ᠪᠦᠬᠦ ᠠᠶᠢᠮᠠᠭ ᠤᠨ ᠲᠦᠷᠪᠡᠳᠦᠭᠡᠷ ᠬᠤᠭᠤᠴᠠᠭᠠᠨ ᠤ ︽ᠬᠤᠰᠢᠭᠤᠴᠢ ᠨᠠᠷᠠᠮᠵᠢᠲᠦ︾ ᠮᠣᠩᠭᠤᠯ ᠬᠢᠲᠠᠳ ᠥᠭᠦᠯᠡᠯᠭᠡ ᠶᠢᠨ ᠤᠷᠤᠯᠳᠤᠭᠠᠨ ᠤ ᠮᠡᠳᠡᠭᠳᠡᠯ
ᠨᠡᠶᠢᠲᠡᠯᠡᠭᠰᠡᠨ ᠴᠠᠭ᠄
2022/6/7
     ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠣᠭᠳᠤᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠪᠤᠯᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠬᠦᠴᠦᠯᠡᠨ ᠠᠬᠢᠭᠤᠯᠵᠦ᠂ ᠭᠠᠵᠠᠷ ᠣᠷᠣᠨ ᠤ ᠰᠣᠶᠣᠯ ᠤᠨ ᠪᠣᠳᠠᠲᠤ ᠬᠦᠴᠦᠨ ᠢ ᠨᠡᠮᠡᠭᠳᠡᠬᠦᠯᠦᠨ᠂ ᠠᠯᠠᠱᠠ ᠶᠢᠨ ᠰᠣᠶᠣᠯ ᠤᠨ ᠨᠡᠷᠡᠳᠤ ᠲᠡᠮᠳᠡᠭᠲᠦ ᠶᠢ ᠪᠤᠶ ᠪᠣᠯᠭᠠᠬᠤ ᠶᠢᠨ ᠬᠠᠮᠲᠦ ᠭᠤᠣᠯ ᠠᠶᠠᠰ ᠢ ᠴᠤᠤᠷᠢᠶᠠᠲᠤᠭᠤᠯᠬᠤ᠂ ᠢᠳᠡᠪᠬᠢ ᠬᠦᠴᠦᠨ ᠢ ᠪᠠᠳᠠᠷᠠᠭᠤᠯᠬᠤ᠂ ᠴᠤᠭ ᠰᠦᠯᠳᠡ ᠪᠠᠨ ᠪᠠᠳᠠᠷᠠᠭᠤᠯᠬᠤ᠂ ᠠᠯᠠᠱᠠ ᠪᠠᠨ ᠭᠠᠳᠠᠭᠰᠢ ᠤᠬᠠᠭᠤᠯᠬᠤ᠂ ᠤᠳᠬ᠎ᠠ ᠵᠣᠬᠢᠶᠠᠯ ᠤᠨ ᠵᠣᠬᠢᠶᠠᠨ ᠪᠦᠲᠦᠭᠡᠯᠭᠡ ᠶᠢ ᠴᠡᠴᠡᠭᠯᠡᠭᠦᠯᠦᠨ ᠬᠥᠭᠵᠢᠭᠦᠯᠬᠦ ᠶᠢᠨ ᠲᠤᠰᠠᠳᠠ᠂ ᠠᠯᠠᠱᠠ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠢᠨ ᠠᠯᠠᠱᠠ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠠᠯᠠᠱᠠ ᠠᠶᠢᠮᠠᠭ ᠤᠨ ᠵᠣᠬᠢᠶᠠᠯᠴᠢᠳ ᠤᠨ ᠨᠡᠶᠢᠬᠡᠮᠯᠢᠭ ᠲᠠᠢ ᠬᠠᠮᠳᠤᠷᠡᠨ ᠪᠥᠬᠦ ᠠᠶᠢᠮᠠᠭ ᠤᠨ ᠲᠦᠷᠪᠡᠳᠦᠭᠡᠷ ᠬᠤᠭᠤᠴᠠᠭᠠᠨ ᠤ ︽ᠬᠤᠰᠢᠭᠤᠴᠢ  ᠨᠠᠷᠡᠮᠵᠢᠲᠦ︾ ᠥᠭᠦᠯᠡᠯᠭᠡ ᠶᠢᠨ ᠤᠷᠤᠯᠳᠤᠭᠠᠨ ᠢ ᠡᠷᠭᠢᠯᠡᠬᠦ ᠪᠠᠷ ᠪᠤᠯᠪᠠ᠃    ᠨᠢᠭᠡ᠂ ᠡᠬᠡ ᠪᠢᠴᠢᠭ ᠡᠯᠰᠡᠬᠦ ᠴᠠᠭ  ᠲᠣᠰ ᠡᠳᠦᠷ ᠠᠴᠠ ᠡᠬᠢᠯᠡᠨ 7 ᠰᠠᠷ᠎ᠠ ᠶᠢᠨ 30᠎ ᠤ ᠡᠳᠦᠷ ᠪᠤᠯᠳᠠᠯ᠎ᠠ ᠪᠦᠲᠦᠬᠡᠯ ᠡᠯᠰᠡᠵᠦ᠂ ᠬᠤᠭᠤᠴᠠᠭ᠎ᠠ ᠠᠴᠠ ᠬᠡᠲᠦᠷᠡᠪᠡᠯ ᠭᠥᠯᠢᠶᠡᠨ ᠠᠪᠬᠤ ᠥᠬᠡᠶ᠃    ᠬᠤᠶᠠᠷ᠂ ᠡᠬᠡ ᠪᠢᠴᠢᠭ ᠡᠯᠰᠡᠬᠦ ᠠᠭᠤᠯᠭ᠎ᠠ   1.ᠤᠷᠤᠯᠳᠤᠭᠠᠨ ᠳᠤ ᠤᠷᠤᠯᠴᠠᠬᠤ ᠪᠦᠲᠦᠬᠡᠯ ᠨᠢ ᠡᠷᠡᠭᠦᠯ ᠥᠭᠡᠳᠡᠷᠬᠡᠭ ᠠᠭᠤᠯᠭ᠎ᠠ ᠲᠠᠢ᠂ ᠴᠠᠭ ᠦᠶ᠎ᠡ ᠶᠢᠨ ᠣᠶᠤᠨ ᠰᠠᠨᠠᠭᠠᠨ ᠤ ᠳᠦᠷᠰᠦ ᠪᠠᠶᠢᠳᠠᠯ᠂ ᠠᠷᠠᠳ ᠤᠨ ᠵᠠᠩ ᠵᠠᠩᠰᠢᠯ ᠵᠢᠴᠢ ᠴᠠᠭ ᠦᠶ᠎ᠡ ᠶᠢᠨ ᠬᠥᠭᠵᠢᠶᠡᠨᠲᠡᠶ ᠠᠮᠢᠳᠤᠷᠠᠯ ᠢ ᠮᠠᠭᠲᠠᠨ ᠳᠠᠭᠤᠯᠠᠬᠤ ᠪᠠᠷ ᠭᠤᠤᠯ ᠪᠣᠯᠭᠠᠭᠰᠠᠨ ᠣᠯᠠᠨ ᠶᠠᠩᠵᠤ ᠶᠢᠨ ᠰᠢᠯᠢᠳᠡᠭ ᠪᠦᠲᠦᠭᠡᠯ ᠪᠠᠶᠢᠬᠤ ᠶᠢ ᠱᠠᠭᠠᠷᠳᠠᠨ᠎ᠠ᠃ ᠴᠠᠭ ᠦᠶᠡᠴᠢ ᠴᠢᠨᠠᠷ ᠪᠠ ᠤᠷᠠᠯᠢᠭᠴᠢ ᠴᠢᠨᠠᠷ ᠢ ᠴᠢᠬᠤᠯᠠᠴᠢᠯᠠᠵᠤ᠂ ᠰᠢᠨ᠎ᠡ ᠪᠦᠲᠦᠭᠡᠯ ᠢ ᠬᠠᠶᠢᠨ ᠰᠦᠪᠡᠭᠴᠢᠯᠡᠬᠦ ᠶᠢ  ᠵᠣᠷᠢᠭᠵᠢᠭᠤᠯᠤᠨ᠎ᠠ᠃   2.ᠪᠦᠳᠦᠭᠡᠯ ᠨᠢ ᠵᠠᠪᠠᠯ ᠤᠯᠤᠰ ᠤᠨ ᠬᠠᠮᠢᠶ᠎ᠠ ᠪᠦᠬᠦᠢ ᠬᠠᠤᠯᠢ ᠲᠤᠭᠳᠠᠭᠠᠯ ᠢ ᠴᠢᠩᠭ᠎ᠠ  ᠵᠢᠷᠤᠮᠯᠠᠭᠰᠠᠨ ᠪᠠᠶᠢᠬᠤ ᠬᠡᠷᠡᠭᠲᠡᠢ᠃ ᠲᠦᠷᠦ ᠶᠢᠨ ᠪᠤᠳᠤᠯᠭ᠎ᠠ ᠬᠠᠤᠯᠢ ᠲᠤᠭᠳᠠᠭᠠᠯ ᠳᠤ ᠨᠡᠶᠢᠴᠡᠬᠦ ᠦᠭᠡᠢ᠂ ᠭᠤᠤᠯ ᠬᠦᠭ ᠠᠶᠠᠰ ᠠᠴᠠ ᠰᠠᠯᠤᠭᠰᠠᠨ ᠪᠦᠳᠦᠭᠡᠯ ᠢ ᠤᠷᠤᠯᠳᠤᠭᠠᠨ ᠳᠤ ᠤᠷᠣᠯᠴᠠᠭᠤᠯᠬᠤ ᠦᠭᠡᠢ᠃   3.ᠨᠢᠭᠡᠨᠲᠡ ᠨᠡᠶᠢᠲᠡᠯᠡᠵᠦ ᠥᠩᠭᠡᠷᠡᠭᠰᠡᠨ ᠪᠦᠲᠦᠭᠡᠯ ᠢ ᠡᠯᠰᠡᠬᠦ ᠦᠭᠡᠢ᠂ ᠪᠤᠰᠤᠳ ᠤᠨ ᠪᠦᠲᠦᠭᠡᠯ ᠢ ᠬᠠᠭᠤᠯᠬᠤ ᠶᠢ ᠴᠢᠩᠭ᠎ᠠ ᠴᠠᠭᠠᠵᠠᠯᠠᠨ᠎ᠠ᠃ ᠢᠷᠡᠬᠦᠯᠦᠭᠰᠡᠳ ᠡᠬᠡ ᠪᠢᠴᠢᠭ ᠵᠠᠪᠠᠯ ᠦᠪᠡᠷ ᠤᠨ ᠪᠦᠳᠦᠭᠡᠯ  ᠪᠠᠶᠢᠬᠤ  ᠬᠡᠷᠡᠭᠲᠡᠢ᠂ ᠬᠡᠷᠪᠡ ᠬᠦᠷᠦᠭ ᠳᠦᠷᠢ ᠶᠢᠨ ᠡᠷᠭᠡ᠂ ᠨᠡᠷ᠎ᠡ ᠲᠦᠷᠦ ᠶᠢᠨ ᠡᠷᠬᠡ᠂ ᠨᠢᠭᠤᠴᠠ ᠶᠢᠨ ᠡᠷᠬᠡ᠂  ᠵᠤᠬᠢᠶᠠᠨ ᠪᠦᠳᠦᠭᠡᠯᠭᠡ ᠶᠢᠨ ᠡᠷᠬᠡ᠂ ᠲᠠᠸᠠᠷ ᠤᠨ ᠲᠡᠮᠳᠡᠭ ᠤᠨ ᠡᠷᠬᠡ ᠵᠡᠷᠭᠡ ᠳᠤ ᠬᠠᠯᠳᠠᠭᠰᠠᠨ ᠪᠠᠶᠢᠪᠠᠯ ᠭᠤᠤᠯᠯᠠᠨ ᠡᠷᠬᠢᠯᠡᠬᠦ ᠨᠢᠭᠡᠴᠢ ᠠᠴᠠ ᠤᠷᠤᠯᠳᠤᠭᠠᠨ ᠳᠤ ᠤᠷᠣᠬᠤ ᠡᠷᠬᠡ ᠶᠢ ᠬᠠᠰᠤᠵᠦ᠂ ᠬᠤᠯᠪᠤᠭᠳᠠᠭᠰᠠᠨ ᠬᠠᠤᠯᠢ ᠶᠢᠨ ᠬᠠᠷᠢᠭᠤᠴᠠᠯᠭ᠎ᠠ ᠶᠢ ᠡᠬᠡ ᠪᠢᠴᠢᠭ ᠢᠷᠡᠬᠦᠯᠦᠭᠰᠡᠳ ᠦᠪᠡᠰᠦᠪᠡᠨ ᠬᠠᠷᠢᠭᠤᠴᠠᠨ᠎ᠠ᠃   4.ᠤᠷᠤᠯᠳᠤᠭᠠᠨ ᠢ ᠮᠣᠩᠭᠤᠯ ᠬᠡᠯᠡᠨ ᠤ ᠪᠠ ᠬᠢᠲᠠᠳ ᠬᠡᠯᠡᠨ ᠤ ᠭᠡᠵᠦ ᠬᠤᠶᠠᠷ ᠳᠤᠭᠤᠶᠢᠯᠠᠩ ᠬᠤᠪᠢᠶᠠᠨ᠎ᠠ᠂ ᠮᠣᠩᠭᠤᠯ ᠬᠡᠯᠡᠨ ᠤ ᠪᠦᠲᠦᠭᠡᠯ ᠢ ᠬᠢᠲᠠᠳ ᠬᠡᠯᠡ ᠪᠠᠷ ᠣᠷᠴᠢᠭᠤᠯᠤᠭᠠᠳ ᠬᠢᠲᠠᠳ ᠬᠡᠯᠡᠨ ᠤ ᠳᠤᠭᠤᠶᠢᠯᠠᠩ ᠤᠨ ᠤᠷᠤᠯᠳᠤᠭᠠᠨ ᠳᠤ ᠣᠷᠣᠯᠴᠠᠭᠤᠯᠵᠤ ᠪᠣᠯᠤᠨ᠎ᠠ᠂ ᠬᠢᠲᠠᠳ ᠬᠡᠯᠡᠨ ᠤ ᠪᠦᠲᠦᠭᠡᠯ ᠢ ᠮᠣᠩᠭᠤᠯ ᠬᠡᠯᠡ ᠪᠠᠷ ᠣᠷᠴᠢᠭᠤᠯᠤᠭᠠᠳ ᠮᠣᠩᠭᠤᠯ ᠬᠡᠯᠡᠨ ᠤ ᠳᠤᠭᠤᠶᠢᠯᠠᠩ ᠤᠨ ᠤᠷᠤᠯᠳᠤᠭᠠᠨ ᠳᠤ ᠣᠷᠣᠯᠴᠠᠭᠤᠯᠵᠤ ᠪᠣᠯᠤᠨ᠎ᠠ᠂ ᠠᠳᠠᠯᠢ ᠨᠢᠭᠡᠨ ᠪᠦᠲᠦᠭᠡᠯ ᠢ ᠮᠣᠩᠭᠤᠯ ᠬᠢᠲᠠᠳ ᠬᠤᠶᠠᠷ ᠳᠤᠭᠤᠶᠢᠯᠠᠩ ᠤᠨ ᠤᠷᠤᠯᠳᠤᠭᠠᠨ ᠳᠤ ᠣᠷᠣᠯᠴᠠᠭᠤᠯᠵᠤ ᠪᠣᠯᠬᠤ ᠥᠬᠡᠶ᠂ ᠣᠷᠴᠢᠭᠤᠯᠭ᠎ᠠ ᠶᠢᠨ ᠱᠠᠩᠨᠠᠯ ᠲᠤᠬᠢᠷᠠᠭᠤᠯᠬᠤ ᠥᠬᠡᠶ᠃     5.ᠠᠯᠠᠱᠠ ᠳᠤ ᠠᠵᠢᠯᠯᠠᠵᠦ ᠠᠮᠢᠳᠤᠷᠠᠵᠦ ᠪᠠᠶᠢᠭ᠎ᠠ ᠵᠤᠬᠢᠶᠠᠭᠴᠢ ᠪᠤᠯᠤᠨ ᠭᠠᠳᠠᠷ ᠤᠷᠤᠨ ᠳᠤ ᠠᠵᠢᠯᠯᠠᠵᠦ ᠠᠮᠢᠳᠤᠷᠠᠵᠦ ᠪᠠᠶᠢᠭ᠎ᠠ ᠠᠯᠠᠱᠠ ᠨᠤᠳᠤᠭ ᠲᠠᠢ ᠵᠤᠬᠢᠶᠠᠭᠴᠢᠳ ᠤᠷᠤᠯᠳᠤᠭᠠᠨ ᠳᠤ ᠤᠷᠤᠯᠴᠠᠵᠦ᠂ ᠵᠦᠪᠬᠡᠨ ᠢᠮᠧᠯ ᠢᠶᠠᠷ ᠶᠠᠪᠤᠭᠤᠯᠤᠭᠰᠠᠨ ᠡᠬᠡ ᠪᠢᠴᠢᠭ ᠢ ᠬᠦᠯᠢᠶᠡᠨ ᠠᠪᠤᠨ᠎ᠠ᠃ ᠮᠤᠩᠭᠤᠯ ᠬᠡᠯᠡᠨ ᠤ ᠡᠬᠡ ᠪᠢᠴᠢᠭ ᠢ PDF ᠬᠡᠯᠪᠡᠷᠢ ᠪᠠᠷ ᠢᠷᠡᠬᠦᠯᠵᠦ᠂ ᠭᠠᠷᠴᠠᠭ ᠶᠢ ᠬᠤᠶᠠᠳᠤᠭᠠᠷ ᠨᠤᠮᠧᠷᠳᠦ ᠦᠰᠦᠭ᠂ ᠡᠬᠡ ᠪᠢᠴᠢᠭ ᠢᠶᠠᠨ ᠭᠤᠷᠪᠠᠳᠤᠭᠠᠷ ᠨᠤᠮᠧᠷᠳᠦ ᠦᠰᠦᠭ ᠢᠶᠠᠷ ᠢᠷᠡᠬᠦᠯᠦᠨ᠎ᠡ᠃ ᠬᠢᠳᠠᠳ ᠬᠡᠯᠡᠨ ᠤ ᠪᠦᠳᠦᠭᠡᠯ ᠢ WORD ᠬᠡᠯᠪᠡᠷᠢ ᠪᠠᠷ ᠢᠷᠡᠬᠦᠯᠵᠦ᠂ ᠭᠠᠷᠴᠠᠭ ᠶᠢ ᠬᠤᠶᠠᠳᠤᠭᠠᠷ ᠨᠤᠮᠧᠷᠳᠦ ᠦᠰᠦᠭ᠂ ᠡᠬᠡ ᠪᠢᠴᠢᠭ ᠢᠶᠠᠨ ᠭᠤᠷᠪᠠᠳᠤᠭᠠᠷ ᠨᠤᠮᠧᠷᠳᠦ ᠦᠰᠦᠭ ᠢᠶᠠᠷ ᠢᠷᠡᠬᠦᠯᠦᠨ᠎ᠡ᠃ ᠬᠢᠳᠠᠳ ᠮᠤᠩᠭᠤᠯ ᠬᠡᠯᠡᠨ ᠤ ᠪᠦᠳᠦᠭᠡᠯ ᠢᠶᠠᠨ ᠢᠷᠡᠬᠦᠯᠬᠦ ᠳᠡᠭᠡᠨ ᠬᠢᠳᠠᠳ ᠭᠠᠷᠴᠠᠭ + ᠵᠤᠬᠢᠶᠠᠭᠴᠢ + ᠬᠠᠷᠢᠯᠴᠠᠬᠤ ᠤᠲᠠᠰᠣ ᠪᠠᠨ ᠲᠠᠭᠠᠯᠳᠤᠭᠤᠯᠵᠦ᠂ ᠥᠭᠦᠯᠡᠯᠭᠡ ᠶᠢᠨ ᠤᠷᠤᠯᠳᠤᠭᠠᠨ ᠤ ᠪᠦᠳᠦᠭᠡᠯ ᠭᠡᠵᠦ ᠲᠤᠳᠤᠷᠬᠠᠶᠢᠯᠠᠬᠤ ᠬᠡᠷᠡᠭᠲᠡᠢ᠃ ᠮᠤᠩᠭᠤᠯ ᠬᠡᠯᠡᠨ ᠤ ᠪᠦᠳᠦᠭᠡᠯ ᠤᠨ ᠦᠰᠦᠭ ᠤᠨ ᠲᠤᠭ᠎ᠠ ᠶᠢ 1500 ᠦᠰᠦᠭ ᠠᠴᠠ ᠬᠡᠲᠦᠷᠡᠭᠦᠯᠵᠦ ᠪᠣᠯᠬᠤ ᠦᠭᠡᠢ᠃ ᠬᠢᠳᠠᠳ ᠬᠡᠯᠡᠨ ᠤ ᠪᠦᠳᠦᠭᠡᠯ ᠤᠨ ᠦᠰᠦᠭ ᠢ 2000 ᠦᠰᠦᠭ ᠠᠴᠠ ᠬᠡᠲᠦᠷᠡᠭᠦᠯᠵᠦ ᠪᠣᠯᠬᠤ ᠦᠭᠡᠢ᠃ ᠵᠤᠬᠢᠶᠠᠭᠴᠢ ᠶᠢᠨ ᠳᠦᠬᠦᠮ ᠲᠠᠨᠢᠯᠴᠠᠭᠤᠯᠭ᠎ᠠ ᠵᠢᠴᠢ ᠠᠵᠢᠯᠯᠠᠵᠦ ᠪᠠᠶᠢᠭ᠎ᠠ ᠨᠢᠭᠡᠴᠢ᠂ ᠬᠠᠷᠢᠯᠴᠠᠬᠤ ᠬᠠᠶ᠋ᠢᠭ᠂ ᠬᠠᠷᠢᠯᠴᠠᠬᠤ ᠤᠳᠠᠰᠣ ᠪᠠᠨ ᠲᠤᠰᠬᠠᠢ ᠬᠠᠭᠤᠳᠠᠰᠣ ᠪᠠᠷ ᠡᠬᠡ ᠪᠢᠴᠢᠭ ᠤᠨ ᠬᠠᠮᠳᠦ ᠢᠷᠡᠬᠦᠯᠬᠦ ᠬᠡᠷᠡᠭᠲᠡᠢ᠃    ᠭᠤᠷᠪᠠ᠂ ᠱᠠᠩᠨᠠᠯ ᠤᠨ ᠵᠤᠶᠢᠯ ᠤᠨ ᠲᠤᠬᠢᠷᠠᠭᠤᠯᠤᠯᠳᠠ   ᠮᠣᠩᠭᠤᠯ ᠬᠢᠲᠠᠳ ᠬᠤᠶᠠᠷ ᠳᠤᠭᠤᠶᠢᠯᠠᠩ ᠳᠤ ᠲᠣᠰ ᠪᠦᠷᠢ ᠨᠢᠭᠡᠳᠦᠭᠡᠷ ᠳᠡᠰ ᠤᠨ ᠱᠠᠩᠨᠠᠯ 1 ᠪᠦᠳᠦᠭᠡᠯ᠂ ᠬᠤᠶᠠᠳᠤᠭᠠᠷ ᠳᠡᠰ ᠤᠨ ᠱᠠᠩᠨᠠᠯ 2 ᠪᠦᠳᠦᠭᠡᠯ᠂ ᠭᠤᠷᠪᠠᠳᠤᠭᠠᠷ ᠳᠡᠰ ᠤᠨ ᠱᠠᠩᠨᠠᠯ 3 ᠪᠦᠳᠦᠭᠡᠯ᠂ ᠰᠢᠯᠢᠳᠡᠭ ᠱᠠᠩᠨᠠᠯ ᠳᠤ ᠬᠡᠰᠡᠭ ᠪᠦᠳᠦᠭᠡᠯ ᠲᠤᠬᠢᠷᠠᠭᠤᠯᠤᠨ᠎ᠠ᠃    ᠳᠥᠷᠪᠡ᠂ ᠬᠠᠷᠢᠯᠴᠠᠬᠤ ᠬᠥᠮᠦᠨ ᠵᠢᠴᠢ ᠡᠬᠡ ᠪᠢᠴᠢᠭ ᠡᠯᠰᠡᠬᠦ ᠬᠠᠶ᠋ᠢᠭ       ᠸᠧᠢ ᠿᠠᠨ ︵ᠬᠢᠳᠠᠳ ᠬᠡᠯᠡᠨ ᠤ  ᠪᠦᠳᠦᠭᠡᠯ︶ 0483-8336705       ᠨᠠᠨᠳᠢᠨ ︵ᠮᠤᠩᠭᠤᠯ ᠬᠡᠯᠡᠨ ᠤ ᠪᠦᠳᠦᠭᠡᠯ︶ 0483-8336702       ᠡᠬᠡ ᠪᠢᠴᠢᠭ ᠢᠷᠡᠬᠦᠯᠬᠦ ᠢᠮᠧᠯ᠄ alsmwl@163.com             ᠠᠯᠠᠱᠠ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ              ᠠᠯᠠᠱᠠ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ                                 2022 ᠣᠨ ᠤ 5 ᠰᠠᠷ᠎ᠠ ᠶᠢᠨ 13᠎ ᠤ ᠡᠳᠦᠷ
 
ᠢᠷᠡᠯᠲᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号