ᠪᠤᠷᠤᠬᠦᠦ ᠰᠠᠷᠠᠨᠳᠤᠶᠠᠭ᠎ᠠ ᠶᠢᠨ ︽ᠵᠡᠭᠦᠳᠦᠨ ᠭᠡ ᠲᠠᠢ ᠠᠯᠠᠱᠠ︾ ᠭᠡᠷᠡᠯ ᠵᠢᠷᠤᠬ ᠤᠨ ᠥᠵᠡᠬᠦᠯᠭᠡ ᠶᠠᠪᠤᠭᠳᠠᠯ᠎ᠠ
ᠨᠡᠶᠢᠲᠡᠯᠡᠭᠰᠡᠨ ᠴᠠᠭ᠄
2022/6/7
ᠡᠷᠳᠡᠨᠢᠴᠡᠴᠡᠭ     ᠪᠠᠶᠠᠨᠬᠤᠳᠠ ᠶᠢᠨ ᠤᠯᠠᠠ ᠭᠡᠷᠡᠭᠴᠡᠭᠡᠳᠤ ᠪᠡᠶ᠎ᠠ ᠶᠢᠨ ᠲᠠᠮᠢᠷ ᠤᠨ ᠲᠠᠯᠠᠪᠠᠢ ᠶᠢᠨ ᠭᠡᠷᠡᠯ ᠵᠢᠷᠤᠬᠴᠢᠳ ᠤᠨ ᠨᠡᠶᠢᠬᠡᠮᠯᠢᠭ ᠤᠨ ᠭᠡᠷᠡᠯ ᠵᠢᠷᠤᠬ ᠤᠨ ᠳᠡᠯᠭᠡᠨ ᠥᠵᠡᠬᠦᠯᠭᠡ ᠶᠢᠨ ᠲᠢᠩᠭᠢᠮ ᠳᠤ ᠪᠤᠷᠤᠬᠦᠦ ᠰᠠᠷᠠᠨᠳᠤᠶᠠᠭ᠎ᠠ ᠬᠠᠨᠢ ᠨᠥᠬᠦᠷ ᠬᠤᠶᠠᠭᠤᠯᠠ ᠶᠢᠨ ︽ᠵᠡᠭᠦᠳᠦᠨ ᠭᠡ ᠲᠠᠢ ᠠᠯᠠᠱᠠ︾ ᠭᠡᠷᠡᠯ ᠵᠢᠷᠤᠬ ᠤᠨ ᠥᠵᠡᠬᠦᠯᠭᠡ ᠨᠢᠵᠢᠬᠢᠷ ᠰᠠᠶᠢᠬᠠᠠ ᠶᠠᠪᠤᠬᠳᠠᠪᠠ ᠃ ᠲᠤᠰ ᠤᠳᠠᠭᠠᠨ ᠤ ᠦᠵᠡᠭᠦᠯᠭᠡ ᠶᠢ ᠠᠯᠠᠱᠠ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠠᠯᠠᠱᠠ ᠵᠡᠭᠦᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠭᠤᠤᠯᠯᠠᠨ ᠡᠷᠬᠢᠯᠡᠵᠦ᠂ ᠥᠪᠥᠷ ᠮᠤᠩᠭᠤᠯ  ᠤᠨ ᠵᠢᠭᠤᠯᠴᠢᠯᠠᠯ ᠤᠨ ᠭᠡᠷᠡᠯ ᠵᠢᠷᠤᠭᠴᠢᠨ ᠤ ᠨᠡᠶᠢᠭᠡᠮᠯᠢᠭ ᠤᠨ ᠠᠯᠠᠱᠠ ᠳᠠᠬᠢ ᠬᠤᠪᠢᠶᠠᠷᠢ ᠨᠡᠶᠢᠭᠡᠮᠯᠢᠭ᠂ ᠠᠯᠠᠱᠠ ᠠᠶᠢᠮᠠᠭ ᠤᠨ ᠬᠡᠷᠡᠯ ᠵᠢᠷᠤᠭᠴᠢᠳ ᠤᠨ ᠨᠡᠶᠢᠭᠡᠮᠯᠢᠭ᠂ ᠠᠯᠠᠱᠠ ᠵᠡᠭᠦᠨ ᠬᠤᠰᠢᠭᠤᠨ ᠤ ᠭᠡᠷᠡᠯ ᠵᠢᠷᠤᠭᠴᠢᠳ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ ᠪᠠᠶᠢᠨ᠎ᠠ᠃    ᠪᠤᠷᠤᠬᠦᠦ᠂ ᠲᠤᠮᠳᠠᠳᠤ ᠤᠯᠤᠰ ᠤᠨ ᠭᠡᠷᠡᠯ ᠵᠢᠷᠤᠬᠴᠢᠳ ᠤᠨ ᠨᠡᠶᠢᠬᠡᠮᠯᠢᠭ ᠤᠨ ᠭᠡᠰᠢᠬᠦᠨ᠂ ᠤᠯᠠᠠ ᠤᠯᠤᠰ ᠤᠨ ᠭᠡᠷᠡᠯ ᠵᠢᠷᠤᠬᠴᠢᠳ ᠤᠨ ᠨᠡᠶᠢᠬᠡᠮᠯᠢᠭ ᠤᠨ ᠭᠡᠰᠢᠬᠦᠨ᠂ ᠲᠤᠮᠳᠠᠳᠤ ᠤᠯᠤᠰ ᠤᠨ ᠭᠡᠷᠡᠯ ᠵᠢᠷᠤᠬᠴᠢᠳ ᠤᠨ ᠺᠯᠦ᠋ᠪ ᠤᠨ ᠪᠥᠷᠢᠯᠳᠤᠬᠦᠨ᠂ ᠥᠪᠤᠷ ᠮᠤᠩᠭᠤᠯ ᠤᠨ ᠭᠡᠷᠡᠯ ᠵᠢᠷᠤᠬᠴᠢᠳ ᠤᠨ ᠨᠡᠶᠢᠬᠡᠮᠯᠢᠭ ᠤᠨ ᠭᠡᠰᠢᠬᠦᠨ᠂ ᠠᠯᠠᠱᠠ ᠠᠶᠢᠮᠠᠬ ᠤᠨ ᠭᠡᠷᠡᠯ ᠵᠢᠷᠤᠬᠴᠢᠳ ᠤᠨ ᠨᠡᠶᠢᠬᠡᠮᠯᠢᠭ ᠤᠨ ᠨᠡᠷ᠎ᠠ ᠬᠥᠨᠳᠤᠳᠤ ᠲᠡᠷᠢᠬᠦᠯᠡᠭᠴᠢ᠂ ᠥᠪᠤᠷ ᠮᠤᠩᠭᠤᠯ ᠤᠨ ᠵᠢᠭᠤᠯᠴᠢᠯᠠᠯ ᠤᠨ ᠭᠡᠷᠡᠯ ᠵᠢᠷᠤᠬᠴᠢᠳ ᠤᠨ ᠨᠡᠶᠢᠬᠡᠮᠯᠢᠭ ᠤᠨ ᠠᠯᠠᠱᠠ ᠳᠠᠬᠢ ᠬᠤᠪᠢᠶᠠᠷᠢ ᠨᠡᠶᠢᠬᠡᠮᠯᠢᠭ ᠤᠨ ᠭᠡᠰᠢᠬᠦᠨ᠂ ᠠᠯᠠᠱᠠ ᠵᠡᠬᠦᠨ ᠬᠤᠰᠢᠭᠤᠨ ᠤ ᠭᠡᠷᠡᠯ ᠵᠢᠷᠤᠬᠴᠢᠳ ᠤᠨ ᠨᠡᠶᠢᠭᠡᠮᠯᠢᠭ ᠤᠨ ᠭᠡᠰᠢᠬᠦᠨ ᠵᠡᠷᠭᠡ ᠨᠡᠶᠢᠭᠡᠮ ᠤᠨ ᠲᠤᠰᠢᠶᠠᠯ ᠡᠭᠦᠷᠭᠡᠯᠡᠵᠦ ᠪᠤᠢ᠃ ᠰᠠᠷᠠᠨᠳᠤᠶᠠᠭ᠎ᠠ᠂ ᠠᠯᠠᠱᠠ ᠠᠶᠢᠮᠠᠬ ᠤᠨ ᠭᠡᠷᠡᠯ ᠵᠢᠷᠤᠬᠴᠢᠳ ᠤᠨ ᠨᠡᠶᠢᠬᠡᠮᠯᠢᠭ ᠤᠨ ᠭᠡᠰᠢᠬᠦᠨ᠂ ᠥᠪᠤᠷ ᠮᠤᠩᠭᠤᠯ ᠤᠨ ᠵᠢᠭᠤᠯᠴᠢᠯᠠᠯ ᠤᠨ ᠭᠡᠷᠡᠯ ᠵᠢᠷᠤᠬᠴᠢᠳ ᠤᠨ ᠨᠡᠶᠢᠬᠡᠮᠯᠢᠭ ᠤᠨ ᠠᠯᠠᠱᠠ ᠠᠶᠢᠮᠠᠬ ᠤᠨ ᠬᠤᠪᠢᠶᠠᠷᠢ ᠨᠡᠶᠢᠬᠡᠮᠯᠢᠭ ᠤᠨ ᠭᠡᠰᠢᠬᠦᠨ᠂ ᠠᠯᠠᠱᠠ ᠵᠡᠬᠦᠨ ᠬᠤᠰᠢᠭᠤᠨ ᠤ ᠭᠡᠷᠡᠯ ᠵᠢᠷᠤᠬᠴᠢᠳ ᠤᠨ ᠨᠡᠶᠢᠬᠡᠮᠯᠢᠭ ᠤᠨ ᠭᠡᠰᠢᠬᠦᠨ ᠵᠡᠷᠭᠡ ᠨᠠᠶᠢᠬᠡᠮ ᠤᠨ ᠲᠤᠰᠢᠶᠠᠯ ᠲᠠᠢ᠃ ᠲᠤᠰ ᠦᠵᠡᠭᠦᠯᠭᠡ ᠳᠤ ᠬᠠᠨᠢ ᠨᠥᠭᠦᠷ ᠬᠤᠶᠠᠭᠤᠯᠠ ᠶᠢᠨ ᠲᠥᠴᠢᠭᠡᠳ ᠵᠢᠯ ᠤᠨ ᠴᠥᠬᠦᠷᠡᠰᠢ ᠥᠬᠡᠢ ᠴᠢᠷᠮᠠᠶᠢᠯᠭ᠎ᠠ ᠪᠠᠷ ᠰᠡᠭᠦᠳᠡᠷᠯᠡᠨ ᠵᠢᠷᠤᠭᠯᠠᠭᠰᠠᠨ ᠠᠭᠤᠯᠠ ᠤᠰᠤ᠂ ᠬᠠᠨᠭ᠍ᠭᠠᠢ ᠭᠤᠪᠢ᠂ ᠡᠭᠡ ᠪᠠᠶᠢᠭᠠᠯᠢ᠂ ᠲᠡᠮᠡᠭᠡ ᠮᠠᠯ᠂ ᠭᠡᠭᠡᠷ᠎ᠠ ᠶᠢᠨ ᠠᠮᠢᠳᠠᠨ᠂ ᠡᠵᠡᠨ᠎ᠠ ᠶᠢᠨ ᠲᠤᠤᠷᠠᠢ᠂ ᠮᠠᠩᠬᠠᠠ ᠪᠥᠷᠢᠳᠤ᠂ ᠲᠠᠪᠤᠰᠤᠨ ᠨᠠᠭᠤᠷ᠂ ᠴᠠᠰᠤᠨ ᠤ ᠥᠵᠡᠮᠵᠢ ᠭᠡᠬᠦ ᠮᠡᠳᠤ ᠶᠢᠨ ᠠᠭᠠᠷ ᠳᠡᠭᠡᠷ᠎ᠠ ᠠᠴᠠ ᠰᠡᠬᠦᠳᠡᠷᠯᠡᠭᠰᠡᠡ᠂ ᠨᠠᠷᠠ ᠡᠰᠡᠷᠬᠦᠦ ᠰᠡᠬᠦᠳᠡᠷᠯᠡᠭᠰᠡᠡ᠂ ᠤᠷᠤᠢ ᠰᠥᠨᠢ ᠪᠠᠷ ᠰᠡᠭᠦᠳᠡᠷᠯᠡᠭᠰᠡᠨ ᠭᠡᠬᠦ ᠮᠡᠳᠤ ᠶᠢᠨ ᠤᠷ᠎ᠠ ᠮᠡᠷᠭᠡᠵᠢᠯ ᠢᠶᠠᠷ ᠰᠡᠬᠦᠳᠡᠷᠯᠡᠭᠰᠡᠡ 82 ᠭᠡᠷᠡᠯ ᠵᠢᠷᠤᠬ ᠤᠨ ᠪᠥᠲᠥᠭᠡᠯ ᠢ ᠳᠡᠯᠭᠡᠨ ᠥᠵᠡᠬᠦᠯᠦᠭᠰᠡᠡ ᠪᠠᠶᠢᠨ᠎ᠠ᠃     ᠪᠤᠷᠤᠬᠦᠦ ᠰᠠᠷᠠᠨᠳᠤᠶᠠᠭ᠎ᠠ ᠬᠤᠶᠠᠭᠤᠯᠠ ᠪᠠᠨ ᠠᠯᠠᠱᠠ ᠨᠤᠳᠤᠭ ᠤᠨ ᠢᠶᠠᠨ ᠰᠤᠳᠤᠨ ᠪᠠᠶᠢᠭᠠᠯᠢ ᠶᠢᠨ ᠤᠤᠯ ᠲᠥᠷᠬᠦ᠂ ᠭᠤᠶᠢᠳᠠ ᠥᠵᠡᠮᠵᠢ ᠶᠢ ᠰᠠᠷᠠᠯ ᠢᠶᠠᠷ ᠢᠶᠠᠨ ᠮᠡᠳᠡᠷᠡᠨ᠂ ᠤᠬᠠᠭᠠᠯᠢᠬ ᠢᠶᠠᠷ ᠰᠢᠨᠵᠢᠵᠤ᠂ ᠲᠤᠷᠠᠨ ᠬᠠᠷᠠᠭᠠᠠ ᠤ ᠲᠡᠷᠡᠭᠡᠨ ᠭᠱᠠᠨ ᠳᠤ ᠲᠤᠷᠠᠰᠤᠨ ᠳᠠᠮᠳᠡᠭᠯᠡᠬᠦ ᠪᠠᠷ ᠠᠪᠢᠶᠠᠰ ᠪᠢᠯᠢᠭ ᠢᠶᠠᠨ ᠰᠤᠷᠢᠵᠦ᠂ ᠠᠯᠠᠱᠠ ᠨᠤᠳᠤᠭ ᠤᠨ ᠬᠥᠮᠥᠨ ᠠᠷᠠᠳ ᠤᠨ ᠵᠠᠩ ᠵᠠᠩᠰᠢᠯ᠂ ᠪᠠᠶᠢᠭᠠᠯᠢ ᠲᠡᠯᠡᠭᠡᠢ ᠶᠢᠨ ᠭᠠᠶᠢᠬᠠᠮᠰᠢᠬ ᠢ ᠵᠢᠷᠤᠭᠯᠠᠨ ᠰᠡᠭᠦᠳᠡᠷᠯᠡᠭᠰᠡᠨ ᠪᠠᠶᠢᠳᠠᠭ᠃ ᠲᠡᠳᠡ ᠬᠤᠶᠠᠭᠤᠯᠠ ᠠᠯᠠᠱᠠ ᠶᠢᠨ ᠠᠭᠤᠯᠠ ᠤᠰᠤ᠂ ᠮᠠᠩᠬ᠎ᠠ ᠪᠥᠷᠢᠳᠤ᠂ ᠵᠡᠷᠭᠡᠯᠭᠡᠨᠳᠤ ᠭᠤᠪᠢ᠂ ᠥᠷᠭᠡᠨ ᠲᠠᠯ᠎ᠠ ᠶᠢ ᠳᠤᠭᠤᠯᠤᠨ᠂ ᠵᠢᠯ ᠤᠨ ᠲᠥᠷᠪᠡᠨ ᠤᠯᠠᠷᠢᠯ ᠢᠶᠠᠷ ᠰᠡᠬᠦᠳᠡᠷᠯᠡᠬᠦ ᠠᠶᠠᠨ ᠢᠶᠠᠨ ᠥᠷᠬᠦᠯᠵᠢᠯᠡᠬᠦᠯᠦᠨ᠂ ᠡᠷᠳᠡᠯᠡᠵᠤ ᠤᠷᠦ᠋ᠢᠯᠡᠡ ᠬᠥᠴᠢᠷ ᠪᠡᠷᠭᠡ ᠶᠢ ᠬᠠᠮᠳᠤ ᠳᠠᠭᠠᠨ ᠲᠤᠭᠤᠯᠤᠨ᠂ ᠭᠡᠷᠡᠯ ᠵᠢᠷᠤᠬ ᠤᠨ ᠰᠢᠯᠢᠳᠡᠭ ᠪᠥᠳᠦᠭᠡᠯ ᠢ ᠬᠤᠶᠢᠨ᠎ᠠ ᠬᠤᠶᠢᠨ᠎ᠠ ᠠᠴᠠ ᠨᠢ ᠵᠢᠷᠤᠬᠯᠠᠠ ᠦᠯᠡᠳᠡᠭᠡᠵᠦ᠂ ᠠᠯᠠᠱᠠ ᠨᠤᠳᠤᠬ ᠤᠨ ᠰᠤᠶᠤᠯ ᠵᠤᠭᠠᠴᠠᠯ ᠤᠨ ᠤᠢᠢᠯᠡᠰ ᠲᠤ ᠪᠠᠭ᠎ᠠ ᠪᠤᠰᠤ ᠬᠤᠪᠢ ᠨᠠᠮᠠᠷᠢ ᠪᠠᠨ ᠦᠵᠡᠭᠦᠯᠦᠭᠰᠡᠨ ᠪᠢᠯᠡ᠃     ᠪᠤᠷᠤᠬᠦᠦ 1975 ᠤᠨ ᠳᠤ ᠰᠤᠷᠭᠠᠭᠤᠯᠢ ᠪᠠᠨ ᠲᠡᠬᠦᠰᠭᠡᠭᠡᠳ ᠠᠯᠠᠱᠠ ᠵᠡᠬᠦᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠰᠢᠰᠲ᠋ᠧᠮ ᠳᠤ ᠲᠠᠩᠭᠠᠷᠢᠬ ᠢᠶᠠᠨ ᠡᠷᠬᠦᠨ ᠴᠠᠬᠳᠠᠭ᠎ᠠ ᠶᠢᠨ ᠠᠵᠢᠯ ᠢ ᠬᠢᠵᠦ ᠶᠠᠪᠤᠬᠤ  ᠳᠠᠭᠠᠨ ᠡᠷᠡᠭᠦᠦ ᠶᠢᠨ ᠭᠡᠷᠡᠭ ᠢᠯᠡᠷᠡᠬᠦᠯᠬᠦ ᠮᠡᠷᠭᠡᠵᠢᠯ ᠤᠨ ᠭᠡᠷᠡᠭ ᠤᠨ ᠳᠠᠯᠠᠪᠠᠢ ᠶᠢᠨ ᠵᠢᠷᠤᠬ ᠳᠠᠳᠠᠬᠤ ᠪᠠ ᠤᠷᠤ ᠮᠥᠷ  ᠤᠨ ᠰᠥᠪᠡᠭᠴᠢ ᠶᠢ ᠰᠢᠯᠭᠠᠠ ᠲᠤᠳᠤᠯᠠᠬᠤ ᠮᠡᠷᠭᠡᠵᠢᠯᠳᠠᠨ ᠢᠶᠠᠷ ᠬᠥᠮᠥᠵᠢᠭᠳᠡᠵᠡᠢ᠃ ᠲᠡᠷᠡᠪᠡᠷ 1980 ᠤᠨ ᠳᠤ ᠠᠯᠠᠱᠠ ᠠᠶᠢᠮᠠᠬ ᠤᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠳᠤ ᠠᠵᠢᠯ ᠰᠢᠯᠵᠢᠵᠦ᠂ ᠥᠪᠤᠷ ᠮᠤᠩᠭᠤᠯ ᠤᠨ ᠴᠠᠬᠳᠠᠭᠠᠠ ᠤ ᠰᠤᠷᠭᠠᠭᠤᠯᠢ ᠳᠤ ᠲᠠᠪᠳᠠᠨ ᠪᠤᠯᠪᠠᠰᠤᠷᠠᠵᠤ᠂ ᠲᠤᠰᠬᠠᠢ ᠮᠡᠷᠭᠡᠵᠢᠯ ᠤᠨ ᠬᠢᠴᠢᠶᠠᠯ ᠬᠥᠮᠦᠵᠢᠯ ᠢᠶᠠᠨ ᠥᠷᠬᠦᠯᠵᠢᠯᠡᠡ ᠰᠢᠰᠲ᠋ᠧᠮ ᠲᠠᠢ ᠰᠤᠷᠤᠯᠴᠠᠵᠤ᠂ ᠮᠡᠷᠭᠡᠵᠢᠯ ᠴᠢᠳᠠᠪᠤᠷᠢ ᠪᠠᠨ ᠳᠡᠭᠡᠭᠰᠢᠯᠡᠬᠦᠯᠦᠨ ᠭᠡᠷᠡᠯ ᠵᠢᠷᠤᠬ ᠤᠨ ᠤᠷ᠎ᠠ ᠮᠡᠷᠭᠡᠵᠢᠯ ᠢᠶᠠᠷ ᠪᠥᠬᠦᠯᠢ 47 ᠵᠢᠯ ᠢ ᠥᠡᠭᠭᠡᠷᠡᠬᠦᠯᠦᠭᠰᠡᠡ ᠠᠯᠠᠱᠠ ᠶᠢᠨ ᠭᠡᠷᠡᠯ ᠵᠢᠷᠤᠬᠴᠢᠨ ᠃     ᠪᠤᠷᠤᠬᠦᠦ ᠶᠢᠨ ︽ᠡᠪᠤᠯ ᠤᠨ ᠤᠶᠠᠩᠭ᠎ᠠ︾ ᠭᠡᠬᠦ ᠪᠥᠳᠦᠭᠡᠯ ᠨᠢ 2007 ᠤᠨ ᠳᠤ ᠪᠤᠯᠤᠬᠰᠠᠠ ᠪᠥᠬᠦ ᠤᠯᠤᠰ ᠤᠨ ᠤᠯᠤᠰ ᠲᠥᠷᠦ᠂ ᠬᠠᠤᠯᠢ ᠴᠠᠭᠠᠵᠠ ᠶᠢᠨ ᠰᠢᠰᠲ᠋ᠧᠮ ᠤᠨ ᠭᠡᠷᠡᠯ ᠵᠢᠷᠤᠬ ᠤᠨ ᠤᠷᠤᠯᠳᠤᠭᠠᠠ ᠳᠤ ᠬᠤᠶᠠᠳᠤᠭᠠᠷ ᠳᠡᠰ ᠲᠤ ᠲᠤᠳᠤᠷᠠᠨ᠂ ︽ᠰᠠᠨᠰᠠᠷ ᠲᠤ ᠲᠡᠬᠦᠯᠢᠭᠰᠡᠡ ᠨᠢ︾ ᠭᠡᠬᠦ ᠪᠥᠳᠦᠭᠡᠯ ᠨᠢ 2017 ᠤᠨ ᠳᠤ ᠪᠤᠯᠤᠬᠰᠠᠠ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠠ 70 ᠵᠢᠯ ᠤᠨ ᠤᠢ ᠶᠢ ᠪᠡᠯᠭᠡᠯᠡᠬᠦ ᠭᠡᠷᠡᠯ ᠵᠢᠷᠤᠬ ᠤᠨ ᠤᠷᠤᠯᠳᠤᠭᠠᠠ ᠳᠤ ᠲᠡᠷᠢᠬᠦᠨ ᠪᠠᠶᠢᠷᠢᠨ ᠳᠤ ᠲᠤᠳᠤᠷᠠᠵᠤ᠂ ︽ᠲᠡᠮᠡᠭᠡᠨ ᠵᠢᠩ︾ ᠪᠥᠳᠦᠭᠡᠯ ᠨᠢ 2018 ᠤᠨ ᠳᠤ ᠪᠤᠯᠤᠬᠰᠠᠠ ᠠᠷᠠᠪ ᠤᠨ ᠬᠤᠯᠪᠤᠭᠠᠳᠤ ᠠᠬᠠᠮᠠᠳᠳᠤ ᠤᠯᠤᠰ ᠤᠨ ᠨᠠᠢᠮᠠᠳᠤᠭᠠᠷ ᠬᠤᠭᠤᠴᠠᠭᠠᠠ ᠤ ᠳ᠋ᠦ᠋ᠪᠠᠢ ᠳᠠᠬᠢ ︽ᠬᠠᠮᠳᠠᠨ ᠨᠠᠷᠠᠮᠵᠢᠳᠤ︾ ᠤᠯᠠᠠ ᠤᠯᠤᠰ ᠤᠨ ᠭᠡᠷᠡᠯ ᠵᠢᠷᠤᠬ ᠤᠨ ᠮᠥᠷᠦ᠋ᠢᠴᠡᠭᠡᠨ ᠳᠤ ᠭᠤᠷᠪᠠᠳᠤᠭᠠᠷ ᠳᠡᠰ ᠲᠤ ᠲᠤᠳᠤᠷᠠᠪᠠ᠃     ᠪᠤᠷᠤᠬᠦᠦ ᠶᠢᠨ ᠮᠠᠰᠢ ᠤᠯᠠᠠ ᠭᠡᠷᠡᠯ ᠵᠢᠷᠤᠬ ᠤᠨ ᠪᠥᠳᠦᠭᠡᠯ ᠨᠢ ᠲᠤᠮᠳᠠᠳᠤ ᠤᠯᠤᠰ ᠤᠨ ᠭᠡᠷᠡᠯ ᠵᠢᠷᠤᠬ ᠤᠨ ᠰᠤᠨᠢᠨ᠂ ᠤᠯᠠᠠ ᠲᠥᠮᠡᠨᠴᠢ ᠭᠡᠷᠡᠯ ᠵᠢᠷᠤᠬ᠂ ᠲᠤᠮᠳᠠᠳᠤ ᠤᠯᠤᠰ ᠤᠨ ᠥᠨᠳᠦᠰᠦᠳᠡᠨ ᠤ ᠵᠢᠷᠦᠬᠳᠤ ᠰᠡᠳᠬᠦᠯ᠂ ᠥᠪᠦᠷ ᠮᠤᠩᠭᠤᠯ ᠤᠨ ᠡᠳᠦᠷ ᠤᠨ ᠰᠤᠨᠢᠨ᠂ ᠠᠯᠠᠱᠠ ᠶᠢᠨ ᠡᠳᠦᠷ ᠤᠨ ᠰᠤᠨᠢᠨ᠂ ᠠᠯᠠᠱᠠ ᠶᠢᠨ ᠤᠯᠤᠰ ᠲᠥᠷᠦ ᠶᠢᠨ ᠵᠥᠪᠯᠡᠯᠭᠡᠨ ᠤ ᠰᠡᠳᠬᠦᠯ ᠵᠡᠷᠭᠡ ᠰᠤᠨᠢᠨ ᠰᠡᠳᠬᠦᠯ ᠳᠤ ᠨᠡᠶᠢᠳᠡᠯᠡᠭᠳᠡᠵᠤ᠂ ᠪᠠᠳᠠᠢ ᠶᠢᠨ ᠵᠢᠷᠠᠨ ᠤ ᠤᠯᠠᠭᠠᠠ ᠥᠡᠭᠭᠡᠳᠤ ᠨᠠᠭᠤᠷ ᠤᠨ ᠭᠡᠷᠡᠯ ᠵᠢᠷᠤᠬ ᠨᠢ ᠴᠤ ᠲᠥᠪ ᠤᠨ ᠤᠬᠠᠭᠤᠯᠬᠤ ᠭᠡᠯᠳᠡᠰ ᠤᠨ ︽ᠰᠤᠷᠤᠯᠴᠠᠯᠭ᠎ᠠ ᠪᠠᠷ ᠤᠯᠤᠰ ᠢᠶᠠᠨ ᠬᠥᠴᠦᠷᠭᠡᠭᠵᠢᠬᠦᠯᠬᠦ︾ APP ᠶᠢᠨ ᠤᠷᠤᠨ ᠨᠤᠳᠤᠭ ᠤᠨ ᠰᠤᠪᠠᠭ ᠢᠶᠠᠷ ᠰᠡᠴᠤᠬᠳᠠᠬᠰᠠᠠ ᠤᠳᠠᠭ᠎ᠠ ᠲᠠᠢ᠃     ᠰᠠᠷᠠᠨᠳᠤᠶᠠᠭ᠎ᠠ ᠪᠤᠯ ᠠᠯᠠᠱᠠ ᠠᠶᠢᠮᠠᠬ ᠤᠨ ᠮᠤᠩᠭᠤᠯ ᠡᠮᠨᠡᠯᠭᠡ ᠶᠢᠨ ᠬᠤᠷᠢᠶᠠᠨ ᠠᠴᠠ ᠠᠵᠢᠯ ᠤᠨ ᠠᠮᠠᠷᠠᠯᠳᠠ ᠪᠠᠨ ᠠᠪᠤᠬᠰᠠᠠ ᠠᠬᠠᠮᠠᠳ ᠺᠠᠳ᠋ᠷ᠃ ᠲᠡᠬᠦᠨ ᠤ ᠭᠡᠷᠡᠯ ᠵᠢᠷᠤᠬ ᠤᠨ ᠪᠥᠳᠦᠭᠡᠯ ᠤᠳ ᠨᠢ ᠴᠤ ᠠᠶᠢᠮᠠᠬ ᠤᠨ ᠲᠤᠳᠤᠭᠠᠳᠤ ᠭᠠᠳᠠᠭᠠᠳᠤ ᠶᠢᠨ ᠱᠠᠩᠨᠠᠯ ᠬᠥᠬᠢᠬᠦᠯᠦᠯ ᠢ ᠤᠯᠠᠨᠳᠠ ᠬᠥᠷᠳᠡᠭᠰᠡᠡ ᠪᠠᠶᠢᠨ᠎ᠠ᠃     ᠳᠡᠳᠡ ᠬᠤᠶᠠᠭᠤᠯᠠ 2010 ᠤᠨ ᠠᠴᠠ ᠨᠠᠭᠠᠰᠢ ᠭᠡᠷᠡᠯ ᠵᠢᠷᠤᠬ ᠤᠨ ᠪᠥᠳᠦᠭᠡᠯ ᠲᠡᠬᠦᠪᠦᠷᠢ ᠪᠠᠨ ᠲᠠᠪᠤᠳᠡᠬᠢ ᠤᠳᠠᠭ᠎ᠠ ᠪᠠᠨ ᠭᠡᠪᠯᠡᠡ ᠲᠠᠷᠬᠠᠭᠠᠵᠤ᠂ ᠤᠤᠭᠤᠬᠰᠠᠠ ᠤᠰᠤ ᠤᠨᠠᠬᠰᠠᠠ ᠰᠢᠷᠤᠢ ᠪᠠᠨ ᠨᠡᠶᠢᠳᠡ ᠤᠯᠠᠠ ᠳᠠᠭᠠᠨ ᠤᠬᠠᠭᠤᠯᠤᠨ ᠲᠠᠨᠢᠯᠴᠠᠭᠤᠯᠵᠤ᠂ ᠨᠡᠶᠢᠬᠡᠮ ᠨᠡᠶᠢᠳᠡ ᠳᠤ ᠨᠡᠮᠡᠷᠢ ᠬᠠᠨᠳᠢᠪ ᠢᠶᠠᠨ ᠡᠷᠭᠦᠭᠰᠡᠭᠡᠷ ᠢᠷᠡᠭᠰᠡᠡ ᠪᠠᠶᠢᠨ᠎ᠠ᠃     ᠠᠯᠠᠱᠠ ᠠᠶᠢᠮᠠᠭ ᠤᠨ ᠤᠯᠤᠰ ᠲᠥᠷᠦ ᠶᠢᠨ ᠵᠥᠪᠯᠡᠯᠭᠡᠨ ᠤ ᠤᠤᠯ ᠤᠨ ᠲᠠᠷᠢᠬᠦᠯᠡᠭᠴᠢ᠂ ᠥᠪᠤᠷ ᠮᠤᠩᠭᠤᠯ ᠤᠨ ᠵᠢᠭᠤᠯᠴᠢᠯᠠᠯ ᠤᠨ ᠭᠡᠷᠡᠯ ᠵᠢᠷᠤᠭᠴᠢᠨ ᠤ ᠨᠡᠶᠢᠭᠡᠮᠯᠢᠭ ᠤᠨ ᠠᠯᠠᠱᠠ ᠳᠠᠬᠢ ᠬᠤᠪᠢᠶᠠᠷᠢ ᠨᠡᠶᠢᠭᠡᠮᠯᠢᠭ ᠤᠨ ᠳᠠᠷᠤᠭ᠎ᠠ ᠪᠠᠳᠤᠴᠢᠯᠠᠭᠤ᠄ ︽ᠭᠡᠷᠡᠯ ᠵᠢᠷᠤᠬᠴᠢᠨ ᠪᠤᠷᠤᠬᠦᠦ ᠰᠠᠷᠠᠨᠳᠤᠶᠠᠭ᠎ᠠ ᠬᠤᠶᠠᠷ ᠪᠤᠯ ᠨᠤᠳᠤᠭ ᠤᠨ ᠢᠶᠠᠨ ᠭᠡᠷᠡᠯ ᠵᠢᠷᠤᠬ ᠤᠨ ᠤᠢᠢᠯᠡᠰ ᠲᠤ ᠭᠠᠪᠢᠶ᠎ᠠ ᠵᠢᠳᠬᠦᠯ ᠢᠶᠠᠨ ᠥᠵᠡᠬᠦᠯᠦᠭᠰᠡᠡ ᠰᠠᠶᠢᠨ ᠭᠡᠷᠡᠯ ᠵᠢᠷᠤᠬᠴᠢᠨ᠃ ᠡᠳᠡ ᠬᠤᠶᠠᠭᠤᠯᠠ ᠪᠠᠨ ᠲᠥᠴᠢ ᠭᠠᠷᠤᠢ ᠵᠢᠯ ᠭᠡᠷᠡᠯ ᠵᠢᠷᠤᠬ ᠤᠨ ᠠᠵᠢᠯ ᠳᠤ ᠰᠢᠭᠤᠷᠬᠠᠶᠢᠯᠠᠵᠦ᠂ ᠥᠩ ᠥᠷᠭᠡᠨ ᠠᠯᠠᠱᠠ ᠶᠢᠨ ᠥᠡᠭᠭᠡ ᠥᠵᠠᠮᠵᠢ ᠶᠢ ᠵᠢᠷᠤᠭᠯᠠᠨ ᠰᠡᠭᠦᠳᠡᠷᠯᠡᠭᠰᠡᠨ ᠤᠯᠠᠠ ᠰᠠᠶᠢᠬᠠᠠ ᠪᠥᠳᠦᠭᠡᠯ ᠢᠶᠠᠨ ᠠᠶᠢᠮᠠᠬ᠂ ᠤᠷᠤᠨ᠂ ᠤᠯᠤᠰ ᠤᠨ ᠭᠡᠪᠴᠢᠶᠠᠨ ᠳᠤ ᠨᠡᠶᠢᠳᠡᠯᠡᠨ᠂ ᠠᠯᠠᠱᠠ ᠨᠤᠳᠤᠭ ᠢᠶᠠᠨ ᠤᠯᠤᠰ ᠤᠨ ᠲᠤᠳᠤᠭᠠᠳᠤ ᠭᠠᠳᠠᠭᠠᠳᠤ᠂ ᠲᠡᠯᠡᠭᠡᠢ ᠳᠤ ᠤᠬᠠᠭᠤᠯᠬᠤ ᠳᠤ ᠭᠠᠪᠢᠶ᠎ᠠ ᠵᠢᠳᠬᠦᠯ ᠢᠶᠠᠨ ᠦᠵᠡᠭᠦᠯᠦᠭᠰᠡᠨ ᠶᠤᠮ᠃ ᠡᠶᠢᠨᠬᠦ ᠠᠯᠠᠱᠠ ᠨᠤᠳᠤᠭ ᠤᠨ ᠭᠡᠷᠡᠯ ᠵᠢᠷᠤᠭᠴᠢᠳ ᠪᠤᠷᠤᠬᠦᠦ ᠰᠠᠷᠠᠨᠳᠤᠶᠠᠭ᠎ᠠ ᠨᠠᠷ ᠲᠠᠢ ᠠᠳᠠᠯᠢᠬᠠᠠ ᠨᠤᠳᠤᠭ ᠤᠷᠤᠨ ᠢᠶᠠᠨ ᠭᠠᠳᠠᠭᠰᠢ ᠤᠬᠠᠭᠤᠯᠵᠦ᠂ ᠨᠤᠳᠤᠭ ᠤᠨ ᠢᠶᠠᠨ ᠰᠠᠶᠢᠬᠠᠠ ᠥᠵᠡᠮᠵᠢ ᠶᠢ ᠳᠡᠯᠡᠭᠡᠢ ᠳᠤ ᠮᠡᠳᠡᠬᠦᠯᠵᠤ ᠬᠠᠷᠠᠭᠤᠯᠬᠤ ᠶᠢᠨ ᠲᠥᠯᠦᠭᠡ ᠰᠢᠨ᠎ᠠ ᠬᠤᠪᠢ ᠨᠠᠮᠠᠷᠢ ᠪᠠᠨ ᠭᠠᠷᠭᠠᠬᠤ ᠶᠢ ᠵᠥᠡᠭᠨᠡᠡ ᠢᠷᠦᠭᠡᠵᠤ ᠪᠠᠶᠢᠨ᠎ᠠ︾ ᠭᠡᠵᠤ ᠶᠠᠷᠢᠯ᠎ᠠ᠃ ᠭᠡᠷᠡᠯ ᠵᠢᠷᠤᠭ ᠤᠨ ᠪᠥᠲᠥᠭᠡᠯ ᠠᠴᠠ ᠰᠤᠨᠢᠷᠬᠠᠭᠠᠷᠠᠢ
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号