᠠᠳᠡ ᠨᠢᠭᠡ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠴᠠᠭᠠᠬᠤ ᠥᠷᠳᠡᠭᠡ ᠭᠠᠷᠭᠠᠵᠤ ᠭᠠᠴᠠᠭᠠᠨ ᠤ ᠢᠳᠡᠷ ᠵᠠᠯᠠᠭᠤᠴᠤᠳ ᠭᠤᠷᠪᠠᠨ ᠬᠦᠮᠦᠨ ᠨᠢᠭᠡ ᠲᠤᠭᠤᠶᠢᠯᠠᠩ ᠪᠤᠯᠵᠦ 12 ᠴᠠᠭ ᠢᠶᠠᠷ ᠵᠢᠵᠢᠭᠦᠷᠯᠡᠨ ᠡᠭᠡᠯᠵᠢᠯᠡᠵᠦ ᠪᠠᠶᠢᠭ᠎ᠠ᠂ ᠮᠠᠷᠭᠠᠰᠢ ᠮᠢᠨᠦ ᠵᠢᠵᠢᠭᠦᠷᠯᠡᠬᠦ ᠡᠭᠡᠯᠵᠢ ᠪᠣᠯᠣᠭᠰᠠᠨ︾ ᠭᠡᠵᠦ ᠰᠤᠷᠭᠠᠯᠲᠤ ᠣᠷᠴᠢᠮ ᠭᠠᠴᠠᠭᠠᠨ ᠤ ᠪᠠᠨ ᠪᠠᠶᠢᠴᠠᠭᠠᠬᠤ ᠥᠷᠳᠡᠭᠡᠨ ᠳᠤ ᠠᠵᠢᠯᠯᠠᠨ ᠶᠠᠭᠠᠷᠠᠵᠣ ᠪᠠᠶᠢᠬᠤ ᠪᠠᠨ ᠰᠤᠷᠪᠤᠯᠵᠢᠯᠠᠭᠴᠢ ᠳᠤ ᠶᠠᠷᠢᠨ᠎ᠠ᠃   ᠰᠤᠷᠭᠠᠯᠲᠤ ᠪᠣᠯ ᠤᠨᠳᠤᠷᠤᠯᠲᠦ ᠪᠠᠯᠭᠠᠰᠤᠨ ᠤ ᠵᠠᠬ᠎ᠠ ᠲᠤᠯᠤᠭᠠᠨ ᠭᠠᠴᠠᠭᠠᠨ ᠤ ᠮᠠᠯᠴᠢᠨ᠂ ᠪᠠᠯᠭᠠᠰᠤᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ  ᠶᠠᠭᠠᠷᠠᠤ ᠪᠣᠯᠵᠤ᠂ ᠪᠦᠬᠦ ᠪᠠᠯᠭᠠᠰᠤᠨ ᠤ ᠺᠠᠳ᠋ᠷ ᠠᠵᠢᠯᠴᠢᠨ᠂ ᠮᠠᠯᠴᠢᠨ ᠲᠠᠷᠢᠶᠠᠴᠢᠨ ᠡᠨᠡ ᠬᠦ ︽ ᠣᠲᠤᠭ᠎ᠠ ᠥᠬᠡᠶ ᠲᠡᠶᠢᠨ︾᠎ ᠢ ᠬᠠᠮᠲᠤ ᠪᠠᠷ ᠢᠯᠠᠬᠤ ᠶᠢᠨ ᠲᠥᠯᠥᠭᠡ ᠭᠠᠪᠰᠢᠭᠠᠶᠢᠯᠠᠨ ᠠᠵᠢᠯᠯᠠᠬᠤ ᠳᠤ ᠰᠤᠷᠭᠠᠯᠲᠤ ᠴᠦ ᠥᠪᠡᠷ ᠎ ᠢᠶᠠᠨ ᠰᠠᠶᠢᠨ ᠲᠤᠷᠠᠴᠣᠳ ᠤᠨ ᠡᠩᠨᠡᠭᠡᠨ ᠳᠤ ᠣᠷᠣᠵᠤ ᠬᠢᠵᠢᠭ ᠲᠠᠢ ᠲᠡᠮᠡᠴᠡᠬᠦ ᠳᠤ ᠬᠦᠴᠦ ᠪᠠᠨ ᠨᠡᠮᠡᠷᠢᠯᠡᠵᠦ ᠶᠠᠭᠠᠷᠠᠨ᠎ᠠ᠃   ᠲᠡᠷᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠣᠳᠠᠲᠤ ᠦᠢᠯᠡ ᠠᠵᠢᠯᠯᠠᠭ᠎ᠠ ᠪᠠᠷ ᠢᠶᠠᠨ ᠣᠷᠣᠯᠴᠠᠵᠤ᠂ ᠥᠪᠡᠷ ᠤᠨ ᠰᠠᠨᠠᠭᠠᠴᠢᠯᠠᠭ᠎ᠠ ᠠᠴᠠ ᠪᠠᠨ ᠥᠷᠲᠡᠭᠡᠨ ᠳᠤ ᠢᠷᠡᠵᠦ ᠵᠢᠵᠢᠭᠦᠷᠯᠡᠭᠰᠡᠨ ᠣᠯᠠᠨ ᠰᠠᠶᠢᠨ ᠲᠤᠷᠠᠴᠣᠳ ᠤᠨ ᠨᠢᠭᠡ ᠨᠢ ᠪᠣᠯᠣᠨ᠎ᠠ᠃ ᠭᠠᠴᠠᠭᠠᠨ ᠤ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠴᠠᠭᠠᠬᠤ ᠥᠷᠳᠡᠭᠡ ᠨᠢ ᠲᠡᠬᠦᠨ ᠤ ᠭᠡᠷ ᠠᠴᠠ 8 ᠺᠢᠯᠣᠮᠧᠲᠷ ᠵᠠᠶᠢᠲᠠᠢ ᠪᠠᠶᠢᠳᠠᠭ᠃ ᠡᠨᠡ ᠨᠢ ᠮᠦᠨ ᠴᠦ ᠥᠷᠳᠡᠭᠡ ᠠᠴᠠ ᠬᠠᠮᠤᠭ ᠣᠶᠢᠷ᠎ᠠ ᠠᠶᠢᠯ ᠪᠣᠯᠬᠤᠷ ᠰᠤᠷᠭᠠᠯᠲᠤ 3 ᠰᠠᠷ᠎ᠠ ᠶᠢᠨ 8᠎ ᠤ ᠡᠳᠤᠷ ᠠᠴᠠ ᠡᠬᠢᠯᠡᠨ ᠰᠠᠶᠢᠨ ᠳᠤᠷ᠎ᠠ ᠠᠴᠠ ᠪᠠᠨ ᠥᠷᠳᠡᠭᠡᠨ ᠳᠤ ᠢᠷᠡᠵᠦ ᠵᠢᠵᠢᠭᠦᠷᠯᠡᠭᠰᠡᠨ ᠢᠶᠠᠷ ᠪᠠᠷᠠᠬᠤ ᠦᠬᠡᠢ ᠵᠠᠪ ᠲᠠᠢ ᠯᠡ ᠪᠣᠯ ᠬᠦᠷᠴᠦ ᠢᠷᠡᠵᠦ ᠠᠵᠢᠯ ᠳᠤᠨᠢ ᠣᠷᠣᠯᠴᠠᠳᠠᠭ᠃ ᠪᠠᠶᠢᠴᠠᠭᠠᠬᠤ  ᠥᠷᠳᠡᠭᠡ ᠨᠢ ᠬᠡᠭᠡᠷ᠎ᠡ ᠬᠥᠳᠡᠭᠡ ᠪᠠᠶᠢᠵᠤ ᠨᠥᠬᠦᠴᠡᠯ ᠳᠥᠭᠦᠮ ᠦᠭᠡᠢ᠂ ᠠᠩᠬ᠎ᠠ ᠪᠠᠶᠢᠭᠤᠯᠤᠭᠰᠠᠨ ᠦᠶ᠎ᠡ  ᠳᠤ ᠵᠢᠵᠢᠭᠦᠷᠯᠡᠨ ᠠᠵᠢᠯᠯᠠᠵᠤ ᠪᠠᠶᠢᠭ᠎ᠠ ᠰᠠᠶᠢᠨ ᠲᠤᠷᠠᠴᠣᠳ ᠤᠨ ᠠᠮᠢᠳᠤᠷᠠᠯ ᠳᠤ ᠬᠡᠷᠡᠭᠯᠡᠬᠦ ᠤᠰᠤ ᠬᠠᠮᠤᠭ ᠠᠴᠠ ᠲᠤᠯᠭᠠᠮ᠎ᠠ ᠱᠠᠭᠠᠷᠳᠠᠭᠳᠠᠬᠤ ᠳᠤ ᠰᠤᠷᠭᠠᠯᠲᠤ ᠭᠡᠷ ᠲᠡᠭᠡᠨ‌ᠤᠰᠣ ᠲᠡᠭᠡᠭᠡᠪᠦᠷᠢᠯᠡᠨ ᠢᠳᠡᠵᠦ ᠤᠤᠭᠤᠬᠤ ᠤᠰᠣ ᠪᠠᠨ ᠠᠷᠭᠠᠴᠠᠭᠠᠳᠠᠭ ᠪᠠᠶᠢᠳᠠᠯ᠎ᠠ ᠪᠠᠨ ᠡᠬᠦᠨ ᠢᠶᠠᠨ ᠤᠭᠲᠤ ᠬᠠᠶᠢᠬᠤᠷᠤᠯ ᠦᠬᠡᠢ ᠪᠠᠷ ᠮᠠᠰᠢᠨ ᠢᠶᠠᠨ ᠵᠢᠯᠣᠭᠤᠳᠴᠤ ᠭᠡᠷ ᠠᠴᠠ ᠪᠠᠨ ᠤᠰᠣ ᠲᠠᠲᠠᠨ ᠠᠪᠴᠢᠷᠠᠵᠦ ᠣᠯᠠᠨ ᠤ ᠠᠮᠢᠳᠤᠷᠠᠯ ᠤᠨ ᠬᠡᠷᠡᠭᠰᠡᠬᠦ ᠤᠰᠤᠨ ᠤ ᠠᠰᠠᠭᠤᠳᠠᠯ ᠢ ᠰᠢᠢᠳᠪᠦᠷᠢᠯᠡᠵᠦ ᠪᠢᠯᠡ᠃   ᠦᠷᠳᠡᠭᠡᠨ ᠳᠤ ᠠᠵᠢᠯᠯᠠᠵᠤ ᠪᠠᠶᠢᠭ᠎ᠠ ᠠᠵᠢᠯᠲᠠᠳ ᠪᠠ ᠵᠠᠮ ᠢᠶᠠᠷ ᠥᠩᠭᠡᠷᠡᠬᠦ ᠮᠠᠰᠢᠨ ᠲᠡᠷᠭᠡᠨ ᠤ ᠵᠢᠯᠣᠭᠤᠴᠢ ᠳᠤ ᠲᠣᠬᠢᠶ᠎ᠡ ᠪᠣᠯᠭᠠᠵᠤ ᠪᠠᠶᠢᠴᠠᠭᠠᠬᠤ ᠠᠵᠢᠯ ᠢ ᠤᠷᠤᠭᠰᠢᠲᠠᠢ ᠶᠠᠪᠤᠭᠳᠠᠭᠤᠯᠬᠤ  ᠶᠢᠨ ᠳᠤᠯᠠᠲᠠ ᠵᠢᠵᠢᠭᠦᠷᠯᠡᠭᠴᠢ ᠨᠡᠷ ᠥᠷᠳᠡᠭᠡᠨ ᠤ ᠵᠠᠮ ᠤᠨ ᠬᠤᠶᠠᠷ ᠲᠠᠯ᠎ᠠ ᠳᠤ ᠬᠡᠷᠡᠰᠬᠡ ᠤᠭᠰᠠᠷᠠᠵᠤ ᠲᠡᠮᠦᠷ ᠤᠲᠠᠰᠤ ᠪᠠᠷ ᠤᠶᠠᠵᠤ ᠶᠠᠭᠠᠷᠠᠯᠳᠤᠬᠤ ᠳᠤ ᠥᠷᠳᠡᠭᠡᠨ ᠠᠴᠠ ᠡᠳ᠋ ᠪᠣᠳᠠᠰ ᠠᠪᠬᠤ ᠪᠠᠷ ᠢᠷᠡᠭᠰᠡᠨ ᠰᠤᠷᠭᠠᠯᠲᠤ ᠶᠠᠭ ᠲᠠᠭᠠᠷᠠᠯᠳᠤᠨ᠂ ᠶᠠᠭᠤ ᠴᠦ ᠬᠡᠯᠡᠯ ᠦᠬᠡᠢ ᠪᠠᠷ ᠪᠠᠭᠠᠵᠢ ᠬᠡᠷᠡᠭᠰᠡᠯ ᠠᠪᠴᠤ ᠬᠠᠪᠰᠤᠷᠴᠤ ᠡᠬᠢᠯᠡᠭᠰᠡᠨ ᠮᠥᠷᠳᠡᠬᠡᠨ   ︽ᠪᠥᠬᠡᠯᠢᠭ ᠪᠢᠰᠢ ᠪᠣᠯᠵᠡᠢ︾ ᠭᠡᠰᠡᠨ ᠣᠯᠠᠨ ᠤ ᠡᠴᠦᠰ ᠤᠨ ᠳ᠋ᠦᠩᠨᠡᠯᠲᠡ ᠶᠢ ᠰᠣᠨᠣᠰᠤᠭᠠᠳ ᠦᠳᠡ ᠶᠢᠨ ᠬᠤᠶᠢᠨ᠎ᠠ ᠨᠢ ᠭᠡᠷ ᠤᠨ ᠢᠶᠠᠨ ᠴᠠᠬᠢᠯᠭᠠᠨ ᠭᠠᠩᠨᠠᠭᠤᠷ ᠢᠶᠠᠨ ᠠᠪᠴᠢᠷᠠᠵᠤ ᠬᠡᠷᠡᠰᠬᠡ ᠶᠢ ᠪᠠᠬᠢᠯᠡᠵᠦ ᠪᠠᠷᠠᠭᠠᠳ ᠰᠠᠨᠠᠭ᠎ᠠ ᠠᠮᠤᠷ ᠪᠤᠴᠠᠭᠰᠠᠨ ᠪᠠᠶᠢᠯ᠎ᠠ᠃   ᠭᠡᠨᠡᠳᠲᠡ ᠶᠢᠨ ᠡᠭᠦᠰᠦᠭᠰᠡᠨ ᠬᠢᠵᠢᠭ ᠠᠴᠠ ᠮᠠᠯᠴᠢᠳ ᠭᠠᠳᠠᠭᠰᠢ ᠭᠠᠷᠴᠤ  ᠴᠢᠳᠠᠬᠤ ᠥᠬᠡᠶ᠂ ᠡᠳᠤᠷ ᠲᠤᠳᠤᠮ ᠎ ᠤᠨ ᠠᠮᠢᠳᠤᠷᠠᠯ ᠎ ᠳᠤᠨᠢ ᠲᠥᠬᠦᠮ ᠪᠤᠰᠤ ᠪᠣᠯᠵᠣ ᠮᠠᠯᠴᠢᠳ ᠤᠨ ᠬᠡᠷᠡᠭᠯᠡᠬᠦ ᠲᠣᠰᠣ ᠲᠤᠳᠠᠭᠲᠠᠵᠤ᠂ ᠭᠠᠴᠠᠭᠠᠨ ᠤ ︽ᠬᠤᠶᠠᠷ ᠵᠥᠪᠯᠡᠯ︾ ᠴᠢᠯᠠᠭᠤᠨ ᠲᠣᠰᠣᠨ ᠤ ᠠᠰᠠᠭᠤᠳᠠᠯ ᠢ ᠵᠥᠪᠳᠡᠯᠴᠡᠨ ᠰᠢᠢᠳᠪᠦᠷᠢᠯᠡᠭᠰᠡᠨ ᠪᠣᠯᠪᠠᠴᠤ ᠲᠤᠰᠬᠠᠢ ᠲᠡᠷᠭᠡ ᠬᠦᠷᠭᠡᠵᠦ ᠢᠷᠡᠵᠦ ᠴᠢᠳᠠᠭ᠎ᠠ ᠦᠬᠡᠢ ᠪᠤᠯᠬᠤᠷ ᠣᠯᠠᠨ ᠢᠶᠠᠷ ᠢᠶᠠᠨ ᠪᠠᠴᠢᠮᠳᠠᠨ ᠵᠣᠪᠠᠵᠤ ᠪᠠᠶᠢᠬᠤ ᠳᠤ  ᠰᠤᠷᠭᠠᠯᠲᠤ ᠰᠠᠶᠢᠨ ᠳᠤᠷ᠎ᠠ ᠠᠴᠠ ᠪᠠᠨ᠄ ︽ᠮᠢᠨᠦ ᠲᠡᠷᠭᠡ ᠮᠠᠰᠢ ᠲᠣᠬᠢᠷᠠᠮᠵᠢᠲᠠᠶ᠂ ᠪᠢ ᠣᠯᠠᠨ ᠳᠤ ᠲᠣᠰᠣ ᠬᠦᠷᠭᠡᠵᠦ ᠥᠭᠭᠦᠶ᠎ᠡ︾ ᠭᠡᠵᠦ ᠪᠢᠯᠡ᠃ ᠲᠡᠷᠡ ᠵᠢᠵᠢᠭᠦᠷᠯᠡᠵᠦ ᠪᠠᠶᠢᠬᠤ ᠦᠶ᠎ᠡ ᠎ ᠳᠡᠭᠡᠨ ᠡᠳᠦᠷ ᠪᠦᠷᠢ ᠭᠤᠷᠪᠠ ᠤᠳᠠᠭᠠᠨ ᠤ ᠲᠣᠭᠤᠷᠢᠨ ᠪᠠᠶᠢᠴᠠᠭᠠᠯᠲᠠ ᠶᠢ ᠴᠠᠭ ᠲᠠᠭᠠᠨ ᠪᠡᠶᠡᠯᠡᠭᠦᠯᠵᠦ᠂ ᠬᠠᠷᠢᠶ᠎ᠠ ᠣᠷᠣᠨ ᠤ ᠪᠠᠨ ᠳᠣᠲᠣᠷᠠᠬᠢ ᠭᠡᠷ ᠲᠡᠭᠡᠨ ᠰᠠᠭᠤᠵᠤ ᠲᠤᠰᠠᠭᠠᠷᠯᠠᠵᠤ ᠪᠠᠶᠢᠭ᠎ᠠ ᠬᠥᠮᠦᠰ ᠢ ᠨᠡᠩ ᠴᠤ ᠲᠣᠭᠲᠠᠮᠠᠯ ᠪᠤᠰᠤ ᠴᠠᠭ ᠢᠶᠠᠷ ᠲᠣᠭᠤᠷᠢᠨ  ᠪᠠᠶᠢᠴᠠᠭᠠᠨ᠂ ᠲᠡᠳᠡᠨ ᠤ ᠠᠵᠢᠯ ᠶᠠᠭᠠᠷᠠᠤ ᠪᠠᠶᠢᠬᠤ ᠶᠢ ᠣᠯᠵᠤ ᠦᠵᠡᠪᠡᠯ ᠶᠠᠭᠤ ᠴᠤ ᠬᠡᠯᠡᠬᠦ ᠦᠭᠡᠢ ᠪᠠᠷ ᠭᠠᠷᠳᠠᠵᠤ ᠪᠡᠶᠡᠯᠡᠭᠦᠯᠦᠨ᠂ ᠪᠤᠰᠤᠳ ᠤᠨ ᠪᠤᠳᠤᠵᠤ ᠣᠯᠤᠭᠰᠠᠨ ᠦᠭᠡᠢ ᠠᠵᠢᠯ ᠢ ᠤᠬᠠᠮᠰᠠᠷ ᠠᠴᠠ ᠪᠠᠨ ᠬᠢᠵᠦ ᠣᠯᠠᠨ ᠤ ᠰᠡᠳᠬᠢᠯ ᠢ ᠳᠤᠯᠠᠭᠠᠴᠠᠭᠤᠯᠳᠠᠭ᠃   ᠰᠤᠷᠭᠠᠯᠲᠤ᠄ ︽ᠬᠢᠵᠢᠭ ᠨᠣᠳᠤᠭ ᠲᠤ ᠮᠢᠨᠢ ᠡᠬᠦᠰᠴᠦ᠂ ᠪᠠᠶᠢᠳᠠᠯ ᠲᠤᠯᠭᠠᠮ᠎ᠠ ᠰᠠᠨᠠᠭᠳᠠᠭᠰᠠᠨ ᠪᠣᠯᠬᠤᠷ  ᠴᠢᠳᠠᠯ ᠤᠨ ᠬᠢᠷᠢ ᠪᠠᠷ ᠢᠶᠠᠨ ᠲᠡᠮᠵᠢᠶ᠎ᠡ ᠭᠡᠵᠦ  ᠰᠠᠨᠠᠭᠰᠠᠨ︾  ᠭᠡᠮᠡᠨ  ᠠᠵᠢᠯ ᠳᠠᠭᠠᠨ ᠶᠠᠭᠠᠷᠠᠭᠰᠠᠭᠠᠷ ᠠᠵᠢ᠃          ᠭᠡᠰᠡᠭ ᠭᠡᠷᠡᠯ ᠵᠢᠷᠤᠭ ᠪᠠ ᠠᠭᠤᠯᠭ᠎ᠠ ᠶᠢ ᠵᠠᠬ᠎ᠠ ᠲᠤᠯᠤᠭᠠᠨ ᠭᠠᠴᠠᠭᠠᠨ ᠤ ᠨᠡᠶᠢᠲᠡᠯᠡᠯ ᠠᠴᠠ ᠡᠮᠬᠢᠯᠡᠨ ᠠᠪᠤᠪᠠ᠃  
         
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号