ᠠᠯᠠᠱᠠ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 41 ᠳ᠋ᠤᠬᠡᠷ ᠲᠣᠭᠠᠲᠤ ᠠᠯᠪᠠᠨ ᠵᠠᠷ
ᠨᠡᠶᠢᠲᠡᠯᠡᠭᠰᠡᠨ ᠴᠠᠭ᠄
2022/6/7
      ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠲᠡᠯᠭᠡᠷᠡᠬᠦ ᠶᠢ ᠰᠡᠷᠭᠡᠶᠢᠯᠡᠬᠦ︾ ᠬᠢᠵᠢᠭ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠥᠭᠡᠳ ᠤᠨᠤᠪᠴᠢᠳᠠᠢ ᠪᠠᠷ ᠨᠠᠶᠢᠳᠠᠪᠤᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠳᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠪᠦᠲᠦᠮᠵᠢᠲᠡᠶ ᠪᠠᠭᠤᠷᠠᠭᠤᠯᠤᠨ᠂ ᠮᠠᠨ ᠤ ᠠᠶᠢᠮᠠᠭ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠭᠤᠨ ᠢᠶᠠᠷ ᠰᠠᠶᠢᠵᠢᠷᠠᠬᠤ ᠬᠠᠨᠳᠤᠰᠢ ᠶᠢ ᠦᠷᠭᠦᠯᠵᠢᠯᠡᠨ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠤᠴᠢᠷ ᠢ ᠳᠤᠤᠷᠠᠬᠢ ᠮᠡᠲᠦ ᠵᠠᠷᠯᠠᠪᠠ᠃       ᠨᠢᠭᠡ᠂ ᠮᠠᠨ ᠤ ᠠᠶᠢᠮᠠᠭ ᠲᠤ ᠢᠷᠡᠬᠦ ︵ᠪᠤᠴᠠᠬᠤ︶ ᠪᠣᠶ ᠪᠥᠬᠦᠶ ᠬᠥᠮᠦᠰ ᠬᠦᠷᠴᠦ ᠢᠷᠡᠬᠦ ᠠᠴᠠ ᠡᠮᠦᠨ᠎ᠡ ᠡᠷᠬᠡᠪᠰᠢ ︽ᠠᠯᠠᠱᠠ ᠶᠢᠨ ᠡᠷᠡᠭᠦᠯ ᠮᠡᠨᠳᠦ ᠶᠢᠨ ᠡᠷᠳᠡᠨᠢ︾᠎ ᠪᠠᠷ ᠳᠡᠮᠵᠢᠨ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠢ ᠪᠤᠶᠤ ᠰᠠᠭᠤᠬᠤ ᠪᠠᠭᠤᠳᠠᠯ ᠳᠠᠭᠠᠨ ᠮᠡᠳᠡᠭᠦᠯᠦᠨ ᠳᠠᠩᠰᠠᠯᠠᠭᠤᠯᠵᠤ᠂ ᠬᠠᠷᠢᠶ᠎ᠠ ᠭᠠᠵᠠᠷ ᠤᠨ ᠲᠤᠰᠠᠭᠠᠷᠯᠠᠨ ᠬᠠᠮᠢᠶᠠᠷᠤᠨ ᠡᠵᠡᠮᠳᠡᠬᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠵᠡᠷᠭᠡ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠬᠠᠮᠵᠢᠯᠴᠠᠨ᠂ 7 ᠡᠳᠦᠷ ᠤᠨ ᠳᠣᠲᠣᠷ᠎ᠠ ᠴᠤᠭᠯᠠᠷᠠᠨ ᠬᠤᠭᠤᠯᠠᠯᠠᠬᠤ ᠥᠬᠡᠶ᠂ ᠴᠤᠭᠯᠠᠷᠠᠬᠤ ᠥᠬᠡᠶ᠂ ᠬᠥᠮᠦᠨ ᠣᠯᠠᠨ ᠴᠤᠭᠯᠠᠷᠠᠭᠰᠠᠨ ᠲᠠᠯᠠᠪᠤᠷ ᠲᠤ ᠣᠴᠢᠬᠤ ᠥᠬᠡᠶ ᠪᠠᠶᠢᠬᠤ ᠬᠡᠷᠡᠭᠲᠡᠶ᠃       ᠬᠤᠶᠠᠷ᠂ ᠪᠦᠬᠦ ᠠᠶᠢᠮᠠᠭ ᠤᠨ ︽ᠬᠤᠶᠠᠷ ᠥᠷᠲᠡᠭᠡ ᠨᠢᠭᠡ ᠲᠠᠯᠠᠪᠠᠢ︾᠂ ᠡᠯ᠎ᠡ ᠵᠠᠮ ᠬᠠᠷᠢᠯᠴᠠᠭᠠᠨ ᠤ ᠪᠠᠶᠢᠴᠠᠭᠠᠬᠤ ᠴᠢᠭ ᠨᠢ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠨᠢ ᠪᠢᠯᠢᠭ ᠴᠢᠨᠠᠷ ᠤᠨ ᠭᠡᠷᠡᠴᠢ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠢᠮᠠᠭ ᠲᠤ ᠣᠷᠣᠵᠤ ᠢᠷᠡᠭᠰᠡᠨ ᠬᠥᠮᠦᠰ ᠤᠨ ︽ᠠᠯᠠᠱᠠ ᠡᠷᠡᠭᠦᠯ ᠮᠡᠨᠳᠦ ᠶᠢᠨ ᠡᠷᠳᠡᠨᠢ︾᠎ ᠶᠢᠨ ᠮᠡᠳᠡᠭᠦᠯᠦᠭᠰᠡᠨ ᠮᠡᠳᠡᠭᠡ ᠵᠠᠩᠭᠢ ᠶᠢ ᠨᠠᠷᠢᠨ ᠬᠢᠨᠠᠮᠠᠭᠠᠶ ᠬᠠᠷᠭᠤᠭᠤᠯᠬᠤ ᠶᠢᠨ ᠬᠠᠮᠲᠤ᠂ ᠠᠶᠢᠮᠠᠭ ᠲᠤ ᠣᠷᠣᠬᠤ ᠨᠥᠬᠦᠴᠡᠯ ᠳᠤ ᠨᠡᠶᠢᠴᠡᠬᠦ ᠪᠣᠶ ᠪᠥᠬᠦᠶ ᠬᠥᠮᠦᠰ ᠲᠤ ᠰᠦᠢᠳᠬᠡᠯ ᠬᠤᠷᠢᠶᠠᠬᠤ ᠥᠬᠡᠶ ᠪᠠᠷ ᠨᠢᠭᠡ ᠤᠳᠠᠭᠠᠨ ᠤ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠬᠢᠬᠦ ᠬᠡᠷᠡᠭᠲᠡᠶ ︵ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠮᠡᠳᠡᠭᠦᠯᠦᠯᠲᠡ ᠭᠠᠷᠭᠠᠵᠤ ᠥᠭᠬᠦ ᠥᠬᠡᠶ︶᠃       ᠭᠤᠷᠪᠠ᠂ ᠬᠢᠯᠢ ᠪᠠᠷ ᠣᠷᠣᠵᠤ ᠢᠷᠡᠭᠰᠡᠨ ᠬᠥᠮᠦᠰ ᠢ ︽14 ᠡᠳᠦᠷ ᠲᠥᠪᠯᠡᠷᠡᠭᠦᠯᠦᠨ ᠲᠤᠰᠠᠭᠠᠷᠯᠠᠬᠤ ᠪᠠ 7 ᠡᠳᠦᠷ ᠬᠡᠷ ᠲᠡᠭᠡᠨ ᠲᠤᠰᠠᠭᠠᠷᠯᠠᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠬᠡᠷ ᠲᠡᠭᠡᠨ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠥᠬᠡᠶ ᠶᠢ ᠨᠢ ᠴᠥᠮ ᠲᠥᠪᠯᠡᠷᠡᠭᠦᠯᠦᠨ ᠲᠤᠰᠠᠭᠠᠷᠯᠠᠵᠤ᠂ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ 1᠂ 4᠂ 7᠂ 10᠂ 14 ᠳ᠋ᠤᠬᠡᠷ ᠡᠳᠦᠷ ᠵᠢᠴᠢ ᠬᠡᠷ ᠲᠡᠭᠡᠨ ᠲᠤᠰᠠᠭᠠᠷᠯᠠᠵᠤ ᠠᠵᠢᠭᠯᠠᠬᠤ 2᠂ 7 ᠳ᠋ᠤᠭᠠᠷ ᠡᠳᠦᠷ ᠲᠤ ᠲᠣᠰ ᠪᠦᠷᠢ 1 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ᠃ ᠬᠢᠯᠢ ᠶᠢᠨ ᠭᠠᠳᠠᠨ᠎ᠠ ᠠᠴᠠ ᠪᠤᠴᠠᠵᠤ ᠢᠷᠡᠭᠰᠡᠨ ᠪᠥᠭᠡᠳ ᠬᠢᠯᠢ ᠪᠠᠷ ᠤᠷᠤᠵᠤ ᠢᠷᠡᠭᠰᠡᠨ ᠨᠢᠭᠡᠳᠦᠭᠡᠷ ᠴᠡᠭ ᠲᠤ 14 ᠡᠳᠦᠷ ᠲᠥᠪᠯᠡᠷᠡᠭᠦᠯᠦᠨ ᠲᠤᠰᠠᠭᠠᠷᠯᠠᠬᠤ ᠶᠢ ᠬᠦᠴᠦᠨ ᠥᠬᠡᠶ ᠪᠣᠯᠭᠠᠭᠰᠠᠨ ᠤ ᠳᠠᠷᠠᠭ᠎ᠠ ᠮᠠᠨ ᠤ ᠠᠶᠢᠮᠠᠭ ᠲᠤ ᠪᠤᠴᠠᠵᠤ ᠢᠷᠡᠭᠰᠡᠨ ᠬᠥᠮᠦᠰ ᠢ ᠡᠷᠬᠡᠪᠰᠢ ᠪᠠᠶᠢᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠎ ᠲᠤ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ︽7 ᠡᠳᠦᠷ ᠬᠡᠷ ᠲᠡᠭᠡᠨ ᠲᠤᠰᠠᠭᠠᠷᠯᠠᠵᠤ + 3 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ︵ᠬᠢᠯᠢ ᠎ ᠪᠠᠷ ᠣᠷᠣᠵᠤ ᠢᠷᠡᠭᠰᠡᠨ ᠨᠢᠭᠡᠳᠦᠭᠡᠷ ᠴᠡᠭ ᠠᠴᠠ ᠰᠠᠯᠤᠭᠰᠠᠨ ᠡᠳᠦᠷ ᠠᠴᠠ ᠡᠬᠢᠯᠡᠨ ᠪᠤᠳᠤᠵᠤ᠂ ᠬᠢᠯᠢ ᠪᠠᠷ ᠣᠷᠣᠵᠤ ᠢᠷᠡᠭᠰᠡᠨ ᠨᠢᠭᠡᠳᠦᠭᠡᠷ ᠴᠡᠭ ᠲᠤ ᠨᠢᠭᠡᠨᠲᠡ ᠬᠡᠷ ᠲᠡᠭᠡᠨ ᠲᠤᠰᠠᠭᠠᠷᠯᠠᠭᠰᠠᠨ ᠪᠠᠶᠢᠪᠠᠯ ᠳᠠᠬᠢᠨ ᠳᠠᠪᠲᠠᠨ ᠲᠤᠰᠠᠭᠠᠷᠯᠠᠵᠤ ᠪᠣᠯᠬᠤ ᠥᠬᠡᠶ︶᠎ ᠶᠢ ᠬᠡᠷᠡᠭᠵᠢᠭᠦᠯᠵᠦ᠂ ᠬᠡᠷ ᠲᠡᠭᠡᠨ ᠲᠤᠰᠠᠭᠠᠷᠯᠠᠨ ᠠᠵᠢᠭᠯᠠᠬᠤ 1᠂ 4᠂ 7 ᠳ᠋ᠤᠭᠠᠷ ᠡᠳᠦᠷ ᠲᠤ ᠲᠣᠰ ᠪᠦᠷᠢ 1 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ ᠬᠡᠷᠡᠭᠲᠡᠶ᠃ ᠭᠡᠷ ᠲᠡᠭᠡᠨ ᠰᠠᠭᠤᠵᠤ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠦᠭᠡᠶ ᠶᠢ ᠨᠢ ᠴᠥᠮ ᠲᠥᠪᠯᠡᠷᠡᠭᠦᠯᠦᠨ ᠲᠤᠰᠠᠭᠠᠷᠯᠠᠬᠤ ᠶᠢ ᠬᠡᠷᠡᠭᠵᠢᠭᠦᠯᠦᠨ᠎ᠡ       ᠳᠥᠷᠪᠡ᠂ ᠳᠤᠮᠳᠠ ᠥᠨᠳᠥᠷ ᠲᠠᠰ ᠤᠨ ᠲᠦᠭᠰᠢᠭᠦᠷᠢᠲᠡᠶ ᠭᠠᠵᠠᠷ ᠣᠷᠣᠨ ︵ᠡᠰᠡᠬᠦᠯ᠎ᠡ ᠡᠷᠡᠭᠦᠯ ᠮᠡᠨᠳᠦ ᠶᠢᠨ ᠺᠣᠳ᠋ ᠨᠢ ᠰᠢᠷ᠎ᠠ ᠺᠣᠳ᠋᠂ ᠤᠯᠠᠭᠠᠨ ᠺᠣᠳ᠋︶᠎ ᠠᠴᠠ ᠮᠠᠨ ᠤ ᠠᠶᠢᠮᠠᠭ ᠲᠤ ᠪᠤᠴᠠᠬᠰᠠᠨ ︵ᠢᠷᠡᠭᠰᠡᠨ︶ ᠬᠥᠮᠦᠰ ᠴᠥᠮ ︽7 ᠡᠳᠦᠷ ᠲᠥᠪᠯᠡᠷᠡᠭᠦᠯᠦᠨ ᠲᠤᠰᠠᠭᠠᠷᠯᠠᠬᠤ + 7 ᠡᠳᠦᠷ ᠬᠡᠷ ᠲᠡᠭᠡᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ 1᠂ 4 ᠂ 7 ᠳ᠋ᠤᠭᠠᠷ ᠡᠳᠦᠷ ᠪᠠ ᠬᠡᠷ ᠲᠡᠭᠡᠨ ᠲᠤᠰᠠᠭᠠᠷᠯᠠᠨ ᠠᠵᠢᠭᠯᠠᠬᠤ 2᠂ 7 ᠳ᠋ᠤᠭᠠᠷ ᠡᠳᠦᠷ ᠲᠤ ᠲᠣᠰ ᠪᠦᠷᠢ 1 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠨ᠎ᠠ᠃ ᠭᠡᠷ ᠲᠡᠭᠡᠨ ᠰᠠᠭᠤᠵᠤ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠦᠭᠡᠶ ᠶᠢ ᠨᠢ ᠴᠥᠮ ᠲᠥᠪᠯᠡᠷᠡᠭᠦᠯᠦᠨ ᠲᠤᠰᠠᠭᠠᠷᠯᠠᠬᠤ ᠶᠢ ᠬᠡᠷᠡᠭᠵᠢᠭᠦᠯᠦᠨ᠎ᠡ᠃       ᠲᠠᠪᠤ᠂ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠠᠰ ᠤᠨ ᠲᠦᠭᠰᠢᠬᠦᠷᠢᠳᠡᠢ ᠭᠠᠵᠠᠷ ᠣᠷᠣᠨ ᠤ ᠪᠠᠶᠢᠭ᠎ᠠ ᠬᠤᠲᠠ ︵ᠡᠰᠡᠬᠦᠯ᠎ᠡ ᠠᠶᠠᠯᠠᠯ ᠤᠨ ᠺᠣᠳ᠋ ᠨᠢ ᠨᠣᠭᠤᠭᠠᠨ ᠺᠣᠳ᠋ ᠮᠥᠷᠲᠡᠭᠡᠨ ※ ᠨᠣᠮᠧᠷ ᠲᠠᠢ᠂ ᠮᠤᠵᠢ ᠨᠢ ᠭᠠᠵᠠᠷ ᠤᠨ ᠲᠠᠰ ᠤᠨ ᠬᠤᠲᠠ ᠪᠠᠷ ᠨᠢᠭᠡᠴᠢ ᠪᠣᠯᠭᠠᠵᠤ᠂ ᠰᠢᠭᠤᠳ ᠬᠠᠷᠢᠶ᠎ᠠ ᠬᠤᠲᠠ ᠨᠢ ᠪᠥᠬᠦ ᠣᠷᠣᠨ ᠪᠦᠰᠡ ᠢ ᠪᠠᠭᠳᠠᠭᠠᠨ᠎ᠠ︶ ᠵᠢᠴᠢ ᠬᠢᠵᠢᠭ ᠤᠨ ᠪᠠᠶᠢᠳᠠᠯ ᠢᠯᠡᠳᠲᠡ ᠭᠠᠳᠠᠭᠰᠢ ᠳᠡᠯᠭᠡᠷᠡᠬᠦ ᠲᠦᠭᠰᠢᠬᠦᠷᠢᠳᠡᠢ ᠭᠠᠵᠠᠷ ᠤᠨ ᠲᠠᠰ ᠤᠨ ᠬᠤᠲᠠ ︵ᠮᠤᠵᠢ ᠨᠢ ᠭᠠᠵᠠᠷ ᠤᠨ ᠲᠠᠰ ᠤᠨ ᠬᠤᠲᠠ ᠪᠠᠷ ᠨᠢᠭᠡᠴᠢ ᠪᠣᠯᠭᠠᠵᠤ᠂ ᠰᠢᠭᠤᠳ ᠬᠠᠷᠢᠶ᠎ᠠ ᠬᠤᠲᠠ ᠨᠢ ᠪᠥᠬᠦ ᠣᠷᠣᠨ ᠪᠦᠰᠡ ᠢ ᠪᠠᠭᠳᠠᠭᠠᠨ᠎ᠠ︔ ᠳᠡᠭᠡᠷᠡᠬᠢ ᠭᠠᠵᠠᠷ ᠤᠨ ᠲᠠᠰ ᠤᠨ ᠬᠤᠲᠠ ᠶᠢᠨ ᠬᠡᠪᠴᠢᠶ᠎ᠡ ᠶᠢ ᠠᠶᠢᠮᠠᠭ ᠤᠨ ᠵᠢᠯᠣᠭᠤᠳᠬᠤ ᠭᠠᠵᠠᠷ ᠠᠴᠠ ᠡᠳᠦᠷ ᠪᠦᠷᠢ ᠡᠯ᠎ᠡ ᠬᠤᠰᠢᠭᠤ ᠲᠣᠭᠤᠷᠢᠭ ᠤᠨ ᠵᠢᠯᠣᠭᠤᠳᠬᠤ ᠭᠠᠵᠠᠷ ᠲᠤ ᠬᠦᠷᠭᠡᠨ᠎ᠡ︶ ᠎ ᠠᠴᠠ ᠮᠠᠨ ᠤ ᠠᠶᠢᠮᠠᠭ ᠲᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠴᠥᠮ ︽7 ᠡᠳᠦᠷ ᠬᠡᠷ ᠲᠡᠭᠡᠨ ᠰᠠᠭᠤᠵᠤ ᠲᠤᠰᠠᠭᠠᠷᠯᠠᠬᠤ + 7 ᠡᠳᠦᠷ ᠥᠪᠡᠷ ᠢᠶᠠᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ + 3 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ︵ᠳᠤᠮᠳᠠ ᠥᠨᠳᠥᠷ ᠲᠠᠰ ᠎ ᠤᠨ ᠲᠦᠭᠰᠢᠭᠦᠷᠢᠲᠡᠶ ᠭᠠᠵᠠᠷ ᠣᠷᠣᠨ ᠤ ᠪᠠᠶᠢᠭ᠎ᠠ ᠬᠤᠲᠠ ᠠᠴᠠ ᠰᠠᠯᠤᠭᠰᠠᠨ ᠡᠳᠦᠷ ᠠᠴᠠ ᠡᠬᠢᠯᠡᠵᠦ ᠪᠤᠳᠤᠨ᠎ᠠ︶᠎ ᠶᠢ ᠬᠡᠷᠡᠭᠵᠢᠭᠦᠯᠵᠦ᠂ ᠲᠣᠰ ᠲᠣᠰ ᠬᠡᠷ ᠲᠡᠭᠡᠨ ᠲᠤᠰᠠᠭᠠᠷᠯᠠᠨ ᠠᠵᠢᠭᠯᠠᠬᠤ 1᠂ 4᠂ 7 ᠳ᠋ᠤᠭᠠᠷ ᠡᠳᠦᠷ ᠲᠤ ᠲᠣᠰ ᠪᠦᠷᠢ 1 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠨ᠎ᠠ᠃ ᠭᠡᠷ ᠲᠡᠭᠡᠨ ᠰᠠᠭᠤᠵᠤ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠦᠭᠡᠶ ᠶᠢ ᠨᠢ ᠴᠥᠮ ᠲᠥᠪᠯᠡᠷᠡᠭᠦᠯᠦᠨ ᠲᠤᠰᠠᠭᠠᠷᠯᠠᠬᠤ ᠶᠢ ᠬᠡᠷᠡᠭᠵᠢᠭᠦᠯᠦᠨ᠎ᠡ᠃ ᠨᠢᠭᠡᠨᠲᠡ ᠮᠠᠨ ᠤ ᠠᠶᠢᠮᠠᠭ ᠲᠤ ᠪᠤᠴᠠᠭᠰᠠᠨ ᠬᠥᠮᠦᠰ ︽ᠨᠥᠬᠦᠵᠦ ᠭᠦᠢᠴᠡᠭᠡᠬᠦ︾ ᠪᠠ ︽ᠦᠯᠡᠳᠡᠭᠡᠯ ᠢ ᠳᠠᠭᠤᠰᠬᠠᠬᠤ︾ ᠵᠠᠷᠴᠢᠮ ᠶᠣᠰᠣᠭᠠᠷ᠂ ᠪᠦᠬᠦᠯᠢ 14 ᠡᠳᠦᠷ ᠪᠣᠯᠲᠠᠯ᠎ᠠ ᠬᠠᠮᠢᠶᠠᠷᠤᠨ ᠡᠵᠡᠮᠳᠡᠨ᠎ᠠ᠃       ᠵᠢᠷᠭᠤᠭ᠎ᠠ᠂ 14 ᠡᠳᠦᠷ ᠤᠨ ᠳᠣᠲᠣᠷ᠎ᠠ ᠬᠡᠰᠡᠭ ᠪᠤᠰᠠᠭ ᠢᠶᠠᠷ ᠣᠨᠣᠰᠢᠯᠠᠭᠳᠠᠭᠰᠠᠨ ᠡᠪᠡᠳᠴᠢᠲᠡᠨ ᠪᠤᠶᠤ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠢᠯᠡᠷᠡᠭᠰᠡᠨ ᠥᠬᠡᠶ ᠪᠣᠯᠪᠠᠴᠤ ᠳᠤᠮᠳᠠ ᠥᠨᠳᠥᠷ ᠲᠠᠰ ᠤᠨ ᠲᠦᠭᠰᠢᠭᠦᠷᠢᠲᠡᠶ ᠭᠠᠵᠠᠷ ᠣᠷᠣᠨ ᠤ ᠭᠠᠵᠠᠷ ᠤᠨ ᠲᠠᠰ ᠤᠨ ᠬᠤᠲᠠ ᠠᠴᠠ ᠮᠠᠨ ᠤ ᠠᠶᠢᠮᠠᠭ ᠲᠤ ᠢᠷᠡᠭᠰᠡᠨ ︵ᠪᠤᠴᠠᠭᠰᠠᠨ︶ ᠬᠥᠮᠦᠰ ᠲᠤ ︽3 ᠡᠳᠦᠷ 2 ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠭᠦᠷᠦᠭᠰᠡᠨ ᠤ ᠳᠠᠷᠠᠭᠠᠬᠢ 24 ᠴᠠᠭ ᠤᠨ ᠳᠣᠲᠣᠷ᠎ᠠ 1 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠨᠠᠭᠠᠳᠤ ᠵᠠᠬ᠎ᠠ ᠳᠠᠭᠠᠨ 24 ᠴᠠᠭ ᠤᠨ ᠳᠠᠷᠠᠭ᠎ᠠ ᠳᠠᠬᠢᠨ 1 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ 2 ᠤᠳᠠᠭ᠎ᠠ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠭᠠᠷᠭᠠᠬᠤ ᠠᠴᠠ ᠡᠮᠦᠨ᠎ᠡ ᠴᠥᠮ ᠬᠡᠷ ᠲᠡᠭᠡᠨ ᠰᠠᠭᠤᠵᠤ ᠠᠵᠢᠭᠯᠠᠬᠤ ᠶᠢᠨ ᠬᠠᠮᠲᠤ 7 ᠡᠳᠦᠷ ᠥᠪᠡᠷ ᠢᠶᠠᠨ ᠡᠷᠡᠭᠦᠯ ᠮᠡᠨᠳᠦ ᠶᠢᠨ ᠰᠢᠯᠭᠠᠨ ᠪᠠᠶᠢᠴᠠᠭᠠᠯᠲᠠ ᠬᠢᠵᠦ᠂ ᠴᠢᠬᠤᠯᠠ ᠥᠬᠡᠶ ᠪᠣᠯ ᠭᠠᠳᠠᠭᠰᠢ ᠭᠠᠷᠬᠤ ᠥᠬᠡᠶ᠂ ᠴᠤᠭᠯᠠᠷᠠᠬᠤ ᠥᠬᠡᠶ᠂ ᠬᠥᠮᠦᠨ ᠣᠯᠠᠨ ᠴᠤᠭᠯᠠᠷᠠᠬᠤ ᠲᠠᠯᠠᠪᠤᠷ ᠲᠤ ᠣᠷᠣᠬᠤ ᠥᠬᠡᠶ ᠪᠠᠶᠢᠬᠤ ᠬᠡᠷᠡᠭᠳᠡᠢ᠃       ᠲᠤᠯᠤᠭ᠎ᠠ᠂ ᠬᠢᠵᠢᠭ ᠤᠨ ᠬᠤᠭᠤᠴᠠᠭᠠᠨ ᠳᠠᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠨ᠎ᠠ᠃ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠠᠰ ᠤᠨ ᠲᠦᠭᠰᠢᠭᠦᠷᠢᠲᠡᠶ ᠭᠠᠵᠠᠷ ᠣᠷᠣᠨ ᠤ ᠪᠠᠶᠢᠭ᠎ᠠ ᠭᠠᠵᠠᠷ ᠤᠨ ᠲᠠᠰ ᠤᠨ ᠬᠤᠲᠠ ︵ᠡᠰᠡᠬᠦᠯ᠎ᠡ ᠠᠶᠠᠯᠠᠯ ᠤᠨ ᠺᠣᠳ᠋ ᠨᠢ ᠨᠣᠭᠤᠭᠠᠨ ᠺᠣᠳ᠋ ᠮᠥᠷᠲᠡᠭᠡᠨ ※ ᠨᠤᠮᠧᠷ︶ ᠵᠢᠴᠢ ᠬᠢᠵᠢᠭ ᠤᠨ ᠪᠠᠶᠢᠳᠠᠯ ᠢᠯᠡᠷᠬᠡᠶ ᠭᠠᠳᠠᠭᠰᠢ ᠲᠡᠯᠭᠡᠷᠡᠬᠦ ᠲᠦᠭᠰᠢᠭᠦᠷᠢᠲᠡᠶ ᠭᠠᠵᠠᠷ ᠤᠨ ᠲᠠᠰ ᠤᠨ ᠬᠤᠲᠠ ᠠᠴᠠ ᠢᠷᠡᠭᠰᠡᠨ ︵ᠪᠤᠴᠠᠭᠰᠠᠨ︶ ᠪᠤᠶᠤ ᠮᠠᠨ ᠤ ᠠᠶᠢᠮᠠᠭ ᠢᠶᠠᠷ ᠥᠩᠭᠡᠷᠡᠬᠦ ᠵᠢᠯᠣᠭᠤᠴᠢ ᠳᠤ ︽ᠦᠨ᠎ᠡ ᠲᠥᠯᠥᠪᠦᠷᠢ ᠥᠬᠡᠶ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ + ᠦᠨ᠎ᠡ ᠲᠥᠯᠥᠪᠦᠷᠢ ᠥᠬᠡᠶ ᠥᠳᠥᠭᠡᠭᠴᠢ ᠶᠢᠨ ᠰᠢᠯᠭᠠᠨ ᠪᠠᠶᠢᠴᠠᠭᠠᠯᠳᠠ︾ ᠪᠠ ︽ᠳᠠᠷᠤᠶ ᠠᠪᠬᠤ ᠳᠠᠷᠤᠶ ᠶᠠᠪᠤᠬᠤ ᠳᠠᠷᠤᠶ ᠨᠡᠬᠡᠮᠵᠢᠯᠡᠬᠦ + ᠠᠵᠢᠯᠲᠠᠨ ᠤ ᠪᠢᠲᠡᠭᠦᠮᠵᠢᠯᠡᠭᠰᠡᠨ ᠬᠠᠮᠢᠶᠠᠷᠤᠯᠲᠠ︾᠎ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠲᠦᠭᠰᠢᠭᠦᠷᠢ ᠪᠠᠭᠠᠲᠠᠶ ᠭᠠᠵᠠᠷ ᠣᠷᠣᠨ ᠠᠴᠠ ᠢᠷᠡᠬᠦ ︵ᠪᠤᠴᠠᠬᠤ︶ ᠪᠤᠶᠤ ᠮᠠᠨ ᠤ ᠠᠶᠢᠮᠠᠭ ᠢᠶᠠᠷ ᠥᠩᠭᠡᠷᠡᠬᠦ ᠵᠢᠯᠣᠭᠤᠴᠢ ᠪᠠ ᠠᠶᠠᠨᠴᠢᠳ ᠲᠤ ︽ᠦᠨ᠎ᠡ ᠲᠥᠯᠥᠪᠦᠷᠢ ᠥᠬᠡᠶ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ︾ ᠪᠠ ︽ᠳᠠᠷᠤᠶ ᠠᠪᠬᠤ ᠳᠠᠷᠤᠶ ᠶᠠᠪᠤᠬᠤ ᠳᠠᠷᠤᠶ ᠨᠡᠬᠡᠮᠵᠢᠯᠡᠬᠦ + ᠠᠵᠢᠯᠲᠠᠨ ᠤ ᠪᠢᠲᠡᠭᠦᠮᠵᠢᠯᠡᠭᠰᠡᠨ ᠬᠠᠮᠢᠶᠠᠷᠤᠯᠲᠠ︾᠎ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠮᠠᠨ ᠤ ᠠᠶᠢᠮᠠᠭ ᠲᠤ ᠣᠷᠣᠵᠤ ᠢᠷᠡᠬᠦ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠪᠦᠬᠦᠨ ᠢ ᠴᠢᠭ ᠠᠴᠠ ᠴᠢᠭ ᠲᠤᠨᠢ ᠲᠡᠭᠡᠭᠡᠪᠦᠷᠢᠯᠡᠬᠦ ᠶᠢ ᠬᠡᠷᠡᠭᠵᠢᠭᠦᠯᠵᠦ᠂ ᠪᠠᠷᠠᠭ᠎ᠠ ᠶᠢ ᠲᠡᠭᠡᠭᠡᠵᠦ ︵ᠪᠠᠭᠤᠯᠭᠠᠵᠤ︶ ᠳᠠᠷᠤᠶ ᠶᠠᠪᠤᠭᠤᠯᠬᠤ ᠬᠡᠷᠡᠭᠲᠡᠶ᠂ ᠬᠤᠲᠠ ᠶᠢᠨ ᠲᠣᠭᠤᠷᠢᠭ ᠲᠤ ᠳᠤᠷ᠎ᠠ ᠪᠠᠷ ᠢᠶᠠᠨ ᠵᠣᠭᠰᠣᠵᠤ ᠪᠣᠯᠬᠤ ᠦᠭᠡᠶ᠃ ᠠᠶᠢᠮᠠᠭ ᠬᠤᠲᠠ ᠳᠤ ᠣᠷᠣᠬᠤ ᠨᠢᠭᠡᠳᠦᠭᠡᠷ ᠴᠢᠭ ᠲᠤ ᠨᠢᠭᠡᠨᠲᠡ ᠪᠥᠭᠡᠮ ᠬᠦᠴᠢᠯ ᠪᠠ ᠥᠳᠥᠭᠡᠭᠴᠢ ᠶᠢ ᠪᠠᠶᠢᠴᠠᠭᠠᠨ ᠰᠢᠯᠭᠠᠬᠤ ᠶᠢ ᠬᠡᠷᠡᠭᠵᠢᠭᠦᠯᠦᠭᠰᠡᠨ ᠵᠢᠯᠣᠭᠤᠴᠢ ᠪᠠ ᠠᠶᠠᠨᠴᠢᠳ ᠲᠤ ᠠᠶᠢᠮᠠᠭ ᠤᠨ ᠳᠣᠲᠣᠭᠠᠳᠤ ᠶᠢᠨ ᠪᠤᠰᠤᠳ ᠵᠠᠮ ᠬᠠᠷᠢᠯᠴᠠᠭᠠᠨ ᠤ ᠪᠠᠶᠢᠴᠠᠭᠠᠬᠤ ᠴᠢᠭ ᠲᠤ ︽ᠠᠯᠠᠱᠠ ᠶᠢᠨ ᠡᠷᠡᠭᠦᠯ ᠮᠡᠨᠳᠦ ᠶᠢᠨ ᠡᠷᠳᠡᠨᠢ︾᠎ ᠶᠢᠨ ᠪᠠᠶᠢᠴᠠᠭᠠᠨ ᠰᠢᠯᠭᠠᠭᠰᠠᠨ ᠬᠠᠮᠢᠶ᠎ᠠ ᠪᠥᠬᠦᠶ ᠮᠡᠳᠡᠭᠡ ᠵᠠᠩᠭᠢ ᠶᠢ ᠳᠠᠬᠢᠨ ᠳᠠᠪᠲᠠᠨ ᠪᠠᠶᠢᠴᠠᠭᠠᠨ ᠰᠢᠯᠭᠠᠵᠤ ᠪᠣᠯᠬᠤ ᠥᠬᠡᠶ ᠃ ᠠᠶᠢᠮᠠᠭ ᠤᠨ ᠳᠣᠲᠣᠷᠠᠬᠢ ᠪᠣᠶ ᠪᠥᠬᠦᠶ ᠵᠠᠮ ᠬᠠᠷᠢᠯᠴᠠᠭᠠᠨ ᠤ ᠪᠠᠶᠢᠴᠠᠭᠠᠬᠤ ᠴᠢᠭ ᠨᠢ ᠪᠥᠭᠡᠮ ᠬᠦᠴᠢᠯ ᠪᠤᠶᠤ ᠥᠳᠥᠭᠡᠭᠴᠢ ᠶᠢ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠦᠯᠢᠶᠡᠬᠦ ᠪᠠᠷ ᠰᠢᠯᠲᠠᠭ ᠪᠣᠯᠭᠠᠵᠤ ᠲᠡᠷᠭᠡ ᠬᠥᠰᠬᠡ ᠶᠢᠨ ᠨᠡᠪᠲᠡᠷᠡᠬᠦ ᠶᠢ ᠬᠢᠵᠠᠭᠠᠷᠯᠠᠵᠤ ᠪᠣᠯᠬᠤ ᠥᠬᠡᠶ᠂ ᠪᠥᠭᠡᠮ ᠬᠦᠴᠢᠯ ᠪᠤᠶᠤ ᠥᠳᠥᠭᠡᠭᠴᠢ ᠶᠢ ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ ᠠᠷᠭ᠎ᠠ ᠴᠢᠨᠠᠷ ᠪᠣᠯᠤᠭᠰᠠᠭᠠᠷ ᠳᠠᠷᠤᠶ ᠲᠦᠷᠭᠡᠨ ᠬᠠᠷᠢᠶ᠎ᠠ ᠭᠠᠵᠠᠷ ᠲᠤ ᠮᠡᠳᠡᠭᠳᠡᠵᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠭᠤᠯᠤᠨ᠎ᠠ᠃       ᠨᠠᠢᠮᠠ᠂ ᠠᠶᠢᠮᠠᠭ ᠤᠨ ᠭᠠᠳᠠᠨᠠᠬᠢ ᠠᠶᠤᠯ ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠠᠴᠠ ᠢᠷᠡᠭᠰᠡᠨ ᠮᠠᠨ ᠤ ᠠᠶᠢᠮᠠᠭ ᠤᠨ ᠬᠥᠮᠦᠰ ᠠᠵᠢᠯ ᠤᠨ ᠪᠠᠶᠢᠷᠢ ᠠᠴᠠ ᠪᠠᠨ 14 ᠡᠳᠦᠷ ᠠᠴᠠ ᠳᠡᠭᠡᠭᠰᠢᠬᠢ ᠰᠠᠯᠤᠭᠰᠠᠨ ᠭᠡᠷᠡᠴᠢ ᠪᠠᠨ ᠬᠠᠩᠭᠠᠬᠤ ᠬᠡᠷᠡᠭᠲᠡᠶ ᠪᠥᠭᠡᠳ 48 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠪᠠᠨ ᠠᠪᠴᠤ᠂ ᠬᠦᠷᠴᠦ ᠢᠷᠡᠭᠰᠡᠨ ᠤ ᠳᠠᠷᠠᠭᠠᠬᠢ 24 ᠴᠠᠭ ᠤᠨ ᠳᠣᠲᠣᠷ᠎ᠠ 1 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠶᠢᠨ ᠬᠠᠮᠳᠦ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠴᠢᠬᠤᠯᠠ ᠥᠬᠡᠶ ᠪᠣᠯ ᠭᠠᠳᠠᠭᠰᠢ ᠭᠠᠷᠬᠤ ᠥᠬᠡᠶ᠂ ᠴᠤᠭᠯᠠᠷᠠᠬᠤ ᠥᠬᠡᠶ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠢᠶᠠᠷ ᠤᠴᠢᠬᠤ ᠥᠬᠡᠶ᠃ ᠬᠠᠮᠢᠶ᠎ᠠ ᠪᠥᠬᠦᠶ ᠭᠡᠷᠡᠴᠢ ᠶᠢ ᠬᠠᠩᠭᠠᠵᠤ ᠳᠡᠶᠢᠯᠬᠦ ᠥᠬᠡᠶ ᠪᠣᠯ ︽7 ᠡᠳᠦᠷ ᠲᠥᠪᠯᠡᠷᠡᠭᠦᠯᠦᠨ ᠲᠤᠰᠠᠭᠠᠷᠯᠠᠬᠤ + 7 ᠡᠳᠦᠷ ᠬᠡᠷ ᠲᠡᠭᠡᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠤᠰᠠᠭᠠᠷᠯᠠᠨ ᠠᠵᠢᠭᠯᠠᠵᠦ ᠪᠠᠶᠢᠭ᠎ᠠ 1᠂ 4᠂ 7 ᠳ᠋ᠤᠭᠠᠷ ᠡᠳᠦᠷ ᠪᠠ ᠬᠡᠷ ᠲᠡᠭᠡᠨ ᠲᠤᠰᠠᠭᠠᠷᠯᠠᠨ ᠠᠵᠢᠭᠯᠠᠬᠤ 2᠂ 7 ᠳ᠋ᠤᠭᠠᠷ ᠡᠳᠦᠷ ᠲᠤ ᠲᠣᠰ ᠲᠣᠰ 1 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ᠃       ᠶᠢᠰᠦ᠂ ᠠᠶᠢᠮᠠᠭ ᠤᠨ ᠭᠠᠳᠠᠨᠠᠬᠢ ᠪᠣᠭᠤᠮᠲᠠ ᠶᠢᠨ ᠭᠠᠵᠠᠷ ᠣᠷᠣᠨ ᠠᠴᠠ ᠮᠠᠨ ᠤ ᠠᠶᠢᠮᠠᠭ ᠲᠤ ᠢᠷᠡᠭᠰᠡᠨ ᠠᠶᠤᠯ ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠪᠤᠰᠤ ᠬᠥᠮᠦᠰ ᠲᠤ 48 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠲᠠᠢ ᠪᠠᠶᠢᠵᠤ᠂ ᠢᠷᠡᠭᠰᠡᠨ ᠤ ᠳᠠᠷᠠᠭ᠎ᠠ ︽3 ᠡᠳᠦᠷ ᠲᠤ 2 ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ 2 ᠤᠳᠠᠭ᠎ᠠ ᠪᠠᠶᠢᠴᠠᠭᠠᠨ ᠰᠢᠯᠭᠠᠭᠰᠠᠨ ᠦᠷ᠎ᠡ ᠳ᠋ᠦᠩ ᠢᠶᠠᠨ ᠭᠠᠷᠭᠠᠬᠤ ᠠᠴᠠ ᠡᠮᠦᠨ᠎ᠡ ᠴᠥᠮ ᠬᠡᠷ ᠲᠡᠭᠡᠨ ᠰᠠᠭᠤᠵᠤ ᠠᠵᠢᠭᠯᠠᠬᠤ ᠶᠢᠨ ᠬᠠᠮᠲᠤ ᠥᠪᠡᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠴᠢᠬᠤᠯᠠ ᠪᠤᠰᠤ ᠦᠶ᠎ᠡ ᠳᠤ ᠭᠠᠳᠠᠭᠰᠢ ᠭᠠᠷᠬᠤ ᠥᠬᠡᠶ᠂ ᠴᠤᠭᠯᠠᠷᠠᠬᠤ ᠥᠬᠡᠶ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠢᠶᠠᠷ ᠣᠷᠣᠵᠤ ᠭᠠᠷᠬᠤ ᠥᠬᠡᠶ ᠪᠠᠶᠢᠬᠤ ᠬᠡᠷᠡᠭᠲᠡᠶ᠃ ᠠᠶᠢᠮᠠᠭ ᠤᠨ ᠳᠣᠲᠣᠷᠠᠬᠢ ᠪᠣᠭᠤᠮᠲᠠ ᠪᠠᠷ ᠣᠷᠣᠵᠤ ᠢᠷᠡᠭᠰᠡᠨ ᠬᠥᠮᠦᠰ ᠂ ᠡᠳ᠋ ᠪᠣᠳᠠᠰ᠂ ᠣᠷᠴᠢᠨ ᠲᠣᠭᠤᠷᠢᠨ ᠲᠠᠢ ᠣᠶᠢᠷᠠᠲᠤᠭᠰᠠᠨ ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠬᠥᠮᠦᠰ ᠵᠢᠴᠢ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ᠂ ᠬᠠᠯᠠᠭᠤᠷᠠᠯ ᠤᠨ ᠡᠭᠦᠳᠡᠨ ᠡᠮᠨᠡᠯᠭᠡ ᠵᠡᠷᠭᠡ ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠬᠥᠮᠦᠰ ᠠᠯᠢ ᠴᠢᠳᠠᠬᠤ ᠪᠠᠷ ᠭᠠᠳᠠᠭᠰᠢ ᠭᠠᠷᠬᠤ ᠠᠴᠠ ᠵᠠᠶᠢᠯᠠᠰᠬᠢᠵᠦ᠂ ᠭᠠᠳᠠᠭᠰᠢ ᠭᠠᠷᠬᠤ ᠴᠢᠬᠤᠯᠠᠲᠠᠶ ᠪᠣᠯ ᠡᠷᠬᠡᠪᠰᠢ ᠠᠵᠢᠯ ᠤᠨ ᠪᠠᠶᠢᠷᠢ ᠠᠴᠠ ᠪᠠᠨ 14 ᠡᠳᠦᠷ ᠠᠴᠠ ᠳᠡᠭᠡᠭᠰᠢ ᠰᠠᠯᠤᠭᠰᠠᠨ ᠪᠠ 48 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠨᠥᠬᠦᠴᠡᠯ ᠢ ᠬᠠᠩᠭᠠᠬᠤ ᠶᠢᠨ ᠬᠠᠮᠲᠤ ᠪᠠᠶᠢᠭ᠎ᠠ ᠨᠢᠭᠡᠴᠢ ᠳᠡᠭᠡᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃       ᠠᠷᠪᠠ᠂ ᠬᠡᠷ ᠲᠤᠨᠢ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ᠂ ᠬᠡᠷ ᠲᠤᠨᠢ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ᠂ ᠥᠪᠡᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠪᠠ ︽3 ᠡᠳᠦᠷ 2 ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠡᠶᠡᠯᠡᠭᠦᠯᠦᠭᠡᠳᠦᠶ ᠪᠣᠶ ᠪᠥᠬᠦᠶ ᠬᠥᠮᠦᠰ ᠲᠤ ᠴᠥᠮ ︽ᠠᠯᠠᠱᠠ ᠶᠢᠨ ᠡᠷᠡᠭᠦᠯ ᠮᠡᠨᠳᠦ ᠶᠢᠨ ᠡᠷᠳᠡᠨᠢ︾᠎ ᠪᠠᠷ ᠳᠠᠮᠵᠢᠭᠤᠯᠤᠨ ︽ᠬᠥᠳᠡᠯᠦᠩᠭᠦᠶ ᠬᠢᠨᠠᠨ ᠬᠡᠮᠵᠢᠯᠲᠡ︾᠎ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ︽ᠬᠥᠳᠡᠯᠦᠩᠭᠦᠶ ᠬᠢᠨᠠᠨ ᠬᠡᠮᠵᠢᠯᠲᠡ︾᠎ ᠶᠢᠨ ᠠᠵᠢᠯᠲᠠᠨ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠢᠶᠠᠷ ᠣᠷᠣᠵᠤ ᠭᠠᠷᠴᠤ ᠪᠣᠯᠬᠤ ᠦᠭᠡᠶ᠃       ᠠᠷᠪᠠᠨ ᠨᠢᠭᠡ᠂ ᠠᠶᠢᠮᠠᠭ ᠤᠨ ᠳᠣᠲᠣᠷᠠᠬᠢ ᠪᠣᠶ ᠪᠥᠬᠦᠶ ᠬᠥᠮᠦᠰ ᠡᠷᠬᠡᠪᠰᠢ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠤ ᠪᠠᠶᠢᠭ᠎ᠠ ᠭᠠᠵᠠᠷ ᠤᠨ ᠬᠤᠲᠠ ᠳᠤ ᠣᠴᠢᠬᠤ ᠥᠬᠡᠶ ᠪᠠᠶᠢᠵᠤ᠂ ᠭᠠᠳᠠᠭᠰᠢ ᠭᠠᠷᠬᠤ ᠪᠥᠬᠦ ᠶᠠᠪᠤᠴᠠ ᠳᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠬᠥᠮᠦᠨ ᠬᠠᠷ᠎ᠠ ᠬᠤᠷᠠᠨ ᠴᠤᠭᠯᠠᠷᠠᠬᠤ ᠭᠠᠵᠠᠷ ᠲᠤ ᠣᠴᠢᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃ ᠪᠤᠴᠠᠵᠤ ᠢᠷᠡᠬᠦ ᠠᠴᠠ ᠡᠮᠦᠨ᠎ᠡ ᠡᠷᠬᠡᠪᠰᠢ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠢ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ︔ ᠢᠷᠡᠬᠦ ᠪᠤᠶᠤ ᠶᠠᠪᠤᠭᠰᠠᠨ ᠤ ᠳᠠᠷᠠᠭ᠎ᠠ ᠬᠠᠷᠢᠶ᠎ᠠ ᠭᠠᠵᠠᠷ ᠤᠨ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃       ᠠᠷᠪᠠᠨ ᠬᠤᠶᠠᠷ᠂ ︽ᠬᠠᠷᠢᠶ᠎ᠠ ᠣᠷᠣᠨ ᠳᠤᠨᠢ ᠬᠠᠮᠢᠶᠠᠷᠤᠭᠤᠯᠬᠤ᠂ ᠡᠵᠡᠮᠳᠡᠯ ᠢ ᠡᠮᠬᠢ ᠵᠢᠷᠤᠮ ᠲᠠᠢ ᠪᠠᠶᠢᠯᠭᠠᠬᠤ᠂ ᠬᠠᠷᠢᠭᠤᠴᠠᠯᠭ᠎ᠠ ᠶᠢ ᠴᠠᠭ ᠲᠤᠨᠢ ᠨᠠᠶᠢᠳᠠᠪᠤᠷᠢᠵᠢᠭᠤᠯᠬᠤ︾ ᠵᠠᠷᠴᠢᠮ ᠶᠣᠰᠣᠭᠠᠷ᠂ ᠬᠠᠷᠢᠶ᠎ᠠ ᠣᠷᠣᠨ ᠤ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠢᠯᠣᠭᠤᠳᠣᠯᠭ᠎ᠠ ᠳᠤᠤᠷ᠎ᠠ ᠲᠣᠮᠣ ᠬᠡᠯᠪᠡᠷᠢ ᠶᠢᠨ ᠳᠠᠶᠢᠯᠠᠯᠭ᠎ᠠ ᠴᠤᠭᠯᠠᠭᠠᠨ ᠪᠠ ᠪᠦᠯᠬᠦᠮ ᠤᠨ ᠰᠣᠶᠣᠯ ᠵᠢᠭᠤᠯᠴᠢᠯᠠᠯ ᠵᠡᠷᠭᠡ ᠠᠵᠢᠯᠯᠠᠭ᠎ᠠ ᠶᠢ ᠡᠮᠬᠢ ᠵᠢᠷᠤᠮ ᠲᠠᠢ ᠪᠠᠷ ᠰᠡᠷᠭᠦᠭᠡᠵᠦ᠂ ᠲᠣᠮᠣ ᠬᠡᠯᠪᠡᠷᠢ ᠶᠢᠨ ᠳᠠᠶᠢᠯᠠᠯᠭ᠎ᠠ ᠴᠤᠭᠯᠠᠭᠠᠨ ᠳᠤ ᠣᠷᠣᠯᠴᠠᠭᠰᠠᠨ ᠬᠥᠮᠦᠰ 14 ᠡᠳᠦᠷ ᠤᠨ ᠳᠣᠲᠣᠷ᠎ᠠ ᠠᠶᠢᠮᠠᠭ ᠤᠨ ᠭᠠᠳᠠᠨᠠᠬᠢ ᠵᠢᠭᠤᠯᠴᠢᠯᠠᠨ ᠰᠠᠭᠤᠷᠢᠰᠢᠭᠰᠠᠨ ᠲᠡᠦᠬᠡ ᠲᠠᠢ ᠪᠠᠶᠢᠵᠤ ᠪᠣᠯᠬᠤ ᠥᠬᠡᠶ ᠪᠥᠭᠡᠳ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠶ᠃ ᠡᠯ᠎ᠡ ᠭᠤᠤᠯᠯᠠᠨ ᠡᠷᠭᠢᠯᠡᠭᠰᠡᠨ ᠨᠢᠭᠡᠴᠢ ᠵᠢᠴᠢ ᠡᠵᠡᠩᠨᠡᠯᠲᠡ ᠶᠢᠨ ᠭᠤᠤᠯ ᠴᠣᠭᠴᠠ ᠨᠢ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ ᠲᠣᠭᠲᠠᠭᠠᠵᠤ᠂ ︽ᠠᠯᠠᠱᠠ ᠶᠢᠨ ᠡᠷᠡᠭᠦᠯ ᠮᠡᠨᠳᠦ ᠶᠢᠨ ᠡᠷᠳᠡᠨᠢ︾᠂ ᠪᠡᠶ᠎ᠡ ᠶᠢᠨ ᠬᠠᠯᠠᠭᠤᠨ ᠢ ᠬᠡᠮᠵᠢᠬᠦ ᠵᠡᠷᠭᠡ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠬᠠᠷᠢᠶ᠎ᠠ ᠭᠠᠵᠠᠷ ᠤᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠤᠷᠢᠳᠴᠢᠯᠠᠨ ᠳᠠᠩᠰᠠᠯᠠᠭᠤᠯᠬᠤ ᠬᠡᠷᠡᠭᠲᠡᠶ᠃       ᠠᠷᠪᠠᠨ ᠭᠤᠷᠪᠠ᠂ ᠡᠯ᠎ᠡ ᠪᠠᠷᠢᠯᠭ᠎ᠠ ᠶᠢᠨ ᠭᠠᠵᠠᠷ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠰᠤᠷᠭᠠᠭᠤᠯᠢ᠂ ᠬᠡᠦᠬᠡᠳ ᠠᠰᠠᠷᠠᠬᠤ᠂ ᠨᠠᠰᠤᠵᠢᠯ ᠤᠨ ᠠᠰᠠᠷᠠᠮᠵᠢ᠂ ᠬᠢᠨᠠᠯᠲᠠ ᠲᠠᠯᠪᠢᠬᠤ ᠭᠠᠵᠠᠷ ᠵᠡᠷᠭᠡ ᠪᠠᠶᠢᠭᠤᠯᠤᠮᠵᠢ ᠵᠢᠴᠢ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠵᠡᠷᠭᠡ ᠰᠠᠯᠠᠭ᠎ᠠ ᠮᠥᠴᠢᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠲᠣᠰ ᠰᠠᠯᠠᠭ᠎ᠠ ᠮᠥᠴᠢᠷ ᠤᠨ ᠢᠶᠠᠨ ᠮᠠᠨ ᠤ ᠠᠶᠢᠮᠠᠭ ᠲᠤ ᠢᠷᠡᠭᠰᠡᠨ ︵ᠪᠤᠴᠠᠭᠰᠠᠨ︶ 14 ᠡᠳᠦᠷ ᠤᠨ ᠳᠣᠲᠣᠷᠠᠬᠢ ᠵᠢᠭᠤᠯᠴᠢᠯᠠᠭᠰᠠᠨ ᠲᠡᠦᠬᠡ᠂ ᠣᠶᠢᠷᠠᠲᠤᠭᠰᠠᠨ ᠲᠡᠦᠬᠡ ᠶᠢ ᠨᠠᠷᠢᠨ ᠨᠢᠮᠪᠠᠶ ᠵᠢᠭᠰᠠᠭᠠᠨ ᠪᠠᠶᠢᠴᠠᠭᠠᠵᠤ᠂ ᠠᠶᠢᠮᠠᠭ ᠲᠠᠭᠠᠨ ᠪᠤᠴᠠᠭᠰᠠᠨ ᠬᠥᠮᠦᠰ ᠢ ᠰᠢᠮᠳᠠᠭᠤᠯᠤᠨ ᠵᠣᠬᠢᠴᠠᠩᠭᠤᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠬᠠᠯᠠᠭᠤᠷᠠᠬᠤ᠂ ᠬᠠᠭᠤᠷᠠᠶ ᠪᠠᠷ ᠬᠠᠨᠢᠶᠠᠯᠭᠠᠬᠤ᠂ ᠲᠠᠮᠢᠷᠳᠠᠬᠤ᠂ ᠬᠠᠮᠠᠷ ᠪᠥᠭᠯᠡᠷᠡᠬᠦ᠂ ᠨᠢᠰᠤ ᠭᠤᠭᠤᠵᠢᠬᠤ᠂ ᠬᠤᠭᠤᠯᠠᠶ ᠡᠪᠡᠳᠬᠦ᠂ ᠦᠨᠦᠷᠯᠡᠬᠦ ᠰᠡᠷᠡᠯ ᠮᠠᠭᠤᠳᠠᠬᠤ᠂ ᠨᠡᠶᠢᠯᠡᠮᠡᠯ ᠪᠦᠷᠬᠦᠪᠴᠢ ᠶᠢᠨ ᠦᠷᠪᠢᠰᠦᠯ᠂ ᠪᠤᠯᠴᠢᠩ ᠡᠪᠡᠳᠬᠦ᠂ ᠰᠠᠭᠤᠯᠭᠠᠬᠤ ᠵᠡᠷᠭᠡ ᠰᠡᠵᠢᠭᠯᠡᠯᠲᠡᠶ ᠡᠪᠡᠳᠴᠢᠨ ᠤ ᠢᠯᠡᠷᠡᠯ ᠲᠠᠢ ᠬᠥᠮᠦᠰ ᠢ ᠰᠢᠮᠳᠠᠭᠤᠯᠵᠤ ᠪᠠᠶᠢᠭᠠᠳ ᠠᠯᠢ ᠲᠦᠷᠭᠡᠨ ᠢᠶᠠᠷ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠡᠮᠨᠡᠭᠦᠯᠬᠦ ᠶᠢᠨ ᠬᠠᠮᠲᠤ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠎ ᠲᠠᠭᠠᠨ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠡᠯ᠎ᠡ ᠪᠠᠷᠢᠯᠭ᠎ᠠ ᠶᠢᠨ ᠭᠠᠵᠠᠷ ᠤᠨ ᠬᠢᠨ ᠬᠢᠵᠢᠭ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠷ᠎ᠠ ᠪᠦᠷᠢ ᠪᠦᠯᠦᠭ ᠬᠤᠪᠢᠶᠠᠨ ᠠᠵᠢᠯᠯᠠᠵᠤ ᠪᠠᠶᠢᠭ᠎ᠠ ᠬᠥᠮᠦᠰ ᠢ ᠵᠣᠬᠢᠶᠠᠨ ᠪᠠᠶᠢᠭᠤᠯᠵᠤ ᠨᠠᠭᠠᠳᠤ ᠵᠠᠬ᠎ᠠ ᠳᠠᠭᠠᠨ ᠨᠢᠭᠡ ᠡᠭᠡᠯᠵᠢ ᠶᠢᠨ ᠪᠥᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠥᠷᠨᠢᠭᠦᠯᠵᠦ᠂ ᠬᠠᠮᠢᠶ᠎ᠠ ᠪᠥᠬᠦᠶ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠠᠵᠢᠯ ᠲᠥᠷᠥᠯ ᠤᠨ ᠭᠤᠤᠯᠯᠠᠨ ᠬᠠᠮᠢᠶᠠᠷᠬᠤ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠵᠢᠯᠣᠭᠤᠳᠴᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃       ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠶᠢ ᠬᠢᠵᠢᠭ ᠤᠨ ᠪᠠᠶᠢᠳᠠᠯ ᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠨ᠎ᠠ᠃ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠡᠶᠢᠲᠡᠯᠡᠭᠰᠡᠨ ᠠᠯᠪᠠᠨ ᠵᠠᠷ ᠨᠢ ᠲᠣᠰ ᠠᠯᠪᠠᠨ ᠵᠠᠷ ᠤᠨ ᠠᠭᠤᠯᠭ᠎ᠠ ᠲᠠᠢ ᠨᠢᠭᠡᠳᠦᠯ ᠥᠬᠡᠶ ᠪᠠᠶᠢᠪᠠᠯ ᠲᠣᠰ ᠠᠯᠪᠠᠨ ᠵᠠᠷ ᠢᠶᠠᠷ ᠪᠠᠷᠢᠮᠵᠢᠶ᠎ᠠ ᠪᠣᠯᠭᠠᠵᠤ ᠬᠡᠷᠡᠭᠵᠢᠭᠦᠯᠦᠨ᠎ᠡ᠃             ᠠᠯᠠᠱᠠ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ       ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ       2022 ᠣᠨ ᠤ 5 ᠰᠠᠷ᠎ᠠ ᠶᠢᠨ 19᠎ ᠤ ᠡᠳᠦᠷ            
 
ᠢᠷᠡᠯᠲᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号