ᠪᠥᠬᠦ ᠠᠶᠢᠮᠠᠭ ᠤᠨ ︽ᠦᠨᠳᠦᠰᠦᠲᠡᠨ ᠤ ᠪᠦᠯᠬᠦᠮᠳᠡᠯ ᠬᠤᠨᠳᠠᠭᠠᠲᠤ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ  ᠮᠣᠩᠭᠤᠯ ᠬᠢᠲᠠᠳ ᠬᠡᠯᠡᠨ ᠤ ᠶᠠᠷᠢᠶ᠎ᠠ ᠢᠯᠡᠳᠭᠡᠯ ᠤᠨ ᠤᠷᠤᠯᠳᠤᠭᠠᠨ ᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/6/7
                  ᠡᠯ᠎ᠡ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠨᠡᠭᠡᠭᠡᠯᠳᠡ ᠶᠢᠨ ᠣᠷᠣᠨ ᠤ ᠨᠡᠶᠢᠭᠡᠮ ᠤᠨ ᠬᠡᠷᠡᠭ ᠡᠷᠬᠢᠯᠡᠬᠦ ᠲᠣᠪᠴᠢᠶ᠎ᠠ᠂ ᠠᠵᠤ ᠦᠢᠯᠡᠰ ᠤᠨ ᠬᠥᠭᠵᠢᠯᠲᠡ ᠶᠢᠨ ᠲᠣᠪᠴᠢᠶ᠎ᠠ ᠳᠤ᠄             ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠪᠡᠯᠬᠡᠳᠡᠨ᠂ ᠰᠢ ᠶᠢᠨ ᠫᠢᠩ ᠎ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠭᠤᠣᠯ ᠬᠦᠭ ᠠᠶᠠᠰ ᠢ ᠴᠢᠪᠬᠠᠳᠠᠨ᠂ ᠢᠳᠡᠪᠬᠢ ᠬᠦᠴᠦᠨ ᠢ ᠪᠠᠳᠠᠷᠠᠭᠤᠯᠬᠤ ᠶᠢᠨ ᠲᠤᠯᠠᠳᠠ᠂ ᠠᠯᠠᠱᠠ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ 2022 ᠣᠨ ᠤ 8 ᠰᠠᠷ᠎ᠠ ᠳᠤ ᠪᠦᠬᠦ ᠠᠶᠢᠮᠠᠭ ᠤᠨ ︽ᠦᠨᠳᠦᠰᠦᠲᠡᠨ ᠤ ᠪᠦᠯᠬᠦᠮᠳᠡᠯ ᠬᠤᠨᠳᠠᠭᠠᠲᠤ︾ ᠮᠣᠩᠭᠤᠯ ᠬᠢᠲᠠᠳ ᠬᠡᠯᠡᠨ ᠤ ᠶᠠᠷᠢᠶ᠎ᠠ ᠢᠯᠡᠳᠭᠡᠯ ᠤᠨ ᠤᠷᠤᠯᠳᠤᠭᠠᠨ ᠢ ᠶᠠᠪᠤᠭᠳᠠᠭᠤᠯᠬᠤ ᠪᠠᠷ ᠲᠤᠭᠳᠠᠪᠠ᠃ ᠡᠳᠦᠭᠡ ᠬᠤᠯᠪᠣᠭᠳᠠᠯ ᠪᠦᠬᠦᠢ ᠵᠦᠢᠯ ᠢ ᠲᠠᠷᠠᠭᠠᠬᠢ ᠮᠡᠲᠦ ᠮᠡᠳᠡᠭᠳᠡᠶ᠎ᠡ᠄             ᠨᠢᠭᠡ᠂ ᠤᠷᠤᠯᠳᠤᠭᠠᠨ ᠳᠤ ᠤᠷᠤᠯᠴᠠᠭᠴᠢ       ᠠᠶᠢᠮᠠᠭ ᠤᠨ ᠡᠯ᠎ᠡ ᠰᠢᠭᠤᠳ ᠬᠠᠷᠢᠶ᠎ᠠ ᠰᠠᠯᠠᠭ᠎ᠠ ᠮᠥᠴᠢᠷ᠂ ᠪᠥᠬᠦ ᠠᠶᠢᠮᠠᠭ ᠤᠨ ᠡᠯ᠎ᠡ ᠬᠤᠰᠢᠭᠤ ᠣᠷᠣᠨ ᠤ ᠵᠠᠰᠠᠭ ᠵᠠᠬᠢᠷᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠲᠠᠨ ᠠᠵᠢᠯᠴᠢᠨ       ᠬᠤᠶᠠᠷ᠂ ᠶᠠᠷᠢᠶᠠᠨ ᠤ ᠠᠭᠤᠯᠭ᠎ᠠ        ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠭᠤᠤᠯ ᠰᠡᠳᠦᠪ ᠤᠨ ᠲᠤᠭᠤᠷᠢᠨ ᠳᠤ ᠪᠡᠯᠡᠳᠭᠡᠨ᠎ᠡ᠃       ᠭᠤᠷᠪᠠ᠂ ᠬᠤᠪᠢ ᠲᠣᠭᠲᠠᠭᠠᠬᠤ ᠨᠠᠷᠢᠨ ᠳᠦᠷᠢᠮ       ︵ᠨᠢᠭᠡ︶ ᠬᠤᠪᠢ ᠲᠣᠭᠲᠠᠭᠠᠬᠤ ᠪᠠᠷᠢᠮᠵᠢᠶ᠎ᠠ ︵10 ᠬᠤᠪᠢ ᠶᠢᠨ ᠪᠠᠷᠢᠮᠵᠢᠶ᠎ᠠ ᠶᠢ ᠬᠡᠷᠡᠭᠵᠢᠬᠦᠯᠦᠨ᠎ᠡ︶       1. ᠶᠠᠷᠢᠶ᠎ᠠ ᠢᠯᠡᠳᠭᠡᠯ ᠤᠨ ᠠᠭᠤᠯᠭ᠎ᠠ 4 ᠬᠤᠪᠢ᠃ ᠭᠤᠣᠯ ᠰᠡᠳᠦᠪ ᠤᠨ ᠲᠤᠭᠤᠷᠢᠨ ᠳᠤ᠂ ᠠᠭᠤᠯᠭ᠎ᠠ ᠨᠢ ᠪᠦᠷᠢᠨ ᠲᠡᠭᠦᠯᠳᠡᠷ᠂ ᠤᠳᠬ᠎ᠠ ᠰᠠᠨᠠᠭ᠎ᠠ ᠨᠢ ᠰᠢᠨ᠎ᠡ ᠰᠡᠪᠡᠭᠦᠨ᠂ ᠦᠭᠡ ᠥᠭᠦᠯᠡᠪᠦᠷᠢ ᠨᠢ ᠢᠷᠠᠭᠤ ᠰᠠᠶᠢᠬᠠᠨ ᠪᠠᠶᠢᠬᠤ ᠬᠡᠷᠡᠭᠲᠡᠢ᠃       2. ᠬᠡᠯᠡ ᠶᠠᠷᠢᠶᠠᠨ ᠤ ᠢᠯᠡᠳᠭᠡᠮᠵᠢ 3 ᠬᠤᠪᠢ᠃ ᠡᠬᠡ ᠪᠢᠴᠢᠭ ᠲᠡᠭᠡᠨ ᠪᠠᠷᠢᠭᠳᠠᠬᠤ ᠦᠭᠡᠢ᠂ ᠴᠡᠭᠡᠵᠢ ᠪᠠᠷ ᠴᠢᠯᠦᠭᠡᠳᠡᠢ ᠢᠯᠡᠳᠭᠡᠬᠦ ᠶᠢ ᠱᠠᠭᠠᠷᠳᠠᠵᠤ᠂ ᠲᠣᠳᠣᠷᠬᠠᠢ ᠥᠭᠦᠯᠡᠨ ᠲᠣᠭᠠᠴᠢᠵᠤ᠂ ᠦᠭᠡ ᠬᠡᠯᠡ ᠤᠷᠤᠰᠤᠮ᠎ᠠ ᠲᠤᠳᠦ᠂ ᠰᠡᠳᠬᠢᠯᠭᠡ ᠲᠠᠢ ᠪᠠᠶᠢᠬᠤ ᠬᠡᠷᠡᠭᠲᠡᠢ᠃       3. ᠳᠦᠷᠢ ᠲᠥᠷᠬᠦ 2 ᠬᠤᠪᠢ᠃ ᠵᠢᠪᠬᠤᠭ᠎ᠠ ᠲᠡᠭᠦᠯᠳᠡᠷ᠂ ᠬᠤᠪᠴᠠᠰᠤ ᠬᠤᠨᠠᠷ ᠴᠡᠪᠡᠷ ᠴᠡᠮᠴᠡᠭᠡᠷ᠂ ᠲᠦᠯᠦᠪ ᠪᠠᠶᠢᠳᠠᠯ ᠲᠥᠪ ᠶᠡᠬᠡᠮᠰᠦᠭ ᠪᠠᠶᠢᠬᠤ ᠶᠢ ᠱᠠᠭᠠᠷᠳᠠᠨ᠎ᠠ᠃       4. ᠴᠠᠭ ᠤᠨ ᠲᠤᠬᠢᠷᠠᠭᠤᠯᠤᠯᠳᠠ 1 ᠬᠤᠪᠢ᠃ ᠪᠦᠲᠦᠴᠡ ᠨᠢ ᠠᠪᠰᠠᠷᠬᠠᠨ᠂ ᠴᠠᠭ ᠢᠶᠠᠨ ᠵᠣᠬᠢᠰᠲᠠᠢ ᠡᠵᠡᠮᠳᠡᠭᠰᠡᠨ ᠪᠠᠶᠢᠬᠤ ᠬᠡᠷᠡᠭᠳᠡᠢ᠃       ︵ᠬᠤᠶᠠᠷ︶ ᠬᠤᠪᠢ ᠲᠣᠭᠲᠠᠭᠠᠬᠤ ᠠᠷᠭ᠎ᠠ       1. ᠭᠤᠣᠯᠯᠠᠨ ᠡᠷᠭᠢᠯᠡᠭᠰᠡᠨ ᠨᠢᠭᠡᠴᠢ ᠠᠴᠠ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠠᠵᠢᠯᠲᠠᠨ ᠢ ᠤᠷᠢᠵᠤ ᠰᠢᠯᠭᠠᠷᠠᠭᠤᠯᠬᠤ ᠺᠣᠮᠢᠰ ᠪᠠᠶᠢᠭᠤᠯᠵᠤ᠂ ᠲᠤᠬᠠᠢ ᠶᠢᠨ ᠲᠠᠯᠠᠪᠤᠷ ᠲᠤ ᠬᠤᠪᠢ ᠨᠡᠶᠢᠲᠡᠯᠡᠬᠦ ᠶᠢ ᠬᠡᠷᠡᠭᠵᠢᠭᠦᠯᠦᠨ᠎ᠡ       2. ᠬᠤᠪᠢ ᠲᠡᠮᠳᠡᠭᠯᠡᠬᠦ ᠠᠷᠭ᠎ᠠ᠄ ᠬᠠᠮᠤᠭ ᠤᠨ ᠥᠨᠳᠥᠷ ᠬᠤᠪᠢ ᠪᠠ ᠬᠠᠮᠤᠭ ᠤᠨ ᠳᠣᠣᠷ᠎ᠠ ᠬᠤᠪᠢ ᠶᠢ ᠨᠢ ᠬᠠᠰᠤᠭᠠᠳ ᠲᠡᠭᠰᠢᠳᠭᠡᠯ ᠬᠤᠪᠢ ᠶᠢ ᠨᠢ ᠪᠤᠳᠣᠵᠤ᠂ ᠲᠡᠭᠰᠢᠳᠬᠡᠭᠰᠡᠨ ᠬᠤᠪᠢ ᠪᠠᠷ ᠬᠠᠮᠤᠭ ᠤᠨ ᠥᠨᠳᠥᠷ ᠢ ᠨᠢ ᠲᠡᠷᠢᠭᠦᠨ ᠪᠠᠶᠢᠷᠢᠨ ᠳᠤ ᠲᠤᠳᠣᠷᠠᠭᠤᠯᠵᠤ᠂ ᠬᠤᠪᠢ ᠶᠢᠨ ᠲᠠᠷᠠᠭᠠᠯᠠᠯ ᠢᠶᠠᠷ ᠵᠢᠭᠰᠠᠭᠠᠨ᠎ᠠ᠃       ︵ᠭᠤᠷᠪᠠ︶ ᠤᠷᠤᠯᠳᠤᠭᠠᠨ ᠳᠤ ᠣᠷᠣᠯᠴᠠᠭᠰᠠᠳ ᠤᠨ ᠠᠩᠬᠠᠷᠬᠤ ᠵᠦᠢᠯ᠄       1. ᠤᠷᠤᠯᠳᠤᠭᠠᠨ ᠳᠤ ᠣᠷᠣᠯᠴᠠᠭᠰᠠᠳ 7 ᠳ᠋ᠤᠭᠠᠷ ᠰᠠᠷ᠎ᠠ ᠶᠢᠨ 10᠎ ᠤ ᠡᠳᠦᠷ ᠠᠴᠠ ᠡᠮᠦᠨ᠎ᠡ ᠮᠣᠩᠭᠤᠯ ᠬᠢᠲᠠᠳ ᠬᠡᠯᠡᠨ ᠤ ᠶᠡᠷᠢᠶ᠎ᠡ ᠢᠯᠡᠳᠭᠡᠯ ᠤᠨ ᠡᠬᠡ ᠨᠣᠣᠷᠠᠭ ᠤᠨ ᠡᠯᠧᠺᠲᠷᠣᠨ ᠬᠡᠪ ᠢᠶᠠᠨ ᠲᠤᠭᠳᠠᠭᠰᠠᠨ ᠢᠮᠧᠯ ᠤᠷᠤᠭᠤ ᠢᠯᠡᠭᠡᠵᠤ᠂ ᠴᠠᠭᠠᠰᠣᠨ ᠪᠠᠷ ᠢᠶᠠᠨ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠡᠯᠡ ᠪᠢᠴᠢᠭ ᠤᠨ ᠰᠠᠯᠠᠭ᠎ᠠ ᠳᠤ ᠲᠤᠰᠢᠶᠠᠬᠤ ᠬᠡᠷᠡᠭᠲᠡᠢ᠃ ᠶᠠᠷᠢᠶ᠎ᠠ ᠢᠯᠡᠳᠭᠡᠯ ᠤᠨ ᠭᠠᠷᠴᠠᠭ ᠤᠨ ᠢᠶᠠᠨ ᠳᠣᠣᠷ᠎ᠠ ᠲᠠᠯ᠎ᠠ ᠳᠤ ᠢᠯᠡᠳᠭᠡᠭᠴᠢ ᠶᠢᠨ ᠪᠠᠶᠢᠭᠤᠯᠭ᠎ᠠ ᠨᠢᠭᠡᠴᠢ᠂ ᠣᠪᠣᠭ ᠨᠡᠷ᠎ᠡ᠂ ᠬᠠᠷᠢᠯᠴᠠᠬᠤ ᠤᠲᠠᠰᠤ ᠪᠠᠨ ᠲᠣᠳᠣᠷᠬᠠᠶᠢᠯᠠᠨ᠎ᠠ᠃       2. ᠤᠷᠤᠯᠳᠤᠭᠠᠨ ᠳᠤ ᠣᠷᠣᠯᠴᠠᠭᠰᠠᠳ ᠰᠢᠪᠠᠭ᠎ᠠ ᠰᠣᠭᠤᠯᠤᠭᠰᠠᠨ ᠳ᠋ᠤᠭᠠᠷᠯᠠᠯ ᠢᠶᠠᠨ ᠦᠨᠳᠦᠰᠦᠯᠡᠨ ᠲᠠᠶᠢᠰᠠᠨ ᠳᠤ ᠭᠠᠷᠴᠤ ᠶᠠᠷᠢᠶ᠎ᠠ ᠲᠠᠯᠪᠢᠨ᠎ᠠ᠂ 8 ᠮᠢᠨᠦ᠋ᠲ ᠤᠨ ᠴᠠᠭ ᠤᠨ ᠬᠢᠵᠠᠭᠠᠷ ᠲᠠᠢ᠃       3. ᠤᠷᠤᠯᠳᠣᠭᠠᠨ ᠳᠤ ᠤᠷᠤᠯᠴᠠᠭᠴᠢ 5 ᠮᠢᠨᠦ᠋ᠲ ᠬᠤᠵᠢᠮᠳᠠᠪᠠᠯ ᠡᠷᠬᠡ ᠪᠠᠨ ᠬᠠᠶᠠᠭᠰᠠᠨ ᠳᠤ ᠲᠤᠭᠠᠴᠠᠨ᠎ᠠ᠃       4. ᠤᠷᠤᠯᠳᠤᠭᠠᠨ ᠳᠤ ᠣᠷᠣᠯᠴᠠᠭᠰᠠᠳ ᠠᠬᠤᠢ ᠲᠠᠯᠠᠪᠠᠶ ᠶᠢᠨ ᠰᠠᠬᠢᠯᠭ᠎ᠠ ᠪᠠᠲᠤ ᠶᠢ ᠰᠠᠬᠢᠵᠤ᠂ ᠭᠠᠷ ᠤᠳᠠᠰᠦ ᠪᠠᠨ ᠴᠢᠮᠡᠭᠡ ᠦᠭᠡᠢ ᠪᠠᠶᠢᠳᠠᠯ ᠳᠤ ᠲᠣᠬᠢᠷᠠᠭᠤᠯᠬᠤ ᠬᠡᠷᠡᠭᠲᠡᠢ᠂ ᠠᠬᠤᠢ ᠲᠠᠯᠠᠪᠠᠶ ᠠᠴᠠ ᠤᠷᠢᠳᠴᠢᠯᠠᠨ ᠶᠠᠪᠤᠵᠦ ᠪᠣᠯᠬᠤ ᠦᠭᠡᠢ᠃       5. ᠤᠷᠤᠯᠳᠣᠭᠠᠨ ᠤ ᠴᠠᠭ᠂ ᠭᠠᠵᠠᠷ ᠢ ᠲᠠᠬᠢᠵᠤ ᠮᠡᠳᠡᠭᠳᠡᠨ᠎ᠡ᠃       ᠳᠥᠷᠪᠡ᠂ ᠱᠠᠩᠨᠠᠯ ᠤᠨ ᠵᠦᠢᠯ ᠤᠨ ᠲᠣᠬᠢᠷᠠᠭᠤᠯᠤᠯᠲᠠ       ᠶᠠᠷᠢᠶ᠎ᠠ ᠢᠯᠡᠳᠬᠡᠯ ᠤᠨ ᠤᠷᠤᠯᠳᠤᠭᠠᠨ ᠳᠤ ᠮᠣᠩᠭᠤᠯ ᠬᠢᠲᠠᠳ ᠬᠡᠯᠡᠨ ᠳᠤ ᠲᠤᠰᠪᠦᠷᠢ ᠲᠡᠷᠢᠭᠦᠨ ᠪᠠᠶᠢᠷᠢ ᠶᠢᠨ ᠱᠠᠩᠨᠠᠯ ᠳᠤ 1 ᠨᠡᠷ᠎ᠡ᠂ ᠲᠡᠳ᠋ ᠪᠠᠶᠢᠷᠢ ᠶᠢᠨ ᠱᠠᠩᠨᠠᠯ ᠳᠤ 3 ᠨᠡᠷ᠎ᠡ᠂ ᠭᠤᠷᠪᠠᠳᠤᠭᠠᠷ ᠪᠠᠶᠢᠷᠢ ᠶᠢᠨ ᠱᠠᠩᠨᠠᠯ ᠳᠤ 5 ᠨᠡᠷ᠎ᠡ ᠲᠣᠬᠢᠷᠠᠭᠤᠯᠵᠤ᠂ ᠪᠤᠰᠤᠳ ᠨᠢ ᠰᠢᠯᠢᠳᠡᠭ ᠪᠠᠶᠢᠷᠢ ᠶᠢᠨ ᠱᠠᠩᠨᠠᠯ ᠲᠠᠢ᠃ ᠲᠤᠬᠠᠢ ᠶᠢᠨ ᠲᠠᠯᠠᠪᠤᠷ ᠲᠤᠨᠢ ᠬᠢᠷᠢ ᠪᠦᠲᠦᠮᠵᠢ ᠶᠢ ᠨᠢ ᠨᠡᠶᠢᠲᠡᠯᠡᠬᠦ ᠶᠢᠨ ᠬᠠᠮᠲᠤ ᠵᠣᠬᠢᠬᠤ ᠬᠡᠮᠵᠢᠶᠡᠨ ᠤ ᠣᠶᠤᠨ ᠰᠠᠨᠠᠭᠠᠨ ᠤ ᠪᠠ ᠡᠳ᠋ ᠪᠣᠳᠠᠰ ᠤᠨ ᠱᠠᠩᠨᠠᠯ ᠣᠯᠭᠤᠨ᠎ᠠ᠃             ᠲᠠᠪᠤ᠂ ᠡᠬᠡ ᠪᠢᠴᠢᠭ ᠡᠯᠰᠡᠬᠦ ᠬᠠᠶ᠋ᠢᠭ ᠤᠨ ᠤᠲᠠᠰᠤ ᠵᠢᠴᠢ ᠬᠠᠷᠢᠯᠴᠠᠬᠤ ᠬᠥᠮᠥᠨ       ᠬᠠᠷᠢᠯᠴᠠᠬᠤ ᠬᠥᠮᠥᠨ᠄ ᠰᠠᠩᠵᠢᠰᠡᠷᠡᠩ       ᠬᠠᠷᠢᠯᠴᠠᠬᠤ ᠤᠲᠠᠰᠤ᠄ 0483-8344035       QQ ᠰᠢᠤᠳᠠᠨ ᠤ ᠬᠠᠶᠢᠷᠴᠠᠭ᠄ 527521554@QQ. com       ᠪᠠᠶᠢᠭᠤᠯᠭ᠎ᠠ ᠶᠢᠨ ᠬᠠᠶ᠋ᠢᠭ᠄ ᠠᠯᠠᠱᠠ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ       ︵ᠪᠠᠶᠠᠨᠬᠤᠲᠠ ᠶᠢᠨ ᠵᠡᠭᠦᠨ ᠬᠤᠲᠠ ᠲᠣᠭᠤᠷᠢᠭ ᠤᠨ ᠡᠳ᠋ ᠤᠨ ᠵᠠᠰᠠᠭ ᠤᠨ ᠲᠣᠮᠣ ᠠᠰᠠᠷ ᠤᠨ 606 ᠳ᠋ᠣᠭᠠᠷ ᠠᠯᠪᠠᠨ ᠭᠡᠷ︶ ᠬᠡᠯᠡ ᠪᠢᠴᠢᠭ ᠤᠨ ᠰᠠᠯᠠᠭ᠎ᠠ                   ᠠᠯᠠᠱᠠ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ       2022 ᠣᠨ ᠤ 5 ᠰᠠᠷ᠎ᠠ ᠶᠢᠨ 11                                             
 
ᠢᠷᠡᠯᠲᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号